ᠤᠨᠳᠤᠤᠰᠢᠭᠤᠯᠤᠯᠲᠠ᠎ᠵᠢ ᠲᠦᠷᠭᠡᠳᠭᠡᠵᠤ ᠱᠢᠨ᠎ᠡ ᠵᠢ ᠡᠭᠦᠳᠬᠦ᠌ ᠦᠷ᠎ᠡ ᠪᠦᠲᠦᠭᠡᠯ ᠤ᠋ᠨ ᠦᠷ᠎ᠡ ᠠᠰᠢᠭ ᠤᠯᠬᠤ ᠵᠢ ᠠᠬᠢᠭᠤᠯᠤᠨ᠎ᠠ
2025-07-08 08:58:11
ᠵᠣᠬᠢᠶᠠᠭ᠍ᠴᠢ᠄
ᠮᠠ ᠹᠠᠩ
ᠣᠩᠱᠢᠭ᠍ᠰᠠᠨ ᠣᠳᠠᠭ᠎ᠠ᠄
★★★☆☆

— ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠡᠬᠦᠳᠤᠯᠳᠠ ᠪᠡᠷ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠤᠬᠰᠠᠨ ᠨᠢᠭᠤᠴᠠ ᠎ᠵᠢ ᠬᠠᠢᠬᠤᠢ ③


ᠦᠪᠦᠷ ᠮᠤᠩᠭᠣᠯ ᠤ᠋ᠨ ᠠᠵᠤ ᠦᠶ᠋ᠯᠡᠳᠪᠦᠷᠢ ᠶ᠋ᠢᠨ ᠶᠡᠬᠡ ᠰᠤᠷᠭᠠᠭᠤᠯᠢ ᠪᠣᠯᠤᠨ ᠥᠪᠥᠷ ᠮᠣᠩᠭᠣᠯ ᠤ᠋ᠨ ᠵᠢᠦ ᠲᠠᠢ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ 《ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ》 ᠱᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ ᠲᠠᠪᠴᠠᠩ ᠢ᠋ᠶ᠋ᠡᠷ ᠳᠡᠮᠵᠢᠨ ᠮᠢᠩᠭᠠᠨ ᠲᠦᠮᠡᠨ ᠲᠥᠭᠥᠷᠢᠭ ᠤ᠋ᠨ ᠦᠷ᠎ᠡ ᠪᠦᠲᠦᠭᠡᠯ ᠢ᠋ ᠤᠨᠳᠤᠤᠰᠢᠭᠤᠯᠬᠤ ᠭᠡᠷ᠎ᠡ ᠲᠣᠭ᠍ᠲᠠᠵᠤ᠂ ᠰᠤᠷᠭᠠᠭᠤᠯᠢ ᠶ᠋ᠢᠨ ᠲᠡᠦᠬᠡᠲᠦ ᠴᠢᠨᠠᠷᠲᠠᠶ ᠱᠢᠪᠲᠤᠯᠤᠯᠲᠠ ᠵᠢ ᠪᠡᠶᠡᠯᠡᠭᠦᠯᠪᠡ ; ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠶ᠋ᠢᠨ ᠵᠠᠩ ᠾᠧ ᠫᠢᠩ ᠫᠷᠤᠹᠧᠰᠰᠤᠷ ᠤ᠋ᠨ ᠪᠦᠯᠬᠦᠮ ᠪᠣᠯᠤᠨ ᠺᠧ ᠲᠦᠸᠧ ᠠᠮᠢᠳᠤ ᠪᠣᠳᠠᠰ ᠤ᠋ᠨ ᠺᠣᠮᠫᠠᠨᠢ 2000 ᠲᠦᠮᠡᠨ ᠲᠥᠭᠥᠷᠢᠭ ᠤ᠋ᠨ 《ᠴᠢᠳᠠᠮᠵᠢ ᠶ᠋ᠢᠨ ᠴᠢᠨᠠᠷᠲᠠᠶ ᠰᠦᠨ ᠬᠦᠴᠢᠯ ᠤ᠋ᠨ ᠪᠠᠺᠲ᠋ᠧᠷᠢ ᠶ᠋ᠢᠨ  ᠰᠠᠭᠤᠷᠢ》  ᠵᠢ ᠱᠢᠯᠵᠢᠭᠦᠯᠦᠨ ᠥᠭ᠌ᠬᠦ ᠭᠡᠷ᠎ᠡ ᠲᠣᠭ᠍ᠲᠠᠪᠠ; ᠥᠪᠥᠷ ᠮᠣᠩᠭᠣᠯ ᠤ᠋ᠨ ᠲᠠᠷᠢᠶᠠᠯᠠᠩ ᠮᠠᠯ ᠠᠵᠤ ᠠᠬᠤᠶ ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠯᠦ᠍ ᠵᠠᠨ ᠶᠤᠸᠠᠨ ᠤ᠋ ᠪᠦᠯᠬᠦᠮ 《ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ》 ᠱᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ ᠲᠠᠪᠴᠠᠩ ᠢ᠋ ᠠᠱᠢᠭ᠍ᠯᠠᠨ 5 ᠡᠳᠦᠷ ᠲᠦ᠍ 300 ᠲᠦᠮᠡᠨ ᠲᠥᠭᠥᠷᠢᠭ ᠤ᠋ᠨ ᠰᠦᠯᠵᠢᠶᠡᠨ ᠳᠡᠭᠡᠷᠡᠬᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠤ᠋ᠨ ᠠᠷᠠᠯᠵᠢᠶ᠎ᠠ ᠵᠢ ᠪᠡᠶᠡᠯᠡᠭᠦᠯᠪᠡ ᠁

ᠣᠯᠠᠨ ᠵᠦᠶ᠋ᠯ ᠤ᠋ᠨ ᠠᠱᠢᠭ᠍ᠲᠠᠶ ᠲᠥᠷᠥ ᠶ᠋ᠢᠨ ᠪᠣᠳᠣᠯᠭ᠎ᠠ ᠶ᠋ᠢᠨ ᠠᠬᠢᠭᠤᠯᠤᠯ ᠪᠤᠯᠤᠨ《ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ》 ᠱᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ ᠲᠠᠪᠴᠠᠩ ᠤ᠋ᠨ ᠦᠢᠯᠡᠳᠦᠯ ᠵᠢᠯᠣᠭᠣᠳᠣᠯᠭ᠎ᠠ ᠳᠤᠤᠷ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠤ᠋ᠳ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠭᠠᠵᠠᠷ ᠡᠴᠡ ᠠᠵᠤ ᠠᠬᠤᠢᠯᠠᠯ ᠤ᠋ᠨ ᠦᠶ᠋ᠯᠡᠳᠪᠦᠷᠢ ᠶ᠋ᠢᠨ ᠲᠠᠰᠤᠭ ᠲᠡᠢᠰᠢ ᠱᠢᠯᠵᠢᠵᠦ᠍᠂ ᠲᠤᠷᠱᠢᠯᠲᠠ ᠶ᠋ᠢᠨ ᠲᠠᠰᠤᠭ ᠡᠴᠡ ᠦᠶ᠋ᠯᠡᠳᠪᠦᠷᠢᠯᠡᠯ ᠤ᠋ᠨ ᠱᠤᠭᠤᠮ ᠳ᠋ᠤ ᠭᠠᠷᠴᠤ᠌᠂ ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠳ᠋ᠤ ᠱᠢᠨ᠎ᠡ ᠬᠥᠳᠡᠯᠭᠡᠭ᠌ᠴᠢ ᠡᠨᠧᠷᠭᠢ ᠨᠡᠮᠡᠷᠢᠯᠡᠪᠡ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠪᠣᠳᠠᠲᠤ ᠦᠢᠯᠡᠳᠪᠦᠷᠢᠯᠡᠯ ᠤ᠋ᠨ ᠬᠦᠴᠦᠨ ᠪᠣᠯᠭᠠᠨ ᠤᠨᠳᠤᠤᠰᠢᠭᠤᠯᠬᠤ ᠵᠢ ᠲᠦᠷᠭᠡᠳᠭᠡᠬᠦ᠌ ᠪᠣᠯ ᠱᠢᠨ᠎ᠡ ᠴᠢᠨᠠᠷ᠎ᠤᠨ ᠦᠢᠯᠡᠳᠪᠦᠷᠢᠯᠡᠯ ᠤ᠋ᠨ ᠬᠦᠴᠦᠨ ᠢ᠋ ᠪᠣᠢᠵᠢᠭᠤᠯᠤᠨ ᠬᠥᠭ᠌ᠵᠢᠭᠦᠯᠬᠦ᠌ ᠶ᠋ᠢᠨ ᠵᠠᠢᠯᠠᠰᠢ ᠦᠭᠡᠢ ᠱᠠᠭᠠᠷᠳᠠᠯᠭ᠎ᠠ ᠮᠥᠨ᠃ ᠬᠡᠷᠬᠢᠨ ᠥᠭᠡᠷᠡᠴᠢᠯᠡᠯᠲᠡ ᠪᠡᠷ ᠤᠨᠳᠤᠤᠰᠢᠭᠤᠯᠤᠯᠲᠠ ᠵᠢ ᠠᠬᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠤᠨᠳᠤᠤᠰᠢᠭᠤᠯᠬᠤ ᠶᠠᠪᠤᠴᠠ ᠳ᠋ᠡᠬᠢ ᠬᠦᠴᠢᠷᠳᠡᠯ ᠪᠠ ᠲᠦᠭ᠌ᠵᠢᠷᠡᠯ ᠢ᠋ ᠦᠷᠭᠦᠯᠵᠢᠯᠡᠨ ᠨᠡᠪᠲᠡᠷᠡᠭᠦᠯᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠠ ᠠᠵᠤ ᠦᠢᠯᠡᠰ ᠤ᠋ᠨ ᠱᠢᠨ᠎ᠡ ᠵᠢ ᠡᠭᠦᠳᠬᠦ᠌ ᠶ᠋ᠢᠨ ᠭᠦᠨᠵᠡᠭᠡᠢ ᠠᠭᠤᠰᠤᠯᠴᠠᠯ ᠢ᠋ ᠯᠠᠪᠳᠠᠭᠤᠨ ᠪᠠᠲᠤᠲᠠᠢ ᠠᠬᠢᠭᠤᠯᠬᠤ ᠪᠤᠢ? ᠣᠢᠷ᠎ᠠ ᠳ᠋ᠤ ᠰᠤᠷᠪᠤᠯᠵᠢᠯᠠᠭ᠍ᠴᠢ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ ᠪᠠ ᠦᠶ᠋ᠯᠡᠳᠪᠦᠷᠢᠯᠡᠯ ᠤ᠋ᠨ ᠡᠮᠤᠨ᠎ᠠ ᠹᠷᠣᠨᠲ ᠲᠦ᠍ ᠬᠦᠷᠴᠦ᠍᠂ ᠮᠠᠨ ᠤ᠋ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠥᠨᠳᠥᠷ ᠪᠦᠲᠦᠮᠵᠢᠲᠡᠶ ᠪᠡᠷ ᠤᠨᠳᠤᠤᠰᠢᠭᠤᠯᠬᠤ ᠵᠢ ᠲᠦᠷᠭᠡᠳᠭᠡᠭᠰᠡᠨ ᠨᠢᠭᠤᠴᠠ ᠎ᠵᠢ ᠬᠠᠢᠪᠠ᠃

ᠥᠭᠡᠷᠡᠴᠢᠯᠡᠯᠲᠡ ᠪᠡᠷ ᠡᠨᠧᠷᠭᠢ ᠣᠯᠭᠣᠵᠤ  ᠤᠨᠳᠤᠤᠰᠢᠭᠤᠯᠤᠯᠲᠠ ᠶ᠋ᠢᠨ ᠲᠦᠭ᠌ᠵᠢᠷᠡᠯ ᠢ᠋ ᠨᠡᠪᠲᠡᠷᠡᠭᠦᠯᠤᠨ᠎ᠠ

ᠥᠪᠥᠷ ᠮᠣᠩᠭᠣᠯ ᠤ᠋ᠨ ᠠᠵᠤ ᠦᠢᠯᠡᠳᠪᠦᠷᠢ ᠶ᠋ᠢᠨ ᠶᠡᠬᠡ ᠰᠤᠷᠭᠠᠭᠤᠯᠢ ᠶ᠋ᠢᠨ ᠨᠡᠭᠦᠷᠡᠰᠦᠨ ᠤ᠋ ᠬᠠᠲᠠᠭᠤ ᠪᠡᠶᠡᠲᠦ ᠬᠠᠶᠠᠭ᠍ᠳᠠᠮᠠᠯ ᠪᠣᠳᠠᠰ ᠢ᠋ ᠥᠨᠳᠥᠷ ᠦᠷᠳᠡᠭ ᠲᠠᠢ ᠪᠡᠷ ᠠᠱᠢᠭ᠍ᠯᠠᠬᠤ ᠤᠯᠤᠰ ᠣᠷᠣᠨ ᠨᠤᠲᠤᠭ ᠤ᠋ᠨ ᠬᠠᠮᠲᠤᠷᠠᠭ᠍ᠰᠠᠨ ᠢᠨᠵᠧᠨᠧᠷᠢᠩ ᠤ᠋ᠨ ᠰᠤᠳᠤᠯᠭᠠᠨ ᠤ᠋ ᠲᠥᠪ ᠲᠦ᠍  ᠵᠠᠩ ᠶᠦᠩ ᠹᠸᠩ ᠫᠷᠤᠹᠸᠰᠰᠤᠷ ᠪᠣᠯᠤᠨ ᠲᠡᠭᠦᠨ ᠤ᠋ ᠪᠦᠯᠬᠦᠮ ᠶᠠᠭ ᠶᠠᠭᠠᠷᠠᠯᠳᠤᠵᠤ ᠪᠠᠢᠯ᠎ᠠ᠃

《ᠥᠨᠳᠥᠷ ᠢᠳᠡᠪᠬᠢᠲᠦ ᠤᠰᠤᠮᠠᠭ᠍ᠲᠤ ᠺᠠᠯᠼ ᠤ᠋ᠨ ᠬᠦᠬᠦᠷ ᠥᠬᠡᠢᠳᠡᠭᠦᠯᠦᠭ᠌ᠴᠢ ᠪᠤᠯ ᠥᠨᠳᠥᠷ ᠨᠡᠮᠡᠯᠲᠡ ᠥᠷᠲᠡᠭ ᠪᠥᠬᠥᠶ ᠬᠦᠬᠦᠷ ᠥᠬᠡᠢᠳᠡᠭᠦᠯᠦᠭ᠌ᠴᠢ ᠡᠳ᠋ ᠪᠣᠯᠬᠤ ᠪᠥᠭᠡᠳ ᠮᠠᠨ ᠤ᠋ ᠣᠷᠣᠨ ᠤ᠋ ᠬᠢᠮᠢ ᠶ᠋ᠢᠨ ᠠᠵᠤ ᠦᠶ᠋ᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ ᠠᠵᠤ ᠠᠬᠤᠢᠯᠠᠯ ᠳ᠋ᠤ ᠥᠷᠭᠡᠨ ᠳᠡᠯᠭᠡᠷ ᠬᠡᠷᠡᠭ᠌ᠯᠡᠭᠡᠨ ᠤ᠋ ᠠᠯᠤᠰ ᠢᠷᠡᠭᠡᠳᠦᠶ ᠲᠠᠢ ᠶᠤᠮ᠃ ᠲᠥᠷᠥ ᠶ᠋ᠢᠨ ᠪᠣᠳᠣᠯᠭ᠎ᠠ ᠶ᠋ᠢᠨ ᠳᠡᠮᠵᠢᠯᠭᠡ ᠪᠣᠯ ᠡᠨᠡ ᠬᠦ᠌ ᠲᠥᠷᠥᠯ ᠵᠦᠶ᠋ᠯ ᠤ᠋ᠨ ᠠᠮᠵᠢᠯᠲᠠᠲᠠᠢ ᠪᠡᠷ ᠭᠡᠷ᠎ᠡ ᠲᠣᠭ᠍ᠲᠠᠬᠤ ᠶ᠋ᠢᠨ ᠵᠠᠩᠭᠢᠯᠠᠭ᠎ᠠ ᠮᠥᠨ 》 ᠭᠡᠵᠦ ᠵᠠᠩ ᠶᠦᠩ ᠹᠧᠩ ᠥᠨᠳᠥᠷ ᠢᠳᠡᠪᠬᠢᠲᠦ ᠤᠰᠤᠮᠠᠭ᠍ᠲᠤ ᠺᠠᠯᠼ ᠤ᠋ᠨ ᠬᠦᠬᠦᠷ ᠥᠬᠡᠢᠳᠡᠭᠦᠯᠦᠭ᠌ᠴᠢ ᠵᠢ ᠦᠶ᠋ᠯᠡᠳᠬᠦ᠌ ᠮᠡᠷᠭᠡᠵᠢᠯ ᠤ᠋ᠨ ᠲᠥᠬᠥᠭᠡᠷᠦᠮᠵᠢ ᠵᠢ ᠵᠢᠭᠠᠵᠤ ᠳᠠᠨᠢᠯᠴᠠᠭᠤᠯᠤᠯ᠎ᠠ᠃  ᠣᠳᠣᠬᠠᠨ ᠳ᠋ᠤ ᠡᠨᠡ ᠬᠦ᠌ ᠮᠡᠷᠭᠡᠵᠢᠯ ᠨᠢ ᠨᠢᠭᠡᠨᠲᠡ ᠥᠪᠥᠷ ᠮᠣᠩᠭᠣᠯ ᠤ᠋ᠨ ᡁᠢ ᠴᠧᠨ ᠮᠠᠲ᠋ᠧᠷᠢᠶᠠᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠲᠠᠢ ᠦᠷ᠎ᠡ ᠪᠦᠲᠦᠭᠡᠯ ᠤ᠋ᠨ ᠤᠨᠳᠤᠤᠰᠢᠭᠤᠯᠤᠯᠲᠠ ᠵᠢ ᠪᠡᠶᠡᠯᠡᠭᠦᠯᠵᠦ᠍᠂ ᠨᠢᠭᠡᠳᠦᠭᠡᠷ ᠬᠤᠭᠤᠴᠠᠭᠠᠨ ᠤ᠋ ᠲᠥᠷᠥᠯ ᠵᠦᠶ᠋ᠯ ᠤ᠋ᠨ ᠪᠥᠲᠥᠭᠡᠨ ᠪᠠᠢᠭᠤᠯᠤᠯᠲᠠ ᠨᠢ  ᠵᠢᠯ ᠤ᠋ᠨ10 ᠲᠦᠮᠡᠨ ᠲᠣᠨ ᠥᠨᠳᠥᠷ ᠢᠳᠡᠪᠬᠢᠲᠦ ᠤᠰᠤᠮᠠᠭ᠍ᠲᠤ ᠺᠠᠯᠼ ᠦᠢᠯᠡᠳᠪᠦᠷᠢᠯᠡᠬᠦ ᠠᠵᠤ ᠦᠶ᠋ᠯᠡᠳᠪᠦᠷᠢ ᠶ᠋ᠢᠨ ᠦᠶ᠋ᠯᠡᠳᠪᠦᠷᠢᠯᠡᠯ ᠤ᠋ᠨ ᠱᠤᠭᠤᠮ ᠢ᠋ ᠪᠠᠢᠭᠤᠯᠵᠤ ᠂ ᠡᠨᠡ ᠵᠢᠯ ᠤ᠋ᠨ 3 ᠰᠠᠷ᠎ᠠ ᠳ᠋ᠤ ᠠᠱᠢᠭ᠍ᠯᠠᠯᠲᠠ ᠳ᠋ᠤ ᠣᠷᠣᠵᠠᠶ᠃

ᠣᠢᠷ᠎ᠠ ᠶ᠋ᠢᠨ ᠵᠢᠯ ᠡᠴᠡ ᠥᠪᠥᠷ ᠮᠣᠩᠭᠣᠯ ᠤ᠋ᠨ ᠶᠡᠬᠡ ᠳᠡᠭᠡᠳᠦ ᠰᠤᠷᠭᠠᠭᠤᠯᠢ᠎ᠵᠢᠨ ᠬᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠤᠨᠳᠤᠤᠰᠢᠭᠤᠯᠬᠤ ᠵᠢ ᠠᠬᠢᠭᠤᠯᠬᠤ ᠲᠠᠯ᠎ᠠ ᠪᠡᠷ ᠲᠠᠰᠤᠷᠠᠯᠲᠠ ᠥᠬᠡᠶ ᠱᠢᠨ᠎ᠡ ᠱᠢᠪᠲᠤᠯᠤᠯᠲᠠ ᠲᠠᠢ ᠪᠣᠯᠪᠠ᠃ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠶ᠋ᠢᠨ ᠶᠡᠬᠡ ᠰᠤᠷᠭᠠᠭᠤᠯᠢ ᠡᠭᠦᠷᠭᠡ ᠲᠤᠱᠢᠶᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠤ᠋ᠨ ᠡᠷᠬᠡ ᠣᠯᠭᠣᠬᠤ ᠥᠭᠡᠷᠡᠴᠢᠯᠡᠯᠲᠡ ᠵᠢ ᠭᠦᠨᠵᠡᠭᠡᠢᠷᠡᠭᠦᠯᠵᠦ᠍᠂ ᠦᠷ᠎ᠡ ᠪᠦᠲᠦᠭᠡᠯ ᠢ᠋ ᠤᠨᠳᠤᠤᠰᠢᠭᠤᠯᠬᠤ ᠬᠠᠮᠢᠶᠠᠷᠤᠯᠲᠠ᠂ ᠵᠠᠷᠤᠳᠠᠯ ᠤ᠋ᠨ ᠬᠠᠮᠢᠶᠠᠷᠤᠯᠲᠠ ᠵᠡᠷᠭᠡ ᠠᠷᠭ᠎ᠠ ᠳ᠋ᠤ ᠵᠠᠰᠠᠪᠤᠷᠢ ᠣᠷᠣᠭᠤᠯᠵᠤ᠂ ᠨᠢᠳᠤᠨᠤᠨ ᠡᠴᠡ ᠨᠠᠭᠠᠰᠢ ᠮᠡᠷᠭᠡᠵᠢᠯ ᠢ᠋ ᠱᠢᠯᠵᠢᠭᠦᠯᠦᠨ ᠥᠭ᠌ᠬᠦ ᠪᠠ ᠮᠡᠷᠭᠡᠵᠢᠯ ᠤ᠋ᠨ ᠬᠡᠷᠡᠭᠯᠡᠯᠲᠡ ᠵᠢ ᠵᠥᠪᠱᠢᠶᠡᠷᠡᠬᠦ᠌ ᠠᠷᠭ᠎ᠠ ᠬᠡᠯᠪᠡᠷᠢ ᠶ᠋ᠢᠨ ᠤᠨᠳᠤᠤᠰᠢᠭᠤᠯᠤᠬᠰᠠᠨ ᠦᠷ᠎ᠡ ᠪᠦᠲᠦᠭᠡᠯ 150 ᠭᠠᠷᠤᠶ ᠵᠦᠶ᠋ᠯ ᠪᠠᠢᠵᠤ᠂ ᠮᠡᠷᠭᠡᠵᠢᠯ ᠢ᠋ ᠨᠡᠭᠡᠭᠡᠨ ᠬᠥᠭ᠌ᠵᠢᠭᠦᠯᠬᠦ᠌᠂ ᠦᠶ᠋ᠯᠡᠴᠢᠯᠡᠬᠦ᠌᠂ ᠠᠰᠠᠭᠤᠨ ᠯᠠᠪᠯᠠᠬᠤ ᠠᠷᠭ᠎ᠠ ᠬᠡᠯᠪᠡᠷᠢ ᠪᠡᠷ ᠤᠨᠳᠤᠤᠰᠢᠭᠤᠯᠤᠬᠰᠠᠨ ᠦᠷ᠎ᠡ ᠪᠦᠲᠦᠭᠡᠯ  500 ᠭᠠᠷᠤᠶ ᠵᠦᠶ᠋ᠯ ᠪᠠᠢᠵᠤ᠂ ᠤᠨᠳᠤᠤᠰᠢᠭᠤᠯᠬᠤ ᠵᠣᠭᠣᠰ ᠤ᠋ᠨ ᠲᠣᠭ᠎ᠠ ᠨᠢ ᠨᠡᠢᠲᠡ 2 ᠳ᠋ᠦᠩᠱᠢᠭᠤᠷ ᠭᠠᠷᠤᠶ ᠲᠥᠭᠥᠷᠢᠭ ᠲᠦ᠍ ᠬᠦᠷᠴᠡᠢ; ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠶᠡᠬᠡ ᠰᠤᠷᠭᠠᠭᠤᠯᠢ ᠶ᠋ᠢᠨ 2024 ᠣᠨ ᠤ᠋ ᠦᠷ᠎ᠡ ᠪᠦᠲᠦᠭᠡᠯ ᠤ᠋ᠨ ᠤᠨᠳᠤᠤᠰᠢᠭᠤᠯᠤᠯᠲᠠ 27 ᠲᠥᠷᠥᠯ ᠵᠦᠶ᠋ᠯ ᠪᠠᠢᠵᠤ᠂ ᠡᠨᠡ ᠵᠢᠯ ᠤ᠋ᠨ ᠲᠦᠷᠦᠭᠦᠦ ᠤᠯᠠᠷᠢᠯ ᠳ᠋ᠤ ᠨᠢᠭᠡᠨᠲᠡ 5 ᠵᠦᠶ᠋ᠯ ᠤ᠋ᠨ ᠲᠤᠰᠭᠠᠶ ᠠᠱᠢᠭ ᠤ᠋ᠨ ᠤᠨᠳᠤᠤᠰᠢᠭᠤᠯᠤᠯᠲᠠ ᠵᠢ ᠪᠡᠶᠡᠯᠡᠭᠦᠯᠦᠭ᠌ᠰᠡᠨ ᠪᠥᠭᠡᠳ ᠠᠩᠬᠠᠳᠠᠭ᠍ᠴᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠦᠨ᠎ᠡ ᠲᠣᠭ᠍ᠲᠠᠭᠠᠨ ᠬᠤᠪᠢ ᠣᠷᠣᠭᠤᠯᠬᠤ ᠲᠥᠷᠥᠯ ᠵᠦᠶ᠋ᠯ ᠢ᠋ ᠡᠬᠢᠯᠡᠭᠦᠯᠪᠡ᠃

ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠢᠩᠬᠢᠮ᠎ᠤᠨ ᠬᠢᠨ  ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ 《ᠤᠷᠢᠳ ᠵᠢᠨᠷ ᠬᠡᠷᠡᠭ᠌ᠯᠡᠵᠦ᠍᠂ ᠳᠠᠷᠠᠭ᠎ᠠ ᠨᠢ ᠰᠦᠶ᠋ᠳᠭᠡᠯ ᠲᠤᠱᠢᠶᠠᠬᠤ 》 ᠥᠭᠡᠷᠡᠴᠢᠯᠡᠯᠲᠡ ᠶ᠋ᠢᠨ ᠲᠤᠷᠱᠢᠯᠲᠠ ᠵᠢ ᠡᠬᠢᠯᠡᠭᠦᠯᠵᠦ᠍᠂ 《ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ 》  ᠤ᠋ᠨ ᠲᠠᠪᠴᠠᠩ ᠢ᠋ᠶ᠋ᠡᠷ ᠳᠠᠮᠵᠢᠨ ᠬᠤᠪᠢ ᠬᠤᠷᠠᠮᠳᠤᠭᠤᠯᠵᠤ ᠨᠥᠬᠥᠪᠥᠷᠢ ᠥᠭ᠌ᠬᠦ ᠠᠷᠭ᠎ᠠ ᠬᠡᠯᠪᠡᠷᠢ ᠪᠡᠷ ᠲᠤᠷᠱᠢᠯᠲᠠ ᠶ᠋ᠢᠨ ᠴᠡᠭ ᠤ᠋ᠨ ᠨᠢᠭᠡᠴᠢ ᠵᠢ ᠵᠣᠷᠢᠭ᠍ᠵᠢᠭᠤᠯᠬᠤ ᠪᠠ ᠬᠥᠲᠥᠯᠦᠨ ᠵᠢᠯᠣᠭᠣᠳᠴᠤ᠌ ᠪᠠᠢᠭᠠᠳ 《ᠤᠷᠢᠳ ᠵᠢᠨᠷ  ᠬᠡᠷᠡᠭ᠌ᠯᠡᠵᠦ᠍᠂ ᠳᠠᠷᠠᠭ᠎ᠠ ᠨᠢ ᠰᠦᠶ᠋ᠳᠭᠡᠯ ᠲᠤᠱᠢᠶᠠᠬᠤ》 ᠠᠷᠭ᠎ᠠ ᠬᠡᠯᠪᠡᠷᠢ ᠪᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠠᠵᠤ ᠠᠬᠤᠢᠯᠠᠯ ᠳ᠋ᠤ ᠬᠡᠷᠡᠭ᠌ᠯᠡᠭᠦᠯᠬᠦ᠌ ᠵᠢ ᠰᠦᠪᠡᠭ᠌ᠴᠢᠯᠡᠪᠡ᠃

ᠥᠪᠥᠷ ᠮᠣᠩᠭᠣᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠠᠢᠭᠤᠯᠤᠯ ᠤ᠋ᠨ ᠥᠭᠡᠷᠡᠴᠢᠯᠡᠯᠲᠡ ᠵᠢ ᠪᠥᠬᠥ᠌ ᠲᠠᠯ᠎ᠠ ᠪᠡᠷ ᠭᠦᠨᠵᠡᠭᠡᠢᠷᠡᠭᠦᠯᠵᠦ᠍᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠴᠢᠳᠠᠪᠤᠷᠢ ᠵᠢ ᠤᠯᠠᠮ ᠴᠢᠨᠠᠬᠰᠢᠲᠠ ᠳᠡᠭᠡᠭ᠌ᠰᠢᠯᠡᠭᠦᠯᠬᠦ᠌ ᠲᠤᠬᠠᠶ ᠰᠠᠨᠠᠯ 》 ᠵᠢᠴᠢ ᠬᠠᠮᠢᠶ᠎ᠠ ᠪᠥᠬᠥᠶ ᠢᠵᠢ ᠪᠥᠷᠢᠳᠦᠭ᠌ᠰᠡᠨ ᠲᠥᠷᠥ ᠶ᠋ᠢᠨ ᠪᠣᠳᠣᠯᠭ᠎ᠠ ᠶ᠋ᠢᠨ ᠠᠷᠭ᠎ᠠ ᠬᠡᠮᠵᠢᠶ᠎ᠡ ᠵᠢ ᠨᠡᠢᠲᠡᠯᠡᠵᠦ᠍ ᠂ 《 1 + 7 + N 》 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠷᠥ ᠶ᠋ᠢᠨ ᠪᠣᠳᠣᠯᠭ᠎ᠠ ᠶ᠋ᠢᠨ ᠱᠢᠰᠲ᠋ᠧᠮ ᠢ᠋ ᠪᠠᠢᠭᠤᠯᠪᠠ᠃ ᠡᠨᠡᠬᠦ᠌ ᠰᠠᠭᠤᠷᠢᠨ ᠳᠡᠭᠡᠷ᠎ᠡ 2025 ᠣᠨ ᠤ᠋ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ 《 1 + 7 + N 》 ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠥᠷᠥ ᠶ᠋ᠢᠨ ᠪᠣᠳᠣᠯᠭ᠎ᠠ ᠶ᠋ᠢᠨ ᠡᠮᠬᠢᠳᠭᠡᠯ ᠪᠠ 《1 + 7 + N 》 ᠶᠡᠬᠡ ᠳᠡᠭᠡᠳᠦ ᠰᠤᠷᠭᠠᠭᠤᠯᠢ ᠶ᠋ᠢᠨ ᠬᠦᠷᠢᠶᠡᠯᠡᠩ ᠭᠠᠵᠠᠷ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠥᠷᠥ ᠶ᠋ᠢᠨ ᠪᠣᠳᠣᠯᠭ᠎ᠠ ᠶ᠋ᠢᠨ ᠡᠮᠬᠢᠳᠭᠡᠯ ᠢ᠋ ᠨᠡᠢᠲᠡᠯᠡᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠥᠷᠥ ᠶ᠋ᠢᠨ ᠪᠣᠳᠣᠯᠭ᠎ᠠ ᠶ᠋ᠢᠨ ᠨᠠᠢᠳᠠᠪᠤᠷᠢᠵᠢᠭᠤᠯᠤᠯᠲᠠ ᠵᠢ ᠳᠠᠭᠠᠯᠳᠤᠨ ᠪᠥᠬᠥ᠌ ᠣᠷᠣᠨ ᠤ᠋ ᠡᠯ᠎ᠡ ᠬᠦᠷᠢᠶᠡᠨ ᠤ᠋ ᠱᠢᠨ᠎ᠡ ᠵᠢ ᠡᠭᠦᠳᠬᠦ᠌ ᠠᠮᠢᠵᠢᠷᠠᠯ ᠤ᠋ᠨ ᠬᠦᠴᠦᠨ ᠣᠷᠭᠢᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠢ᠋ ᠤᠨᠳᠤᠤᠱᠢᠭᠤᠯᠬᠤ ᠦᠷ᠎ᠡ ᠪᠦᠲᠦᠮᠵᠢ ᠢᠯᠡᠳᠲᠡ ᠳᠡᠭᠡᠭ᠌ᠰᠢᠯᠡᠪᠡ᠃

ᠨᠠᠷᠢᠯᠢᠭ ᠣᠨᠣᠪᠴᠢᠲᠠᠶ ᠦᠶ᠋ᠯᠡᠴᠢᠯᠡᠵᠦ᠍ ᠠᠵᠤ ᠠᠬᠤᠢᠯᠠᠯ ᠤ᠋ᠨ ᠬᠥᠭ᠌ᠵᠢᠯᠲᠡ ᠳ᠋ᠤ ᠬᠦᠴᠦᠨ ᠨᠡᠮᠡᠷᠢᠯᠡᠨ᠎ᠠ

ᠦᠢᠯᠡᠳᠪᠦᠷᠢ ᠶ᠋ᠢᠨ ᠲᠠᠰᠤᠭ ᠲᠦ᠍ ᠮᠠᠱᠢᠨ ᠲᠦᠷᠴᠢᠬᠢᠨᠡᠵᠤ᠂ ᠵᠤᠨ ᠤ᠋ ᠤᠯᠠᠷᠢᠯ ᠤ᠋ᠨ ᠪᠤᠭᠤᠲᠤ ᠶ᠋ᠢᠨ ᠬᠦᠩᠭᠡᠨ ᠴᠠᠭᠠᠨ ᠤ᠋ ᠦᠢᠯᠡᠰ ᠤ᠋ᠨ ᠬᠢᠵᠠᠭᠠᠷᠲᠤ ᠺᠣᠮᠫᠠᠨᠢ᠎ᠵᠢᠨ ᠬᠢᠨ ᠮᠠᠰᠢ ᠶᠠᠭᠠᠷᠠᠯᠲᠠᠢ ᠪᠠᠢᠯ᠎ᠠ᠃ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠭ᠍ᠴᠢ ᠭᠤᠤ ᠱ᠌ᠢ ᠶᠢᠩ ᠦᠶ᠋ᠯᠡᠳᠪᠦᠷᠢ ᠶ᠋ᠢᠨ ᠲᠠᠰᠤᠭ ᠲᠦ᠍ ᠢᠷᠡᠮᠡᠭ᠌ᠴᠡ ᠮᠡᠷᠭᠡᠵᠢᠯ ᠤ᠋ᠨ ᠠᠵᠢᠯᠲᠠᠳ ᠲᠠᠢ ᠣᠢᠷ᠎ᠠ᠎ᠳᠤ ᠰᠤᠳᠤᠯᠤᠨ ᠨᠡᠭᠡᠭᠡᠵᠦ᠍ ᠦᠶ᠋ᠯᠡᠳᠪᠦᠷᠢᠯᠡᠬᠦ᠌ ᠶᠠᠪᠤᠴᠠ᠎ᠳᠤ ᠲᠤᠯᠭᠠᠷᠠᠭ᠍ᠰᠠᠨ ᠮᠡᠷᠭᠡᠵᠢᠯ ᠤ᠋ᠨ ᠬᠦᠴᠢᠷ ᠠᠰᠠᠭᠤᠳᠠᠯ ᠢ᠋ ᠰᠤᠳᠤᠯᠤᠨ ᠶᠠᠷᠢᠯᠴᠠᠨ᠎ᠠ᠃ 《ᠡᠨᠡ ᠵᠢᠯ ᠤ᠋ᠨ ᠡᠬᠢᠨ ᠳ᠋ᠤ ᠪᠢᠳᠡ ᠥᠨᠳᠥᠷ ᠨᠡᠮᠡᠯᠲᠡ ᠥᠷᠲᠡᠭ ᠪᠥᠬᠥᠶ ᠦᠶ᠋ᠯᠡᠳᠬᠦᠨ ᠤ᠋ ᠵᠠᠬᠢᠶᠠᠯᠠᠭ᠎ᠠ ᠶ᠋ᠢᠨ ᠬᠠᠭᠤᠳᠠᠰᠤ ᠵᠢ ᠳᠥᠩᠭᠡᠵᠢ ᠲᠣᠰᠴᠤ᠌ ᠣᠯᠤᠭ᠍ᠰᠠᠨ ᠪᠤᠯᠪᠠᠴᠤ ᠲᠣᠰ ᠪᠡᠶ᠎ᠡ ᠶ᠋ᠢᠨ ᠰᠤᠳᠤᠯᠤᠨ ᠨᠡᠭᠡᠭᠡᠬᠦ᠌ ᠴᠢᠳᠠᠪᠤᠷᠢ ᠬᠦᠷᠦᠯᠴᠡᠬᠦ᠌ ᠥᠬᠡᠶ ᠡᠴᠡ ᠪᠣᠯᠵᠣ ᠠᠵᠠ ᠲᠣᠬᠢᠶᠠᠯ ᠢ᠋ ᠠᠯᠳᠠᠬᠤ ᠰᠢᠬᠠᠵᠠᠢ᠃ ᠠᠵᠠ ᠪᠡᠷ ᠥᠪᠥᠷ ᠮᠣᠩᠭᠣᠯ ᠤ᠋ᠨ ᠲᠡᠮᠦᠷᠯᠢᠭ ᠮᠠᠲ᠋ᠧᠷᠢᠶᠠᠯ ᠤ᠋ᠨ ᠰᠤᠳᠤᠯᠭᠠᠨ ᠤ᠋ ᠭᠠᠵᠠᠷ ᠤ᠋ᠨ ᠭᠤᠤ ᠱ᠌ᠢ ᠶᠢᠩ ᠰᠤᠳᠤᠯᠤᠭ᠍ᠴᠢ ᠶ᠋ᠢᠨ ᠬᠠᠪᠰᠤᠷᠤᠯᠭ᠎ᠠ ᠵᠢ ᠣᠯᠵᠤ᠂ ᠮᠠᠰᠢ ᠲᠦᠷᠭᠡᠨ ᠢ᠋ᠶ᠋ᠡᠷ ᠮᠡᠷᠭᠡᠵᠢᠯ ᠤ᠋ᠨ ᠪᠡᠷᠬᠡ ᠰᠡᠳᠦᠪ ᠢ᠋ ᠱᠢᠶ᠋ᠳᠪᠦᠷᠢᠯᠡᠨ᠂ ᠠᠵᠤ ᠠᠬᠤᠢᠯᠠᠯ ᠤ᠋ᠨ ᠪᠠᠴᠢᠮ ᠪᠠᠢᠳᠠᠯ ᠢ᠋ ᠱᠢᠶ᠋ᠳᠪᠦᠷᠢᠯᠡᠪᠡ》 ᠭᠡᠵᠦ ᠪᠤᠭᠤᠲᠤ ᠶ᠋ᠢᠨ ᠬᠥᠩᠭᠡᠨᠴᠠᠭᠠᠨ ᠤ᠋ ᠦᠶ᠋ᠯᠡᠰ ᠤ᠋ᠨ ᠬᠢᠵᠠᠭᠠᠷᠲᠤ ᠺᠣᠮᠫᠠᠨᠢ ᠶ᠋ᠢᠨ ᠲᠥᠷᠥᠯ ᠵᠦᠶ᠋ᠯ ᠤ᠋ᠨ ᠬᠠᠷᠢᠭᠤᠴᠠᠯᠭᠠᠲᠠᠨ ᠬᠡᠯᠡᠨ᠎ᠠ᠃

《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠡᠶ᠎ᠡ ᠶ᠋ᠢᠨ ᠪᠠᠢᠴᠠᠭᠠᠯᠲᠠ》  ᠶ᠋ᠢᠨ ᠦᠷᠭᠦᠯᠵᠢᠯᠡᠨ ᠭᠦᠨᠵᠡᠭᠡᠢᠷᠡᠬᠦ᠌ ᠵᠢ ᠳᠠᠭᠠᠯᠳᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠬᠢᠭᠡᠳ ᠠᠵᠤ ᠦᠶ᠋ᠯᠡᠰ ᠤ᠋ᠨ ᠬᠥᠭ᠌ᠵᠢᠯᠲᠡ ᠶ᠋ᠢᠨ ᠵᠣᠬᠢᠴᠠᠯᠳᠤᠬᠤ ᠬᠡᠮᠵᠢᠶ᠎ᠡ ᠠᠯᠬᠤᠮ ᠠᠯᠬᠤᠮ ᠢ᠋ᠶ᠋ᠡᠷ ᠳᠡᠭᠡᠭ᠌ᠰᠢᠯᠡᠪᠡ ; ᠵᠠᠷᠢᠮ ᠠᠵᠤ ᠠᠬᠤᠢᠯᠠᠯ ᠤ᠋ᠨ ᠱᠢᠨ᠎ᠡ ᠵᠢ ᠡᠭᠦᠳᠬᠦ᠌  ᠤᠬᠠᠮᠰᠠᠷ ᠲᠠᠰᠤᠷᠠᠯᠲᠠ ᠥᠬᠡᠶ ᠴᠢᠩᠭᠠᠷᠠᠵᠤ᠂ 《ᠪᠠᠢᠴᠠᠭᠠᠭ᠍ᠳᠠᠬᠤ ᠡᠲᠡᠭᠡᠳ》 ᠡᠴᠡ 《ᠣᠨᠣᠱᠢᠯᠠᠨ ᠡᠮᠨᠡᠬᠦ᠌ ᠡᠮᠴᠢ 》 ᠪᠣᠯᠵᠣ ᠬᠤᠪᠢᠷᠠᠪᠠ ; ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠭ᠍ᠴᠢ ᠪᠤᠰᠤᠳ ᠠᠵᠤ ᠠᠬᠤᠢᠯᠠᠯ ᠤ᠋ᠨ ᠮᠡᠷᠭᠡᠵᠢᠯ ᠤ᠋ᠨ ᠬᠦᠴᠢᠷ ᠠᠰᠠᠭᠤᠳᠠᠯ ᠢ᠋ ᠱᠢᠶ᠋ᠳᠪᠦᠷᠢᠯᠡᠬᠦ᠌ ᠦᠶᠡᠰ ᠥᠪᠡᠷ ᠤ᠋ᠨ ᠮᠡᠷᠭᠡᠵᠢᠯ ᠪᠠ ᠦᠷ᠎ᠡ ᠪᠦᠲᠦᠭᠡᠯ ᠢ᠋ᠶ᠋ᠡᠨ ᠬᠡᠷᠡᠭ᠌ᠯᠡᠭᠡᠨ ᠳ᠋ᠤ ᠤᠷᠤᠭᠤᠯᠵᠦ᠂ ᠱᠢᠨ᠎ᠡ ᠵᠠᠬᠢᠶᠠᠯᠠᠭ᠎ᠠ ᠣᠯᠵᠤ᠂ ᠱᠢᠨ᠎ᠡ ᠪᠦᠳᠦᠭᠡᠭᠳᠡᠬᠦᠨ ᠦᠢᠯᠡᠳᠪᠠ᠃

ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ ᠤ᠋ᠨ ᠣᠢᠷ᠎ᠠ ᠳ᠋ᠤ ᠳᠠᠷᠤᠮᠠᠯᠯᠠᠨ ᠲᠠᠷᠬᠠᠭᠠᠭ᠍ᠰᠠᠨ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ 2025 ᠣᠨ ᠤ᠋ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠭ᠍ᠴᠢ ᠶ᠋ᠢᠨ ᠠᠵᠢᠯ ᠤ᠋ᠨ ᠬᠡᠷᠡᠭ᠌ᠵᠢᠭᠦᠯᠬᠦ᠌ ᠲᠥᠰᠦᠯ》 ᠎ᠳ᠋ᠤ ᠪᠥᠬᠥ᠌ ᠵᠢᠯ ᠳ᠋ᠤ ᠠᠵᠤ ᠠᠬᠤᠢᠯᠠᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠣᠨᠴᠠ ᠲᠣᠮᠢᠯᠠᠭ᠍ᠳᠠᠭ᠍ᠴᠢ ᠵᠢ 4000 ᠭᠠᠷᠤᠶ ᠰᠣᠩᠭᠣᠨ ᠤᠷᠢᠵᠤ᠂ ᠦᠶ᠋ᠯᠡᠴᠢᠯᠡᠭᠡᠨ ᠤ᠋ ᠠᠵᠤ ᠠᠬᠤᠢᠯᠠᠯ ᠤ᠋ᠨ ᠲᠣᠭ᠎ᠠ ᠵᠢ 13000 ᠭᠠᠷᠤᠶ ᠪᠣᠯᠭᠠᠵᠤ᠂ ᠠᠵᠤ ᠠᠬᠤᠢᠯᠠᠯ ᠳ᠋ᠤ ᠤᠨᠤᠴᠠᠲᠠᠢ ᠦᠶ᠋ᠯᠡᠴᠢᠯᠡᠭᠡ ᠬᠠᠩᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠠ ᠠᠵᠤ ᠦᠶ᠋ᠯᠡᠰ ᠤ᠋ᠨ ᠱᠢᠨ᠎ᠡ ᠵᠢ ᠡᠭᠦᠳᠬᠦ᠌ ᠶ᠋ᠢᠨ ᠭᠦᠨᠵᠡᠭᠡᠶ ᠠᠭᠤᠰᠤᠯᠴᠠᠯ ᠢ᠋ ᠠᠬᠢᠭᠤᠯᠬᠤ ᠪᠡᠷ ᠲᠥᠯᠥᠪᠯᠡᠵᠦ᠍ ᠪᠠᠢᠨ᠎ᠠ ᠭᠡᠵᠦ ᠳᠤᠷᠠᠳᠪᠠ᠃

ᠣᠢᠷ᠎ᠠ ᠳ᠋ᠤ ᠬᠥᠬᠡᠬᠣᠲᠠ ᠶ᠋ᠢᠨ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠠᠮᠠᠭᠠᠯᠠᠯᠲᠠ ᠶ᠋ᠢᠨ ᠲᠥᠪ᠎ᠤᠨ ᠬᠢᠨ ᠥᠪᠥᠷ ᠮᠣᠩᠭᠣᠯ ᠤ᠋ᠨ ᠺᠧ ᠪᠢ ᠲᠧ ᠠᠭᠠᠷ ᠤ᠋ᠨ ᠠᠶᠠᠯᠠᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠲᠠᠢ ᠬᠠᠮᠲᠤᠷᠠᠨ 《ᠵᠢᠯᠣᠭᠣᠴᠢ ᠥᠬᠡᠶ ᠨᠢᠰᠭᠡᠯ ᠤ᠋ᠨ ᠠᠯᠤᠰ ᠡᠵᠡᠮᠳᠡᠯ + ᠵᠣᠬᠢᠶᠠᠮᠠᠯ ᠣᠶᠤᠨ ᠴᠢᠳᠠᠪᠤᠷᠢ》  ᠶ᠋ᠢᠨ ᠮᠡᠷᠭᠡᠵᠢᠯ ᠢ᠋ ᠨᠠᠷᠠᠰᠤᠨ ᠮᠠᠲ᠋ᠧᠷᠢᠶᠠᠯ ᠤ᠋ᠨ ᠤᠲᠠᠰᠤᠯᠢᠭ ᠬᠣᠷᠣᠬᠠᠶ ᠶ᠋ᠢᠨ ᠡᠪᠡᠳᠴᠢᠨ ᠢ᠋ ᠨᠡᠢᠳᠡᠮ ᠪᠠᠢᠴᠠᠭᠠᠬᠤ ᠳᠤᠮᠳᠠ ᠭᠦᠨᠵᠡᠭᠡᠶ ᠬᠡᠷᠡᠭ᠌ᠯᠡᠬᠦ᠌ ᠵᠢ ᠢᠳᠡᠪᠬᠢᠲᠡᠶ ᠰᠦᠪᠡᠭ᠌ᠴᠢᠯᠡᠪᠡ᠃ ᠱᠢᠨ᠎ᠡ ᠬᠣᠲᠠ ᠲᠣᠭᠣᠷᠢᠭ ᠤ᠋ᠨ 3 ᠲᠡᠭ᠌ᠰᠢ ᠳᠥᠷᠪᠡᠯᠵᠢᠨ ᠺᠢᠯᠣᠮᠧᠲ᠋ᠷ ᠣᠷᠴᠢᠮ ᠤ᠋ᠨ ᠨᠠᠷᠠᠰᠤᠨ ᠣᠶ ᠶ᠋ᠢᠨ ᠲᠤᠷᠱᠢᠯᠲᠠ ᠶ᠋ᠢᠨ ᠬᠡᠷᠡᠭ᠌ᠯᠡᠭᠡᠨ ᠳ᠋ᠤ ᠦᠷ᠎ᠡ ᠪᠦᠲᠦᠮᠵᠢ ᠨᠢ ᠤᠯᠠᠮᠵᠢᠯᠠᠯᠲᠤ ᠬᠥᠮᠦᠨ ᠤ᠋ ᠬᠦᠴᠦᠨ ᠤ᠋ ᠨᠡᠢᠳᠡᠮ ᠪᠠᠢᠴᠠᠭᠠᠯᠲᠠ ᠡᠴᠡ 8 ᠳᠠᠬᠢᠨ ᠳᠡᠭᠡᠭ᠌ᠰᠢᠯᠡᠵᠦ᠍᠂ ᠥᠪᠡᠷ ᠤ᠋ᠨ ᠥᠷᠲᠡᠭ ᠨᠢ 60% ᠪᠡᠷ ᠪᠠᠭᠤᠷᠠᠵᠤ᠂ ᠨᠠᠷᠠᠰᠤᠨ ᠮᠠᠲ᠋ᠧᠷᠢᠶᠠᠯ ᠤ᠋ᠨ ᠤᠲᠠᠰᠤᠯᠢᠭ ᠬᠣᠷᠣᠬᠠᠶ ᠶ᠋ᠢᠨ ᠡᠪᠡᠳᠴᠢᠨ ᠤ᠋ ᠨᠡᠢᠳᠡᠮ ᠪᠠᠢᠴᠠᠭᠠᠯᠲᠠ ᠵᠢ 《ᠤᠯᠠᠨ ᠬᠦᠮᠦᠨ ᠤᠷᠤᠯᠴᠠᠬᠤ ᠠᠷᠭ᠎ᠠ》 ᠡᠴᠡ ᠣᠶᠤᠨᠴᠢ ᠰᠡᠷᠭᠡᠢᠯᠡᠨ ᠡᠵᠡᠮᠳᠡᠬᠦ᠌ ᠵᠠᠭ᠍ᠪᠤᠷ ᠪᠣᠯᠭᠠᠨ ᠠᠮᠵᠢᠯᠲᠠ ᠲᠠᠢ ᠲᠠᠰ ᠳᠡᠪᠱᠢᠭᠦᠯᠪᠡ᠃

2021 ᠣᠨ ᠤ᠋ 9 ᠰᠠᠷ᠎ᠠ ᠳ᠋ᠤ ᠬᠥᠬᠡᠬᠣᠲᠠ ᠳ᠋ᠤ ᠨᠤᠲᠤᠭ᠍ᠰᠢᠭ᠍ᠰᠠᠨ ᠡᠴᠡ 2023 ᠣᠨ ᠳ᠋ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠡᠯᠪᠡᠷᠢ ᠶ᠋ᠢᠨ ᠳᠤᠮᠳᠠ ᠪᠠᠭ᠎ᠠ ᠠᠵᠤ ᠠᠬᠤᠢᠯᠠᠯ ᠢ᠋ᠶ᠋ᠡᠷ ᠬᠢᠨᠠᠨ ᠲᠣᠭ᠍ᠲᠠᠭᠠᠬᠳᠠᠵᠤ᠂ 2024 ᠣᠨ ᠳ᠋ᠤ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ ᠪᠣᠯᠤᠨ ᠪᠣᠢᠵᠢᠬᠤ ᠣᠬᠣᠷᠬᠠᠨ ᠬᠡᠳᠦᠨ ᠵᠢᠯ ᠤ᠋ᠨ ᠬᠤᠭᠤᠴᠠᠭᠠᠨ ᠳ᠋ᠤ ᠥᠪᠥᠷ ᠮᠣᠩᠭᠣᠯ ᠤ᠋ᠨ ᠺᠸ ᠪᠢ ᠲᠸ ᠠᠭᠠᠷ ᠤ᠋ᠨ ᠠᠶᠠᠯᠠᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠨᠢᠭᠡᠨᠲᠡ 20 ᠭᠠᠷᠤᠢ ᠶᠡᠬᠡ ᠳᠡᠭᠡᠳᠦ ᠰᠤᠷᠭᠠᠭᠤᠯᠢ ᠲᠠᠢ ᠭᠦᠨᠵᠡᠭᠡᠢ ᠬᠠᠮᠲᠤᠷᠠᠯᠴᠠᠵᠤ᠂ 《ᠰᠤᠷᠭᠠᠭᠤᠯᠢ ᠶ᠋ᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠣᠭᠣᠮᠲᠠ ᠱᠢᠪᠲᠤᠯᠤᠯᠲᠠ — ᠠᠵᠤ ᠠᠬᠤᠢᠯᠠᠯ ᠤ᠋ᠨ ᠦᠷ᠎ᠡ ᠪᠦᠲᠦᠭᠡᠯ ᠢ᠋ ᠣᠨᠳᠣᠣᠱᠢᠭᠤᠯᠬᠤ — ᠠᠵᠤ ᠦᠢᠯᠡᠰ ᠤ᠋ᠨ ᠴᠢᠳᠠᠪᠤᠷᠢᠲᠠᠨ ᠢ᠋ ᠬᠠᠮᠲᠤ ᠪᠡᠷ ᠪᠣᠢᠵᠢᠭᠤᠯᠬᠤ》 ᠱᠢᠨ᠎ᠡ ᠵᠢ ᠡᠭᠦᠳᠬᠦ᠌ ᠪᠠᠢᠳᠠᠯ ᠢ᠋ ᠪᠤᠢ ᠪᠣᠯᠭᠠᠪᠠ᠃ 《ᠺᠣᠮᠫᠠᠨᠢ ᠪᠠᠢᠭᠤᠯᠤᠭ᠍ᠳᠠᠭ᠍ᠰᠠᠨ ᠡᠴᠡ ᠪᠠᠨ ᠪᠤᠵᠠᠭᠠᠢᠷᠠᠲᠠᠯ᠎ᠠ ᠵᠠᠰᠠᠭ ᠤ᠋ᠨ ᠣᠷᠳᠣᠨ ᠡᠴᠡ ᠮᠠᠰᠢ ᠤᠯᠠᠨ ᠲᠦᠷᠦᠯ ᠵᠦᠢᠯ ᠤ᠋ᠨ ᠳᠡᠮᠵᠢᠯᠭᠡ᠂ ᠪᠡᠯᠡ ᠮᠥᠩᠭᠥ ᠶ᠋ᠢᠨ ᠳᠡᠮᠵᠢᠯᠭᠡ ᠪᠣᠯᠤᠨ ᠭᠠᠢᠯᠢ ᠲᠠᠲᠠᠪᠤᠷᠢ ᠶ᠋ᠢᠨ ᠬᠠᠷᠠᠭᠠᠯᠵᠠᠯ ᠦᠵᠡᠭᠦᠯᠪᠡ᠃ ᠡᠨᠡ ᠵᠢᠯ ᠤ᠋ᠨ ᠲᠦᠷᠦᠭᠦᠦ ᠤᠯᠠᠷᠢᠯ ᠳ᠋ᠤ ᠠᠵᠤ ᠠᠬᠤᠢᠯᠠᠯ ᠤ᠋ᠨ ᠵᠠᠬᠢᠶᠠᠯᠠᠭ᠎ᠠ ᠶ᠋ᠢᠨ ᠬᠡᠮᠵᠢᠶ᠎ᠡ ᠨᠢᠳᠤᠨᠤᠨ ᠤ᠋ ᠬᠢ ᠡᠴᠡ 30% ᠪᠡᠷ ᠨᠡᠮᠡᠭ᠌ᠳᠡᠵᠦ᠍᠂ ᠪᠣᠷᠣᠯᠠᠭᠤᠯᠭ᠎ᠠ ᠶ᠋ᠢᠨ ᠲᠣᠭ᠎ᠠ ᠨᠢᠭᠡᠨᠲᠡ 1000 ᠲᠦᠮᠡ ᠵᠢ ᠳᠠᠪᠠᠪᠠ 》 ᠭᠡᠵᠦ᠍  ᠲᠣᠰ ᠺᠣᠮᠫᠠᠨᠢ ᠶ᠋ᠢᠨ ᠵᠠᠬ᠎ᠠ ᠳᠡᠯᠭᠡᠭᠦᠷ ᠤ᠋ᠨ ᠶᠡᠷᠦᠩᠬᠡᠶ ᠬᠢᠨᠠᠭ᠍ᠴᠢ ᠯᠢ ᠶᠤᠸᠠᠨ ᠶᠤᠸᠠᠨ ᠰᠤᠷᠪᠤᠯᠵᠢᠯᠠᠭᠴᠢ᠎ᠳᠤ ᠬᠡᠯᠡᠨ᠎ᠠ᠃

2024 ᠣᠨ ᠡᠴᠡ ᠨᠠᠭᠠᠰᠢ ᠥᠪᠥᠷ ᠮᠣᠩᠭᠣᠯ ᠱᠢᠨ᠎ᠡ ᠵᠢ ᠡᠭᠦᠳᠬᠦ᠌ ᠬᠡᠯᠪᠡᠷᠢ ᠶ᠋ᠢᠨ ᠠᠵᠤ ᠠᠬᠤᠢᠯᠠᠯ ᠤ᠋ᠨ 《 ᠬᠣᠶᠠᠷ ᠢ᠋ ᠳᠠᠬᠢᠨ ᠢ᠋ᠶ᠋ᠡᠷ ᠨᠡᠮᠡᠭ᠌ᠳᠡᠭᠦᠯᠵᠦ᠍ ᠬᠣᠶᠠᠷ ᠢ᠋ ᠳᠡᠭᠡᠭ᠌ᠰᠢᠯᠡᠭᠦᠯᠬᠦ᠌ 》ᠠᠵᠢᠯᠯᠠᠭ᠎ᠠ ᠵᠢ ᠲᠦᠷᠭᠡᠳᠭᠡᠨ ᠠᠬᠢᠭᠤᠯᠵᠤ᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠯᠪᠡᠷᠢ ᠶ᠋ᠢᠨ ᠳᠤᠮᠳᠠ ᠪᠠᠭ᠎ᠠ ᠠᠵᠤ ᠠᠬᠤᠢᠯᠠᠯ — ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ — ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠡᠪ ᠳᠠᠭᠤᠷᠢᠶᠠᠯᠲᠤ ᠠᠵᠤ ᠠᠬᠤᠢᠯᠠᠯ》 ᠢ᠋ ᠱᠠᠲᠤᠯᠢᠭ ᠢ᠋ᠶ᠋ᠡᠷ ᠪᠣᠢᠵᠢᠭᠤᠯᠬᠤ ᠲᠣᠭ᠍ᠲᠠᠴᠠ ᠵᠢ ᠲᠡᠭᠦᠯᠳᠡᠷᠵᠢᠭᠦᠯᠪᠡ᠃ 《ᠠᠷᠪᠠᠨ ᠳᠥᠷᠪᠡᠳᠦᠭᠡᠷ ᠲᠠᠪᠤᠨ ᠵᠢᠯ》  ᠤ᠋ᠨ ᠡᠭᠦᠷᠭᠡ ᠵᠢ ᠤᠷᠢᠳᠴᠢᠯᠠᠨ ᠪᠡᠶᠡᠯᠡᠭᠦᠯᠵᠦ᠍᠂ ᠪᠥᠬᠥ᠌ ᠣᠷᠣᠨ ᠤ᠋ ᠳᠡᠭᠡᠳᠦ ᠱᠢᠨ᠎ᠡ ᠮᠡᠷᠭᠡᠵᠢᠯ ᠤ᠋ᠨ ᠠᠵᠤ ᠠᠬᠤᠢᠯᠠᠯ 2002 ᠎ᠪᠤᠯᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠡᠯᠪᠡᠷᠢ ᠶ᠋ᠢᠨ ᠳᠤᠮᠳᠠ ᠪᠠᠭ᠎ᠠ ᠠᠵᠤ ᠠᠬᠤᠢᠯᠠᠯ 3392 ᠎ᠪᠤᠯᠪᠠ᠃

ᠲᠠᠪᠴᠠᠩ ᠢ᠋ ᠰᠠᠢᠲᠤᠷ ᠠᠱᠢᠭ᠍ᠯᠠᠵᠤ ᠦᠷ᠎ᠡ ᠪᠦᠲᠦᠭᠡᠯ ᠤ᠋ᠨ ᠤᠨᠳᠤᠤᠰᠢᠭᠤᠯᠤᠯᠲᠠ ᠵᠢ ᠲᠦᠷᠭᠡᠳᠭᠡᠨ᠎ᠠ

ᠠᠷᠠᠯᠵᠢᠶ᠎ᠠ ᠪᠦᠲᠦᠭ᠌ᠰᠡᠨ ᠲᠣᠭ᠎ᠠ 1450 ᠲᠦᠮᠡᠨ ᠲᠥᠭᠥᠷᠢᠭ ᠬᠦᠷᠪᠡ ! ᠣᠢᠷ᠎ᠠ ᠳ᠋ᠤ ᠥᠪᠥᠷ ᠮᠣᠩᠭᠣᠯ ᠤ᠋ᠨ ᠪᠤᠭᠤᠲᠤ ᠶ᠋ᠢᠨ ᠪᠣᠯᠣᠳ ᠲᠡᠮᠦᠷ ᠤ᠋ᠨ ᠬᠣᠯᠪᠣᠭᠠᠲᠤ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ 《ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ》 ᠱᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ ᠲᠠᠪᠴᠠᠩ ᠢ᠋ᠶ᠋ᠡᠷ ᠳᠠᠮᠵᠢᠨ ᠠᠷᠠᠯᠵᠢᠶ᠎ᠠ ᠳᠦᠰᠦᠪᠯᠡᠭᠴᠢ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠡᠬᠢ ᠪᠠᠶᠠᠯᠢᠭ ᠢ᠋ ᠣᠷᠣᠭᠤᠯᠤᠨ ᠠᠪᠴᠢᠷᠠᠵᠤ᠂ ᠱᠠᠩᠬᠠᠶ ᠶ᠋ᠢᠨ ᠹᠸᠩ ᠱ᠌ᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠢᠵᠠᠭᠠᠷᠲᠤ ᠺᠣᠮᠫᠠᠨᠢ ᠶ᠋ᠢᠨ ᠭᠤᠷᠪᠠᠨ ᠵᠦᠶ᠋ᠯ ᠤ᠋ᠨ ᠲᠤᠰᠭᠠᠶ ᠠᠱᠢᠭ ᠤ᠋ᠨ ᠮᠡᠷᠭᠡᠵᠢᠯ ᠤ᠋ᠨ ᠦᠷ᠎ᠡ ᠪᠦᠲᠦᠭᠡᠯ ᠢ᠋ ᠠᠮᠵᠢᠯᠲᠠ ᠲᠠᠢ ᠭᠥᠯᠢᠶᠡᠨ ᠠᠪᠴᠠᠶ᠃ ᠡᠨᠡ ᠪᠣᠯ  《ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ》 ᠱᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ ᠲᠠᠪᠴᠠᠩ ᠤ᠋ᠨ ᠠᠩᠬᠠᠨ ᠤ᠋ ᠬᠠᠭᠤᠳᠠᠰᠤ ᠪᠥᠬᠥ᠌ ᠶᠠᠪᠤᠴᠠ ᠶ᠋ᠢ ᠰᠦᠯᠵᠢᠶᠡᠨ ᠳᠡᠭᠡᠷ᠎ᠡ ᠶᠠᠪᠤᠬᠳᠠᠭᠤᠯᠤᠬᠰᠠᠨ ᠠᠷᠠᠯᠵᠢᠶᠠᠨ ᠤ᠋ ᠵᠣᠭᠣᠰ ᠤ᠋ᠨ ᠲᠣᠭ᠎ᠠ ᠬᠠᠮᠤᠭ ᠤ᠋ᠨ ᠶᠡᠬᠡ ᠮᠡᠷᠭᠡᠵᠢᠯ ᠤ᠋ᠨ ᠦᠷ᠎ᠡ ᠪᠦᠲᠦᠭᠡᠯ ᠤ᠋ᠨ ᠠᠷᠠᠯᠵᠢᠶᠠᠨ ᠤ᠋ ᠲᠥᠷᠥᠯ ᠵᠦᠶ᠋ᠯ ᠪᠣᠯᠬᠤ ᠪᠥᠭᠡᠳ ᠪᠠᠰᠠ ᠴᠤ᠌ ᠲᠠᠪᠴᠠᠩ ᠨᠢ ᠵᠠᠬ᠎ᠠ ᠳᠡᠯᠭᠡᠭᠦᠷᠴᠢᠯᠡᠭ᠌ᠰᠡᠨ ᠠᠷᠭ᠎ᠠ ᠬᠡᠯᠪᠡᠷᠢ ᠪᠡᠷ  ᠳᠠᠮᠵᠢᠨ ᠠᠷᠠᠯᠵᠢᠶ᠎ᠠ ᠳᠦᠰᠦᠪᠯᠡᠭᠴᠢ ᠵᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠡᠬᠢ ᠪᠠᠶᠠᠯᠢᠭ ᠢ᠋ ᠥᠪᠥᠷ ᠮᠣᠩᠭᠣᠯ ᠳ᠋ᠤ ᠣᠷᠣᠭᠤᠯᠤᠨ ᠠᠪᠴᠢᠷᠠᠭ᠍ᠰᠠᠨ ᠠᠮᠢᠳᠤᠯᠢᠭ ᠦᠶ᠋ᠯᠡᠳᠦᠯᠭᠡ ᠪᠣᠯᠤᠨ᠎ᠠ᠃

《ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ》 ᠱᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ ᠲᠠᠪᠴᠠᠩ ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠦᠷ᠎ᠡ ᠪᠦᠲᠦᠭᠡᠯ ᠬᠢᠭᠡᠳ ᠠᠵᠤ ᠦᠶ᠋ᠯᠡᠰ ᠤ᠋ᠨ ᠬᠡᠷᠡᠭ᠌ᠴᠡᠭᠡ ᠱᠠᠭᠠᠷᠳᠠᠯᠭ᠎ᠠ ᠶ᠋ᠢᠨ ᠬᠣᠭᠣᠷᠣᠨᠳᠣᠬᠢ ᠬᠥᠭᠥᠷᠭᠡ ᠬᠣᠯᠪᠣᠭᠠᠰᠤ ᠵᠢ ᠴᠢᠷᠮᠠᠢᠨ ᠪᠠᠢᠭᠤᠯᠵᠤ᠂ ᠵᠠᠬ᠎ᠠ ᠳᠡᠯᠭᠡᠭᠦᠷᠴᠢᠯᠡᠭ᠌ᠰᠡᠨ ᠲᠣᠭ᠍ᠲᠠᠴᠠ ᠪᠡᠷ ᠦᠷ᠎ᠡ ᠪᠦᠲᠦᠭᠡᠯ ᠢ᠋ ᠤᠨᠳᠤᠤᠰᠢᠭᠤᠯᠬᠤ ᠬᠦᠴᠢᠷ ᠠᠰᠠᠭᠤᠳᠠᠯ ᠢ᠋ ᠱᠢᠶ᠋ᠳᠪᠦᠷᠢᠯᠡᠨ᠂ ᠲᠠᠪᠴᠠᠩ ᠤ᠋ᠨ ᠮᠡᠳᠡᠭᠡ ᠵᠠᠩᠭᠢ ᠵᠢ ᠬᠤᠷᠠᠮᠳᠤᠭᠤᠯᠬᠤ᠂ ᠡᠬᠢ ᠪᠠᠶᠠᠯᠢᠭ ᠢ᠋ ᠱᠢᠯᠢᠳᠡᠭ᠌ᠵᠢᠭᠦᠯᠦᠨ ᠳᠣᠭᠢᠷᠠᠭᠤᠯᠬᠤ ᠦᠶ᠋ᠯᠡᠳᠦᠯ ᠢ᠋ ᠭᠦᠶ᠋ᠴᠡᠳ ᠪᠠᠳᠠᠷᠠᠭᠤᠯᠵᠤ᠂ ᠮᠡᠷᠭᠡᠵᠢᠯ ᠤ᠋ᠨ ᠬᠠᠩᠭᠠᠯᠭ᠎ᠠ ᠶ᠋ᠢᠨ ᠲᠠᠯ᠎ᠠ ᠬᠢᠭᠡᠳ ᠬᠡᠷᠡᠭ᠌ᠴᠡᠭᠡ ᠱᠠᠭᠠᠷᠳᠠᠯᠭ᠎ᠠ ᠶ᠋ᠢᠨ ᠲᠠᠯ᠎ᠠ ᠵᠢ ᠤᠨᠤᠴᠠᠲᠠᠢ ᠪᠡᠷ ᠬᠣᠯᠪᠣᠵᠤ᠂ ᠮᠡᠳᠡᠭᠡ ᠵᠠᠩᠭᠢ ᠶ᠋ᠢᠨ ᠪᠡᠬᠢᠯᠡᠯᠲᠡ ᠵᠢ ᠡᠪᠳᠡᠨ᠂ ᠠᠷᠠᠯᠵᠢᠶᠠᠨ ᠤ᠋ ᠦᠷ᠎ᠡ ᠪᠦᠲᠦᠮᠵᠢ ᠵᠢ ᠳᠡᠭᠡᠭ᠌ᠰᠢᠯᠡᠭᠦᠯᠪᠡ᠃

《ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ》 ᠱᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ ᠲᠠᠪᠴᠠᠩ ᠤ᠋ᠨ ᠢᠳᠡᠪᠬᠢᠲᠡᠶ ᠠᠬᠢᠭᠤᠯᠤᠯ ᠳᠤᠤᠷ᠎ᠠ 2025 ᠣᠨ ᠤ᠋ ᠲᠦᠷᠦᠭᠦᠦ ᠤᠯᠠᠷᠢᠯ ᠳ᠋ᠤ ᠪᠥᠬᠥ᠌ ᠣᠷᠣᠨ ᠳ᠋ᠤ ᠡᠯ᠎ᠡ ᠲᠥᠷᠥᠯ ᠤ᠋ᠨ ᠮᠡᠷᠭᠡᠵᠢᠯ ᠤ᠋ᠨ ᠭᠡᠷ᠎ᠡ ᠵᠢ ᠨᠡᠢᠲᠡ 675 ᠵᠦᠶ᠋ᠯ ᠬᠢᠨᠠᠨ ᠲᠣᠭ᠍ᠲᠠᠭᠠᠵᠤ ᠳᠡᠩᠰᠡᠯᠡᠨ᠂ ᠮᠡᠷᠭᠡᠵᠢᠯ ᠤ᠋ᠨ ᠭᠡᠷ᠎ᠡ ᠶ᠋ᠢᠨ ᠠᠷᠠᠯᠵᠢᠶ᠎ᠠ ᠪᠦᠲᠦᠭ᠌ᠰᠡᠨ ᠵᠤᠭᠤᠰ ᠤ᠋ᠨ ᠲᠣᠭ᠎ᠠ 11.67 ᠳ᠋ᠦᠩᠱᠢᠭᠤᠷ ᠲᠥᠭᠥᠷᠢᠭ ᠢ᠋ ᠪᠡᠶᠡᠯᠡᠭᠦᠯᠵᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋᠎ᠬᠢ ᠲᠠᠢ ᠬᠠᠷᠢᠴᠠᠭᠤᠯᠪᠠᠯ ᠲᠣᠰ ᠲᠣᠰ 113.61% ᠪᠠ 110.16% ᠪᠡᠷ ᠨᠡᠮᠡᠭ᠌ᠳᠡᠵᠦ᠍᠂ 《ᠬᠣᠶᠠᠷ ᠳᠠᠬᠢᠨ ᠪᠣᠯᠲᠠᠯ᠎ᠠ ᠨᠡᠮᠡᠭ᠌ᠳᠡᠭᠦᠯᠬᠦ᠌ 》  ᠵᠢ ᠪᠡᠶᠡᠯᠡᠭᠦᠯᠵᠦ᠍ ᠂ ᠪᠥᠬᠥ᠌ ᠣᠷᠣᠨ ᠤ᠋ ᠮᠡᠷᠭᠡᠵᠢᠯ ᠤ᠋ᠨ ᠭᠡᠷ᠎ᠡ ᠶ᠋ᠢᠨ ᠳᠡᠩᠰᠡᠯᠡᠯᠲᠡ ᠰᠠᠢᠨ ᠡᠬᠢᠯᠡᠯᠲᠡ ᠵᠢ ᠪᠡᠶᠡᠯᠡᠭᠦᠯᠪᠡ ᠃

ᠡᠭᠦᠨ ᠤ᠋ ᠬᠠᠮᠲᠤ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ 《〈ᠦᠪᠦᠷ ᠮᠤᠨᠭᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠬᠯᠠᠷᠠᠯ〉  ᠤ᠋ᠨ ᠱᠢᠨ᠎ᠡ ᠵᠢ ᠡᠭᠦᠳᠬᠦ ᠪᠡᠷ ᠬᠥᠳᠡᠯᠭᠡᠭᠦᠷ ᠪᠣᠯᠭᠠᠬᠤ ᠲᠠᠪᠴᠠᠩ ᠤ᠋ᠨ ᠦᠶ᠋ᠯᠡᠳᠦᠯ ᠢ᠋ᠶ᠋ᠡᠨ ᠪᠠᠳᠠᠷᠠᠭᠤᠯᠬᠤ ᠵᠢ ᠳᠡᠮᠵᠢᠬᠦ᠌ ᠠᠷᠭ᠎ᠠ ᠬᠡᠮᠵᠢᠶ᠎ᠡ᠎ᠨᠦᠭᠦᠳ》᠂ 《2025 ᠣᠨ ᠤ᠋ ᠮᠡᠷᠭᠡᠵᠢᠯ ᠤ᠋ᠨ ᠭᠡᠷ᠎ᠡ ᠵᠢ ᠬᠢᠨᠠᠨ ᠲᠣᠭ᠍ᠲᠠᠭᠠᠵᠤ ᠳᠠᠩᠰᠠᠯᠠᠬᠤ ᠠᠵᠢᠯ ᠢ᠋ ᠰᠠᠢᠲᠤᠷ ᠬᠢᠬᠦ᠌ ᠲᠤᠬᠠᠶ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ ᠤ᠋ᠨ ᠮᠡᠳᠡᠭ᠌ᠳᠡᠯ》 ᠵᠡᠷᠭᠡ ᠪᠢᠴᠢᠭ ᠮᠠᠲ᠋ᠧᠷᠢᠶᠠᠯ ᠢ᠋ ᠳᠠᠷᠤᠮᠠᠯᠯᠠᠨ ᠲᠠᠷᠬᠠᠭᠠᠵᠤ᠂ ᠨᠠᠩ ᠣᠯᠠᠨ ᠱᠢᠨ᠎ᠡ ᠵᠢ ᠡᠭᠦᠳᠬᠦ᠌ ᠭᠤᠤᠯ ᠴᠣᠭ᠍ᠴᠠ ᠶ᠋ᠢᠨ ᠲᠠᠪᠴᠠᠩ ᠳ᠋ᠤ ᠭᠠᠷᠴᠤ᠌᠂ ᠲᠠᠪᠴᠠᠩ ᠬᠡᠷᠡᠭ᠌ᠯᠡᠬᠦ᠌ ᠵᠢ ᠤᠷᠮᠠᠱᠢᠭᠤᠯᠵᠤ᠂ ᠮᠡᠷᠭᠡᠵᠢᠯ ᠤ᠋ᠨ ᠦᠷ᠎ᠡ ᠪᠦᠲᠦᠭᠡᠯ ᠢ᠋ ᠥᠨᠳᠥᠷ ᠪᠦᠲᠦᠮᠵᠢᠲᠡᠶ ᠪᠡᠷ ᠡᠷᠭᠢᠯᠳᠦᠭᠦᠯᠬᠦ᠌ ᠳ᠋ᠤ ᠨᠠᠩ ᠰᠠᠭᠠᠳ ᠦᠭᠡᠢ ᠨᠡᠪᠲᠡᠷᠡᠬᠦ ᠬᠥᠭᠥᠷᠭᠡ ᠲᠠᠯᠪᠢᠵᠤ ᠥᠭ᠌ᠪᠡ᠃

ᠴᠢᠨᠠᠷ ᠰᠠᠢᠲᠠᠢ ᠬᠥᠭ᠌ᠵᠢᠯᠲᠡ ᠶ᠋ᠢᠨ ᠠᠶᠠᠨ ᠵᠠᠮ ᠳ᠋ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠣᠯ ᠢᠮᠠᠭ᠍ᠲᠠ ᠬᠠᠷᠰᠢ ᠰᠠᠭᠠᠳ ᠢ᠋ ᠡᠪᠳᠡᠨ ᠢᠯᠠᠯᠲᠠ ᠤᠯᠬᠤ ᠶ᠋ᠢᠨ ᠵᠠᠩᠭᠢᠯᠠᠭ᠎ᠠ ᠶ᠋ᠢᠨ ᠲᠦᠯᠬᠢᠭᠦᠷ ᠪᠣᠯᠤᠭ᠍ᠰᠠᠭᠠᠷ ᠢᠷᠡᠵᠠᠢ᠃ ᠤᠮᠠᠷᠠᠲᠤ ᠬᠢᠯᠢ ᠶ᠋ᠢᠨ ᠡᠬᠡ ᠭᠠᠵᠠᠷ ᠢ᠋ ᠪᠠᠷᠠᠯᠠᠬᠤᠶ᠎ᠠ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠱᠢᠨ᠎ᠡ ᠵᠢ ᠡᠭᠦᠳᠦᠭ᠌ᠰᠡᠨ ᠦᠷ᠎ᠡ ᠪᠦᠲᠦᠭᠡᠯ ᠲᠠᠰᠤᠷᠠᠯᠲᠠ ᠦᠭᠡᠢ ᠴᠣᠯᠭᠣᠷᠠᠨ ᠭᠠᠷᠴᠤ᠌᠂ ᠥᠪᠥᠷ ᠮᠣᠩᠭᠣᠯ ᠶᠠᠭ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠦᠷ᠎ᠡ ᠪᠦᠲᠦᠭᠡᠯ ᠢ᠋ ᠪᠣᠳᠠᠲᠤ ᠦᠢᠯᠡᠳᠪᠦᠷᠢᠯᠡᠯ ᠤ᠋ᠨ ᠬᠦᠴᠦᠨ ᠪᠣᠯᠭᠠᠨ ᠤᠨᠳᠤᠤᠰᠢᠭᠤᠯᠬᠤ ᠵᠢ ᠪᠦᠬᠦ᠌ ᠬᠦᠴᠦᠨ ᠢ᠋ᠶ᠋ᠡᠷ ᠢ᠋ᠶ᠋ᠡᠨ ᠠᠬᠢᠭᠤᠯᠵᠤ᠂ ᠨᠡᠩ ᠤᠯᠠᠨ ᠱᠢᠨ᠎ᠡ ᠵᠢ ᠡᠭᠦᠳᠦᠭ᠌ᠰᠡᠨ ᠦᠷ᠎ᠡ ᠪᠦᠲᠦᠭᠡᠯ ᠢ᠋ ᠡᠨᠡ ᠬᠦ᠌ ᠦᠩ ᠱᠢᠮᠡᠯᠢᠭ ᠬᠥᠷᠥᠰᠥᠨ ᠳ᠋ᠤ ᠲᠤᠭᠤᠰᠢᠳᠠᠢ  ᠨᠠᠢᠳᠠᠪᠤᠷᠢᠵᠢᠭᠤᠯᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号