— ᠪᠦᠬᠦ᠌ ᠠᠵᠤ ᠦᠢᠯᠡᠰ᠎ᠦᠨ ᠬᠡᠯᠬᠢᠶᠡᠵᠢᠯ᠎ᠤᠨ ᠴᠤᠭᠴᠠᠯᠠᠯᠳᠠ ᠡᠴᠡ ᠥᠪᠥᠷ ᠮᠣᠩᠭᠣᠯ᠎ᠤᠨ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠢᠷᠡᠭᠡᠳᠦᠢ᠎ᠶ᠋ᠢ ᠬᠠᠷᠠᠬᠤᠢ
8 ᠰᠠᠷ᠎ᠠ᠎ᠳᠤ᠂ ᠤᠮᠠᠷᠠᠲᠤ ᠬᠢᠯᠢ᠎ᠶ᠋ᠢᠨ ᠡᠬᠡ ᠭᠠᠵᠠᠷᠲᠸ᠋ ᠦᠩᠭᠡ ᠦᠵᠡᠮᠵᠢ ᠢᠯᠭᠠᠷᠠᠵᠦ᠂ ᠡᠷᠡᠮᠡᠬᠡᠢᠯᠡᠨ ᠤᠷᠤᠭ᠍ᠰᠢᠯᠠᠬᠤ ᠠᠯᠬᠤᠭ᠎ᠠ ᠡᠷᠴᠢ ᠬᠦᠴᠦᠨ ᠵᠢᠠᠷ ᠪᠠᠳᠠᠷᠠᠨ᠎ᠠ᠃
ᠬᠠᠶ᠎ᠲᠠᠶ ᠱᠢᠨ᠎ᠡ ᠡᠨᠧᠷᠭᠢ (ᠱᠢᠯᠢ᠎ᠶ᠋ᠢᠨ ᠭᠤᠤᠯ) ᠶ᠋ᠢᠨ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢᠯᠡᠯ᠎ᠦᠨ ᠲᠠᠰᠤᠭ᠎ᠲᠤ᠂ ᠦᠶ᠋ᠯᠡᠳᠪᠦᠷᠢᠯᠡᠯ᠎ᠦᠨ ᠱᠤᠭᠤᠮ ᠳᠡᠭᠡᠷ᠎ᠡ ᠤᠯᠠᠨ᠎ᠢᠶᠡᠷ᠎ᠢᠶᠡᠨ ᠶᠠᠭᠠᠷᠠᠯᠲᠠᠶ ᠠᠵᠢᠯᠯᠠᠵᠤ᠂ ᠠᠵᠢᠯᠴᠢᠳ ᠶᠠᠭ ᠡᠷᠴᠢ ᠵᠣᠷᠢᠭ᠎ᠢᠶᠠᠨ ᠬᠥᠪᠴᠢᠯᠡᠨ ᠬᠡᠷᠡᠯᠴᠢ ᠴᠡᠨᠡᠭ᠎ᠤᠨ ᠲᠣᠨᠣᠭ᠍ᠯᠠᠯ ᠦᠶ᠋ᠯᠡᠳᠪᠦᠷᠢᠯᠡᠵᠦ᠍ ᠪᠠᠢᠯ᠎ᠠ᠃ ᠨᠢᠳᠤᠨᠤᠨ᠎ᠤ 12 ᠰᠠᠷ᠎ᠠ᠎ᠶ᠋ᠢᠨ ᠳᠤᠮᠳᠠᠴᠢ᠎ᠪᠠᠷ᠂ ᠬᠠᠶ᠎ᠲᠠᠶ ᠱᠢᠨ᠎ᠡ ᠡᠨᠧᠷᠭᠢ᠎ᠶ᠋ᠢᠨ ᠲᠦᠷᠦᠭᠦᠤ ᠪᠦᠯᠦᠭ᠎ᠤᠨ 1GW ᠬᠡᠷᠡᠯᠴᠢ ᠴᠡᠨᠡᠭ᠎ᠦᠨ ᠲᠣᠨᠣᠭ᠍ᠯᠠᠯ᠎ᠤᠨ ᠦᠶ᠋ᠯᠡᠳᠬᠦᠨ᠎ᠢ ᠵᠢᠩᠬᠢᠨᠢ᠎ᠪᠡᠷ ᠵᠠᠬ᠎ᠠ ᠳᠡᠯᠬᠡᠭᠦᠷ᠎ᠲᠤ ᠭᠠᠷᠭᠠᠵᠦ᠂ ᠱᠢᠯᠢ᠎ᠶ᠋ᠢᠨ ᠭᠤᠤᠯ ᠠᠢᠮᠠᠭ᠎ᠤᠨ ᠬᠡᠷᠡᠯᠴᠢ ᠴᠡᠨᠡᠭ᠎ᠦᠨ ᠲᠣᠨᠣᠭ᠍ᠯᠠᠯ᠎ᠤᠨ ᠬᠡᠯᠬᠢᠶ᠎ᠡ᠎ᠶᠢ ᠳᠠᠬᠢᠨ ᠤᠷᠲᠤᠳᠭᠠᠵᠦ᠍᠂ ᠲᠣᠰ ᠠᠢᠮᠠᠭ᠎ᠤᠨ ᠬᠡᠷᠡᠯᠴᠢ ᠴᠡᠨᠡᠭ᠎ᠦᠨ ᠲᠣᠨᠣᠭ᠍ᠯᠠᠯ ᠦᠶ᠋ᠯᠡᠳᠬᠦ᠌ ᠬᠣᠭᠣᠰᠣᠨ᠎ᠢ ᠨᠥᠬᠥᠪᠥᠷᠢᠯᠡᠪᠡ᠃ ᠲᠠᠨᠢᠯᠴᠠᠭᠤᠯᠤᠭ᠍ᠰᠠᠨ᠎ᠢᠶᠠᠷ᠂ ᠲᠣᠰ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ ᠨᠢ 1 ᠳ᠋ᠦᠩᠱᠢᠭᠤᠷ ᠲᠥᠭᠥᠷᠢᠭ ᠪᠠᠢᠵᠤ᠂ ᠠᠱᠢᠭ᠍ᠯᠠᠯᠲᠠ᠎ᠳᠤ ᠤᠷᠤᠭ᠍ᠰᠠᠨ᠎ᠤ ᠳᠠᠷᠠᠭ᠎ᠠ ᠵᠢᠱ᠌ᠢᠯᠲᠡ᠎ᠪᠡᠷ ᠵᠢᠯ᠎ᠦᠨ ᠦᠶ᠋ᠯᠡᠳᠬᠦᠨ᠎ᠦ ᠥᠷᠲᠡᠭ ᠨᠢ 7 ᠳ᠋ᠦᠩᠱᠢᠭᠤᠷ ᠲᠥᠭᠥᠷᠢᠭ᠎ᠲᠤ ᠬᠦᠷᠴᠦ᠂ 1500 ᠲᠦᠮᠡᠨ ᠲᠥᠭᠥᠷᠢᠭ᠎ᠤᠨ ᠭᠠᠢᠯᠢ᠎ᠶ᠋ᠢᠨ ᠣᠷᠣᠯᠭᠠᠶᠢᠡᠭᠦᠳᠬᠦ᠌ ᠪᠣᠯᠤᠨ᠎ᠠ᠃
ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠠᠵᠦ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ ᠬᠡᠯᠬᠢᠶ᠎ᠡ᠎ᠶ᠋ᠢ ᠨᠥᠬᠥᠪᠥᠷᠢᠯᠡᠬᠦ᠌ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠪᠡ᠃ 《ᠪᠥᠬᠥ᠌ ᠤᠯᠤᠰ᠎ᠲᠤ ᠬᠣᠪᠣᠷ ᠪᠠᠢᠳᠠᠭ ᠴᠢᠨᠠᠷ ᠰᠠᠢᠲᠠᠶ ᠰᠠᠯᠬᠢ ᠬᠡᠷᠡᠯ᠎ᠤᠨ ᠡᠬᠢ ᠪᠠᠶᠠᠯᠢᠭ᠎ᠤᠨ ᠣᠷᠣᠨ》᠎ᠤ᠋ ᠳᠠᠪᠠᠭᠤᠯᠢᠭ ᠲᠠᠭᠠᠨ ᠲᠦᠱᠢᠭ᠌ᠯᠡᠨ᠂ ᠱᠢᠯᠢ᠎ᠶ᠋ᠢᠨ ᠭᠤᠤᠯ ᠠᠢᠮᠠᠭ 《ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌ ᠪᠠ ᠲᠤᠨᠤᠬᠯᠠᠯ ᠦᠶ᠋ᠯᠡᠳᠬᠦ᠌᠎ᠶ᠋ᠢ ᠵᠡᠷᠭᠡ᠎ᠪᠡᠷ ᠬᠥᠭ᠌ᠵᠢᠭᠦᠯᠬᠦ᠌》 ᠴᠢᠭ᠌ᠯᠡᠯᠲᠡ᠎ᠶ᠋ᠢ ᠲᠣᠭ᠍ᠲᠠᠭᠠᠵᠤ᠂ ᠮᠢᠩ ᠶᠠᠩ ᠣᠶᠤᠨᠳᠦ᠂ ᠱᠠᠩᠬᠠᠶ᠎ᠶ᠋ᠢᠨ ᠴᠠᠬᠢᠯᠭᠠᠨ ᠬᠡᠢ᠂ ᠬᠠᠢ ᠵᠤᠸᠠᠩ ᠰᠠᠯᠬᠢᠨ ᠬᠦᠴᠦᠨ᠎ᠦ ᠴᠠᠬᠢᠯᠭᠠᠨ᠂ ᠵᠢᠨ ᠹᠸᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠂ ᠶᠤᠸᠠᠨ ᠵᠢᠩ ᠡᠨᠧᠷᠭᠢ ᠵᠡᠷᠭᠡ ᠨᠢᠭᠡ ᠪᠦᠯᠦᠭ ᠲᠤᠨᠤᠬᠯᠠᠯ ᠦᠶ᠋ᠯᠡᠳᠬᠦ᠌ ᠳᠠᠭᠠᠭᠤᠯᠤᠭ᠍ᠴᠢ ᠠᠵᠤ ᠠᠬᠤᠢᠯᠠᠯ᠎ᠢ ᠲᠡᠳᠡᠨ ᠠᠪᠴᠢᠷᠠᠵᠦ ᠪᠠᠯᠠ ᠣᠷᠣᠭᠤᠯᠤᠨ ᠠᠵᠦ ᠦᠶ᠋ᠯᠡᠰ᠎ᠢ ᠬᠥᠭ᠌ᠵᠢᠭᠦᠯᠵᠦ᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠢᠵᠢ ᠪᠥᠷᠢᠳᠦᠭᠦᠯᠬᠦ᠌ ᠴᠢᠳᠠᠪᠤᠷᠢ ᠪᠥᠬᠥ᠌ ᠣᠷᠣᠨ᠎ᠤ ᠡᠮᠦᠨ᠎ᠡ ᠡᠩᠨᠡᠭᠡᠨ᠎ᠳᠦ ᠤᠷᠤᠪᠠ᠃
ᠪᠦᠬᠦ ᠬᠡᠯᠬᠢᠶ᠎ᠡ᠎ᠶᠢᠨ ᠠᠵᠦ ᠦᠢᠯᠡᠰ᠎ᠢᠶᠡᠷ ᠬᠤᠪᠢᠷᠠᠯᠲᠠ᠎ᠶ᠋ᠢ ᠰᠦᠪᠡᠭ᠌ᠴᠢᠯᠡᠵᠦ᠍᠂ ᠬᠦᠴᠦᠷᠬᠡᠭ᠌ᠵᠢᠬᠦ᠌᠎ᠪᠡᠷ ᠴᠢᠷᠮᠠᠢᠪᠠ᠃ ᠱᠢᠯᠢ᠎ᠶ᠋ᠢᠨ ᠭᠤᠤᠯ ᠠᠢᠮᠠᠭ᠎ᠤᠨ ᠬᠠᠢᠨ ᠰᠥᠪᠡᠭ᠌ᠴᠢᠯᠡᠯᠲᠡ ᠨᠢ ᠥᠪᠥᠷ ᠮᠣᠩᠭᠣᠯ᠎ᠤᠨ ᠬᠡᠯᠬᠢᠶᠡᠲᠦ ᠰᠡᠳᠭᠢᠬᠦᠶ᠎ᠪᠡᠷ ᠱᠢᠨ᠎ᠡ ᠡᠨᠧᠷᠭᠢ᠎ᠶ᠋ᠢ ᠬᠥᠭ᠌ᠵᠢᠭᠦᠯᠦᠭ᠌ᠰᠡᠨ ᠠᠮᠢᠳᠤᠯᠢᠭ ᠵᠢᠷᠤᠭ᠍ᠯᠠᠯ ᠪᠤᠯᠵᠤ ᠲᠤᠳᠤᠷᠠᠭᠰᠠᠨ ᠪᠠᠢᠨ᠎ᠠ᠃
ᠣᠢᠷ᠎ᠠ᠎ᠶ᠋ᠢᠨ ᠵᠢᠯ᠎ᠦᠳ᠎ᠲᠦ᠂ ᠥᠪᠥᠷ ᠮᠣᠩᠭᠣᠯ ᠨᠢᠭᠡ ᠲᠠᠯ᠎ᠠ᠎ᠪᠠᠷ ᠱᠢᠨ᠎ᠡ ᠡᠨᠧᠷᠭᠢ᠎ᠶ᠋ᠢ ᠨᠡᠭᠡᠭᠡᠨ ᠬᠥᠭ᠌ᠵᠢᠭᠦᠯᠬᠦ᠌᠎ᠶ᠋ᠢ ᠠᠳᠭᠤᠵᠤ᠂ ᠨᠥᠭᠥᠭᠡ ᠲᠠᠯ᠎ᠠ᠎ᠪᠠᠷ ᠱᠢᠨ᠎ᠡ ᠡᠨᠧᠷᠭᠢ᠎ᠶ᠋ᠢᠨ ᠲᠤᠨᠤᠬᠯᠠᠯ ᠦᠶ᠋ᠯᠡᠳᠬᠦ᠌ ᠦᠶ᠋ᠯᠡᠰ᠎ᠢ ᠠᠳᠭᠤᠵᠤ᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢᠨ ᠰᠡᠳᠭᠢᠬᠦᠶ᠎ᠪᠡᠷ ᠱᠢᠨ᠎ᠡ ᠡᠨᠧᠷᠭᠢ᠎ᠶ᠋ᠢ ᠨᠡᠭᠡᠭᠡᠨ ᠠᠱᠢᠭ᠍ᠯᠠᠬᠤ ᠪᠠ ᠲᠤᠨᠤᠬᠯᠠᠯ ᠦᠶ᠋ᠯᠡᠳᠬᠦ᠌ ᠠᠵᠤ ᠦᠶ᠋ᠯᠡᠰ᠎ᠦᠨ ᠬᠥᠭ᠌ᠵᠢᠯᠲᠡ᠎ᠶ᠋ᠢ ᠬᠠᠮᠵᠢᠯᠴᠠᠨ ᠠᠬᠢᠭᠤᠯᠵᠤ᠂ ᠱᠢᠨ᠎ᠡ ᠡᠨᠧᠷᠭᠢ᠎ᠶ᠋ᠢᠨ ᠲᠣᠨᠣᠬᠯᠠᠯ ᠦᠶ᠋ᠯᠡᠳᠬᠦ᠌ ᠠᠵᠤ ᠦᠶ᠋ᠯᠡᠰ ᠨᠢ ᠨᠢᠭᠡᠨᠲᠡ ᠥᠪᠥᠷ ᠮᠣᠩᠭᠣᠯ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠴᠢᠬᠤᠯᠠ ᠬᠥᠳᠡᠯᠭᠡᠭᠦᠷ ᠪᠣᠯᠤᠭ᠍ᠰᠠᠨ ᠪᠠᠢᠨ᠎ᠠ᠃
ᠪᠤᠭᠤᠲᠤ ᠬᠣᠲᠠ᠎ᠶ᠋ᠢᠨ ᠱᠢᠭᠤᠢᠲᠤ ᠲᠣᠭᠣᠷᠢᠭ᠂ ᠮᠢᠩ ᠶᠠᠩ ᠱᠢᠨ᠎ᠡ ᠡᠨᠧᠷᠭᠢ᠎ᠶ᠋ᠢᠨ ᠣᠶᠤᠨᠳᠦ ᠦᠶ᠋ᠯᠡᠳᠬᠦ᠌ ᠠᠵᠤ ᠦᠶ᠋ᠯᠡᠰ᠎ᠦᠨ ᠬᠦᠷᠢᠶᠡᠯᠡᠩ ᠲᠣᠭᠣᠷᠢᠭ᠎ᠲᠤ᠂ ᠰᠠᠶᠢᠬᠠᠨ ᠦᠶ᠋ᠯᠡᠳᠪᠦᠷᠢᠯᠡᠯ᠎ᠦᠨ ᠱᠤᠭᠤᠮ᠎ᠠᠴᠠ 《ᠭᠠᠷᠤᠭ᠍ᠰᠠᠨ》 ᠵᠠᠭᠤᠨ ᠮᠧᠲ᠋ᠷ ᠣᠷᠳᠣ ᠰᠠᠯᠬᠢᠨ ᠬᠦᠴᠦᠨ᠎ᠤ ᠮᠠᠱᠢᠨ᠎ᠤ ᠨᠠᠪᠴᠢᠨ ᠢᠯᠳᠠᠰᠦ᠎ᠶᠢ ᠳᠠᠷᠠᠭᠠᠯᠠᠨ ᠵᠢᠭ᠍ᠰᠠᠭᠠᠵᠤ᠂ ᠠᠰᠢᠬᠯᠠᠯᠲᠠ᠎ᠳᠤ ᠤᠷᠤᠭᠤᠯᠬᠤ ᠪᠡᠷ ᠪᠡᠯᠡᠬᠡᠨ ᠪᠣᠯᠭᠠᠪᠠ᠃ ᠨᠥᠭᠥᠭᠡ ᠲᠠᠯ᠎ᠠ᠎ᠶ᠋ᠢᠨ ᠭᠤᠤᠯ ᠮᠠᠱᠢᠨ ᠦᠶ᠋ᠯᠡᠳᠪᠦᠷᠢᠯᠡᠬᠦ᠌ ᠲᠠᠰᠤᠭ᠎ᠲᠤ ᠠᠵᠢᠯᠴᠢᠳ ᠰᠠᠯᠬᠢᠨ ᠬᠦᠴᠦᠨ᠎ᠤ ᠮᠠᠱᠢᠨ᠎ᠤ ᠭᠤᠤᠯ ᠮᠠᠱᠢᠨ ᠲᠥᠬᠥᠭᠡᠷᠦᠮᠵᠢ᠎ᠶ᠋ᠢ ᠡᠮᠬᠢ ᠴᠡᠭ᠌ᠴᠡ ᠲᠡᠶ᠎ᠪᠡᠷ ᠤᠭ᠍ᠰᠠᠷᠠᠵᠤ ᠪᠠᠢᠯ᠎ᠠ᠃
ᠨᠢᠳᠤᠨᠤᠨ᠎ᠤ 5 ᠰᠠᠷ᠎ᠠ᠎ᠳᠤ᠂ ᠮᠢᠩ ᠶᠠᠩ ᠪᠦᠯᠦᠭ᠌ᠯᠡᠯ ᠪᠣᠯᠤᠨ ᠪᠤᠭᠤᠲᠤ ᠬᠣᠲᠠ᠎ᠶ᠋ᠢᠨ ᠵᠠᠰᠠᠭ᠎ᠤᠨ ᠣᠷᠳᠣᠨ ᠬᠠᠭᠤᠷᠠᠶ ᠳᠡᠭᠡᠷᠡᠬᠢ ᠲᠣᠨᠣᠭ᠍ᠯᠠᠯ᠎ᠤᠨ ᠠᠵᠤ ᠦᠶ᠋ᠯᠡᠰ᠎ᠦᠨ ᠰᠠᠭᠤᠷᠢᠨ᠎ᠤ ᠪᠥᠲᠥᠭᠡᠨ ᠪᠠᠢᠭᠤᠯᠤᠯᠲᠠ᠎ᠶ᠋ᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠣᠭ᠍ᠲᠠᠵᠤ᠂ 3 ᠵᠢᠯ᠎ᠦᠨ ᠬᠤᠭᠤᠴᠠᠭᠠᠨ᠎ᠳᠤ 500 ᠳ᠋ᠦᠩᠱᠢᠭᠤᠷ ᠲᠥᠭᠥᠷᠢᠭ᠎ᠦᠨ ᠦᠶ᠋ᠯᠡᠳᠬᠦᠨ᠎ᠦ ᠥᠷᠲᠡᠭ ᠪᠥᠬᠥᠶ ᠠᠵᠤ ᠦᠶ᠋ᠯᠡᠰ᠎ᠦᠨ ᠪᠦᠯᠦᠭ᠌ᠵᠢᠯ᠎ᠢ ᠪᠥᠲᠥᠭᠡᠨ ᠪᠠᠢᠭᠤᠯᠵᠤ ᠂ ᠪᠤᠭᠤᠲᠤ᠎ᠶ᠋ᠢᠨ ᠮᠢᠩᠭᠠᠨ ᠳ᠋ᠦᠩᠱᠢᠭᠤᠷ ᠲᠠᠰ᠎ᠤᠨ ᠱᠢᠨ᠎ᠡ ᠡᠨᠧᠷᠭᠢ᠎ᠶ᠋ᠢᠨ ᠳᠡᠭᠡᠳᠦ ᠲᠠᠰ᠎ᠤᠨ ᠲᠣᠨᠣᠭ᠍ᠯᠠᠯ᠎ᠤᠨ ᠠᠵᠤ ᠦᠶ᠋ᠯᠡᠰ᠎ᠦᠨ ᠪᠦᠯᠦᠭ᠌ᠵᠢᠯ᠎ᠢ ᠴᠣᠭ᠍ᠴᠠᠯᠠᠬᠤ᠎ᠳᠤ ᠬᠦᠴᠦᠨ ᠨᠡᠮᠡᠷᠢᠯᠡᠬᠦ᠌᠎ᠪᠡᠷ ᠲᠥᠯᠥᠪᠯᠡᠵᠦ᠍ ᠡᠬᠢᠯᠡᠪᠡ᠃ ᠪᠤᠭᠤᠲᠤ ᠬᠣᠲᠠ᠎ᠳᠤ ᠨᠤᠲᠤᠭ᠍ᠰᠢᠭ᠍ᠰᠠᠨ᠎ᠠᠴᠠ ᠨᠠᠭᠠᠰᠢ᠂ ᠮᠢᠩ ᠶᠠᠩ ᠪᠦᠯᠦᠭ᠌ᠯᠡᠯ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠡᠭᠡᠷ᠎ᠡ ᠳᠤᠤᠷ᠎ᠡ ᠤᠷᠤᠰᠬᠠᠯ᠂ ᠵᠡᠭᠦᠨ ᠪᠠᠷᠠᠭᠤᠨ ᠲᠠᠯ᠎ᠠ᠎ᠶ᠋ᠢᠨ ᠠᠵᠤ ᠠᠬᠤᠢᠯᠠᠯ᠎ᠤᠨ ᠬᠠᠮᠵᠢᠯᠴᠠᠨ ᠬᠥᠭ᠌ᠵᠢᠬᠦ᠌᠎ᠶ᠋ᠢ ᠢᠳᠡᠪᠬᠢᠲᠡᠶ ᠳᠠᠢᠴᠢᠯᠠᠵᠤ᠂ ᠨᠡᠢᠲᠡ 21 ᠬᠠᠷᠢᠶ᠎ᠠ ᠣᠷᠣᠨ᠎ᠢᠶᠠᠷ ᠪᠣᠢᠵᠢᠭᠤᠯᠬᠤ ᠠᠵᠤ ᠠᠬᠤᠢᠯᠠᠯ᠎ᠢ ᠬᠦᠭᠵᠢᠬᠦᠯᠬᠦ᠎ᠶᠢ ᠪᠡᠶᠡᠯᠡᠭᠦᠯᠵᠦ᠍᠂ ᠭᠠᠳᠠᠨ᠎ᠠ᠎ᠠᠴᠠ 9 ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠱᠢᠨ᠎ᠡ᠎ᠶ᠋ᠢ ᠡᠭᠦᠳᠴᠦ᠍ ᠰᠤᠳᠤᠯᠤᠨ ᠨᠡᠭᠡᠭᠡᠬᠦ᠌᠎ᠪᠡᠷ ᠬᠥᠲᠥᠯᠥᠨ ᠳᠠᠭᠠᠭᠤᠯᠤᠭ᠍ᠰᠠᠨ ᠠᠵᠤ ᠦᠶ᠋ᠯᠡᠰ᠎ᠦᠨ ᠬᠡᠯᠬᠢᠶ᠎ᠡ᠎ᠶ᠋ᠢᠨ ᠱᠢᠰᠲ᠋ᠧᠮ᠎ᠢ ᠪᠠᠢᠭᠤᠯᠵᠤ᠂ ᠰᠠᠯᠬᠢᠨ ᠬᠦᠴᠦᠨ᠎ᠦ ᠴᠠᠬᠢᠯᠭᠠᠨ᠎ᠤ ᠪᠦᠬᠦᠯᠢ ᠮᠠᠱᠢᠨ ᠲᠤᠨᠤᠬ ᠤᠭᠰᠠᠷᠠᠬᠤ ᠵᠠᠩᠭᠢᠯᠠᠭ᠎ᠠ᠎ᠶ᠋ᠢᠨ ᠭᠤᠤᠯ ᠲᠣᠨᠣᠭ᠍ᠯᠠᠭᠠᠰᠤ᠎ᠶ᠋ᠢ ᠬᠠᠷᠢᠶ᠎ᠠ ᠤᠷᠤᠨ᠎ᠳᠦ ᠦᠶ᠋ᠯᠡᠳᠪᠦᠷᠢᠯᠡᠬᠦ᠌᠎ᠶ᠋ᠢ ᠠᠮᠵᠢᠯᠲᠠ᠎ᠲᠠᠶ ᠪᠡᠶᠡᠯᠡᠭᠦᠯᠪᠡ᠃
ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠂ ᠥᠪᠥᠷ ᠮᠣᠩᠭᠣᠯ᠎ᠤᠨ ᠵᠡᠭᠦᠨ ᠬᠡᠰᠡᠭ (ᠲᠦᠩᠯᠢᠶᠣᠤ) ᠤ᠋ᠨ ᠳᠡᠭᠡᠳᠦ ᠲᠠᠰ᠎ᠤᠨ ᠬᠦᠨᠳᠦ ᠬᠡᠯᠪᠡᠷᠢ᠎ᠶ᠋ᠢᠨ ᠰᠠᠭᠤᠷᠢ ᠲᠤᠨᠤᠬᠯᠠᠯ ᠦᠶ᠋ᠯᠡᠳᠬᠦ᠌ ᠠᠵᠤ ᠦᠶ᠋ᠯᠡᠰ᠎ᠦᠨ ᠰᠠᠭᠤᠷᠢᠨ᠎ᠳᠦ᠂ ᠥᠪᠥᠷ ᠮᠣᠩᠭᠣᠯ᠎ᠤᠨ ᠯᠦᠩ ᠮᠠ ᠬᠦᠨᠳᠦ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠎ᠶ᠋ᠢᠨ ᠡᠯ᠎ᠡ ᠦᠶ᠋ᠯᠡᠳᠪᠦᠷᠢ᠎ᠶ᠋ᠢᠨ ᠲᠠᠰᠤᠭ᠎ᠤᠨ ᠲᠤᠨᠤᠭ ᠭᠠᠩᠨᠠᠬᠤ ᠪᠠ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ᠎ᠤ ᠴᠢᠳᠭᠤᠮᠠᠯ ᠲᠣᠨᠣᠭ ᠦᠶ᠋ᠯᠡᠳᠪᠦᠷᠢᠯᠡᠬᠦ᠌ ᠠᠵᠢᠯ ᠶᠠᠭ ᠡᠮᠬᠢ ᠵᠢᠷᠤᠮ᠎ᠲᠠᠶ᠎ᠪᠠᠷ ᠠᠭᠢᠵᠤ ᠪᠠᠢᠯ᠎ᠠ᠃
《ᠬᠡᠯᠬᠢᠶ᠎ᠡ᠎ᠶᠢᠨ ᠡᠵᠡᠨ》 ᠠᠵᠤ ᠠᠬᠤᠢᠯᠠᠯ ᠪᠣᠯᠤᠭᠰᠠᠨ᠎ᠤ ᠬᠤᠪᠢ᠎ᠳᠤ᠂ 2020 ᠣᠨ᠎ᠳᠤ ᠥᠪᠥᠷ ᠮᠣᠩᠭᠣᠯ᠎ᠤᠨ ᠵᠡᠭᠦᠨ ᠬᠡᠰᠡᠭ (ᠲᠦᠩᠯᠢᠶᠣᠣ)᠎ᠤ᠋ᠨ ᠳᠡᠭᠡᠳᠦ ᠲᠠᠰ᠎ᠤᠨ ᠬᠦᠨᠳᠦ ᠬᠡᠯᠪᠡᠷᠢ᠎ᠶᠢᠨ ᠰᠠᠭᠤᠷᠢ ᠲᠣᠨᠣᠭᠯᠠᠯ ᠦᠢᠯᠡᠳᠬᠦ ᠠᠵᠤ ᠦᠢᠯᠡᠰ᠎ᠦᠨ ᠰᠠᠭᠤᠷᠢᠨ᠎ᠢ ᠡᠬᠢᠯᠡᠨ ᠪᠠᠢᠭᠤᠯᠤᠭᠰᠠᠨᠡᠴᠨ ᠨᠠᠭᠠᠰᠢ᠂ ᠥᠪᠥᠷ ᠮᠣᠩᠭᠣᠯ᠎ᠤᠨ ᠯᠦᠩ ᠮᠠ ᠬᠦᠨᠳᠦ ᠠᠵᠤ ᠦᠢᠯᠡᠳᠪᠦᠷᠢ᠎ᠶᠢᠨ ᠪᠦᠯᠦᠭᠯᠡᠯ ᠨᠢᠭᠡᠨᠲᠡ ᠯᠥᠸᠧᠶᠠᠩ᠎ᠤᠨ ᠱᠤᠸᠠᠩ ᠷᠦᠢ᠂ ᠵᠢᠨ ᠹᠧᠩ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠷᠦᠢ ᠰᠢᠶᠠᠩ ᠬᠦᠨᠳᠦ ᠠᠵᠤ ᠦᠢᠯᠡᠳᠪᠦᠷᠢ ᠵᠡᠷᠭᠡ ᠳᠡᠭᠡᠷ᠎ᠡ ᠳᠣᠣᠷ᠎ᠡ ᠤᠷᠤᠰᠬᠠᠯ᠎ᠤᠨ 10 ᠭᠠᠷᠤᠢ ᠰᠢᠯᠢᠳᠡᠭ ᠠᠵᠤ ᠠᠬᠤᠢᠯᠠᠯ᠎ᠢ ᠣᠷᠣᠭᠤᠯᠤᠨ ᠠᠪᠴᠢᠷᠠᠵᠤ᠂ ᠨᠢᠭᠡᠨ ᠵᠤᠷᠪᠤᠰ ᠰᠢᠯᠢᠳᠡᠭ᠎ᠢ ᠪᠣᠢᠵᠢᠭᠤᠯᠤᠨ ᠬᠦᠴᠦᠷᠬᠡᠭᠵᠢᠬᠦᠯᠦᠭᠰᠡᠨ ᠠᠵᠤ ᠦᠢᠯᠡᠰ᠎ᠦᠨ ᠬᠡᠯᠬᠢᠶ᠎ᠡ ᠶᠠᠭ ᠪᠦᠷᠢᠨᠰᠢᠵᠦ᠂ ᠲᠦᠩᠯᠢᠶᠣᠣ ᠬᠣᠲᠠ ᠪᠥᠬᠥ ᠤᠯᠤᠰ᠎ᠤᠨ ᠬᠠᠮᠤᠭ᠎ᠤᠨ ᠲᠣᠮᠣ᠌ ᠬᠠᠭᠤᠷᠠᠢ ᠳᠡᠭᠡᠷᠡᠬᠢ ᠰᠠᠯᠬᠢᠨ ᠬᠦᠴᠦᠨ᠎ᠦ ᠴᠠᠬᠢᠯᠭᠠᠨ᠎ᠤ ᠲᠣᠨᠣᠬᠯᠠᠯ ᠦᠢᠯᠡᠳᠬᠦ ᠰᠠᠭᠤᠷᠢᠨ᠎ᠢ ᠪᠠᠶ᠋ᠢᠭᠤᠯᠬᠤ᠎ᠳᠤ ᠪᠠᠲᠤ ᠪᠡᠬᠢ ᠰᠠᠭᠤᠷᠢ᠎ᠶᠢ ᠲᠠᠯᠪᠢᠵᠤ ᠥᠭᠴᠡᠢ᠃
ᠬᠥᠬᠡᠬᠣᠲᠠ᠂ ᠪᠤᠭᠤᠲᠤ᠂ ᠣᠷᠳᠣᠰ᠂ ᠲᠦᠩᠯᠢᠶᠣᠣ ᠵᠢᠨ 4 ᠰᠠᠭᠤᠷᠢᠨ ᠵᠢᠡᠷ ᠰᠠᠭᠤᠷᠢ ᠪᠣᠯᠭᠠᠵᠤ᠂ ᠰᠠᠯᠬᠢᠨ᠂ ᠬᠡᠷᠡᠯ᠂ ᠤᠰᠤᠲᠥ᠋ᠷᠥᠭᠴᠢ᠂ ᠨᠥᠭᠡᠴᠡ 4 ᠠᠵᠤ ᠦᠢᠯᠡᠰ᠎ᠦᠨ ᠬᠡᠯᠬᠢᠶ᠎ᠡ᠎ᠪᠡᠷ ᠭᠣᠣᠯᠳᠠᠯᠭ᠎ᠠ ᠪᠣᠯᠭᠠᠵᠤ᠂ ᠥᠪᠥᠷ ᠮᠣᠩᠭᠣᠯ ᠰᠠᠯᠬᠢᠨ ᠬᠦᠴᠦᠨ᠎ᠦ ᠴᠠᠬᠢᠯᠭᠠᠨ᠎ᠤ ᠪᠦᠬᠦᠯᠢ ᠮᠠᠰᠢᠨ ᠲᠤᠨᠤᠭ᠂ ᠬᠡᠷᠡᠯᠴᠢ ᠴᠡᠨᠡᠭ᠎ᠦᠨ ᠲᠣᠨᠣᠭᠯᠠᠯ᠂ ᠤᠰᠤᠲᠥ᠋ᠷᠥᠭᠴᠢ ᠡᠨᠧᠷᠭᠢ᠎ᠶᠢᠨ ᠲᠥᠬᠦᠭᠡᠷᠦᠮᠵᠢ᠂ ᠡᠨᠧᠷᠭᠢ ᠬᠠᠳᠠᠭᠠᠯᠠᠬᠤ ᠲᠣᠨᠣᠭᠯᠠᠯ ᠵᠡᠷᠭᠡ᠎ᠶᠢᠨ ᠲᠣᠭᠣᠷᠢᠨ᠎ᠳᠤ ᠰᠢᠨ᠎ᠡ ᠡᠨᠧᠷᠭᠢ᠎ᠶᠢᠨ ᠲᠣᠨᠣᠭᠯᠠᠯ ᠦᠢᠯᠡᠳᠬᠦ ᠪᠥᠬᠥ ᠠᠵᠤ ᠦᠢᠯᠡᠰ᠎ᠦᠨ ᠬᠡᠯᠬᠢᠶ᠎ᠡ᠎ᠶᠢ ᠴᠣᠭᠴᠠᠯᠠᠵᠤ᠂ 《ᠬᠡᠯᠬᠢᠶᠡᠵᠢᠭᠰᠡᠨ ᠮᠠᠶᠢᠭ᠋》 ᠤ᠋ᠨ ᠪᠣᠭᠣᠮᠲᠠ ᠰᠢᠪᠲᠤᠯᠤᠯᠳᠠ᠎ᠪᠠᠷ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶᠢᠨ ᠬᠡᠯᠬᠢᠶ᠎ᠡ᠎ᠶᠢ ᠰᠢᠯᠢᠳᠡᠭᠵᠢᠭᠦᠯᠦᠨ ᠲᠠᠰ ᠳᠡᠪᠰᠢᠭᠦᠯᠬᠦ᠎ᠶᠢ ᠠᠬᠢᠭᠤᠯᠵᠠᠢ᠃
ᠡᠨᠡ ᠬᠦ᠌ ᠶᠠᠪᠤᠴᠠ᠎ᠳᠤ᠂ ᠥᠪᠥᠷ ᠮᠣᠩᠭᠣᠯ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠠᠪᠴᠢᠷᠠᠬᠤ 《ᠵᠠᠩᠭᠢᠯᠠᠭ᠎ᠠ᠎ᠶᠢᠨ ᠠᠷᠭ᠎ᠠ》 ᠵᠢ ᠰᠠᠢᠲᠤᠷ ᠬᠡᠷᠡᠭᠯᠡᠵᠦ᠂ ᠲᠤᠮᠤ ᠠᠵᠤ ᠠᠬᠤᠢᠯᠠᠯ ᠪᠠ ᠲᠤᠯᠤᠭᠠᠢᠯᠠᠬᠴᠢ ᠠᠵᠤ ᠠᠬᠤᠢᠯᠠᠯ ᠢ ᠤᠷᠢᠬᠤ᠂ ᠰᠢᠨ᠎ᠡ ᠲᠦᠷᠦᠯ ᠵᠦᠢᠯ᠎ᠢ ᠤᠷᠤᠭᠤᠯᠤᠨ ᠠᠪᠴᠢᠷᠠᠵᠤ᠂ ᠰᠢᠯᠢᠳᠡᠭ ᠠᠵᠤ ᠠᠬᠤᠢᠯᠠᠯ᠎ᠢ ᠤᠷᠢᠬᠤ᠂ ᠠᠵᠤ ᠦᠢᠯᠡᠰ ᠤ᠋ᠨ ᠬᠡᠯᠬᠢᠶ᠎ᠡ ᠵᠢᠨ ᠲᠡᠭᠡᠷ᠎ᠡ ᠲᠤᠤᠷ᠎ᠡ ᠤᠷᠤᠰᠬᠠᠯ᠎ᠤᠨ ᠠᠵᠤ ᠠᠬᠤᠢᠯᠠᠯ᠎ᠢ ᠲᠠᠳᠠᠨ ᠠᠪᠴᠢᠷᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠪᠡ᠃
《ᠪᠢᠳᠡ ᠰᠠᠯᠬᠢ ᠬᠡᠷᠡᠯ ᠤᠰᠤᠲᠥ᠋ᠷᠥᠭᠴᠢ ᠨᠦᠬᠡᠴᠡ 4 ᠠᠵᠤ ᠦᠢᠯᠡᠰ᠎ᠦᠨ ᠬᠡᠯᠬᠢᠶ᠎ᠡ᠎ᠶᠢᠨ ᠲᠣᠭᠣᠷᠢᠨ᠎ᠳᠤ᠂ ᠠᠵᠤ ᠦᠢᠯᠡᠰ᠎ᠦᠨ ᠬᠡᠯᠬᠢᠶ᠎ᠡ᠎ᠶᠢᠨ ᠪᠥᠬᠥ ᠦᠵᠡᠮᠵᠢ᠎ᠶᠢᠨ ᠵᠢᠷᠤᠭ ᠪᠠ ᠠᠷᠠᠯᠵᠢᠶᠠᠴᠢᠨ ᠤᠷᠢᠵᠤ ᠪᠡᠯᠡ ᠮᠦᠩᠭᠦ ᠣᠷᠣᠭᠤᠯᠤᠨ ᠠᠪᠴᠢᠷᠠᠬᠤ ᠠᠯᠤᠰ᠎ᠤᠨ ᠵᠢᠷᠤᠭ᠎ᠢ ᠨᠠᠢᠷᠠᠭᠤᠯᠤᠨ ᠵᠣᠬᠢᠶᠠᠵᠤ᠂ ᠭᠣᠣᠯᠳᠠᠯᠭ᠎ᠠ᠎ᠲᠠᠢ ᠠᠢᠮᠠᠭ ᠬᠣᠲᠠ᠎ᠶᠢᠨ 〈ᠭᠠᠳᠠᠬᠰᠢ ᠭᠠᠷᠬᠤ〉᠂ 〈ᠤᠷᠢᠨ ᠠᠪᠴᠢᠷᠠᠬᠤ〉 ᠵᠢ ᠵᠣᠬᠢᠶᠠᠨ ᠪᠠᠢᠭᠤᠯᠵᠤ ᠪᠠᠢᠭᠠᠳ ᠲᠤᠢᠯ᠎ᠤᠨ ᠣᠨᠣᠪᠴᠢᠲᠠᠶ᠎ᠪᠠᠷ ᠠᠷᠠᠯᠵᠢᠶᠠᠴᠢᠨ ᠤᠷᠢᠵᠤ᠂ ᠬᠠᠮᠲᠤᠷᠠᠯᠴᠠᠵᠤ ᠬᠠᠮᠲᠤ᠎ᠪᠠᠷ ᠠᠰᠢᠭ᠋ ᠭᠥᠷᠳᠡᠬᠦ 〈ᠨᠠᠢᠵᠠ᠎ᠶᠢᠨ ᠲᠣᠭᠣᠷᠢᠭ᠋〉᠎ᠢ᠋ ᠦᠷᠭᠦᠯᠵᠢᠯᠡᠨ ᠥᠷᠭᠡᠳᠬᠡᠪᠡ》 ᠬᠡᠵᠦ ᠥᠪᠡᠷᠲᠡᠭᠡᠨ ᠵᠠᠰᠠᠬᠤ ᠣᠷᠣᠨ᠎ᠤ ᠡᠨᠧᠷᠭᠢ᠎ᠶᠢᠨ ᠲᠣᠪᠴᠢᠶ᠎ᠠ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠢᠯᠡᠪᠠ᠃
ᠡᠨᠡ ᠵᠢᠯ᠎ᠦᠨ ᠡᠬᠢ᠎ᠪᠡᠷ᠂ ᠬᠢᠩᠭᠠᠨ ᠠᠢᠮᠠᠭ᠎ᠤᠨ ᠨᠠᠮ ᠵᠠᠰᠠᠭ᠎ᠤᠨ ᠰᠢᠨᠵᠢᠯᠡᠨ ᠪᠠᠢᠴᠠᠭᠠᠬᠤ ᠪᠦᠯᠬᠦᠮ ᠪᠡᠭᠡᠵᠢᠩ ᠬᠣᠲᠠ᠎ᠳᠤ ᠰᠢᠨᠵᠢᠯᠡᠨ ᠪᠠᠢᠴᠠᠭᠠᠵᠤ᠂ ᠤᠷᠢᠳ ᠬᠣᠵᠢᠳ ᠪᠡᠭᠡᠵᠢᠩ᠎ᠦᠨ ᠡᠨᠧᠷᠭᠢ᠎ᠶᠢᠨ ᠪᠦᠯᠦᠭᠯᠡᠯ᠂ ᠵᠢᠨ ᠹᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠵᠥᠩ ᠭᠤᠸᠠᠩ ᠾᠧ ᠵᠡᠷᠭᠡ ᠠᠵᠤ ᠠᠬᠤᠢᠯᠠᠯ᠎ᠲᠠᠢ ᠵᠣᠯᠭᠠᠯᠴᠠᠵᠤ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠵᠥᠪᠳᠡᠯᠴᠡᠨ᠂ ᠪᠡᠯᠡ ᠣᠷᠣᠭᠤᠯᠤᠯᠲᠠ᠎ᠶᠢ ᠥᠷᠭᠡᠳᠬᠡᠬᠦ᠎ᠪᠡᠷ ᠴᠢᠷᠮᠠᠢᠵᠤ᠂ ᠰᠢᠨ᠎ᠡ ᠡᠨᠧᠷᠭᠢ᠎ᠶᠢᠨ ᠠᠵᠤ ᠦᠢᠯᠡᠰ᠎ᠦᠨ ᠬᠡᠯᠬᠢᠶ᠎ᠡ᠎ᠶᠢ ᠤᠷᠲᠤᠳᠬᠠᠵᠤ ᠬᠡᠯᠬᠢᠶ᠎ᠡ᠎ᠶᠢ ᠨᠥᠬᠥᠪᠦᠷᠢᠯᠡᠵᠦ ᠬᠡᠯᠬᠢᠶ᠎ᠡ᠎ᠶᠢ ᠴᠢᠩᠭᠠᠳᠬᠠᠬᠤ᠎ᠶᠢ ᠠᠬᠢᠭᠤᠯᠪᠠ᠃
3 ᠰᠠᠷ᠎ᠠ᠎ᠶᠢᠨ ᠰᠡᠭᠦᠯᠴᠢ᠎ᠪᠡᠷ᠂ ᠣᠷᠳᠣᠰ᠎ᠤᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠷᠠᠯᠵᠢᠶᠠᠴᠢᠨ ᠤᠷᠢᠬᠤ ᠳᠤᠭᠤᠢᠯᠠᠩ ᠪᠠᠢᠭᠤᠯᠤᠨ ᠪᠡᠭᠡᠵᠢᠩ ᠬᠣᠲᠠ᠎ᠳᠤ ᠬᠦᠷᠴᠦ ᠠᠷᠪᠠᠨ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠣᠯᠠᠨ ᠤᠯᠤᠰ᠎ᠤᠨ ᠴᠡᠪᠡᠷ ᠡᠨᠧᠷᠭᠢ᠎ᠶᠢᠨ ᠦᠵᠡᠰᠬᠦᠯᠡᠩ ᠤ᠋ᠨ ᠴᠤᠬᠯᠠᠭᠠᠨ ᠳ᠋ᠸ᠋ ᠤᠷᠤᠯᠴᠠᠵᠠᠢ᠃ ᠬᠤᠷᠠᠯ ᠳᠡᠭᠡᠷ᠎ᠡ᠂ ᠠᠷᠠᠯᠵᠢᠶᠠᠴᠢᠨ ᠤᠷᠢᠬᠤ ᠳᠤᠭᠤᠢᠯᠠᠩ᠎ᠤᠨ ᠬᠢᠨ ᠦᠵᠡᠰᠬᠦᠯᠡᠩ ᠤ᠋ᠨ ᠴᠤᠬᠯᠠᠭᠠᠨ ᠳ᠋ᠸ᠋ ᠤᠷᠤᠯᠴᠠᠬᠰᠠᠨ ᠠᠵᠤ ᠠᠬᠤᠢᠯᠠᠯ ᠲᠠᠢ ᠬᠠᠮᠲᠤᠷᠠᠯᠴᠠᠭ᠎ᠠ ᠵᠢᠨ ᠰᠠᠨᠠᠮᠵᠢ᠎ᠪᠠᠨ ᠰᠤᠯᠢᠯᠴᠠᠵᠤ᠂ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ ᠠᠵᠤ ᠦᠢᠯᠡᠰ᠎ᠦᠨ ᠲᠥᠷᠥ᠎ᠶᠢᠨ ᠪᠣᠳᠣᠯᠭ᠎ᠠ᠂ ᠪᠡᠯᠡ ᠣᠷᠣᠭᠤᠯᠤᠯᠲᠠ᠎ᠶᠢᠨ ᠣᠷᠴᠢᠨ ᠲᠣᠭᠣᠷᠢᠨ ᠪᠠ ᠬᠥᠭᠵᠢᠯᠲᠡ᠎ᠶᠢᠨ ᠳᠠᠪᠠᠭᠤᠯᠢᠭ᠋᠎ᠢ ᠨᠠᠷᠢᠨ ᠲᠠᠨᠢᠯᠴᠠᠭᠤᠯᠵᠤ᠂ ᠤᠰᠤᠲᠥ᠋ᠷᠥᠭᠴᠢ ᠡᠨᠧᠷᠭᠢ ᠵᠢᠴᠢ ᠡᠨᠧᠷᠭᠢ ᠨᠦᠬᠡᠴᠡᠯᠡᠬᠦ ᠠᠵᠤ ᠦᠢᠯᠡᠰ᠎ᠦᠨ ᠲᠠᠯ᠎ᠠ᠎ᠪᠠᠷ ᠬᠢ ᠬᠥᠭᠵᠢᠯᠲᠡ᠎ᠶᠢᠨ ᠲᠥᠯᠦᠪᠵᠢᠭᠦᠯᠭᠡ ᠪᠠ ᠭᠣᠣᠯᠳᠠᠯᠭ᠎ᠠ᠎ᠲᠠᠢ ᠲᠥᠷᠥᠯ ᠵᠦᠢᠯ᠎ᠢ ᠭᠣᠣᠯᠳᠠᠯᠭ᠎ᠠ᠎ᠲᠠᠢ ᠲᠠᠨᠢᠯᠴᠠᠭᠤᠯᠤᠭᠰᠠᠨ ᠪᠥᠭᠡᠳ 60 ᠭᠠᠷᠤᠢ ᠠᠵᠤ ᠠᠬᠤᠢᠯᠠᠯ᠎ᠲᠠᠢ ᠬᠠᠷᠢᠯᠴᠠᠭ᠎ᠠ ᠪᠠᠢᠭᠤᠯᠪᠠ᠃
ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠠᠵᠢᠯ᠎ᠤᠨ ᠦᠷᠭᠦᠯᠵᠢᠯᠡᠨ ᠠᠬᠢᠬᠤ᠎ᠶᠢ ᠳᠠᠭᠠᠯᠳᠤᠨ᠂ ᠥᠪᠥᠷ ᠮᠣᠩᠭᠣᠯ ᠨᠢᠭᠡ ᠪᠦᠯᠦᠭ 《ᠬᠡᠯᠬᠢᠶ᠎ᠡ᠎ᠶᠢᠨ ᠡᠵᠡᠨ》 ᠠᠵᠤ ᠠᠬᠤᠢᠯᠠᠯ᠎ᠢ ᠤᠷᠢᠵᠤ᠂ ᠨᠢᠭᠡ ᠪᠦᠯᠦᠭ ᠴᠢᠬᠤᠯᠠ ᠶᠡᠬᠡ ᠲᠦᠷᠦᠯ ᠵᠦᠢᠯ᠎ᠢ ᠨᠠᠢᠳᠠᠪᠤᠷᠢᠵᠢᠭᠤᠯᠵᠤ᠂ ᠰᠢᠨ᠎ᠡ ᠡᠨᠧᠷᠭᠢ᠎ᠶᠢᠨ ᠡᠬᠢ ᠪᠠᠶᠠᠯᠢᠭ᠋᠎ᠤᠨ ᠠᠵᠤ ᠠᠬᠤᠢᠯᠠᠯ᠎ᠤᠨ ᠪᠡᠯᠡ ᠣᠷᠣᠭᠤᠯᠤᠯᠲᠠ᠎ᠶᠢᠨ ᠬᠠᠯᠠᠭᠤᠨ ᠬᠥᠷᠥᠰᠥ ᠪᠣᠯᠵᠠᠢ᠃ ᠶᠤᠸᠠᠨ ᠵᠢᠩ᠂ ᠮᠢᠩ ᠶᠠᠩ᠂ ᠲᠢᠶᠠᠨ ᠾᠧ᠂ ᠯᠦᠩ ᠮᠠ᠂ ᠯᠦᠩ ᠵᠢᠢ᠂ ᠵᠢᠩ ᠡᠤᠤ᠂ ᠵᠢᠨ ᠹᠧᠩ ᠵᠡᠷᠭᠡ 30 ᠭᠠᠷᠤᠢ ᠰᠢᠨ᠎ᠡ ᠡᠨᠧᠷᠭᠢ᠎ᠶᠢᠨ 《ᠬᠡᠯᠬᠢᠶ᠎ᠡ᠎ᠶᠢᠨ ᠡᠵᠡᠨ》 ᠠᠵᠤ ᠠᠬᠤᠢᠯᠠᠯ ᠬᠤᠢᠨ᠎ᠠ ᠬᠤᠢᠨ᠎ᠠ ᠡᠴᠨ ᠪᠡᠨ ᠥᠪᠥᠷ ᠮᠣᠩᠭᠣᠯ᠎ᠳᠤ ᠨᠤᠲᠤᠭᠰᠢᠬᠤ ᠪᠡᠷ ᠦᠷᠢᠰᠦᠯᠳᠦᠨ᠂ 2024 ᠣᠨ᠎ᠳᠤ᠂ ᠶᠤᠸᠠᠨ ᠵᠢᠩ᠂ ᠮᠢᠩ ᠶᠠᠩ᠂ ᠯᠦᠩ ᠵᠢᠢ᠂ ᠯᠦᠩ ᠮᠠ ᠵᠡᠷᠭᠡ ᠨᠢᠭᠡ ᠪᠦᠯᠦᠭ ᠠᠵᠤ ᠠᠬᠤᠢᠯᠠᠯ᠎ᠤᠨ ᠶᠡᠷᠦᠩᠬᠡᠢ ᠬᠡᠯᠲᠡᠰ ᠥᠪᠥᠷ ᠮᠣᠩᠭᠣᠯ᠎ᠳᠤ ᠳᠠᠩᠰᠠᠯᠠᠭᠤᠯᠵᠤ ᠨᠤᠳᠤᠬᠰᠢᠪᠠ᠃
ᠰᠤᠪᠤᠳ ᠬᠤᠯᠪᠤᠯᠳᠤᠨ ᠬᠡᠯᠬᠢᠶ᠎ᠡ ᠪᠤᠯᠵᠦ᠂ ᠬᠡᠯᠬᠢᠶ᠎ᠡ ᠬᠤᠷᠠᠮᠳᠤᠨ ᠪᠦᠯᠦᠭᠵᠢᠯ ᠪᠣᠯᠵᠤ᠂ ᠪᠦᠯᠦᠭᠵᠢᠯ ᠪᠦᠭᠡᠮᠨᠡᠷᠡᠨ ᠬᠦᠴᠦᠨ ᠪᠦᠷᠢᠯᠳᠦᠨ᠎ᠡ! ᠡᠳᠦᠭᠡ᠂ ᠥᠪᠥᠷ ᠮᠣᠩᠭᠣᠯ᠎ᠤᠨ ᠰᠠᠯᠬᠢᠨ ᠬᠦᠴᠦᠨ᠎ᠦ ᠴᠠᠬᠢᠯᠭᠠᠨ᠎ᠤ ᠲᠣᠨᠣᠭᠯᠠᠯ ᠨᠢ ᠨᠢᠭᠡᠨᠲᠡ ᠰᠢᠨ᠎ᠡ ᠡᠨᠧᠷᠭᠢ᠎ᠶᠢ ᠨᠡᠭᠡᠭᠡᠨ ᠬᠥᠭᠵᠢᠭᠦᠯᠬᠦ᠎ᠲᠠᠢ ᠵᠣᠬᠢᠴᠠᠯᠳᠤᠭᠰᠠᠨ ᠦᠢᠯᠡᠳᠬᠦ ᠴᠢᠳᠠᠪᠤᠷᠢ᠎ᠶᠢ ᠪᠥᠬᠥ ᠲᠠᠯ᠎ᠠ᠎ᠪᠠᠷ ᠪᠦᠷᠢᠯᠳᠦᠭᠦᠯᠵᠦ᠂ ᠬᠡᠷᠡᠯᠴᠢ ᠴᠡᠨᠡᠭ᠎ᠦᠨ ᠲᠣᠨᠣᠭᠯᠠᠯ᠎ᠤᠨ ᠠᠵᠤ ᠦᠢᠯᠡᠰ᠎ᠦᠨ ᠬᠡᠯᠬᠢᠶ᠎ᠡ᠎ᠶᠢᠨ ᠦᠵᠦᠭᠦᠷᠯᠢᠭ ᠨᠢ ᠪᠥᠬᠥ ᠪᠥᠮᠪᠥᠷᠴᠡᠭ᠎ᠦᠨ ᠥᠷᠢᠰᠦᠯᠳᠦᠭᠡᠨ᠎ᠦ ᠳᠠᠪᠠᠭᠤᠯᠢᠭ᠋᠎ᠢ ᠪᠦᠷᠢᠯᠳᠦᠭᠦᠯᠵᠦ᠂ ᠤᠰᠤᠲᠥ᠋ᠷᠥᠭᠴᠢ ᠡᠨᠧᠷᠭᠢ᠎ᠶᠢᠨ ᠲᠣᠨᠣᠭᠯᠠᠯ᠂ ᠡᠨᠧᠷᠭᠢ ᠨᠦᠬᠡᠴᠡᠯᠡᠬᠦ ᠲᠣᠨᠣᠭᠯᠠᠯ᠎ᠤᠨ ᠠᠵᠤ ᠦᠢᠯᠡᠰ᠎ᠦᠨ ᠬᠡᠯᠬᠢᠶ᠎ᠡ᠎ᠶᠢ ᠦᠨᠳᠦᠰᠦᠨ᠎ᠳᠡᠭᠡᠨ ᠪᠦᠷᠢᠯᠳᠦᠭᠦᠯᠪᠡ᠃ ᠪᠥᠬᠥ ᠣᠷᠣᠨ᠎ᠳᠤ ᠨᠢᠭᠡᠨᠲᠡ 7000 ᠲᠦᠮᠡᠨ ᠺᠢᠯᠦᠸᠠᠲ᠎ᠤᠨ ᠰᠠᠯᠬᠢᠨ ᠬᠦᠴᠦᠨ᠎ᠦ ᠴᠠᠬᠢᠯᠭᠠᠨ᠎ᠤ ᠭᠣᠣᠯ ᠮᠠᠰᠢᠨ᠂ 4190 ᠲᠦᠮᠡᠨ ᠺᠢᠯᠦᠸᠠᠲ᠎ᠤᠨ ᠬᠡᠷᠡᠯᠴᠢ ᠴᠡᠨᠡᠭ᠎ᠦᠨ ᠲᠣᠨᠣᠭᠯᠠᠭᠠᠰᠤ᠂ 650 ᠢᠵᠢ ᠤᠰᠤᠲᠥ᠋ᠷᠥᠭᠴᠢ ᠦᠢᠯᠡᠳᠬᠦ ᠲᠣᠨᠣᠬᠯᠠᠯ᠂ 4350 ᠲᠦᠮᠡᠨ ᠬᠢᠯᠦᠸᠠᠲ ᠴᠠᠭ᠎ᠤᠨ ᠡᠨᠧᠷᠭᠢ ᠨᠦᠬᠡᠴᠡᠯᠡᠬᠦ ᠲᠤᠨᠤᠬᠯᠠᠯ᠎ᠤᠨ ᠦᠢᠯᠡᠳᠪᠦᠷᠢᠯᠡᠯ᠎ᠦᠨ ᠴᠢᠳᠠᠪᠤᠷᠢ᠎ᠶᠢ ᠪᠦᠷᠢᠯᠳᠦᠭᠦᠯᠵᠦ᠂ ᠰᠠᠯᠬᠢ ᠬᠡᠷᠡᠯ ᠤᠰᠤᠲᠥ᠋ᠷᠥᠭᠴᠢ ᠨᠦᠬᠡᠴᠡ ᠵᠢᠨ ᠲᠣᠨᠣᠭᠯᠠᠯ ᠦᠢᠯᠡᠳᠬᠦ ᠪᠦᠬᠦ ᠠᠵᠤ ᠦᠢᠯᠡᠰ ᠤ᠋ᠨ ᠬᠡᠯᠬᠢᠶ᠎ᠡ ᠵᠢᠨ ᠦᠢᠯᠡᠳᠪᠦᠷᠢᠯᠡᠯ ᠤ᠋ᠨ ᠦᠷᠳᠡᠭ ᠨᠢ 1.2 ᠲᠦᠮᠡᠨ ᠳ᠋ᠦᠩᠰᠢᠭᠤᠷ ᠲᠥᠭᠥᠷᠢᠭ᠎ᠢ ᠲᠠᠪᠠᠪᠠ᠃
ᠥᠪᠥᠷ ᠮᠣᠩᠭᠣᠯ᠎ᠢ ᠬᠠᠷᠠᠬᠤᠶ᠎ᠠ᠂ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠢᠯᠡᠳᠬᠦ᠌ ᠦᠢᠯᠡᠰ ᠨᠢ ᠨᠢᠭᠡᠨᠲᠡ ᠠᠵᠤ ᠠᠬᠤᠢ᠎ᠶ᠋ᠢᠨ ᠨᠡᠮᠡᠭ᠌ᠳᠡᠯ᠎ᠦᠨ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠦ ᠡᠬᠢ ᠰᠤᠷᠪᠤᠯᠵᠢ ᠪᠣᠯᠵᠠᠢ᠃ 2024 ᠣᠨ᠎ᠳᠤ᠂ ᠪᠥᠬᠥ᠌ ᠣᠷᠣᠨ᠎ᠤ ᠱᠢᠨ᠎ᠡ ᠡᠨᠧᠷᠭᠢ᠎ᠶ᠋ᠢᠨ ᠲᠣᠨᠣᠭ᠍ᠯᠠᠯ᠎ᠤᠨ ᠠᠵᠤ ᠦᠶ᠋ᠯᠡᠰ 2700 ᠳ᠋ᠦᠩᠱᠢᠭᠤᠷ ᠲᠥᠭᠥᠷᠢᠭ᠎ᠦᠨ ᠦᠶ᠋ᠯᠡᠳᠬᠦᠨ᠎ᠦ ᠥᠷᠲᠡᠭ᠎ᠢ ᠪᠡᠶᠡᠯᠡᠭᠦᠯᠵᠦ᠍᠂ ᠪᠥᠬᠥ᠌ ᠣᠷᠣᠨ᠎ᠤ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠥᠷᠲᠡᠭ ᠤ᠋ᠨ ᠡᠵᠡᠯᠡᠬᠦ᠌ ᠬᠠᠷᠢᠴᠠᠯ᠎ᠤᠨ 10% ᠱᠢᠬᠠᠮ ᠪᠣᠯᠪᠠ᠃
ᠤᠲᠤᠬᠠᠨ ᠳ᠋ᠤ᠂ ᠠᠵᠤ ᠦᠢᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠠᠷᠭ᠎ᠠ ᠤᠬᠠᠭᠠᠨ ᠭᠠᠷᠭᠠᠵᠤ᠂ ᠬᠡᠯᠬᠢᠶ᠎ᠡ ᠮᠠᠶᠢᠭ᠎ᠤᠨ ᠰᠡᠳᠭᠢᠬᠦᠢ᠎ᠶ᠋ᠢ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠪᠦᠬᠦ᠌ ᠶᠠᠪᠤᠴᠠ᠎ᠳᠤ ᠠᠭᠤᠰᠤᠯᠴᠠᠭᠤᠯᠬᠤ ᠨᠢ ᠥᠪᠥᠷ ᠮᠣᠩᠭᠣᠯ᠎ᠳᠤ ᠨᠢᠭᠡᠨᠲᠡ ᠬᠠᠮᠲᠤ᠎ᠶ᠋ᠢᠨ ᠲᠠᠨᠢᠯᠲᠠ ᠪᠣᠯᠵᠠᠢ᠃
ᠡᠨᠡ ᠵᠢᠯ᠎ᠦᠨ 6 ᠰᠠᠷ᠎ᠠ᠎ᠶ᠋ᠢᠨ 10 ᠤ᠋ ᠦᠳᠡ᠎ᠶ᠋ᠢᠨ ᠬᠣᠢᠨ᠎ᠠ ᠶᠠᠪᠤᠭ᠍ᠳᠠᠭ᠍ᠰᠠᠨ 2025 ᠤᠨ ᠤ᠋ ᠳᠤᠮᠳᠠᠳᠤ ᠤᠯᠤᠰ᠎ᠤᠨ ᠠᠵᠤ ᠦᠶ᠋ᠯᠡᠰ᠎ᠦᠨ ᠱᠢᠯᠵᠢᠯᠲᠡ᠎ᠶ᠋ᠢᠨ ᠬᠥᠭ᠌ᠵᠢᠯᠲᠡ᠎ᠶ᠋ᠢ ᠵᠣᠯᠭᠠᠭᠤᠯᠬᠤ ᠠᠵᠢᠯᠯᠠᠭ᠎ᠠ (ᠥᠪᠥᠷ ᠮᠣᠩᠭᠣᠯ) ᠶ᠋ᠢᠨ 5 ᠲᠠᠯᠠᠪᠠᠢ ᠲᠤᠰᠭᠠᠶ ᠰᠡᠳᠦᠪᠲᠦ ᠵᠣᠯᠭᠠᠭᠤᠯᠬᠤ ᠠᠵᠢᠯᠯᠠᠭ᠎ᠠ᠎ᠶ᠋ᠢᠨ ᠨᠢᠭᠡ ᠪᠣᠯᠬᠤ ᠣᠲᠣ ᠦᠶ᠎ᠡ᠎ᠶ᠋ᠢᠨ ᠲᠤᠨᠤᠭᠯᠠᠯ ᠦᠶ᠋ᠯᠡᠳᠬᠦ᠌ ᠦᠶ᠋ᠯᠡᠰ᠎ᠦᠨ ᠲᠤᠰᠭᠠᠶ ᠰᠡᠳᠦᠪᠲᠦ ᠵᠣᠯᠭᠠᠭᠤᠯᠬᠤ ᠬᠤᠷᠠᠯ ᠳᠡᠭᠡᠷ᠎ᠡ᠂ 《ᠰᠠᠯᠬᠢ ᠬᠡᠷᠡᠯ ᠤᠰᠤᠲᠥ᠋ᠷᠥᠭ᠌ᠴᠢ ᠨᠦᠬᠡᠴᠡ》᠂ 《ᠪᠥᠬᠥ᠌ ᠠᠵᠤ ᠦᠶ᠋ᠯᠡᠰ᠎ᠦᠨ ᠬᠡᠯᠬᠢᠶ᠎ᠡ》᠂ 《ᠠᠵᠤ ᠦᠶ᠋ᠯᠡᠰ᠎ᠦᠨ ᠪᠦᠯᠦᠭ᠌ᠵᠢᠯ》 ᠨᠢ ᠥᠨᠳᠥᠷ ᠳᠠᠪᠲᠠᠮᠵᠢᠲᠤ ᠦᠭᠡᠰ ᠪᠣᠯᠵᠠᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠎ᠦᠨ ᠳᠡᠳ᠋ ᠳᠠᠷᠤᠭ᠎ᠠ ᠬ᠍ᠤ ᠷᠦᠢ ᠹᠸᠨ ᠪᠥᠬᠥ᠌ ᠣᠷᠣᠨ᠎ᠤ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠢ ᠲᠠᠨᠢᠯᠴᠠᠭᠤᠯᠬᠤ᠎ᠳᠠᠭᠠᠨ᠂ ᠣᠳᠣᠬᠠᠨ᠎ᠳᠤ᠂ ᠥᠪᠥᠷ ᠮᠣᠩᠭᠣᠯ ᠶᠠᠭ 《ᠰᠠᠯᠬᠢ ᠬᠡᠷᠡᠯ ᠤᠰᠤᠲᠥ᠋ᠷᠥᠭ᠌ᠴᠢ ᠨᠦᠬᠡᠴᠡ》 ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠪᠦᠯᠦᠭᠵᠢᠯ᠎ᠢ ᠬᠦᠴᠦᠯᠡᠨ ᠴᠣᠭ᠍ᠴᠠᠯᠠᠵᠤ ᠪᠠᠢᠨ᠎ᠠ᠃ ᠲᠠᠷᠠᠭᠠᠴᠢ᠎ᠶ᠋ᠢᠨ ᠠᠯᠬᠤᠮ᠎ᠳᠤ ᠬᠡᠯᠬᠢᠶ᠎ᠠ᠎ᠶᠢ ᠤᠷᠲᠤᠳᠬᠠᠬᠤ ᠬᠡᠯᠬᠢᠶ᠎ᠠ᠎ᠶᠢ ᠨᠥᠬᠥᠪᠥᠷᠢᠯᠡᠬᠦ᠌ ᠲᠥᠷᠥᠯ ᠵᠦᠶ᠋ᠯ᠎ᠢ ᠦᠷᠭᠦᠯᠵᠢᠯᠡᠨ ᠳᠠᠳᠠᠨ ᠤᠷᠤᠭᠤᠯᠵᠦ᠂ ᠰᠠᠯᠬᠢᠨ ᠬᠦᠴᠦᠨ ᠵᠢᠠᠷ ᠴᠠᠬᠢᠯᠭᠠᠨ ᠭᠠᠷᠭᠠᠬᠤ ᠲᠤᠨᠤᠭᠯᠠᠯ᠂ ᠬᠡᠷᠡᠯᠴᠢ ᠴᠡᠨᠡᠭ᠎ᠦᠨ ᠲᠤᠨᠤᠭᠯᠠᠯ ᠤ᠋ᠨ ᠪᠥᠬᠥ᠌ ᠠᠵᠤ ᠦᠶ᠋ᠯᠡᠰ᠎ᠦᠨ ᠬᠡᠯᠬᠢᠶᠡᠵᠢᠯ᠎ᠤᠨ ᠦᠶ᠋ᠯᠡᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠤᠰᠤᠲᠥ᠋ᠷᠥᠭ᠌ᠴᠢ ᠦᠶ᠋ᠯᠡᠳᠪᠦᠷᠢᠯᠡᠵᠦ ᠵᠥᠭᠡᠭᠡᠪᠦᠷᠢᠯᠡᠬᠦ᠌ ᠵᠢᠴᠢ ᠡᠨᠧᠷᠭᠢ ᠬᠠᠳᠠᠭᠠᠯᠠᠬᠤ ᠳ᠋ᠢᠶᠠᠨ ᡂᠢ᠂ ᠡᠵᠡᠮᠳᠡᠬᠦ᠌ ᠱᠢᠰᠲ᠋ᠧᠮ ᠵᠡᠷᠭᠡ ᠲᠤᠨᠤᠭᠯᠠᠯ ᠦᠶ᠋ᠯᠡᠳᠬᠦ᠌ ᠲᠥᠷᠥᠯ ᠵᠦᠶ᠋ᠯ᠎ᠢ ᠣᠷᠣᠭᠤᠯᠤᠨ ᠠᠪᠴᠢᠷᠠᠵᠤ᠂ ᠠᠵᠤ ᠦᠶ᠋ᠯᠡᠰ᠎ᠦᠨ ᠬᠡᠯᠬᠢᠶᠡᠵᠢᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃
ᠲᠣᠰ ᠤᠳᠠᠭ᠎ᠠ᠎ᠶ᠋ᠢᠨ ᠵᠣᠯᠭᠠᠭᠤᠯᠬᠤ ᠬᠤᠷᠠᠯ ᠳᠡᠭᠡᠷ᠎ᠡ᠂ ᠬᠥᠬᠡᠬᠣᠲᠠ᠂ ᠪᠤᠭᠤᠲᠤ᠂ ᠣᠷᠳᠣᠰ᠂ ᠲᠦᠩᠯᠢᠶᠣᠤ᠂ ᠤᠯᠠᠭᠠᠨᠬᠠᠳᠠ ᠬᠣᠲᠠ ᠬᠣᠢᠨ᠎ᠠ ᠬᠣᠢᠨ᠎ᠠ᠎ᠠᠴᠠ᠎ᠪᠠᠨ 《ᠠᠷᠤᠷ᠎ᠠ᠎ᠶ᠋ᠢᠨ ᠮᠥᠴᠢᠷ》᠂ 《ᠬᠡᠯᠬᠢᠶ᠎ᠠ ᠮᠠᠶᠢᠭ》ᠶ᠋ᠢᠡᠷ ᠠᠷᠠᠯᠵᠢᠶᠠᠴᠢᠨ ᠤᠷᠢᠵᠤ᠂ ᠬᠠᠮᠲᠤ᠎ᠪᠠᠷ ᠠᠱᠢᠭ ᠭᠥᠷᠳᠡᠬᠦ᠌《ᠨᠠᠢᠵᠠ᠎ᠶ᠋ᠢᠨ ᠲᠣᠭᠣᠷᠢᠭ》᠎ᠢ᠋ ᠥᠷᠭᠡᠳᠭᠡᠪᠡ᠃《ᠪᠥᠬᠥ᠌ ᠳᠡᠯᠡᠬᠡᠶ᠎ᠶ᠋ᠢᠨ ᠲᠡᠷᠢᠭᠦᠨ᠎ᠦ ᠲᠠᠯᠠᠰᠲᠤ ᠴᠠᠬᠢᠭᠤᠷ ᠬᠡᠷᠡᠯᠴᠢ ᠴᠡᠨᠡᠭ᠎ᠤᠨ ᠠᠵᠤ ᠦᠶ᠋ᠯᠡᠰ᠎ᠦᠨ ᠠᠮᠢ ᠠᠬᠤᠶ᠎ᠶ᠋ᠢ ᠴᠣᠭ᠍ᠴᠠᠯᠠᠬᠤ᠎ᠶ᠋ᠢᠨ ᠲᠥᠯᠥᠭᠡ᠂ ᠪᠢᠳᠡ ᠨᠢᠮᠭᠡᠨ ᠪᠦᠷᠬᠦᠭᠦᠯ᠎ᠲᠤ ᠨᠡᠷᠡᠨ᠎ᠦ ᠡᠨᠧᠷᠭᠢ᠎ᠶ᠋ᠢᠨ ᠬᠡᠷᠡᠯᠴᠢ ᠴᠠᠨᠡᠭ ᠤ᠋ᠨ ᠲᠣᠨᠣᠭ᠍ᠯᠠᠭᠠᠰᠤ᠂ ᠮᠥᠩᠭᠥᠨ ᠡᠭᠡᠳᠡᠩ᠂ ᠠᠷᠤ ᠬᠠᠪᠲᠠᠰᠤ᠂ ᠴᠠᠪᠠᠤᠯᠢᠭ ᠪᠦᠷᠬᠦᠪᠴᠢ᠂ ᠬᠤᠷᠠᠮᠠᠯ ᠤᠷᠤᠰᠭᠠᠯ᠎ᠤᠨ ᠬᠠᠢᠷᠴᠠᠭ ᠵᠢᠴᠢ ᠡᠯᠧᠺᠲ᠋ᠷᠣᠨ ᠲᠠᠰ᠎ᠤᠨ ᠴᠠᠬᠢᠭᠤᠷᠳᠦ ᠰᠠᠭᠤᠷᠢ ᠬᠠᠭᠠᠰ ᠳᠠᠮᠵᠢᠭᠤᠯᠤᠭ᠍ᠴᠢ ᠵᠡᠷᠭᠡ ᠲᠥᠷᠥᠯ ᠵᠦᠶ᠋ᠯ᠎ᠢ ᠣᠷᠣᠭᠤᠯᠤᠨ ᠠᠪᠴᠢᠷᠠᠬᠤ ᠴᠢᠬᠤᠯᠠᠲᠠᠶ᠃》 — ᠪᠤᠭᠤᠲᠤ ᠬᠣᠲᠠ ᠴᠢᠩ ᠰᠡᠳᠭᠢᠯ᠎ᠦᠨ ᠤᠷᠢᠯᠭ᠎ᠠ ᠳᠠᠯᠪᠢᠪᠠ᠃
《ᠣᠷᠳᠣᠰ ᠬᠣᠲᠠ ᠵᠢᠨ ᠬᠢᠨ ᠬᠥᠨᠳᠡᠢᠷᠡᠭᠦᠯᠦᠭ᠌ᠴᠢ᠂ ᠴᠠᠪᠠᠤᠯᠢᠭ ᠪᠦᠷᠬᠦᠪᠴᠢ᠂ ᠰᠥᠷᠭᠡᠸ᠋ ᠬᠣᠪᠢᠰᠤᠭᠴᠢ᠂ ᠰᠤᠪᠤᠷᠭᠠᠨ ᠲᠦᠩᠰᠡ᠂ ᠬᠣᠯᠬᠣᠪᠴᠢ ᠵᠡᠷᠭᠡ ᠠᠵᠤ ᠦᠶ᠋ᠯᠡᠰ᠎ᠦᠨ ᠬᠣᠭᠣᠰᠣᠨ᠎ᠢ ᠬᠦᠴᠦᠯᠡᠨ ᠣᠷᠣᠭᠤᠯᠤᠨ ᠠᠪᠴᠢᠷᠠᠵᠦ᠂ ᠺᠠᠯᠼ ᠲᠢᠲ᠋ᠠᠨ᠎ᠤ ᠠᠭᠤᠷᠬᠠᠶ᠎ᠶ᠋ᠢᠨ ᠳᠠᠪᠬᠤᠷᠯᠢᠭ᠎ᠤᠨ ᠮᠡᠷᠭᠡᠵᠢᠯ᠂ ᠬᠠᠲᠠᠭᠤ ᠲᠦᠯᠦᠪᠲᠦ ᠳ᠋ᠢᠶᠠᠨ ᡂᠢ᠂ ᠱᠢᠩᠭᠡᠨ ᠤᠷᠤᠰᠭᠠᠯᠲᠤ ᠳ᠋ᠢᠶᠠᠨ ᡂᠢ ᠵᠡᠷᠭᠡ ᠲᠡᠷᠢᠭᠦᠨ᠎ᠦ ᠦᠶ᠋ᠯᠡᠳᠪᠦᠷᠢᠯᠡᠬᠦ᠌ ᠴᠢᠳᠠᠪᠤᠷᠢ᠎ᠶ᠋ᠢ ᠢᠳᠡᠪᠬᠢᠲᠡᠶ ᠪᠠᠢᠷᠢᠱᠢᠭᠤᠯᠤᠨ᠂ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠵᠢᠭ᠍ᠰᠠᠭᠠᠯ᠎ᠢ ᠪᠥᠬᠥ᠌ ᠬᠦᠴᠦᠨ᠎ᠢᠶᠡᠷ᠎ᠢᠶᠡᠨ ᠴᠣᠭ᠍ᠴᠠᠯᠠᠨ ᠪᠠᠢᠭᠤᠯᠤᠨ᠎ᠠ᠃ 》 — ᠤᠷᠳᠤᠰ ᠴᠢᠩ ᠦᠨᠠᠨᠴᠢ ᠬᠠᠮᠳᠤᠷᠠᠯᠴᠠᠭᠠᠨ᠎ᠤ ᠰᠡᠳᠭᠢᠯᠭᠡ ᠪᠠᠨ ᠲᠠᠪᠰᠢᠬᠦᠯᠪᠠ᠃
《ᠲᠦᠩᠯᠢᠶᠣᠤ ᠬᠤᠳᠠ ᠥᠪᠥᠷ ᠮᠣᠩᠭᠣᠯ᠎ᠤᠨ ᠵᠡᠭᠦᠨ ᠬᠡᠰᠡᠭ (ᠲᠦᠩᠯᠢᠶᠣᠤ) ᠤ᠋ᠨ ᠳᠡᠭᠡᠳᠦ ᠲᠡᠰ᠎ᠤᠨ ᠬᠦᠨᠳᠦ ᠬᠡᠯᠪᠡᠷᠢ ᠵᠢᠨ ᠲᠣᠨᠣᠭ᠍ᠯᠠᠯ ᠦᠢᠯᠡᠳᠬᠦ᠌ ᠠᠵᠤ ᠦᠢᠯᠡᠰ᠎ᠦᠨ ᠰᠠᠭᠤᠷᠢᠨ᠎ᠢ ᠲᠥᠯᠥᠪᠵᠢᠭᠦᠯᠦᠨ ᠪᠦᠲᠦᠭᠡᠨ ᠪᠠᠢᠭᠤᠯᠵᠤ᠂ ᠪᠢᠳᠡ ᠬᠣᠯᠪᠣᠭ᠍ᠳᠠᠯ ᠪᠦᠬᠦᠢ ᠬᠦᠷᠢᠶᠡᠨ᠎ᠦ ᠠᠵᠤ ᠠᠬᠤᠢᠯᠠᠯ᠎ᠲᠠᠶ ᠬᠠᠮᠲᠤᠷᠠᠯᠴᠠᠵᠤ᠂ ᠪᠦᠬᠦ᠌ ᠤᠯᠤᠰ᠎ᠤᠨ ᠬᠠᠮᠤᠭ᠎ᠤᠨ ᠳᠡᠭᠡᠳᠦ ᠲᠡᠰ᠎ᠤᠨ ᠬᠦᠨᠳᠦ ᠬᠡᠯᠪᠠᠷᠢ ᠵᠢᠨ ᠲᠣᠨᠣᠭ᠍ᠯᠠᠯ ᠦᠢᠯᠡᠳᠬᠦ᠌ ᠠᠵᠤ ᠦᠢᠯᠡᠰ᠎ᠦᠨ ᠰᠠᠭᠤᠷᠢᠨ᠎ᠢ ᠬᠠᠮᠲᠤ᠎ᠪᠠᠷ ᠪᠠᠢᠭᠤᠯᠬᠤ᠎ᠶ᠋ᠢ ᠬᠦᠰᠡᠵᠦ᠍ ᠪᠠᠢᠨ᠎ᠠ᠃》 — ᠲᠦᠩᠯᠢᠶᠣᠤ ᠬᠠᠮᠲᠤᠷᠠᠨ ᠠᠵᠢᠯᠯᠠᠬᠤ ᠬᠠᠭᠠᠯᠭ᠎ᠠ᠎ᠪᠡᠨ ᠨᠡᠭᠡᠭᠡᠪᠡ᠃
ᠪᠠᠷᠠᠯᠠᠯᠳᠤ ᠴᠢᠨᠠᠷᠲᠠᠢ ᠪᠣᠳᠣᠯᠬᠢᠯᠠᠯ᠂ ᠪᠦᠬᠦ᠌ ᠲᠠᠯ᠎ᠠ᠎ᠶ᠋ᠢᠨ ᠴᠢᠨᠠᠷᠲᠠᠢ ᠲᠥᠯᠥᠪᠵᠢᠭᠦᠯᠭᠡ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠪᠠᠢᠷᠢᠱᠢᠭᠤᠯᠤᠯᠲᠠ᠂ ᠪᠦᠬᠦᠯᠢ ᠴᠣᠭ᠍ᠴᠠ᠎ᠳᠦ ᠴᠢᠨᠠᠷᠲᠠᠢ ᠠᠬᠢᠭᠤᠯᠤᠯᠲᠠ᠃ ᠣᠳᠣᠬᠠᠨ᠎ᠳᠤ ᠥᠪᠥᠷ ᠮᠣᠩᠭᠣᠯ 《ᠬᠤᠤᠰ ᠨᠡᠭᠦᠷᠡᠰᠦᠲᠥ᠋ᠷᠥᠭ᠌ᠴᠢᠳᠦ》 ᠬᠠᠷᠠᠯᠲᠠ᠎ᠲᠠᠶ ᠨᠢᠭ᠍ᠲᠠ ᠤᠶᠠᠯᠳᠤᠭᠤᠯᠤᠨ᠂ ᠬᠡᠯᠬᠢᠶᠡᠲᠦ ᠰᠡᠳᠭᠢᠬᠦᠶ ᠪᠠ ᠪᠦᠯᠦᠭᠵᠢᠯ᠎ᠢ ᠢᠵᠢ ᠪᠥᠷᠢᠳᠦᠭᠦᠯᠦᠨ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠦᠶ᠋ᠯᠡᠳᠬᠦᠨ᠎ᠦ ᠬᠠᠮᠵᠢᠯᠴᠠᠭ᠎ᠠ᠎ᠶ᠋ᠢ ᠢᠵᠢ ᠪᠦᠷᠢᠳᠦᠭᠦᠯᠬᠦ᠌ ᠪᠠ ᠬᠡᠯᠬᠢᠶᠡᠲᠦ ᠬᠠᠮᠲᠤᠷᠠᠯᠴᠠᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠤᠯᠤᠰ᠎ᠤᠨ ᠲᠠᠰ᠎ᠤᠨ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠰᠠᠭᠤᠷᠢᠨ᠎ᠢ ᠬᠦᠴᠦᠯᠡᠨ ᠴᠤᠭᠴᠠᠯᠠᠵᠤ ᠪᠤᠢ᠃
ᠪᠠᠢᠷᠢᠯᠠᠭᠤᠯᠤᠯᠲᠠ ᠶᠣᠰᠣᠭᠠᠷ᠂ ᠡᠨᠡ ᠵᠢᠯ ᠥᠪᠥᠷ ᠮᠣᠩᠭᠣᠯ 《ᠰᠠᠯᠬᠢ ᠬᠡᠷᠡᠯ ᠤᠰᠤᠲᠥ᠋ᠷᠥᠭ᠌ᠴᠢ ᠨᠦᠬᠡᠴᠡ》 ᠵᠢᠨ ᠪᠥᠬᠥ᠌ ᠬᠡᠯᠬᠢᠶᠡᠵᠢᠯ᠎ᠤᠨ ᠬᠥᠭ᠌ᠵᠢᠯᠲᠡ᠎ᠶ᠋ᠢ ᠦᠷᠭᠦᠯᠵᠢᠯᠡᠨ ᠪᠠᠷᠢᠮᠲᠠᠯᠠᠵᠤ᠂ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠦᠶ᠋ᠯᠡᠰ᠎ᠢ ᠬᠦᠴᠦᠷᠬᠡᠭ᠌ᠵᠢᠭᠦᠯᠦᠨ᠂ ᠴᠠᠬᠢᠯᠭᠠᠨ ᠭᠠᠷᠭᠠᠬᠤ ᠮᠠᠱᠢᠨ᠂ ᠬᠦᠴᠦᠳᠡᠯ ᠥᠭᠡᠷᠡᠴᠢᠯᠡᠭ᠌ᠴᠢ᠂ ᠰᠥᠷᠭᠡᠸ᠋ ᠬᠤᠪᠢᠰᠤᠭ᠍ᠴᠢ᠂ ᠱᠢᠰᠲ᠋ᠧᠮ᠎ᠳᠦ ᠴᠢᠩᠭᠡᠯᠢᠭ ᠵᠡᠷᠭᠡ ᠭᠤᠤᠯ ᠰᠡᠯᠪᠢᠭ ᠲᠣᠨᠣᠭ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ 113 ᠬᠡᠯᠬᠢᠶ᠎ᠡ ᠵᠢ ᠤᠷᠲᠤᠳᠭᠠᠵᠤ ᠬᠡᠯᠬᠢᠶ᠎ᠡ ᠵᠢ ᠨᠥᠬᠥᠪᠥᠷᠢᠯᠡᠬᠦ᠌ ᠲᠥᠷᠥᠯ ᠵᠦᠶ᠋ᠯ᠎ᠢ ᠭᠤᠤᠯᠳᠠᠯᠭ᠎ᠠ᠎ᠲᠠᠶ ᠬᠡᠷᠡᠭ᠌ᠵᠢᠭᠦᠯᠵᠦ᠍᠂ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠶ᠋ᠯᠡᠳᠬᠦ᠌ ᠦᠶ᠋ᠯᠡᠰ᠎ᠦᠨ ᠦᠶ᠋ᠯᠡᠳᠬᠦᠨ᠎ᠦ ᠥᠷᠲᠡᠭ᠎ᠢ 2700 ᠳ᠋ᠦᠩᠱᠢᠭᠤᠷ ᠲᠥᠭᠥᠷᠢᠭ᠎ᠡᠴᠡ ᠳᠠᠪᠠᠭᠤᠯᠬᠤ᠎ᠪᠠᠷ ᠴᠢᠷᠮᠠᠢᠵᠦ ᠪᠤᠢ᠃
ᠴᠢᠭ᠌ᠯᠡᠯ ᠲᠣᠳᠣᠷᠬᠠᠶ᠂ ᠬᠠᠷᠠᠯᠲᠠ ᠲᠣᠳᠣ᠂ ᠠᠵᠢᠯᠯᠠᠭ᠎ᠠ ᠬᠦᠴᠦᠲᠡᠶ᠃ ᠥᠪᠥᠷ ᠮᠣᠩᠭᠣᠯ ᠬᠦᠴᠦᠨ᠎ᠢᠶᠡᠨ ᠲᠥᠪᠯᠡᠷᠡᠭᠦᠯᠦᠨ ᠬᠡᠯᠬᠢᠶ᠎ᠠ ᠮᠠᠶᠢᠭ ᠤ᠋ᠨ ᠬᠥᠭ᠌ᠵᠢᠯᠲᠡ᠎ᠪᠠᠷ ᠳᠤᠲᠠᠭᠤᠳᠠᠯ᠎ᠢᠶᠠᠨ ᠨᠥᠬᠥᠪᠥᠷᠢᠯᠡᠨ᠂ ᠪᠠᠭᠤᠷᠠᠶ ᠲᠠᠯ᠎ᠠ᠎ᠪᠠᠨ ᠬᠦᠴᠦᠷᠬᠡᠭ᠌ᠵᠢᠭᠦᠯᠵᠦ᠂ ᠪᠦᠯᠦᠭ᠌ᠵᠢᠯ᠎ᠢ ᠬᠤᠷᠠᠮᠳᠤᠭᠤᠯᠤᠨ᠂ ᠱᠢᠨ᠎ᠡ ᠡᠨᠧᠷᠭᠢ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ ᠵᠢᠨᠭᠡᠭᠡᠨ ᠰᠠᠷᠠᠭᠤᠯ ᠢᠷᠡᠭᠡᠳᠤᠢ ᠵᠦᠭ ᠤᠷᠤᠭᠰᠢᠯᠠᠨᠠᠮ᠃