— 《ᠥᠪᠥᠷ ᠮᠣᠩᠭᠣᠯ᠎ᠤᠨ ᠰᠠᠢᠨ ᠬᠥᠮᠥᠨ》ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠴᠠᠩ ᠯᠦᠩ ᠢᠦᠢ ᠵᠦ᠍ ᠡᠭᠦᠯᠳᠡᠷ᠎ᠤᠨ ᠮᠠᠯ᠎ᠤᠨ ᠲᠤᠰᠬᠠᠢ ᠬᠣᠷᠰᠢᠶ᠎ᠠ᠎ᠶᠢᠨ ᠬᠡᠷᠡᠭ ᠡᠷᠬᠢᠯᠡᠭᠴᠢᠳ᠎ᠦᠨ ᠳᠠᠷᠤᠭ᠎ᠠ ᠭᠦᠸᠧ ᠯᠢ ᠯᠢᠶᠢ ᠲᠡᠮᠳᠡᠭᠯᠡᠪᠡ
8 ᠰᠠᠷ᠎ᠠ᠎ᠶᠢᠨ 2 ᠤ᠋ᠨ ᠥᠷᠯᠥᠭᠡ ᠡᠷᠲᠡ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠴᠠᠩ ᠯᠦᠩ ᠢᠦᠢ ᠵᠦ᠍ ᠡᠭᠦᠯᠳᠡᠷ᠎ᠤᠨ ᠮᠠᠯ᠎ᠤᠨ ᠲᠤᠰᠬᠠᠢ ᠬᠤᠷᠰᠢᠶ᠎ᠠ᠎ᠶᠢᠨ ᠬᠡᠷᠡᠭ ᠡᠷᠬᠢᠯᠡᠭᠴᠢᠳ᠎ᠦᠨ ᠳᠠᠷᠤᠭ᠎ᠠ ᠭᠦᠸᠧ ᠯᠢ ᠯᠢ ᠨᠢᠬᠡ ᠡᠳᠦᠷ᠎ᠤᠨ ᠶᠠᠭᠠᠷᠠᠯᠲᠠᠢ ᠠᠵᠢᠯ ᠵᠢᠠᠨ ᠡᠬᠢᠯᠡᠬᠦᠯᠵᠤ᠂ ᠬᠡᠳᠦᠨ ᠮᠡᠷᠭᠡᠵᠢᠯ᠎ᠦᠨ ᠭᠣᠣᠯᠯᠠᠭ᠍ᠴᠢ ᠬᠦᠴᠦᠨ᠎ᠲᠠᠢ ᠪᠠᠨ ᠬᠠᠮᠲᠤ ᠠᠵᠢᠯ᠎ᠤᠨ ᠱᠤᠭᠤᠮ ᠳᠡᠭᠡᠷᠡᠬᠢ ᠵᠠᠩᠭᠢᠯᠠᠭ᠎ᠠ᠎ᠶᠢᠨ ᠴᠡᠭ ᠨᠢᠭᠡᠪᠦᠷᠢ᠎ᠶᠢ ᠨᠠᠷᠢᠨ ᠨᠢᠮᠪᠠᠢ ᠪᠠᠢᠴᠠᠭᠠᠵᠤ ᠪᠠᠢᠯ᠎ᠠ᠃《8 ᠰᠠᠷ᠎ᠠ᠎ᠶᠢᠨ ᠳᠤᠮᠳᠠᠴᠢ᠎ᠪᠠᠷ ᠡᠳ᠋ᠰᠢᠭᠦᠯᠦᠨ ᠪᠣᠯᠪᠠᠰᠤᠷᠠᠭᠤᠯᠬᠤ ᠠᠵᠢᠯ ᠡᠬᠢᠯᠡᠬᠦ ᠲᠤᠯᠠ ᠡᠨᠡ ᠮᠠᠰᠢᠨ᠎ᠢ ᠡᠷᠬᠢᠯᠳᠦᠬᠦᠯᠦᠨ ᠠᠵᠢᠯᠯᠠᠭᠤᠯᠬᠤ ᠴᠢᠬᠤᠯᠠᠲᠠᠢ᠂ ᠣᠳᠣ᠌ ᠨᠢᠭᠡ ᠱᠤᠷᠠᠭ ᠨᠢ ᠰᠤᠯᠠᠷᠠᠭᠠᠳ ᠪᠠᠢᠪᠠᠯ ᠲᠡᠷᠡ ᠦᠶ᠎ᠡ ᠪᠤᠯᠬᠤ ᠳᠤ ᠨᠢᠭᠡ ᠡᠳᠦᠷ ᠤᠨ ᠠᠵᠢᠯ᠎ᠢ ᠰᠠᠭᠠᠲᠠᠭᠠᠵᠤ ᠮᠡᠳᠡᠨ᠎ᠡ》 ᠭᠡᠵᠦ 《ᠨᠠᠶᠠᠭᠠᠳ ᠣᠨ ᠡᠴᠡ ᠰᠡᠬᠦᠯᠡᠷ ᠲᠥᠷᠥᠭᠰᠡᠨ》 ᠨᠤᠲᠤᠭ ᠪᠤᠴᠠᠭᠰᠠᠨ ᠣᠶᠤᠲᠠᠨ ᠬᠦᠸᠸ ᠯᠢ ᠯᠢ ᠰᠢᠨ᠎ᠡ ᠪᠡᠷ ᠰᠣᠯᠢᠭ᠍ᠰᠠᠨ ᠮᠠᠰᠢᠨ᠎ᠤ ᠬᠣᠯᠬᠣᠪᠴᠢ ᠵᠢ ᠵᠦᠯᠭᠦᠬᠦ ᠵᠢᠨ ᠳᠠᠭᠠᠤ ᠢᠨᠢᠶᠡᠮᠰᠦᠭᠯᠡᠨ ᠶᠠᠷᠢᠯ᠎ᠠ᠃
2009 ᠣᠨ᠎ᠳᠤ᠂ ᠶᠡᠬᠡ ᠰᠤᠷᠭᠠᠭᠤᠯᠢ᠎ᠪᠠᠨ ᠰᠠᠶᠢᠬᠠᠨ ᠲᠡᠭᠦᠰᠬᠡᠭᠰᠡᠨ ᠭᠦᠸᠧ ᠯᠢ ᠯᠢ ᠪᠡᠭᠡᠵᠢᠩ᠎ᠳᠦ ᠠᠵᠢᠯ ᠤᠯᠵᠤ ᠂ ᠬᠠᠳᠠᠭᠤᠵᠢᠯᠳᠠᠢ ᠴᠢᠷᠮᠠᠢᠯᠭ᠎ᠠ ᠪᠡᠷ ᠵᠢᠡᠨ ᠮᠠᠰᠢ ᠲᠦᠷᠭᠡᠨ ᠲᠤᠭᠲᠠᠪᠤᠷᠢᠲᠠᠢ ᠪᠤᠯᠪᠠ᠃ ᠭᠡᠲᠡᠯ᠎ᠡ ᠨᠤᠲᠤᠭ᠎ᠲᠠᠭᠠᠨ ᠪᠤᠴᠠᠬᠤ ᠵᠢ ᠲᠡᠷᠡ ᠪᠤᠳᠤᠭᠰᠠᠭᠠᠷ ᠪᠠᠢᠯ᠎ᠠ᠃
2012 ᠣᠨ᠎ᠳᠤ᠂ ᠭᠦᠸᠧ ᠯᠢ ᠯᠢ ᠡᠷᠡᠰ ᠰᠢᠭᠤᠷᠬᠠᠢ᠎ᠪᠠᠷ ᠨᠤᠲᠤᠭ᠎ᠲᠠᠭᠠᠨ ᠪᠤᠴᠠᠵᠤ ᠦᠢᠯᠡᠰ ᠪᠣᠰᠬᠠᠬᠤ᠎ᠶᠢ ᠰᠣᠩᠭᠣᠪᠠ᠃
ᠨᠤᠲᠤᠭ᠎ᠲᠠᠭᠠᠨ ᠪᠤᠴᠠᠵᠤ ᠦᠢᠯᠡᠰ ᠪᠣᠰᠬᠠᠬᠤ ᠭᠡᠭᠴᠢ ᠲᠦᠬᠦᠮ ᠬᠢᠯᠪᠠᠷ ᠶᠠᠪᠤᠳᠠᠯ ᠪᠢᠰᠢ᠂ ᠬᠠᠷᠢᠨ ᠰᠢᠨ᠎ᠡ ᠭᠠᠷᠤᠭ᠎ᠠ ᠪᠤᠯᠬᠤ ᠶᠤᠮ᠃ ᠭᠦᠸᠧ ᠯᠢ ᠯᠢ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠴᠠᠩ ᠯᠦᠩ ᠢᠦᠢ ᠵᠦ᠍ ᠡᠭᠦᠯᠳᠡᠷ᠎ᠤᠨ ᠮᠠᠯ᠎ᠤᠨ ᠲᠤᠰᠬᠠᠢ ᠬᠣᠷᠰᠢᠶ᠎ᠠ᠎ᠶᠢ ᠳᠠᠩᠰᠠᠯᠠᠭᠤᠯᠤᠨ ᠪᠠᠢᠭᠤᠯᠵᠤ᠂ ᠰᠢᠬᠢᠷᠯᠢᠭ ᠨᠠᠩᠭᠢ᠎ᠳᠤ ᠡᠷᠳᠡᠨᠢ ᠰᠢᠰᠢ᠎ᠶᠢᠨ ᠠᠵᠤ ᠦᠢᠯᠡᠰ᠎ᠢ ᠬᠦᠭᠵᠢᠬᠦᠯᠬᠦ ᠪᠡᠷ ᠬᠦᠴᠦᠯᠡᠨ ᠴᠢᠷᠮᠠᠢᠪᠠ᠃
ᠲᠡᠭᠦᠨ᠎ᠦ ᠳᠠᠭᠠᠭᠤᠯᠭ᠎ᠠ ᠳᠣᠣᠷ᠎ᠠ᠂ ᠬᠤᠷᠰᠢᠶ᠎ᠠ᠎ᠶᠢᠨ ᠰᠢᠬᠢᠷᠯᠢᠭ ᠨᠠᠩᠭᠢ᠎ᠳᠤ ᠡᠷᠳᠡᠨᠢ ᠰᠢᠰᠢ ᠲᠠᠷᠢᠬᠤ ᠦᠢᠯᠡᠰ ᠤᠳᠠᠯ ᠦᠭᠡᠢ ᠲᠠᠪᠠᠯᠳᠠᠳᠤ ᠮᠠᠶᠢᠭ᠋᠎ᠤᠨ ᠬᠥᠭᠵᠢᠯᠲᠡ ᠲᠠᠢ ᠪᠤᠯᠪᠠ;ᠬᠠᠮᠤᠭ ᠠᠩᠬ᠎ᠠ 300 ᠮᠦ᠍ ᠲᠤᠷᠰᠢᠨ ᠲᠠᠷᠢᠵᠤ ᠪᠠᠢᠭᠰᠠᠨ᠎ᠡᠴᠡ ᠪᠠᠨ ᠣᠬᠣᠷᠬᠠᠨ ᠬᠡᠳᠦᠨ ᠵᠢᠯ᠎ᠳᠦ 2000 ᠮᠦ᠍ ᠪᠤᠯᠵᠤ ᠥᠷᠭᠡᠵᠢᠪᠡ᠃
《ᠪᠤᠰᠢᠭᠤ ᠱᠠᠯᠠᠮᠠᠭᠠᠢ ᠠᠵᠢᠯᠯᠠᠪᠠᠯ ᠨᠢᠭᠡ ᠰᠠᠷ᠎ᠠ᠎ᠳᠤ 4500 ᠭᠠᠷᠤᠢ ᠲᠥᠭᠥᠷᠢᠭ ᠣᠯᠣᠨ᠎ᠠ!》 ᠭᠡᠵᠦ ᠲᠣᠰᠬᠣᠨ᠎ᠤ ᠠᠷᠠᠳ ᠵᠢᠷᠭᠠᠯ ᠢᠨᠢᠶᠡᠮᠰᠦᠭᠯᠡᠨ ᠬᠡᠯᠡᠪᠡ᠃ ᠡᠳ᠋ᠰᠢᠭᠦᠯᠦᠨ ᠪᠤᠯᠪᠠᠰᠤᠷᠠᠭᠤᠯᠬᠤ ᠬᠦᠭᠵᠢᠶᠡᠨᠳᠡᠢ ᠤᠯᠠᠷᠢᠯ ᠪᠤᠯᠬᠤ ᠪᠦᠷᠢ ᠲᠤᠰᠬᠤᠨ᠎ᠤ 200 ᠭᠠᠷᠤᠢ ᠬᠦᠮᠦᠨ ᠦᠢᠯᠡᠳᠪᠦᠷᠢ᠎ᠳᠤ ᠢᠷᠡᠵᠦ ᠠᠵᠢᠯᠯᠠᠨ᠎ᠠ᠃ ᠲᠡᠭᠦᠨ᠎ᠦ ᠡᠷᠳᠡᠨᠢ ᠰᠢᠰᠢ ᠡᠳ᠋ᠰᠢᠬᠦᠯᠦᠨ ᠪᠣᠯᠪᠠᠰᠤᠷᠠᠭᠤᠯᠬᠤ ᠦᠢᠯᠡᠳᠪᠦᠷᠢ ᠨᠢ ᠪᠠᠰᠠ ᠲᠣᠰᠬᠣᠨ᠎ᠤ ᠠᠷᠠᠳ᠎ᠤᠨ ᠬᠦᠴᠦ ᠶᠠᠪᠤᠵᠤ ᠵᠣᠭᠣᠰ ᠣᠯᠬᠤ ᠰᠠᠢᠨ ᠭᠠᠵᠠᠷ ᠪᠤᠯᠤᠭᠰᠠᠠ ᠠᠵᠢ᠃
ᠲᠠᠷᠢᠶᠠᠴᠢᠳ᠎ᠢ ᠬᠠᠪᠰᠤᠷᠴᠤ ᠣᠷᠣᠯᠭ᠎ᠠ᠎ᠶᠢ ᠨᠢ ᠨᠡᠮᠡᠭᠳᠡᠭᠦᠯᠬᠦ ᠵᠢᠨ ᠲᠦᠯᠦᠭᠡ ᠭᠦᠸᠧ ᠯᠢ ᠯᠢ ᠪᠠᠰᠠ ᠭᠠᠵᠠᠷ ᠰᠢᠷᠣᠢ ᠪᠡᠷ ᠵᠢᠡᠨ ᠵᠤᠭᠤᠰ ᠤᠯᠬᠤ ᠠᠷᠭ᠎ᠠ ᠵᠠᠮ᠎ᠢ ᠨᠡᠭᠡᠭᠡᠨ᠂ ᠲᠤᠰᠬᠤᠨ᠎ᠤ ᠠᠷᠠᠳ᠎ᠤᠨ ᠭᠠᠵᠠᠷ ᠰᠢᠷᠤᠢ ᠵᠢ ᠮᠦ᠍ ᠪᠦᠷᠢ ᠵᠠᠬ᠎ᠠ ᠳᠡᠯᠭᠡᠭᠦᠷ᠎ᠦᠨ ᠦᠨ᠎ᠡ ᠬᠠᠩᠰᠢ᠎ᠡᠴᠡ 200 ᠲᠥᠭᠥᠷᠢᠭ ᠦᠨ᠎ᠡ᠎ᠲᠠᠢ ᠪᠡᠷ ᠰᠢᠯᠵᠢᠭᠦᠯᠦᠨ ᠲᠦᠷᠢᠶᠡᠰᠦᠯᠡᠬᠦᠯᠪᠡ᠃ ᠲᠡᠷᠡ ᠡᠷᠬᠢᠨ ᠲᠣᠭᠣᠷᠢᠨ᠎ᠤ 1000 ᠭᠠᠷᠤᠢ ᠡᠷᠦᠬᠡ ᠲᠣᠰᠬᠣᠨ᠎ᠤ ᠠᠷᠠᠳ᠎ᠲᠠᠢ ᠵᠠᠬᠢᠶᠠᠯᠠᠭ᠎ᠠ ᠲᠣᠭᠲᠠᠭᠰᠠᠨ ᠪᠥᠭᠡᠳ ᠦᠷ᠎ᠡ ᠂ ᠬᠢᠮᠢ᠎ᠶᠢᠨ ᠪᠣᠷᠳᠣᠭᠤᠷ᠎ᠢ ᠦᠨ᠎ᠡ ᠲᠦᠯᠦᠪᠦᠷᠢ ᠦᠭᠡᠢ᠎ᠪᠡᠷ ᠬᠠᠩᠭᠠᠵᠤ᠂ ᠪᠦᠬᠦ ᠶᠠᠪᠤᠴᠠ ᠵᠢᠨ ᠮᠡᠷᠭᠡᠵᠢᠯ᠎ᠤᠨ ᠵᠢᠯᠤᠭᠤᠳᠤᠯᠭ᠎ᠠ ᠬᠠᠩᠭᠠᠵᠤ᠂ ᠡᠷᠳᠡᠨᠢ ᠰᠢᠰᠢ ᠪᠣᠯᠪᠠᠰᠤᠷᠠᠭᠰᠠᠨ᠎ᠤ ᠳᠠᠷᠠᠭ᠎ᠠ ᠵᠠᠬ᠎ᠠ ᠳᠡᠯᠭᠡᠭᠦᠷ᠎ᠦᠨ ᠦᠨ᠎ᠡ᠎ᠡᠴᠡ ᠥᠨᠳᠥᠷ ᠦᠨ᠎ᠡ᠎ᠪᠡᠷ ᠬᠣᠷᠢᠶᠠᠨ ᠠᠪᠴᠤ ᠡᠳ᠋ᠰᠢᠭᠦᠯᠦᠨ ᠪᠣᠯᠪᠠᠰᠤᠷᠠᠭᠤᠯᠵᠤ᠂ ᠣᠷᠣᠯᠴᠠᠭᠰᠠᠨ ᠲᠠᠷᠢᠶᠠᠴᠢᠨ ᠡᠷᠦᠬᠡ ᠵᠢᠨ ᠤᠷᠤᠯᠭ᠎ᠠ ᠵᠢ ᠳᠤᠮᠳᠠᠴᠢ᠎ᠪᠠᠷ 5000 ᠲᠥᠭᠥᠷᠢᠭ ᠨᠡᠮᠡᠭᠳᠡᠬᠦᠯᠵᠡᠢ᠃
ᠲᠠᠷᠢᠶᠠᠴᠢᠨ ᠡᠷᠦᠬᠡ ᠾᠧ ᠴᠠᠩ ᠷᠦᠩ᠎ᠤᠨ ᠬᠢᠨ ᠡᠨᠡ ᠵᠢᠯ 3 ᠮᠦ᠍ ᠰᠢᠬᠢᠷᠯᠢᠭ ᠨᠠᠩᠭᠢ᠎ᠳᠤ ᠡᠷᠳᠡᠨᠢ ᠰᠢᠰᠢ᠎ᠶᠢᠨ ᠵᠠᠬᠢᠶᠠᠯᠠᠭ᠎ᠠ ᠲᠣᠭᠲᠠᠵᠤ᠂ ᠵᠢᠱ᠌ᠢᠯᠲᠡ᠎ᠪᠡᠷ 6000 ᠭᠠᠷᠤᠢ ᠲᠥᠭᠥᠷᠢᠭ᠎ᠦᠨ ᠣᠷᠣᠯᠭ᠎ᠠ ᠣᠯᠬᠤ ᠪᠣᠯᠣᠨ᠎ᠠ᠃ ᠲᠡᠷᠡ ᠠᠮᠠ ᠬᠠᠮᠬᠢᠯ ᠦᠭᠡᠢ ᠪᠠᠶᠠᠷᠯᠠᠵᠤ᠄ 《ᠯᠢ ᠯᠢᠶᠢ ᠳᠠᠭᠠᠵᠤ ᠬᠢᠪᠡᠯ ᠰᠠᠨᠠᠭ᠎ᠠ ᠠᠮᠤᠷ ᠰᠢᠦ!》 ᠭᠡᠨ᠎ᠡ᠃
ᠬᠣᠷᠰᠢᠶ᠎ᠠ᠎ᠪᠠᠨ ᠬᠥᠭᠵᠢᠭᠦᠯᠦᠨ ᠪᠤᠵᠠᠭᠠᠢᠷᠠᠭᠤᠯᠬᠤᠬᠡᠪᠡᠯ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠳᠦ ᠲᠦᠰᠢᠭᠯᠡᠬᠦ ᠬᠡᠷᠡᠭᠲᠡᠢ ᠭᠡᠳᠡᠭ᠎ᠢ ᠭᠦᠸᠧ ᠯᠢ ᠯᠢ ᠮᠡᠳᠡᠵᠦ ᠪᠠᠢᠯ᠎ᠠ᠃ ᠲᠡᠷᠡ ᠰᠠᠨᠠᠭᠠᠴᠢᠯᠠᠭ᠎ᠠ᠎ᠠᠴᠠ᠎ᠪᠠᠨ ᠤᠯᠤᠰ᠎ᠤᠨ ᠳᠣᠲᠣᠭᠠᠳᠤ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠲᠠᠢ ᠬᠠᠮᠲᠤᠷᠠᠯᠴᠠᠵᠤ᠂ ᠨᠢᠭᠡ ᠯᠡ ᠲᠡᠭᠡᠷ᠎ᠡ 23 ᠰᠢᠨ᠎ᠡ ᠡᠭᠦᠯᠳᠡᠷ᠎ᠢ ᠣᠷᠣᠭᠤᠯᠤᠨ ᠠᠪᠴᠢᠷᠠᠵᠤ᠂ ᠬᠣᠷᠰᠢᠶ᠎ᠠ᠎ᠶᠢᠨ ᠲᠠᠷᠢᠶᠠᠨ ᠭᠠᠵᠠᠷ᠎ᠠᠴᠠ ᠲᠤᠰᠬᠠᠢᠯᠠᠨ 100 ᠮᠦ᠍ ᠭᠠᠷᠭᠠᠵᠤ ᠲᠤᠷᠰᠢᠨ ᠳᠠᠷᠢᠪᠠ᠃ ᠲᠡᠷᠡ ᠪᠦᠯᠬᠦᠮ᠎ᠲᠠᠢ᠎ᠪᠡᠨ ᠡᠳᠦᠷᠵᠢᠨ ᠲᠠᠷᠢᠶᠠᠨ ᠭᠠᠵᠠᠷ᠎ᠲᠠᠭᠠᠨ ᠰᠠᠭᠤᠵᠤ᠂ ᠲᠤᠷᠰᠢᠯᠲᠠ᠎ᠶᠢᠨ ᠲᠠᠷᠢᠶ᠎ᠠ᠎ᠪᠠᠨ ᠨᠠᠷᠢᠨ ᠨᠢᠮᠪᠠᠢ ᠠᠷᠠᠴᠢᠯᠠᠨ ᠲᠤᠳᠤᠮᠳᠠᠵᠤ᠂ ᠡᠴᠦᠰ ᠲᠡᠬᠡᠨ ᠮᠠᠰᠢ ᠶᠡᠬᠡ ᠳᠠᠯᠳᠠ ᠬᠦᠴᠦᠨ᠎ᠲᠠᠢ 3 ᠰᠢᠯᠢᠳᠡᠭ ᠡᠭᠦᠯᠳᠡᠷ᠎ᠢ ᠰᠣᠩᠭᠣᠨ ᠭᠠᠷᠭᠠᠪᠠ᠃
ᠣᠳᠣᠬᠠᠨ᠎ᠳᠤ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠴᠠᠩ ᠯᠦᠩ ᠢᠦᠢ ᠵᠦ᠍ ᠡᠬᠦᠯᠳᠡᠷ᠎ᠤᠨ ᠮᠠᠯ᠎ᠤᠨ ᠲᠤᠰᠭᠠᠢ ᠬᠤᠷᠱᠢᠶ᠎ᠠ᠎ᠶ᠋ᠢᠨ ᠡᠷᠳᠡᠨᠢ ᠱᠢᠰᠢ᠎ᠶ᠋ᠢᠨ ᠲᠠᠷᠢᠶᠠᠨ᠎ᠳᠤ᠂ ᠬᠣᠷᠣᠬᠠᠢ ᠠᠯᠠᠬᠤ ᠳ᠋ᠧᠩ᠎ᠢᠶᠡᠷ ᠲᠠᠷᠢᠮᠠᠯ᠎ᠢ ᠬᠠᠮᠠᠭᠠᠯᠠᠨ ᠬᠣᠷᠣᠬᠠᠢ᠎ᠶ᠋ᠢᠨ ᠬᠥᠨᠥᠭᠡᠯ᠎ᠢ ᠰᠡᠷᠭᠡᠢᠯᠡᠵᠦ᠍᠂ ᠱᠢᠶᠤᠤ ᠢᠦᠢ ᠨᠦᠩ ᠤᠶᠤᠨᠳᠤ ᠱᠢᠰᠲ᠋ᠧᠮᠶ᠋ᠢᠡᠷ ᠴᠠᠭ ᠠᠭᠤᠷ᠎ᠤᠨ ᠬᠤᠪᠢᠷᠠᠯᠲᠠ᠎ᠶ᠋ᠢ ᠴᠠᠭ ᠲᠤᠬᠠᠢᠳᠤᠨᠢ ᠬᠢᠨᠠᠨ ᠬᠡᠮᠵᠢᠵᠦ᠍᠂ ᠬᠥᠷᠥᠰᠥ᠍ ᠱᠢᠷᠣᠢ ᠵᠢᠨ ᠬᠢᠨᠠᠨ ᠬᠡᠮᠵᠢᠬᠦᠷᠯᠢᠭ ᠨᠢ ᠵᠦᠢ ᠵᠣᠬᠢᠰᠲᠠᠢ ᠪᠤᠷᠳᠤᠭᠤᠷ ᠣᠷᠣᠭᠤᠯᠬᠤ᠎ᠳᠤ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠨᠭᠭᠠᠨ᠎ᠠ᠃ ᠡᠳ᠋ᠰᠢᠬᠦᠯᠦᠨ ᠪᠣᠯᠪᠠᠰᠤᠷᠠᠭᠤᠯᠬᠤ ᠦᠶ᠋ᠯᠡᠳᠪᠦᠷᠢ᠎ᠶ᠋ᠢᠨ ᠲᠠᠰᠤᠭ᠎ᠲᠤ ᠨᠠᠩ ᠴᠤ᠌ 《ᠰᠠᠢᠨ ᠪᠠᠷᠠᠭ᠎ᠠ》 ᠤᠯᠠᠨ ᠪᠤᠢ᠄ ᠱᠢᠨ᠎ᠡ ᠰᠣᠷᠭᠣᠭ ᠡᠷᠳᠡᠨᠢ ᠱᠢᠰᠢ ᠵᠢ ᠬᠠᠳᠤᠵᠤ ᠬᠤᠷᠢᠶᠠᠬᠤ ᠮᠠᠱᠢᠨ᠂ ᠠᠦ᠋ᠲ᠋ᠣ᠋ ᠬᠠᠯᠢᠰᠤ ᠱᠠᠭᠠᠯᠬᠤ ᠮᠠᠱᠢᠨ᠂ ᠠᠦ᠋ᠲ᠋ᠣ᠋ ᠪᠣᠭᠣᠳᠠᠯᠯᠠᠬᠤ ᠮᠠᠱᠢᠨ ᠵᠡᠷᠭᠡ ᠢᠵᠢ ᠪᠦᠷᠢᠳᠦᠵᠡᠢ᠃ ᠥᠩᠭᠡᠷᠡᠭ᠌ᠰᠡᠨ᠎ᠳᠦ ᠠᠪᠬᠤ ᠬᠥᠮᠦᠨ ᠥᠬᠡᠶ ᠪᠠᠢᠭ᠍ᠰᠠᠨ ᠡᠷᠳᠡᠨᠢ ᠱᠢᠰᠢ᠎ᠶ᠋ᠢᠨ ᠰᠠᠬᠠᠯᠢ ᠭᠦᠸᠧ ᠯᠢ ᠯᠢ᠂ ᠬᠢᠩᠭᠠᠨ ᠠᠢᠮᠠᠭ᠎ᠤᠨ ᠲᠠᠷᠢᠶᠠᠯᠠᠩ᠎ᠤᠨ ᠰᠤᠳᠤᠯᠭᠠᠨ᠎ᠤ ᠭᠠᠵᠠᠷ᠂ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠲᠤᠰᠭᠠᠶ ᠮᠡᠷᠭᠡᠵᠢᠯᠲᠡᠨ᠎ᠲᠠᠢ ᠬᠠᠮᠲᠤ᠎ᠪᠠᠷ ᠰᠤᠳᠤᠯᠤᠨ ᠨᠡᠭᠡᠭᠡᠵᠦ᠂ ᠤᠰᠤᠨ᠎ᠳᠤ ᠳᠡᠪᠲᠦᠭᠡᠵᠦ᠍ ᠤᠤᠭᠤᠵᠤ ᠪᠤᠯᠬᠤ ᠡᠷᠳᠡᠨᠢ ᠱᠢᠰᠢ᠎ᠶ᠋ᠢᠨ ᠰᠠᠬᠠᠯ᠎ᠤᠨ ᠴᠠᠶ ᠪᠤᠯᠭᠠᠨ ᠬᠤᠪᠢᠷᠠᠭᠤᠯᠪᠠ᠃
ᠭᠦᠸᠧ ᠯᠢ ᠯᠢ ᠡᠷᠳᠡᠨᠢ ᠱᠢᠰᠢ ᠲᠠᠷᠢᠬᠤ᠎ᠳᠠᠭᠠᠨ ᠡᠬᠢᠯᠡᠩᠭᠦᠳᠡ᠎ᠪᠡᠨ ᠲᠠᠷᠤᠢ ᠪᠣᠬᠢᠷᠲᠤᠯ ᠦᠭᠡᠢ ᠠᠮᠢ ᠠᠬᠤᠢ᠎ᠶ᠋ᠢᠨ ᠲᠠᠷᠢᠮᠠᠯ᠎ᠤᠨ ᠵᠠᠮ᠎ᠵᠢᠡᠷ ᠵᠠᠮᠨᠠᠬᠤ ᠬᠡᠷᠡᠭᠳᠡᠢ ᠭᠡᠳᠡᠭ᠎ᠢ ᠲᠠᠨᠢᠵᠤ ᠮᠡᠳᠡᠵᠢ᠃ ᠦᠷ᠎ᠡ ᠰᠣᠩᠭᠣᠬᠤ ᠳ᠋ᠠᠭᠠᠨ ᠲᠤᠬᠠᠶ᠎ᠶ᠋ᠢᠨ ᠭᠠᠵᠠᠷ᠎ᠤᠨ ᠣᠷᠴᠢᠨ ᠲᠣᠭᠣᠷᠢᠨ᠎ᠳᠤ ᠲᠣᠬᠢᠷᠠᠬᠤ ᠮᠥᠷᠲᠡᠭᠡᠨ ᠡᠪᠡᠳᠴᠢᠨ ᠬᠣᠷᠣᠬᠠᠶ᠎ᠶ᠋ᠢᠨ ᠬᠥᠨᠥᠭᠡᠯ᠎ᠢ ᠡᠰᠡᠷᠭᠦᠴᠡᠬᠦ᠌ ᠴᠢᠳᠠᠪᠤᠷᠢ᠎ᠪᠠᠷ ᠴᠢᠩᠭ᠎ᠠ ᠴᠢᠨᠠᠷ ᠰᠠᠢᠲᠠᠶ ᠡᠭᠦᠯᠳᠡᠷ᠎ᠢ ᠰᠣᠩᠭᠣᠪᠠ᠃ ᠬᠥᠷᠥᠰᠥ᠍ ᠱᠢᠷᠣᠢ᠎ᠶ᠋ᠢᠨ ᠬᠠᠮᠢᠶᠠᠷᠤᠯᠲᠠ᠎ᠶ᠋ᠢᠨ ᠲᠠᠯ᠎ᠠ᠎ᠪᠠᠷ ᠠᠵᠤ ᠦᠢᠯᠡᠳᠪᠦᠷᠢᠵᠢᠯᠲᠡ᠎ᠶ᠋ᠢᠨ ᠪᠤᠷᠳᠤᠭᠤᠷ᠎ᠢ ᠬᠡᠷᠡᠭ᠌ᠯᠡᠬᠦ᠌ ᠦᠭᠡᠢ᠂ ᠬᠠᠷᠢᠨ ᠡᠷᠳᠡᠨᠢ ᠱᠢᠰᠢ᠎ᠶ᠋ᠢᠨ ᠡᠰᠢ ᠰᠦᠷᠡᠯ᠎ᠢ ᠡᠪᠡᠰᠦ ᠪᠣᠷᠳᠣᠭ᠎ᠠ ᠪᠣᠯᠭᠠᠨ ᠪᠣᠯᠪᠠᠰᠤᠷᠠᠭᠤᠯᠵᠤ ᠲᠤᠰᠬᠠᠢ ᠬᠣᠷᠱᠢᠶᠠᠨ᠎ᠤ ᠦᠬᠡᠷ ᠬᠣᠨᠢ᠎ᠶ᠋ᠢ ᠲᠡᠵᠢᠭᠡᠵᠦ᠂ ᠲᠠᠬᠢᠨ ᠦᠬᠡᠷ ᠬᠣᠨᠢ᠎ᠶ᠋ᠢᠨ ᠠᠷᠭᠠᠯ ᠬᠤᠷᠭᠤᠯᠵᠢᠡᠷ ᠪᠣᠷᠳᠣᠭᠤᠷ ᠪᠣᠯᠭᠠᠵᠤ᠂ ᠬᠠᠮᠤᠭ ᠰᠡᠭᠦᠯ᠎ᠳᠦ ᠲᠠᠷᠢᠶᠠᠨ᠎ᠳᠤ ᠬᠡᠷᠡᠭ᠌ᠯᠡᠨ᠎ᠡ᠃ ᠡᠨᠡᠬᠦ᠌ ᠣᠷᠴᠢᠯᠲᠠ᠎ᠪᠠᠷ᠂ ᠲᠤᠰᠬᠠᠢ ᠬᠣᠷᠱᠢᠶᠠᠨ᠎ᠤ ᠱᠢᠬᠢᠷᠯᠢᠭ ᠨᠠᠩᠬᠢ᠎ᠳᠤ ᠡᠷᠳᠡᠨᠢ ᠱᠢᠰᠢ᠎ᠨᠢ ᠪᠣᠬᠢᠷᠲᠤᠯ ᠥᠬᠡᠶ᠂ ᠠᠮᠢ ᠠᠬᠤᠶ ᠵᠢᠨ᠂ ᠴᠢᠨᠠᠷ ᠰᠠᠢᠲᠠᠶ ᠪᠦᠲᠦᠭᠡᠭ᠌ᠳᠡᠬᠦᠨ᠎ᠢᠶᠡᠷ ᠵᠠᠬ᠎ᠠ ᠳᠡᠯᠭᠡᠭᠦᠷ ᠳᠡᠭᠡᠷ᠎ᠡ ᠴᠣᠯᠭᠣᠷᠠᠨ ᠭᠠᠷᠴᠤ᠌᠂ ᠪᠣᠷᠣᠯᠠᠭᠤᠯᠭ᠎ᠠ᠎ᠶ᠋ᠢᠨ ᠦᠨ᠎ᠡ ᠬᠠᠩᠰᠢ᠎ᠨᠢ ᠡᠩ᠎ᠦᠨ ᠲᠠᠷᠢᠶᠠᠨ ᠭᠠᠵᠠᠷ᠎ᠤᠨ ᠡᠷᠳᠡᠨᠢ ᠱᠢᠰᠢ᠎ᠲᠡᠶ ᠬᠠᠷᠢᠴᠠᠭᠤᠯᠪᠠᠯ 150 % ᠪᠠᠷ ᠨᠡᠮᠡᠭ᠌ᠳᠡᠭ᠌ᠰᠡᠨ ᠪᠥᠭᠡᠳ ᠪᠣᠷᠣᠯᠠᠭᠤᠯᠭ᠎ᠠ᠎ᠨᠢ ᠵᠢᠯ᠎ᠡᠴᠡ ᠵᠢᠯ ᠰᠠᠢᠵᠢᠷᠠᠵᠤ ᠪᠤᠢ᠃
ᠭᠦᠸᠧ ᠯᠢ ᠯᠢ᠎ᠶ᠋ᠢ ᠨᠤᠲᠤᠭ᠎ᠤᠨ ᠬᠥᠮᠦᠰ ᠨᠢ ᠪᠦᠷ ᠢᠳᠡᠭᠡᠳᠡᠭ᠃ ᠦᠢᠯᠡᠰ ᠪᠣᠰᠭᠠᠬᠤ ᠡᠬᠢᠨ᠎ᠦ ᠬᠤᠭᠤᠴᠠᠭᠠᠨ᠎ᠳᠤ ᠭᠦᠸᠧ ᠯᠢ ᠯᠢ ᠵᠣᠭᠣᠰ ᠦᠭᠡᠢ ᠂ ᠲᠤᠷᠱᠢᠯᠭᠠᠴᠦ ᠦᠭᠡᠢ᠂ ᠭᠡᠪᠡᠴᠦ᠍ ᠲᠡᠷᠡ ᠲᠤᠨᠭ᠌ ᠦᠨᠠᠨᠴᠢ ᠢᠳᠡᠭᠡᠮᠵᠢᠲᠠᠢ᠃ ᠨᠤᠲᠤᠭ᠎ᠤᠨ ᠤᠯᠠᠨ ᠲᠦᠮᠡᠨ᠎ᠤ ᠡᠷᠳᠡᠨᠢ ᠱᠢᠰᠢ᠎ᠶ᠋ᠢ ᠬᠤᠷᠢᠶᠠᠵᠤ ᠠᠪᠬᠤ᠎ᠳᠤ ᠪᠠᠨ ᠲᠡᠷᠡ ᠪᠦᠷ ᠪᠡᠶ᠎ᠡ᠎ᠪᠡᠷ᠎ᠢᠶᠡᠨ ᠣᠴᠢᠵᠤ ᠦᠵᠡᠨ᠎ᠡ᠂ ᠶᠠᠭᠠᠬᠢᠵᠤ ᠳᠠᠷᠢᠵᠤ ᠪᠠᠢᠬᠤ ᠂ ᠶᠠᠰᠤ ᠴᠢᠨᠠᠷ ᠶᠠᠮᠠᠷ ᠵᠡᠷᠭᠡ ᠪᠠᠢᠬᠤ᠎ᠵᠢ ᠪᠠᠢᠴᠠᠭᠠᠨ ᠦᠵᠡᠵᠦ ᠬᠢᠷᠢ ᠲᠡᠩᠴᠡᠪᠡᠯ ᠰᠠᠶᠢ ᠭᠡᠷ᠎ᠡ ᠲᠣᠭ᠍ᠲᠠᠨᠠ᠃ 《ᠵᠠᠬ᠎ᠠ ᠳᠡᠯᠭᠡᠭᠦᠷ᠎ᠦᠨ ᠢᠲᠡᠭᠡᠯ᠎ᠢ ᠣᠯᠤᠶ᠎ᠠ ᠭᠡᠪᠡᠯ ᠶᠠᠰᠤ ᠴᠢᠨᠠᠷ ᠪᠣᠯ ᠲᠡᠷᠢᠭᠦᠨ ᠴᠢᠬᠤᠯᠠ ᠶᠤᠮ!》 ᠡᠨᠡ ᠪᠣᠯ ᠲᠡᠭᠦᠨ᠎ᠦ ᠦᠷᠭᠦᠯᠵᠢ ᠶᠠᠷᠢᠳᠠᠭ ᠦᠭᠡ᠃ ᠲᠤᠰᠬᠠᠢ ᠬᠣᠷᠱᠢᠶ᠎ᠠ ᠬᠥᠭ᠌ᠵᠢᠯᠡ᠂ ᠭᠦᠸᠧ ᠯᠢ ᠯᠢ ᠨᠤᠲᠤᠭ᠎ᠤᠨ ᠤᠯᠠᠨ ᠲᠦᠮᠡᠨ᠎ᠤ ᠠᠴᠢ᠎ᠵᠢ ᠮᠠᠷᠲᠠᠭ᠎ᠠ ᠦᠭᠡᠶ᠃ ᠲᠡᠷᠡ ᠵᠢᠯ ᠪᠦᠷᠢ 28 ᠲᠦᠮᠡ ᠭᠠᠷᠤᠶ ᠲᠥᠭᠥᠷᠢᠭ ᠭᠠᠷᠭᠠᠵᠤ᠂ ᠡᠷᠬᠢᠨ ᠲᠣᠭᠣᠷᠢᠨ᠎ᠤ 7 ᠲᠣᠰᠭᠣᠨ᠎ᠳᠤ ᠬᠤᠪᠢᠶᠠᠨ ᠥᠭ᠌ᠴᠦ᠂ ᠲᠣᠰᠭᠣᠨ᠎ᠤ ᠬᠠᠮᠲᠤ᠎ᠶ᠋ᠢᠨ ᠠᠵᠤ ᠠᠬᠤᠶ᠎ᠶ᠋ᠢ ᠪᠤᠵᠠᠭᠠᠢᠷᠠᠭᠤᠯᠤᠨ᠂ ᠨᠠᠩ ᠣᠯᠠᠨ ᠨᠤᠲᠤᠭ᠎ᠤᠨ ᠤᠯᠠᠨ ᠲᠦᠮᠡᠨ᠎ᠳᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠳ᠋ᠯᠡᠭᠦᠯᠪᠡ᠃ ᠭᠦᠸᠧ ᠯᠢ ᠯᠢ᠄ 《ᠵᠦᠪᠭᠡᠨ ᠥᠪᠡᠷ᠎ᠢᠶᠡᠨ ᠪᠠᠶᠠᠵᠢᠭ᠍ᠰᠠᠨᠢ ᠪᠠᠶᠠᠨ᠎ᠳᠤ ᠲᠤᠭᠠᠴᠠᠬᠤ ᠦᠭᠡᠢ᠂ ᠤᠯᠠᠨ᠎ᠢ ᠳᠠᠭᠠᠭᠤᠯᠤᠨ ᠴᠢᠨᠡᠭᠡᠯᠢᠭ ᠠᠮᠢᠳᠤᠷᠠᠯ᠎ᠢ ᠡᠳ᠋ᠯᠡᠬᠦᠯᠪᠡᠯ ᠰᠠᠶᠢ ᠵᠢᠩᠬᠢᠨᠢ ᠴᠢᠳᠠᠪᠤᠷᠢ ᠪᠣᠯᠤᠨ᠎ᠠ》 ᠭᠡᠵᠦ ᠶᠠᠷᠢᠨ᠎ᠠ᠃
ᠴᠢᠷᠮᠠᠢᠯᠭ᠎ᠠ ᠬᠦᠮᠦᠨ᠎ᠢ ᠭᠤᠮᠤᠳᠠᠭᠠᠬᠤ ᠦᠭᠡᠢ ᠭᠡᠳᠡᠭᠶ᠋ᠢᠡᠷ᠂ 2020 ᠣᠨ᠎ᠳᠤ ᠭᠦᠸᠧ ᠯᠢ ᠯᠢ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠢᠷᠠᠭᠤ ᠠᠯᠳᠠᠷ᠎ᠢ ᠭᠥᠷᠳᠡᠵᠦ᠍᠂ 2025 ᠣᠨ᠎ᠳᠤ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠢᠷᠠᠭᠤ ᠠᠯᠳᠠᠷ᠎ᠢ ᠭᠥᠷᠳᠡᠪᠡ᠃ ᠣᠢᠷ᠎ᠠ᠎ᠳᠤ᠂ ᠲᠡᠷᠡ ᠪᠠᠰᠠ 2025 ᠣᠨ᠎ᠤ ᠬᠣᠶᠠᠳᠤᠭᠠᠷ ᠤᠯᠠᠷᠢᠯ᠎ᠤᠨ 《ᠥᠪᠥᠷ ᠮᠣᠩᠭᠣᠯ᠎ᠤᠨ ᠰᠠᠢᠨ ᠬᠥᠮᠦᠨ》 ᠤ᠋ ᠨᠡᠷᠡᠰ᠎ᠦᠨ ᠵᠢᠭ᠍ᠰᠠᠭᠠᠯᠲᠠ᠎ᠳᠤ ᠢᠷᠠᠭᠤ ᠠᠯᠳᠠᠷᠲᠠᠶ᠎ᠪᠠᠷ ᠲᠣᠳᠣᠷᠠᠪᠠ᠃
ᠦᠳᠡᠰᠢ᠎ᠶ᠋ᠢᠨ ᠲᠤᠯᠤᠩ ᠠᠯᠲᠠᠨ ᠱᠢᠷᠭᠠᠯ ᠡᠷᠳᠡᠨᠢ ᠱᠢᠰᠢ᠎ᠶ᠋ᠢᠨ ᠲᠠᠷᠢᠶᠠᠨ᠎ᠳᠦ ᠲᠤᠶᠠᠭᠠᠷᠠᠨ᠎ᠠ᠂ ᠡᠷᠳᠡᠨᠢ ᠱᠢᠰᠢ᠎ᠶ᠋ᠢ ᠳᠦᠭᠦᠷᠲᠡᠯ᠎ᠡ ᠠᠴᠢᠭ᠍ᠰᠠᠨ ᠪᠠᠰᠠ ᠨᠢᠭᠡ ᠪᠦᠯᠦᠭ ᠪᠠᠷᠠᠭᠠᠨ᠎ᠤ ᠲᠡᠷᠭᠡ ᠦᠷᠬᠡᠨ ᠠᠭᠤᠳᠠᠮ ᠵᠠᠬ᠎ᠠ ᠳᠡᠯᠭᠡᠭᠦᠷ ᠵᠦᠭ ᠳᠠᠪᠬᠢᠨ᠎ᠠ᠃ ᠭᠦᠸᠧ ᠯᠢ ᠯᠢ ᠲᠠᠷᠢᠶᠠᠨ ᠳᠠᠯᠠᠩ ᠳᠡᠭᠡᠷ᠎ᠡ ᠵᠣᠭ᠍ᠰᠣᠵᠤ᠂ ᠡᠨᠡᠬᠦ᠌ ᠠᠮᠢᠵᠢᠷᠠᠯ᠎ᠤᠨ ᠬᠦᠴᠦᠨ ᠪᠢᠯᠬᠠᠭ᠍ᠰᠠᠨ ᠬᠦᠷᠦᠰᠦ ᠰᠢᠷᠤᠢ ᠵᠢ ᠬᠦᠨ ᠰᠡᠳᠬᠢᠯᠭᠡ ᠲᠠᠢ ᠪᠠᠷᠠᠯᠠᠨ᠎ᠠ᠃ ᠲᠡᠷᠡ᠄ 《 ᠪᠢ ᠨᠤᠲᠤᠭ᠎ᠤᠨ ᠤᠯᠠᠨ ᠲᠦᠮᠡᠨ ᠵᠢᠠᠨ ᠳᠠᠭᠠᠭᠤᠯᠤᠨ ᠨᠡᠩ ᠰᠠᠢᠨ ᠰᠠᠢᠬᠠᠨ ᠠᠮᠢᠳᠤᠷᠠᠯ᠎ᠢ ᠴᠤᠭᠴᠠᠯᠠᠬᠤ ᠪᠡᠷ ᠦᠷᠬᠦᠯᠵᠢᠯᠡᠨ ᠴᠢᠷᠮᠠᠢᠨ᠎ᠠ》 ᠭᠡᠪᠡ᠃