ᠱᠢᠨ᠎ᠡ ᠪᠠᠷᠭᠤ ᠪᠠᠷᠠᠭᠤᠨ ᠬᠣᠱᠢᠭᠤ᠄ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠢ ᠠᠭᠤᠰᠤᠯᠴᠠᠭᠤᠯᠵᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ
2025-07-04 10:50:52
ᠵᠣᠬᠢᠶᠠᠭ᠍ᠴᠢ᠄
ᠯᠢ ᠺᠸ ᠰᠢᠨ
ᠣᠩᠱᠢᠭ᠍ᠰᠠᠨ ᠣᠳᠠᠭ᠎ᠠ᠄
★★★☆☆

ᠥᠷᠭᠡᠨ ᠠᠭᠤᠳᠠᠮ ᠲᠠᠯ᠎ᠠ ᠨᠤᠲᠤᠭ᠎ᠲᠤ᠂ 《ᠮᠠᠯᠵᠢᠯ᠎ᠤᠨ ᠲᠠᠭᠤᠤ ᠵᠢᠨ ᠥᠯᠥᠭᠡᠢ》 ᠬᠥᠯᠥᠨ ᠪᠤᠢ᠌ᠷ ᠬᠤᠳᠠ᠎ᠶ᠋ᠢᠨ ᠱᠢᠨ᠎ᠡ ᠪᠠᠷᠭᠤ ᠪᠠᠷᠠᠭᠤᠨ ᠬᠣᠱᠢᠭᠤ ᠭᠦᠨ ᠵᠤᠵᠠᠭᠠᠨ ᠰᠣᠶᠣᠯ᠎ᠤᠨ ᠤᠤᠷ ᠲᠤᠨᠳᠠᠰᠤ ᠪᠡᠷ ᠪᠢᠷ ᠪᠣᠯᠭᠠᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢᠶᠠᠷ ᠪᠡᠬᠡ ᠪᠣᠯᠭᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠰᠡᠳᠭᠢᠯ ᠬᠥᠳᠡᠯᠭᠡᠮ᠎ᠡ ᠦᠵᠡᠮᠵᠢᠳᠤ ᠵᠢᠷᠤᠭ ᠎ᠢ ᠵᠢᠷᠤᠭ᠍ᠯᠠᠪᠠ᠃ 6 ᠰᠠᠷ᠎ᠠ᠎ᠶ᠋ᠢᠨ 13᠎ᠤ᠋ ᠡᠳᠦᠷ᠂ ᠲᠣᠰ ᠬᠣᠱᠢᠭᠤ 2025 ᠣᠨ᠎ᠤ ᠰᠣᠶᠣᠯ᠎ᠤᠨ ᠪᠠ ᠪᠠᠢᠭᠠᠯᠢ᠎ᠶ᠋ᠢᠨ ᠥᠪ᠎ᠦᠨ ᠡᠳᠦᠷ᠎ᠦᠨ ᠪᠣᠳᠠᠰ᠎ᠤᠨ ᠪᠤᠰᠤ ᠰᠣᠶᠣᠯ᠎ᠤᠨ ᠥᠪ ᠎ᠢ ᠤᠬᠠᠭᠤᠯᠤᠨ ᠳᠡᠯᠭᠡᠨ ᠦᠵᠡᠭᠦᠯᠵᠦ᠍ ᠪᠣᠷᠣᠯᠠᠭᠤᠯᠬᠤ ᠠᠵᠢᠯᠯᠠᠭ᠎ᠠ ᠥᠷᠨᠢᠭᠦᠯᠵᠦ᠍᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ᠎ᠶ᠋ᠢᠨ ᠬᠠᠮᠲᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠬᠤ᠎ᠶ᠋ᠢ ᠠᠬᠢᠭᠤᠯᠪᠠ᠃

ᠣᠢᠷ᠎ᠠ᠎ᠶ᠋ᠢᠨ ᠵᠢᠯ᠎ᠳᠦ᠂ ᠱᠢᠨ᠎ᠡ ᠪᠠᠷᠭᠤ ᠪᠠᠷᠠᠭᠤᠨ ᠬᠣᠱᠢᠭᠤ 《ᠠᠶᠠᠯᠭᠤᠲᠤ ᠵᠢᠭᠤᠯᠴᠢᠯᠠᠯ ᠥᠪᠥᠷ ᠮᠣᠩᠭᠣᠯ》 ᠲᠦᠷᠦᠯ ᠲᠡᠮᠳᠡᠭ᠎ᠢ ᠡᠭᠦᠳᠬᠦ᠌᠎ᠳᠦ ᠬᠦᠴᠦᠨ᠎ᠢᠶᠠᠨ ᠲᠥᠪᠯᠡᠷᠡᠭᠦᠯᠵᠦ᠍᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ᠎ᠤᠨ ᠭᠦᠨᠵᠡᠭᠡᠶ ᠠᠭᠤᠰᠤᠯᠴᠠᠯ᠎ᠢᠶᠠᠷ ᠳᠠᠮᠵᠢᠨ᠂ 《ᠤᠷᠤᠯᠳᠤᠭᠠᠨ᠎ᠢᠶᠠᠷ ᠵᠢᠭᠤᠯᠴᠢᠯᠠᠯ ᠎ᠢ ᠠᠬᠢᠭᠤᠯᠬᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌᠂ ᠰᠣᠶᠣᠯ᠎ᠢᠶᠠᠷ ᠰᠦᠭ ᠰᠦᠨᠡᠰᠦ᠎ᠶ᠋ᠢ ᠱᠤᠭᠤᠬᠤ》 ᠣᠨᠴᠠᠯᠢᠭᠲᠤ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠵᠤ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ᠂ ᠪᠥᠬᠥ᠌ ᠲᠠᠯ᠎ᠠ᠎ᠶ᠋ᠢᠨ ᠰᠣᠯᠢᠯᠴᠠᠭ᠎ᠠ᠂ ᠭᠦᠨᠵᠡᠭᠡᠶ ᠠᠭᠤᠰᠤᠯᠴᠠᠯ᠎ᠢ ᠠᠬᠢᠭᠤᠯᠪᠠ᠃

ᠰᠣᠶᠣᠯ᠎ᠤᠨ ᠰᠦᠭ ᠰᠦᠨᠡᠰᠦ᠎ᠶ᠋ᠢ ᠱᠤᠭᠤᠵᠤ᠂ ᠣᠶᠤᠨ ᠰᠠᠨᠠᠭᠠᠨ᠎ᠤ ᠭᠡᠷ ᠣᠷᠣᠨ᠎ᠢ ᠪᠠᠢᠭᠤᠯᠤᠨ᠎ᠠ᠃ ᠱᠢᠨ᠎ᠡ ᠪᠠᠷᠭᠤ ᠪᠠᠷᠠᠭᠤᠨ ᠬᠣᠱᠢᠭᠤ᠎ᠨᠢ 《ᠨᠠᠭᠠᠳᠤᠮ·ᠲᠣᠰᠭᠣᠨ᠎ᠤ ᠦᠳᠡᠰᠢᠯᠡᠭᠡ》 ᠵᠢᠨ ᠲᠦᠷᠦᠯ ᠲᠡᠮᠳᠡᠭ᠎ᠢ ᠡᠬᠦᠳᠴᠤ᠂ ᠠᠷᠠᠳ ᠣᠯᠠᠨ᠎ᠤ ᠲᠣᠰᠭᠣᠨ᠎ᠤ ᠦᠳᠡᠰᠢᠯᠡᠭᠡ ᠪᠠ ᠨᠠᠭᠠᠳᠤᠮ᠎ᠢ ᠬᠠᠷᠢᠯᠴᠠᠨ ᠤᠶᠠᠯᠳᠤᠭᠤᠯᠵᠤ᠂  ᠠᠷᠠᠳ᠎ᠤᠨ ᠲᠤᠮᠳᠠᠬᠢ ᠡᠬᠢ ᠪᠠᠶᠠᠯᠢᠭ ᠪᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠷᠥᠯ ᠵᠦᠶ᠋ᠯ᠎ᠳᠦ ᠲᠦᠱᠢᠭ᠌ᠯᠡᠨ᠂ ᠰᠣᠶᠣᠯ᠎ᠤᠨ ᠦᠵᠡᠭᠦᠯᠭᠡ᠂ ᠠᠷᠠᠳ᠎ᠤᠨ ᠵᠠᠩ ᠦᠶ᠋ᠯᠡ᠎ᠶ᠋ᠢ ᠳᠠᠬᠢᠨ ᠢᠯᠡᠷᠡᠬᠦᠯᠬᠦ᠂ ᠭᠣᠶᠣ ᠦᠵᠡᠮᠵᠢ᠎ᠶ᠋ᠢᠨ ᠲᠠᠨᠢᠯᠴᠠᠭᠤᠯᠭ᠎ᠠ᠎ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠠᠵᠢᠯᠯᠠᠭ᠎ᠠ ᠦᠷᠨᠢᠬᠦᠯᠵᠤ᠂ ᠤᠮᠠᠷᠠᠲᠤ ᠬᠢᠯᠢ ᠎ᠶ᠋ᠢᠨ ᠰᠣᠶᠣᠯ ᠎ᠤᠨ ᠨᠥᠯᠥᠭᠡᠯᠡᠬᠦ᠌ ᠬᠦᠴᠦᠨ ᠎ᠢ ᠳᠡᠭᠡᠭ᠌ᠰᠢᠯᠡᠭᠦᠯᠦᠨ᠂ ᠦᠨᠳᠦᠰᠦᠲᠡᠨ᠎ᠨᠦᠭᠦᠳ᠎ᠦᠨ ᠪᠥᠬᠥ᠌ ᠲᠠᠯ᠎ᠠ᠎ᠪᠠᠷ ᠠᠭᠤᠰᠤᠯᠴᠠᠬᠤ᠎ᠶ᠋ᠢ ᠠᠬᠢᠭᠤᠯᠪᠠ᠃ 2024 ᠣᠨ᠎ᠳᠤ᠂ 《ᠨᠠᠭᠠᠳᠤᠮ·ᠲᠣᠰᠭᠣᠨ᠎ᠤ ᠦᠳᠡᠰᠢᠯᠡᠭᠡ》 ᠨᠢ ᠳᠤᠮᠳᠠᠳᠤ ᠤᠯᠤᠰ᠎ᠤᠨ ᠣᠯᠠᠨ ᠲᠦᠮᠡᠨ᠎ᠦ ᠰᠣᠶᠣᠯ᠎ᠤᠨ ᠲᠦᠷᠦᠯ ᠲᠡᠮᠲᠡᠭ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ IP ᠵᠢᠨ ᠱᠢᠨ᠎ᠡ ᠵᠢ᠎ᠡᠭᠦᠳᠦᠭᠰᠡᠨ ᠵᠢᠱ᠌ᠢᠶ᠎ᠡ᠎ᠪᠡᠷ ᠠᠮᠵᠢᠯᠲᠠ᠎ᠲᠠᠶ ᠰᠣᠩᠭᠣᠭ᠍ᠳᠠᠵᠤ᠂ ᠲᠤᠬᠠᠶ᠎ᠶ᠋ᠢᠨ ᠭᠠᠵᠠᠷ᠎ᠤᠨ ᠰᠣᠶᠣᠯ᠎ᠤᠨ ᠱᠢᠨ᠎ᠡ ᠨᠡᠷ᠎ᠡ᠎ᠶ᠋ᠢᠨ ᠬᠠᠭᠤᠳᠠᠰᠤ ᠪᠣᠯᠪᠠ᠃

2025 ᠣᠨ᠎ᠤ 1 ᠰᠠᠷ᠎ᠠ᠎ᠳᠤ᠂ ᠱᠢᠨ᠎ᠡ ᠪᠠᠷᠭᠤ ᠪᠠᠷᠠᠭᠤᠨ ᠬᠣᠱᠢᠭᠤ ᠴᠠᠭᠠᠨ ᠰᠠᠷ᠎ᠠ ᠵᠢ ᠪᠣᠳᠠᠰ᠎ᠤᠨ ᠪᠤᠰᠤ ᠰᠣᠶᠣᠯ᠎ᠤᠨ ᠥᠪ᠎ᠢᠶᠡᠷ  ᠭᠤᠶᠤᠴᠢᠯᠠᠭᠠᠳ ᠠᠮᠵᠢᠯᠲᠠ ᠤᠯᠤᠭᠰᠠᠨ ᠠᠵᠠ ᠲᠣᠬᠢᠶᠠᠯ ᠵᠢᠡᠷ᠂ ᠦᠨᠳᠦᠰᠦᠲᠡᠨ᠎ᠦ ᠬᠤᠪᠴᠠᠰᠤ ᠵᠠᠰᠠᠯ᠂ ᠪᠠᠷᠭᠤ ᠢᠰᠡᠭᠡᠶ ᠬᠢᠬᠦ᠌ ᠤᠷ᠎ᠠ ᠮᠡᠷᠭᠡᠵᠢᠯ᠂ ᠠᠷᠠᠰᠤᠨ ᠰᠡᠢᠯᠦᠮᠡᠯ ᠬᠢᠬᠦ᠌ ᠤᠷ᠎ᠠ ᠮᠡᠷᠭᠡᠵᠢᠯ᠂ ᠬᠥᠭᠡᠮᠡᠶ ᠵᠡᠷᠭᠡ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠲᠥᠷᠥᠯ ᠵᠦᠶ᠋ᠯ᠎ᠢ ᠤᠯᠤᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠣᠷᠳᠣᠨ ᠪᠠ ᠣᠯᠢᠮᠫᠢᠺ᠎ᠤᠨ ᠣᠶ ᠱᠢᠭᠤᠶ᠎ᠶ᠋ᠢᠨ ᠴᠡᠴᠡᠷᠯᠢᠭ᠎ᠲᠦ ᠣᠷᠣᠭᠤᠯᠵᠤ᠂ ᠣᠯᠠᠨ ᠲᠦᠮᠡᠨ᠎ᠲᠡᠶ ᠤᠢᠷᠠᠳᠤᠯᠴᠠᠨ ᠬᠥᠳᠡᠯᠦᠯᠴᠡᠵᠦ᠍᠂ ᠨᠠᠩ ᠣᠯᠠᠨ ᠬᠥᠮᠦᠨ᠎ᠳᠦ ᠤᠮᠠᠷᠠᠲᠤ ᠬᠢᠯᠢ᠎ᠶ᠋ᠢᠨ ᠰᠣᠶᠣᠯ᠎ᠤᠨ ᠲᠠᠳᠠᠬᠤ ᠬᠦᠴᠤᠨ᠎ᠢ ᠮᠡᠳᠡᠷᠡᠭᠦᠯᠪᠡ᠃

ᠣᠳᠣᠬᠠᠨ᠎ᠳᠤ ᠲᠣᠰ ᠬᠣᠰᠢᠭᠤᠨ᠎ᠳᠤ 11 ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠥᠷᠥᠯ ᠵᠦᠢᠯ᠂ ᠤᠯᠠᠮᠵᠢᠯᠠᠭ᠍ᠴᠢ 4 ᠬᠥᠮᠥᠨ᠂ 21ᠬᠣᠲᠠ᠎ᠶᠢᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠥᠷᠥᠯ ᠵᠦᠢᠯ᠂ ᠤᠯᠠᠮᠵᠢᠯᠠᠭ᠍ᠴᠢ 15 ᠬᠦᠮᠦᠨ ᠪᠣᠶ; 53 ᠬᠣᠰᠢᠭᠤᠨ᠎ᠤ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ ᠴᠢᠨᠠᠷᠲᠠᠢ ᠲᠥᠷᠥᠯ ᠵᠦᠢᠯ᠂ ᠤᠯᠠᠮᠵᠢᠯᠠᠭ᠍ᠴᠢ 113 ᠬᠦᠮᠦᠨ ᠪᠠᠢᠵᠤ᠂ ᠪᠤᠳᠠᠰ᠎ᠤᠨ ᠪᠤᠰᠤ ᠰᠤᠶᠤᠯ᠎ᠤᠨ ᠦᠪ᠎ᠤᠨ ᠤᠯᠠᠮᠵᠢᠯᠠᠯ᠎ᠤᠨ ᠰᠢᠰᠲᠧᠮ ᠲᠠᠰᠤᠷᠠᠯᠲᠠ ᠦᠭᠡᠢ ᠲᠡᠭᠦᠯᠳᠡᠷᠵᠢᠪᠡ᠃

ᠵᠢᠭᠤᠯᠴᠢᠯᠠᠯ᠎ᠢᠶᠠᠷ ᠠᠷᠠᠳ᠎ᠢ ᠪᠠᠶᠠᠵᠢᠭᠤᠯᠵᠤ᠂ ᠶᠠᠪᠤᠯᠴᠠᠭ᠎ᠠ ᠠᠭᠤᠰᠤᠯᠴᠠᠯ᠎ᠢ ᠠᠬᠢᠭᠤᠯᠪᠡ᠃ ᠵᠢᠭᠤᠯᠴᠢᠯᠠᠯ᠎ᠤᠨ ᠬᠥᠭᠵᠢᠯᠲᠡ᠎ᠶᠢᠨ ᠲᠠᠯ᠎ᠠ᠎ᠪᠠᠷ᠂ ᠰᠢᠨ᠎ᠡ ᠪᠠᠷᠭᠤ ᠪᠠᠷᠠᠭᠤᠨ ᠬᠣᠰᠢᠭᠤ 《ᠭᠡᠷᠲᠦ ᠲᠡᠷᠭᠡ + ᠮᠠᠯᠴᠢᠨ ᠡᠷᠦᠬᠡ᠎ᠶᠢᠨ ᠵᠢᠭᠤᠯᠴᠢᠯᠠᠯ》 ᠤ᠋ᠨ ᠰᠢᠨ᠎ᠡ ᠡᠵᠡᠩᠨᠡᠯᠲᠡ᠎ᠶᠢᠨ ᠬᠡᠯᠪᠡᠷᠢ ᠵᠢ ᠡᠭᠦᠳᠴᠦ᠂ ᠬᠥᠯᠥᠨ ᠪᠣᠶ᠋ᠢᠷ ᠬᠣᠲᠠ᠎ᠳᠤ ᠬᠠᠮᠤᠭ ᠡᠴᠡ ᠤᠷᠢᠳ ᠣᠯᠠᠨ ᠴᠢᠳᠠᠮᠵᠢ᠎ᠶᠢ ᠨᠢᠭᠡ ᠴᠣᠭᠴᠠᠵᠢᠭᠤᠯᠤᠭᠰᠠᠨ ᠨᠡᠭᠦᠳᠡᠯ ᠮᠠᠶᠢᠭ᠋᠎ᠤᠨ ᠮᠠᠯᠴᠢᠨ ᠡᠷᠦᠬᠡ᠎ᠶᠢᠨ ᠵᠢᠭᠤᠯᠴᠢᠯᠠᠯ᠎ᠤᠨ ᠭᠡᠷᠲᠦ ᠲᠡᠷᠭᠡ ᠵᠢ ᠲᠡᠯᠬᠡᠷᠡᠬᠦᠯᠵᠤ᠂ ᠭᠠᠴᠠᠭ᠎ᠠ ᠨᠡᠶ᠋ᠢᠲᠡ᠎ᠳᠦ ᠬᠢᠮᠳᠠ ᠦᠨ᠎ᠡ᠎ᠪᠡᠷ ᠲᠦᠷᠢᠶᠡᠰᠦᠯᠡᠭᠦᠯᠵᠤ ᠦᠭᠬᠦᠨ᠂ ᠲᠠᠬᠢᠭᠠᠳ ᠨᠥᠬᠥᠴᠡᠯ ᠪᠤᠯᠤᠮᠵᠢ ᠲᠡᠢ ᠮᠠᠯᠴᠢᠨ ᠡᠷᠦᠬᠡ᠎ᠶᠢᠨ ᠵᠢᠭᠤᠯᠴᠢᠯᠠᠯ᠂ ᠮᠠᠯᠴᠢᠨ ᠠᠢᠯ᠎ᠤᠨ ᠵᠤᠭᠤᠭ᠎ᠤᠨ ᠭᠠᠵᠠᠷ ᠡᠵᠡᠨᠭᠨᠡᠭᠴᠢᠳ ᠲᠸ᠋ ᠬᠤᠪᠢᠶᠠᠷᠢᠯᠠᠨ ᠥᠭᠴᠦ᠂ ᠮᠠᠯᠴᠢᠳ᠎ᠤᠨ ᠣᠢᠷ᠎ᠠ ᠬᠠᠪᠢ᠎ᠳᠠᠭᠠᠨ ᠠᠵᠢᠯ ᠣᠯᠵᠤ ᠦᠢᠯᠡᠰ ᠪᠤᠰᠬᠠᠬᠤ ᠵᠢ ᠳᠠᠶ᠋ᠢᠴᠢᠯᠠᠪᠡ᠃ ᠡᠭᠦᠨ᠎ᠦ ᠬᠠᠮᠲᠤ 10 ᠨᠡᠭᠦᠳᠡᠯ᠎ᠤᠨ ᠠᠯᠠᠵᠤ ᠨᠢᠳᠤᠯᠬᠤ ᠬᠥᠢᠳᠡᠨ᠎ᠢᠶᠡᠷ ᠬᠠᠳᠠᠭᠠᠯᠠᠬᠤ ᠲᠡᠷᠭᠡ ᠵᠢ ᠲᠣᠬᠢᠷᠠᠭᠤᠯᠵᠤ᠂ ᠮᠢᠬᠠᠨ᠎ᠤ ᠬᠣᠨᠢ᠎ᠶᠢ ᠳᠥᠷᠪᠡᠨ ᠤᠯᠠᠷᠢᠯ᠎ᠳᠤ ᠪᠣᠷᠣᠯᠠᠭᠤᠯᠬᠤ᠂ ᠨᠡᠭᠦᠳᠡᠯ ᠡᠳ᠋ᠰᠢᠭᠦᠯᠦᠨ ᠪᠤᠯᠪᠠᠰᠤᠷᠠᠭᠤᠯᠬᠤ᠎ᠶᠢ ᠪᠡᠶᠡᠯᠡᠭᠦᠯᠵᠦ᠂ ᠵᠢᠭᠤᠯᠴᠢᠯᠠᠭᠰᠠᠳ ᠤ᠋ᠨ 《ᠪᠡᠶᠡᠴᠢᠯᠡᠨ ᠣᠢᠯᠠᠭᠠᠬᠤ ᠬᠡᠯᠪᠡᠷᠢ ᠵᠢᠨ ᠬᠡᠷᠡᠭᠯᠡᠭᠡ + ᠰᠢᠨ᠎ᠡ ᠰᠣᠷᠭᠣᠭ ᠮᠢᠬ᠎ᠠ》 ᠵᠠᠬᠢᠶᠠᠯᠠᠬᠤ ᠬᠡᠷᠡᠭᠴᠡᠭᠡ᠎ᠶᠢ ᠬᠠᠩᠭᠠᠪᠡ᠃ 《ᠨᠢᠭᠡ ᠬᠣᠨᠢ ᠨᠢᠭᠡ ᠺᠤᠳ᠋》 ᠤ᠋ᠨ ᠪᠦᠬᠦ ᠶᠠᠪᠤᠴᠠ᠎ᠶᠢ ᠮᠥᠷᠳᠡᠬᠦ ᠰᠢᠰᠲ᠋ᠸᠮ ᠨᠢ ᠤᠯᠤᠰ᠎ᠤᠨ ᠭᠠᠵᠠᠷ ᠵᠦᠢ᠎ᠶᠢᠨ ᠢᠯᠡᠷᠬᠡᠢᠯᠡᠯᠳᠦ ᠪᠦᠲᠦᠭᠡᠭᠳᠡᠬᠦᠨ ᠪᠤᠯᠬᠤ 《ᠪᠠᠷᠠᠭᠤᠨ ᠬᠣᠰᠢᠭᠤᠨ᠎ᠤ ᠬᠤᠨᠢᠨ ᠮᠢᠬ᠎ᠠ》 ᠵᠢᠨ 《ᠲᠠᠯ᠎ᠠ ᠨᠤᠲᠤᠭ᠎ᠡᠴᠡ ᠬᠣᠭᠣᠯᠠᠨ ᠰᠢᠷᠡᠭᠡᠨ᠎ᠳᠦ ᠬᠦᠷᠬᠦ》 ᠪᠦᠬᠦ ᠬᠡᠯᠬᠢᠶ᠎ᠡ ᠪᠦᠬᠦ ᠡᠯᠧᠮᠧᠨ᠋ᠲ᠎ᠦᠨ ᠬᠥᠭᠵᠢᠯᠲᠡ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠰᠣᠶᠣᠯ ᠵᠢᠭᠤᠯᠴᠢᠯᠡᠯ᠎ᠤᠨ ᠬᠥᠭᠵᠢᠯᠲᠡ᠎ᠶᠢᠨ ᠠᠰᠢᠭ᠋᠎ᠢ ᠡᠳ᠋ᠯᠡᠭᠦᠯᠪᠡ᠃

ᠪᠡᠶ᠎ᠡ᠎ᠶᠢᠨ ᠲᠠᠮᠢᠷ ᠎ᠢᠶᠡᠷ ᠬᠦᠴᠦᠨ ᠎ᠢ ᠨᠢᠭ᠍ᠲᠠᠷᠠᠭᠤᠯᠵᠤ᠂ ᠪᠦᠯᠬᠦᠮᠳᠡᠯ᠎ᠦᠨ ᠵᠢᠷᠤᠭ᠎ᠢ ᠬᠠᠮᠲᠤ ᠪᠠᠷ ᠵᠢᠷᠤᠭᠯᠠᠪᠠ᠃ ᠲᠤᠰ ᠬᠣᠰᠢᠭᠤ 《ᠦᠨᠳᠦᠰᠦᠲᠡᠨ᠎ᠦ ᠪᠦᠯᠬᠦᠮᠳᠡᠯ + ᠪᠡᠶ᠎ᠡ᠎ᠶᠢᠨ ᠲᠠᠮᠢᠷ + ᠰᠣᠶᠣᠯ ᠵᠢᠭᠤᠯᠴᠢᠯᠠᠯ》 ᠤ᠋ᠨ ᠵᠠᠭᠪᠤᠷ᠎ᠤᠨ ᠰᠢᠨ᠎ᠡ᠎ᠶᠢ ᠡᠭᠦᠳᠴᠦ᠂ ᠮᠣᠷᠢ ᠤᠷᠤᠯᠳᠤᠬᠤ᠂ ᠪᠥᠬᠡ ᠪᠠᠷᠢᠯᠳᠤᠬᠤ᠂ ᠲᠦᠨᠭᠬᠦ ᠬᠠᠷᠪᠤᠯᠭ᠎ᠠ᠂ ᠰᠢᠲᠠᠷ᠎ᠠ᠂ ᠪᠠᠷᠭᠠᠢ ᠲᠤᠭᠯᠠᠭᠠᠮ ᠵᠡᠷᠭᠡ ᠠᠷᠠᠳ᠎ᠤᠨ ᠵᠠᠩ ᠦᠢᠯᠡ᠎ᠶᠢᠨ ᠪᠡᠶ᠎ᠡ᠎ᠶᠢᠨ ᠲᠠᠮᠢᠷ᠎ᠤᠨ ᠤᠷᠤᠯᠳᠤᠭᠠᠨ᠎ᠢ ᠡᠷᠬᠢᠯᠡᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠥᠷᠭᠡᠨ᠎ᠢᠶᠡᠷ ᠣᠷᠣᠯᠴᠠᠭᠤᠯᠵᠤ᠂ ᠤᠷᠤᠯᠳᠤᠭᠠᠨ᠎ᠤ ᠶᠠᠪᠤᠴᠠ᠎ᠳᠤ ᠰᠣᠯᠢᠯᠴᠠᠭ᠎ᠠ᠎ᠪᠠᠨ ᠨᠡᠮᠡᠭᠳᠡᠭᠦᠯᠵᠦ᠂ ᠬᠥᠮᠥᠰ᠎ᠦᠨ ᠰᠡᠳᠬᠢᠯ᠎ᠢ ᠨᠢᠭ᠍ᠲᠠᠷᠠᠭᠤᠯᠪᠡ᠃ ᠡᠭᠦᠨ᠎ᠡᠴᠡ ᠭᠠᠳᠠᠨ᠎ᠠ ᠪᠡᠶ᠎ᠡ᠎ᠶᠢᠨ ᠲᠠᠮᠢᠷ ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠎ᠶᠢ ᠢᠳᠡᠪᠬᠢᠲᠡᠢ ᠠᠬᠢᠭᠤᠯᠵᠤ᠂ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠬᠥᠳᠡᠯᠭᠡᠭᠡᠨ᠎ᠢ ᠬᠢᠴᠢᠶᠡᠯ ᠎ᠦᠨ ᠲᠠᠩᠬᠢᠮ ᠎ᠳᠤ ᠣᠷᠣᠭᠤᠯᠵᠤ᠂ ᠠᠳᠠᠯᠢ ᠪᠤᠰᠤ ᠦᠨᠳᠦᠰᠦᠲᠡᠨ᠎ᠦ ᠰᠤᠷᠤᠭ᠍ᠴᠢᠳ᠎ᠤᠨ ᠰᠣᠯᠢᠯᠴᠠᠭ᠎ᠠ ᠬᠠᠮᠲᠤᠷᠠᠯᠴᠠᠭ᠎ᠠ᠎ᠶᠢ ᠠᠬᠢᠭᠤᠯᠵᠤ᠂ ᠳᠤᠮᠳᠠᠳᠤ ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠵᠠᠯᠠᠭᠤᠴᠤᠳ ᠪᠠᠭᠠᠴᠤᠳ᠎ᠤᠨ ᠰᠡᠳᠬᠢᠯ᠎ᠳᠦ ᠦᠨᠳᠦᠰᠦᠯᠡᠭᠦᠯᠦᠨ ᠨᠠᠬᠢᠶᠠᠯᠠᠭᠤᠯᠪᠠ᠃

ᠲᠠᠷᠠᠭᠠᠴᠢ᠎ᠶᠢᠨ ᠠᠯᠬᠤᠮ᠎ᠳᠤ᠂ ᠰᠢᠨ᠎ᠡ ᠪᠠᠷᠭᠤ ᠪᠠᠷᠠᠭᠤᠨ ᠬᠣᠰᠢᠭᠤ ᠦᠷᠭᠦᠯᠵᠢᠯᠡᠨ 《ᠰᠣᠶᠣᠯ ᠎ᠢᠶᠡᠷ ᠦᠨᠳᠦᠰᠦ᠎ᠶᠢ ᠪᠡᠬᠢᠵᠢᠬᠦᠯᠦᠨ ᠰᠦᠭ ᠰᠦᠨᠡᠰᠦ᠎ᠶᠢ ᠱᠤᠭᠤᠬᠤ᠂ ᠵᠢᠭᠤᠯᠴᠢᠯᠠᠯ᠎ᠢᠶᠠᠷ ᠠᠷᠠᠳ᠎ᠢ ᠪᠠᠶᠠᠵᠢᠭᠤᠯᠤᠨ ᠣᠷᠣᠯᠭ᠎ᠠ᠎ᠶᠢ ᠨᠡᠮᠡᠭᠳᠡᠭᠦᠯᠬᠦ᠂ ᠪᠡᠶ᠎ᠡ᠎ᠶᠢᠨ ᠲᠠᠮᠢᠷ᠎ᠢᠶᠠᠷ ᠬᠥᠮᠥᠰ᠎ᠦᠨ ᠰᠡᠳᠬᠢᠯ᠎ᠢ ᠨᠢᠭ᠍ᠲᠠᠷᠠᠭᠤᠯᠬᠤ》 ᠬᠠᠷᠠᠯᠲᠠ᠎ᠶᠢᠨ ᠲᠣᠭᠣᠷᠢᠨ᠎ᠳᠤ ᠰᠣᠶᠣᠯ᠂ ᠵᠢᠭᠤᠯᠴᠢᠯᠠᠯ᠂ ᠪᠡᠶ᠎ᠡ᠎ᠶᠢᠨ ᠲᠠᠮᠢᠷ᠎ᠤᠨ ᠬᠠᠮᠵᠢᠯᠴᠠᠬᠤ ᠦᠢᠯᠡᠳᠦᠯ᠎ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠤᠮᠳᠠ ᠨᠠᠩ ᠣᠯᠠᠨ ᠵᠢᠷᠭᠠᠯᠲᠦ ᠲᠦᠷᠦᠭᠳᠡᠯ᠂ ᠬᠦᠷᠲᠡᠮᠵᠢ᠎ᠶᠢᠨ ᠲᠦᠷᠦᠭᠳᠡᠯ ᠪᠠ ᠠᠮᠤᠷ ᠲᠦᠪᠰᠢᠨ᠎ᠤ ᠲᠦᠷᠦᠭᠳᠡᠯ᠎ᠢ ᠬᠦᠷᠲᠡᠭᠡᠵᠦ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠰᠢᠨ᠎ᠡ ᠬᠠᠭᠤᠳᠠᠰᠤ᠎ᠶᠢ ᠪᠢᠴᠢᠭᠯᠡᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号