ᠡᠬᠢᠨᠬᠤᠳᠳᠤᠭ ᠭᠠᠴᠠᠭ᠎ᠠ᠄ ᠨᠠᠮ᠎ᠤᠨ ᠪᠠᠢᠭᠤᠯᠤᠯᠲᠠ᠎ᠪᠠᠷ ᠬᠥᠲᠥᠯᠤᠨ ᠲᠠᠭᠠᠭᠤᠯᠵᠤ ᠬᠥᠭ᠌ᠵᠢᠯᠲᠡ᠎ᠶ᠋ᠢ ᠠᠬᠢᠭᠤᠯᠵᠤ ᠲᠣᠰᠭᠣᠨ᠎ᠢᠶᠠᠨ ᠭᠣᠶᠣᠵᠢᠭᠤᠯᠵᠤ ᠠᠷᠠᠳ᠎ᠢᠶᠠᠨ ᠪᠠᠶᠠᠵᠢᠭᠤᠯᠵᠤ ᠠᠵᠤ ᠦᠶ᠋ᠯᠡᠰ᠎ᠢᠶᠡᠨ ᠬᠥᠭ᠌ᠵᠢᠭᠦᠯᠦᠨ᠎ᠠ
2025-07-09 16:47:58
ᠵᠣᠬᠢᠶᠠᠭ᠍ᠴᠢ᠄
​ ᠯᠢᠦ ᠬᠤᠩ ᠵᠠᠩ
ᠣᠩᠱᠢᠭ᠍ᠰᠠᠨ ᠣᠳᠠᠭ᠎ᠠ᠄
★★★☆☆

ᠲᠡᠭᠰᠢ ᠰᠠᠢᠬᠠᠨ ᠴᠠᠷᠳᠠᠮᠠᠯ ᠵᠠᠮ᠎ᠤᠨ ᠬᠣᠶᠠᠷ ᠲᠠᠯ᠎ᠠ ᠪᠠᠷ ᠮᠣᠳᠣᠳ ᠬᠥᠬᠡᠷᠡᠨ ᠨᠣᠭᠣᠭᠠᠷᠠᠵᠤ᠂ ᠦᠪᠡᠷᠮᠢᠴᠡ ᠤᠨᠴᠠᠯᠢᠬᠳᠤ ᠵᠤᠰᠠᠯᠠᠩ ᠪᠣᠯᠤᠨ ᠸᠠᠭᠠᠷ ᠲᠣᠭᠣᠰᠭᠠᠨ ᠪᠠᠢᠱᠢᠩ ᠵᠢᠭ᠌ᠳᠡᠷᠡᠨ᠂ 《 ᠸᠠᠩ ᠣᠪᠣᠭ᠍ᠲᠤ᠎ᠶ᠋ᠢᠨ ᠲᠣᠮᠣ ᠬᠦᠷᠢᠶ᠎ᠡ》᠂ 《ᠮᠠᠶ ᠱᠢᠶᠠᠩ ᠲᠣᠰᠭᠣᠨ》 ᠂ 《ᠵᠢᠤᠢ ᠮᠧᠶ ᠬᠣᠭᠣᠯᠠᠨ ᠬᠡᠷ》 ᠵᠡᠷᠭᠡ ᠠᠷᠠᠳ᠎ᠤᠨ ᠪᠠᠭᠤᠳᠠᠯ ᠢᠳᠡᠭᠡᠨ ᠤᠮᠳᠠᠭᠠᠨ᠎ᠤ ᠭᠠᠵᠠᠷ᠎ᠤ᠋ᠤᠨ  ᠵᠠᠯᠭᠠᠯᠳᠤᠵᠤ᠂ ᠰᠡᠯᠡᠭᠦᠴᠡᠯ᠎ᠦᠨ ᠠᠭᠤᠳᠠᠮ ᠲᠠᠯᠠᠪᠠᠶ᠎ᠳ᠋ᠤ ᠣᠯᠠᠨ ᠨᠡᠢᠲᠡ᠎ᠶ᠋ᠢᠨ ᠪᠡᠶ᠎ᠡ ᠴᠢᠭᠢᠷᠠᠭ᠍ᠵᠢᠭᠤᠯᠬᠤ ᠪᠠᠭᠠᠵᠢ ᠬᠡᠷᠡᠭ᠌ᠰᠡᠯ ᠢᠵᠢ ᠪᠦᠷᠢᠳᠦᠭᠡᠳ᠂ ᠲᠠᠷᠢᠶᠠᠯᠠᠬᠤ ᠰᠣᠶᠣᠯ᠎ᠤᠨ ᠦᠵᠡᠬᠦᠯᠭᠡ ᠵᠢᠨ ᠥᠷᠥᠭᠡ ᠪᠣᠷᠣᠭ᠍ᠵᠢᠭᠤᠨ ᠶᠡᠭᠡᠮᠰᠦᠭ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠠᠨ᠎ᠠ᠎ᠶ᠋ᠢᠨ ᠵᠢᠷᠤᠭ ᠠᠮᠢᠳᠤ ᠲᠦᠷᠰᠦᠯᠢᠭ ᠁ 7 ᠰᠠᠷ᠎ᠠ᠎ᠶ᠋ᠢᠨ 3 ᠤ᠋ ᠡᠳᠦᠷ᠂ ᠰᠤᠷᠪᠤᠯᠵᠢᠯᠠᠭ᠍ᠴᠢ ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤᠨ᠎ᠤ ᠪᠠᠳᠠᠶ᠎ᠶ᠋ᠢᠨ ᠵᠢᠷᠠᠨ ᠪᠠᠯᠭᠠᠰᠤᠨ᠎ᠤ ᠡᠬᠢᠨᠬᠤᠤᠡᠳᠤᠭ ᠭᠠᠴᠠᠭ᠎ᠠ᠎ᠳᠤ ᠬᠦᠷᠬᠦ ᠳ᠋ᠤ ᠦᠵᠡᠰᠭᠦᠯᠡᠩᠲᠦ ᠰᠠᠢᠬᠠᠨ᠂ ᠡᠶ᠎ᠡ ᠵᠣᠬᠢᠴᠠᠩᠭᠤᠶ ᠱᠢᠨ᠎ᠡ ᠲᠣᠰᠭᠣᠨ᠎ᠤ ᠦᠵᠡᠮᠵᠢ ᠵᠢᠨ ᠵᠢᠷᠤᠭ ᠨᠢᠳᠤᠨ ᠳ᠋ᠤ ᠢᠯᠡᠭᠡᠨ ᠲᠤᠳᠤᠷᠠᠯ᠎ᠠ᠃

《ᠤᠢ᠍ᠢᠷ᠎ᠠ᠎ᠶ᠋ᠢᠨ ᠵᠢᠯ᠎ᠤᠳ ᠲᠸ᠋ ᠲᠤᠰ ᠭᠠᠴᠠᠭ᠎ᠠ ᠨᠠᠮ᠎ᠤᠨ ᠪᠠᠢᠭᠤᠯᠤᠯᠲᠠ᠎ᠪᠠᠷ ᠬᠥᠲᠤᠯᠤᠨ ᠲᠠᠭᠠᠭᠤᠯᠵᠤ᠂ ᠬᠤᠳᠠ᠎ᠶ᠋ᠢᠨ ᠵᠠᠬ᠎ᠠ ᠵᠢᠨ ᠲᠣᠰᠭᠣᠨ᠎ᠤ ᠳᠠᠪᠠᠭᠤᠯᠢᠭ ᠪᠣᠯᠤᠨ ᠠᠮᠢ ᠠᠬᠤᠢ᠎ᠶ᠋ᠢᠨ ᠵᠢᠭᠤᠯᠴᠢᠯᠠᠯ᠎ᠤᠨ ᠡᠬᠢ ᠪᠠᠶᠠᠯᠢᠭ᠎ᠲᠠᠭᠠᠨ ᠲᠦᠱᠢᠭ᠌ᠯᠡᠵᠦ᠍᠂ 〈ᠡᠯᠡᠰᠦᠨ ᠴᠦᠯ᠎ᠦᠨ ᠪᠠᠭᠤᠴᠠ〉 ᠠᠷᠠᠳ᠎ᠤᠨ ᠪᠠᠭᠤᠳᠠᠯ ᠪᠣᠯᠤᠨ ᠲᠣᠰᠭᠣᠨ᠎ᠤ ᠵᠢᠭᠤᠯᠴᠢᠯᠠᠯ᠎ᠤᠨ ᠲᠦᠷᠦᠯ ᠲᠡᠮᠳᠡᠭ᠎ᠢ ᠬᠦᠴᠦᠯᠡᠨ ᠱᠤᠭᠤᠵᠤ᠂ ᠢᠳᠡᠭᠡᠨ ᠤᠮᠳᠠᠭᠠᠨ᠂ ᠬᠣᠨᠣᠭ ᠪᠠᠭᠤᠳᠠᠯ᠎ᠢᠶᠠᠷ ᠭᠣᠣᠯ ᠪᠣᠯᠭᠠᠭ᠍ᠰᠠᠨ ᠵᠢᠭᠤᠯᠴᠢᠯᠠᠯ᠎ᠤᠨ ᠦᠢᠯᠡᠰ᠎ᠢ ᠬᠥᠭ᠌ᠵᠢᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠠᠮᠲᠤ᠎ᠪᠠᠷ ᠪᠠᠶᠠᠵᠢᠭᠤᠯᠪᠠ᠃ ᠡᠬᠢᠨᠬᠤᠤᠡᠳᠤᠭ ᠭᠠᠴᠠᠭᠠᠨ᠎ᠤ ᠨᠠᠮ᠎ᠤᠨ ᠡᠭᠦᠷ᠎ᠦᠨ ᠱᠦᠵᠢ ᠦ᠋ ᠮᠢᠨ ᠷᠦᠢ ᠰᠤᠷᠪᠤᠯᠵᠢᠯᠠᠭ᠍ᠴᠢ᠎ᠳᠤ᠂ 2024 ᠣᠨ᠎ᠳᠤ ᠭᠠᠴᠠᠭᠠᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ 37650 ᠲᠥᠭᠥᠷᠢᠭ᠎ᠲᠦ ᠬᠦᠷᠴᠦ᠍᠂ ᠬᠠᠮᠲᠤ᠎ᠶ᠋ᠢᠨ ᠣᠷᠣᠯᠭ᠎ᠠ 100 ᠲᠦᠮᠡᠨ ᠲᠥᠭᠥᠷᠢᠭ᠎ᠢ ᠳᠠᠪᠠᠪᠠ; 2025 ᠣᠨ᠎ᠤ ᠡᠬᠢ᠎ᠪᠡᠷ᠂ ᠭᠠᠴᠠᠭᠠᠨ᠎ᠤ ᠬᠤᠪᠢ ᠤᠷᠤᠭᠤᠯᠤᠭᠰᠠᠨ ᠠᠵᠤ ᠠᠬᠤᠶ᠎ᠶ᠋ᠢᠨ ᠬᠣᠷᠱᠢᠶ᠎ᠠ ᠮᠠᠯᠴᠢᠨ ᠲᠠᠷᠢᠶᠠᠴᠢᠨ᠎ᠳᠤ 66 ᠲᠦᠮᠡᠨ ᠲᠥᠭᠥᠷᠢᠭ᠎ᠦᠨ ᠠᠱᠢᠭ ᠬᠤᠪᠢᠶᠠᠷᠢᠯᠠᠵᠤ᠂ ᠡᠷᠦᠬᠡ ᠳᠤᠮᠳᠠᠴᠢ᠎ᠪᠠᠷ 5000 ᠲᠥᠭᠥᠷᠢᠭ ᠡᠴᠡ ᠲᠡᠭᠡᠭᠰᠢ ᠠᠰᠢᠭ ᠬᠦᠷᠳᠡᠭᠡᠪᠡ ᠬᠡᠵᠤ ᠲᠠᠨᠢᠯᠴᠠᠭᠤᠯᠪᠠ᠃

ᠲᠣᠰᠭᠣᠨ᠎ᠤ ᠠᠷᠠᠳ᠎ᠤᠨ ᠪᠠᠶᠠᠵᠢᠬᠤ ᠡᠰᠡᠬᠦ᠌᠎ᠶ᠋ᠢᠨ ᠵᠠᠩᠭᠢᠯᠠᠭ᠎ᠠ ᠨᠢ ᠨᠠᠮ᠎ᠤᠨ ᠡᠭᠦᠷ᠎ᠲᠦ ᠪᠠᠢᠨ᠎ᠠ ;ᠲᠣᠰᠭᠣᠨ ᠬᠦᠴᠦᠷᠬᠡᠭ ᠡᠰᠡᠬᠦ᠌ ᠨᠢ 《ᠳᠠᠭᠠᠭᠤᠯᠤᠭ᠍ᠴᠢ》 ᠳ᠋ᠤ ᠪᠤᠢ᠃ ᠡᠬᠢᠨᠬᠤᠳᠳᠤᠭ ᠭᠠᠴᠠᠭ᠎ᠠ ᠪᠠᠳᠠᠢ᠎ᠶ᠋ᠢᠨ ᠵᠢᠷᠠᠨ᠎ᠤ ᠡᠯᠡᠰᠦᠨ ᠴᠦᠯ᠎ᠦᠨ ᠵᠠᠬ᠎ᠠ ᠬᠥᠪᠡᠭᠡᠨ᠎ᠳᠦ ᠪᠠᠢᠷᠢᠯᠠᠵᠤ᠂ ᠥᠩᠭᠡᠷᠡᠭ᠌ᠰᠡᠨ᠎ᠳᠦ ᠰᠠᠭᠤᠷᠢ ᠨᠢᠮᠭᠡᠨ᠂ ᠠᠵᠤ ᠦᠢᠯᠡᠰ᠎ᠦᠨ ᠪᠦᠲᠦᠴᠡ ᠳᠠᠩ ᠴᠤᠯᠭᠤᠢ ᠪᠠᠢᠵᠤ᠂ ᠭᠠᠴᠠᠭᠠᠨ᠎ᠤ ᠠᠵᠤ ᠠᠬᠤᠢ᠎ᠶ᠋ᠢᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠵᠠᠢ᠃

ᠡᠨᠡ᠎ᠬᠦ ᠳᠦᠷᠰᠦ ᠪᠠᠢᠳᠠᠯ᠎ᠢ ᠬᠡᠷᠬᠢᠨ ᠬᠤᠪᠢᠷᠠᠭᠤᠯᠵᠤ ᠲᠣᠰᠭᠣᠨ᠎ᠤ ᠠᠷᠠᠳ᠎ᠢ ᠪᠠᠶᠠᠵᠢᠯ᠎ᠦᠨ ᠵᠠᠮ᠎ᠢᠶᠡᠷ ᠬᠦᠳᠦᠯᠤᠨ ᠲᠠᠭᠠᠭᠤᠯᠬᠤ ᠪᠤᠢ?

ᠣᠢᠷ᠎ᠠ᠎ᠶ᠋ᠢᠨ ᠵᠢᠯ᠎ᠳᠦ᠂ ᠲᠣᠰ ᠭᠠᠴᠠᠭᠠᠨ᠎ᠤ 《ᠬᠣᠶᠠᠷ ᠵᠥᠪᠯᠡᠯ》 ᠥᠷᠭᠡᠨ᠎ᠢᠶᠡᠷ ᠰᠠᠨᠠᠯ ᠬᠤᠷᠢᠶᠠᠬᠤ᠎ᠪᠠᠷ ᠳᠡᠮᠵᠢᠨ᠂ 《ᠭᠠᠴᠠᠭᠠᠨ᠎ᠤ ᠨᠠᠮ᠎ᠤᠨ ᠡᠭᠦᠷ + ᠵᠢᠭᠤᠯᠴᠢᠯᠠᠯ + ᠠᠷᠠᠳ᠎ᠤᠨ ᠪᠠᠭᠤᠳᠠᠯ + ᠠᠵᠤ ᠦᠶ᠋ᠯᠡᠰ》 ᠤ᠋ᠨ ᠬᠥᠭ᠌ᠵᠢᠯᠲᠡ᠎ᠶ᠋ᠢᠨ ᠴᠢᠭ᠌ᠯᠡᠯ᠎ᠢ ᠲᠣᠭ᠍ᠲᠠᠭᠠᠵᠤ᠂ 《ᠣᠷᠣᠱᠢᠨ ᠰᠠᠭᠤᠷᠢᠰᠢᠬᠤ ᠳ᠋ᠤ ᠲᠤᠬᠢᠷᠠᠮᠵᠢᠳᠠᠢ ᠦᠶ᠋ᠯᠡᠰ ᠪᠤᠰᠬᠠᠬᠤ ᠎ᠳᠤ ᠲᠣᠬᠢᠷᠠᠮᠵᠢᠲᠠᠶ ᠵᠢᠭᠤᠯᠴᠢᠯᠠᠬᠤ᠎ᠳᠤ ᠲᠣᠬᠢᠷᠠᠮᠵᠢᠲᠠᠶ》 ᠬᠠᠷᠠᠯᠲᠠ ᠵᠢ ᠲᠤᠭᠳᠠᠭᠠᠵᠤ᠂ ᠵᠡᠭᠡᠯᠢ ᠳᠠᠭᠠᠤ᠎ᠶ᠋ᠢᠨ 48 ᠲᠦᠷᠪᠡᠯᠵᠢᠨ ᠬᠦᠷᠢᠶ᠎ᠡ᠎ᠶ᠋ᠢ ᠥᠭᠡᠷᠡᠴᠢᠯᠡᠨ ᠪᠠᠢᠭᠤᠯᠵᠤ᠂  32 ᠰᠠᠭᠤᠷᠢ 61 ᠡᠷᠦᠭᠡ ᠪᠦᠬᠦᠢ ᠭᠡᠭᠡᠨᠴᠢᠷ ᠰᠠᠭᠤᠷᠢᠰᠢᠯ᠎ᠢ ᠪᠠᠢᠭᠤᠯᠵᠤ᠂ ᠭᠠᠴᠠᠭᠠᠨ᠎ᠤ ᠭᠤᠤᠯ ᠵᠡᠭᠡᠯᠢ ᠭᠤᠳᠤᠮᠵᠢ ᠵᠢᠴᠢ ᠣᠯᠠᠨ ᠨᠡᠢᠲᠡ᠎ᠶ᠋ᠢᠨ ᠲᠠᠯᠠᠪᠤᠷ᠎ᠢ ᠬᠠᠲᠠᠭᠤᠷᠠᠭᠤᠯᠤᠨ ᠨᠣᠭᠣᠭᠠᠷᠠᠭᠤᠯᠵᠤ᠂ ᠭᠠᠴᠠᠭᠠᠨ᠎ᠤ ᠨᠣᠭᠣᠭᠠᠷᠠᠭᠤᠯᠤᠯᠲᠠ᠎ᠶ᠋ᠢᠨ ᠶᠡᠷᠦᠩᠬᠡᠶ ᠲᠠᠯᠠᠪᠠᠶ ᠨᠢ 220 ᠮᠸ᠋᠎ᠳᠦ ᠬᠦᠷᠴᠦ᠍᠂ ᠲᠣᠰᠭᠣᠨ᠎ᠤ ᠠᠷᠠᠳ᠎ᠤᠨ ᠣᠷᠣᠱᠢᠨ ᠰᠠᠭᠤᠷᠢᠰᠢᠬᠤ ᠣᠷᠴᠢᠨ ᠨᠦᠬᠦᠴᠡᠯ᠎ᠢ ᠲᠤᠢᠯ᠎ᠤᠨ ᠶᠡᠬᠡ᠎ᠪᠡᠷ ᠰᠠᠢᠵᠢᠷᠠᠭᠤᠯᠪᠠ᠃

《ᠲᠣᠰᠬᠣᠨ᠎ᠤ ᠳᠦᠷᠰᠦ ᠪᠠᠢᠳᠠᠯ ᠭᠤᠶᠤ ᠪᠣᠯᠵᠠᠢ᠂ ᠪᠠᠰᠠ ᠠᠵᠤ ᠦᠢᠯᠡᠰ᠎ᠢ ᠬᠥᠭᠵᠢᠭᠦᠯᠵᠦ ᠲᠣᠰᠬᠣᠨ᠎ᠤ ᠠᠷᠠᠳ᠎ᠢ ᠪᠠᠶᠠᠵᠢᠭᠤᠯᠬᠤ ᠬᠡᠷᠡᠭᠲᠡᠢ》 ᠭᠡᠵᠦ ᠦ᠋ ᠮᠢᠨ ᠷᠦᠢ ᠬᠡᠯᠡᠯ᠎ᠡ᠃  ᠲᠣᠰᠬᠣᠨ᠎ᠤ ᠳᠦᠷᠰᠦ  ᠪᠠᠢᠳᠠᠯ᠎ᠢ ᠪᠦᠬᠦᠯᠢ ᠴᠣᠭᠴᠠ ᠪᠡᠷ ᠨᠢ ᠰᠠᠢᠵᠢᠷᠠᠭᠤᠯᠵᠤ᠂ ᠮᠠᠯᠴᠢᠨ ᠲᠠᠷᠢᠶᠠᠴᠢᠨ᠎ᠤ ᠠᠮᠢᠳᠤᠷᠠᠯ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠎ᠶᠢᠨ ᠬᠠᠮᠲᠤ᠂ ᠲᠤᠰ ᠭᠠᠴᠠᠭ᠎ᠠ  ᠨᠠᠮ᠎ᠤᠨ ᠵᠣᠬᠢᠶᠠᠨ ᠪᠠᠢᠭᠤᠯᠤᠯᠲᠠ᠎ᠶᠢᠨ   ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠬᠣᠲᠠ᠎ᠶᠢᠨ ᠵᠠᠬ᠎ᠠ ᠵᠢᠨ ᠳᠠᠪᠠᠭᠤᠯᠢᠭ᠋ ᠠᠮᠢ ᠠᠬᠤᠢ᠎ᠶᠢᠨ ᠵᠢᠭᠤᠯᠴᠢᠯᠠᠯ᠎ᠤᠨ ᠡᠬᠢ ᠪᠠᠶᠠᠯᠢᠭ᠋ ᠲᠠᠭᠠᠨ ᠲᠦᠰᠢᠭᠯᠡᠨ᠂ ᠵᠢᠭᠤᠯᠴᠢᠯᠠᠯ᠎ᠤᠨ ᠤᠯᠠᠭ᠎ᠠ ᠥᠷᠲᠡᠭᠡ᠂ ᠵᠢᠮᠢᠰ ᠲᠡᠭᠦᠬᠦ ᠬᠦᠷᠢᠶᠡᠯᠡᠩ ᠵᠡᠷᠭᠡ ᠬᠣᠲᠠ᠎ᠶᠢᠨ ᠲᠡᠭᠦᠷᠭᠡ᠎ᠶᠢᠨ ᠰᠡᠯᠡᠭᠦᠴᠡᠯ ᠵᠢᠭᠤᠯᠴᠢᠯᠠᠯ᠎ᠤᠨ ᠪᠦᠲᠦᠭᠡᠨ ᠪᠠᠢᠭᠤᠯᠤᠯᠲᠠ᠎ᠶᠢ ᠲᠠᠰᠤᠷᠠᠯᠲᠠ ᠦᠭᠡᠢ ᠪᠠᠶᠠᠯᠢᠭ᠍ᠵᠢᠭᠤᠯᠤᠨ ᠲᠡᠭᠦᠯᠳᠡᠷᠵᠢᠭᠦᠯᠵᠦ᠂ ᠠᠷᠠᠳ᠎ᠤᠨ ᠵᠠᠩ ᠦᠶ᠋ᠯᠡ᠂ ᠠᠮᠠᠷᠠᠯᠲᠠ᠂ ᠡᠷᠡᠭᠦᠯᠵᠢᠯ ᠰᠤᠪᠢᠯᠠᠯᠲᠠ᠎ᠶᠢ ᠨᠢᠭᠡ ᠴᠣᠭᠴᠠᠵᠢᠭᠤᠯᠤᠭᠰᠠᠨ 《ᠡᠯᠡᠰᠦᠨ ᠴᠥᠯ᠎ᠦᠨ ᠪᠠᠭᠤᠴᠠ》 ᠵᠢᠭᠤᠯᠴᠢᠯᠠᠯ᠎ᠤᠨ ᠲᠥᠷᠥᠯ ᠲᠡᠮᠲᠡᠭ᠎ᠢ ᠱᠤᠭᠤᠪᠠ᠃ ᠠᠷᠠᠳ᠎ᠤᠨ ᠣᠷᠣᠨ ᠰᠠᠭᠤᠴᠠ᠂ ᠲᠠᠷᠢᠶᠠᠴᠢᠨ ᠠᠢᠯ᠎ᠤᠨ ᠵᠢᠭᠤᠯᠴᠢᠯᠠᠯ᠎ᠤᠨ ᠡᠵᠡᠩᠨᠡᠯᠲᠡ ᠠᠭᠠᠵᠢᠮ᠎ᠢᠶᠠᠷ ᠲᠡᠬᠦᠯᠳᠡᠷᠵᠢᠬᠦ᠎ᠶᠢ ᠳᠠᠭᠠᠯᠳᠤᠨ᠂ ᠭᠠᠴᠠᠭ᠎ᠠ ᠡᠴᠡ ᠪᠠᠰᠠ ᠬᠤᠪᠢ ᠤᠷᠤᠭᠤᠯᠤᠭᠰᠠᠨ ᠠᠵᠤ ᠠᠬᠤᠢ᠎ᠶᠢᠨ ᠬᠣᠷᠰᠢᠶ᠎ᠠ᠎ᠪᠠᠷ ᠲᠦᠰᠢᠭ ᠪᠣᠯᠭᠠᠵᠤ᠂ ᠭᠠᠴᠠᠭᠠᠨ᠎ᠤ ᠨᠠᠮ᠎ᠤᠨ ᠡᠭᠦᠷ᠎ᠵᠢᠡᠷ ᠲᠦᠷᠦᠭᠦᠯᠡᠬᠦᠯᠦᠨ 《 ᠡᠯᠡᠰᠦᠨ ᠴᠦᠯ᠎ᠤᠨ ᠵᠢᠭᠤᠯᠴᠢᠯᠠᠯ᠎ᠤᠨ ᠠᠷᠠᠳ᠎ᠤᠨ ᠣᠷᠣᠨ ᠰᠠᠭᠤᠴᠠ᠎ᠶᠢᠨ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ 》 ᠵᠢ ᠪᠠᠢᠭᠤᠯᠵᠤ᠂ ᠨᠡᠢᠳᠡ 2200 ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ 6 ᠬᠠᠮᠲᠤ᠎ᠶᠢᠨ ᠡᠵᠡᠩᠨᠡᠯᠲᠡ᠎ᠶᠢᠨ ᠣᠷᠣᠨ ᠰᠠᠭᠤᠴᠠ᠎ᠶᠢ ᠪᠠᠢᠭᠤᠯᠵᠤ᠂ 《ᠨᠠᠮ᠎ᠤᠨ ᠡᠭᠦᠷ + ᠬᠣᠷᠰᠢᠶ᠎ᠠ + ᠺᠣᠮᠫᠠᠨᠢ》᠂ 《 ᠨᠠᠮ᠎ᠤᠨ ᠡᠭᠦᠷ + ᠬᠣᠷᠰᠢᠶ᠎ᠠ + ᠲᠠᠷᠠᠬᠠᠢ ᠡᠷᠦᠬᠡ》 ᠵᠢᠨ ᠡᠵᠡᠩᠨᠡᠯᠲᠡ᠎ᠶᠢᠨ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠠᠷᠠᠳ᠎ᠤᠨ ᠣᠷᠣᠨ ᠰᠠᠭᠤᠴᠠ᠎ᠶᠢᠨ ᠪᠠᠷᠢᠮᠵᠢᠶᠠᠵᠢᠭ᠍ᠰᠠᠨ᠂ ᠵᠢᠷᠤᠮᠵᠢᠭ᠍ᠰᠠᠨ᠂ ᠬᠡᠪᠴᠢᠶᠡᠵᠢᠭᠰᠡᠨ ᠡᠵᠡᠩᠨᠡᠯᠲᠡ᠎ᠶᠢ ᠠᠬᠢᠭᠤᠯᠵᠤ᠂ ᠡᠯᠡᠰᠦᠨ ᠴᠦᠯ᠎ᠤᠨ ᠵᠢᠭᠤᠯᠴᠢᠯᠠᠯ ᠎ᠤ᠋ᠨ ᠲᠥᠷᠥᠯ ᠲᠡᠮᠳᠡᠭ᠎ᠦᠨ ᠥᠷᠲᠡᠭ᠎ᠢ ᠲᠠᠰᠤᠷᠠᠯᠲᠠ ᠦᠭᠡᠢ ᠳᠡᠭᠡᠭᠰᠢᠯᠡᠭᠦᠯᠪᠡ᠃

ᠤᠳᠤ᠂ ᠡᠬᠢᠨᠬᠤᠳᠳᠤᠭ ᠭᠠᠴᠠᠭ᠎ᠠ ᠨᠢᠭᠡᠨᠲᠡ ᠰᠣᠶᠣᠯ ᠠᠷᠠᠳ᠎ᠤᠨ ᠵᠠᠩ ᠦᠢᠯᠡ᠂ ᠲᠣᠭᠣᠷᠢᠨ ᠵᠢᠭᠤᠯᠴᠢᠯᠠᠬᠤ᠂ ᠢᠳᠡᠵᠦ ᠤᠤᠭᠤᠬᠤ ᠬᠣᠨᠣᠵᠤ ᠬᠡᠪᠲᠡᠬᠦ᠎ᠶᠢ ᠨᠢᠭᠡ ᠴᠣᠭᠴᠠᠵᠢᠭᠤᠯᠤᠭᠰᠠᠨ 《ᠡᠯᠡᠰᠦᠨ ᠴᠦᠯ᠎ᠦᠨ ᠪᠠᠭᠤᠴᠠ》ᠬᠥᠳᠡᠭᠡ ᠲᠣᠰᠬᠣᠨ᠎ᠤ ᠶᠡᠷᠦᠩᠬᠡᠢᠯᠡᠭᠰᠡᠨ ᠴᠣᠭᠴᠠ᠎ᠶᠢ ᠪᠠᠢᠭᠤᠯᠵᠤ᠂ ᠡᠷᠦᠬᠡ ᠪᠦᠷᠢ᠎ᠶᠢᠨ ᠵᠢᠯ ᠳᠤᠮᠳᠠᠴᠢ ᠡᠵᠡᠩᠨᠡᠯᠲᠡ᠎ᠶᠢᠨ ᠣᠷᠣᠯᠭ᠎ᠠ ᠨᠢ 10 ᠲᠦᠮᠡᠨ ᠲᠥᠭᠥᠷᠢᠭ ᠣᠷᠴᠢᠮ᠎ᠳᠤ ᠬᠦᠷᠴᠦ᠂ ᠬᠡᠰᠡᠭ ᠡᠵᠡᠩᠨᠡᠭᠴᠢ᠎ᠶᠢᠨ ᠬᠠᠮᠤᠭ᠎ᠤᠨ ᠥᠨᠳᠥᠷ ᠣᠷᠣᠯᠭ᠎ᠠ ᠨᠢ 30 ᠲᠦᠮᠡᠨ ᠲᠥᠭᠥᠷᠢᠭ᠎ᠲᠦ ᠬᠦᠷᠴᠡᠢ᠃ ᠵᠢᠭᠤᠯᠴᠢᠯᠠᠯ᠎ᠤᠨ ᠦᠢᠯᠡᠴᠢᠯᠡᠭᠡᠨ᠎ᠦ ᠦᠢᠯᠡᠰ᠎ᠦᠨ ᠳᠠᠢᠴᠢᠯᠠᠯᠲᠠ ᠳᠣᠣᠷ᠎ᠠ 120 ᠭᠠᠷᠤᠢ ᠮᠠᠯᠴᠢᠨ ᠲᠠᠷᠢᠶᠠᠴᠢᠨ ᠲᠣᠭᠲᠠᠭᠤᠨ᠎ᠢᠶᠠᠷ ᠦᠢᠯᠡᠰ ᠪᠤᠰᠠᠬᠵᠤ ᠠᠵᠢᠯ ᠤᠯᠪᠠ᠃

ᠲᠣᠰᠬᠣᠨ᠎ᠤ ᠠᠷᠠᠳ ᠵᠠᠩ ᡁᠢ ᠸᠸᠨ᠎ᠤ ᠡᠵᠡᠩᠨᠡᠵᠦ ᠪᠠᠢᠭ᠎ᠠ ᠠᠷᠠᠳ᠎ᠤᠨ ᠰᠠᠭᠤᠴᠠ《ᠰᠢᠩ ᠯᠦᠩ ᠵᠣᠴᠢᠳ᠎ᠤᠨ ᠪᠠᠭᠤᠳᠠᠯ》 ᠳ᠋ᠤ ᠤᠷᠤᠬᠤᠶ᠎ᠠ᠂ 400 ᠭᠠᠷᠤᠢ ᠲᠡᠭᠰᠢ ᠳᠥᠷᠪᠡᠯᠵᠢᠨ ᠮᠧᠲᠷ᠎ᠤᠨ ᠵᠢᠵᠢᠭ ᠬᠦᠷᠢᠶᠡᠨ ᠳᠣᠲᠣᠷ᠎ᠠ᠂ ᠬᠣᠭᠣᠯᠠᠨ ᠲᠢᠩᠬᠢᠮ᠂ ᠠᠭᠤᠯᠵᠠᠯᠲᠠ᠎ᠶᠢᠨ ᠲᠢᠩᠬᠢᠮ᠂ ᠪᠠᠷᠢᠮᠵᠢᠶ᠎ᠠ ᠦᠷᠦᠭᠡ᠂ ᠭᠤᠷᠪᠠᠨ ᠬᠥᠮᠥᠨ᠎ᠦ ᠦᠷᠦᠭᠡ᠂ ᠡᠴᠢᠭᠡ ᠡᠬᠡ ᠦᠷ᠎ᠡ ᠬᠡᠦᠬᠡᠳ᠎ᠦᠨ ᠦᠷᠦᠭᠡ ᠵᠡᠷᠭᠡ 11 ᠦᠷᠦᠭᠡ ᠴᠡᠪᠡᠷ ᠲᠡᠭᠰᠢ ᠪᠠᠢᠵᠤ᠂ ᠰᠠᠭᠤᠷᠢ ᠲᠥᠬᠦᠭᠡᠷᠦᠮᠵᠢ ᠵᠢ ᠪᠦᠷᠢᠨ ᠭᠦᠢᠴᠡᠳ ᠪᠠᠢᠷᠢᠯᠠᠭᠤᠯᠵᠠᠢ᠃ 《2019 ᠣᠨ᠎ᠳᠤ ᠪᠢ ᠥᠪᠡᠷ᠎ᠦᠨ ᠭᠡᠷ᠎ᠢᠶᠡᠨ ᠠᠷᠠᠳ᠎ᠤᠨ ᠰᠠᠭᠤᠴᠠ ᠪᠣᠯᠭᠠᠨ ᠥᠭᠡᠷᠡᠴᠢᠯᠡᠨ ᠪᠠᠢᠭᠤᠯᠵᠤ᠂ ᠵᠢᠯ ᠪᠦᠷᠢ 10 ᠭᠠᠷᠤᠢ ᠲᠦᠮᠡᠡ ᠲᠦᠭᠦᠷᠢᠭ᠎ᠤᠨ ᠤᠷᠤᠯᠭ᠎ᠠ ᠤᠯᠵᠤ ᠪᠠᠢᠨ᠎ᠠ᠃ ᠣᠲᠣ᠌᠎ᠶᠢᠨ ᠰᠠᠢᠨ ᠰᠠᠢᠬᠠᠨ ᠠᠮᠢᠳᠤᠷᠠᠯ᠎ᠢ  ᠪᠤᠯ  ᠭᠠᠴᠠᠭᠠᠨ᠎ᠤ ᠨᠠᠮ᠎ᠤᠨ ᠡᠭᠦᠷ ᠳᠠᠭᠠᠭᠤᠯᠤᠨ ᠴᠤᠬᠴᠠᠯᠠᠬᠰᠠᠨ ᠶᠤᠮ》 ᠭᠡᠵᠦ ᠵᠠᠩ ᡁᠢ ᠸᠸᠨ ᠪᠠᠶᠠᠷ  ᠲᠠᠢ ᠶᠠᠷᠢᠨ᠎ᠠ᠃

ᠤᠳᠤ᠎ᠶᠢᠨ ᠡᠬᠢᠨᠬᠤᠳᠳᠤᠭ ᠭᠠᠴᠠᠭ᠎ᠠ ᠭᠠᠴᠠᠭᠠᠨ᠎ᠤ ᠪᠠᠨ ᠨᠠᠮ᠎ᠤᠨ ᠡᠭᠦᠷ᠎ᠦᠨ ᠳᠠᠭᠠᠭᠤᠯᠭ᠎ᠠ ᠳᠣᠣᠷ᠎ᠠ 《ᠨᠠᠮ᠎ᠤᠨ ᠪᠠᠢᠭᠤᠯᠤᠯᠲᠠ ᠬᠦᠴᠦᠷᠬᠡᠭᠵᠢᠭᠰᠡᠨ᠂ ᠠᠵᠤ ᠦᠢᠯᠡᠰ ᠬᠥᠭᠵᠢᠭᠰᠡᠨ᠂ ᠲᠣᠰᠬᠣᠨ᠎ᠤ ᠠᠷᠠᠳ ᠪᠠᠶᠠᠵᠢᠭᠰᠠᠨ᠂ ᠲᠣᠰᠬᠣᠨ᠎ᠤ ᠳᠦᠷᠰᠦ ᠪᠠᠢᠳᠠᠯ ᠭᠤᠶᠤᠵᠢᠭᠰᠠᠨ》 ᠰᠢᠨ᠎ᠡ ᠳᠦᠷᠰᠦ ᠪᠠᠢᠳᠠᠯ᠎ᠢ ᠪᠤᠢ ᠪᠤᠯᠭᠠᠪᠠ᠃ ᠣᠢᠷ᠎ᠠ᠎ᠶᠢᠨ ᠵᠢᠯ᠎ᠳᠦ᠂ ᠲᠣᠰ ᠭᠠᠴᠠᠭ᠎ᠠ ᠤᠷᠢᠳ ᠬᠣᠵᠢᠳ ᠵᠢᠷᠭᠤᠳᠤᠭᠠᠷ ᠬᠤᠭᠤᠴᠠᠭᠠᠨ᠎ᠤ ᠪᠥᠬᠥ ᠤᠯᠤᠰ᠎ᠤᠨ ᠪᠣᠯᠪᠠᠰᠤᠨ ᠲᠣᠰᠬᠣᠨ ᠪᠠᠯᠭᠠᠰᠤ᠂ ᠪᠥᠬᠥ ᠤᠯᠤᠰ᠎ᠤᠨ ᠬᠥᠳᠡᠭᠡ ᠲᠣᠰᠬᠣᠨ᠎ᠤ ᠵᠢᠭᠤᠯᠴᠢᠯᠠᠯ᠎ᠤᠨ ᠭᠣᠣᠯᠳᠠᠯᠭ᠎ᠠ᠎ᠲᠠᠢ ᠲᠣᠰᠬᠣᠨ᠂ ᠬᠣᠶᠠᠳᠤᠭᠠᠷ ᠪᠦᠯᠦᠭ᠎ᠦᠨ ᠪᠥᠬᠥ ᠤᠯᠤᠰ᠎ᠤᠨ ᠬᠥᠳᠡᠭᠡ ᠲᠣᠰᠬᠣᠨ᠎ᠤ ᠵᠠᠰᠠᠯᠲᠠ᠎ᠶᠢᠨ ᠵᠢᠱ᠌ᠢᠶ᠎ᠡ ᠦᠵᠡᠭᠦᠯᠬᠦ ᠲᠣᠰᠬᠣᠨ᠂ ᠵᠢᠷᠭᠤᠳᠤᠭᠠᠷ ᠪᠦᠯᠦᠭ᠎ᠦᠨ ᠪᠥᠬᠥ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠬᠦ ᠭᠠᠴᠠᠭ᠎ᠠ (ᠲᠣᠰᠬᠣᠨ)᠂ ᠪᠥᠬᠥ ᠣᠷᠣᠨ᠎ᠤ ᠲᠡᠷᠢᠭᠦᠨ᠎ᠦ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠵᠡᠷᠭᠡ ᠢᠷᠠᠭᠤ ᠠᠯᠳᠠᠷ ᠎ᠢ  ᠭᠥᠷᠳᠡᠪᠡ᠃

《ᠬᠣᠢᠰᠢᠳᠠ ᠮᠠᠨ᠎ᠤ ᠭᠠᠴᠠᠭ᠎ᠠ ᠨᠠᠮ᠎ᠤᠨ ᠪᠠᠢᠭᠤᠯᠤᠯᠲᠠ᠎ᠪᠠᠷ ᠬᠥᠲᠥᠯᠥᠨ ᠳᠠᠭᠠᠭᠤᠯᠬᠤ᠎ᠶᠢ ᠦᠷᠭᠦᠯᠵᠢᠯᠡᠨ ᠪᠠᠷᠢᠮᠲᠠᠯᠠᠵᠤ᠂ 〈ᠨᠠᠮ᠎ᠤᠨ ᠪᠠᠢᠭᠤᠯᠤᠯᠲᠠ ᠬᠦᠴᠦᠷᠬᠡᠭᠵᠢᠭᠰᠡᠨ᠂ ᠠᠵᠤ ᠦᠢᠯᠡᠰ ᠬᠥᠭᠵᠢᠭᠰᠡᠨ᠂ ᠤᠯᠠᠨ ᠲᠦᠮᠡᠨ ᠪᠠᠶᠠᠵᠢᠭ᠍ᠰᠠᠨ᠂ ᠭᠠᠴᠠᠭ᠎ᠠ ᠭᠤᠶᠤ ᠰᠠᠢᠬᠠᠨ〉 ᠬᠥᠭᠵᠢᠯᠲᠡ᠎ᠶᠢᠨ ᠬᠠᠷᠠᠯᠲᠠ᠎ᠶᠢᠨ ᠲᠣᠭᠣᠷᠢᠨ᠎ᠳᠤ᠂ ᠰᠡᠯᠡᠭᠦᠴᠡᠯ ᠵᠢᠭᠤᠯᠴᠢᠯᠠᠯ᠎ᠤᠨ ᠠᠵᠤ ᠦᠢᠯᠡᠰ᠎ᠢ ᠴᠢᠨᠠᠭᠰᠢᠳᠠ ᠪᠤᠵᠠᠭᠠᠢᠷᠠᠭᠤᠯᠤᠨ ᠬᠦᠴᠦᠷᠬᠡᠭᠵᠢᠭᠦᠯᠵᠦ᠂ ᠬᠠᠮᠲᠤ᠎ᠶᠢᠨ ᠠᠵᠤ ᠠᠬᠤᠢ᠎ᠶᠢᠨ ᠪᠣᠳᠠᠲᠤ ᠬᠦᠴᠦᠨ᠎ᠢ ᠲᠠᠰᠤᠷᠠᠯᠳᠠ ᠦᠭᠡᠢ ᠪᠤᠵᠠᠭᠠᠢᠷᠠᠭᠤᠯᠵᠤ᠂ ᠲᠣᠰᠬᠣᠨ᠎ᠤ ᠠᠷᠠᠳ᠎ᠤᠨ ᠪᠠᠶᠠᠵᠢᠨ ᠴᠢᠨᠡᠭᠡᠯᠢᠭᠵᠢᠬᠦ ᠵᠠᠮ᠎ᠢ ᠨᠡᠩ ᠰᠠᠷᠠᠭᠤᠯ ᠲᠠᠷᠳᠠᠩ ᠪᠤᠯᠭᠠᠨ᠎ᠠ》 ᠭᠡᠵᠦ ᠦ᠋ ᠮᠢᠨ ᠷᠦᠢ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号