— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠲᠤᠬᠠᠢ
ᠤᠢᠷ᠎ᠠ ᠵᠢᠨ ᠡᠳᠦᠷ᠎ᠤᠳ ᠲᠸ᠋᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠳᠦ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠤᠷᠤᠯᠳᠤᠭᠠᠨ᠎ᠤ ᠲᠦᠷᠦᠯ ᠵᠦᠢᠯ᠎ᠤᠳ ᠤᠯᠠᠭᠠᠨᠬᠠᠳᠠ ᠬᠣᠲᠠ᠎ᠳᠤ ᠢᠳᠡ ᠬᠦᠭ ᠲᠠᠢ ᠶᠠᠪᠤᠭ᠍ᠳᠠᠵᠤ᠂ ᠲᠡᠯᠭᠡᠷ ᠵᠤᠨ᠎ᠤ ᠪᠠᠬᠠᠷᠠᠯ᠎ᠳᠤ ᠦᠵᠡᠮᠵᠢ ᠵᠢ ᠵᠢᠷᠤᠭᠯᠠᠨ᠎ᠠ᠃ ᠲᠣᠰ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠪᠣᠯ ᠤᠷᠤᠯᠴᠠᠬᠤ ᠬᠥᠮᠦᠨ᠎ᠦ ᠲᠣᠭ᠎ᠠ᠎ᠪᠠᠷ ᠬᠠᠮᠤᠭ᠎ᠤᠨ ᠣᠯᠠᠨ ᠨᠢᠭᠡ ᠬᠤᠭᠤᠴᠠᠭᠠᠨ᠎ᠤ ᠪᠦᠬᠦ ᠤᠷᠤᠨ᠎ᠤ ᠴᠦᠭᠡᠨ ᠲᠤᠭᠠᠳᠤ ᠦᠨᠳᠦᠰᠦᠳᠡᠨ᠎ᠤ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭᠠᠨ ᠪᠣᠯᠤᠨ᠎ᠠ᠃ ᠪᠥᠬᠥ᠌ ᠣᠷᠣᠨ᠎ᠤ 12 ᠠᠢᠮᠠᠭ ᠬᠣᠲᠠ᠎ᠶ᠋ᠢᠨ᠎ᠬᠢᠨ ᠪᠦᠯᠬᠦᠮ ᠪᠠᠢᠭᠤᠯᠤᠨ ᠤᠷᠤᠯᠳᠤᠭᠠᠨ᠎ᠳᠤ ᠣᠷᠣᠯᠴᠠᠵᠤ᠂ ᠲᠠᠮᠢᠷᠴᠢᠨ᠂ ᠳᠠᠭᠠᠭᠤᠯᠤᠭ᠍ᠴᠢ᠂ ᠲᠠᠰᠬᠠᠯᠵᠢᠭᠤᠯᠤᠭᠴᠢ᠂ ᠬᠢᠨᠠᠭ᠍ᠴᠢ ᠵᠢᠨ ᠬᠡᠪᠴᠢᠶ᠎ᠡ 2600 ᠬᠥᠮᠦᠨ᠎ᠳᠦ ᠬᠦᠷᠴᠡᠶ᠃ ᠬᠠᠮᠢᠶ᠎ᠠ ᠪᠦᠬᠦᠢ ᠬᠠᠷᠢᠭᠤᠴᠠᠯᠭᠠᠳᠠᠨ᠎ᠤ ᠲᠠᠨᠢᠯᠴᠠᠭᠤᠯᠤᠭᠰᠠᠨ ᠵᠢᠡᠷ᠂ ᠲᠣᠰ ᠬᠤᠭᠤᠴᠠᠭᠠᠨ᠎ᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠳᠤ ᠨᠡᠢᠲᠡ 18 ᠤᠷᠤᠯᠳᠤᠭᠠᠨ᠎ᠤ ᠲᠥᠷᠥᠯ ᠵᠦᠶ᠋ᠯ ᠪᠠ 12 ᠥᠪᠡᠷᠮᠢᠴᠡ ᠣᠨᠴᠠᠯᠢᠭ᠎ᠲᠠᠶ ᠲᠣᠭ᠍ᠯᠠᠯᠲᠠ᠎ᠶ᠋ᠢᠨ ᠲᠥᠷᠥᠯ ᠵᠦᠶ᠋ᠯ ᠲᠣᠬᠢᠷᠠᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠲᠡᠦᠭᠡᠨ᠎ᠳᠠᠬᠢ ᠤᠷᠤᠯᠳᠤᠭᠠᠨ᠎ᠤ ᠲᠦᠷᠦᠯ ᠵᠦᠢᠯ ᠪᠠ ᠲᠣᠭ᠍ᠯᠠᠯᠲᠠ᠎ᠶ᠋ᠢᠨ ᠲᠥᠷᠥᠯ ᠵᠦᠶ᠋ᠯ᠎ᠦᠨ ᠲᠣᠭ᠎ᠠ ᠬᠡᠮᠵᠢᠶ᠎ᠡ᠎ᠪᠡᠷ ᠬᠠᠮᠤᠭ᠎ᠤᠨ ᠣᠯᠠᠨ ᠨᠢᠭᠡ ᠬᠤᠭᠤᠴᠠᠭ᠎ᠠ ᠪᠤᠯᠵᠠᠢ᠃ ᠴᠤᠭᠯᠠᠭᠠᠨ ᠨᠢ 《ᠬᠠᠰ ᠯᠤᠤ᠎ᠶᠢᠨ ᠨᠤᠲᠤᠭ᠎ᠲᠤ ᠪᠣᠯᠵᠣᠵᠤ ᠦᠵᠡᠰᠭᠦᠯᠡᠩᠲᠦ ᠰᠠᠢᠬᠠᠨ ᠤᠮᠠᠷᠠᠲᠤ ᠬᠢᠯᠢ᠎ᠶ᠋ᠢ ᠪᠥᠲᠥᠭᠡᠨ ᠪᠠᠢᠭᠤᠯᠬᠤ》 ᠪᠠᠷ ᠭᠤᠤᠯ ᠰᠡᠳᠦᠪ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠂ ᠰᠣᠶᠣᠯ᠎ᠤᠨ ᠤᠯᠠᠮᠵᠢᠯᠠᠯ ᠪᠠ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭᠠᠨ᠎ᠤ ᠨᠠᠢᠷᠠᠯ ᠬᠦᠭᠵᠢᠮ᠎ᠢ ᠴᠢᠪᠬᠠᠳᠠᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠢ 4 ᠵᠢᠯ᠎ᠳᠦ ᠨᠢᠭᠡ ᠤᠳᠠᠭ᠎ᠠ ᠡᠷᠭᠢᠯᠡᠵᠦ᠍᠂ 1985 ᠣᠨ᠎ᠠᠴᠠ ᠡᠬᠢᠯᠡᠨ ᠨᠢᠭᠡᠨᠲᠡ ᠠᠷᠪᠠᠨ ᠬᠤᠭᠤᠴᠠᠭ᠎ᠠ ᠠᠮᠵᠢᠯᠲᠠ᠎ᠲᠠᠶ ᠡᠷᠭᠢᠯᠡᠨ ᠶᠠᠪᠤᠭᠳᠠᠭᠤᠯᠵᠦ᠂ ᠪᠥᠬᠥ᠌ ᠣᠷᠣᠨ᠎ᠤ ᠬᠡᠪᠴᠢᠶ᠎ᠡ᠎ᠪᠡᠷ ᠬᠠᠮᠤᠭ᠎ᠤᠨ ᠶᠡᠬᠡ ᠶᠡᠷᠦᠩᠬᠡᠢᠯᠡᠭ᠌ᠰᠡᠨ ᠴᠢᠨᠠᠷᠲᠠᠶ ᠦᠨᠳᠦᠰᠦᠲᠡᠨ᠎ᠦ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ ᠪᠤᠯᠤᠭᠰᠠᠨ ᠲᠡᠳᠦᠢ ᠦᠭᠡᠢ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ᠂ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ᠎ᠶ᠋ᠢ ᠢᠯᠡᠷᠡᠭᠦᠯᠬᠦ᠌ ᠴᠢᠬᠤᠯᠠ ᠲᠠᠪᠴᠠᠩ ᠪᠤᠯᠵᠠᠢ᠃

7 ᠰᠠᠷ᠎ᠠ᠎ᠶ᠋ᠢᠨ 20 ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠬᠤᠪᠢᠶᠠᠷᠢ ᠤᠷᠤᠯᠳᠤᠭᠠᠨ ᠤᠯᠠᠭᠠᠨᠬᠠᠳᠠ ᠬᠣᠲᠠ᠎ᠶ᠋ᠢᠨ ᠪᠠᠭᠠᠷᠢᠨ ᠪᠠᠷᠠᠭᠤᠨ ᠬᠣᠱᠢᠭᠤᠨ᠎ᠳᠤ ᠡᠬᠢᠯᠡᠵᠦ᠍᠂ ᠦᠨᠳᠦᠰᠦᠲᠡᠨ᠎ᠦ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠶᠡᠬᠡ ᠴᠤᠭ᠍ᠯᠠᠭᠠᠨ᠎ᠤ ᠭᠣᠢᠳᠠ ᠰᠠᠢᠬᠠᠨ ᠬᠥᠱᠢᠭᠡ᠎ᠶ᠋ᠢ ᠰᠡᠬᠦᠪᠡ᠃ ᠬᠤᠪᠢᠶᠠᠷᠢ ᠤᠷᠤᠯᠳᠤᠭᠠᠨ᠎ᠳᠤ ᠴᠦ ᠪᠤᠯᠢᠶᠠᠯᠳᠤᠬᠤ ᠤᠷᠤᠯᠳᠤᠭᠠᠨ᠂ ᠪᠤᠢᠺᠤ ᠪᠦᠮᠪᠦᠭᠡ᠎ᠶᠢᠨ ᠤᠷᠤᠯᠳᠤᠭᠠᠨ᠂ ᠵᠢᠳᠭᠦᠯᠭᠡᠶᠢᠨ ᠤᠷᠤᠯᠳᠤᠭᠠᠨ᠂ ᠲᠡᠪᠡᠭ᠎ᠤᠨ ᠤᠷᠤᠯᠳᠤᠭᠠᠨ᠂ ᠪᠢᠯᠠᠭᠤᠰᠢᠳᠡᠬᠦ ᠤᠷᠤᠯᠳᠤᠭᠠᠨ᠂ ᠮᠣᠷᠢ ᠤᠷᠤᠯᠳᠤᠬᠤ ᠪᠠ ᠲᠡᠮᠡᠭᠡ ᠤᠷᠤᠯᠳᠤᠬᠤ᠂ ᠮᠣᠩᠭᠣᠯ ᠱᠢᠳ᠋ᠡᠷᠠ᠂ ᠵᠡᠪᠰᠡᠭ᠎ᠤᠨ ᠡᠷᠳᠡᠮ᠎ᠤᠨ ᠮᠦᠷᠦᠢᠴᠡᠭᠡᠨ ᠵᠡᠷᠭᠡ ᠦᠨᠳᠦᠰᠦᠲᠡᠨ᠎ᠦ ᠰᠣᠶᠣᠯ᠎ᠤᠨ ᠭᠦᠨ ᠠᠭᠤᠯᠤᠭ᠍ᠳᠠᠬᠤᠨ᠎ᠲᠠᠶ ᠤᠯᠠᠨ ᠵᠦᠢᠯ᠎ᠦᠨ ᠪᠡᠶ᠎ᠡ᠎ᠶ᠋ᠢᠨ ᠲᠠᠮᠢᠷ᠎ᠤᠨ ᠲᠦᠷᠦᠯ ᠵᠦᠢᠯ᠎ᠢ ᠬᠠᠮᠤᠷᠴᠤ᠌᠂ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠥᠪᠡᠷᠮᠢᠴᠡ ᠷᠢᠳᠢ ᠱᠢᠳᠢ᠎ᠶ᠋ᠢ ᠢᠯᠡᠷᠡᠭᠦᠯᠪᠡ᠃

7 ᠰᠠᠷ᠎ᠠ ᠵᠢᠨ 27᠎ᠤ᠋ ᠡᠳᠦᠷ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠦᠭᠡᠨ ᠲᠤᠭᠠᠳᠤ ᠦᠨᠳᠦᠰᠦᠳᠡᠨ᠎ᠤ ᠤᠯᠠᠮᠵᠢᠯᠠᠯᠳᠤ ᠪᠡᠶ᠎ᠡ ᠵᠢᠨ ᠲᠠᠮᠢᠷ᠎ᠤᠨ ᠴᠤᠭᠯᠠᠭᠠᠨ᠎ᠤ ᠭᠤᠤᠯ ᠲᠠᠯᠠᠪᠠᠢ ᠤᠷᠤᠯᠳᠤᠭᠠᠨ᠎ᠤ ᠪᠦᠬᠦ ᠲᠦᠷᠦᠯ ᠵᠦᠢᠯ ᠵᠢᠩᠬᠢᠨᠢ ᠪᠡᠷ ᠤᠷᠤᠯᠳᠤᠵᠤ ᠡᠬᠢᠯᠡᠪᠡ᠃ ᠤᠯᠠᠭᠠᠨᠬᠠᠳᠠ ᠳ᠋ᠡᠬᠢ ᠭᠤᠤᠯ ᠲᠠᠯᠠᠪᠠᠢ ᠤᠷᠤᠯᠳᠤᠭᠠᠨ ᠳ᠋ᠤ ᠪᠦᠭᠡ ᠵᠢᠨ ᠤᠷᠤᠯᠳᠤᠭᠠᠨ᠂ ᠪᠢᠯᠠᠭᠤ ᠰᠢᠳᠡᠬᠦ᠂ ᠮᠤᠩᠭᠤᠯ ᠰᠢᠳᠠᠷ᠎ᠠ᠂ ᠲᠡᠬᠦᠵᠢᠩ᠂ ᠦᠨᠳᠦᠰᠦᠳᠡᠨ᠎ᠤ ᠪᠡᠶ᠎ᠡ ᠴᠢᠬᠢᠷᠠᠬᠵᠢᠭᠤᠯᠬᠤ ᠲᠠᠮᠢᠷ᠂ ᠬᠤᠯᠬᠤᠪᠴᠢ ᠨᠤᠮᠤ᠂ ᠲᠤᠮᠳᠠᠳᠤ ᠮᠠᠶᠢᠭ᠎ᠤᠨ ᠪᠦᠭᠡ ᠪᠠᠷᠢᠯᠳᠤᠬᠤ ᠵᠡᠷᠭᠡ 14 ᠤᠷᠤᠯᠳᠤᠭᠠᠨ᠎ᠤ ᠲᠦᠷᠦᠯ ᠵᠦᠢᠯ ᠲᠤᠬᠢᠷᠠᠭᠤᠯᠵᠤ᠂ 7 ᠰᠠᠷ᠎ᠠ ᠵᠢᠨ 31᠎ᠤ᠋ ᠡᠳᠦᠷ ᠪᠤᠯᠳᠠᠯ᠎ᠠ ᠶᠠᠪᠤᠭᠳᠠᠨ᠎ᠠ᠃

ᠬᠤᠷᠴᠠ ᠱᠢᠷᠦᠭᠦᠨ ᠤᠷᠤᠯᠳᠤᠭᠠᠨ᠎ᠤ ᠵᠦᠢᠯ᠎ᠡᠴᠡ ᠭᠠᠳᠠᠨ᠎ᠠ᠂ ᠲᠤᠰ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠳᠤ ᠪᠠᠰᠠ 12 ᠲᠣᠭ᠍ᠯᠠᠯᠲᠠ᠎ᠶ᠋ᠢᠨ ᠵᠦᠢᠯ ᠲᠣᠬᠢᠷᠠᠭᠤᠯᠵᠠᠢ᠂ ᠡᠳᠡᠭᠡᠷ ᠲᠣᠭ᠍ᠯᠠᠯᠲᠠ᠎ᠶ᠋ᠢᠨ ᠵᠦᠢᠯ ᠨᠢ ᠮᠥᠨ ᠴᠦ᠍ ᠥᠪᠡᠷᠮᠢᠴᠡ ᠣᠨᠴᠠᠯᠢᠭ᠎ᠲᠠᠶ ᠪᠠᠢᠵᠤ᠂ ᠲᠠᠮᠢᠷ᠎ᠤᠨ ᠴᠤᠭ᠍ᠯᠠᠭᠠᠨ᠎ᠳᠤ ᠭᠦᠨ ᠵᠤᠵᠠᠭᠠᠨ ᠰᠣᠶᠣᠯ ᠤᠷᠠᠯᠢᠭ᠎ᠤᠨ ᠬᠦᠴᠦᠨ ᠵᠦᠢᠯ᠎ᠢ ᠨᠡᠮᠡᠷᠢᠯᠡᠭ᠌ᠰᠡᠨ ᠪᠠᠢᠨ᠎ᠠ᠃ ᠲᠣᠭ᠍ᠯᠠᠯᠲᠠ᠎ᠶ᠋ᠢᠨ ᠵᠦᠶ᠋ᠯᠡᠰ ᠨᠢ ᠴᠠᠭᠠᠰᠤᠨ ᠱᠢᠪᠠᠭᠤ᠂ ᠲᠠᠬᠠᠷ ᠪᠥᠮᠪᠥᠭᠡ ᠵᠡᠷᠭᠡ᠎ᠶ᠋ᠢ ᠬᠠᠮᠤᠷᠴᠤ᠌᠂ ᠡᠯ᠎ᠡ ᠴᠥᠭᠡᠨ ᠲᠣᠭᠠᠲᠤ ᠦᠨᠳᠦᠰᠦᠲᠡᠨ᠎ᠦ ᠰᠣᠶᠣᠯ᠎ᠤᠨ ᠤᠯᠠᠮᠵᠢᠯᠠᠯ᠂ ᠠᠮᠢᠳᠤᠷᠠᠯ᠎ᠤᠨ ᠵᠠᠩ ᠳᠠᠳᠭᠠᠯ ᠪᠠ ᠤᠷᠠᠯᠢᠭ᠎ᠤᠨ ᠪᠦᠲᠦᠭᠡᠯᠴᠢ ᠴᠢᠳᠠᠪᠤᠷᠢ᠎ᠶ᠋ᠢ ᠥᠪᠡᠷᠮᠢᠴᠡ ᠬᠡᠯᠪᠡᠷᠢ᠎ᠪᠡᠷ ᠢᠯᠡᠷᠡᠭᠦᠯᠦᠯ᠎ᠡ᠃ ᠴᠠᠭᠠᠰᠤᠨ ᠱᠢᠪᠠᠭᠤ᠎ᠶ᠋ᠢᠨ ᠲᠣᠭ᠍ᠯᠠᠯᠲᠠ᠎ᠳᠤ᠂ ᠶᠠᠩᠵᠤ ᠪᠦᠷᠢ᠎ᠶ᠋ᠢᠨ ᠴᠠᠭᠠᠰᠤᠨ ᠱᠢᠪᠠᠭᠤ ᠣᠭ᠍ᠲᠠᠷᠭᠤᠶ᠎ᠳᠤ ᠬᠠᠯᠢᠨ ᠨᠢᠰᠴᠦ᠍᠂ ᠳᠦᠷᠰᠦ ᠪᠦᠲᠦᠭᠡᠯᠲᠡᠳᠦᠨᠢ ᠠᠮᠢᠲᠠᠨ᠂ ᠬᠥᠮᠦᠨ᠂ ᠦᠨᠳᠦᠰᠦᠲᠡᠨ᠎ᠦ ᠵᠢᠷᠤᠭ ᠵᠡᠷᠭᠡ ᠪᠠᠢᠵᠤ᠂ ᠲᠡᠳᠡᠭᠡᠷ ᠨᠢ ᠪᠡᠶ᠎ᠡ ᠵᠢᠨ ᠲᠠᠮᠢᠷ᠎ᠤᠨ ᠲᠥᠷᠥᠯ ᠵᠦᠶ᠋ᠯ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠭᠣᠢᠳᠠ ᠰᠠᠢᠬᠠᠨ ᠤᠷᠠᠯᠢᠭ᠎ᠤᠨ ᠪᠦᠲᠦᠭᠡᠯ ᠪᠤᠯᠵᠤ᠂ ᠴᠥᠭᠡᠨ ᠲᠣᠭᠠᠲᠤ ᠦᠨᠳᠦᠰᠦᠲᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠶ ᠬᠦᠰᠡᠯ ᠡᠷᠡᠮᠡᠯᠵᠡᠯ᠎ᠢ ᠢᠯᠡᠷᠡᠬᠦᠯᠵᠡᠢ᠃ ᠲᠠᠬᠠᠷ ᠪᠥᠮᠪᠥᠭᠡ᠎ᠶ᠋ᠢᠨ ᠲᠣᠭ᠍ᠯᠠᠯᠲᠠ ᠨᠢ ᠴᠥᠭᠡᠨ ᠲᠣᠭᠠᠲᠤ ᠦᠨᠳᠦᠰᠦᠲᠡᠨ᠎ᠦ ᠥᠪᠡᠷᠮᠢᠴᠡ ᠪᠥᠮᠪᠥᠭᠡᠨ ᠵᠦᠢᠯ᠎ᠦᠨ ᠤᠷ᠎ᠠ ᠮᠡᠷᠭᠡᠵᠢᠯ᠂ ᠲᠠᠮᠢᠷᠴᠢᠳ᠎ᠤᠨ ᠲᠠᠯᠠᠪᠤᠷ᠎ᠲᠠᠬᠢ ᠬᠠᠮᠵᠢᠯᠴᠠᠭ᠎ᠠ ᠪᠠ ᠪᠦᠯᠬᠦᠮᠳᠡᠯ᠎ᠢ ᠳᠡᠯᠭᠡᠨ ᠦᠵᠡᠭᠦᠯᠵᠦ᠍᠂ ᠦᠵᠡᠭ᠌ᠴᠢᠳ᠎ᠦᠨ ᠮᠠᠭ᠍ᠲᠠᠭᠠᠯ ᠰᠠᠢᠱᠢᠶᠠᠯ᠎ᠢ ᠣᠯᠤᠭ᠍ᠰᠠᠨ ᠪᠠᠢᠨ᠎ᠠ᠃

ᠤᠳᠠᠯ ᠦᠭᠡᠢ ᠪᠤᠯᠬᠤ ᠬᠡᠵᠦ ᠪᠠᠢᠭ᠎ᠠ ᠦᠪᠡᠳᠡᠭ᠌ᠰᠢ ᠶᠡᠬᠡ ᠡᠬᠢᠯᠡᠯᠲᠡ᠎ᠶ᠋ᠢᠨ ᠶᠣᠰᠣᠯᠠᠯ᠎ᠳᠤ ᠵᠢᠱ᠌ᠢᠯᠲᠡ᠎ᠪᠡᠷ 3 ᠲᠦᠮᠡᠨ ᠬᠥᠮᠦᠨ ᠣᠷᠣᠯᠴᠠᠵᠤ᠂ ᠡᠨᠡ ᠤᠳᠠᠭᠠᠨ᠎ᠤ ᠦᠨᠳᠦᠰᠦᠲᠡᠨ᠎ᠦ ᠪᠡᠶ᠎ᠡ᠎ᠶ᠋ᠢᠨ ᠲᠠᠮᠢᠷ᠎ᠤᠨ ᠦᠪᠡᠳᠡᠭ᠌ᠰᠢ ᠴᠤᠭ᠍ᠯᠠᠭᠠᠨ᠎ᠢ ᠬᠠᠮᠲᠤ᠎ᠪᠠᠷ ᠭᠡᠷᠡᠴᠢᠯᠡᠬᠦ᠌ ᠪᠣᠯᠤᠨ᠎ᠠ᠃ ᠤᠷᠤᠯᠳᠤᠭᠠᠨ᠎ᠤ ᠲᠠᠯᠠᠪᠠᠶ ᠣᠷᠳᠣᠨ᠎ᠢ ᠲᠣᠰ ᠲᠣᠰ ᠤᠯᠠᠭᠠᠨᠬᠠᠳᠠ ᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠥᠪ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠂ ᠤᠯᠠᠭᠠᠨᠬᠠᠳᠠ᠎ᠶ᠋ᠢᠨ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠣᠯᠠᠨ ᠤᠯᠤᠰ᠎ᠤᠨ ᠲᠤᠷᠱᠢᠯᠲᠠ᠎ᠶ᠋ᠢᠨ ᠰᠤᠷᠭᠠᠭᠤᠯᠢ᠂ ᠤᠯᠠᠭᠠᠨᠬᠠᠳᠠ ᠬᠣᠲᠠ᠎ᠶ᠋ᠢᠨ ᠮᠣᠩᠭᠣᠯ ᠦᠨᠳᠦᠰᠦᠲᠡᠨ᠎ᠦ ᠳᠤᠮᠳᠠᠳᠤ ᠰᠤᠷᠭᠠᠭᠤᠯᠢ᠂ ᠬᠤᠩᠱᠠᠨ ᠲᠣᠭᠣᠷᠢᠭ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ᠂ ᠪᠠᠭᠠᠷᠢᠨ ᠪᠠᠷᠠᠭᠤᠨ ᠬᠣᠱᠢᠭᠤᠨ᠎ᠤ ᠠᠯᠳᠠᠨᠲᠠᠯᠠ ᠮᠣᠷᠢᠨ ᠤᠷᠤᠯᠳᠤᠭᠠᠨ᠎ᠤ ᠲᠠᠯᠠᠪᠠᠶ ᠵᠡᠷᠭᠡ ᠭᠠᠵᠠᠷ᠎ᠲᠤ ᠲᠣᠬᠢᠷᠠᠭᠤᠯᠪᠠ᠃ ᠡᠳᠡᠭᠡᠷ ᠲᠠᠯᠠᠪᠤᠷ ᠣᠷᠳᠣᠨ᠎ᠤ ᠲᠥᠬᠥᠭᠡᠷᠦᠮᠵᠢ ᠨᠢ ᠪᠦᠷᠢᠨ ᠲᠡᠭᠦᠯᠳᠡᠷ ᠪᠠᠢᠵᠤ᠂ ᠲᠠᠮᠢᠷᠴᠢᠳ᠎ᠲᠤ ᠰᠠᠢᠨ ᠰᠠᠢᠬᠠᠨ ᠤᠷᠤᠯᠳᠤᠭᠠᠨ᠎ᠤ ᠨᠥᠬᠥᠴᠡᠯ ᠬᠠᠩᠭᠠᠪᠠ᠃ ᠤᠷᠤᠯᠳᠤᠭᠠᠨ᠎ᠤ ᠵᠣᠬᠢᠶᠠᠨ ᠪᠠᠢᠭᠤᠯᠤᠯᠲᠠ ᠨᠢ ᠨᠠᠷᠢᠨ ᠬᠢᠨᠠᠮᠠᠭᠠᠶ ᠡᠮᠬᠢ ᠵᠢᠷᠤᠮ᠎ᠲᠠᠶ ᠪᠠᠢᠵᠤ᠂ ᠨᠡᠷ᠎ᠡ ᠮᠡᠳᠡᠭᠦᠯᠵᠦ᠍ ᠤᠷᠤᠯᠳᠤᠭᠠᠨ᠎ᠳᠤ ᠣᠷᠣᠯᠴᠠᠬᠤ᠂ ᠤᠷᠤᠯᠳᠤᠭᠠᠨ᠎ᠤ ᠶᠠᠪᠤᠴᠠ᠎ᠶ᠋ᠢᠨ ᠲᠣᠬᠢᠷᠠᠭᠤᠯᠤᠯᠲᠠ᠎ᠠᠴᠠ ᠤᠷᠤᠯᠳᠤᠭᠠᠨ᠎ᠤ ᠬᠢᠨᠠᠭ᠍ᠴᠢ᠂ ᠠᠷᠤ ᠲᠠᠯ᠎ᠠ᠎ᠶ᠋ᠢᠨ ᠪᠠᠲᠤᠯᠠᠭ᠎ᠠ ᠵᠡᠷᠭᠡ ᠡᠯ᠎ᠡ ᠭᠣᠭ᠍ᠴᠣᠭ᠎ᠠ᠎ᠳᠤ ᠬᠦᠷᠲᠡᠯ᠎ᠡ ᠴᠥᠮ ᠨᠠᠷᠢᠨ ᠨᠢᠮᠪᠠᠶ ᠪᠡᠯᠡᠳᠭᠡᠬᠦ᠌ ᠪᠠ ᠲᠣᠬᠢᠷᠠᠭᠤᠯᠵᠤ᠂ ᠲᠠᠮᠢᠷ᠎ᠤᠨ ᠴᠤᠭ᠍ᠯᠠᠭᠠᠨ᠎ᠤ ᠤᠷᠤᠭ᠍ᠰᠢᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠪᠠ᠃ ᠰᠠᠢᠨ ᠲᠤᠷᠠᠴᠤᠳ ᠬᠠᠯᠠᠭᠤᠮᠰᠤᠭ᠎ᠢᠶᠠᠷ ᠦᠶ᠋ᠯᠡᠴᠢᠯᠡᠵᠦ᠍᠂ ᠤᠷᠤᠯᠳᠤᠭᠠᠨ᠎ᠢ ᠬᠥᠲᠥᠯᠥᠨ ᠵᠢᠯᠣᠭᠣᠳᠭᠤ᠂ ᠣᠷᠴᠢᠭᠤᠯᠬᠤ᠂ ᠠᠷᠤ ᠲᠠᠯ᠎ᠠ᠎ᠶ᠋ᠢᠨ ᠦᠶ᠋ᠯᠡᠴᠢᠯᠡᠭᠡ ᠵᠡᠷᠭᠡ ᠲᠠᠯ᠎ᠠ᠎ᠪᠠᠷ ᠴᠢᠬᠤᠯᠠ ᠦᠢᠯᠡᠳᠦᠯ ᠦᠵᠡᠭᠦᠯᠵᠦ᠍᠂ ᠤᠯᠠᠭᠠᠨᠬᠠᠳᠠ᠎ᠶ᠋ᠢᠨ ᠠᠷᠠᠳ ᠲᠦᠮᠡᠨ᠎ᠦ ᠬᠠᠯᠠᠭᠤᠮᠰᠤᠭ ᠵᠣᠴᠢᠨᠰᠠᠭᠢ ᠢᠯᠡᠷᠡᠭᠦᠯᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠨᠢ ᠪᠡᠶ᠎ᠡ᠎ᠶᠢᠨ ᠲᠠᠮᠢᠷ᠎ᠤᠨ ᠲᠠᠪᠴᠠᠨᠭ᠌ ᠪᠤᠯᠬᠤ ᠪᠡᠷ ᠪᠠᠷᠠᠬᠤ ᠦᠭᠡᠢ᠂ ᠨᠡᠨᠭ᠌ᠴᠦ ᠦᠨᠳᠦᠰᠦᠲᠡᠨ᠎ᠤ ᠪᠦᠯᠭᠦᠮᠳᠡᠯ᠎ᠤᠨ ᠦᠪᠡᠳᠡᠭᠰᠢ ᠴᠤᠭᠯᠠᠭᠠᠨ ᠪᠤᠯᠤᠨ᠎ᠠ᠃ ᠦᠨᠳᠦᠰᠦᠲᠡᠨ ᠨᠤᠭᠦᠳ᠎ᠤᠨ ᠲᠠᠮᠢᠷᠴᠢᠳ ᠬᠠᠮᠳᠤ ᠪᠡᠷ ᠦᠷᠢᠰᠦᠯᠳᠦᠵᠦ᠂ ᠬᠠᠷᠢᠯᠴᠠᠨ ᠰᠤᠷᠤᠯᠴᠠᠵᠦ᠂ ᠨᠦᠭᠦᠷᠯᠡᠯᠶ᠋ᠢᠡᠨ ᠵᠤᠵᠠᠭᠠᠳᠬᠠᠨ᠂ ᠦᠨᠳᠦᠰᠦᠲᠡᠨ᠎ᠤ ᠪᠦᠯᠭᠦᠮᠳᠡᠯ᠎ᠤᠨ ᠳᠠᠭᠤᠨ᠎ᠢ ᠬᠠᠮᠳᠤ ᠪᠡᠷ ᠬᠠᠨᠭᠬᠢᠨᠠᠭᠤᠯᠵᠦ᠂ ᠪᠦᠬᠦ ᠤᠷᠤᠨ᠎ᠤ ᠪᠡᠶ᠎ᠡ᠎ᠶᠢᠨ ᠲᠠᠮᠢᠷ᠎ᠤᠨ ᠦᠢᠯᠡᠰ᠎ᠲᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠦ᠂ ᠦᠨᠳᠦᠰᠦᠲᠡᠨ ᠨᠤᠭᠦᠳ᠎ᠤᠨ ᠬᠦᠪᠡᠭᠦᠳ ᠦᠬᠢᠳ᠎ᠤᠨ ᠪᠦᠯᠬᠦᠮᠳᠡᠨ ᠲᠡᠮᠡᠴᠡᠵᠦ᠂ ᠢᠳᠡᠪᠬᠢᠲᠠᠢ ᠦᠭᠡᠳᠡᠯᠡᠨ ᠲᠠᠪᠰᠢᠬᠤ ᠤᠶᠤᠨ ᠰᠠᠨᠠᠭᠠᠨ᠎ᠤ ᠲᠦᠷᠰᠦ ᠪᠠᠢᠳᠠᠯ᠎ᠢ ᠬᠦᠢᠴᠡᠳ ᠬᠠᠷᠠᠭᠤᠯᠤᠭᠰᠠᠨ ᠪᠠᠢᠨ᠎ᠠ᠃






ᠭᠡᠷᠡᠯ ᠵᠢᠷᠤᠭᠤᠳᠪᠤᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠡᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠭᠡᠰᠡᠭ ᠦᠵᠡᠭᠳᠡᠯ ᠪᠤᠯᠤᠨ᠎ᠠ
ᠭᠡᠷᠡᠯ ᠵᠢᠷᠤᠭ᠎ᠤᠳ᠎ᠢ ᠰᠠᠨᠰᠠᠷ ᠠᠯᠤᠰ ᠰᠡᠭᠦᠷᠳᠡᠯᠡᠪᠡ