ᠬᠠᠨᠳᠤᠯᠭᠠᠲᠤ ᠴᠢᠨᠠᠷᠲᠠᠶ᠎ᠪᠠᠷ ᠠᠷᠪᠠᠨ ᠵᠢᠷᠭᠤᠭᠠᠨ ᠵᠦᠢᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠳᠤᠷᠠᠳᠴᠤ ᠬᠥᠬᠡᠬᠣᠲᠠ ᠠᠷᠭ᠎ᠠ ᠪᠥᠬᠥᠨ᠎ᠢ ᠰᠥᠪᠡᠭᠴᠢᠯᠡᠨ ᠴᠢᠳᠠᠪᠤᠷᠢᠲᠠᠨ ᠢ᠋ ᠴᠢᠷᠮᠠᠢᠨ ᠦᠯᠡᠳᠡᠭᠡᠨ᠎ᠠ
2025-08-01 09:55:56
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

ᠡᠨᠡ ᠵᠢᠯ᠎ᠡᠴᠡ ᠨᠠᠭᠠᠰᠢ᠂ ᠬᠥᠬᠡᠬᠣᠲᠠ ᠵᠠᠯᠠᠭᠤᠴᠤᠳ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠬᠠᠨᠳᠤᠯᠭᠠᠲᠤ ᠴᠢᠨᠠᠷᠲᠠᠶ ᠪᠡᠷ 16 ᠵᠦᠶ᠋ᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠣᠷᠣᠨ᠎ᠤ ᠲᠥᠪ ᠬᠣᠲᠠ᠎ᠶ᠋ᠢᠨ ᠬᠥᠮᠦᠨ ᠠᠮᠠ᠎ᠶ᠋ᠢᠨ ᠡᠨ᠋ᠸᠷᠬᠢ ᠵᠢᠨ ᠲᠠᠰ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠪᠠ᠃

ᠬᠥᠮᠦᠨ ᠠᠮᠠ᠎ᠶ᠋ᠢᠨ ᠤᠳᠠᠭᠠᠨ ᠳᠠᠭᠠᠭᠠᠮᠠᠭᠠᠶ ᠬᠦᠳᠡᠯᠭᠡᠬᠦ᠌ ᠴᠢᠳᠠᠪᠤᠷᠢ᠎ᠶ᠋ᠢ ᠲᠥᠪᠯᠡᠷᠡᠭᠦᠯᠬᠦ᠌᠎ᠶ᠋ᠢᠨ ᠲᠥᠯᠥᠭᠡ᠂ ᠬᠥᠬᠡᠬᠣᠲᠠ ᠬᠥᠮᠦᠨ ᠠᠮᠠ᠎ᠶ᠋ᠢ ᠲᠥᠪᠯᠡᠷᠡᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ 《ᠬᠠᠮ ᠠᠷᠭ᠎ᠠ ᠬᠡᠮᠵᠢᠶ᠎ᠡ》 ᠨᠡᠢᠲᠡᠯᠡᠪᠡ᠂ ᠤᠤᠯ᠎ᠤᠨ 《ᠬᠥᠬᠡᠬᠣᠲᠠ᠎ᠶ᠋ᠢᠨ ᠴᠢᠳᠠᠪᠦᠷᠢᠳᠡᠨ ᠢ᠋ ᠲᠠᠳᠠᠵᠤ ᠴᠢᠳᠠᠪᠦᠷᠢᠳᠡᠨ ᠢ᠋ ᠦᠯᠡᠳᠡᠭᠡᠬᠦ 18 ᠵᠤᠷᠪᠤᠰ ᠠᠷᠭ᠎ᠠ ᠬᠡᠮᠵᠢᠶ᠎ᠡ》 ᠶ᠋ᠢᠨ ᠰᠠᠭᠤᠷᠢᠨ ᠳᠡᠭᠡᠷ᠎ᠡ᠂ 《ᠬᠥᠮᠦᠨ ᠠᠮᠠ᠎ᠶ᠋ᠢᠨ ᠲᠥᠪᠯᠡᠷᠡᠯ᠎ᠢ ᠠᠬᠢᠭᠤᠯᠵᠤ ᠬᠥᠮᠦᠨ ᠠᠮᠠ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠲᠤᠬᠠᠶ ᠬᠡᠷᠡᠭ᠌ᠵᠢᠭᠦᠯᠬᠦ᠌ ᠰᠠᠨᠠᠯ》᠎ᠢ᠋ ᠰᠤᠳᠤᠯᠤᠨ ᠲᠣᠭ᠍ᠲᠠᠭᠠᠵᠤ᠂ ᠵᠠᠯᠠᠭᠤᠴᠤᠳ᠎ᠤᠨ ᠠᠩᠬᠠᠷᠴᠤ᠌ ᠪᠠᠢᠭ᠎ᠠ ᠠᠵᠤ ᠦᠶ᠋ᠯᠡᠰ᠂ ᠠᠵᠢᠯ ᠤᠯᠭᠤᠯᠳᠠ᠂ ᠰᠠᠭᠤᠬᠤ ᠭᠡᠷ᠂ ᠦᠷᠡᠵᠢᠯ᠂ ᠡᠷᠦᠬᠡ ᠠᠮᠠ ᠣᠷᠣᠬᠤ᠂ ᠰᠤᠷᠭᠠᠨ ᠬᠦᠮᠦᠵᠢᠯ᠂ ᠡᠮᠴᠢᠯᠡᠭᠡ᠂ ᠨᠠᠰᠤᠲᠠᠨ᠎ᠢ ᠠᠰᠠᠷᠠᠬᠤ᠂ ᠭᠠᠳᠠᠭ᠍ᠰᠢ ᠭᠠᠷᠬᠤ᠂ ᠰᠣᠶᠣᠯ ᠪᠠ ᠬᠡᠷᠡᠭ᠌ᠯᠡᠭᠡᠨ᠎ᠦ ᠲᠠᠯ᠎ᠠ᠎ᠪᠠᠷ 16 ᠵᠦᠶ᠋ᠯ᠎ᠦᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠬᠠᠨᠳᠤᠯᠭᠠᠲᠤ ᠴᠢᠨᠠᠷᠲᠠᠶ᠎ᠪᠠᠷ ᠳᠤᠷᠠᠳᠤᠨ ᠭᠠᠷᠭᠠᠵᠤ᠂ ᠬᠡᠦᠬᠡᠳ ᠪᠣᠢᠵᠢᠭᠤᠯᠬᠤ ᠨᠥᠬᠥᠪᠥᠷᠢ᠂ ᠭᠡᠷ ᠬᠤᠳᠠᠯᠳᠤᠨ ᠠᠪᠬᠤ ᠨᠥᠬᠥᠪᠥᠷᠢ᠂ ᠦᠢᠯᠡᠰ ᠪᠤᠰᠬᠠᠬᠤ ᠨᠥᠬᠥᠪᠥᠷᠢ᠂ ᠬᠥᠩᠭᠡᠵᠢᠭ᠌ᠴᠢ ᠵᠢᠨ 《ᠨᠢᠭᠡ ᠴᠣᠮᠣ ᠰᠦ》᠂ ᠡᠷᠦᠬᠡ ᠠᠮᠠ ᠣᠷᠣᠭᠤᠯᠬᠤ ᠵᠢᠴᠢ ᠰᠤᠷᠭᠠᠭᠤᠯᠢ᠎ᠳᠤ ᠣᠷᠣᠬᠤ ᠲᠥᠷᠥ᠎ᠶ᠋ᠢᠨ ᠪᠣᠳᠣᠯᠭ᠎ᠠ ᠵᠡᠷᠭᠡ ᠵᠢ ᠬᠠᠮᠤᠷᠤᠭᠰᠠᠨ ᠠᠯᠢ ᠣᠯᠠᠨ ᠲᠥᠷᠥ᠎ᠶ᠋ᠢᠨ ᠪᠣᠳᠣᠯᠭ᠎ᠠ᠎ᠶ᠋ᠢ ᠲᠤᠭᠳᠠᠭᠠᠪᠠ᠃

ᠪᠥᠬᠥ᠌ ᠦᠶᠡᠯᠡᠯ᠎ᠦᠨ ᠬᠤᠭᠤᠴᠠᠭᠠᠨ᠎ᠳᠤ ᠦᠢᠯᠡᠴᠢᠯᠡᠬᠦ ᠶ᠋ᠢ ᠪᠡᠶᠡᠯᠡᠭᠦᠯᠬᠦ᠌᠎ᠶ᠋ᠢᠨ ᠲᠥᠯᠥᠭᠡ᠂ ᠲᠣᠰ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠂ ᠡᠪᠯᠡᠯ᠎ᠦᠨ ᠬᠣᠷᠢᠶ᠎ᠠ ᠵᠡᠷᠭᠡ 9 ᠰᠠᠯᠠᠭ᠎ᠠ ᠮᠥᠴᠢᠷ ᠬᠠᠮᠲᠤᠷᠠᠨ 《ᠵᠠᠯᠠᠭᠤᠴᠤᠳ᠎ᠤᠨ ᠱᠢᠨ᠎ᠡ᠎ᠶ᠋ᠢ ᠡᠭᠦᠳᠬᠦ᠌ ᠵᠢ ᠲᠤᠰᠠᠯᠠᠬᠤ》 ᠦᠶ᠋ᠯᠡᠰ ᠪᠤᠰᠬᠠᠬᠤ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠡᠬᠢᠯᠡᠭᠦᠯᠦᠨ ᠬᠡᠷᠡᠭ᠌ᠵᠢᠭᠦᠯᠵᠦ᠍᠂ 15 ᠵᠦᠶ᠋ᠯ᠎ᠦᠨ ᠲᠡᠳᠬᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠬᠡᠷᠡᠭ᠌ᠵᠢᠭᠦᠯᠵᠦ᠍᠂ 《ᠦᠶ᠋ᠯᠡᠰ ᠪᠤᠰᠬᠠᠬᠤ ᠪᠣᠯᠪᠠᠰᠤᠷᠠᠯ + ᠵᠢᠭᠡᠯᠡᠯᠭᠡ + ᠨᠥᠬᠥᠪᠥᠷᠢ + ᠨᠡᠪᠴᠢᠭᠦᠯᠦᠯᠲᠡ + ᠠᠵᠢᠯᠯᠠᠭ᠎ᠠ》 ᠲᠠᠪᠤᠨ ᠲᠠᠯ᠎ᠠ᠎ᠪᠠᠷ ᠬᠤᠯᠪᠤᠭᠠᠯᠠᠨ ᠬᠦᠳᠡᠯᠤᠯᠴᠠᠵᠤ ᠦᠶ᠋ᠯᠡᠰ ᠪᠤᠰᠬᠠᠬᠤ᠎ᠶ᠋ᠢ ᠳᠡᠮᠵᠢᠬᠦ᠌ ᠱᠢᠰᠲ᠋ᠧᠮ᠎ᠢ ᠪᠠᠢᠭᠤᠯᠪᠠ᠃

ᠣᠲᠣ ᠪᠣᠯᠲᠠᠯ᠎ᠠ᠂ 59 ᠡᠵᠡᠩᠨᠡᠯᠲᠡ᠎ᠶ᠋ᠢᠨ ᠪᠡᠶᠡᠴᠢ ᠴᠣᠭ᠍ᠴᠠ ᠵᠢᠴᠢ ᠬᠤᠪᠢ ᠬᠥᠮᠦᠨ᠎ᠳᠦ ᠨᠢᠭᠡᠨᠲᠡ 4507.5 ᠲᠦᠮᠡᠨ ᠲᠥᠭᠥᠷᠢᠭ᠎ᠦᠨ ᠦᠶ᠋ᠯᠡᠰ ᠪᠤᠰᠬᠠᠬᠤ ᠪᠠᠳᠤᠯᠠᠨ ᠲᠠᠭᠠᠭᠠᠬᠤ ᠵᠢᠭᠡᠯᠡᠯᠭᠡ ᠪᠠ ᠦᠶ᠋ᠯᠡᠰ ᠪᠤᠰᠬᠠᠬᠤ ᠨᠥᠬᠥᠪᠥᠷᠢ ᠣᠯᠭᠣᠵᠤ᠂ ᠲᠥᠷᠥ᠎ᠶ᠋ᠢᠨ ᠪᠣᠳᠣᠯᠭ᠎ᠠ᠎ᠵᠢᠨ ᠦᠨᠡᠨᠴᠢ ᠢᠳᠡᠭᠡᠮᠵᠢ᠎ᠪᠡᠷ ᠨᠠᠩ ᠣᠯᠠᠨ ᠵᠠᠯᠠᠭᠤᠴᠤᠳ᠎ᠢ ᠲᠠᠲᠠᠵᠤ᠂ ᠲᠥᠪ᠎ᠬᠤᠳᠠ ᠳ᠋ᠦ ᠦᠯᠡᠳᠡᠭᠡᠨ᠂ ᠲᠥᠪ ᠬᠣᠲᠠ᠎ᠶ᠋ᠢ ᠪᠥᠲᠥᠭᠡᠨ ᠪᠠᠢᠭᠤᠯᠵᠤ ᠪᠠᠢᠨ᠎ᠠ᠃

ᠬᠥᠮᠦᠨ ᠠᠮᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠢᠨᠠᠨ ᠵᠥᠪᠱᠢᠶᠡᠷᠡᠬᠦ᠌ ᠶᠠᠪᠤᠴᠠ ᠨᠢ ᠶᠠᠷᠱᠢᠭ ᠲᠦᠪᠡᠭ᠌ᠲᠡᠶ᠂ ᠴᠠᠭᠴᠢ ᠴᠢᠨᠠᠷ᠎ᠢᠶᠠᠷ ᠬᠦᠷᠦᠯᠴᠡᠬᠦ᠌ ᠥᠬᠡᠶ ᠪᠠᠢᠬᠤ ᠠᠰᠠᠭᠤᠳᠠᠯ᠎ᠳᠤ ᠴᠢᠭ᠌ᠯᠡᠭᠦᠯᠦᠨ᠂ ᠬᠥᠬᠡᠬᠣᠲᠠ ᠦᠶ᠋ᠯᠡᠴᠢᠯᠡᠭᠡᠨ᠎ᠦ ᠪᠣᠳᠠᠲᠤ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠣᠯᠠᠨ ᠲᠦᠮᠡᠨ᠎ᠦ ᠰᠡᠳᠭᠢᠯ ᠬᠠᠨᠤᠮᠵᠢᠲᠠᠶ ᠪᠠᠢᠬᠤ ᠬᠡᠮᠵᠢᠶ᠎ᠡ᠎ᠪᠡᠷ ᠪᠣᠳᠠᠲᠠᠶ ᠠᠵᠢᠯ᠎ᠤᠨ ᠦᠷ᠎ᠡ ᠪᠦᠲᠦᠭᠡᠯ᠎ᠢ ᠱᠢᠯᠭᠠᠨ ᠪᠠᠢᠴᠠᠭᠠᠪᠠ᠃

ᠬᠥᠬᠡᠬᠣᠲᠠ᠎ᠶ᠋ᠢᠨ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ 《ᠬᠥᠬᠡᠬᠣᠲᠠ᠎ᠶ᠋ᠢᠨ ᠬᠡᠷ ᠪᠠᠢᠱᠢᠩ ᠬᠤᠳᠠᠯᠳᠤᠨ ᠠᠪᠬᠤ ᠨᠥᠬᠥᠪᠥᠷᠢ ᠭᠤᠶᠤᠴᠢᠯᠠᠬᠤ ᠱᠢᠰᠲ᠋ᠧᠮ》 ᠢ᠋ ᠲᠤᠷᠱᠢᠨ ᠠᠵᠢᠯᠯᠠᠭᠤᠯᠵᠤ᠂ ᠬᠣᠲᠠ᠎ᠶ᠋ᠢᠨ ᠥᠯᠥ᠍ ᠬᠥᠳᠡᠯᠬᠦ᠌ ᠬᠥᠷᠥᠩᠭᠡ᠎ᠶ᠋ᠢ ᠳᠡᠩᠰᠡᠯᠡᠨ ᠲᠡᠮᠳᠡᠭ᠌ᠯᠡᠬᠦ᠌ ᠲᠥᠪ᠎ᠦᠨ ᠳ᠋ᠠᠢᠲ᠋ᠠ᠎ᠶ᠋ᠢᠨ ᠱᠢᠰᠲ᠋ᠧᠮ᠎ᠯᠦᠭᠡ ᠴᠠᠭ ᠲᠤᠬᠠᠶ᠎ᠳ᠋ᠤᠨᠢ ᠵᠣᠯᠭᠠᠭᠤᠯᠵᠤ᠂ ᠬᠢᠨᠠᠨ ᠵᠥᠪᠱᠢᠶᠡᠷᠡᠬᠦ᠌ ᠦᠶ᠋ᠯᠡᠴᠢᠯᠡᠭᠡ᠎ᠶ᠋ᠢ ᠥᠨᠳᠥᠷ ᠪᠦᠲᠦᠮᠵᠢᠲᠡᠶ ᠰᠠᠭᠠᠳ ᠥᠬᠡᠶ ᠨᠡᠪᠲᠡᠷᠡᠬᠦ᠌ ᠳᠠᠢᠰᠢ ᠬᠤᠪᠢᠷᠠᠭᠤᠯᠬᠤ᠎ᠶ᠋ᠢ ᠠᠬᠢᠭᠤᠯᠪᠠ᠃

3 ᠰᠠᠷ᠎ᠠ᠎ᠡᠴᠡ ᠨᠠᠭᠠᠰᠢ᠂ ᠱᠢᠨ᠎ᠡ᠎ᠪᠡᠷ ᠪᠠᠢᠭᠤᠯᠤᠭ᠍ᠰᠠᠨ ᠲᠠᠸᠠᠷ᠎ᠤᠨ ᠣᠷᠣᠨ ᠰᠠᠭᠤᠴᠠ᠎ᠶ᠋ᠢᠨ ᠨᠥᠬᠥᠪᠥᠷᠢ᠎ᠶ᠋ᠢ ᠨᠢᠭᠡᠨᠲᠡ 2867 ᠬᠤᠪᠢ ᠭᠤᠶᠤᠴᠢᠯᠠᠵᠤ᠂ ᠨᠥᠬᠥᠪᠥᠷᠢ᠎ᠶ᠋ᠢᠨ ᠲᠡᠮᠳᠡᠭ᠌ᠲᠦ᠍᠎ᠶ᠋ᠢ ᠨᠢᠭᠡᠨᠲᠡ 2867 ᠬᠤᠪᠢ ᠲᠠᠷᠬᠠᠭᠠᠵᠤ᠂ ᠱᠢᠨ᠎ᠡ ᠬᠡᠷ ᠪᠠᠢᠱᠢᠩ᠎ᠤᠨ ᠠᠷᠠᠯᠵᠢᠶ᠎ᠠ ᠪᠦᠲᠦᠭ᠌ᠰᠡᠨ ᠲᠣᠭ᠎ᠠ᠎ᠶ᠋ᠢ 43 ᠳ᠋ᠦᠩᠱᠢᠭᠤᠷ ᠲᠥᠭᠥᠷᠢᠭ ᠳᠠᠢᠴᠢᠯᠠᠪᠠ᠃

ᠬᠥᠬᠡᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ ᠬᠡᠦᠬᠡᠳ ᠪᠣᠢᠵᠢᠭᠤᠯᠬᠤ ᠨᠥᠬᠥᠪᠥᠷᠢ ᠭᠤᠶᠤᠴᠢᠯᠠᠨ ᠠᠪᠬᠤ ᠭᠠᠷ ᠭᠦᠶ᠋ᠴᠡᠳᠭᠡᠯ᠎ᠢ ᠳᠥᠭᠥᠮᠴᠢᠯᠡᠵᠦ᠍᠂ 《ᠵᠢᠷᠮᠦᠰᠦᠯᠡᠵᠦ ᠬᠦᠩᠭᠡᠵᠢᠬᠦ  ᠲᠠᠩᠰᠠ ᠡᠪᠬᠡᠮᠡᠯ ᠢ᠋ ᠪᠠᠢᠭᠤᠯᠬᠤ — ᠡᠷᠦᠬᠡ ᠠᠮᠠ ᠳᠠᠩᠰᠠᠯᠠᠬᠤ —ᠨᠥᠬᠥᠪᠥᠷᠢ ᠣᠯᠭᠣᠬᠤ》 ᠲᠣᠭ᠎ᠠ ᠪᠠᠷᠢᠮᠲᠠ ᠵᠢᠨ ᠬᠣᠯᠪᠣᠭᠠᠯᠠᠨ ᠬᠥᠳᠡᠯᠦᠯᠴᠡᠬᠦ᠌᠎ᠪᠡᠷ ᠳᠠᠮᠵᠢᠭᠤᠯᠤᠨ᠂ 《ᠲᠣᠭ᠎ᠠ ᠪᠠᠷᠢᠮᠲᠠ᠎ᠶ᠋ᠢ ᠢᠯᠡᠭᠦᠬᠡᠨ ᠭᠦᠶᠦᠯᠭᠡᠵᠦ᠍᠂ ᠣᠯᠠᠨ ᠲᠦᠮᠡᠨ᠎ᠢ ᠳᠤᠲᠠᠭᠤ ᠭᠦᠶᠦᠯᠭᠡᠬᠦ᠌》 ᠶ᠋ᠢ ᠪᠡᠶᠡᠯᠡᠭᠦᠯᠵᠦ᠍᠂ ᠬᠢᠨᠠᠨ ᠬᠠᠷᠭᠤᠭᠤᠯᠬᠤ ᠦᠶᠡᠯᠡᠯ᠎ᠦᠨ ᠬᠤᠭᠤᠴᠠᠭ᠎ᠠ᠎ᠶ᠋ᠢ 30 ᠡᠳᠦᠷ ᠪᠠᠢᠭ᠍ᠰᠠᠨ᠎ᠡᠴᠡ 3 ᠡᠳᠦᠷ ᠪᠣᠯᠭᠠᠨ ᠪᠤᠭᠤᠨᠢᠰᠬᠠᠵᠤ᠂ ᠣᠯᠭᠣᠬᠤ ᠨᠣᠷᠮ᠎ᠠ᠎ᠶ᠋ᠢ 63%᠎ᠳ᠋ᠤ ᠬᠦᠷᠭᠡᠵᠦ᠍᠂ ᠣᠯᠭᠣᠬᠤ ᠡᠬᠢᠨ᠎ᠦ ᠦᠶ᠎ᠡ᠎ᠶ᠋ᠢᠨ᠎ᠬᠢ᠎ᠡᠴᠡ 41.5% ᠎ᠪᠠᠷ ᠳᠡᠭᠡᠭ᠌ᠰᠢᠯᠡᠭᠦᠯᠪᠡ᠃

ᠬᠥᠩᠭᠡᠵᠢᠭ᠌ᠴᠢ᠎ᠶ᠋ᠢᠨ 《ᠨᠢᠭᠡ ᠴᠣᠮᠣ ᠰᠦ》᠎ᠳ᠋ᠤ 《ᠭᠤᠶᠤᠴᠢᠯᠠᠬᠤ ᠥᠬᠡᠶ᠎ᠪᠡᠷ ᠳᠠᠷᠤᠶ ᠡᠳ᠋ᠯᠡᠬᠦ᠌》᠎ᠶ᠋ᠢ ᠬᠡᠷᠡᠭ᠌ᠵᠢᠭᠦᠯᠵᠦ᠍᠂ ᠬᠡᠤᠬᠡᠳ᠎ᠤᠨ ᠲᠦᠷᠦᠭᠰᠡᠨ ᠠᠨᠠᠭᠠᠬᠤ ᠤᠬᠠᠭᠠᠨ᠎ᠤ ᠭᠡᠷᠡᠴᠢ᠂ ᠨᠢᠯᠬ᠎ᠠ ᠬᠡᠦᠬᠡᠳ᠎ᠦᠨ ᠡᠷᠦᠬᠡ ᠠᠮᠠ ᠣᠷᠣᠬᠤ ᠵᠡᠷᠭᠡ ᠮᠡᠳᠡᠭᠡ ᠵᠠᠩᠭᠢ᠎ᠶ᠋ᠢ ᠲᠣᠮᠣ ᠳ᠋ᠠᠢᠲ᠋ᠠ᠎ᠶ᠋ᠢᠨ ᠬᠠᠷᠢᠴᠠᠭᠤᠯᠤᠯ ᠬᠢᠵᠦ᠍᠂ ᠨᠥᠬᠥᠴᠡᠯ᠎ᠳᠦ ᠨᠡᠢᠴᠡᠬᠦ᠌ ᠬᠥᠩᠭᠡᠵᠢᠭ᠌ᠴᠢ᠎ᠳᠤ ᠲᠤᠰᠭᠠᠶ ᠬᠤᠳᠠᠯᠳᠤᠭᠠᠨ᠎ᠤ ᠬᠣᠲᠠ᠎ᠶ᠋ᠢᠨ ᠡᠯᠧᠺᠲ᠋ᠷᠣᠨ ᠲᠡᠮᠳᠡᠭ᠌ᠲᠦ᠍᠎ᠶ᠋ᠢ ᠬᠦᠷᠭᠡᠵᠦ᠍᠂ ᠣᠳᠣᠬᠠᠨ᠎ᠳᠤ 706 ᠬᠥᠮᠦᠨ ᠨᠢᠭᠡᠨᠲᠡ ᠲᠣᠰ ᠦᠶ᠋ᠯᠡᠴᠢᠯᠡᠭᠡ᠎ᠶ᠋ᠢ ᠭᠥᠷᠳᠡᠵᠦ᠍᠂ ᠠᠷᠠᠳ᠎ᠲᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ᠎ᠶ᠋ᠢ 《ᠴᠠᠭᠠᠰᠤᠨ ᠳᠡᠭᠡᠷᠡᠬᠢ ᠴᠡᠪᠡᠷ ᠠᠱᠢᠭ》 ᠡᠴᠡ ᠣᠯᠠᠨ ᠲᠦᠮᠡᠨ᠎ᠦ 《ᠬᠠᠷᠮᠠᠨ᠎ᠳᠠᠬᠢ ᠪᠣᠳᠠᠲᠤ ᠠᠱᠢᠭ》 ᠪᠣᠯᠭᠠᠨ ᠬᠤᠪᠢᠷᠠᠭᠤᠯᠬᠤ᠎ᠶ᠋ᠢ ᠲᠦᠷᠭᠡᠳᠭᠡᠪᠡ᠃

ᠬᠥᠮᠦᠨ ᠠᠮᠠ᠎ᠶ᠋ᠢᠨ ᠴᠤᠭᠯᠠᠷᠡᠯ᠎ᠤᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠎ᠶᠢ ᠠᠬᠢᠭᠤᠯᠬᠤ ᠳ᠋ᠦ᠂  ᠰᠠᠯᠠᠭ᠎ᠠ ᠮᠥᠴᠢᠷ᠎ᠦᠨ ᠬᠠᠮᠵᠢᠯᠴᠠᠬᠤ ᠲᠣᠭ᠍ᠲᠠᠴᠠ ᠪᠦᠷᠢᠨ ᠪᠤᠰᠤ᠂ ᠲᠥᠷᠥ᠎ᠶ᠋ᠢᠨ ᠪᠣᠳᠣᠯᠭ᠎ᠠ᠎ᠶ᠋ᠢᠨ ᠵᠣᠯᠭᠠᠯᠴᠠᠭ᠎ᠠ ᠬᠦᠷᠦᠯᠴᠡᠬᠦ᠌ ᠥᠬᠡᠶ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠡᠯ᠎ᠡ ᠭᠠᠵᠠᠷ ᠣᠷᠣᠨ ᠰᠠᠯᠠᠭ᠎ᠠ ᠮᠥᠴᠢᠷ᠎ᠦᠨ ᠨᠠᠮ᠎ᠤᠨ ᠭᠡᠱᠢᠭᠦᠨ ᠺᠠᠳ᠋ᠷᠴᠤᠳ ᠬᠠᠮᠵᠢᠯᠴᠠᠭ᠎ᠠ᠎ᠪᠠᠨ ᠴᠢᠩᠭᠠᠳᠭᠠᠵᠤ᠂ ᠵᠣᠷᠢᠭ᠍ᠲᠠᠶ᠎ᠪᠠᠷ ᠪᠣᠭᠣᠮᠲᠠ ᠱᠢᠪᠲᠤᠯᠵᠤ᠂ ᠱᠢᠰᠲ᠋ᠧᠮᠲᠦ ᠰᠡᠳᠭᠢᠬᠦᠶ᠎ᠪᠡᠷ ᠬᠥᠮᠦᠨ ᠠᠮᠠ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ 《ᠡᠴᠦᠰ᠎ᠦᠨ ᠨᠢᠭᠡ ᠺᠢᠯᠣᠮᠧᠲ᠋ᠷ》᠎ᠢ᠋ ᠨᠡᠪᠲᠡᠷᠡᠭᠦᠯᠪᠡ᠃ 《ᠬᠥᠮᠦᠨ ᠠᠮᠠ᠎ᠶ᠋ᠢᠨ ᠴᠤᠭ᠍ᠯᠠᠷᠠᠯ᠎ᠤᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠬᠠᠮᠲᠤᠷᠠᠯᠴᠠᠬᠤ ᠲᠣᠭ᠍ᠲᠠᠴᠠ᠎ᠶ᠋ᠢ ᠪᠠᠢᠭᠤᠯᠬᠤ ᠲᠤᠬᠠᠶ ᠮᠡᠳᠡᠭ᠌ᠳᠡᠯ》᠎ᠢ᠋ ᠲᠠᠷᠬᠠᠭᠠᠵᠤ᠂ ᠳᠣᠲᠣᠭᠠᠳᠤ᠎ᠶ᠋ᠢ ᠬᠠᠮᠠᠭᠠᠯᠠᠬᠤ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ 8 ᠱᠢᠰᠲ᠋ᠧᠮ᠎ᠦᠨ ᠲᠣᠭ᠎ᠠ ᠪᠠᠷᠢᠮᠲᠠ᠎ᠶ᠋ᠢᠨ ᠪᠡᠬᠢᠯᠡᠯᠲᠡ᠎ᠶ᠋ᠢ ᠡᠪᠳᠡᠵᠦ᠍᠂ 《ᠬᠥᠮᠦᠨ ᠠᠮᠠ᠎ᠶ᠋ᠢᠨ ᠴᠤᠭ᠍ᠯᠠᠷᠠᠯ᠎ᠤᠨ ᠲᠣᠮᠣ ᠳ᠋ᠠᠢᠲ᠋ᠠ᠎ᠶ᠋ᠢᠨ ᠲᠠᠪᠴᠠᠩ》᠎ᠢ᠋ ᠲᠤᠷᠱᠢᠨ ᠠᠵᠢᠯᠯᠠᠭᠤᠯᠵᠤ᠂ ᠪᠥᠬᠥ᠌ ᠣᠷᠣᠨ᠎ᠤ ᠠᠩᠬᠠᠳᠠᠭ᠍ᠴᠢ ᠴᠤᠭ᠍ᠯᠠᠷᠠᠯ᠎ᠤᠨ ᠲᠥᠷᠥ᠎ᠶ᠋ᠢᠨ ᠪᠣᠳᠣᠯᠭ᠎ᠠ᠎ᠶ᠋ᠢᠨ ᠭᠠᠷᠲᠠᠨ ᠭᠦᠶ᠋ᠴᠡᠳᠭᠡᠬᠦ᠌᠂ ᠮᠡᠳᠡᠭᠡ ᠵᠠᠩᠭᠢ᠎ᠶ᠋ᠢᠨ ᠬᠢᠨᠠᠨ ᠬᠡᠮᠵᠢᠯᠲᠡ ᠵᠡᠷᠭᠡ ᠣᠯᠠᠨ ᠵᠦᠶ᠋ᠯ᠎ᠦᠨ ᠴᠢᠳᠠᠮᠵᠢ᠎ᠲᠠᠶ 《ᠨᠢᠭᠡ ᠥᠷᠲᠡᠭᠡᠴᠢᠯᠡᠭᠰᠡᠨ ᠮᠠᠶᠢᠭ》᠎ᠤ᠋ᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠣᠯᠠᠨ ᠰᠠᠯᠠᠭ᠎ᠠ ᠮᠥᠴᠢᠷ ᠬᠠᠮᠲᠤᠷᠠᠨ ᠪᠣᠭᠣᠮᠲᠠ ᠱᠢᠪᠲᠤᠯᠬᠤ᠎ᠪᠠᠷ ᠳᠡᠮᠵᠢᠨ᠂ ᠱᠢᠨ᠎ᠡ᠎ᠪᠡᠷ ᠨᠡᠮᠡᠭ᠌ᠳᠡᠭᠰᠡᠨ᠎ᠬᠥᠬᠡᠬᠣᠲᠠ᠎ᠶ᠋ᠢᠨ ᠪᠤᠰᠤ ᠡᠷᠦᠬᠡ ᠠᠮᠠ᠎ᠶ᠋ᠢᠨ ᠳᠠᠭᠠᠳᠭᠠᠯ᠎ᠳᠤ ᠣᠷᠣᠬᠤ ᠳᠡᠩᠰᠡᠯᠡᠯᠲᠡ ᠨᠢ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠡᠬᠢᠨ᠎ᠦ ᠦᠶ᠎ᠡ᠎ᠶ᠋ᠢᠨ 2105 ᠬᠥᠮᠦᠨ ᠪᠠᠢᠭ᠍ᠰᠠᠨ᠎ᠠᠴᠠ᠎ᠪᠠᠨ 6971 ᠬᠥᠮᠦᠨ ᠪᠣᠯᠵᠣ᠂ ᠨᠢᠯᠬ᠎ᠠ ᠬᠡᠤᠬᠡᠳ᠎ᠤᠨ 《ᠲᠦᠷᠦᠯᠳᠡ ᠵᠢᠨ ᠨᠢᠭᠡ ᠶᠠᠪᠤᠳᠠᠯ》᠎ᠢ᠋ ᠰᠢᠨ᠎ᠡ ᠪᠡᠷ ᠨᠡᠮᠡᠵᠦ ᠭᠦᠢᠴᠡᠳᠭᠡᠭᠰᠡᠨ ᠬᠦᠮᠦᠨ 850 ᠡᠴᠡ᠎ᠪᠠᠨ ᠨᠡᠮᠡᠭᠳᠡᠭᠡᠳ 1200 ᠪᠣᠯᠪᠠ᠃

《ᠬᠥᠮᠦᠨ ᠨᠢ ᠬᠢᠬᠦ ᠠᠵᠢᠯ ᠥᠬᠡᠶ᠂ ᠠᠵᠢᠯ᠎ᠢ ᠨᠢ ᠬᠢᠬᠦ᠌ ᠬᠥᠮᠦᠨ ᠥᠬᠡᠶ》 ᠪᠦᠲᠦᠴᠡ᠎ᠶ᠋ᠢᠨ ᠴᠢᠨᠠᠷᠲᠠᠶ ᠠᠵᠢᠯ ᠣᠯᠭᠣᠯᠲᠠ᠎ᠶ᠋ᠢᠨ ᠵᠥᠷᠢᠴᠡᠯ᠎ᠢ ᠱᠢᠶ᠋ᠳᠪᠦᠷᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠥᠷᠭᠡᠨ ᠣᠯᠠᠨ ᠺᠠᠳ᠋ᠷ ᠠᠵᠤ ᠠᠬᠤᠢᠯᠠᠯ᠎ᠢ ᠰᠤᠷᠪᠤᠯᠵᠢᠯᠠᠨ ᠠᠵᠢᠯ᠎ᠤᠨ ᠪᠠᠢᠷᠢ᠎ᠵᠢ ᠥᠷᠭᠡᠳᠭᠡᠵᠦ᠍᠂ 《ᠠᠵᠢᠯ᠎ᠤᠨ ᠪᠠᠢᠷᠢ᠎ᠵᠢ ᠳᠡᠷᠭᠡᠲᠡ᠎ᠨᠢ ᠬᠦᠷᠭᠡᠬᠦ᠌》᠎ᠶ᠋ᠢ ᠪᠠᠷᠢᠮᠲᠠᠯᠠᠵᠤ᠂ ᠵᠠᠬ᠎ᠠ ᠳᠡᠯᠭᠡᠭᠦᠷ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠲᠣᠭᠣᠷᠢᠨ᠎ᠳᠤ ᠲᠥᠷᠥᠯ ᠬᠤᠪᠢᠶᠠᠨ ᠬᠤᠳᠠᠯᠳᠤᠭᠠᠨ᠎ᠤ ᠲᠣᠭᠣᠷᠢᠭ᠂ ᠰᠥᠨᠢ᠎ᠶ᠋ᠢᠨ ᠵᠠᠬ᠎ᠠ ᠳᠡᠯᠭᠡᠭᠦᠷ᠂ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠎ᠤᠨ ᠲᠤᠰᠭᠠᠶ ᠲᠠᠯᠠᠪᠠᠶ᠂ ᠪᠤᠯᠪᠠᠰᠤᠷᠠᠯ᠎ᠤᠨ ᠰᠤᠷᠭᠠᠭᠤᠯᠢ᠎ᠶ᠋ᠢᠨ ᠪᠠᠭ᠎ᠠ ᠲᠤᠰᠭᠠᠶ ᠲᠠᠯᠠᠪᠠᠶ ᠵᠡᠷᠭᠡ ᠰᠦᠯᠵᠢᠶᠡᠨ ᠳᠡᠭᠡᠷᠡᠬᠢ ᠪᠠ ᠪᠤᠲᠠᠲᠤ ᠴᠤᠭᠴᠠ᠎ᠵᠢᠨ ᠡᠯ᠎ᠡ ᠲᠥᠷᠥᠯ᠎ᠦᠨ ᠣᠨᠴᠠᠯᠢᠭ᠍ᠲᠤ ᠠᠵᠢᠯᠲᠠᠨ ᠡᠯᠰᠡᠬᠦ᠌ ᠠᠵᠢᠯᠯᠠᠭ᠎ᠠ᠎ᠶ᠋ᠢ 505 ᠲᠠᠯᠠᠪᠤᠷ ᠡᠷᠭᠢᠯᠡᠵᠦ᠍᠂ 33 ᠲᠦᠮᠡᠨ ᠤᠳᠠᠭ᠎ᠠ ᠠᠵᠢᠯ᠎ᠤᠨ ᠪᠠᠢᠷᠢ ᠬᠠᠩᠭᠠᠵᠤ᠂ 9.1 ᠲᠦᠮᠡᠨ ᠬᠥᠮᠦᠨ ᠤᠳᠠᠭ᠎ᠠ ᠠᠵᠢᠯ ᠣᠯᠭᠣᠬᠤ ᠰᠠᠨᠠᠮᠵᠢ ᠲᠣᠭ᠍ᠲᠠᠵᠤ᠂ ᠬᠥᠮᠦᠨ ᠪᠠ ᠠᠵᠢᠯ᠎ᠤᠨ ᠪᠠᠢᠷᠢ᠎ᠶ᠋ᠢ ᠣᠨᠣᠪᠴᠢᠲᠠᠶ ᠪᠥᠭᠡᠳ ᠥᠨᠳᠥᠷ ᠪᠦᠲᠦᠮᠵᠢᠲᠡᠶ ᠵᠣᠯᠭᠠᠭᠤᠯᠬᠤ ᠠᠷᠭ᠎ᠠ ᠵᠠᠮ᠎ᠢ ᠰᠠᠭᠠᠳ ᠥᠬᠡᠶ ᠨᠡᠪᠲᠡᠷᠡᠭᠦᠯᠪᠡ᠃

ᠬᠥᠮᠦᠨ ᠠᠮᠠ ᠲᠥᠪᠯᠡᠷᠡᠭ᠌ᠰᠡᠨ ᠰᠠᠢ᠌ᠨ ᠰᠠᠢᠬᠠᠨ ᠣᠷᠴᠢᠨ ᠲᠣᠭᠣᠷᠢᠨ᠎ᠢ ᠦᠨᠡᠨ ᠬᠦ᠌ ᠪᠤᠢ ᠪᠣᠯᠭᠠᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠬᠢᠨ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠴᠡᠪᠡᠷᠯᠡᠨ ᠴᠡᠭ᠌ᠴᠡᠯᠡᠬᠦ᠌ ᠲᠤᠰᠭᠠᠢ ᠠᠵᠢᠯᠯᠠᠭ᠎ᠠ᠎ᠶ᠋ᠢ ᠭᠦᠨᠵᠡᠭᠡᠢ ᠥᠷᠨᠢᠭᠦᠯᠵᠦ᠍᠂ ᠴᠠᠯᠢᠩ ᠥᠷᠢᠲᠦᠬᠦ᠌᠎ᠳᠦ ᠴᠣᠬᠢᠯᠲᠠ ᠥᠭ᠌ᠬᠦ ᠡᠷᠴᠢᠮ᠎ᠢᠶᠡᠨ ᠴᠢᠩᠭᠠᠷᠠᠭᠤᠯᠵᠤ᠂ ᠬᠥᠳᠡᠯᠮᠦᠷᠢᠴᠢᠳ᠎ᠦᠨ ᠡᠷᠬᠡ ᠠᠱᠢᠭ᠎ᠢ ᠪᠠᠲᠤᠯᠠᠪᠠ; ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠦᠶ᠋ᠯᠡᠴᠢᠯᠡᠭᠡᠨ᠎ᠦ ᠪᠠᠢᠭᠤᠯᠤᠮᠵᠢ᠂ ᠠᠵᠢᠯ ᠮᠡᠷᠭᠡᠵᠢᠯ᠎ᠦᠨ ᠵᠠᠭᠤᠴᠢ ᠪᠠᠢᠭᠤᠯᠤᠮᠵᠢ᠎ᠳᠡᠬᠢ ᠪᠠᠢᠴᠠᠭᠠᠯᠲᠠ᠎ᠵᠢ ᠪᠦᠬᠦᠨ᠎ᠢ ᠪᠦᠷᠬᠦᠭᠦᠯᠵᠦ᠂ 《ᠬᠠᠤᠯᠢ ᠪᠤᠰᠤ ᠵᠠᠭᠤᠴᠢ》᠂ ᠬᠤᠳᠠᠯ ᠬᠠᠭᠤᠷᠮᠠᠭ᠎ᠢᠶᠠᠷ ᠤᠷᠢᠨ ᠬᠡᠷᠡᠭ᠌ᠯᠡᠬᠦ᠌ ᠵᠡᠷᠭᠡ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠪᠡ; ᠴᠠᠯᠢᠩ ᠥᠷᠢᠲᠦᠭ᠌ᠰᠡᠨ ᠬᠡᠷᠡᠭ᠎ᠢ ᠪᠦᠬᠦ᠌ ᠬᠦᠴᠦᠨ᠎ᠢᠶᠡᠷ ᠱᠢᠢᠳᠪᠦᠷᠢᠯᠡᠵᠦ᠍᠂ ᠫᠠᠢᠰᠠ ᠡᠯᠭᠦᠨ ᠱᠠᠯᠠᠪᠳᠠᠨ ᠱᠢᠢᠳᠪᠦᠷᠢᠯᠡᠭᠦᠯᠬᠦ᠌᠂ ᠲᠤᠰᠭᠠᠢ ᠠᠩᠭᠢ ᠡᠴᠡ ᠲᠦᠯᠬᠢᠨ ᠠᠬᠢᠭᠤᠯᠬᠤ᠂ ᠤᠯᠠᠨ ᠡᠱᠢᠴᠢᠯᠡᠨ ᠡᠶᠡᠳᠡᠭᠦᠯᠦᠨ ᠱᠢᠢᠳᠪᠦᠷᠢᠯᠡᠬᠦ᠌ ᠵᠡᠷᠭᠡ ᠤᠯᠠᠨ ᠵᠦᠢᠯ᠎ᠦᠨ ᠠᠷᠭ᠎ᠠ ᠮᠠᠶᠢᠭ᠎ᠢ ᠠᠪᠴᠤ᠌᠂ ᠵᠠᠭᠠᠯᠳᠤᠵᠤ ᠢᠯᠡᠴᠢᠯᠡᠨ ᠮᠡᠳᠡᠭᠦᠯᠦᠭ᠌ᠰᠡᠨ ᠰᠦᠪᠡᠭ᠌ᠴᠢ᠎ᠶ᠋ᠢ ᠲᠦᠷᠦᠯ ᠬᠤᠪᠢᠶᠠᠨ ᠠᠷᠢᠯᠭᠠᠵᠤ᠂ ᠬᠡᠷᠡᠭ᠎ᠢ ᠱᠢᠢᠳᠪᠦᠷᠢᠯᠡᠵᠦ᠍ ᠳᠠᠭᠤᠰᠭᠠᠭ᠍ᠰᠠᠨ ᠨᠤᠷᠮ᠎ᠠ 98.6%᠎ᠳ᠋ᠤ᠌ ᠬᠦᠷᠴᠦ᠍᠂ ᠠᠵᠢᠯ ᠣᠯᠭᠣᠯᠲᠠ᠎ᠶ᠋ᠢᠨ ᠣᠷᠴᠢᠨ ᠨᠥᠬᠥᠴᠡᠯ ᠲᠣᠭ᠍ᠲᠠᠭᠤᠨ ᠪᠠᠢᠬᠤ᠎ᠶ᠋ᠢᠨ ᠵᠡᠷᠭᠡ᠎ᠳᠦ ᠰᠠᠢᠵᠢᠷᠠᠪᠠ᠃

ᠡᠭᠦᠨ᠎ᠦ ᠬᠠᠮᠲᠤ᠂ 《ᠬᠥᠳᠡᠯᠮᠦᠷᠢ᠎ᠶ᠋ᠢᠨ ᠡᠷᠬᠡ ᠠᠱᠢᠭ᠎ᠤᠨ 〈ᠲᠣᠰᠣ ᠨᠡᠮᠡᠬᠦ᠌ ᠥᠷᠲᠡᠭᠡ〉 ᠱᠢᠭᠤᠳ ᠨᠡᠪᠲᠡᠷᠡᠭᠦᠯᠭᠡ ᠲᠠᠨ᠎ᠤ ᠡᠷᠬᠡ᠎ᠪᠠᠨ ᠬᠠᠮᠠᠭᠠᠯᠠᠬᠤ᠎ᠳ᠋ᠦ ᠲᠤᠰᠠᠯᠠᠨ᠎ᠠ》 ᠬᠡᠮᠡᠬᠥ ᠠᠵᠢᠯᠯᠠᠭ᠎ᠠ᠎ᠶ᠋ᠢ ᠱᠢᠨ᠎ᠡ᠎ᠶ᠋ᠢ ᠡᠭᠦᠳᠦᠨ ᠥᠷᠨᠢᠭᠦᠯᠵᠦ᠍᠂ ᠡᠮᠦᠨ᠎ᠡ ᠹᠷᠣᠨᠲ᠎ᠤᠨ 3 ᠬᠥᠨᠳᠡᠯᠡᠨ᠎ᠡᠴᠡ ᠲᠠᠰᠤᠯᠤᠭ᠍ᠴᠢ 《ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ》᠎ᠶ᠋ᠢᠨ ᠱᠢᠭᠤᠳ ᠨᠡᠪᠲᠡᠷᠡᠭᠦᠯᠭᠡ᠎ᠶ᠋ᠢᠨ ᠲᠠᠰᠤᠭ᠎ᠲᠤ ᠰᠠᠭᠤᠵᠤ᠂ ᠬᠥᠳᠡᠯᠮᠦᠷᠢᠴᠢᠳ᠎ᠲᠡᠶ ᠡᠷᠬᠡ ᠠᠱᠢᠭ᠎ᠤᠨ ᠪᠠᠲᠤᠯᠠᠭ᠎ᠠ᠎ᠶ᠋ᠢᠨ ᠲᠤᠬᠠᠶ ᠶᠠᠷᠢᠯᠴᠠᠵᠤ᠂ ᠬᠦᠴᠦᠨ᠎ᠲᠡᠶ ᠬᠤᠭᠤᠴᠠᠭ᠎ᠠ᠎ᠶ᠋ᠢ ᠮᠠᠭᠠᠳᠯᠠᠨ ᠲᠣᠭ᠍ᠲᠠᠭᠠᠬᠤ᠂ ᠭᠤᠶᠤᠴᠢᠯᠠᠯ᠎ᠤᠨ ᠪᠢᠴᠢᠭ᠎ᠢ ᠲᠠᠭ᠍ᠯᠠᠬᠤ᠂ ᠭᠡᠷᠡᠴᠢ ᠪᠠᠷᠢᠮᠲᠠ ᠴᠤᠭ᠍ᠯᠠᠭᠤᠯᠬᠤ ᠭᠤᠤᠯᠳᠠᠯᠭ᠎ᠠ᠂ ᠪᠠᠢᠩᠭᠤ ᠲᠣᠬᠢᠶᠠᠯᠳᠤᠳᠠᠭ ᠠᠰᠠᠭᠤᠳᠠᠯ ᠵᠡᠷᠭᠡ ᠲᠠᠯ᠎ᠠ᠎ᠪᠠᠷ ᠬᠥᠳᠡᠯᠮᠦᠷᠢ᠎ᠶ᠋ᠢᠨ ᠬᠥᠨᠳᠡᠯᠡᠨ᠎ᠡᠴᠡ ᠲᠠᠰᠤᠯᠬᠤ ᠪᠥᠬᠥ᠌ ᠶᠠᠪᠤᠴᠠ᠎ᠶ᠋ᠢ ᠵᠠᠳᠠᠯᠵᠤ᠂ ᠬᠥᠳᠡᠯᠮᠦᠷᠢᠴᠢᠳ᠎ᠲᠦ ᠡᠷᠬᠡ ᠠᠱᠢᠭ᠎ᠢᠶᠠᠨ ᠬᠠᠮᠠᠭᠠᠯᠠᠬᠤ᠎ᠶ᠋ᠢ 《ᠪᠡᠶᠡᠴᠢᠯᠡᠨ》 ᠵᠢᠭᠠᠵᠤ᠂ ᠬᠥᠳᠡᠯᠮᠦᠷᠢᠴᠢᠳ᠎ᠦᠨ ᠡᠷᠬᠡ ᠠᠱᠢᠭ᠎ᠢᠶᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ᠎ᠶ᠋ᠢ ᠨᠢ ᠦᠨᠡᠨ ᠬᠦ᠌ ᠴᠢᠩᠭᠠᠳᠭᠠᠵᠤ᠂ ᠠᠵᠢᠯ ᠣᠯᠭᠣᠯᠲᠠ᠎ᠶ᠋ᠢᠨ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号