ᠳ᠋ᠢᠩ ᠮᠢᠩ ᠯᠧᠢ᠄ ᠭᠠᠷᠮᠠᠭᠠᠢ ᠮᠡᠷᠭᠡᠵᠢᠯ ᠢ᠋ᠶ᠋ᠡᠷ ᠵᠢᠡᠨ ᠨᠡᠭᠦᠷᠡᠰᠦ ᠮᠠᠯᠲᠠᠬᠤ ᠠᠵᠤ ᠦᠢᠯᠡᠳᠪᠦᠷᠢ ᠳ᠋ᠤ ᠪᠠᠳᠤᠯᠠᠭ᠎ᠠ ᠬᠠᠩᠭᠠᠨ᠎ᠠ
2025-07-03 10:20:15
ᠵᠣᠬᠢᠶᠠᠭ᠍ᠴᠢ᠄
ᠬᠤᠤ ᠰᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

6 ᠰᠠᠷ᠎ᠠ᠎ᠶᠢᠨ 29 ᠎ᠤ᠋ ᠡᠳᠦᠷ᠂ ᠤᠯᠤᠰ᠎ᠤᠨ ᠡᠨᠧᠷᠬᠢ ᠵᠢᠨ ᠱᠧᠨ ᠳ᠋ᠦᠩ ᠨᠡᠭᠦᠷᠡᠰᠦᠨ᠎ᠦ ᠪᠦᠯᠦᠭᠯᠡᠯ᠎ᠦᠨ ᠤᠯᠠᠭᠠᠨᠮᠥ᠋ᠷᠡᠨ ᠨᠡᠭᠦᠷᠡᠰᠦᠨ ᠠᠭᠤᠷᠬᠠᠢ᠎ᠶᠢᠨ ᠬᠤᠳᠳᠤᠭ᠎ᠤᠨ ᠵᠠᠭᠤᠨ ᠮᠧᠲᠷ᠎ᠦᠨ ᠭᠦᠨ᠎ᠳᠦ᠂ ᠠᠪᠤᠷᠭᠤ ᠲᠣᠮᠣ᠌ ᠨᠡᠭᠦᠷᠡᠰᠦ ᠮᠠᠯᠲᠠᠬᠤ ᠮᠠᠰᠢᠨ ᠠᠭᠠᠵᠢᠮ᠎ᠢᠶᠠᠷ ᠤᠷᠤᠭᠰᠢᠯᠠᠵᠤ᠂ ᠥᠩᠬᠥᠷᠢᠭᠦᠯ ᠲᠦᠩᠰᠡ᠎ᠶᠢᠨ ᠡᠷᠬᠢᠯᠳᠡ ᠵᠢ ᠲᠠᠭᠠᠯᠳᠤᠨ ᠬᠡᠰᠡᠭ ᠬᠡᠰᠡᠭ ᠨᠡᠭᠦᠷᠡᠰᠦ ᠬᠠᠲᠠᠭᠤ ᠪᠡᠬᠢ ᠨᠡᠭᠦᠷᠡᠰᠦᠨ ᠳᠠᠪᠬᠤᠷᠭ᠎ᠠ᠎ᠠᠴᠠ ᠬᠣᠪᠬᠣᠷᠠᠨ ᠤᠨᠠᠵᠤ᠂ ᠤᠨᠠᠭᠰᠠᠨ ᠨᠡᠬᠦᠷᠡᠰᠦ ᠵᠢ ᠳᠠᠮᠵᠢᠭᠤᠯᠬᠤ ᠮᠠᠰᠢᠨ ᠵᠢᠡᠷ ᠭᠠᠵᠠᠷ ᠳᠡᠬᠡᠷ᠎ᠡ ᠵᠦᠬᠡᠬᠡᠪᠦᠷᠢᠯᠡᠵᠦ ᠭᠠᠷᠭᠠᠵᠤ ᠪᠠᠢᠯ᠎ᠠ ᠁ ᠤᠯᠠᠭᠠᠨᠮᠥ᠋ᠷᠡᠨ ᠨᠡᠭᠦᠷᠡᠰᠦᠨ ᠠᠭᠤᠷᠬᠠᠢ᠎ᠶᠢᠨ ᠨᠡᠭᠦᠷᠡᠰᠦ ᠮᠠᠯᠲᠠᠬᠤ ᠮᠡᠷᠭᠡᠵᠢᠯᠲᠡᠨ᠂ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠮᠠᠰᠢᠨ᠎ᠤ ᠵᠢᠯᠣᠭᠣᠴᠢ ᠳ᠋ᠢᠩ ᠮᠢᠩ ᠯᠧᠢ ᠭᠠᠷ᠎ᠲᠠᠭᠠᠨ ᠨᠡᠭᠦᠷᠡᠰᠦ ᠮᠠᠯᠲᠠᠬᠤ ᠮᠠᠰᠢᠨ᠎ᠤ ᠠᠯᠤᠰ ᠡᠵᠡᠮᠰᠢᠭᠦᠷ᠎ᠢ ᠪᠠᠷᠢᠵᠤ᠂ ᠨᠢᠭᠡ ᠡᠳᠦᠷ᠎ᠦᠨ ᠨᠡᠭᠦᠷᠡᠰᠦ ᠮᠠᠯᠲᠠᠬᠤ ᠠᠵᠢᠯ᠎ᠢᠶᠠᠨ ᠡᠬᠢᠯᠡᠭᠦᠯᠦᠯ᠎ᠡ᠃

《ᠨᠢᠭᠡ ᠬᠢᠳᠤᠭ᠎ᠠ ᠪᠠᠭᠤᠪᠠᠯ 700 ᠠ᠋ᠴᠠ 800 ᠲᠣᠨ ᠣᠭᠲᠣᠯᠵᠤ᠂ ᠡᠳᠦᠷ᠎ᠲᠦ 1 ᠲᠦᠮᠡ ᠭᠠᠷᠤᠢ ᠲᠣᠨ ᠨᠡᠭᠦᠷᠡᠰᠦ ᠮᠠᠯᠲᠠᠵᠤ ᠪᠠᠢᠨ᠎ᠠ》 ᠭᠡᠵᠦ ᠳ᠋ᠢᠩ ᠮᠢᠩ ᠯᠧᠢ ᠬᠡᠯᠡᠪᠡ᠃ 28 ᠵᠢᠯ᠎ᠦᠨ ᠲᠤᠷᠰᠢ ᠲᠡᠷᠡ ᠨᠡᠭᠦᠷᠡᠰᠦᠨ ᠠᠭᠤᠷᠬᠠᠢ᠎ᠶᠢᠨ ᠨᠡᠭᠦᠷᠡᠰᠦ ᠮᠠᠯᠲᠠᠬᠤ ᠦᠢᠯᠡᠳᠪᠦᠷᠢᠯᠡᠯ᠎ᠦᠨ ᠡᠮᠦᠨ᠎ᠡ ᠹᠷᠣᠨᠲ᠎ᠲᠤ ᠴᠢᠷᠮᠠᠢᠨ ᠠᠵᠢᠯᠯᠠᠭᠰᠠᠭᠠᠷ ᠢᠷᠡᠵᠦ᠂ ᠨᠡᠭᠦᠷᠡᠰᠦ ᠮᠠᠯᠲᠠᠬᠤ ᠠᠷᠭ᠎ᠠ ᠬᠡᠯᠪᠡᠷᠢ᠎ᠶᠢᠨ ᠮᠧᠬᠠᠨᠢᠭ᠍ᠵᠢᠯᠲᠠ᠎ᠠᠴᠠ ᠣᠶᠤᠨᠴᠢᠯᠠᠯᠲᠠ ᠬᠦᠷᠲᠡᠯᠡᠬᠢ ᠬᠤᠪᠢᠷᠠᠯᠳᠠ ᠵᠢ ᠨᠢᠳᠦ ᠪᠡᠷ ᠵᠢᠡᠨ ᠦᠵᠡᠵᠦ᠂ ᠥᠪᠡᠷ᠎ᠦᠨ ᠠᠵᠢᠯ᠎ᠳᠠᠭᠠᠨ ᠤᠯᠠᠮ ᠬᠠᠢᠷᠠᠲᠠᠢ ᠪᠤᠯᠵᠤ᠂ ᠨᠡᠭᠦᠷᠡᠰᠦ ᠵᠢ ᠥᠨᠳᠥᠷ ᠠᠰᠢᠭᠯᠠᠮᠵᠢ ᠲᠠᠢ ᠮᠠᠯᠲᠠᠬᠤ ᠠᠷᠭ᠎ᠠ᠎ᠶᠢ ᠨᠢᠭᠡ ᠰᠡᠳᠬᠢᠯ᠎ᠢᠶᠡᠷ ᠬᠠᠢᠨ ᠰᠦᠪᠡᠭᠴᠢᠯᠡᠵᠦ᠂ ᠰᠢᠯᠭᠠᠷᠠᠭᠰᠠᠨ ᠮᠡᠷᠭᠡᠵᠢᠯ᠎ᠢᠶᠡᠷ ᠵᠢᠡᠨ ᠳᠤᠮᠳᠠᠳᠤ ᠤᠯᠤᠰ᠎ᠤᠨ ᠨᠡᠭᠦᠷᠡᠰᠦ ᠮᠠᠯᠲᠠᠬᠤ ᠠᠵᠤ ᠦᠢᠯᠡᠳᠪᠦᠷᠢ᠎ᠳᠤ ᠪᠠᠳᠤᠯᠠᠭ᠎ᠠ ᠬᠠᠩᠭᠠᠨ᠎ᠠ᠃

1998 ᠣᠨ᠎ᠳᠤ᠂ 20 ᠨᠠᠰᠤᠳᠠᠢ ᠳ᠋ᠢᠩ ᠮᠢᠩ ᠯᠧᠢ ᠾᠧᠨᠠᠨ ᠮᠤᠵᠢ᠎ᠶᠢᠨ ᠠᠵᠤ ᠦᠢᠯᠡᠳᠪᠦᠷᠢ᠎ᠶᠢᠨ ᠠᠮᠤᠷ ᠲᠦᠪᠰᠢᠨ᠎ᠦ ᠮᠡᠷᠭᠡᠵᠢᠯ᠎ᠦᠨ ᠳᠡᠭᠡᠳᠦ ᠰᠤᠷᠭᠠᠭᠤᠯᠢ᠎ᠠᠴᠠ ᠳᠡᠬᠦᠰᠴᠦ ᠨᠡᠭᠦᠷᠡᠰᠦᠨ᠎ᠦ ᠠᠵᠢᠯ ᠲᠦᠷᠦᠯ᠎ᠡᠷᠬᠢᠯᠡᠵᠡᠢ᠃ ᠲᠡᠷᠡ ᠲᠤᠬᠠᠢ᠎ᠶᠢᠨ ᠭᠠᠵᠠᠷ᠎ᠤᠨ ᠵᠢᠡᠨ ᠨᠢᠭᠡᠨ ᠨᠡᠭᠦᠷᠡᠰᠦᠨ᠎ᠦ ᠠᠵᠤ ᠠᠬᠤᠢᠯᠠᠯ᠎ᠳᠤ 10 ᠵᠢᠯ ᠠᠵᠢᠯᠯᠠᠭᠠᠳ᠂ 2007 ᠣᠨ᠎ᠳᠤ ᠱᠧᠨ ᠳ᠋ᠦᠩ ᠨᠡᠭᠦᠷᠡᠰᠦᠨ᠎ᠦ ᠪᠦᠯᠦᠭᠯᠡᠯ᠎ᠦᠨ ᠱᠠᠩ ᠸᠠᠨ ᠨᠡᠭᠦᠷᠡᠰᠦᠨ ᠠᠭᠤᠷᠬᠠᠢ᠎ᠳᠤ ᠣᠷᠣᠵᠤ᠂ 2018 ᠣᠨ᠎ᠳᠤ ᠱᠧᠨ ᠳ᠋ᠦᠩ ᠨᠡᠭᠦᠷᠡᠰᠦᠨ᠎ᠦ ᠪᠦᠯᠦᠭᠯᠡᠯ᠎ᠦᠨ ᠤᠯᠠᠭᠠᠨᠮᠥ᠋ᠷᠡᠨ ᠨᠡᠭᠦᠷᠡᠰᠦᠨ ᠠᠭᠤᠷᠬᠠᠢ᠎ᠳᠤ ᠠᠵᠢᠯᠯᠠᠵᠤ᠂ ᠣᠷᠳᠣᠰ᠎ᠤᠨ ᠨᠡᠭᠦᠷᠡᠰᠦ ᠨᠡᠭᠡᠭᠡᠨ ᠮᠠᠯᠲᠠᠬᠤ ᠬᠦᠷᠢᠶᠡᠨ᠎ᠳᠦ ᠠᠪᠢᠶᠠᠰ ᠴᠢᠳᠠᠪᠤᠷᠢ ᠪᠠᠨ ᠪᠠᠳᠠᠷᠠᠭᠤᠯᠵᠠᠢ᠃

20 ᠭᠠᠷᠤᠢ ᠵᠢᠯ᠎ᠦᠨ ᠲᠤᠷᠰᠢ᠂ ᠲᠡᠷᠡ ᠢᠮᠠᠭᠲᠠ ᠴᠢᠷᠮᠠᠢᠨ ᠰᠤᠷᠤᠯᠴᠠᠵᠤ᠂ ᠰᠢᠮᠳᠠᠨ ᠰᠤᠳᠤᠯᠵᠤ᠂ ᠯᠠᠪᠳᠠᠭᠤᠨ ᠪᠠᠲᠤᠲᠠᠢ ᠤᠨᠤᠯ᠎ᠤᠨ ᠰᠠᠭᠤᠷᠢ ᠪᠠ ᠡᠯᠪᠡᠭ ᠪᠠᠶᠠᠯᠢᠭ᠋ ᠦᠢᠯᠡᠳᠦᠯᠭᠡ᠎ᠶᠢᠨ ᠲᠤᠷᠰᠢᠯᠭ᠎ᠠ᠎ᠪᠠᠷ᠎ᠢᠶᠠᠨ ᠨᠡᠭᠦᠷᠡᠰᠦ ᠮᠠᠯᠲᠠᠬᠤ ᠠᠵᠤ ᠠᠬᠤᠢᠯᠠᠯ᠎ᠤᠨ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ ᠪᠠ ᠮᠡᠷᠭᠡᠵᠢᠯ᠎ᠦᠨ ᠳᠠᠭᠤᠷᠢᠶᠠᠯ ᠬᠦᠴᠦᠨ ᠪᠣᠯᠤᠭᠰᠠᠨ ᠪᠠᠢᠨ᠎ᠠ᠃ ᠠᠵᠢᠯ᠎ᠤᠨ ᠪᠦᠲᠦᠮᠵᠢ ᠲᠣᠪᠣᠢᠮ᠎ᠠ ᠪᠣᠯᠬᠣᠷ᠂ 2011 ᠣᠨ᠎ᠳᠤ ᠳ᠋ᠢᠩ ᠮᠢᠩ ᠯᠧᠢ ᠱᠠᠩ ᠸᠠᠨ ᠨᠡᠭᠦᠷᠡᠰᠦᠨ ᠠᠭᠤᠷᠬᠠᠢ᠎ᠶᠢᠨ ᠶᠡᠷᠦᠩᠬᠡᠢᠯᠡᠨ ᠮᠠᠯᠲᠠᠬᠤ ᠨᠢᠭᠡᠳᠦᠭᠡᠷ ᠠᠩᠭᠢ᠎ᠶᠢᠨ ᠦᠢᠯᠡᠳᠪᠦᠷᠢᠯᠡᠯ᠎ᠤᠨ ᠬᠣᠶᠠᠳᠤᠭᠠᠷ ᠠᠩᠭᠢ᠎ᠶᠢᠨ ᠲᠠᠰᠤᠭ᠎ᠤᠨ ᠳᠠᠷᠤᠭ᠎ᠠ᠎ᠪᠠᠷ ᠰᠢᠭᠤᠳ ᠰᠣᠩᠭᠣᠭᠳᠠᠵᠠᠢ᠃ ᠲᠡᠭᠦᠨ᠎ᠦ ᠳᠠᠭᠠᠭᠤᠯᠭ᠎ᠠ ᠳᠣᠣᠷ᠎ᠠ᠂ ᠡᠭᠡᠯᠵᠢ ᠳᠤᠭᠤᠢᠯᠠᠩ᠎ᠤᠨ ᠪᠦᠷᠢᠯᠳᠦᠭᠦᠨ ᠨᠠᠷ ᠨᠢ 6.3 ᠮᠧᠲᠷ ᠥᠨᠳᠥᠷ᠂ 250 ᠮᠧᠲᠷ ᠣᠷᠳᠣ᠌ ᠪᠦᠬᠦᠢ ᠠᠵᠢᠯᠯᠠᠬᠤ ᠲᠠᠯᠠᠪᠤᠷ᠎ᠲᠸ᠋᠂ 8 ᠴᠠᠭ᠎ᠲᠤ 11.5 ᠬᠢᠲᠤᠭ᠎ᠠ ᠨᠡᠬᠦᠷᠡᠰᠦ ᠣᠭᠲᠣᠯᠬᠤ᠂ 2.3 ᠲᠦᠮᠡᠨ ᠲᠣᠨ ᠨᠡᠭᠦᠷᠡᠰᠦ ᠭᠠᠷᠭᠠᠬᠤ ᠬᠠᠮᠤᠭ᠎ᠤᠨ ᠰᠠᠢᠨ ᠬᠢᠷᠢ ᠪᠦᠲᠦᠮᠵᠢ᠎ᠶᠢ ᠡᠭᠦᠳᠦᠭᠰᠡᠨ ᠪᠥᠭᠡᠳ 7 ᠰᠠᠷ᠎ᠠ ᠳᠠᠷᠠᠭᠠᠯᠠᠨ ᠰᠠᠷ᠎ᠠ᠎ᠶᠢᠨ ᠭᠠᠷᠤᠯᠲᠠ᠎ᠶᠢᠨ ᠳ᠋ᠦᠩᠨᠡᠯᠳᠡ ᠳ᠋ᠤ ᠨᠢᠭᠡᠳᠦᠭᠡᠷ᠎ᠲᠦ ᠪᠠᠢᠷᠢᠯᠠᠵᠠᠢ᠃ ᠦᠢᠯᠡᠳᠪᠦᠷᠢᠯᠡᠬᠦ ᠪᠠ ᠪᠠᠢᠴᠠᠭᠠᠨ ᠰᠡᠯᠪᠢᠬᠦ ᠶᠠᠪᠤᠴᠠ᠎ᠳᠤ᠂ ᠲᠡᠷᠡ ᠲᠤᠨᠤᠭ ᠲᠥᠬᠦᠭᠡᠷᠦᠮᠵᠢ᠎ᠶᠢᠨ ᠪᠠᠢᠳᠠᠯ᠎ᠢ ᠨᠠᠷᠢᠨ ᠠᠵᠢᠭ᠍ᠯᠠᠵᠤ᠂ ᠡ᠊ᠨᠳᠡᠯ᠎ᠦᠨ ᠲᠠᠯᠳᠠ ᠭᠡᠮ᠎ᠢ ᠴᠠᠭ ᠲᠤᠬᠠᠢ ᠳ᠋ᠤᠨᠢ ᠢᠯᠡᠷᠡᠬᠦᠯᠵᠦ᠂ ᠪᠠᠷᠢᠯᠭ᠎ᠠ᠎ᠶᠢᠨ ᠶᠠᠰᠤ ᠴᠢᠨᠠᠷ ᠪᠠ ᠲᠤᠨᠤᠭ ᠲᠥᠬᠦᠭᠡᠷᠦᠮᠵᠢ᠎ᠳᠦ ᠠᠰᠠᠭᠤᠳᠠᠯ ᠭᠠᠷᠬᠤ ᠦᠶ᠎ᠡ᠎ᠳᠦ᠂ ᠡᠩ ᠲᠡᠷᠢᠭᠦᠨ᠎ᠳᠦ ᠬᠠᠮᠤᠭ᠎ᠤᠨ ᠰᠢᠯᠢᠳᠡᠭ ᠰᠢᠢᠳᠪᠦᠷᠢᠯᠡᠬᠦ ᠲᠥᠰᠥᠯ᠎ᠭᠠᠷᠭᠠᠵᠤ᠂ ᠦᠢᠯᠡᠳᠪᠦᠷᠢᠯᠡᠯ᠎ᠳᠦ ᠡᠷᠬᠢᠮ ᠨᠠᠨᠳᠢᠨ ᠴᠠᠭ᠎ᠢ ᠠᠷᠪᠢᠯᠠᠵᠤ ᠦᠭᠳᠡᠭ᠃ ᠲᠡᠭᠦᠨ᠎ᠦ  ᠳ᠋ᠦᠩᠨᠡᠨ ᠭᠠᠷᠭᠠᠭᠰᠠᠨ 《ᠦᠵᠡᠵᠦ ᠰᠣᠨᠣᠰᠬᠤ ᠠᠰᠠᠭᠤᠵᠤ ᠯᠠᠪᠯᠠᠬᠤ》 ᠳᠥᠷᠪᠡᠨ ᠠᠯᠬᠤᠮ᠎ᠤᠨ ᠪᠠᠢᠴᠠᠭᠠᠬᠤ ᠠᠷᠭ᠎ᠠ ᠨᠢ ᠠᠵᠢᠯ᠎ᠤᠨ ᠳᠤᠮᠳᠠ᠎ᠪᠠᠨ ᠤᠯᠠᠨ᠎ᠤ ᠳᠠᠭᠠᠰᠢᠶᠠᠯ ᠳ᠋ᠤ ᠬᠦᠷᠬᠦ ᠦᠬᠡᠢ ᠪᠠᠢᠭᠰᠠᠨ ᠴᠤ᠌ ᠡᠭᠡᠯᠵᠢ ᠳᠤᠭᠤᠢᠯᠠᠩ᠎ᠤᠨ ᠠᠵᠢᠯ᠎ᠳᠤ ᠭᠠᠷᠬᠤ ᠪᠠ ᠠᠵᠢᠯ᠎ᠠᠴᠠ ᠪᠠᠭᠤᠬᠤ᠎ᠶᠢ ᠲᠤᠰᠢᠶᠠᠬᠤ ᠪᠠ ᠭᠥᠯᠢᠶᠡᠨ ᠠᠪᠬᠤ ᠵᠢᠷᠤᠮᠵᠢᠭ᠍ᠰᠠᠨ ᠶᠠᠪᠤᠴᠠ ᠪᠣᠯᠤᠭᠰᠠᠨ ᠪᠠᠢᠨ᠎ᠠ᠃

ᠲᠤᠬᠠᠢᠯᠠᠭᠰᠠᠨ ᠠᠵᠢᠯ᠎ᠳᠠᠭᠠᠨ ᠴᠠᠭᠠᠷᠠᠵᠤ ᠵᠣᠷᠢᠭ᠍ᠲᠠᠢ᠎ᠪᠠᠷ ᠰᠢᠨ᠎ᠡ᠎ᠶᠢ ᠡᠭᠦᠳᠪᠡ᠃ ᠲᠡᠷᠡ ᠡᠭᠡᠯᠵᠢ ᠳᠤᠭᠤᠢᠯᠠᠩ᠎ᠤᠨ ᠭᠡᠰᠢᠭᠦᠳ᠎ᠢᠶᠡᠨ ᠳᠠᠭᠠᠭᠤᠯᠤᠨ ᠮᠡᠷᠭᠡᠵᠢᠯ᠎ᠦᠨ ᠥᠭᠡᠷᠡᠴᠢᠯᠡᠯᠲᠡ᠎ᠳᠦ ᠢᠳᠡᠪᠬᠢᠲᠡᠢ ᠣᠷᠣᠯᠴᠠᠵᠤ᠂ ᠨᠡᠭᠦᠷᠡᠰᠦ ᠮᠠᠯᠲᠠᠬᠤ ᠮᠠᠰᠢᠨ᠎ᠤ ᠰᠢᠩᠭᠡᠨ ᠳᠠᠷᠤᠴᠠ᠎ᠪᠠᠷ ᠬᠥᠷᠥᠭᠡᠬᠦ ᠰᠢᠰᠲᠧᠮ᠎ᠦᠨ ᠥᠭᠡᠷᠡᠴᠢᠯᠡᠯᠲᠡ᠂ ᠬᠤᠰᠤᠬᠤ ᠬᠠᠪᠲᠠᠰᠤᠲᠤ ᠵᠥᠭᠡᠭᠡᠪᠦᠷᠢ᠎ᠶᠢᠨ ᠮᠠᠰᠢᠨ᠎ᠤ ᠰᠡᠭᠦᠯ᠎ᠦᠨ ᠬᠡᠰᠡᠭ᠎ᠤᠨ ᠨᠡᠭᠦᠷᠡᠰᠦ ᠬᠠᠰᠢᠬᠤ ᠬᠠᠪᠲᠠᠰᠤ᠎ᠶᠢ ᠵᠢᠷᠤᠵᠤ ᠲᠥᠯᠥᠪᠯᠡᠬᠦ᠂ ᠨᠡᠬᠦᠷᠡᠰᠤ ᠰᠢᠯᠵᠢᠬᠦᠯᠦᠨ ᠳᠡᠬᠡᠬᠡᠪᠦᠷᠢᠯᠡᠬᠦ ᠭᠠᠯᠲᠤ ᠲᠡᠷᠭᠡ ᠵᠢᠨ ᠪᠤᠬᠢᠷ ᠤᠰᠤ ᠵᠢ ᠲᠥᠪᠯᠡᠷᠡᠭᠦᠯᠦᠨ ᠭᠠᠳᠠᠭᠰᠢᠯᠠᠭᠤᠯᠬᠤ᠂ ᠨᠡᠬᠦᠷᠡᠰᠦ ᠰᠢᠯᠵᠢᠬᠦᠯᠦᠨ ᠳᠡᠬᠡᠬᠡᠪᠦᠷᠢᠯᠡᠬᠦ ᠭᠠᠯᠲᠤ ᠲᠡᠷᠭᠡ᠎ᠶᠢ ᠰᠢᠯᠢᠳᠡᠭᠵᠢᠭᠦᠯᠦᠨ ᠵᠢᠷᠤᠵᠤ ᠲᠥᠯᠥᠪᠯᠡᠬᠦ ᠵᠡᠷᠭᠡ 10 ᠭᠠᠷᠤᠢ ᠵᠦᠢᠯ᠎ᠦᠨ ᠥᠭᠡᠷᠡᠴᠢᠯᠡᠯᠲᠡ᠎ᠶᠢᠨ ᠦᠷ᠎ᠡ ᠪᠦᠲᠦᠭᠡᠯ᠎ᠢ ᠪᠡᠶᠡᠯᠡᠭᠦᠯᠵᠦ᠂ 30 ᠭᠠᠷᠤᠢ ᠵᠦᠢ ᠵᠣᠬᠢᠰᠲᠠᠢ ᠰᠠᠨᠠᠭᠤᠯᠭ᠎ᠠ᠎ᠶᠢ ᠳᠤᠷᠠᠳᠴᠠᠢ᠃ ᠲᠡᠭᠦᠨ᠎ᠦ ᠵᠢᠷᠤᠵᠤ ᠲᠥᠯᠥᠪᠯᠡᠭᠰᠡᠨ ᠪᠥᠭᠡᠳ ᠥᠭᠡᠷᠡᠴᠢᠯᠡᠨ ᠰᠠᠢᠵᠢᠷᠠᠭᠤᠯᠬᠤ ᠠᠵᠢᠯ᠎ᠳᠤ ᠣᠷᠣᠯᠴᠠᠭᠰᠠᠨ ᠨᠡᠭᠦᠷᠡᠰᠦᠨ ᠮᠠᠰᠢᠨ᠎ᠤ ᠠᠯᠤᠰ ᠡᠵᠡᠮᠰᠢᠭᠦᠷ᠎ᠦᠨ ᠬᠤᠳᠳᠤᠭ ᠳᠣᠣᠷᠠᠬᠢ ᠴᠠᠬᠢᠯᠭᠠᠨ ᠴᠡᠨᠡᠭᠯᠡᠬᠦ ᠲᠥᠬᠦᠭᠡᠷᠦᠮᠵᠢ᠎ᠶᠢ ᠨᠢᠭᠡᠨᠲᠡ ᠱᠧᠨ ᠳ᠋ᠦᠩ ᠺᠣᠮᠫᠠᠨᠢ᠎ᠶᠢᠨ ᠶᠡᠷᠦᠩᠬᠡᠢᠯᠡᠨ ᠮᠠᠯᠲᠠᠬᠤ ᠨᠢᠭᠡᠳᠦᠭᠡᠷ ᠹᠷᠣᠨᠲ᠎ᠲᠤ ᠳᠡᠯᠭᠡᠷᠡᠭᠦᠯᠦᠭᠰᠡᠨ ᠪᠥᠭᠡᠳ ᠲᠤᠰᠬᠠᠢ ᠠᠰᠢᠭ᠋᠎ᠤᠨ ᠡᠷᠬᠡ ᠭᠤᠶᠤᠴᠢᠯᠠᠵᠤ ᠡᠬᠢᠯᠡᠵᠡᠢ᠃ ᠪᠦᠷᠢᠨ ᠪᠤᠰᠤ ᠪᠦᠷᠢᠳᠬᠡᠯ ᠎ᠢ ᠦᠨᠳᠦᠰᠦᠯᠡᠪᠡᠯ᠂ ᠠᠵᠢᠯ᠎ᠳᠤ ᠣᠷᠣᠯᠴᠠᠭᠰᠠᠨ 20 ᠭᠠᠷᠤᠢ ᠵᠢᠯ᠎ᠦᠨ ᠲᠤᠷᠰᠢ᠂ ᠲᠡᠷᠡ ᠠᠮᠤᠷ ᠲᠦᠪᠰᠢᠨ᠎ᠢᠶᠡᠷ 2000 ᠭᠠᠷᠤᠢ ᠲᠦᠮᠡᠨ ᠲᠣᠨ ᠨᠡᠭᠦᠷᠡᠰᠦ ᠮᠠᠯᠲᠠᠵᠠᠢ᠃ ᠡᠨᠡ ᠨᠢ ᠤᠯᠤᠰ᠎ᠤᠨ ᠳᠣᠲᠣᠭᠠᠳᠤ᠎ᠶᠢᠨ ᠲᠣᠮᠣ᠌ ᠬᠡᠯᠪᠡᠷᠢ᠎ᠶᠢᠨ ᠨᠡᠭᠦᠷᠡᠰᠦᠨ᠎ᠦ ᠠᠵᠤ ᠠᠬᠤᠢᠯᠠᠯ᠎ᠤᠨ ᠨᠢᠭᠡ ᠵᠢᠯ᠎ᠦᠨ ᠭᠠᠷᠤᠯᠲᠠ᠎ᠲᠠᠢ ᠲᠡᠩᠴᠡᠵᠦ᠂ ᠮᠠᠨ᠎ᠤ ᠤᠯᠤᠰ᠎ᠤᠨ ᠨᠡᠭᠦᠷᠡᠰᠦ ᠮᠠᠯᠲᠠᠬᠤ ᠦᠢᠯᠡᠰ᠎ᠲᠦ ᠲᠣᠪᠣᠢᠮ᠎ᠠ ᠬᠤᠪᠢ ᠨᠡᠮᠡᠷᠢ ᠦᠵᠡᠭᠦᠯᠪᠡ᠃

ᠠᠵᠢᠯ ᠦᠢᠯᠡᠰ᠎ᠦᠨ ᠬᠥᠭᠵᠢᠯᠲᠡ᠎ᠶᠢ ᠳᠠᠭᠠᠯᠳᠤᠨ ᠴᠢᠳᠠᠪᠤᠷᠢᠲᠠᠨ᠎ᠢ ᠬᠥᠮᠥᠵᠢᠭᠦᠯᠬᠦ ᠪᠠ ᠮᠡᠷᠭᠡᠵᠢᠯ᠎ᠢ ᠤᠯᠠᠮᠵᠢᠯᠠᠨ ᠵᠠᠯᠭᠠᠮᠵᠢᠯᠠᠬᠤ ᠠᠵᠢᠯ᠎ᠢ ᠥᠷᠨᠢᠭᠦᠯᠬᠦ ᠶᠠᠪᠤᠳᠠᠯ ᠲᠤᠯᠭᠠᠮ ᠱᠠᠭᠠᠷᠳᠠᠭᠳᠠᠬᠤ ᠪᠤᠯᠵᠠᠢ᠃ 2018 ᠣᠨ᠎ᠳᠤ᠂ ᠳ᠋ᠢᠩ ᠮᠢᠩ ᠯᠧᠢ ᠤᠷ᠎ᠠ ᠮᠡᠷᠭᠡᠵᠢᠯ᠎ᠤᠨ ᠶᠡᠬᠡ ᠪᠠᠭᠰᠢ ᠵᠢᠨ ᠠᠵᠢᠯ᠎ᠤᠨ ᠦᠷᠦᠭᠡ ᠨᠢ ᠤᠯᠤᠰ᠎ᠤᠨ ᠲᠠᠰ᠎ᠤᠨ ᠤᠷ᠎ᠠ ᠮᠡᠷᠭᠡᠵᠢᠯ᠎ᠤᠨ ᠶᠡᠬᠡ ᠪᠠᠭᠰᠢ ᠵᠢᠨ ᠠᠵᠢᠯ᠎ᠤᠨ ᠦᠷᠦᠭᠡ ᠪᠡᠷ ᠦᠨᠡᠯᠡᠭᠳᠡᠵᠦ᠂ ᠨᠡᠭᠦᠷᠡᠰᠦᠨ᠎ᠦ ᠦᠢᠯᠡᠰ᠎ᠤᠨ ᠴᠢᠳᠠᠪᠤᠷᠢᠲᠠᠨ᠎ᠢ ᠬᠥᠮᠥᠵᠢᠭᠦᠯᠬᠦ᠂ ᠮᠡᠷᠭᠡᠵᠢᠯ ᠴᠢᠳᠠᠪᠤᠷᠢ᠎ᠵᠢ ᠳᠡᠭᠡᠭᠰᠢᠯᠡᠭᠦᠯᠬᠦ ᠂ ᠭᠠᠷ ᠤᠷᠠᠯᠠᠯ᠎ᠤᠨ ᠰᠢᠨ᠎ᠡ᠎ᠶᠢ ᠡᠭᠦᠳᠬᠦ ᠲᠠᠪᠴᠠᠩ ᠪᠣᠯᠤᠭᠰᠠᠨ ᠪᠠᠢᠨ᠎ᠠ᠃ ᠨᠡᠭᠦᠷᠡᠰᠦ ᠮᠠᠯᠲᠠᠬᠤ ᠠᠵᠢᠯ᠎ᠤᠨ ᠳᠤᠮᠳᠠ ᠡᠭᠦᠰᠦᠭᠰᠡᠨ ᠨᠢᠭᠡ ᠶᠠᠪᠤᠳᠠᠯ ᠨᠢ ᠲᠤᠰ ᠠᠵᠢᠯ᠎ᠤᠨ ᠦᠷᠦᠭᠡ ᠵᠢᠨ ᠰᠢᠨ᠎ᠡ᠎ᠶᠢ ᠡᠭᠦᠳᠬᠦ ᠰᠤᠳᠤᠯᠭᠠᠨ᠎ᠤ ᠦᠷ᠎ᠡ ᠪᠦᠲᠦᠮᠵᠢ ᠪᠠ ᠣᠶᠤᠨ ᠤᠬᠠᠭᠠᠨ᠎ᠢ ᠬᠦᠢᠴᠡᠳ ᠢᠯᠡᠷᠡᠭᠦᠯᠪᠡ᠃

12408 ᠶᠡᠷᠦᠩᠬᠡᠢᠯᠡᠨ ᠮᠠᠯᠲᠠᠬᠤ ᠠᠵᠢᠯ᠎ᠤᠨ ᠲᠠᠯᠠᠪᠤᠷ᠎ᠢ ᠨᠡᠭᠡᠭᠡᠨ ᠮᠠᠯᠲᠠᠬᠤ ᠡᠬᠢᠨ᠎ᠦ ᠬᠤᠭᠤᠴᠠᠭᠠᠨ᠎ᠳᠤ ᠠᠵᠢᠯ᠎ᠤᠨ ᠭᠠᠳᠠᠷᠭᠤ᠎ᠳᠠᠬᠢ ᠮᠠᠰᠢᠨ᠎ᠤ ᠰᠡᠭᠦᠯ᠎ᠦᠨ ᠳᠠᠷᠤᠯᠲᠠ ᠶᠡᠬᠡ᠂ ᠨᠡᠭᠦᠷᠡᠰᠦ ᠬᠠᠰᠢᠬᠤ ᠬᠠᠪᠲᠠᠰᠤ ᠡᠪᠳᠡᠷᠡᠵᠦ ᠰᠦᠢᠳᠦᠭᠰᠡᠨ ᠪᠠᠢᠳᠠᠯ ᠢᠯᠡᠷᠡᠵᠦ᠂ ᠲᠣᠰ ᠠᠵᠢᠯ᠎ᠤᠨ ᠠᠬᠢᠴᠠ᠎ᠶᠢ ᠬᠦᠨᠳᠦ ᠨᠣᠴᠢᠲᠠᠢ ᠬᠢᠵᠠᠭᠠᠷᠯᠠᠵᠤ ᠪᠠᠢᠪᠠ᠃ ᠳ᠋ᠢᠩ ᠮᠢᠩ ᠯᠧᠢ ᠲᠤᠬᠠᠢ᠎ᠶᠢᠨ ᠲᠠᠯᠠᠪᠠᠶ᠎ᠶᠢᠨ ᠪᠠᠢᠳᠠᠯ᠎ᠢ ᠠᠵᠢᠭ᠍ᠯᠠᠭᠰᠠᠨ᠎ᠤ ᠳᠠᠷᠠᠭ᠎ᠠ᠂ 《ᠮᠠᠰᠢᠨ᠎ᠤ ᠰᠡᠬᠦᠯ᠎ᠦᠨ ᠨᠡᠭᠦᠷᠡᠰᠦ ᠬᠠᠰᠢᠬᠤ ᠬᠠᠪᠲᠠᠰᠤ᠎ᠶᠢ ᠠᠪᠴᠤ ᠬᠠᠶᠠᠬᠤ᠂ ᠨᠡᠭᠦᠷᠡᠰᠦᠨ ᠮᠠᠰᠢᠨ᠎ᠤ ᠪᠣᠷᠣᠯᠠᠭᠤᠯᠵᠤ ᠭᠠᠳᠠᠭᠰᠢᠯᠠᠭᠤᠯᠬᠤ᠎ᠶᠢ ᠤᠷᠲᠤᠳᠬᠠᠬᠤ᠂ ᠮᠠᠰᠢᠨ᠎ᠤ ᠰᠡᠭᠦᠯ᠎ᠦᠨ ᠬᠣᠭᠣᠯᠠᠢ ᠱᠤᠭᠤᠮ᠎ᠢ ᠳᠡᠭᠡᠭᠦᠷ ᠡᠯᠭᠦᠵᠤ᠂ ᠨᠡᠭᠦᠷᠡᠰᠦᠨ ᠮᠠᠰᠢᠨ᠎ᠢᠶᠡᠷ ᠮᠠᠰᠢᠨ᠎ᠤ ᠰᠡᠭᠦᠯ᠎ᠦᠨ ᠭᠢᠨᠵᠢᠲᠦ ᠬᠦᠷᠳᠦ᠎ᠶᠢ ᠬᠠᠢᠨ ᠭᠠᠷᠭᠠᠬᠤ》 ᠰᠡᠳᠬᠢᠮᠵᠢ᠎ᠶᠢ ᠳᠤᠷᠠᠳᠤᠭᠰᠠᠨ᠎ᠤ ᠬᠠᠮᠲᠤ ᠨᠡᠭᠦᠷᠡᠰᠦᠨ ᠮᠠᠰᠢᠨ᠎ᠤ ᠵᠢᠯᠣᠭᠣᠴᠢ᠎ᠶᠢᠨ ᠨᠡᠭᠦᠷᠡᠰᠦ ᠣᠭᠲᠣᠯᠬᠤ᠎ᠳᠤ 《ᠪᠣᠳᠠᠲᠠᠢ ᠬᠠᠢᠬᠤ᠂ ᠡᠴᠦᠰ ᠲᠦ᠍ᠨᠢ ᠲᠤᠯᠲᠠᠯ᠎ᠠ ᠣᠭᠲᠣᠯᠬᠤ᠂ ᠲᠡᠭᠰᠢᠬᠡᠨ ᠲᠠᠲᠠᠬᠤ᠂ ᠴᠡᠪᠡᠷᠬᠡᠨ ᠠᠷᠢᠯᠭᠠᠬᠤ》 ᠪᠣᠳᠠᠲᠠᠢ ᠠᠵᠢᠯᠯᠠᠬᠤ ᠠᠯᠬᠤᠮ ᠳᠠᠷᠠᠭ᠎ᠠ᠎ᠶᠢ ᠳᠤᠷᠠᠳᠤᠭᠰᠠᠨ ᠪᠠᠢᠨ᠎ᠠ᠃ ᠡᠨᠡᠬᠦ ᠪᠦᠳᠦᠭᠡᠯᠴᠢ ᠰᠡᠳᠬᠢᠮᠵᠢ ᠨᠢ ᠪᠣᠳᠠᠲᠠᠢ ᠰᠢᠯᠭᠠᠨ ᠪᠠᠢᠴᠠᠭᠠᠯᠲᠠ᠎ᠪᠠᠷ ᠳᠡᠮᠵᠢᠨ ᠮᠠᠰᠢ ᠰᠠᠢᠨ ᠦᠷ᠎ᠡ ᠪᠦᠲᠦᠮᠵᠢ ᠣᠯᠵᠤ᠂ ᠤᠤᠯ᠎ᠤᠨ ᠪᠠᠭ᠎ᠠ ᠠᠩᠭᠢ᠎ᠶᠢᠨ ᠬᠢᠨ 8 ᠴᠠᠭ᠎ᠲᠤ 3 ᠬᠢᠲᠤᠭ᠎ᠠ ᠨᠡᠭᠦᠷᠡᠰᠦ ᠣᠭᠲᠣᠯᠵᠤ ᠪᠠᠢᠭᠰᠠᠨ᠎ᠢ  8 ᠴᠠᠭ ᠲᠸ᠋ 8 ᠬᠢᠳᠤᠭ᠎ᠠ ᠨᠡᠭᠦᠷᠡᠰᠦ ᠣᠭᠲᠣᠯᠬᠤ ᠪᠣᠯᠭᠠᠨ ᠳᠡᠭᠡᠭᠰᠢᠯᠡᠭᠦᠯᠵᠦ᠂ ᠤᠯᠠᠭᠠᠨᠮᠥ᠋ᠷᠡᠨ᠎ᠤ ᠨᠡᠭᠦᠷᠡᠰᠦᠨ ᠠᠭᠤᠷᠬᠠᠢ᠎ᠶᠢᠨ 2023 ᠣᠨ᠎ᠤ ᠠᠶᠤᠯᠭᠦᠢ ᠦᠢᠯᠡᠳᠪᠦᠷᠢᠯᠡᠯ᠎ᠦᠨ ᠡᠭᠦᠷᠭᠡ᠎ᠶᠢ ᠲᠡᠭᠦᠰ ᠠᠮᠵᠢᠯᠲᠠ᠎ᠲᠠᠢ ᠪᠡᠶᠡᠯᠡᠭᠦᠯᠬᠦ᠎ᠳᠦ ᠲᠤᠢᠯ᠎ᠤᠨ ᠵᠠᠩᠭᠢᠯᠠᠭ᠎ᠠ᠎ᠶᠢᠨ ᠦᠢᠯᠡᠳᠦᠯ ᠦᠵᠡᠭᠦᠯᠵᠠᠢ᠃

ᠠᠵᠢᠯ᠎ᠤᠨ ᠦᠷᠦᠭᠡ ᠪᠠᠢᠭᠤᠯᠤᠭᠳᠠᠭᠰᠠᠨ᠎ᠠᠴᠠ ᠣᠲᠣ᠌ ᠪᠣᠯᠲᠠᠯ᠎ᠠ᠂ ᠨᠡᠭᠦᠷᠡᠰᠦ ᠮᠠᠯᠲᠠᠬᠤ ᠶᠠᠪᠤᠴᠠ᠎ᠳᠤ ᠢᠯᠡᠷᠡᠭᠰᠡᠨ ᠡᠯ᠎ᠡ ᠵᠦᠢᠯ᠎ᠦᠨ ᠪᠤᠳᠤᠯᠢᠶᠠᠨᠲᠠᠢ ᠠᠰᠠᠭᠤᠳᠠᠯ᠎ᠢ ᠰᠢᠢᠳᠪᠦᠷᠢᠯᠡᠬᠦ᠎ᠳᠦ ᠮᠠᠰᠢ ᠣᠯᠠᠨ ᠰᠢᠢᠳᠪᠦᠷᠢᠯᠡᠬᠦ ᠲᠥᠰᠥᠯ ᠬᠠᠩᠭᠠᠭᠰᠠᠨ ᠪᠥᠭᠡᠳ ᠳ᠋ᠢᠩ ᠮᠢᠩ ᠯᠧᠢ ᠴᠦ᠍ ᠤᠷᠢᠳ ᠬᠣᠵᠢᠳ 20 ᠭᠠᠷᠤᠢ ᠠᠵᠢᠯ᠎ᠤᠨ ᠪᠠᠢᠷᠢ᠎ᠶᠢᠨ ᠵᠠᠯᠠᠭᠤ ᠴᠢᠳᠠᠪᠤᠷᠢᠲᠠᠨ᠎ᠢ ᠳᠠᠭᠠᠭᠤᠯᠤᠨ ᠬᠦᠮᠦᠵᠢᠬᠦᠯᠵᠤ᠂ ᠡᠭᠦᠨ᠎ᠦ ᠳᠣᠲᠣᠷ᠎ᠠ ᠪᠥᠬᠥ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶᠢᠨ ᠵᠢᠱ᠌ᠢᠶᠡᠴᠢ ᠪᠠ ᠠᠵᠢᠯ ᠲᠥᠷᠥᠯ᠎ᠦᠨ ᠵᠢᠱ᠌ᠢᠶᠡᠴᠢ ᠣᠯᠠᠨ ᠴᠤᠯᠭᠤᠷᠠᠨ ᠭᠠᠷᠴᠠᠢ᠃

ᠬᠣᠷᠢ ᠭᠠᠷᠤᠢ ᠵᠢᠯ᠎ᠦᠨ ᠲᠤᠷᠰᠢ ᠲᠠᠰᠤᠷᠠᠯᠲᠠ ᠦᠭᠡᠢ ᠰᠢᠮᠳᠡᠨ ᠰᠤᠳᠤᠯᠵᠤ᠂ ᠵᠢᠳᠬᠦᠯ ᠴᠢᠷᠮᠠᠢᠯᠭ᠎ᠠ ᠭᠠᠷᠭᠠᠨ ᠤᠯᠠᠨ ᠢᠷᠠᠭᠤ ᠠᠯᠳᠠᠷ᠎ᠢᠶᠡᠷ ᠡᠨᠭᠭᠡᠷ᠎ᠢᠶᠡᠨ ᠮᠢᠯᠢᠶᠠᠯᠭᠠᠵᠠᠢ᠃ 2010 ᠣᠨ᠎ᠠᠴᠠ ᠣᠲᠣ᠌ ᠪᠣᠯᠲᠠᠯ᠎ᠠ᠂ ᠳ᠋ᠢᠩ ᠮᠢᠩ ᠯᠧᠢ ᠤᠷᠢᠳ ᠬᠣᠵᠢᠳ 《ᠨᠡᠭᠦᠷᠡᠰᠦᠨ᠎ᠦ ᠠᠵᠢᠯ ᠲᠥᠷᠥᠯ᠎ᠦᠨ ᠤᠷ᠎ᠠ ᠴᠢᠳᠠᠪᠤᠷᠢ᠎ᠶᠢᠨ ᠶᠡᠬᠡ ᠪᠠᠭ᠍ᠰᠢ》᠂ 《ᠪᠥᠬᠥ ᠤᠯᠤᠰ᠎ᠤᠨ ᠮᠡᠷᠭᠡᠵᠢᠯ᠎ᠦᠨ ᠴᠢᠳᠠᠪᠤᠷᠢᠲᠠᠨ》᠂ 《ᠤᠮᠠᠷᠠᠲᠤ ᠬᠢᠯᠢ᠎ᠶᠢᠨ ᠤᠷᠠᠨ ᠳᠠᠷᠬᠠᠨ》᠂ 《ᠲᠣᠮᠣ᠌ ᠤᠯᠤᠰ᠎ᠤᠨ ᠤᠷᠠᠨ ᠳᠠᠷᠬᠠᠨ》 ᠵᠡᠷᠭᠡ ᠠᠷᠪᠠᠨ ᠬᠡᠳᠦᠨ ᠢᠷᠠᠭᠤ ᠠᠯᠳᠠᠷ᠎ᠤᠨ ᠴᠣᠯᠠ ᠭᠥᠷᠳᠡᠪᠡ᠂ ᠲᠡᠷᠡ ᠪᠣᠳᠠᠲᠤ ᠠᠵᠢᠯᠯᠠᠭ᠎ᠠ᠎ᠪᠠᠷ᠎ᠢᠶᠠᠨ 《ᠲᠣᠮᠣ᠌ ᠤᠯᠤᠰ᠎ᠤᠨ ᠤᠷᠠᠨ ᠳᠠᠷᠬᠠᠨ》 ᠤ᠋ ᠪᠠᠢᠪᠠᠰᠤ ᠵᠣᠬᠢᠬᠤ ᠬᠠᠷᠢᠭᠤᠴᠠᠯᠭ᠎ᠠ ᠪᠠ ᠡᠭᠦᠷᠭᠡᠯᠡᠯ᠎ᠢ ᠦᠢᠯᠡᠳᠦᠯᠭᠡᠵᠢᠭᠦᠯᠵᠦ᠂ ᠴᠠᠭᠠᠷᠠᠭᠰᠠᠨ ᠮᠡᠷᠭᠡᠵᠢᠯ᠎ᠢᠶᠡᠷ ᠳᠤᠮᠳᠠᠳᠤ ᠤᠯᠤᠰ᠎ᠤᠨ ᠨᠡᠭᠦᠷᠡᠰᠦ ᠮᠠᠯᠲᠠᠬᠤ ᠠᠵᠤ ᠦᠢᠯᠡᠳᠪᠦᠷᠢ᠎ᠳᠦ ᠪᠠᠲᠤᠯᠠᠭ᠎ᠠ ᠬᠠᠩᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号