— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠦᠨᠳᠦᠰᠦᠲᠡᠨ᠎ᠤ ᠶᠡᠬᠡ ᠬᠠᠮᠲᠤᠷᠠᠬᠰᠠᠨ ᠨᠠᠢᠷ᠎ᠤᠨ ᠲᠠᠲᠠᠯᠠᠭ᠎ᠠ
ᠲᠤᠯᠤᠭᠠᠨ ᠰᠠᠷ᠎ᠠ ᠵᠢᠨ ᠤᠳᠠᠨ ᠨᠤᠳᠤᠭ ᠬᠦᠬᠡ ᠠᠭᠤᠯᠠᠰ ᠨᠢ ᠰᠦᠮᠪᠦᠷᠯᠡᠵᠦ᠂ ᠬᠦᠭᠡᠮᠳᠦᠭ ᠤᠰᠤ ᠨᠢ ᠴᠡᠩᠭᠡᠷᠳᠤᠵᠦ᠂ ᠬᠦᠪᠡᠬᠦᠳ ᠦᠬᠢᠳ ᠨᠢ ᠪᠠᠶᠠᠰᠤᠯᠳᠤᠨᠠ᠃
7 ᠰᠠᠷ᠎ᠠ᠎ᠶ᠋ᠢᠨ 30᠎ᠤ ᠡᠳᠦᠷ᠎ᠤᠨ ᠤᠷᠤᠢ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠦᠨᠳᠦᠰᠦᠲᠡᠨ᠎ᠤ ᠶᠡᠬᠡ ᠬᠠᠮᠲᠤᠷᠠᠬᠰᠠᠨ ᠨᠠᠢᠷ ᠤᠨ ᠡᠨᠡ ᠬᠦ᠌ ᠦᠤᠬᠡ ᠲᠡᠤᠬᠡ ᠵᠢᠨ ᠪᠣᠯᠪᠠᠰᠤᠨ᠎ᠢ ᠠᠴᠢᠶᠠᠯᠠᠵᠦ᠂ ᠦᠨᠳᠦᠰᠦᠳᠡᠨ ᠪᠦᠬᠦᠨ᠎ᠤ ᠪᠠᠶᠠᠰᠤᠯ ᠢ ᠬᠥᠭᠵᠢᠬᠡᠭᠰᠡᠨ ᠤᠯᠠᠭᠠᠨᠬᠠᠳᠠ ᠬᠤᠲᠠ᠎ᠳᠤ ᠦᠪᠡᠳᠡᠭ᠌ᠰᠢ ᠶᠡᠭᠡ᠎ᠪᠠᠷ ᠶᠠᠪᠤᠬᠳᠠᠪᠠ᠃
ᠤᠷᠤᠢ ᠵᠢᠨ 8 ᠴᠠᠬ ᠲᠸ᠋᠂ ᠬᠤᠷᠠᠯ᠎ᠤᠨ ᠲᠠᠯᠠᠪᠠᠢ ᠳ᠋ᠦ ᠬᠦᠷ ᠬᠥᠭ᠌ᠵᠢᠶᠡᠨᠵᠢᠡᠷ ᠪᠢᠯᠬᠠᠪᠠ᠃ 《ᠡᠬᠡ ᠤᠯᠤᠰ᠎ᠢᠶᠠᠨ ᠮᠠᠭ᠍ᠲᠠᠨ ᠳᠠᠭᠤᠯᠠᠶ᠎ᠠ》 ᠭᠡᠬᠦ᠌ ᠬᠥᠭ ᠠᠶᠠᠰ ᠣᠭ᠍ᠲᠠᠷᠭᠤᠢ᠎ᠳᠤ ᠴᠤᠤᠷᠢᠶᠠᠲᠤᠵᠤ᠂ 8 ᠶᠣᠰᠣᠯᠠᠯ᠎ᠤᠨ ᠴᠡᠷᠢᠭ ᠪᠥᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠲᠤᠭ᠎ᠢ ᠦᠨᠳᠦᠷ ᠡᠷᠭᠦᠵᠦ ᠲᠠᠯᠠᠪᠠᠢ ᠳ᠋ᠦ ᠰᠦᠷ ᠵᠢᠪᠬᠤᠯᠠᠩᠳᠠᠢ ᠤᠷᠤᠵᠦ ᠢᠷᠡᠪᠠ᠃ ᠵᠠᠯᠭᠠᠭᠠᠳ ᠪᠡᠶ᠎ᠡ᠎ᠶ᠋ᠢᠨ ᠲᠠᠮᠢᠷ᠎ᠤᠨ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ ᠪᠥᠭᠡᠳ ᠨᠡᠩ ᠴᠤ᠌ ᠦᠨᠳᠦᠰᠦᠲᠡᠨ᠎ᠨᠦᠭᠦᠳ᠎ᠤᠨ ᠰᠣᠶᠣᠯ᠎ᠤᠨ ᠠᠭᠤᠰᠤᠯᠴᠠᠯ ᠬᠠᠮᠲᠤ᠎ᠶ᠋ᠢᠨ ᠵᠤᠷᠢᠯᠳᠠ ᠶ᠋ᠢ ᠬᠠᠷᠠᠭᠤᠯᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠲᠤᠭ ᠦᠨᠳᠦᠷ ᠲᠸ᠋ ᠮᠠᠨᠳᠤᠯ᠎ᠠ᠃
ᠲᠠᠷᠠᠭ᠎ᠠ ᠨᠢ ᠬᠢᠨᠠᠭ᠍ᠴᠢ᠎ᠶ᠋ᠢᠨ ᠲᠥᠯᠥᠭᠡᠯᠡᠭ᠌ᠴᠢᠳ᠎ᠦᠨ ᠡᠩᠨᠡᠭᠡ ᠪᠠ 12 ᠠᠢᠮᠠᠭ ᠬᠣᠲᠠ᠎ᠶᠢᠨ ᠲᠥᠯᠥᠭᠡᠯᠡᠭ᠌ᠴᠢᠳᠦ᠋ᠨ ᠪᠦᠯᠬᠦᠮ ᠲᠠᠯᠠᠪᠠᠢ ᠳ᠋ᠤ ᠤᠷᠤᠪᠠ᠃ ᠦᠪᠴᠢ ᠪᠡᠶ᠎ᠠ ᠲᠠᠮᠢᠷ᠎ᠤᠨ ᠬᠤᠪᠴᠠᠰᠦ ᠪᠡᠷ ᠭᠤᠶᠤᠯᠠᠬᠰᠠᠨ 364 ᠬᠢᠨᠠᠭ᠍ᠴᠢ ᠦᠵᠡᠭᠴᠢ ᠵᠢᠨ ᠬᠠᠷᠠᠭᠠᠨ ᠳ᠋ᠦ ᠲᠤᠳᠤᠷᠠᠬᠤ ᠳ᠋ᠤ᠂ ᠲᠡᠳᠡᠨᠤᠰ᠎ᠤᠨ ᠲᠥᠪ ᠭᠤᠤᠯᠴᠢ᠎ᠪᠠᠷ ᠤᠷᠤᠯᠳᠤᠭᠠᠨᠳ᠋ᠦ ᠣᠢᠯᠡᠴᠢᠯᠡᠬᠦ ᠠᠮᠠᠯᠠᠯᠲᠠ ᠨᠢ ᠪᠦᠬᠦ᠌ ᠲᠠᠯᠠᠪᠤᠷ᠎ᠤᠨ ᠬᠦᠮᠦᠰ᠎ᠤᠨ ᠬᠦᠨᠳᠦᠳᠭᠡᠯ᠎ᠢ ᠤᠯᠪᠠ; 12 ᠠᠢᠮᠠᠭ ᠬᠤᠲᠠ ᠵᠢᠨ ᠲᠦᠯᠦᠭᠡᠯᠡᠭᠴᠢᠳ᠎ᠤᠨ ᠪᠦᠯᠬᠦᠮ ᠥᠪᠡᠷᠮᠢᠴᠡ ᠭᠠᠵᠠᠷ ᠣᠷᠣᠨ᠎ᠤ ᠰᠣᠶᠣᠯ᠎ᠤᠨ ᠲᠡᠮᠳᠡᠭ᠎ᠢᠶᠡᠷ᠎ᠢᠶᠡᠨ ᠥᠪᠥᠷ ᠮᠣᠩᠭᠣᠯ᠎ᠤᠨ ᠣᠯᠠᠨ ᠡᠱᠢᠲᠦ ᠨᠢᠭᠡ ᠴᠣᠭ᠍ᠴᠠᠵᠢᠭ᠍ᠰᠠᠨ ᠠᠮᠢᠳᠤᠯᠢᠭ ᠵᠢᠷᠤᠭ ᠳᠦᠷᠰᠦ᠎ᠵᠢ ᠪᠦᠷᠢᠯᠳᠦᠬᠦᠯᠦᠭᠰᠡᠨ ᠪᠠᠢᠨ᠎ᠠ᠃
ᠤᠯᠤᠰ᠎ᠤᠨ ᠲᠤᠭ ᠮᠠᠨᠳᠤᠭᠤᠯᠵᠤ᠂ ᠤᠯᠤᠰ᠎ᠤᠨ ᠰᠦᠯᠳᠡ ᠳᠠᠭᠤᠤ᠎ᠶ᠋ᠢ ᠬᠥᠭ᠌ᠵᠢᠮᠳᠡᠬᠦ ᠳ᠋ᠦ᠂ ᠲᠠᠯᠠᠪᠠᠢ ᠳᠠᠶᠠᠭᠠᠷ᠎ᠢᠶᠠᠨ ᠲᠥᠪ ᠵᠣᠭ᠍ᠰᠣᠵᠤ᠂ ᠤᠮᠤᠭ ᠲᠡᠬᠦᠯᠳᠡᠷ ᠵᠢᠡᠷ ᠤᠯᠤᠰ᠎ᠤᠨ ᠲᠠᠭᠤᠤ ᠪᠡᠨ ᠲᠠᠭᠤᠯᠠᠵᠠᠭᠠᠪᠠ᠃ ᠰᠠᠯᠬᠢᠨ᠎ᠤ ᠠᠶ᠎ᠠ ᠪᠡᠷ ᠨᠠᠮᠢᠷᠠᠭ᠎ᠠ ᠤᠯᠠᠭᠠᠨ ᠲᠤᠭ᠂ ᠰᠥᠨᠢ᠎ᠶ᠋ᠢᠨ ᠤᠬᠲᠠᠷᠭᠤᠢ ᠳᠤ ᠣᠨᠴᠠᠭᠠᠢ ᠬᠡᠷᠡᠯ ᠭᠢᠯᠪᠠᠭ᠎ᠠ ᠰᠠᠴᠤᠷᠠᠭᠤᠯᠤᠨ᠎ᠠ᠃
ᠳᠠᠷᠠᠭ᠎ᠠ᠎ᠪᠠᠷ ᠨᠢ ᠴᠤᠭᠯᠠᠭᠠᠨ᠎ᠤ ᠲᠤᠭ ᠮᠠᠨᠳᠤᠵᠤ᠂ ᠭᠣᠣᠯ ᠰᠡᠳᠦᠪᠲᠦ ᠳᠠᠭᠤᠤ᠎ᠶ᠋ᠢ ᠬᠥᠭ᠌ᠵᠢᠮᠳᠡᠵᠦ᠍᠂ ᠠᠷᠢᠭᠤᠨ ᠭᠠᠯ ᠳᠠᠮᠵᠢᠭᠤᠯᠬᠤ ᠪᠠ ᠭᠣᠣᠯ ᠭᠠᠯ ᠪᠠᠮᠪᠠᠷ᠎ᠢ ᠠᠰᠠᠭᠠᠬᠤ ᠶᠣᠰᠣᠯᠠᠯ ᠶᠠᠪᠤᠭ᠍ᠳᠠᠪᠠ᠃
5 ᠭᠠᠯ ᠪᠠᠮᠪᠠᠷᠴᠢ ᠲᠤᠬᠠᠢ ᠵᠢᠨ ᠲᠠᠯᠠᠪᠠᠢ ᠳ᠋ᠤ ᠬᠠᠮᠤᠭ ᠰᠡᠭᠦᠯᠴᠢ ᠵᠢᠨ ᠪᠤᠤᠭᠢᠶ᠎ᠠ ᠵᠢ ᠳᠠᠮᠵᠢᠭᠤᠯᠵᠤ᠂ ᠲᠠᠪᠤᠳᠡᠬᠢ ᠭᠠᠯ ᠪᠠᠮᠪᠠᠷᠴᠢ ᠠᠭᠲᠠ ᠬᠦᠯᠦᠭ ᠤᠨᠤᠭᠰᠠᠨ ᠮᠤᠷᠢᠳᠤ ᠪᠠᠭᠠᠲᠤᠷᠭᠠᠯ ᠪᠠᠮᠪᠡᠷ ᠠᠰᠠᠭᠠᠨ ᠦᠭᠴᠦ᠂ ᠠᠬᠳᠠ ᠬᠦᠯᠦᠭ ᠲᠡᠭᠡᠨ ᠮᠤᠷᠳᠠᠬᠰᠠᠨ 13 ᠮᠤᠷᠢᠳᠤ ᠪᠠᠭᠠᠳᠤᠷ ᠠᠭᠤᠳᠠᠮ ᠲᠠᠯᠠᠪᠠᠢ ᠵᠢ ᠲᠤᠩᠰᠤᠯᠭᠠᠳᠠᠯᠠ ᠤᠯᠠᠨ ᠲᠦᠮᠡᠨ᠎ᠢ ᠤᠤᠬᠠᠢᠯᠠᠳᠠᠯᠠ ᠲᠤᠪᠳᠤᠯᠭᠠᠵᠠᠢ᠃ ᠲᠠᠯᠠᠪᠠᠢ ᠵᠢ ᠨᠢᠭᠡ ᠲᠤᠭᠤᠷᠢᠨ ᠢᠷᠡᠭᠰᠡᠨ᠎ᠤ ᠳᠠᠷᠠᠭ᠎ᠠ ᠤᠭᠲᠤᠨ ᠢᠷᠡᠭᠰᠡᠨ ᠰᠤᠷᠴᠢᠨᠤ ᠰᠤᠮᠤ ᠵᠢ ᠭᠠᠯ ᠪᠠᠮᠪᠡᠷ ᠵᠢᠡᠷ ᠵᠢᠡᠨ ᠨᠤᠴᠤᠭᠠᠵᠤ ᠂ ᠬᠠᠮᠤᠭ ᠰᠡᠭᠦᠯ ᠳ᠋ᠤ ᠬᠦᠷᠡᠯ ᠰᠤᠮᠤ 《ᠬᠤᠩᠱᠠᠨ ᠰᠤᠶᠤᠯ᠎ᠤᠨ ᠬᠡᠢᠮᠦᠷᠢ》 ᠵᠢ ᠠᠴᠢᠵᠦ ᠰᠥᠨᠢ᠎ᠶ᠋ᠢᠨ ᠣᠭ᠍ᠲᠠᠷᠭᠤᠢ᠎ᠶ᠋ᠢ ᠵᠦᠰᠦᠵᠦ᠍᠂ ᠭᠤᠣᠯ ᠭᠠᠯ ᠪᠠᠮᠪᠠᠷ᠎ᠢ ᠨᠣᠴᠣᠭᠠᠭ᠍ᠰᠠᠨ ᠬᠤᠷᠣᠮᠬᠠᠨ ᠵᠠᠭᠤᠷ᠎ᠠ 《ᠳᠡᠭᠦᠯᠢᠭᠡᠷᠡᠢ ! ᠳᠤᠮᠳᠠᠳᠤ᠎ᠶ᠋ᠢᠨ ᠦᠨᠳᠦᠰᠦᠲᠡᠨ᠂ ᠳᠡᠭᠦᠯᠢᠭᠡᠷᠡᠢ! ᠦᠵᠡᠰᠭᠦᠯᠡᠩᠲᠦ ᠰᠠᠢᠬᠠᠨ ᠤᠮᠠᠷᠠᠲᠤ ᠬᠢᠯᠢ ᠮᠢᠨᠢ ᠡ!》 ᠭᠡᠵᠦ ᠬᠠᠰᠭᠢᠷᠬᠤ ᠳᠠᠭᠤᠨ ᠤᠬᠳᠠᠷᠭᠤᠢ ᠳ᠋ᠦ ᠴᠤᠤᠷᠢᠶᠠᠳᠤᠪᠡ᠃
ᠡᠭᠦᠨ᠎ᠤ ᠳᠠᠷᠠᠭ᠎ᠠ ᠪᠡᠷ ᠶᠠᠪᠤᠭᠳᠠᠭᠰᠠᠨ 《ᠬᠠᠰ ᠯᠣᠣ᠎ᠵᠢᠨ ᠦᠯᠦᠭᠡᠢ ᠨᠤᠳᠤᠭ ᠲᠸ᠋ ᠪᠤᠯᠵᠤᠵᠦ᠂ ᠦᠵᠡᠰᠭᠦᠯᠡᠩᠲᠦ ᠰᠠᠢᠬᠠᠨ ᠤᠮᠠᠷᠠᠲᠤ ᠬᠢᠯᠢ᠎ᠵᠢ ᠴᠤᠬᠴᠠᠯᠠᠶ᠎ᠠ》 ᠭᠡᠬᠦ᠌ ᠤᠷᠠᠨ ᠰᠠᠢᠬᠠᠨ᠎ᠤ ᠲᠣᠭ᠍ᠯᠠᠯᠲᠠ᠎ᠨᠢ 3 ᠪᠦᠯᠦᠭ ᠲᠸ᠋ ᠬᠤᠪᠢᠶᠠᠬᠲᠠᠵᠤ᠂ ᠤᠯᠠᠭᠠᠨᠬᠠᠳᠠ ᠵᠢᠨ ᠥᠩᠭᠡᠷᠡᠭ᠌ᠰᠡᠨ᠂ ᠤᠳᠤ ᠬᠢᠭᠡᠳ ᠢᠷᠡᠭᠡᠳᠦᠢ᠎ᠵᠢ ᠳᠡᠯᠭᠡᠨ ᠦᠵᠡᠭᠦᠯᠪᠠ᠃
ᠨᠢᠭᠡᠳᠦᠭᠡᠷ ᠪᠦᠯᠦᠭ 《ᠤᠮᠤᠭ ᠪᠠᠬᠠᠳᠤᠯᠲᠤ ᠤᠮᠠᠷᠠᠲᠤ ᠬᠢᠯᠢ》 ᠳ᠋ᠦ᠂ ᠬᠥᠮᠦᠨ ᠲᠥᠷᠥᠯᠬᠢᠲᠡᠨ᠎ᠦ ᠪᠣᠯᠪᠠᠰᠤᠨ᠎ᠤ ᠥᠷ᠎ᠦᠨ ᠲᠤᠶᠠᠭ᠎ᠠ᠎ᠶ᠋ᠢ ᠠᠩᠬ᠎ᠠ ᠨᠡᠭᠡᠭᠡᠭ᠌ᠰᠡᠨ ᠱᠢᠨ᠎ᠡ ᠴᠢᠯᠠᠭᠤᠨ ᠵᠡᠪᠰᠡᠭ᠎ᠦᠨ ᠰᠢᠶᠤᠤ ᠾᠸ ᠰᠢ ᠰᠣᠶᠣᠯ᠎ᠡᠴᠡ ᠬᠤᠩᠱᠠᠨ ᠰᠣᠶᠣᠯ᠎ᠢᠶᠠᠷ ᠴᠢᠬᠤᠯᠠ ᠲᠥᠯᠥᠭᠡᠯᠡᠭ᠌ᠴᠢ ᠪᠣᠯᠭᠠᠭ᠍ᠰᠠᠨ ᠠᠯᠢ ᠤᠯᠠᠨ ᠰᠣᠶᠣᠯ᠎ᠤᠨ ᠲᠦᠷᠦᠯ ᠵᠦᠢᠯ ᠬᠦᠷᠲᠡᠯᠡᠬᠢ ᠠᠭᠤᠯᠭ᠎ᠠ ᠵᠢ ᠳᠡᠯᠭᠡᠨ ᠦᠵᠡᠭᠦᠯᠵᠦ᠂ ᠤᠯᠠᠭᠠᠨᠬᠠᠳᠠ ᠬᠤᠳᠠ ᠪᠣᠯ ᠤᠯᠠᠨ ᠡᠱᠢᠲᠦ ᠨᠢᠭᠡ ᠴᠤᠭ᠍ᠴᠠᠵᠢᠭ᠍ᠰᠠᠨ ᠳᠤᠮᠳᠠᠳᠤ᠎ᠶ᠋ᠢᠨ ᠪᠣᠯᠪᠠᠰᠤᠨ᠎ᠤ ᠴᠢᠬᠤᠯᠠ ᠡᠭᠦᠰᠦᠯ᠎ᠦᠨ ᠭᠠᠵᠠᠷ᠎ᠤᠨ ᠨᠢᠭᠡ᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠰᠣᠶᠣᠯ᠎ᠤᠨ ᠥᠯᠥᠭᠡᠢ ᠪᠠ ᠲᠥᠪ ᠪᠣᠯᠬᠤ᠎ᠶ᠋ᠢ ᠬᠠᠷᠠᠭᠤᠯᠪᠠ;
ᠬᠤᠶᠠᠳᠤᠭᠠᠷ ᠪᠦᠯᠦᠭ 《ᠦᠵᠡᠮᠵᠢ ᠲᠡᠭᠦᠰ ᠨᠤᠲᠤᠭ ᠤᠰᠤᠨ》 ᠳ᠋ᠦ᠂ 《ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠣᠯ᠎ᠳᠤ ᠥᠷᠡᠴᠢᠯᠡᠭᠲᠡᠭᠰᠡᠨ》᠂ 《ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ ᠪᠤᠭᠤᠲᠤ᠎ᠶ᠋ᠢᠨ ᠪᠤᠯᠤᠳ ᠲᠡᠮᠤᠷ᠎ᠦᠨ ᠺᠣᠮᠫᠠᠨᠢ᠎ᠶ᠋ᠢ ᠪᠠᠢᠭᠤᠯᠬᠤ》 ᠵᠡᠷᠭᠡ ᠦᠨᠳᠦᠰᠦᠲᠡᠨ᠎ᠦ ᠪᠦᠯᠬᠦᠮᠳᠡᠯ᠎ᠦᠨ ᠲᠡᠦᠬᠡ᠎ᠶ᠋ᠢᠨ ᠰᠠᠢᠬᠠᠨ ᠳᠠᠭᠤᠷᠢᠰᠭᠠᠯ᠎ᠢ ᠳᠡᠯᠭᠡᠨ ᠦᠵᠡᠭᠦᠯᠵᠦ᠍᠂ ᠤᠮᠠᠷᠠᠲᠤ᠎ᠶ᠋ᠢᠨ ᠰᠣᠶᠣᠯ ᠪᠣᠯᠤᠨ ᠤᠯᠤᠰ᠎ᠢᠶᠠᠨ ᠬᠠᠢᠷᠠᠯᠠᠬᠤ ᠦᠵᠡᠯ᠎ᠦᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠬᠤᠪᠢᠰᠭᠠᠯ᠎ᠤᠨ ᠬᠥᠭ ᠠᠶᠠᠰ᠎ᠤᠨ ᠳᠤᠮᠳᠠ ᠠᠭᠤᠯᠠ ᠲᠠᠩᠭᠢᠰ᠎ᠢ ᠠᠯᠤᠰᠯᠠᠭ᠍ᠰᠠᠨ ᠦᠨᠳᠦᠰᠦᠲᠡᠨ᠎ᠤ ᠪᠦᠯᠬᠦᠮᠳᠡᠯ᠎ᠤᠨ ᠰᠡᠳᠭᠢᠯᠭᠡ᠎ᠶ᠋ᠢ ᠬᠠᠷᠠᠭᠤᠯᠪᠠ;
ᠭᠤᠷᠪᠠᠳᠤᠭᠠᠷ ᠪᠦᠯᠦᠭ 《ᠰᠡᠳᠭᠢᠯ ᠨᠢᠭᠡᠳᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠤᠨᠡᠮ》 ᠳ᠋ᠤ᠂ ᠤᠯᠠᠭᠠᠨᠬᠠᠳᠠ ᠬᠤᠳᠠ᠎ᠶ᠋ᠢᠨ ᠪᠣᠬᠢᠷᠲᠤᠯ ᠦᠭᠡᠢ ᠠᠮᠢ ᠠᠬᠤᠢ᠎ᠶ᠋ᠢᠨ ᠵᠢᠷᠤᠭ ᠵᠢᠴᠢ ᠣᠳᠣᠬᠢᠴᠢᠯᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢ ᠬᠠᠷᠠᠭᠤᠯᠵᠤ᠂ ᠤᠮᠠᠷᠠᠲᠤ᠎ᠶ᠋ᠢᠨ ᠬᠥᠪᠡᠭᠦᠳ ᠥᠬᠢᠳ᠎ᠦᠨ 《ᠮᠣᠩᠭᠣᠯ ᠮᠤᠷᠢᠨ᠎ᠤ ᠵᠣᠷᠢᠭ ᠰᠠᠨᠠᠭ᠎ᠠ》 ᠪᠣᠯᠤᠨ 《ᠤᠮᠠᠷᠠᠲᠤ᠎ᠶ᠋ᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠤᠯᠠᠭᠠᠨᠬᠠᠳᠠ᠎ᠶ᠋ᠢᠨ ᠰᠦᠷᠯᠢᠭ ᠰᠠᠢᠬᠠᠨ ᠭᠡᠷᠡᠯ ᠰᠠᠴᠤᠷᠠᠩᠭᠤᠢ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ ᠪᠠᠢᠬᠤ ᠵᠢ ᠬᠠᠷᠠᠭᠤᠯᠵᠠᠢ᠃
《ᠦᠵᠡᠭᠦᠯᠭᠡ ᠨᠢ ᠲᠣᠭ᠍ᠯᠠᠯᠲᠠ ᠶ᠋ᠢᠨ ᠠᠭᠤᠯᠭ᠎ᠠ᠎ᠶ᠋ᠢ ᠦᠨᠳᠦᠰᠦᠯᠡᠨ 〈ᠠᠨᠠᠷ᠎ᠤᠨ ᠦᠷ᠎ᠡ᠂ ᠬᠤᠩᠱᠠᠨ᠎ᠤ ᠰᠣᠶᠣᠯ᠎ᠤᠨ ᠪᠡᠯᠭᠡ ᠲᠡᠮᠳᠡᠭ᠎ᠦᠨ ᠴᠢᠨᠠᠷᠲᠠᠶ ᠪᠠᠭᠠᠵᠢ ᠬᠡᠷᠡᠭ᠌ᠰᠡᠯ ᠪᠣᠯᠬᠤ ᠤᠯᠤᠰ᠎ᠤᠨ ᠡᠷᠳᠡᠨᠢ C ᠬᠡᠯᠪᠡᠷᠢ᠎ᠶ᠋ᠢᠨ ᠨᠤᠮᠢᠨ ᠬᠠᠰ ᠯᠤᠤ᠂ ᠱᠢᠷᠠᠮᠥᠶ᠋ᠷᠡᠨ᠂ ᠯᠤᠤᠬ᠎ᠠ ᠵᠢᠨ ᠭᠣᠣᠯ᠂ ᠬᠠᠳᠠᠭ᠂ ᠳᠤᠮᠳᠠᠳᠤ ᠤᠯᠤᠰ᠎ᠤᠨ ᠵᠠᠩᠭᠢᠶ᠎ᠠ᠂ ᠮᠣᠷᠢᠨ ᠬᠤᠭᠤᠷ〉 ᠵᠡᠷᠭᠡ ᠲᠥᠯᠥᠭᠡᠯᠡᠬᠦ᠌ ᠴᠢᠨᠠᠷᠲᠠᠶ ᠰᠣᠶᠣᠯ᠎ᠤᠨ ᠡᠯᠧᠮᠧᠨ᠋ᠲ᠎ᠢ ᠢᠯᠡᠷᠡᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠦᠨ ᠭᠣᠣᠯ ᠰᠡᠳᠦᠪ᠎ᠢ ᠭᠦᠨᠵᠡᠭᠡᠢ ᠢᠯᠡᠳᠭᠡᠵᠦ᠍᠂ ᠡᠯᠪᠡᠭ ᠪᠠᠶᠠᠯᠢᠭ ᠰᠣᠶᠣᠯ᠎ᠤᠨ ᠡᠯᠧᠮᠧᠨ᠋ᠲ᠎ᠢ ᠤᠷᠠᠨ᠎ᠢᠶᠠᠷ ᠠᠭᠤᠰᠤᠯᠴᠠᠭᠤᠯᠵᠤ᠂ ᠲᠡᠦᠬᠡ ᠰᠣᠶᠣᠯ᠎ᠤᠨ ᠠᠭᠤᠯᠤᠭ᠍ᠳᠠᠬᠤᠨ᠎ᠢᠶᠠᠷ ᠪᠠᠶᠠᠯᠢᠭ ᠮᠥᠷᠲᠡᠭᠡᠨ ᠤᠳᠤ ᠦᠶ᠎ᠡ᠎ᠶ᠋ᠢᠨ ᠴᠠᠭ᠎ᠤᠨ ᠡᠯᠧᠮᠧᠨ᠋ᠲ᠎ᠢ ᠭᠦᠢᠴᠡᠳ ᠢᠯᠡᠷᠡᠭᠦᠯᠦᠭᠰᠡᠨ ᠪᠥᠵᠢᠭ᠎ᠦᠨ ᠰᠠᠢᠬᠠᠨ ᠣᠷᠣᠨ ᠵᠠᠢ᠎ᠶ᠋ᠢ ᠴᠣᠭ᠍ᠴᠠᠯᠠᠨ ᠪᠠᠢᠭᠤᠯᠵᠠᠢ》 ᠭᠡᠵᠦ ᠠᠷᠪᠠᠨ ᠨᠢᠭᠡᠳᠦᠭᠡᠷ ᠬᠤᠭᠤᠴᠠᠭᠠᠨ᠎ᠤ ᠪᠦᠬᠦ᠌ ᠣᠷᠣᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠤᠳᠤᠷᠢᠳᠤᠭᠠᠴᠢ᠎ᠶ᠋ᠢᠨ ᠳᠤᠭᠤᠢᠯᠠᠩ᠎ᠤᠨ ᠶᠡᠷᠦᠩᠬᠡᠶ ᠲᠠᠭᠠᠭᠠᠮᠠᠯ ᠮᠠ ᠸᠧᠶ ᠼᠦᠩ ᠲᠠᠨᠢᠯᠴᠠᠭᠤᠯᠪᠠ᠃
ᠲᠦᠷ ᠵᠠᠭᠤᠷ᠎ᠠ᠎ᠶ᠋ᠢᠨ ᠰᠠᠯᠤᠯᠲᠠ ᠪᠣᠯ ᠨᠡᠩ ᠰᠠᠢ᠍ᠢᠨ ᠠᠭᠤᠯᠵᠠᠯᠳᠡ᠎ᠵᠢᠨ ᠲᠥᠯᠥᠭᠡ ᠶᠤᠮ᠃ ᠦᠨᠳᠦᠰᠦᠲᠡᠨ ᠤ ᠶᠡᠬᠡ ᠬᠠᠮᠲᠤᠷᠠᠬᠰᠠᠨ ᠨᠠᠢᠷ ᠤᠨ ᠬᠠᠮᠤᠭ ᠰᠡᠭᠦᠯ ᠳ᠋ᠤ᠂ ᠲᠠᠷᠠᠭᠠᠴᠢ᠎ᠶ᠋ᠢᠨ ᠬᠤᠭᠤᠴᠠᠭᠠᠨ᠎ᠤ ᠲᠠᠮᠢᠷ᠎ᠤᠨ ᠴᠤᠭ᠍ᠯᠠᠭᠠᠨ᠎ᠤ ᠡᠷᠬᠢᠯᠡᠭ᠌ᠴᠢ ᠬᠤᠲᠠ ᠪᠣᠯᠤᠭ᠍ᠰᠠᠨ ᠪᠤᠭᠤᠲᠤ ᠬᠤᠳᠠ᠎ᠶ᠋ᠢᠨ ᠲᠥᠯᠥᠭᠡᠯᠡᠭ᠌ᠴᠢᠳ᠎ᠦᠨ ᠠᠩᠬᠢ 8 ᠮᠢᠨᠦ᠋ᠲ᠎ᠤᠨ ᠤᠷᠠᠨ ᠰᠠᠢᠬᠠᠨ᠎ᠤ ᠲᠣᠭ᠍ᠯᠠᠯᠲᠠ ᠭᠠᠷᠭᠠᠵᠤ᠂ ᠲᠤᠬᠠᠢ᠎ᠶ᠋ᠢᠨ ᠭᠠᠵᠠᠷ᠎ᠤᠨ ᠰᠣᠶᠣᠯ᠎ᠤᠨ ᠥᠪᠡᠷᠮᠢᠴᠡ ᠷᠢᠳᠢ ᠱᠢᠳᠢ᠎ᠶ᠋ᠢ ᠳᠡᠯᠭᠡᠨ ᠦᠵᠡᠭᠦᠯᠦᠭ᠌ᠰᠡᠨ ᠪᠥᠭᠡᠳ ᠪᠥᠵᠢᠭ᠎ᠦᠨ ᠬᠡᠯᠪᠡᠷᠢ᠎ᠪᠡᠷ ᠪᠦᠬᠦ᠌ ᠣᠷᠣᠨ᠎ᠤ ᠦᠵᠡᠭ᠌ᠴᠢᠳ᠎ᠲᠦ 2029 ᠣᠨ᠎ᠤ 《ᠤᠷᠢᠯᠭ᠎ᠠ᠎ᠶ᠋ᠢᠨ ᠵᠠᠬᠢᠳᠠᠯ》 ᠶᠠᠪᠤᠭᠤᠯᠵᠤ᠂ ᠪᠤᠭᠤᠲᠤ᠎ᠶ᠋ᠢᠨ ᠠᠷᠠᠳ ᠲᠦᠮᠡᠨ᠎ᠦ ᠬᠠᠯᠠᠭᠤᠨ ᠰᠡᠳᠭᠢᠯᠭᠡ ᠪᠣᠯᠤᠨ ᠬᠦᠰᠡᠯ ᠡᠷᠡᠮᠡᠯᠵᠡᠯ᠎ᠢ ᠳᠠᠮᠵᠢᠭᠤᠯᠪᠠ᠃
ᠦᠨᠳᠦᠰᠦᠳᠡᠨ ᠤ ᠶᠡᠬᠡ ᠬᠠᠮᠲᠤᠷᠠᠬᠰᠠᠨ ᠨᠠᠢᠷ 《ᠪᠢ ᠡᠬᠡ ᠤᠯᠤᠰ᠎ᠲᠠᠢ᠎ᠪᠠᠨ》 ᠬᠡᠬᠦ᠌ ᠨᠠᠢᠷᠠᠯ ᠳᠠᠭᠤᠤ ᠵᠢᠨ ᠠᠶᠠᠰ᠎ᠤᠨ ᠲᠤᠮᠳᠠ ᠠᠯᠭᠤᠷᠬᠠᠨ ᠦᠨᠳᠦᠷᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ ᠴᠤ᠌ ᠠᠮᠵᠢᠯᠲᠠ ᠲᠠᠢ ᠲᠠᠭᠤᠰᠪᠡ᠃ ᠦᠪᠡᠳᠡᠭᠰᠢ ᠴᠤᠬᠯᠠᠭᠠᠨ ᠦᠨᠳᠦᠷᠯᠡᠭᠰᠡᠨ ᠴᠸ᠋ ᠦᠨᠳᠦᠰᠦᠲᠡᠨ ᠨᠣᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠲᠠᠭᠤᠰᠤᠰᠢ ᠦᠬᠡᠢ᠂ ᠦᠵᠡᠰᠬᠦᠯᠡᠩᠳᠦ ᠰᠠᠢᠬᠠᠨ ᠤᠮᠠᠷᠠᠳᠦ ᠬᠢᠯᠢ ᠵᠢ ᠴᠤᠬᠴᠠᠯᠠᠬᠤ ᠡᠷᠴᠢ ᠵᠤᠷᠢᠬ ᠪᠤᠴᠠᠰᠢ ᠦᠬᠡᠢ ᠁