ᠤᠨᠤᠴᠠᠲᠠᠢ ᠬᠢᠨᠠᠯᠲᠠ ᠲᠠᠯᠪᠢᠵᠤ ᠬᠠᠨᠳᠤᠯᠭᠠᠲᠤ ᠴᠢᠨᠠᠷᠲᠠᠢ ᠴᠡᠭ᠌ᠴᠡᠯᠡᠨ ᠵᠠᠰᠠᠵᠦ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠪᠡᠷ ᠣᠯᠠᠨ ᠲᠦᠮᠡᠨ ᠤ᠋ ᠢᠳᠡᠭᠡᠨ ᠤᠮᠳᠠᠭᠠᠨ ᠤ᠋ ᠠᠮᠤᠷ ᠲᠦᠪᠱᠢᠨ ᠢ᠋ ᠬᠠᠮᠠᠭᠠᠯᠠᠨ᠎ᠠ
2025-08-12 09:58:14
ᠵᠣᠬᠢᠶᠠᠭ᠍ᠴᠢ᠄
ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

《ᠪᠠᠢᠴᠠᠭᠠᠯᠲᠠ ᠳ᠋ᠤ ᠢᠯᠡᠷᠡᠭᠦᠯᠦᠭᠰᠡᠨ ᠢ᠋ᠶ᠋ᠡᠷ᠂ ᠠᠰᠠᠭᠤᠳᠠᠯ ᠢ᠋ ᠴᠡᠭ᠌ᠴᠡᠯᠡᠨ ᠰᠠᠢᠵᠢᠷᠠᠭᠤᠯᠤᠭ᠍ᠰᠠᠨ ᠨᠣᠷᠮ᠎ᠠ 100% ᠳ᠋ᠤ ᠬᠦᠷᠴᠡᠶ᠃ ᠬᠡᠰᠡᠭ ᠰᠤᠷᠭᠠᠭᠤᠯᠢ ᠪᠠᠰᠠ 〈ᠬᠣᠭᠣᠯᠠ ᠢᠳᠡᠭᠡᠨ ᠳ᠋ᠤ ᠬᠢᠨᠠᠯᠲᠠ ᠲᠠᠯᠪᠢᠬᠤ ᠬᠡᠷ ᠤ᠋ᠨ ᠠᠬᠠᠮᠠᠳ ᠤ᠋ᠨ ᠵᠥᠪᠯᠡᠯ〉 ᠤ᠋ᠨ ᠲᠦᠷᠢᠮ ᠢ᠋ ᠪᠠᠢᠭᠤᠯᠪᠠ᠂ ᠡᠨᠡ ᠬᠦ᠌ ᠠᠷᠭ᠎ᠠ ᠬᠡᠮᠵᠢᠶ᠎ᠡ ᠨᠢ ᠬᠡᠷ ᠤ᠋ᠨ ᠠᠬᠠᠮᠠᠳ ᠤ᠋ᠨ ᠰᠤᠷᠭᠠᠭᠤᠯᠢ ᠶ᠋ᠢᠨ ᠬᠦᠷᠢᠶᠡᠨ ᠤ᠋ ᠢᠳᠡᠭᠡᠨ ᠤ᠋ ᠠᠮᠤᠷ ᠲᠦᠪᠱᠢᠨ ᠳ᠋ᠤ ᠬᠢᠨᠠᠯᠲᠠ ᠲᠠᠯᠪᠢᠬᠤ ᠡᠷᠴᠢᠮ ᠢ᠋ ᠴᠢᠩᠭᠠᠷᠠᠭᠤᠯᠤᠭ᠍ᠰᠠᠨ ᠢ᠋ᠶ᠋ᠡᠷ ᠪᠠᠷᠠᠬᠤ ᠥᠬᠡᠶ ᠪᠠᠰᠠ 〈ᠵᠠᠰᠠᠭ ᠵᠠᠬᠢᠷᠭᠠᠨ ᠤ᠋ ᠬᠢᠨᠠᠯᠲᠠ ᠬᠠᠮᠢᠶᠠᠷᠤᠯᠲᠠ + ᠪᠠᠢᠴᠠᠭᠠᠬᠤ ᠪᠠᠢᠭᠤᠯᠭ᠎ᠠ ᠶ᠋ᠢᠨ ᠬᠢᠨᠠᠯᠲᠠ + ᠣᠯᠠᠨ ᠨᠡᠢᠲᠡ ᠶ᠋ᠢᠨ ᠣᠷᠣᠯᠴᠠᠯᠭ᠎ᠠ〉 ᠶ᠋ᠢᠨ ᠬᠠᠮᠲᠤ ᠪᠡᠷ ᠵᠠᠰᠠᠬᠤ ᠪᠠᠢᠷᠢᠱᠢᠯ ᠢ᠋ ᠪᠦᠷᠢᠯᠳᠦᠭᠦᠯᠵᠦ᠍᠂ ᠰᠤᠷᠭᠠᠭᠤᠯᠢ ᠶ᠋ᠢᠨ ᠬᠦᠷᠢᠶᠡᠨ ᠤ᠋ ᠢᠳᠡᠭᠡᠨ ᠤ᠋ ᠠᠮᠤᠷ ᠲᠦᠪᠱᠢᠨ ᠎ᠤ ᠵᠠᠰᠠᠯᠲᠠ ᠵᠢ ᠨᠠᠩ ᠢᠯᠡ ᠲᠣᠳᠣ᠂ ᠱᠢᠨᠵᠢᠯᠡᠬᠦ᠌ ᠤᠬᠠᠭᠠᠨᠴᠢ᠂ ᠪᠦᠲᠦᠮᠵᠢᠲᠡᠶ ᠪᠣᠯᠭᠠᠪᠠ》 ᠭᠡᠵᠦ ᠲᠦᠩᠯᠢᠶᠣᠤ ᠬᠣᠲᠠ ᠶ᠋ᠢᠨ ᠬᠣᠷᠴᠢᠨ ᠵᠡᠭᠦᠨ ᠭᠠᠷᠤᠨ ᠳᠤᠮᠳᠠᠳᠤ ᠬᠣᠱᠢᠭᠤᠨ ᠤ᠋ ᠠᠷᠠᠳ ᠤ᠋ᠨ ᠪᠠᠢᠴᠠᠭᠠᠬᠤ ᠬᠣᠷᠢᠶ᠎ᠠ᠎ᠵᠢᠨ ᠬᠢᠨ  ᠬᠡᠷᠡᠭ ᠲᠦ᠍ ᠬᠣᠯᠪᠣᠭ᠍ᠳᠠᠭ᠍ᠰᠠᠨ ᠰᠤᠷᠭᠠᠭᠤᠯᠢ ᠵᠢᠴᠢ ᠰᠤᠷᠭᠠᠭᠤᠯᠢ ᠶ᠋ᠢᠨ ᠭᠠᠳᠠᠨᠠᠬᠢ ᠨᠠᠢᠳᠠᠨ ᠬᠠᠮᠢᠶᠠᠷᠤᠭᠤᠯᠬᠤ ᠪᠠᠢᠭᠤᠯᠤᠮᠵᠢ ᠳ᠋ᠤ 《ᠡᠷᠭᠢᠨ ᠬᠠᠷᠠᠬᠤ》 ᠠᠵᠢᠯ ᠥᠷᠨᠢᠭᠦᠯᠬᠦ᠌ ᠦᠶ᠎ᠡ ᠳ᠋ᠤ ᠲᠣᠰ ᠬᠣᠷᠢᠶᠠᠨ ᠤ᠋ ᠬᠣᠶᠠᠳᠤᠭᠠᠷ ᠪᠠᠢᠴᠠᠭᠠᠬᠤ ᠬᠡᠯᠲᠡᠰ ᠤ᠋ᠨ ᠳᠡᠳ᠋ ᠡᠷᠬᠢᠯᠡᠭ᠌ᠴᠢ ᠴᠠᠩ ᠮᠤᠤ ᠮᠤᠤ ᠬᠡᠯᠡᠪᠠ᠃

ᠡᠨᠡ ᠪᠣᠯ ᠪᠦᠬᠦ᠌ ᠣᠷᠣᠨ ᠤ᠋ ᠪᠠᠢᠴᠠᠭᠠᠬᠤ ᠪᠠᠢᠭᠤᠯᠭ᠎ᠠ ᠶ᠋ᠢᠨ 《ᠢᠳᠡᠭᠡᠨ ᠪᠠ ᠡᠮ ᠤ᠋ᠨ ᠵᠦᠢᠯᠡᠰ ᠤ᠋ᠨ ᠠᠮᠤᠷ ᠲᠦᠪᠱᠢᠨ ᠢ᠋ ᠬᠠᠮᠠᠭᠠᠯᠠᠬᠤ ᠠᠶᠠᠯᠠᠯ》 ᠤ᠋ᠨ ᠪᠠᠢᠴᠠᠭᠠᠬᠤ ᠪᠠᠢᠭᠤᠯᠭ᠎ᠠ ᠶ᠋ᠢᠨ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠪᠠᠷ ᠬᠢᠨᠠᠯᠲᠠ ᠲᠠᠯᠪᠢᠬᠤ ᠠᠵᠢᠯᠯᠠᠭ᠎ᠠ ᠥᠷᠨᠢᠭᠦᠯᠦᠭᠡᠳ ᠣᠯᠤᠭ᠍ᠰᠠᠨ ᠲᠤᠪᠤᠢᠮ᠎ᠠ ᠦᠷ᠎ᠡ ᠪᠦᠲᠦᠮᠵᠢ ᠪᠣᠯᠤᠨ᠎ᠠ᠃

ᠡᠨᠡ ᠵᠢᠯ ᠤ᠋ᠨ ᠡᠬᠢ᠎ᠪᠡᠷ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠪᠠᠢᠴᠠᠭᠠᠬᠤ ᠬᠣᠷᠢᠶ᠎ᠠ 《ᠢᠳᠡᠭᠡᠨ ᠪᠠ ᠡᠮ ᠤ᠋ᠨ ᠵᠦᠢᠯᠡᠰ ᠤ᠋ᠨ ᠠᠮᠤᠷ ᠲᠦᠪᠱᠢᠨ ᠢ᠋ ᠬᠠᠮᠠᠭᠠᠯᠠᠬᠤ ᠠᠶᠠᠯᠠᠯ》 ᠤ᠋ᠨ ᠪᠠᠢᠴᠠᠭᠠᠬᠤ ᠪᠠᠢᠭᠤᠯᠭ᠎ᠠ ᠶ᠋ᠢᠨ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠪᠠᠷ ᠬᠢᠨᠠᠯᠲᠠ ᠲᠠᠯᠪᠢᠬᠤ ᠠᠵᠢᠯᠯᠠᠭ᠎ᠠ ᠵᠢ ᠪᠠᠢᠷᠢᠯᠠᠭᠤᠯᠵᠤ᠂ ᠪᠥᠬᠥ᠌ ᠣᠷᠣᠨ ᠤ᠋ ᠪᠠᠢᠴᠠᠭᠠᠬᠤ ᠪᠠᠢᠭᠤᠯᠭ᠎ᠠ᠎ᠵᠢᠨ ᠬᠢᠨ ᠨᠠᠰᠤᠲᠠᠨ ᠢ᠋ ᠠᠰᠠᠷᠠᠬᠤ ᠬᠦᠷᠢᠶᠡᠯᠡᠩ᠂ ᠰᠤᠷᠭᠠᠭᠤᠯᠢ ᠶ᠋ᠢᠨ ᠬᠣᠭᠣᠯᠠᠨ ᠬᠡᠷ᠂ ᠰᠤᠷᠭᠠᠭᠤᠯᠢ ᠶ᠋ᠢᠨ ᠭᠠᠳᠠᠨᠠᠬᠢ ᠨᠠᠢᠳᠠᠨ ᠬᠠᠮᠢᠶᠠᠷᠬᠤ ᠪᠠᠢᠭᠤᠯᠤᠮᠵᠢ᠂ ᠨᠡᠢᠭᠡᠮ ᠲᠣᠭᠣᠷᠢᠭ ᠤ᠋ᠨ ᠬᠣᠭᠣᠯᠠᠨ ᠬᠡᠷ ᠵᠡᠷᠭᠡ ᠣᠨᠴᠠ ᠲᠣᠭ᠍ᠲᠠᠭ᠍ᠰᠠᠨ ᠲᠠᠯᠠᠪᠤᠷ ᠭᠠᠵᠠᠷ ᠲᠦ᠍ ᠠᠩᠬᠠᠷᠤᠯ ᠢ᠋ᠶ᠋ᠡᠨ ᠲᠥᠪᠯᠡᠷᠡᠭᠦᠯᠦᠨ᠂ ᠲᠤᠰᠭᠠᠶ ᠴᠡᠭ᠌ᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠍᠂ ᠤᠨᠤᠴᠠᠲᠠᠢ ᠬᠢᠨᠠᠯᠲᠠ ᠲᠠᠯᠪᠢᠵᠤ ᠨᠠᠰᠤᠲᠠᠨ ᠪᠠ ᠬᠡᠦᠬᠡᠳ ᠵᠡᠷᠭᠡ ᠬᠥᠮᠦᠰ ᠤ᠋ᠨ ᠢᠳᠡᠭᠡᠨ ᠤᠮᠳᠠᠭᠠᠨ ᠤ᠋ ᠠᠮᠤᠷ ᠲᠦᠪᠱᠢᠨ ᠢ᠋ ᠰᠠᠬᠢᠨ ᠬᠠᠮᠠᠭᠠᠯᠠᠪᠠ᠃

ᠬᠡᠷᠡᠭ ᠱᠢᠶ᠋ᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠬᠦ᠌ ᠶ᠋ᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠶ᠋ᠢᠨ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢᠨ ᠰᠠᠯᠠᠭ᠎ᠠ ᠮᠥᠴᠢᠷ᠎ᠤᠨ ᠬᠢᠨ 3 ᠱᠠᠯᠠᠪᠳᠠᠭᠤᠯᠤᠨ ᠵᠢᠯᠣᠭᠣᠳᠭᠤ ᠳᠤᠭᠤᠢᠯᠠᠩ ᠪᠠᠢᠭᠤᠯᠵᠤ᠂ ᠪᠥᠬᠥ᠌ ᠣᠷᠣᠨ ᠤ᠋ 12 ᠠᠢᠮᠠᠭ ᠬᠣᠲᠠ ᠳ᠋ᠤ ᠭᠦᠨᠵᠡᠭᠡᠢᠷᠡᠨ ᠲᠤᠬᠠᠶ ᠶ᠋ᠢᠨ ᠭᠠᠵᠠᠷ ᠲᠤᠨᠢ ᠱᠠᠯᠠᠪᠳᠠᠭᠤᠯᠤᠨ ᠵᠢᠯᠣᠭᠣᠳᠴᠤ᠌᠂ ᠨᠠᠰᠤᠳᠠᠢᠴᠤᠤᠨ᠎ᠤᠨ ᠬᠣᠭᠣᠯᠠᠨ ᠬᠡᠷ᠂ 《ᠰᠤᠷᠤᠬ᠍ᠴᠢ ᠳ᠋ᠤ ᠵᠣᠷᠢᠭᠤᠯᠤᠭ᠍ᠰᠠᠨ ᠠᠮᠠᠷᠠᠵᠤ ᠬᠣᠭᠣᠯᠠᠯᠠᠬᠤ ᠭᠠᠵᠠᠷ》 ᠵᠡᠷᠭᠡ ᠣᠨᠴᠠ ᠲᠣᠭ᠍ᠲᠠᠭ᠍ᠰᠠᠨ ᠲᠠᠯᠠᠪᠤᠷ ᠭᠠᠵᠠᠷ ᠤ᠋ᠨ ᠢᠳᠡᠭᠡᠨ ᠤᠮᠳᠠᠭᠠᠨ ᠤ᠋ ᠠᠮᠤᠷ ᠲᠦᠪᠱᠢᠨ ᠤ᠋ ᠬᠡᠷᠡᠭ ᠤ᠋ᠨ ᠳᠤᠮᠳᠠᠬᠢ ᠬᠦᠴᠢᠷ ᠠᠰᠠᠭᠤᠳᠠᠯ᠂ ᠲᠦᠭ᠌ᠵᠢᠷᠡᠯ ᠤ᠋ᠨ ᠠᠰᠠᠭᠤᠳᠠᠯ ᠢ᠋ ᠭᠤᠤᠯᠳᠠᠯᠭ᠎ᠠ ᠲᠠᠢ ᠱᠢᠶ᠋ᠳᠪᠦᠷᠢᠯᠡᠵᠦ᠍᠂ ᠬᠡᠷᠡᠭ ᠱᠢᠶ᠋ᠳᠪᠦᠷᠢᠯᠡᠬᠦ᠌ ᠲᠣᠭ᠎ᠠ ᠬᠡᠮᠵᠢᠶ᠎ᠡ ᠪᠠ ᠶᠠᠰᠤ ᠴᠢᠨᠠᠷ ᠤ᠋ᠨ ᠬᠤᠤᠰ ᠳᠡᠭᠡᠭ᠌ᠰᠢᠯᠡᠯᠲᠡ ᠵᠢ ᠠᠬᠢᠭᠤᠯᠪᠠ᠃

ᠭᠣᠣᠯᠳᠠᠯᠭ᠎ᠠ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ ᠬᠠᠨᠳᠤᠯᠭᠠᠲᠤ ᠴᠢᠨᠠᠷᠲᠠᠢ ᠴᠡᠭ᠌ᠴᠡᠯᠡᠨ ᠵᠠᠰᠠᠪᠠ᠃ ᠪᠥᠬᠥ᠌ ᠣᠷᠣᠨ ᠤ᠋ ᠪᠠᠢᠴᠠᠭᠠᠬᠤ ᠪᠠᠢᠭᠤᠯᠭ᠎ᠠ᠎ᠵᠢᠨ ᠬᠢᠨ ᠰᠤᠷᠭᠠᠭᠤᠯᠢ ᠶ᠋ᠢᠨ ᠬᠦᠷᠢᠶ᠎ᠡ ᠵᠢᠴᠢ ᠡᠷᠬᠢᠨ ᠲᠣᠭᠣᠷᠢᠨ ᠤ᠋ ᠢᠳᠡᠭᠡᠨ ᠤ᠋ ᠠᠮᠤᠷ ᠲᠦᠪᠱᠢᠨ ᠳ᠋ᠤ ᠴᠢᠩᠭ᠎ᠠ ᠪᠠᠢᠴᠠᠭᠠᠯᠲᠠ ᠬᠢᠵᠦ᠍᠂ ᠨᠠᠰᠤᠵᠢᠯ ᠤ᠋ᠨ ᠦᠶ᠋ᠯᠡᠴᠢᠯᠡᠭᠡᠨ ᠤ᠋ ᠲᠠᠯᠠᠪᠤᠷ ᠭᠠᠵᠠᠷ ᠤ᠋ᠨ ᠢᠳᠡᠭᠡᠨ ᠤ᠋ ᠬᠢᠨᠠᠯᠲᠠ ᠬᠠᠮᠢᠶᠠᠷᠤᠯᠲᠠ ᠵᠢ ᠴᠢᠨᠭᠭᠠᠤᠨᠬᠠᠨ᠂  ᠨᠡᠢᠭᠡᠮ ᠲᠣᠭᠣᠷᠢᠭ ᠤ᠋ᠨ ᠬᠣᠭᠣᠯᠠᠨ ᠬᠡᠷ ᠵᠡᠷᠭᠡ ᠲᠠᠯᠠᠪᠤᠷ ᠭᠠᠵᠠᠷ ᠤ᠋ᠨ ᠢᠳᠡᠭᠡᠨ ᠤ᠋ ᠬᠢᠨᠠᠯᠲᠠ ᠬᠠᠮᠢᠶᠠᠷᠤᠯᠲᠠ ᠵᠢ ᠪᠦᠷᠢᠨ ᠪᠦᠷᠬᠦᠭᠦᠯᠪᠡ; 《ᠨᠡᠢᠲᠡ ᠶ᠋ᠢᠨ ᠲᠥᠯᠥᠭᠡ ᠵᠢᠳᠬᠦᠬᠦ᠌》 ᠪᠠᠢᠴᠠᠭᠠᠬᠤ ᠡᠭᠦᠯᠡᠨ ᠲᠠᠪᠴᠠᠩ ᠤ᠋ᠨ ᠰᠠᠢ᠌ᠨ ᠳᠤᠷᠠᠴᠤᠳ ᠤ᠋ᠨ ᠦᠢᠯᠡᠳᠦᠯ ᠢ᠋ ᠭᠦᠢᠴᠡᠳ ᠪᠠᠳᠠᠷᠠᠭᠤᠯᠵᠤ᠂ ᠬᠢᠨᠠᠨ ᠬᠠᠮᠢᠶᠠᠷᠬᠤ ᠲᠣᠭ᠍ᠲᠠᠴᠠ ᠶ᠋ᠢᠨ ᠲᠠᠯ᠎ᠠ ᠪᠡᠷ ᠱᠢᠨ᠎ᠡ ᠵᠢ ᠡᠭᠦᠳᠴᠦ᠍᠂ ᠤᠯᠠᠨ ᠲᠠᠯ᠎ᠠ ᠶ᠋ᠢᠨ ᠬᠠᠮᠲᠤᠷᠠᠯ ᠬᠦᠴᠦᠨ ᠢ᠋ ᠨᠢᠭ᠍ᠲᠠᠷᠠᠭᠤᠯᠵᠤ᠂ ᠬᠠᠮᠲᠤ ᠪᠡᠷ ᠵᠠᠰᠠᠬᠤ ᠪᠠᠢᠷᠢᠱᠢᠯ ᠢ᠋ ᠪᠠᠢᠭᠤᠯᠪᠡ᠃ ᠵᠢᠱ᠌ᠢᠶᠡᠯᠡᠪᠡᠯ ᠣᠷᠴᠣᠨ ᠤ᠋ ᠥᠪᠡᠷᠲᠡᠭᠡᠨ ᠵᠠᠰᠠᠬᠤ ᠬᠣᠱᠢᠭᠤᠨ ᠤ᠋ ᠠᠷᠠᠳ ᠤ᠋ᠨ ᠪᠠᠢᠴᠠᠭᠠᠬᠤ ᠬᠣᠷᠢᠶ᠎ᠠ 《ᠢᠳᠡᠭᠡᠨ ᠪᠠ ᠡᠮ ᠤ᠋ᠨ ᠵᠦᠶ᠋ᠯᠡᠰ ᠤ᠋ᠨ ᠠᠮᠤᠷ ᠲᠦᠪᠱᠢᠨ ᠤ᠋ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢᠨ ᠠᠵᠢᠭ᠍ᠯᠠᠭ᠍ᠴᠢ》 ᠶ᠋ᠢᠨ ᠡᠩᠨᠡᠭᠡ ᠵᠢ ᠵᠣᠬᠢᠶᠠᠨ ᠪᠠᠢᠭᠤᠯᠵᠤ᠂ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠨᠡᠢᠭᠡᠮ ᠲᠣᠭᠣᠷᠢᠭ ᠤ᠋ᠨ ᠠᠵᠢᠯᠲᠠᠨ᠂ ᠬᠡᠷᠡᠭ᠌ᠯᠡᠭ᠌ᠴᠢᠳ ᠤ᠋ᠨ ᠲᠥᠯᠥᠭᠡᠯᠡᠭ᠌ᠴᠢ ᠵᠡᠷᠭᠡ ᠨᠡᠢᠭᠡᠮ ᠤ᠋ᠨ ᠬᠦᠴᠦᠨ ᠢ᠋ ᠤᠷᠢᠵᠤ ᠬᠢᠨᠠᠯᠲᠠ ᠲᠠᠯᠪᠢᠬᠤ ᠳ᠋ᠤ ᠣᠷᠣᠯᠴᠠᠭᠤᠯᠬᠤ ᠶ᠋ᠢᠨ ᠬᠠᠮᠲᠤ 《ᠢᠳᠡᠭᠡᠨ ᠪᠠ ᠡᠮ ᠤ᠋ᠨ ᠵᠦᠶ᠋ᠯᠡᠰ ᠤ᠋ᠨ ᠠᠮᠤᠷ ᠲᠦᠪᠱᠢᠨ ᠢ᠋ ᠭᠠᠷ ᠤ᠋ᠨ ᠠᠶ᠎ᠠ ᠪᠡᠷ ᠰᠡᠭᠦᠳᠡᠷᠯᠡᠬᠦ᠌》 ᠪᠢᠴᠢᠯ ᠫᠷᠤᠭ᠌ᠷᠠᠮ ᠢ᠋ ᠨᠡᠭᠡᠭᠡᠨ ᠬᠥᠭ᠌ᠵᠢᠭᠦᠯᠵᠦ᠍᠂ ᠣᠯᠠᠨ ᠲᠦᠮᠡᠨ ᠤ᠋ ᠢᠳᠡᠭᠡᠨ ᠤ᠋ ᠠᠮᠤᠷ ᠲᠦᠪᠱᠢᠨ ᠤ᠋ ᠠᠰᠠᠭᠤᠳᠠᠯ ᠢ᠋ ᠣᠯᠵᠤ ᠮᠡᠳᠡᠪᠡᠯ ᠢᠳᠡᠪᠬᠢᠲᠡᠶ ᠪᠡᠷ ᠢᠯᠡᠴᠢᠯᠡᠨ ᠮᠡᠳᠡᠭᠦᠯᠬᠦ᠌ ᠵᠢ ᠵᠣᠷᠢᠭ᠍ᠵᠢᠭᠤᠯᠵᠤ᠂ ᠪᠥᠬᠥ᠌ ᠠᠷᠠᠳ ᠢ᠋ᠶ᠋ᠡᠷ ᠢ᠋ᠶ᠋ᠡᠨ ᠣᠷᠣᠯᠴᠠᠬᠤ᠂ ᠬᠠᠮᠲᠤ ᠪᠡᠷ ᠪᠠᠢᠭᠤᠯᠵᠤ ᠬᠠᠮᠲᠤ ᠪᠡᠷ ᠵᠠᠰᠠᠬᠤ ᠵᠢ ᠦᠨᠡᠨ ᠬᠦ᠌ ᠪᠡᠶᠡᠯᠡᠭᠦᠯᠪᠡ᠃

ᠡᠭᠦᠨ ᠤ᠋ ᠬᠠᠮᠲᠤ᠂ ᠪᠥᠬᠥ᠌ ᠣᠷᠣᠨ ᠤ᠋ ᠪᠠᠢᠴᠠᠭᠠᠬᠤ ᠪᠠᠢᠭᠤᠯᠭ᠎ᠠ ᠶ᠋ᠢᠨ ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢᠨ ᠰᠠᠯᠠᠭ᠎ᠠ ᠮᠥᠴᠢᠷ᠎ᠤᠨ ᠬᠢᠨ ᠢᠯᠡ᠎ᠪᠡᠷ ᠭᠡᠷᠡᠴᠢᠯᠡᠭᠡ ᠰᠣᠨᠣᠰᠭᠤ ᠪᠡᠷ ᠳᠠᠮᠵᠢᠭᠤᠯᠤᠨ ᠡᠯ᠎ᠡ ᠲᠠᠯ᠎ᠠ ᠶ᠋ᠢᠨ ᠬᠢᠨ ᠤ᠋ ᠰᠠᠨᠠᠯ ᠢ᠋ ᠭᠦᠶ᠋ᠴᠡᠳ ᠰᠣᠨᠣᠰᠴᠤ᠌᠂ ᠪᠠᠢᠴᠠᠭᠠᠵᠤ ᠬᠢᠨᠠᠯᠲᠠ ᠲᠠᠯᠪᠢᠬᠤ ᠶ᠋ᠢᠨ ᠣᠯᠠᠨ ᠢ᠋ ᠢᠲᠡᠭᠡᠭᠦᠯᠬᠦ᠌ ᠬᠦᠴᠦᠨ ᠢ᠋ ᠴᠢᠩᠭᠠᠷᠠᠭᠤᠯᠵᠤ᠂ ᠵᠠᠰᠠᠭ ᠵᠠᠬᠢᠷᠭᠠᠨ ᠤ᠋ ᠪᠠᠢᠭᠤᠯᠭ᠎ᠠ ᠶ᠋ᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠵᠢ ᠨᠠᠩ ᠪᠦᠲᠦᠮᠵᠢᠲᠡᠶ ᠠᠬᠢᠭᠤᠯᠵᠤ᠂ 《ᠨᠢᠭᠡ ᠬᠡᠷᠡᠭ ᠢ᠋ ᠱᠢᠶ᠋ᠳᠪᠦᠷᠢᠯᠡᠪᠡᠯ ᠨᠢᠭᠡ ᠬᠡᠰᠡᠭ ᠭᠠᠵᠠᠷ ᠤᠷᠤᠨ ᠢ᠋ ᠵᠠᠰᠠᠬᠤ》 ᠶ᠋ᠢᠨ ᠨᠥᠯᠥᠭᠡᠯᠡᠬᠦ᠌ ᠦᠷ᠎ᠡ ᠪᠦᠲᠦᠮᠵᠢ ᠵᠢ ᠴᠢᠷᠮᠠᠢᠨ ᠪᠡᠶᠡᠯᠡᠭᠦᠯᠪᠡ᠃ ᠪᠦᠬᠦ᠌ ᠣᠷᠣᠨ ᠤ᠋ ᠡᠯ᠎ᠡ ᠦᠨᠳᠦᠰᠦᠨ ᠱᠠᠲᠤᠨ ᠤ᠋ ᠪᠠᠢᠴᠠᠭᠠᠬᠤ ᠬᠣᠷᠢᠶ᠎ᠠ ᠰᠠᠨᠠᠭᠠᠴᠢᠯᠠᠭ᠎ᠠ ᠡᠴᠡ ᠪᠠᠨ ᠬᠣᠯᠪᠣᠭ᠍ᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠲᠠᠢ ᠵᠣᠯᠭᠠᠯᠴᠠᠵᠤ᠂ ᠶᠠᠷᠢᠯᠴᠠᠬᠤ ᠬᠤᠷᠠᠯ ᠬᠤᠷᠠᠯᠳᠤᠭᠤᠯᠬᠤ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠳᠣᠲᠣᠭᠠᠳᠤ ᠵᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤ᠋ᠨ ᠬᠢᠨᠠᠯᠲᠠ ᠬᠠᠮᠢᠶᠠᠷᠤᠯᠲᠠ ᠶ᠋ᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠵᠥᠪᠯᠡᠯ ᠵᠡᠷᠭᠡ ᠨᠢᠭᠡᠴᠢ ᠲᠠᠢ ᠰᠤᠷᠭᠠᠭᠤᠯᠢ ᠶ᠋ᠢᠨ ᠬᠦᠷᠢᠶᠡᠨ ᠤ᠋ ᠬᠣᠭᠣᠯᠠᠨ ᠱᠢᠷᠡᠭᠡ᠂ ᠨᠡᠭᠦᠳᠡᠯ ᠳᠡᠯᠭᠡᠭᠡ ᠮᠠᠢᠮᠠᠢᠴᠢᠨ ᠵᠡᠷᠭᠡ ᠳᠠᠢ ᠬᠤᠯᠪᠤᠭᠳᠠᠭᠰᠠᠨ ᠢᠳᠡᠭᠡᠨ ᠤ᠋ ᠠᠮᠤᠷ ᠲᠦᠪᠱᠢᠨ ᠤ᠋ ᠭᠦᠨ ᠳᠠᠪᠬᠤᠷᠭ᠎ᠠ ᠶ᠋ᠢᠨ ᠠᠰᠠᠭᠤᠳᠠᠯ ᠤ᠋ᠨ ᠲᠤᠬᠠᠢ ᠰᠣᠯᠢᠯᠴᠠᠨ ᠶᠠᠷᠢᠯᠴᠠᠵᠤ᠂ ᠲᠤᠰ ᠭᠠᠵᠠᠷ ᠤ᠋ᠨ ᠠᠰᠠᠭᠤᠳᠠᠯ ᠤ᠋ᠨ ᠵᠠᠩᠭᠢᠯᠠᠭ᠎ᠠ ᠵᠢ ᠡᠮᠬᠢᠯᠡᠵᠦ᠍᠂ ᠬᠢᠨᠠᠯᠲᠠ ᠬᠠᠮᠢᠶᠠᠷᠤᠯᠲᠠ ᠶ᠋ᠢᠨ ᠬᠠᠮᠲᠤᠷᠠᠯ ᠬᠦᠴᠦᠨ ᠢ᠋ ᠨᠢᠭ᠍ᠲᠠᠷᠠᠭᠤᠯᠪᠠ᠃

ᠬᠡᠷᠡᠭ ᠱᠢᠶ᠋ᠳᠪᠦᠷᠢᠯᠡᠬᠦ᠌ ᠶᠠᠪᠤᠴᠠ ᠳ᠋ᠤ᠂ ᠪᠥᠬᠥ᠌ ᠣᠷᠣᠨ ᠤ᠋ ᠪᠠᠢᠴᠠᠭᠠᠬᠤ ᠪᠠᠢᠭᠤᠯᠭ᠎ᠠ ᠪᠠᠰᠠ ᠲᠣᠮᠣ ᠳ᠋ᠠᠢᠲ᠋ᠠ ᠶ᠋ᠢᠨ ᠬᠦᠴᠦᠨ ᠳ᠋ᠤ ᠲᠦᠱᠢᠭ᠌ᠯᠡᠨ᠂ ᠣᠶᠤᠨᠲᠤ ᠬᠢᠨᠠᠯᠲᠠ ᠲᠠᠯᠪᠢᠯᠳᠠ ᠪᠠᠷ ᠬᠦᠴᠦᠨ ᠨᠡᠮᠡᠷᠢᠯᠡᠪᠡ᠃ ᠵᠢᠱ᠌ᠢᠶᠡᠯᠡᠪᠡᠯ ᠲᠦᠮᠡᠳ ᠪᠠᠷᠠᠭᠤᠨ ᠬᠣᠱᠢᠭᠤᠨ ᠤ᠋ ᠠᠷᠠᠳ ᠤ᠋ᠨ ᠪᠠᠢᠴᠠᠭᠠᠬᠤ ᠬᠣᠷᠢᠶ᠎ᠠ ᠬᠡᠷᠡᠭ ᠱᠢᠶ᠋ᠳᠪᠦᠷᠢᠯᠡᠬᠦ᠌ ᠦᠶ᠋ᠯᠡᠳᠦᠯᠭᠡ ᠲᠠᠢ ᠤᠶᠠᠯᠳᠤᠭᠤᠯᠤᠨ᠂ 《ᠣᠨᠴᠠ ᠲᠣᠭ᠍ᠲᠠᠭ᠍ᠰᠠᠨ ᠲᠠᠯᠠᠪᠤᠷ ᠭᠠᠵᠠᠷ ᠲᠦ᠍ ᠦᠨᠡᠮᠯᠡᠯ ᠥᠬᠡᠶ᠎ᠪᠡᠷ ᠢᠳᠡᠭᠡᠨ ᠪᠣᠷᠣᠯᠠᠭᠤᠯᠬᠤ ᠵᠢ ᠱᠠᠯᠠᠪᠳᠠᠭᠤᠯᠤᠨ ᠴᠡᠭ᠌ᠴᠡᠯᠡᠨ ᠵᠠᠰᠠᠬᠤ ᠬᠢᠨᠠᠯᠲᠠ ᠬᠠᠮᠢᠶᠠᠷᠤᠯᠲᠠ ᠶ᠋ᠢᠨ ᠲᠤᠱᠢᠶᠠᠯ ᠬᠠᠷᠢᠭᠤᠴᠠᠯᠭ᠎ᠠ》 ᠶ᠋ᠢᠨ ᠲᠣᠮᠣ ᠳ᠋ᠠᠢᠲ᠋ᠠ ᠶ᠋ᠢᠨ ᠬᠠᠤᠯᠢ ᠴᠠᠭᠠᠵᠠ ᠶ᠋ᠢᠨ ᠬᠢᠨᠠᠯᠲᠠ ᠲᠠᠯᠪᠢᠬᠤ ᠵᠠᠭ᠍ᠪᠤᠷ ᠢ᠋ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠵᠦ᠍᠂ ᠨᠠᠰᠤᠲᠠᠢᠴᠤᠳ ᠤ᠋ᠨ ᠬᠣᠭᠣᠯᠠᠨ ᠬᠡᠷ᠂ ᠨᠠᠢᠳᠠᠨ ᠬᠠᠮᠢᠶᠠᠷᠤᠭᠤᠯᠬᠤ ᠪᠠᠢᠭᠤᠯᠤᠮᠵᠢ ᠵᠡᠷᠭᠡ ᠲᠠᠯᠠᠪᠤᠷ ᠭᠠᠵᠠᠷ ᠲᠦ᠍ 《ᠥᠯᠢᠭᠡᠷ ᠡᠳ᠋ ᠦᠯᠡᠳᠡᠭᠡᠭᠰᠡᠨ ᠨᠢ ᠵᠢᠷᠤᠮᠵᠢᠭᠤᠨ ᠪᠤᠰᠤ》 ᠠᠰᠠᠭᠤᠳᠠᠯ ᠳ᠋ᠤ ᠴᠢᠭ᠌ᠯᠡᠭᠦᠯᠦᠨ᠂ 《ᠣᠶᠤᠨᠲᠤ ᠬᠢᠨᠠᠯᠲᠠ ᠲᠠᠯᠪᠢᠯᠳᠠ》 ᠪᠡᠷ ᠳᠠᠮᠵᠢᠭᠤᠯᠤᠨ᠂ ᠬᠡᠷᠡᠭ ᠱᠢᠶ᠋ᠳᠪᠦᠷᠢᠯᠡᠬᠦ᠌ ᠬᠤᠷᠳᠤᠴᠠ ᠵᠢ ᠲᠦᠷᠭᠡᠳᠭᠡᠵᠦ᠍᠂ ᠬᠡᠷᠡᠭ ᠱᠢᠶ᠋ᠳᠪᠦᠷᠢᠯᠡᠬᠦ᠌ ᠶᠠᠰᠤ ᠴᠢᠨᠠᠷ ᠦᠷ᠎ᠡ ᠪᠦᠲᠦᠮᠵᠢ ᠵᠢ ᠳᠡᠭᠡᠭ᠌ᠰᠢᠯᠡᠭᠦᠯᠪᠡ᠃ ᠣᠳᠣᠬᠠᠨ ᠳ᠋ᠤ᠂ ᠪᠥᠬᠥ᠌ ᠣᠷᠣᠨ ᠳ᠋ᠤ ᠨᠢᠭᠡᠨᠲᠡ 26 ᠦᠨᠳᠦᠰᠦᠨ ᠱᠠᠲᠤᠨ ᠤ᠋ ᠪᠠᠢᠴᠠᠭᠠᠬᠤ ᠬᠣᠷᠢᠶ᠎ᠠ ᠲᠣᠮᠣ ᠳ᠋ᠠᠢᠲ᠋ᠠ ᠶ᠋ᠢᠨ ᠵᠠᠭ᠍ᠪᠤᠷ ᠢ᠋ᠶ᠋ᠡᠷ ᠢᠳᠡᠭᠡᠨ ᠪᠠ ᠡᠮ ᠤ᠋ᠨ ᠵᠦᠶ᠋ᠯᠡᠰ ᠤ᠋ᠨ ᠠᠮᠤᠷ ᠲᠦᠪᠱᠢᠨ ᠤ᠋ ᠬᠡᠷᠡᠭ ᠢ᠋ ᠱᠢᠶ᠋ᠳᠪᠦᠷᠢᠯᠡᠵᠦ᠍ ᠪᠣᠶ᠃

ᠣᠳᠣᠬᠠᠨ ᠪᠣᠯᠲᠠᠯ᠎ᠠ᠂ ᠪᠥᠬᠥ᠌ ᠣᠷᠣᠨ ᠤ᠋ ᠪᠠᠢᠴᠠᠭᠠᠬᠤ ᠪᠠᠢᠭᠤᠯᠭ᠎ᠠ ᠨᠡᠢᠲᠡ 114 ᠰᠦᠪᠡᠭ᠌ᠴᠢ ᠵᠢ ᠵᠢᠭ᠍ᠰᠠᠭᠠᠨ ᠪᠠᠢᠴᠠᠭᠠᠵᠤ᠂ 99 ᠨᠡᠢᠲᠡ ᠶ᠋ᠢᠨ ᠠᠰᠠᠷᠠᠮᠵᠢ ᠶ᠋ᠢᠨ ᠵᠠᠷᠭᠤ ᠶ᠋ᠢᠨ ᠬᠡᠷᠡᠭ ᠢ᠋ ᠬᠡᠷᠡᠭ ᠪᠣᠯᠭᠠᠨ ᠳᠡᠩᠰᠡᠯᠡᠵᠦ᠍ ᠱᠢᠶ᠋ᠳᠪᠦᠷᠢᠯᠡᠨ᠂ 58 ᠬᠤᠪᠢ ᠪᠠᠢᠴᠠᠭᠠᠬᠤ ᠰᠠᠨᠠᠭᠤᠯᠭ᠎ᠠ ᠵᠢ ᠭᠠᠷᠭᠠᠵᠤ ᠲᠠᠷᠬᠠᠭᠠᠪᠠ᠃ ᠬᠠᠤᠯᠢᠵᠢᠯ ᠤ᠋ᠨ ᠬᠦᠴᠦᠨ ᠢ᠋ᠶ᠋ᠡᠷ ᠨᠢᠭᠡ ᠪᠦᠯᠦᠭ ᠢᠳᠡᠭᠡᠨ ᠤ᠋ ᠠᠮᠤᠷ ᠲᠦᠪᠱᠢᠨ ᠤ᠋ ᠲᠣᠪᠣᠢᠮ᠎ᠠ ᠠᠰᠠᠭᠤᠳᠠᠯ ᠢ᠋ ᠱᠢᠶ᠋ᠳᠪᠦᠷᠢᠯᠡᠬᠦ᠌ ᠵᠢ ᠠᠬᠢᠭᠤᠯᠪᠠ᠃

ᠲᠤᠰᠭᠠᠶ ᠬᠢᠨᠠᠯᠲᠠ ᠲᠠᠯᠪᠢᠬᠤ ᠠᠵᠢᠯᠯᠠᠭ᠎ᠠ᠎ᠨᠢ ᠣᠨᠴᠠ ᠲᠣᠭ᠍ᠲᠠᠭ᠍ᠰᠠᠨ ᠲᠠᠯᠠᠪᠤᠷ ᠭᠠᠵᠠᠷ ᠤ᠋ᠨ ᠢᠳᠡᠭᠡᠨ ᠤᠮᠳᠠᠭᠠᠨ ᠤ᠋ ᠠᠮᠤᠷ ᠲᠦᠪᠱᠢᠨ ᠤ᠋ ᠠᠰᠠᠭᠤᠳᠠᠯ ᠢ᠋ ᠪᠦᠲᠦᠮᠵᠢᠲᠡᠶ ᠱᠢᠶ᠋ᠳᠪᠦᠷᠢᠯᠡᠭ᠌ᠰᠡᠨ ᠢ᠋ᠶ᠋ᠡᠷ ᠪᠠᠷᠠᠬᠤ ᠥᠬᠡᠶ᠂ ᠨᠠᠩ ᠴᠤ᠌ 《ᠪᠠᠢᠴᠠᠭᠠᠯᠲᠠ ᠬᠢᠬᠦ — ᠴᠡᠭ᠌ᠴᠡᠯᠡᠨ ᠰᠠᠢᠵᠢᠷᠠᠭᠤᠯᠬᠤ — ᠳᠠᠬᠢᠨ ᠪᠠᠢᠴᠠᠭᠠᠬᠤ》 ᠬᠠᠮᠲᠤᠷᠠᠨ ᠬᠥᠳᠡᠯᠦᠯᠴᠡᠬᠦ᠌ ᠲᠣᠭ᠍ᠲᠠᠴᠠ᠂ 《ᠰᠤᠷᠤᠬᠴᠢ ᠳ᠋ᠤ ᠵᠤᠷᠢᠭᠤᠯᠤᠬᠰᠠᠨ ᠠᠮᠠᠷᠠᠵᠤ ᠬᠣᠭᠣᠯᠠᠯᠠᠬᠤ ᠭᠠᠵᠠᠷ》 ᠤ᠋ᠨ ᠴᠠᠭᠠᠨ ᠳᠠᠨᠭᠰᠠ ᠶ᠋ᠢᠨ ᠲᠦᠷᠢᠮ᠂ 《ᠢᠳᠡᠭᠡᠨ ᠪᠠ ᠡᠮ ᠤ᠋ᠨ ᠵᠦᠶ᠋ᠯᠡᠰ ᠤ᠋ᠨ ᠠᠮᠤᠷ ᠲᠦᠪᠱᠢᠨ ᠢ᠋ ᠭᠠᠷ ᠤ᠋ᠨ ᠠᠶ᠎ᠠ ᠪᠡᠷ ᠰᠡᠭᠦᠳᠡᠷᠯᠡᠬᠦ᠌》 ᠵᠡᠷᠭᠡ ᠣᠷᠳᠣ ᠬᠤᠭᠤᠴᠠᠭᠠᠨ ᠤ᠋ ᠪᠦᠲᠦᠮᠵᠢᠲᠡᠶ ᠵᠠᠰᠠᠯᠲᠠ ᠶ᠋ᠢᠨ ᠵᠠᠭ᠍ᠪᠤᠷ ᠢ᠋ ᠪᠣᠶ ᠪᠣᠯᠭᠠᠵᠤ᠂ ᠣᠨᠴᠠ ᠲᠣᠭ᠍ᠲᠠᠭ᠍ᠰᠠᠨ ᠲᠠᠯᠠᠪᠤᠷ ᠭᠠᠵᠠᠷ ᠤ᠋ᠨ ᠢᠳᠡᠭᠡᠨ ᠤ᠋ ᠠᠮᠤᠷ ᠲᠦᠪᠱᠢᠨ ᠢ᠋ ᠰᠠᠬᠢᠨ ᠬᠠᠮᠠᠭᠠᠯᠠᠬᠤ ᠳ᠋ᠤ ᠪᠠᠲᠤᠯᠠᠭ᠎ᠠ ᠬᠠᠩᠭᠠᠭ᠍ᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号