ᠦᠬᠠᠶ ᠬᠣᠲᠠ᠄ 《ᠲᠠᠪᠤ ᠶ᠋ᠢ ᠠᠭᠤᠰᠤᠯᠴᠠᠭᠤᠯᠬᠤ》 ᠪᠡᠷ ᠣᠯᠠᠨ ᠲᠦᠮᠡᠨᠴᠢ ᠬᠥᠮᠦᠵᠢᠯ᠎ᠢ ᠠᠷᠠᠳ᠎ᠤᠨ ᠪᠠᠢᠳᠠᠯ᠎ᠳᠤ ᠨᠡᠩ ᠤᠢᠷᠠᠳᠤᠭᠤᠯᠵᠦ ᠪᠣᠳᠠᠲᠤ ᠦᠷ᠎ᠡ ᠪᠦᠲᠦᠮᠵᠢ ᠭᠠᠷᠭᠠᠨ᠎ᠠ
2025-07-08 10:35:17
ᠵᠣᠬᠢᠶᠠᠭ᠍ᠴᠢ᠄
​ᠬᠤᠤ ᠪᠢᠶᠤᠤ
ᠣᠩᠱᠢᠭ᠍ᠰᠠᠨ ᠣᠳᠠᠭ᠎ᠠ᠄
★★★☆☆

ᠣᠷᠴᠢᠮ᠎ᠤᠨ ᠵᠢᠯ᠎ᠳᠤ᠂ ᠦᠬᠠᠶ ᠬᠣᠲᠠ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠶ᠋ᠢ ᠰᠣᠨᠣᠰᠭᠤ᠂ ᠨᠠᠮ᠎ᠢᠶᠠᠨ ᠳᠠᠭᠠᠬᠤ》ᠣᠯᠠᠨ ᠲᠦᠮᠡᠨᠴᠢ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠬᠦ᠌ ᠶ᠋ᠢ ᠪᠠᠷᠢᠮᠲᠠᠯᠠᠬᠤ ᠵᠢ ᠨᠢᠭᠡᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠵᠦ᠂ ᠠᠴᠢᠶᠠᠯᠠᠪᠤᠷᠢ ᠶ᠋ᠢᠨ ᠱᠢᠨ᠎ᠡ ᠶ᠋ᠢ ᠡᠭᠦᠳᠬᠦ᠌᠎ᠳᠦ ᠠᠭᠤᠰᠤᠯᠴᠠᠭᠤᠯᠬᠤ᠂ ᠤᠬᠠᠭᠤᠯᠤᠨ ᠬᠥᠮᠦᠵᠢᠭᠦᠯᠬᠦ᠌ ᠳ᠋ᠦ ᠠᠭᠤᠰᠤᠯᠴᠠᠭᠤᠯᠬᠤ᠂ ᠡᠳᠦᠷ ᠲᠤᠲᠤᠮ᠎ᠤᠨ ᠠᠵᠢᠯᠯᠠᠭ᠎ᠠ᠎ᠳᠤ ᠠᠭᠤᠰᠤᠯᠴᠠᠭᠤᠯᠬᠤ᠂ ᠠᠷᠠᠳ᠎ᠤᠨ ᠠᠮᠢᠳᠤᠷᠠᠯ᠎ᠤᠨ ᠡᠯ᠎ᠡ ᠲᠠᠯ᠎ᠠ᠎ᠳᠦ ᠠᠭᠤᠰᠤᠯᠴᠠᠭᠤᠯᠬᠤ᠂ ᠬᠦᠴᠢᠷᠳᠡᠯ᠎ᠢ ᠱᠢᠶ᠋ᠳᠪᠦᠷᠢᠯᠡᠬᠦ ᠳ᠋ᠦ᠍ ᠠᠭᠤᠰᠤᠯᠴᠠᠭᠤᠯᠬᠤ 《ᠲᠠᠪᠤ ᠶ᠋ᠢ ᠠᠭᠤᠰᠤᠯᠴᠠᠭᠤᠯᠬᠤ》 ᠪᠡᠷ ᠭᠠᠷᠳᠠᠴᠠ ᠪᠤᠯᠭᠠᠨ᠂ ᠨᠠᠮ᠎ᠤᠨ ᠤᠯᠠᠨ ᠲᠦᠮᠡᠨ᠎ᠳᠤ ᠬᠠᠷᠠᠭᠠᠯᠵᠠᠯ ᠦᠵᠡᠬᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ ᠶ᠋ᠢᠨ ᠪᠣᠳᠣᠯᠭ᠎ᠠ ᠪᠤᠯᠤᠨ  《 ᠵᠢᠷᠭᠤᠭᠠᠨ ᠦᠭᠡ ᠶ᠋ᠢᠨ ᠪᠣᠳᠠᠲᠤ ᠶᠠᠪᠤᠳᠠᠯ ᠪᠠ ᠶᠣᠰᠣ ᠤᠴᠢᠷ 》 ᠢ᠋ ᠲᠣᠳᠣᠷᠬᠠᠶ ᠪᠥᠭᠡᠳ ᠨᠡᠪᠲᠡᠷᠡᠲᠡᠯ᠎ᠡ ᠶᠠᠷᠢᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠤᠭ ᠰᠠᠨᠠᠭ᠎ᠠ᠎ᠪᠠᠨ ᠦᠯᠦ᠍ ᠮᠠᠷᠲᠠᠨ ᠨᠠᠮ ᠳ᠋ᠠᠭᠠᠨ ᠲᠠᠯᠠᠷᠬᠠᠨ᠂ ᠨᠠᠮ᠎ᠤᠨ ᠦᠭᠡ ᠶ᠋ᠢ ᠡᠷᠡᠰ ᠰᠣᠨᠣᠰᠤᠨ᠂ ᠨᠠᠮ᠎ᠢᠶᠠᠨ ᠡᠷᠡᠰ ᠳᠠᠭᠠᠬᠤ ᠵᠢ ᠬᠦᠳᠦᠯᠦᠨ ᠵᠢᠯᠤᠭᠤᠳᠴᠦ᠂ ᠪᠦᠯᠬᠦᠮᠳᠡᠨ ᠲᠡᠮᠡᠴᠡᠬᠦ᠌ ᠶ᠋ᠢ ᠦᠷᠭᠦᠯᠵᠢᠯᠡᠨ ᠪᠡᠬᠢᠵᠢᠭᠦᠯᠵᠦ᠂ ᠠᠴᠢ ᠡᠨᠡᠷᠢᠯ᠎ᠳᠦ ᠲᠠᠯᠠᠷᠬᠠᠵᠤ ᠡᠷᠡᠯᠬᠡᠭ᠌ᠯᠡᠨ ᠤᠷᠤᠭ᠍ᠰᠢᠯᠠᠬᠤ ᠭᠦᠨ ᠵᠤᠵᠠᠭᠠᠨ ᠠᠭᠤᠷ ᠠᠮᠢᠰᠭᠤᠯ᠎ᠢ ᠪᠤᠢ ᠪᠤᠯᠭᠠᠵᠠᠢ᠃

6 ᠰᠠᠷ᠎ᠠ ᠶ᠋ᠢᠨ 25 ᠎ᠤ᠋ ᠡᠳᠦᠷ᠂ ᠬᠠᠢᠷᠤᠪ᠎ᠤᠨ ᠲᠣᠬᠣᠶ ᠲᠣᠭᠣᠷᠢᠭ᠎ᠤᠨ ᠹᠧᠩ ᠬᠤᠸᠠᠩ ᠯᠢᠩ ᠵᠡᠭᠡᠯᠢ ᠶ᠋ᠢᠨ ᠯᠠᠨ ᠲᠢᠶᠠᠨ ᠨᠡᠢᠭᠡᠮ ᠲᠣᠭᠣᠷᠢᠭ᠎ᠲᠤ᠂ ᠨᠡᠢᠭᠡᠮ ᠲᠣᠭᠣᠷᠢᠭ᠎ᠤᠨ ᠠᠵᠢᠯᠲᠠᠨ ᠪᠠᠶ ᠷᠦᠢ ᠴᠢ 《 ᠦᠬᠠᠶ ᠬᠣᠲᠠ ᠶ᠋ᠢᠨ ᠠᠷᠠᠳ᠎ᠲᠤ ᠬᠠᠷᠠᠭᠠᠯᠵᠠᠯ ᠦᠵᠡᠬᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ ᠶ᠋ᠢᠨ ᠪᠣᠳᠣᠯᠭ᠎ᠠ 》 ᠢ᠋ᠢᠨ 《 ᠨᠢᠭᠡ ᠨᠡᠪᠳᠡᠷᠬᠡᠢ ᠲᠡᠪᠳᠡᠷ》 ᠵᠢᠡᠷ ᠠᠵᠢᠯ ᠶᠠᠪᠤᠳᠠᠯ ᠭᠦᠶ᠋ᠴᠡᠳᠭᠡᠬᠦ᠌᠎ᠪᠡᠷ ᠢᠷᠡᠭ᠌ᠰᠡᠨ ᠣᠯᠠᠨ ᠲᠦᠮᠡᠨ᠎ᠳᠦ ᠠᠷᠠᠳ᠎ᠲᠤ ᠬᠠᠷᠠᠭᠠᠯᠵᠠᠯ ᠦᠵᠡᠬᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ ᠶ᠋ᠢᠨ ᠪᠣᠳᠣᠯᠭ᠎ᠠ ᠵᠢ ᠲᠠᠢᠯᠪᠤᠷᠢᠯᠠᠨ ᠦᠭᠴᠦ ᠪᠠᠢᠯ᠎ᠠ᠃

ᠦᠨᠦ᠂ 《ᠦᠬᠠᠢ ᠬᠤᠳᠠ ᠶ᠋ᠢᠨ ᠠᠷᠠᠳ᠎ᠲᠤ ᠬᠠᠷᠠᠭᠠᠯᠵᠡᠯ ᠦᠵᠡᠬᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠦᠷᠦ᠍ ᠶ᠋ᠢᠨ ᠪᠤᠳᠤᠯᠭ᠎ᠠ ᠶ᠋ᠢᠨ 〈ᠨᠢᠭᠡ ᠨᠡᠪᠳᠡᠷᠬᠡᠢ ᠲᠡᠪᠳᠡᠷ〉》ᠨᠢ ᠨᠡᠢᠭᠡᠮ ᠲᠣᠭᠣᠷᠢᠭ᠎ᠤᠨ ᠠᠵᠢᠯᠳᠠᠨ᠎ᠤ ᠭᠠᠷ ᠠᠪᠤᠯᠭ᠎ᠠ ᠪᠣᠯᠵᠠᠢ᠃ 《 〈ᠨᠢᠭᠡ ᠨᠡᠪᠳᠡᠷᠬᠡᠢ ᠲᠡᠪᠳᠡᠷ〉ᠨᠢ ᠣᠯᠠᠨ ᠲᠦᠮᠡᠨ᠎ᠦ ᠬᠠᠮᠤᠭ᠎ᠠᠴᠠ ᠠᠩᠬᠠᠷᠴᠤ᠌ ᠪᠠᠢᠭ᠎ᠠ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠠᠵᠢᠯ ᠣᠯᠭᠣᠯᠲᠠ ᠵᠡᠷᠭᠡ ᠲᠠᠯ᠎ᠠ ᠶ᠋ᠢᠨ ᠲᠥᠷᠥ ᠶ᠋ᠢᠨ ᠪᠣᠳᠣᠯᠭ᠎ᠠ ᠶ᠋ᠢ ᠪᠦᠬᠦᠨ᠎ᠢ ᠡᠮᠬᠢᠳᠭᠡᠨ ᠣᠷᠣᠭᠤᠯᠵᠤ᠂ ᠣᠯᠠᠨ ᠲᠦᠮᠡᠨ᠎ᠳᠦ ᠠᠷᠠᠳ᠎ᠲᠤ ᠬᠠᠷᠠᠭᠠᠯᠵᠡᠯ ᠦᠵᠡᠬᠦᠯᠬᠦ ᠲᠥᠷᠥ ᠶ᠋ᠢᠨ ᠪᠣᠳᠣᠯᠭ᠎ᠠ ᠶ᠋ᠢ ᠤᠬᠠᠭᠤᠯᠬᠤ ᠳ᠋ᠦ ᠨᠠᠩ ᠣᠨᠣᠪᠴᠢᠲᠠᠶ ᠪᠣᠯᠭᠠᠵᠤ᠂ ᠣᠯᠠᠨ ᠲᠦᠮᠡᠨ ᠴᠦ᠍ ᠡᠯ᠎ᠡ ᠵᠦᠶ᠋ᠯ᠎ᠦᠨ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠶ᠋ᠢ ᠨᠠᠩ ᠱᠢᠭᠤᠳ ᠣᠢᠯᠠᠭᠠᠬᠤ ᠪᠣᠯᠵᠠᠢ》 ᠭᠡᠵᠦ᠍ ᠪᠠᠢ ᠷᠦᠢ ᠴᠢ ᠬᠡᠯᠡᠪᠡ᠃

ᠦᠬᠠᠶ ᠬᠣᠲᠠ ᠶ᠋ᠢᠨ ᠨᠠᠮ᠎ᠤᠨ ᠬᠤᠷᠢᠶ᠎ᠠ ᠵᠢᠨ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ ᠪᠦᠦ ᠰᠢ᠂ ᠦᠬᠠᠶ ᠬᠣᠲᠠ ᠥᠪᠡᠷᠲᠡᠭᠡᠨ ᠵᠠᠰᠠᠬᠤ ᠣᠷᠣᠨ᠎ᠤ ᠲᠣᠳᠣᠷᠬᠠᠶ ᠲᠣᠭ᠍ᠲᠠᠭᠠᠭ᠍ᠰᠠᠨ 《ᠵᠢᠷᠭᠤᠭᠠᠨ ᠵᠦᠶ᠋ᠯ᠎ᠦᠨ ᠠᠴᠢᠶᠠᠯᠠᠪᠤᠷᠢ》ᠶ᠋ᠢ ᠱᠢᠨᠵᠢᠯᠡᠬᠦ᠌ ᠤᠬᠠᠭᠠᠨᠴᠢ᠎ᠪᠠᠷ ᠰᠠᠢᠲᠤᠷ ᠬᠡᠷᠡᠭ᠌ᠯᠡᠭ᠌ᠰᠡᠨ ᠰᠠᠭᠤᠷᠢᠨ ᠲᠡᠭᠡᠷ᠎ᠡ᠂ 《 ᠣᠯᠠᠨ ᠲᠦᠮᠡᠨᠴᠢ ᠰᠤᠷᠭᠠᠨ ᠬᠥᠮᠦᠵᠢᠯ᠎ᠦᠨ ᠲᠤᠰᠭᠠᠶ ᠰᠡᠳᠦᠪᠲᠦ ᠲᠠᠢᠯᠤᠮᠵᠢ》᠂《ᠦᠬᠠᠶ ᠬᠣᠲᠠ ᠶ᠋ᠢᠨ ᠠᠷᠠᠳ᠎ᠲᠤ ᠬᠠᠷᠠᠭᠠᠯᠵᠠᠯ ᠦᠵᠡᠬᠦᠯᠦᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠥᠷᠥ ᠶ᠋ᠢᠨ ᠪᠣᠳᠣᠯᠭ᠎ᠠ ᠶ᠋ᠢᠨ 〈ᠨᠢᠭᠡ ᠨᠡᠪᠳᠡᠷᠬᠡᠢ ᠲᠡᠪᠳᠡᠷ〉》᠂ 《ᠲᠠᠨ᠎ᠢ ᠳᠠᠭᠠᠭᠤᠯᠤᠨ ᠬᠥᠭ᠌ᠵᠢᠯᠲᠡ ᠶ᠋ᠢᠨ ᠲᠤᠪᠬᠢᠮᠠᠯ᠎ᠢ ᠦᠵᠡᠬᠦᠯᠦᠶ᠎ᠠ — ᠦᠬᠠᠶ᠎ᠶᠢᠨ ᠠᠷᠪᠠᠨ ᠵᠢᠯ》᠂《ᠨᠢᠭᠡ ᠲᠥᠰᠦᠪ᠎ᠤᠨ ᠵᠢᠷᠤᠭ ᠵᠢᠡᠷ ᠪᠦᠬᠦᠨ᠎ᠢ ᠵᠢᠷᠤᠭᠯᠠᠬᠤᠢ》 ᠪᠤᠯᠤᠨ《〈ᠵᠢᠵᠢᠭ ᠥᠯᠢᠭᠡᠷ᠎ᠤᠨ ᠲᠤᠰᠬᠠᠬᠰᠠᠨ  ᠶᠡᠬᠡ ᠶᠣᠰᠣ〉 ᠥᠯᠢᠭᠡᠷ᠎ᠦᠨ ᠤᠩᠰᠢᠭᠤ》ᠵᠡᠷᠭᠡ 5 ᠳᠡᠪᠲᠡᠷ᠎ᠢ ᠡᠮᠬᠢᠯᠡᠨ ᠪᠦᠷᠢᠯᠳᠦᠭᠦᠯᠵᠦ᠍᠂ ᠬᠣᠲᠠ ᠶ᠋ᠢᠨ ᠳᠠᠰ᠎ᠤᠨ ᠤᠬᠠᠭᠤᠯᠭ᠎ᠠ ᠶ᠋ᠢᠨ ᠠᠴᠢᠶᠠᠯᠠᠪᠤᠷᠢ ᠪᠣᠯᠭᠠᠵᠠᠢ᠃  ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶ᠋ᠢᠨ ᠬᠢᠨ ᠪᠠᠰᠠ ᠦᠢᠯᠡᠳᠦᠯᠭᠡ ᠶ᠋ᠢᠨ ᠳᠤᠮᠳᠠ ᠪᠣᠳᠠᠲᠠᠢ ᠶ᠋ᠢ ᠡᠷᠬᠢᠮᠯᠡᠭ᠌ᠰᠡᠨ ᠦᠷ᠎ᠠ ᠪᠦᠲᠦᠮᠵᠢᠲᠡᠢ ᠠᠷᠭ᠎ᠠ ᠬᠢᠳᠡᠯ᠎ᠢ ᠦᠷᠭᠦᠯᠵᠢᠯᠡᠨ ᠰᠦᠪᠡᠭ᠌ᠴᠢᠯᠡᠵᠦ᠍᠂ ᠤᠯᠠᠨ ᠲᠦᠮᠡᠨ᠂ ᠠᠵᠤ ᠠᠬᠤᠢᠯᠠᠯ᠎ᠤᠨ ᠬᠠᠯᠠᠮᠵᠢᠯᠠᠨ ᠠᠩᠬᠠᠷᠴᠤ᠌ ᠪᠠᠢᠭ᠎ᠠ ᠠᠵᠢᠯ ᠣᠯᠭᠣᠯᠲᠠ᠂ ᠡᠮ ᠡᠮᠨᠡᠯᠭᠡ ᠶ᠋ᠢᠨ ᠳᠠᠭᠠᠳᠭᠠᠯ᠂ ᠭᠠᠢᠯᠢ ᠶ᠋ᠢ ᠪᠤᠴᠠᠭᠠᠵᠤ ᠭᠠᠢᠯᠢ ᠶ᠋ᠢ ᠪᠠᠭᠠᠰᠭᠠᠬᠤ᠂ ᠰᠦᠢᠳᠭᠡᠯ᠎ᠢ ᠪᠠᠭᠤᠷᠠᠭᠤᠯᠵᠤ ᠠᠱᠢᠭ ᠬᠦᠷᠲᠡᠭᠡᠬᠦ᠌ ᠵᠡᠷᠭᠡ 266 ᠵᠦᠢᠯ᠎ᠦᠨ ᠲᠦᠷᠦ᠍ ᠶ᠋ᠢᠨ ᠪᠤᠳᠤᠯᠭ᠎ᠠ ᠶ᠋ᠢ ᠡᠮᠬᠢᠯᠡᠵᠦ᠍᠂ 《ᠠᠷᠠᠳ᠎ᠲᠤ ᠠᠱᠢᠭ᠍ᠲᠠᠢ ᠠᠷᠠᠳ᠎ᠲᠤ ᠬᠠᠷᠠᠭᠠᠯᠵᠠᠯ ᠦᠵᠡᠬᠦᠯᠬᠦ ᠲᠦᠷᠦ᠍ ᠶ᠋ᠢᠨ ᠪᠤᠳᠤᠯᠭ᠎ᠠ ᠶ᠋ᠢᠨ〈ᠨᠢᠭᠡ ᠲᠡᠪᠳᠡᠷ ᠲᠠᠩᠰᠠ〉》᠂《ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠦᠢᠯᠡᠰ᠎ᠦᠨ ᠠᠷᠠᠳ᠎ᠤᠨ ᠠᠮᠢᠳᠤᠷᠠᠯ᠎ᠤᠨ ᠬᠥᠭ᠌ᠵᠢᠯᠲᠡ ᠶ᠋ᠢᠨ ᠲᠠᠩᠰᠠ》᠂ 《ᠠᠷᠠᠳ᠎ᠤᠨ ᠶᠠᠪᠤᠳᠠᠯ᠎ᠤᠨ ᠠᠷᠠᠳ᠎ᠲᠤ ᠠᠱᠢᠭ ᠬᠦᠷᠲᠡᠭᠡᠬᠦ᠌ ᠭᠠᠷ ᠠᠪᠤᠯᠭ᠎ᠠ》᠂ 《ᠦᠬᠠᠢ ᠶ᠋ᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠢᠯᠡᠰ᠎ᠦᠨ ᠨᠡᠬᠡᠬᠡᠯᠳᠡ ᠶ᠋ᠢᠨ ᠲᠣᠭᠣᠷᠢᠭ᠎ᠤᠨ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠲᠦᠷᠦ᠍ ᠶ᠋ᠢᠨ ᠪᠤᠳᠤᠯᠭ᠎ᠠ ᠶ᠋ᠢᠨ ᠬᠥᠭ᠌ᠵᠢᠯᠲᠡ ᠶ᠋ᠢᠨ ᠲᠠᠩᠰᠠ》 ᠵᠡᠷᠭᠡ ᠪᠣᠳᠠᠲᠤ ᠬᠡᠷᠡᠭ᠌ᠯᠡᠭᠡᠨ᠎ᠦ ᠠᠴᠢᠶᠠᠯᠠᠪᠤᠷᠢ ᠶ᠋ᠢ ᠳᠠᠷᠤᠮᠠᠯᠯᠠᠨ ᠲᠠᠷᠬᠠᠭᠠᠵᠤ᠂ 《 6 + 5+N》 ᠶ᠋ᠢᠨ ᠠᠴᠢᠶᠠᠯᠠᠪᠤᠷᠢ᠎ᠶᠢᠨ ᠪᠠᠢᠷᠢᠰᠢᠯ᠎ᠢ ᠪᠤᠢ ᠪᠤᠯᠭᠠᠵᠦ᠂ ᠤᠯᠡᠨ ᠲᠦᠮᠡᠨᠴᠢ ᠰᠤᠷᠭᠠᠨ ᠬᠦᠮᠦᠵᠢᠯ᠎ᠢ ᠪᠠᠢᠨᠭᠭᠤᠵᠢᠭᠤᠯᠤᠨ ᠦᠷᠨᠢᠬᠦᠯᠬᠦ᠎ᠳᠤ ᠬᠦᠴᠦᠳᠠᠢ ᠪᠠᠳᠤᠯᠠᠭ᠎ᠠ ᠬᠠᠡᠭᠭᠠᠵᠠᠢ ᠬᠡᠵᠤ  ᠲᠠᠨᠢᠯᠴᠠᠭᠤᠯᠪᠠ ᠃

ᠤᠬᠠᠭᠤᠯᠤᠨ ᠲᠠᠢᠯᠪᠤᠷᠢᠯᠠᠬᠤ ᠠᠵᠢᠯ᠎ᠢ ᠣᠯᠠᠨ ᠲᠦᠮᠡᠨ᠎ᠲᠡᠶ ᠨᠠᠩ ᠣᠢᠷᠠᠲᠤᠭᠤᠯᠵᠤ᠂ ᠨᠠᠩ ᠬᠠᠢᠷ᠎ᠠ ᠰᠡᠳᠭᠢᠯᠭᠡ᠎ᠲᠡᠶ ᠪᠣᠯᠭᠠᠵᠤ᠂ ᠦᠨᠡᠨ ᠬᠦ᠌ ᠣᠶᠤᠨ ᠲᠠᠷᠢᠬᠢᠨ᠎ᠳᠤᠨᠢ ᠬᠠᠳᠠᠩᠱᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠶ᠋ᠢᠨ ᠲᠥᠯᠥᠭᠡ᠂ ᠦᠬᠠᠶ ᠬᠣᠲᠠ 《ᠭᠤᠷᠪᠠᠨ ᠬᠢᠴᠢᠶᠡᠯ᠎ᠦᠨ ᠲᠠᠩᠬᠢᠮ》 ᠤ᠋ᠨ ᠤᠬᠠᠭᠤᠯᠭ᠎ᠠ ᠬᠥᠮᠦᠵᠢᠯ᠎ᠦᠨ ᠱᠢᠰᠲ᠋ᠧᠮ᠎ᠢ ᠢᠳᠡᠪᠬᠢᠲᠡᠶ ᠪᠠᠢᠭᠤᠯᠵᠤ᠂ ᠠᠷᠠᠳ᠎ᠤᠨ ᠠᠮᠢᠳᠤᠷᠠᠯ᠎ᠤᠨ ᠭᠤᠤᠯᠳᠠᠯᠭ᠎ᠠ᠎ᠲᠠᠶ ᠰᠠᠯᠠᠭ᠎ᠠ ᠮᠥᠴᠢᠷ᠎ᠦᠨ ᠭᠤᠤᠯ ᠬᠠᠷᠢᠭᠤᠴᠠᠯᠭᠠᠲᠠᠨ᠂ ᠨᠠᠮ᠎ᠤᠨ ᠰᠤᠷᠭᠠᠭᠤᠯᠢ ᠶ᠋ᠢᠨ ᠯᠧᠺᠲ᠋ᠣᠷ᠂ ᠲᠤᠰᠭᠠᠶ ᠮᠡᠷᠭᠡᠵᠢᠯᠲᠡᠨ ᠡᠷᠳᠡᠮᠲᠡᠨ᠎ᠢᠶᠡᠷ ᠭᠤᠤᠯ ᠪᠣᠯᠭᠠᠭ᠍ᠰᠠᠨ 《ᠲᠤᠰᠭᠠᠶ ᠮᠡᠷᠭᠡᠵᠢᠯᠲᠡᠨ᠎ᠦ ᠬᠢᠴᠢᠶᠡᠯ᠎ᠦᠨ ᠲᠠᠩᠬᠢᠮ》 ᠢ᠋ ᠪᠤᠢ ᠪᠤᠯᠭᠠᠵᠦ᠂ ᠪᠠᠢᠭᠤᠯᠭ᠎ᠠ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ ᠬᠥᠳᠡᠭᠡ ᠲᠣᠰᠭᠣᠨ ᠨᠡᠢᠭᠡᠮ ᠲᠣᠭᠣᠷᠢᠭ᠂ ᠨᠡᠢᠲᠡ ᠶ᠋ᠢᠨ ᠥᠮᠴᠢᠯᠡᠯ᠎ᠦᠨ ᠪᠤᠰᠤ ᠠᠵᠤ ᠠᠬᠤᠢᠯᠠᠯ᠎ᠳᠤ ᠭᠦᠨᠵᠡᠭᠡᠢᠷᠡᠨ 650 ᠭᠠᠷᠤᠶ ᠲᠠᠯᠠᠪᠠᠶ ᠤᠬᠠᠭᠤᠯᠤᠨ ᠲᠠᠢᠯᠪᠤᠷᠢᠯᠠᠵᠤ᠂ ᠭᠥᠯᠢᠶᠡᠨ ᠠᠪᠤᠭ᠍ᠴᠢ 3.8 ᠲᠦᠮᠡ ᠭᠠᠷᠤᠶ ᠬᠥᠮᠦᠨ ᠤᠳᠠᠭ᠎ᠠ᠎ᠳᠤ ᠬᠦᠷᠴᠡᠶ᠃ ᠡᠭᠦᠨ᠎ᠦ ᠬᠠᠮᠲᠤ ᠨᠡᠢᠭᠡᠮ ᠲᠣᠭᠣᠷᠢᠭ᠎ᠤᠨ ᠠᠵᠢᠯᠲᠠᠨ᠂ ᠲᠤᠱᠢᠶᠠᠯ᠎ᠳᠤ ᠪᠠᠢᠭ᠎ᠠ ᠨᠠᠮ᠎ᠤᠨ ᠭᠡᠱᠢᠭᠦᠨ᠂ ᠰᠠᠭᠤᠭᠠᠯᠢ ᠠᠷᠠᠳ᠎ᠤᠨ ᠳᠣᠲᠣᠷ᠎ᠠ᠎ᠠᠴᠠ 640 ᠬᠠᠯᠠᠭᠤᠨ ᠰᠡᠳᠭᠢᠯᠲᠦ ᠦᠶ᠋ᠯᠡᠴᠢᠯᠡᠭᠡᠨ᠎ᠦ ᠬᠤᠪᠢᠶᠠᠷᠢ ᠠᠩᠭᠢ ᠶ᠋ᠢ ᠰᠣᠩᠭᠣᠨ ᠪᠠᠢᠭᠤᠯᠵᠤ᠂ ᠡᠷᠬᠢᠨ ᠦᠵᠡᠵᠦ᠍ ᠲᠣᠬᠣᠨᠢᠭᠤᠯᠬᠤ᠂ 《ᠨᠡᠢᠭᠡᠮ ᠲᠤᠭᠤᠷᠢᠭ᠂ ᠦᠶ᠋ᠯᠡᠴᠢᠯᠡᠬᠦ᠌ ᠡᠲᠡᠭᠡᠳ᠎ᠦᠨ ᠬᠡᠷ᠎ᠲᠦ ᠭᠦᠨᠵᠡᠭᠡᠢᠷᠡᠵᠦ᠍᠂ ᠲᠣᠰᠭᠣᠨ᠎ᠤ (ᠰᠠᠭᠤᠭᠠᠯᠢ) ᠠᠷᠠᠳ᠎ᠢ ᠬᠠᠪᠰᠤᠷᠤᠨ 《ᠠᠷᠠᠳ᠎ᠲᠤ ᠠᠱᠢᠭ ᠬᠦᠷᠲᠡᠭᠡᠬᠦ᠌ ᠲᠠᠩᠰᠠ》᠂《ᠬᠥᠭ᠌ᠵᠢᠯᠲᠡ ᠶ᠋ᠢᠨ ᠲᠠᠩᠰᠠ》 ᠶ᠋ᠢ ᠰᠠᠢᠲᠤᠷ ᠪᠤᠳᠤᠨ ᠦᠭᠴᠦ᠂ 《ᠵᠢᠷᠭᠤᠭᠠᠨ ᠦᠭᠡ ᠶ᠋ᠢᠨ ᠪᠣᠳᠠᠲᠤ ᠶᠠᠪᠤᠳᠠᠯ ᠪᠠ ᠶᠣᠰᠣ ᠤᠴᠢᠷ》ᠢ᠋ ᠲᠣᠳᠣᠷᠬᠠᠶ ᠪᠥᠭᠡᠳ ᠨᠡᠪᠳᠡᠷᠡᠳᠡᠯ᠎ᠡ ᠶᠠᠷᠢᠵᠤ ᠦᠭᠴᠠᠢ᠃

ᠦᠬᠠᠢ ᠬᠤᠳᠠ ᠪᠠᠰᠠ ᠴᠢᠬᠤᠯᠠ ᠴᠠᠭ ᠬᠤᠭᠤᠴᠠᠭᠠᠨ᠎ᠤ ᠵᠠᠩᠭᠢᠯᠠᠭ᠎ᠠ ᠶ᠋ᠢᠨ ᠴᠡᠭ ᠪᠣᠯᠤᠨ ᠤᠯᠠᠨ ᠲᠦᠮᠡᠨ᠎ᠦ ᠦᠵᠡᠵᠦ᠍ ᠰᠣᠨᠣᠰᠭᠤ ᠳᠤᠷᠠᠲᠠᠢ ᠠᠵᠢᠯᠯᠠᠭ᠎ᠠ᠎ᠲᠠᠶ ᠤᠶᠠᠯᠳᠤᠭᠤᠯᠵᠦ᠂ ᠤᠯᠠᠨ ᠲᠦᠮᠡᠨᠴᠢ ᠪᠠᠢ᠌ᠩᠭᠤᠵᠢᠭ᠍ᠰᠠᠨ ᠬᠥᠮᠦᠵᠢᠯ᠎ᠢ ᠠᠭᠤᠰᠤᠯᠴᠠᠭᠤᠯᠵᠤ᠂ ᠥᠷᠭᠡᠨ ᠤᠯᠠᠨ ᠲᠦᠮᠡᠨ᠎ᠦ ᠨᠠᠮ᠎ᠤᠨ ᠠᠴᠢ ᠳ᠋ᠦ᠍ ᠲᠠᠯᠠᠷᠬᠠᠬᠤ᠂ ᠨᠠᠮ᠎ᠤᠨ ᠦᠭᠡ ᠶ᠋ᠢ ᠰᠣᠨᠣᠰᠭᠤ᠂ ᠨᠠᠮ᠎ᠢᠶᠠᠨ ᠳᠠᠭᠠᠬᠤ ᠶ᠋ᠢ ᠬᠦᠳᠦᠯᠦᠨ ᠵᠢᠯᠣᠭᠣᠳᠴᠠᠢ᠃

ᠲᠦᠷᠦᠭᠦᠬᠡᠨ᠂ ᠬᠠᠢᠨᠠᠨ ᠲᠣᠭᠣᠷᠢᠭ᠎ᠤᠨ ᠽᠸ ᠶᠤᠸᠠᠨ ᠨᠡᠢᠭᠡᠮ ᠲᠣᠭᠣᠷᠢᠭ《ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠨᠠᠮ᠎ᠢᠶᠠᠨ ᠳᠠᠭᠠᠵᠤ ᠠᠴᠢ ᠡᠨᠡᠷᠢᠯ᠎ᠳᠦ ᠲᠠᠯᠠᠷᠬᠠᠨ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠢ᠎ᠠ》 ᠬᠡᠬᠦ ᠤᠷᠠᠨ ᠪᠢᠴᠢᠯᠭᠡ ᠶ᠋ᠢᠨ ᠠᠵᠢᠯᠯᠠᠭ᠎ᠠ ᠥᠷᠨᠢᠭᠦᠯᠵᠦ᠍᠂ ᠰᠠᠭᠤᠭᠠᠯᠢ ᠠᠷᠠᠳ ᠴᠧᠨ ᠵᠣᠣ ᠮᠢᠩ ᠬᠠᠮᠤᠭ᠎ᠤᠨ ᠲᠦᠷᠦᠭᠦᠨ᠎ᠳᠦ ᠨᠡᠷ᠎ᠡ ᠪᠠᠨ ᠮᠡᠳᠡᠭᠦᠯᠦᠨ ᠣᠷᠣᠯᠴᠠᠵᠠᠢ᠃

《ᠤᠷᠠᠨ ᠪᠢᠴᠢᠯᠭᠡ᠎ᠳᠦ ᠪᠠᠬᠠᠲᠠᠶ ᠬᠥᠮᠦᠨ ᠪᠣᠯᠤᠭ᠍ᠰᠠᠨ᠎ᠤ ᠬᠤᠪᠢ᠎ᠳᠤ᠂ ᠮᠥᠨ ᠴᠦ᠍ ᠠᠬᠠᠮᠠᠳ ᠨᠠᠮ᠎ᠤᠨ ᠭᠡᠱᠢᠭᠦᠨ ᠪᠤᠯᠬᠤᠷ᠂ ᠡᠲᠡᠭᠡᠷ ᠵᠢᠯ᠎ᠦᠳ᠎ᠲᠦ ᠪᠢ ᠳᠡᠷᠭᠡᠳᠡ ᠡᠭᠦᠰᠦᠭ᠌ᠰᠡᠨ ᠬᠤᠪᠢᠷᠠᠯᠲᠠ ᠶ᠋ᠢ ᠨᠢᠳᠦ᠍᠎ᠪᠡᠷ᠎ᠢᠶᠡᠨ ᠣᠯᠵᠤ ᠬᠠᠷᠠᠯ᠎ᠠ᠂ ᠣᠷᠣᠨ ᠰᠠᠭᠤᠴᠠ ᠶ᠋ᠢᠨ ᠣᠷᠴᠢᠨ ᠲᠣᠭᠣᠷᠢᠨ ᠤᠯᠠᠮ᠎ᠠᠴᠠ ᠤᠯᠠᠮ ᠰᠠᠢᠵᠢᠷᠠᠵᠤ᠂ ᠰᠣᠶᠣᠯ᠎ᠤᠨ ᠠᠵᠢᠯᠯᠠᠭ᠎ᠠ ᠤᠯᠠᠮ᠎ᠠᠴᠠ ᠤᠯᠠᠮ ᠪᠠᠶᠠᠯᠢᠭ᠍ᠵᠢᠵᠠᠢ᠂ ᠡᠲᠡᠭᠡᠷ᠎ᠢ ᠴᠥᠮ ᠨᠠᠮ ᠪᠢᠳᠡᠨ᠎ᠳᠦ ᠤᠯᠭᠤᠭᠰᠠᠨ ᠶᠤᠮ᠃ ᠨᠡᠢᠭᠡᠮ ᠲᠣᠭᠣᠷᠢᠭ ᠤᠷᠠᠨ ᠪᠢᠴᠢᠯᠭᠡ ᠶ᠋ᠢᠨ ᠠᠵᠢᠯᠯᠠᠭ᠎ᠠ ᠡᠷᠬᠢᠯᠡᠬᠦ ᠵᠢ  ᠰᠤᠨᠤᠰᠤᠡᠭᠭᠤᠳᠡ ᠪᠠᠨ ᠪᠢ ᠬᠠᠮᠤᠭ᠎ᠤᠨ ᠲᠥᠷᠥᠬᠥᠨ ᠎ᠳᠦ ᠨᠡᠷ᠎ᠡ ᠮᠡᠳᠡᠭᠦᠯᠵᠦ᠍ ᠣᠷᠣᠯᠴᠠᠵᠠᠢ》 ᠭᠡᠵᠦ᠍ ᠴᠧᠨ ᠵᠤᠤ ᠮᠢᠩ ᠬᠡᠯᠡᠪᠡ᠃

ᠡᠨᠡ ᠵᠢᠯ᠎ᠡᠴᠡ ᠨᠠᠭᠠᠰᠢ᠂ ᠦᠬᠠᠶ ᠬᠣᠲᠠ ᠶ᠋ᠢᠨ ᠡᠯ᠎ᠡ ᠱᠠᠲᠤᠨ᠎ᠤ ᠨᠠᠮ᠎ᠤᠨ ᠲᠥᠯᠥᠭᠡᠯᠡᠭ᠌ᠴᠢ᠂ ᠥᠷᠭᠡᠨ ᠣᠯᠠᠨ ᠨᠠᠮ᠎ᠤᠨ ᠭᠡᠱᠢᠭᠦᠨ ᠰᠠᠭᠤᠭᠠᠯᠢ ᠠᠷᠠᠳ᠎ᠢ ᠵᠣᠬᠢᠶᠠᠨ ᠪᠠᠢᠭᠤᠯᠤᠨ 600 ᠭᠠᠷᠤᠶ ᠤᠳᠠᠭ᠎ᠠ ᠬᠡᠷᠡᠭ ᠵᠥᠪᠯᠡᠵᠦ᠍᠂ ᠠᠭᠤᠳᠠᠮ ᠲᠠᠯᠠᠪᠠᠢ ᠪᠤᠶᠤ ᠴᠡᠴᠡᠷᠯᠢᠭ᠎ᠤᠨ ᠪᠡᠶ᠎ᠡ ᠴᠢᠬᠢᠷᠠᠭᠵᠢᠭᠤᠯᠬᠤ ᠲᠥᠬᠥᠭᠡᠷᠦᠮᠵᠢ ᠶ᠋ᠢ ᠱᠢᠨᠡᠳᠭᠡᠬᠦ᠌ ᠂ ᠠᠢᠯ ᠡᠷᠦᠬᠡ ᠶ᠋ᠢᠨ ᠵᠣᠷᠯᠣᠩ᠎ᠢ ᠰᠡᠯᠪᠢᠨ ᠵᠠᠰᠠᠬᠤ ᠵᠡᠷᠭᠡ ᠣᠯᠠᠨ ᠲᠦᠮᠡᠨ᠎ᠦ ᠳᠡᠷᠭᠡᠳᠡᠬᠢ ᠶᠠᠪᠤᠳᠠᠯ ᠪᠠ ᠲᠦᠪᠡᠭ᠌ᠳᠡᠢ ᠶᠠᠪᠤᠳᠠᠯ᠎ᠢ 1100 ᠭᠠᠷᠤᠢ ᠱᠢᠶ᠋ᠳᠪᠦᠷᠢᠯᠡᠵᠦ᠍᠂ ᠰᠠᠭᠤᠭᠠᠯᠢ ᠠᠷᠠᠳ᠎ᠤᠨ ᠵᠥᠷᠢᠴᠡᠯ ᠵᠠᠭᠤᠷᠠᠯᠳᠤᠭᠠᠨ᠎ᠢ 3000 ᠭᠠᠷᠤᠶ ᠤᠳᠠᠭ᠎ᠠ ᠨᠠᠮᠳᠠᠭᠤᠯᠵᠤ᠂ 《ᠣᠯᠠᠨ ᠲᠦᠮᠡᠨ᠎ᠤ ᠲᠤᠷᠠᠳᠤᠭᠰᠠᠨ ᠱᠠᠭᠠᠷᠳᠠᠯᠭ᠎ᠠ ᠵᠢ ᠺᠠᠳ᠋ᠷ ᠪᠡᠶᠡᠯᠡᠬᠦᠯᠦᠨ ᠦᠭᠬᠦ》 ᠠᠵᠢᠯ᠎ᠤᠨ ᠪᠠᠢᠳᠠᠯ᠎ᠢ ᠪᠣᠶ ᠪᠣᠯᠭᠠᠬᠤ ᠶ᠋ᠢ ᠠᠬᠢᠭᠤᠯᠵᠠᠢ ᠃

《ᠪᠢᠳᠡ ᠨᠠᠮ᠎ᠤᠨ ᠪᠠᠢᠭᠤᠯᠤᠯᠲᠠ ᠶ᠋ᠢᠨ ᠴᠢᠨᠠᠷ ᠰᠠᠢᠲᠠᠶ ᠬᠥᠭ᠌ᠵᠢᠯᠲᠡ ᠶ᠋ᠢ ᠬᠥᠲᠥᠯᠥᠨ ᠳᠠᠭᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠪᠥᠬᠥ᠌ ᠬᠣᠲᠠ᠎ᠳᠤ 〈ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍ ᠬᠥᠭ᠌ᠵᠢᠯᠲᠡ ᠶ᠋ᠢ ᠠᠬᠢᠭᠤᠯᠵᠤ ᠬᠣᠱᠢᠭᠤᠴᠢ ᠵᠢᠱ᠌ᠢᠶᠡᠴᠢ ᠪᠣᠯᠬᠤ᠎ᠪᠠᠷ ᠴᠢᠷᠮᠠᠢᠶ᠎ᠠ〉ᠬᠡᠬᠦ ᠠᠵᠢᠯᠯᠠᠭ᠎ᠠ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷ᠎ᠤᠨ ᠥᠪᠡᠷᠲᠡᠭᠡᠨ ᠵᠠᠰᠠᠬᠤ ᠣᠷᠣᠨ᠎ᠤ 〈ᠵᠢᠷᠭᠤᠭᠠᠨ ᠠᠵᠢᠯᠯᠠᠭ᠎ᠠ〉 ᠪᠣᠯᠤᠨ ᠪᠥᠬᠥ᠌ ᠬᠣᠲᠠ ᠶ᠋ᠢᠨ 〈ᠠᠷᠪᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ〉 ᠳᠤᠮᠳᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠬᠦᠴᠢᠷ᠎ᠢ ᠳᠤᠭᠤᠯᠤᠨ ᠪᠡᠷᠬᠡ ᠶ᠋ᠢ ᠳᠠᠪᠠᠵᠤ᠂ ᠱᠢᠯᠢᠳᠡᠭ ᠠᠮᠵᠢᠯᠲᠠ ᠪᠦᠲᠦᠮᠵᠢ ᠭᠠᠷᠭᠠᠬᠤ᠎ᠪᠠᠷ ᠴᠢᠷᠮᠠᠢᠬᠤ ᠶ᠋ᠢ ᠵᠣᠷᠢᠭ᠍ᠵᠢᠭᠤᠯᠵᠠᠢ》 ᠭᠡᠵᠦ᠍ ᠪᠦᠦ ᠰᠢ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号