ᠥᠪᠡᠷᠲᠡᠭᠡᠨ ᠵᠠᠰᠠᠬᠤ ᠣᠷᠣᠨ ᠤ᠋ ᠬᠥᠭ᠌ᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ ᠡᠴᠡ ᠤᠢᠯᠠᠭᠠᠭᠰᠠᠨ ᠵᠢᠡᠷ᠂ ᠤᠷᠳᠤᠰ ᠬᠤᠳᠠ᠂ ᠪᠤᠭᠤᠲᠤ ᠬᠤᠳᠠ ᠪᠤᠯᠤᠨ ᠤᠯᠠᠭᠠᠨᠬᠠᠳᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠢᠯᠡᠰ ᠤ᠋ᠨ ᠨᠡᠬᠡᠬᠡᠯᠳᠡ ᠵᠢᠨ ᠣᠷᠣᠨ ᠮᠠᠨ ᠤ᠋ ᠤᠷᠤᠨ ᠤ᠋ ᠤᠯᠤᠰ ᠤ᠋ᠨ 《ᠬᠤᠤᠰ ᠨᠡᠭᠦᠷᠡᠰᠦᠲᠥ᠋ᠷᠥᠭ᠌ᠴᠢ》 ᠶ᠋ᠢᠨ ᠲᠤᠷᠱᠢᠯᠲᠠ ᠵᠢᠨ ᠴᠡᠭ ᠤ᠋ᠨ ᠲᠦᠷᠦᠬᠦᠤ ᠪᠦᠯᠦᠭ ᠤ᠋ᠨ 3 ᠨᠡᠢᠲᠡᠯᠢᠭ ᠵᠢᠱ᠌ᠢᠢᠡ ᠪᠡᠷ ᠲᠤᠳᠤᠷᠠᠵᠤ᠂ ᠬᠤᠯᠪᠤᠭᠳᠠᠯ ᠪᠦᠬᠦᠢ ᠠᠵᠢᠯ ᠢ᠋ ᠠᠬᠢᠭᠤᠯᠬᠤ ᠲᠠᠯ᠎ᠠ ᠪᠡᠷ 《ᠰᠢᠨ᠎ᠠ ᠵᠠᠭᠪᠤᠷ》 ᠢ᠋ ᠬᠦᠴᠦᠯᠡᠨ ᠪᠠᠢᠭᠤᠯᠵᠤ ᠪᠠᠢᠨ᠎ᠠ᠃
2024 ᠣᠨ ᠡᠴᠡ ᠨᠠᠭᠠᠰᠢ᠂ ᠣᠷᠳᠣᠰ ᠬᠣᠲᠠ ᠵᠢᠨ ᠡᠨᠧᠷᠭᠢ ᠵᠢᠨ ᠬᠣᠷᠣᠭ᠍ᠳᠠᠭᠤᠯᠤᠯ ᠤ᠋ᠨ ᠬᠦᠴᠦᠯᠡᠴᠡ 23% ᠡᠴᠡ ᠳᠡᠭᠡᠭ᠌ᠰᠢ ᠪᠠᠭᠤᠷᠠᠵᠤ᠂ ᠵᠢᠯ ᠪᠦᠷᠢ ᠳᠤᠮᠳᠠᠴᠢ ᠪᠡᠷ 6.56% ᠶ᠋ᠢᠨ ᠡᠨᠧᠷᠭᠢ ᠵᠢᠨ ᠬᠣᠷᠣᠭ᠍ᠳᠠᠯ ᠤ᠋ᠨ ᠪᠠᠭᠤᠷᠠᠯᠲᠠ ᠪᠠᠷ 6.97% ᠵᠢᠨ ᠠᠵᠤ ᠠᠬᠤᠶ ᠵᠢᠨ ᠨᠡᠮᠡᠭ᠌ᠳᠡᠯ ᠢ᠋ ᠲᠤᠯᠭᠠᠭᠤᠷᠢᠯᠠᠵᠤ᠂ ᠡᠨ᠋ᠸᠷᠬᠢ ᠵᠢᠨ ᠰᠠᠭᠤᠷᠢᠨ ᠤ᠋ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠵᠠᠮ ᠢ᠋ ᠨᠡᠭᠡᠭᠡᠵᠠᠢ᠃ ᠤᠷᠳᠤᠰ ᠬᠤᠳᠠ ᠨᠡᠭᠦᠷᠡᠰᠦᠲᠥ᠋ᠷᠥᠭ᠌ᠴᠢ ᠦᠯᠥ ᠭᠠᠳᠠᠭᠰᠢᠯᠠᠭᠤᠯᠬᠤ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠵᠢ ᠪᠠᠷᠢᠮᠳᠠᠯᠠᠨ᠂ ᠤᠯᠤᠰ ᠤ᠋ᠨ ᠳᠣᠲᠣᠭᠠᠳᠤ ᠵᠢᠨ ᠠᠩᠬᠠᠳᠠᠭ᠍ᠴᠢ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ ᠤ᠋ᠨ ᠬᠦᠷᠢᠶᠡᠯᠡᠩ ᠢ᠋ ᠪᠠᠢᠭᠤᠯᠤᠭ᠍ᠰᠠᠨ ᠪᠥᠭᠡᠳ ᠠᠩᠬᠠᠳᠠᠭ᠍ᠴᠢ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ ᠤ᠋ᠨ ᠬᠦᠷᠢᠶᠡᠯᠡᠩ ᠤ᠋ᠨ ᠪᠠᠷᠢᠮᠵᠢᠶ᠎ᠠ ᠵᠢᠨ ᠱᠢᠰᠲ᠋ᠧᠮ ᠢ᠋ ᠨᠡᠢᠲᠡᠯᠡᠨ ᠬᠡᠷᠡᠭ᠌ᠵᠢᠭᠦᠯᠵᠦ᠍᠂ ᠪᠥᠬᠥ᠌ ᠤᠯᠤᠰ ᠤ᠋ᠨ ᠠᠵᠤ ᠦᠶ᠋ᠯᠡᠳᠪᠦᠷᠢ ᠵᠢᠨ ᠬᠦᠷᠢᠶᠡᠯᠡᠩ ᠲᠣᠭᠣᠷᠢᠭ ᠤ᠋ᠨ ᠪᠣᠬᠢᠷᠲᠤᠯ ᠥᠬᠡᠶ ᠳᠠᠢᠰᠢ ᠬᠡᠯᠪᠡᠷᠢ ᠪᠡᠨ ᠬᠤᠪᠢᠷᠠᠭᠤᠯᠬᠤ ᠳ᠋ᠤ 《ᠣᠷᠳᠣᠰ ᠤ᠋ᠨ ᠬᠡᠪ ᠳᠠᠭᠤᠷᠢᠶᠠᠯ》 ᠢ᠋ ᠴᠤᠭᠴᠠᠯᠠᠭᠰᠠᠨ ᠪᠠᠢᠨ᠎ᠠ᠃ ᠡᠭᠦᠨ ᠤ᠋ ᠬᠠᠮᠲᠤ 《ᠬᠤᠤᠰ ᠨᠡᠭᠦᠷᠡᠰᠦᠲᠥ᠋ᠷᠥᠭ᠌ᠴᠢ》 ᠶ᠋ᠢᠨ ᠲᠥᠷᠥ ᠵᠢᠨ ᠪᠣᠳᠣᠯᠭ᠎ᠠ ᠵᠢᠨ ᠱᠢᠰᠲ᠋ᠧᠮ ᠢ᠋ ᠪᠠᠢᠭᠤᠯᠤᠨ᠂ 9 ᠬᠦᠷᠢᠶ᠎ᠡ ᠴᠠᠷᠠᠭ᠎ᠠ ᠵᠢᠨ 8 ᠠᠵᠢᠯ ᠲᠥᠷᠥᠯ ᠢ᠋ ᠬᠠᠮᠤᠷᠴᠤ᠌᠂ 《ᠬᠤᠤᠰ ᠨᠡᠭᠦᠷᠡᠰᠦᠲᠥ᠋ᠷᠥᠭ᠌ᠴᠢ》 ᠶ᠋ᠢᠨ ᠬᠠᠷᠠᠯᠳᠠ ᠳ᠋ᠤ ᠬᠦᠷᠬᠦ 《ᠴᠠᠭ ᠤ᠋ᠨ ᠬᠦᠰᠤᠨᠦᠭ》 ᠪᠤᠯᠤᠨ 《ᠵᠠᠮ ᠤ᠋ᠨ ᠵᠢᠷᠤᠭ》 ᠢ᠋ ᠪᠣᠶ ᠪᠣᠯᠭᠠᠪᠠ᠃
ᠪᠤᠭᠤᠲᠤ ᠬᠣᠲᠠ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠡᠮᠦᠨ᠎ᠡ 4 ᠵᠢᠯ ᠳ᠋ᠤ ᠡᠨᠧᠷᠭᠢ ᠵᠢᠨ ᠬᠣᠷᠣᠭ᠍ᠳᠠᠭᠤᠯᠤᠯ ᠤ᠋ᠨ ᠬᠦᠴᠦᠯᠡᠴᠡ ᠶ᠋ᠢ 35% ᠪᠠᠷ ᠪᠠᠭᠤᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》 ᠳ᠋ᠤ 16.5% ᠪᠠᠷ ᠪᠠᠭᠤᠷᠠᠭᠤᠯᠬᠤ ᠬᠠᠷᠠᠯᠳᠠᠳᠤ ᠡᠭᠦᠷᠭᠡ ᠵᠢ ᠳᠠᠪᠠᠭᠤᠯᠤᠨ ᠪᠡᠶᠡᠯᠡᠭᠦᠯᠪᠠ᠃ ᠪᠤᠭᠤᠲᠤ ᠬᠤᠲᠠ ᠵᠢᠯ ᠪᠦᠷᠢ ᠳᠤᠮᠳᠠᠴᠢ ᠪᠠᠷ 8% ᠡᠴᠡ ᠳᠡᠭᠡᠭ᠌ᠰᠢᠬᠢ ᠡᠨᠧᠷᠭᠢ ᠵᠢᠨ ᠬᠣᠷᠣᠭ᠍ᠳᠠᠯ ᠤ᠋ᠨ ᠪᠠᠭᠤᠷᠠᠯᠲᠠ ᠪᠡᠷ 8.6% ᠵᠢᠨ ᠠᠵᠤ ᠠᠬᠤᠶ ᠵᠢᠨ ᠨᠡᠮᠡᠭ᠌ᠳᠡᠯ ᠢ᠋ ᠲᠤᠯᠭᠠᠭᠤᠷᠢᠯᠠᠵᠤ᠂ ᠠᠵᠤ ᠦᠶ᠋ᠯᠡᠳᠪᠦᠷᠢ ᠵᠢᠨ ᠰᠠᠭᠤᠷᠢᠨ ᠤ᠋ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠶ᠋ᠢ ᠡᠭᠦᠳᠬᠦ᠌ ᠵᠠᠮ ᠢ᠋ ᠨᠡᠭᠡᠭᠡᠵᠠᠢ᠃ ᠪᠤᠭᠤᠳᠤ ᠬᠤᠳᠠ ᠪᠠᠭ᠎ᠠ ᠨᠡᠭᠦᠷᠡᠰᠦᠲᠥ᠋ᠷᠥᠭ᠌ᠴᠢᠳᠤ ᠲᠤᠷᠱᠢᠯᠲᠠ ᠵᠢᠨ ᠴᠡᠭ ᠤ᠋ᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠢ᠋ ᠬᠡᠷᠡᠭᠵᠢᠬᠦᠯᠤᠨ᠂ ᠨᠢᠭᠡ ᠪᠦᠯᠦᠭ ᠪᠠᠭ᠎ᠠ ᠨᠡᠭᠦᠷᠡᠰᠦᠲᠥ᠋ᠷᠥᠭ᠌ᠴᠢᠳᠤ ᠲᠤᠷᠱᠢᠯᠲᠠ ᠵᠢᠨ ᠴᠡᠭ ᠤ᠋ᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠢ᠋ ᠠᠱᠢᠭ᠍ᠯᠠᠯᠲᠠ ᠳ᠋ᠤ ᠣᠷᠣᠭᠤᠯᠵᠤ᠂ ᠪᠥᠬᠥ᠌ ᠤᠯᠤᠰ ᠤ᠋ᠨ ᠠᠩᠬᠠᠳᠠᠭ᠍ᠴᠢ ᠪᠤᠬᠢᠷᠳᠤᠯ ᠦᠬᠡᠢ ᠤᠰᠤᠲᠥ᠋ᠷᠥᠭ᠌ᠴᠢ ᠵᠢᠨ ᠠᠵᠤ ᠦᠢᠯᠡᠰᠵᠢᠯᠲᠡ ᠵᠢᠨ ᠲᠥᠷᠥᠯ ᠵᠦᠶ᠋ᠯ ᠪᠤᠯᠬᠤ ᠬᠤᠸᠠ ᠳ᠋ᠢᠶᠠᠨ ᠪᠦᠯᠦᠭᠯᠡᠯ ᠤ᠋ᠨ ᠳᠠᠷᠬᠠᠨ ᠮᠤᠤᠮᠢᠩᠭᠠᠨ ᠬᠣᠯᠪᠣᠭᠠᠲᠤ ᠬᠤᠰᠢᠭᠤᠨ ᠤ᠋ 20 ᠲᠦᠮᠡᠨ ᠺᠢᠯᠦᠸᠠᠲ ᠤ᠋ᠨ ᠱᠢᠨ᠎ᠡ ᠡᠨᠧᠷᠭᠢ ᠵᠢᠨ ᠤᠰᠤᠲᠥ᠋ᠷᠥᠭ᠌ᠴᠢ ᠦᠶ᠋ᠯᠡᠳᠬᠦ᠌ ᠵᠢᠱ᠌ᠢᠶ᠎ᠡ ᠦᠵᠡᠭᠦᠯᠬᠦ᠌ ᠢᠨᠵᠧᠨᠧᠷᠢᠩ᠂ ᠪᠣᠯᠣᠳ ᠲᠡᠮᠦᠷ ᠤ᠋ᠨ ᠠᠵᠢᠯ ᠲᠥᠷᠥᠯ ᠤ᠋ᠨ ᠠᠩᠬᠠᠳᠠᠭ᠍ᠴᠢ CCUS ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢᠨ ᠵᠢᠱ᠌ᠢᠶ᠎ᠡ ᠦᠵᠡᠭᠦᠯᠬᠦ᠌ ᠢᠨᠵᠧᠨᠧᠷᠢᠩ ᠪᠤᠯᠬᠤ ᠪᠤᠭᠤᠲᠤ ᠵᠢᠨ ᠪᠣᠯᠣᠳ ᠲᠡᠮᠦᠷ ᠤ᠋ᠨ ᠪᠦᠯᠦᠭ᠌ᠯᠡᠯ ᠤ᠋ᠨ 50 ᠲᠦᠮᠡᠨ ᠲᠣᠨ ᠤ᠋ CCUS ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠢ᠋ ᠨᠢᠭᠡᠨᠲᠡ ᠠᠱᠢᠭ᠍ᠯᠠᠯᠲᠠ ᠳ᠋ᠤ ᠣᠷᠣᠭᠤᠯᠪᠠ᠃ ᠤᠳᠤ ᠶᠠᠭ ᠤᠯᠤᠰ ᠤ᠋ᠨ ᠡᠨᠧᠷᠭᠢ ᠵᠢᠨ ᠪᠦᠯᠦᠭᠯᠡᠯ ᠤ᠋ᠨ ᠨᠡᠭᠦᠷᠡᠰᠦ ᠪᠡᠷ ᠠᠯᠺᠸᠨ ᠦᠢᠯᠡᠳᠬᠦ᠌ CCUS ᠲᠦᠷᠦᠯ ᠵᠦᠢᠯ᠂ ᠪᠤᠭᠤᠲᠤ ᠵᠢᠨ ᠪᠤᠯᠤᠳ ᠲᠡᠮᠦᠷ ᠤ᠋ᠨ ᠪᠦᠯᠦᠭ᠌ᠯᠡᠯ ᠤ᠋ᠨ 15 ᠰᠠᠶ᠎ᠠ ᠸᠠᠲ ᠤ᠋ᠨ ᠲᠠᠷᠠᠬᠠᠢ ᠮᠠᠶᠢᠭ ᠤ᠋ᠨ ᠰᠠᠯᠬᠢᠨ ᠬᠦᠴᠦᠨ ᠤ᠋ ᠴᠠᠬᠢᠯᠭᠠᠨ ᠪᠣᠯᠤᠨ ᠤᠰᠤᠲᠥ᠋ᠷᠥᠭ᠌ᠴᠢ ᠡᠨᠧᠷᠭᠢ ᠵᠢᠨ ᠲᠦᠷᠦᠯ ᠵᠦᠢᠯ ᠵᠡᠷᠭᠡ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢ ᠵᠢᠨ ᠲᠦᠷᠦᠯ ᠵᠦᠢᠯ ᠤ᠋ᠳ ᠢ᠋ ᠡᠮᠬᠢ ᠵᠢᠷᠤᠮ ᠲᠠᠶ ᠠᠬᠢᠭᠤᠯᠵᠤ ᠪᠤᠢ᠃
ᠤᠯᠠᠭᠠᠨᠬᠠᠳᠠ ᠬᠣᠲᠠ 2024 ᠣᠨ ᠪᠠ 2025 ᠣᠨ ᠳ᠋ᠤ 2 ᠵᠢᠯ ᠲᠠᠷᠠᠭᠠᠯᠠᠨ ᠤᠯᠠᠭᠠᠨᠬᠠᠳᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠵᠢᠨ ᠲᠣᠭᠣᠷᠢᠭ ᠤ᠋ᠨ ᠤᠯᠤᠰ ᠤ᠋ᠨ 《ᠬᠤᠤᠰ ᠨᠡᠭᠦᠷᠡᠰᠦᠲᠥ᠋ᠷᠥᠭ᠌ᠴᠢ》 ᠵᠢᠨ ᠲᠤᠷᠱᠢᠯᠲᠠ ᠵᠢᠨ ᠴᠡᠭ ᠤ᠋ᠨ ᠪᠥᠲᠥᠭᠡᠨ ᠪᠠᠢᠭᠤᠯᠤᠯᠲᠠ ᠶ᠋ᠢ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠪᠠ ᠥᠭᠡᠷᠡᠴᠢᠯᠡᠯᠲᠡ ᠶ᠋ᠢ ᠭᠦᠨᠵᠡᠭᠡᠢᠷᠡᠭᠦᠯᠬᠦ᠌ ᠴᠢᠬᠤᠯᠠ ᠵᠦᠶ᠋ᠯᠡᠰ ᠤ᠋ᠨ ᠨᠠᠷᠢᠨ ᠳᠠᠨᠭᠰᠠᠨ ᠳ᠋ᠤ ᠵᠢᠭ᠍ᠰᠠᠭᠠᠨ ᠣᠷᠣᠭᠤᠯᠵᠤ᠂ ᠬᠠᠮᠢᠶ᠎ᠠ ᠪᠦᠬᠦᠢ ᠬᠡᠷᠡᠭ᠌ᠵᠢᠭᠦᠯᠬᠦ᠌ ᠲᠥᠰᠦᠯ ᠢ᠋ ᠳᠠᠷᠤᠮᠠᠯᠯᠠᠨ ᠲᠠᠷᠬᠠᠭᠠᠵᠠᠢ᠃ ᠤᠯᠠᠭᠠᠨᠬᠠᠳᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠠᠵᠤ ᠦᠶ᠋ᠯᠡᠰ ᠤ᠋ᠨ ᠨᠡᠭᠡᠭᠡᠯᠲᠡ ᠵᠢᠨ ᠲᠣᠭᠣᠷᠢᠭ ᠨᠢ 《ᠪᠣᠬᠢᠷᠲᠤᠯ ᠥᠬᠡᠶ ᠪᠡᠷ ᠪᠣᠬᠢᠷᠲᠤᠯ ᠥᠬᠡᠶ ᠦᠢᠯᠡᠳᠬᠦᠨ ᠢ᠋ ᠦᠶ᠋ᠯᠡᠳᠬᠦ᠌》 ᠠᠵᠤ ᠦᠶ᠋ᠯᠡᠰ ᠤ᠋ᠨ ᠬᠥᠭ᠌ᠵᠢᠯᠲᠡ ᠵᠢᠨ ᠵᠠᠭ᠍ᠪᠤᠷ ᠢ᠋ ᠰᠦᠪᠡᠭ᠌ᠴᠢᠯᠡᠵᠦ᠍᠂ ᠮᠥᠷᠳᠡᠵᠦ᠍ ᠪᠣᠯᠬᠤᠢᠴᠠ ᠪᠣᠬᠢᠷᠲᠤᠯ ᠥᠬᠡᠶ ᠴᠠᠬᠢᠯᠭᠠᠨ ᠵᠢᠡᠷ ᠳᠠᠮᠵᠢᠨ ᠤᠰᠤᠲᠥ᠋ᠷᠥᠭ᠌ᠴᠢ ᠱᠢᠪᠲᠦᠷ ᠠᠯᠺᠣᠣᠯ᠂ ᠬᠥᠳᠡᠯᠭᠡᠬᠦ᠌ ᠬᠦᠴᠦᠨ ᠤ᠋ ᠳ᠋ᠢᠶᠠᠨ ᡂᠢ ᠵᠡᠷᠭᠡ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠳᠤ ᠠᠵᠤ ᠦᠶ᠋ᠯᠡᠰ ᠤ᠋ᠨ ᠪᠦᠯᠦᠭᠵᠢᠯ ᠢ᠋ ᠪᠤᠢ ᠪᠤᠯᠭᠠᠵᠦ ᠪᠠᠢᠨ᠎ᠠ᠃ ᠶᠤᠸᠠᠨ ᠵᠢᠩ ᠰᠢᠨ᠎ᠠ ᠡᠨᠧᠷᠬᠢ ᠵᠢᠨ ᠰᠢᠨᠵᠢᠯᠡᠬᠦ ᠤᠬᠠᠭᠠᠨ ᠮᠡᠷᠭᠡᠵᠢᠯ ᠤ᠋ᠨ ᠬᠢᠵᠠᠭᠠᠷᠳᠤ ᠺᠤᠮᠫᠠᠨᠢ ᠵᠢᠨ ᠵᠢᠯ ᠤ᠋ᠨ 152 ᠲᠦᠮᠡᠨ ᠲᠣᠨ ᠤᠰᠤᠲᠥ᠋ᠷᠥᠭ᠌ᠴᠢᠳᠤ ᠱᠢᠪᠲᠦᠷ ᠦᠢᠯᠡᠳᠬᠦ ᠠᠩᠬᠠᠨ ᠤ᠋ ᠬᠤᠭᠤᠴᠠᠭᠠᠨ ᠤ᠋ 2 ᠲᠦᠮᠡᠨ ᠲᠣᠨ ᠤ᠋ ᠲᠥᠷᠦᠯ ᠵᠦᠢᠯ ᠨᠢ ᠨᠢᠭᠡᠨᠲᠡ ᠠᠱᠢᠭ᠍ᠯᠠᠯᠲᠠ ᠳ᠋ᠤ ᠣᠷᠣᠵᠤ᠂ 100% ᠵᠢᠨ ᠪᠤᠬᠢᠷᠳᠤᠯ ᠦᠬᠡᠢ ᠴᠠᠬᠢᠯᠭᠠᠨ ᠵᠢᠡᠷ ᠤᠰᠤᠲᠥ᠋ᠷᠥᠭ᠌ᠴᠢ ᠦᠢᠯᠡᠳᠬᠦ᠌ ᠶ᠋ᠢ ᠪᠡᠶᠡᠯᠡᠭᠦᠯᠪᠠ᠃ ᠲᠣᠰ ᠨᠡᠭᠡᠭᠡᠯᠲᠡ ᠵᠢᠨ ᠣᠷᠣᠨ ᠨᠢ ᠪᠠᠰᠠ ᠯᠢᠲ᠋ᠢ ᠵᠢᠨ ᠭᠢᠯᠲᠠᠭᠠᠨᠠᠭᠤᠷ — ᠨᠡᠭᠦᠷᠡᠰᠦ ᠬᠦ᠋ᠴᠢᠯ ᠤ᠋ᠨ ᠯᠢᠲ᠋ᠢ — ᠹᠣᠰᠹᠣᠷ ᠬᠦᠴᠢᠯ ᠤ᠋ᠨ ᠲᠡᠮᠦᠷᠳᠤ ᠯᠢᠲ᠋ᠢ — ᠴᠠᠬᠢᠯᠭᠠᠨ ᠴᠠᠬᠢᠮ ᠦᠶ᠋ᠯᠡᠳᠬᠦ᠌ ᠵᠢᠴᠢ ᠬᠡᠷᠡᠭ᠌ᠯᠡᠬᠦ᠌ ᠪᠥᠬᠥ᠌ ᠬᠡᠯᠬᠢᠶ᠎ᠡ ᠵᠢᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠠᠵᠤ ᠦᠶ᠋ᠯᠡᠰ ᠤ᠋ᠨ ᠪᠦᠯᠦᠭᠵᠢᠯ ᠢ᠋ ᠲᠦᠷᠭᠡᠳᠭᠡᠨ ᠪᠠᠢᠭᠤᠯᠵᠤ᠂ ᠥᠨᠳᠥᠷ ᠬᠠᠷᠢᠴᠠᠯ ᠪᠥᠬᠥᠶ ᠪᠤᠬᠢᠷᠳᠤᠯ ᠦᠬᠡᠢ ᠴᠠᠬᠢᠯᠭᠠᠨ ᠵᠢᠡᠷ ᠯᠢᠲ᠋ᠢ ᠳ᠋ᠢᠶᠠᠨ ᡂᠢ ᠪᠠᠨ ᠲᠤᠯᠭᠠᠭᠤᠷᠢᠯᠠᠵᠤ ᠭᠠᠳᠠᠭᠠᠳᠤ ᠭᠠᠷᠭᠠᠯᠳᠡ ᠵᠢᠨ ᠣᠯᠠᠨ ᠤᠯᠤᠰ ᠤ᠋ᠨ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠱᠠᠭᠠᠷᠳᠠᠯᠭ᠎ᠠ ᠳ᠋ᠤ ᠬᠦᠷᠬᠡᠪᠡ᠃