ᠨᠢᠰᠭᠡᠯ ᠵᠢᠡᠷ ᠣᠢᠵᠢᠭᠤᠯᠤᠯᠳᠠ ᠬᠢᠵᠤ ᠬᠠᠳᠤᠨ ᠭᠣᠣᠯ ᠤ᠋ᠨ ᠶᠡᠬᠡ ᠲᠤᠬᠤᠢ ᠳ᠋ᠤ ᠨᠣᠭᠣᠭᠠᠨ ᠦᠩᠭᠡ ᠨᠡᠮᠡᠷᠢᠯᠡᠨ᠎ᠡ
2025-08-13 09:45:20
ᠵᠣᠬᠢᠶᠠᠭ᠍ᠴᠢ᠄
ᠱᠢᠤᠸᠠᠢ ᠯᠠᠶ
ᠣᠩᠱᠢᠭ᠍ᠰᠠᠨ ᠣᠳᠠᠭ᠎ᠠ᠄
★★★☆☆

ᠨᠢᠭᠡᠨ ᠡᠭ᠌ᠴᠡ ᠨᠢᠰᠭᠡᠯ ᠡᠮᠦᠨᠡᠬᠡᠨ ᠪᠠᠶᠠᠨᠨᠠᠭᠤᠷ ᠬᠣᠲᠠ ᠵᠢᠨ ᠤᠷᠠᠳ ᠤ᠋ᠨ ᠡᠮᠦᠨᠡᠲᠦ ᠬᠣᠱᠢᠭᠤᠨ ᠤ᠋ ᠨᠠᠮ ᠵᠢᠮ ᠢ᠋ ᠡᠪᠳᠡᠵᠤ᠂ ᠰᠠᠭᠠᠳᠠᠭ ᠰᠤᠮᠤ ᠵᠢᠨ ᠬᠠᠢᠯᠠᠰᠤᠲᠠᠶ ᠭᠠᠴᠠᠭᠠᠨ ᠤ᠋ ᠣᠭ᠍ᠲᠠᠷᠭᠤᠶ ᠡᠴᠡ ᠬᠦᠰᠡᠯ ᠤ᠋ᠨ ᠨᠤᠭᠤᠭᠠᠨ ᠦᠷ᠎ᠡ ᠶ᠋ᠢ ᠡᠬᠡ ᠭᠠᠵᠠᠷ ᠲᠦ᠍ ᠰᠠᠴᠤᠨ᠎ᠠ᠃ ᠡᠨᠡ ᠬᠦ᠌ 《ᠤᠭᠲᠠᠷᠭᠤᠢ ᠡᠴᠡ ᠦᠷ᠎ᠠ ᠰᠠᠴᠤᠵᠤ ᠳᠠᠷᠢᠬᠤ》 ᠠᠵᠢᠯᠯᠠᠭ᠎ᠠ ᠨᠢ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠬᠠᠲᠤᠨ ᠭᠤᠤᠯ ᠤ᠋ᠨ ᠶᠡᠬᠡ ᠲᠤᠬᠤᠢ ᠵᠢᠨ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠤ ᠬᠥᠮᠦᠰ ᠤ᠋ᠨ ᠰᠡᠳᠭᠢᠯ ᠢ᠋ ᠬᠥᠳᠡᠯᠭᠡᠮ᠎ᠡ ᠠᠮᠢ ᠠᠬᠤᠶ ᠵᠢᠨ ᠬᠡᠷᠡᠯ ᠭᠢᠯᠪᠠᠭ᠎ᠠ ᠶ᠋ᠢ ᠨᠡᠮᠡᠷᠢᠯᠡᠪᠡ᠃

ᠨᠢᠰᠭᠡᠯ ᠵᠢᠡᠷ ᠤᠢᠵᠢᠭᠤᠯᠤᠯᠳᠠ ᠬᠢᠬᠦ ᠠᠬᠤᠶ ᠲᠠᠯᠠᠪᠠᠶ ᠳ᠋ᠤ᠂ ᠬᠥᠳᠡᠯᠭᠡᠭᠦᠷ ᠤ᠋ᠨ ᠬᠦᠩᠭᠢᠨᠡᠬᠦ᠌ ᠲᠠᠭᠤ ᠶ᠋ᠢ ᠳᠠᠭᠠᠯᠳᠤᠨ ᠡᠭ᠌ᠴᠡ ᠨᠢᠰᠭᠡᠯ ᠤᠷᠢᠳᠴᠢᠯᠠᠨ ᠲᠣᠭ᠍ᠲᠠᠭᠠᠭ᠍ᠰᠠᠨ ᠠᠶᠠᠯᠠᠯ ᠤ᠋ᠨ ᠱᠤᠭᠤᠮ ᠢ᠋ ᠲᠠᠭᠠᠨ ᠤᠢᠷ᠎ᠠ ᠣᠭ᠍ᠲᠠᠷᠭᠤᠶ ᠪᠡᠷ ᠨᠢᠰᠴᠦ᠍᠂ ᠵᠢᠵᠢᠭ ᠵᠢᠵᠢᠭ ᠡᠪᠡᠰᠦᠨ ᠤ᠋ ᠦᠷ᠎ᠡ ᠤᠨᠴᠠᠭᠠᠢ ᠦᠶ᠋ᠯᠡᠳᠦᠭ᠌ᠰᠡᠨ ᠲᠥᠬᠥᠭᠡᠷᠦᠮᠵᠢ ᠪᠡᠷ ᠳᠡᠮᠵᠢᠨ ᠵᠢᠭ᠌ᠳᠡ ᠪᠡᠷ ᠰᠠᠴᠤᠭ᠍ᠳᠠᠨ᠂ ᠡᠯᠡᠰᠦᠨ ᠳᠣᠪᠣᠴᠠᠭ ᠵᠢᠡᠷ ᠥᠩᠭᠡᠷᠡᠵᠦ᠍᠂ ᠡᠪᠡᠰᠦᠨ ᠤ᠋ ᠦᠷ᠎ᠠ ᠵᠢᠨ 《ᠭᠠᠵᠠᠷ ᠲᠦ᠍ ᠤᠨᠠᠵᠤ ᠦᠨᠳᠦᠰᠦ ᠬᠠᠳᠭᠤᠬᠤ》 ᠶ᠋ᠢ ᠪᠠᠲᠤᠯᠠᠨ᠎ᠠ᠃ ᠡᠢᠮᠦᠷᠬᠦᠦ ᠨᠢᠰᠭᠡᠯ ᠵᠢᠡᠷ ᠳᠠᠷᠢᠬᠤ ᠲᠡᠷᠢᠭᠦᠨ ᠤ᠋ ᠮᠡᠷᠭᠡᠵᠢᠯ ᠨᠢ ᠠᠵᠢᠯ ᠤ᠋ᠨ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠦᠭ᠌ᠰᠡᠨ ᠵᠢᠡᠷ ᠪᠠᠷᠠᠬᠤ ᠥᠬᠡᠶ᠂ ᠨᠠᠷᠢᠨ ᠪᠤᠳᠤᠯᠢᠶᠠᠨᠲᠠᠶ ᠭᠠᠵᠠᠷ ᠤ᠋ᠨ ᠪᠠᠢᠴᠠ ᠳ᠋ᠤ ᠬᠥᠮᠦᠨ ᠤ᠋ ᠬᠦᠴᠦ᠍ ᠪᠡᠷ ᠡᠪᠡᠰᠤ ᠳᠠᠷᠢᠬᠤ ᠳ᠋ᠤ ᠬᠦᠴᠢᠷ ᠪᠠᠢᠳᠠᠭ ᠠᠰᠠᠭᠤᠳᠠᠯ ᠢ᠋ ᠴᠤ᠌ ᠱᠢᠶ᠋ᠳᠪᠦᠷᠢᠯᠡᠵᠠᠢ᠃

《ᠨᠢᠰᠭᠡᠯ ᠵᠢᠡᠷ ᠡᠪᠡᠰᠦ ᠳᠠᠷᠢᠬᠤ ᠪᠣᠯ 〈ᠤᠮᠠᠷᠠᠲᠤ ᠵᠢᠨ ᠭᠤᠷᠪᠠᠨ ᠣᠷᠣᠨ〉 ᠤ᠋ ᠢᠨᠵᠧᠨᠧᠷᠢᠩ ᠤ᠋ᠨ ᠠᠮᠢ ᠠᠬᠤᠶ ᠶ᠋ᠢ ᠵᠠᠰᠠᠨ ᠰᠡᠷᠭᠦᠭᠡᠬᠦ᠌ ᠴᠢᠬᠤᠯᠠ ᠠᠷᠭ᠎ᠠ ᠪᠠᠷᠢᠯ ᠮᠥᠨ᠂ ᠡᠨᠡ ᠨᠢ ᠭᠠᠵᠠᠷ ᠤ᠋ᠨ ᠪᠠᠢᠴᠠ ᠨᠠᠷᠢᠨ ᠪᠤᠳᠤᠯᠢᠶᠠᠨᠲᠠᠶ᠂ ᠲᠠᠯᠠᠪᠠᠶ ᠪᠡᠷ ᠨᠡᠯᠢᠶᠡᠳ ᠶᠡᠬᠡ ᠣᠷᠣᠨ ᠪᠦᠰᠡ ᠳ᠋ᠤ ᠳᠣᠭᠢᠷᠠᠵᠤ᠂ ᠣᠬᠣᠷᠬᠠᠨ ᠬᠤᠭᠤᠴᠠᠭᠠᠨ ᠳ᠋ᠤ ᠶᠡᠬᠡ ᠬᠡᠪᠴᠢᠶ᠎ᠡ ᠪᠡᠷ ᠡᠪᠡᠰᠦ ᠳᠠᠷᠢᠬᠤ ᠶ᠋ᠢ ᠪᠡᠶᠡᠯᠡᠭᠦᠯᠤᠨ᠂ ᠨᠤᠲᠤᠭ ᠪᠡᠯᠴᠢᠭᠡᠷ ᠤ᠋ᠨ ᠠᠮᠢ ᠠᠬᠤᠶ ᠶ᠋ᠢ ᠰᠡᠷᠭᠦᠭᠡᠵᠦ᠍ ᠴᠢᠳᠠᠬᠤ ᠶᠤᠮ᠃ ᠪᠢᠳᠡ ᠡᠭ᠌ᠴᠡ ᠨᠢᠰᠭᠡᠯ ᠳ᠋ᠤ GPS ᠵᠠᠮᠴᠢᠯᠠᠭᠴᠢ ᠵᠢᠨ ᠱᠢᠰᠲ᠋ᠧᠮ ᠢ᠋ ᠠᠴᠢᠶᠠᠯᠠᠵᠤ᠂ ᠨᠢᠰᠦᠯᠲᠡ ᠵᠢᠨ ᠥᠨᠳᠥᠷ ᠢ᠋ ᠨᠢ 50 ᠮᠧᠲ᠋ᠷ ᠵᠢᠡᠷ ᠬᠢᠵᠠᠭᠠᠷᠯᠠᠨ᠂ ᠨᠢᠰᠦᠯᠲᠡ ᠵᠢᠨ ᠬᠤᠷᠳᠤᠴᠠ ᠶ᠋ᠢ ᠨᠢ ᠴᠠᠭ ᠪᠦᠷᠢ 87 ᠺᠢᠯᠣᠮᠧᠲ᠋ᠷ ᠪᠠᠢᠯᠭᠠᠵᠤ᠂ ᠲᠡᠭ᠌ᠰᠢ ᠳᠥᠷᠪᠡᠯᠵᠢᠨ ᠮᠧᠲ᠋ᠷ ᠪᠦᠷᠢ ᠳ᠋ᠤ ᠦᠷ᠎ᠡ ᠰᠠᠴᠤᠬᠤ ᠬᠡᠮᠵᠢᠶ᠎ᠡ ᠶ᠋ᠢ ᠲᠥᠯᠥᠪᠯᠡᠭᠰᠡᠨ ᠪᠠᠷᠢᠮᠵᠢᠶ᠎ᠠ ᠳ᠋ᠤ ᠬᠦᠷᠭᠡᠬᠦ᠌ ᠶ᠋ᠢ ᠪᠠᠳᠤᠯᠠᠵᠤ ᠪᠤᠢ᠃ ᠡᠭᠴᠡ ᠨᠢᠰᠭᠡᠯ ᠤᠳᠠᠭ᠎ᠠ ᠪᠦᠷᠢ 430 ᠺᠢᠯᠣᠭ᠌ᠷᠠᠮ ᠦᠷ᠎ᠡ ᠠᠴᠢᠶᠠᠯᠠᠵᠤ᠂ 426 ᠮᠥ᠍ ᠡᠯᠡᠰᠦᠨ ᠭᠠᠵᠠᠷ ᠲᠸ᠋ ᠦᠷ᠎ᠡ ᠰᠠᠴᠤᠵᠤ ᠳᠡᠢᠯᠦᠨ᠎ᠡ》 ᠭᠡᠵᠤ ᠤᠷᠠᠳ ᠤ᠋ᠨ ᠡᠮᠦᠨᠡᠲᠦ ᠬᠣᠱᠢᠭᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠨᠠᠮ ᠤ᠋ᠨ ᠪᠠᠢᠭᠤᠯᠤᠯᠲᠠ ᠵᠢᠨ ᠠᠯᠪᠠᠨ ᠬᠡᠷ ᠤ᠋ᠨ ᠡᠷᠬᠢᠯᠡᠭ᠌ᠴᠢ ᠸᠠᠩ ᠶᠠᠨ ᠲᠠᠨᠢᠯᠴᠠᠭᠤᠯᠤᠨ᠎ᠠ᠃

ᠸᠠᠩ ᠶᠠᠨ ᠤ᠋ ᠬᠡᠯᠡᠬᠦ ᠪᠡᠷ᠂ ᠲᠣᠰ ᠤᠳᠠᠭ᠎ᠠ ᠵᠢᠨ ᠨᠢᠰᠭᠡᠯ ᠵᠢᠡᠷ ᠰᠠᠴᠤᠭᠰᠠᠨ ᠡᠪᠡᠰᠤᠨ ᠤ᠋ ᠦᠷ᠎ᠠ ᠨᠢ ᠭᠠᠩ ᠬᠠᠭ᠍ᠰᠠᠷᠠᠭᠠᠨ ᠳ᠋ᠤ ᠲᠡᠰᠪᠦᠷᠢᠲᠡᠶ ᠴᠠᠭᠠᠨ ᠡᠷᠮ᠎ᠡ᠂ ᠳᠠᠷᠪᠠᠯᠵᠢ᠂ ᠨᠠᠢᠯᠵᠠᠭᠤᠷ ᠬᠠᠷᠭᠠᠨ᠎ᠠ ᠵᠢᠨ ᠦᠷ᠎ᠡ ᠵᠡᠷᠭᠡ ᠪᠤᠯᠤᠨ᠎ᠠ᠃ ᠱᠢᠯᠢᠵᠤ ᠰᠣᠩᠭᠣᠵᠤ ᠠᠪᠤᠭᠰᠠᠨ ᠡᠳᠡᠬᠡᠷ ᠡᠪᠡᠰᠦᠨ ᠤ᠋ ᠦᠷ᠎ᠡ ᠨᠢ ᠦᠪᠡᠷ ᠦᠪᠡᠷ ᠤ᠋ᠨ ᠵᠢᠡᠨ ᠣᠨᠴᠠᠯᠢᠭ ᠲᠠᠶ ᠪᠣᠯᠪᠠᠴᠤ᠌ ᠴᠥᠮ ᠨᠢᠭᠡᠨ ᠨᠡᠢᠲᠡᠯᠢᠭ ᠲᠠᠯ᠎ᠠ ᠲᠠᠶ ᠪᠠᠢᠳᠠᠭ ᠨᠢ ᠳᠠᠷᠤᠢ ᠪᠠᠢᠭᠠᠯᠢ ᠵᠢᠨ ᠨᠦᠬᠦᠴᠡᠯ ᠵᠢᠡᠷ ᠮᠠᠭᠤ ᠣᠷᠴᠢᠨ ᠳ᠋ᠤ ᠴᠦ᠍ ᠦᠨᠳᠦᠰᠦ ᠬᠠᠳᠭᠤᠨ ᠤᠷᠭᠤᠵᠤ ᠴᠢᠳᠠᠳᠠᠭ᠃

《ᠨᠠᠢᠯᠵᠠᠭᠤᠷ ᠬᠠᠷᠭᠠᠨ᠎ᠠ ᠶ᠋ᠢᠨ ᠦᠨᠳᠦᠰᠦ ᠵᠢᠨ ᠱᠢᠰᠲ᠋ᠧᠮ ᠨᠢ ᠭᠠᠵᠠᠷ ᠳᠤᠤᠷ᠎ᠠ 5 ᠮᠧᠲ᠋ᠷ᠎ᠤᠨ ᠭᠦᠨ ᠳ᠋ᠤ ᠬᠠᠳᠬᠤᠵᠤ᠂ ᠨᠡᠭᠦᠳᠡᠯ ᠡᠯᠡᠰᠦ ᠶ᠋ᠢ ᠲᠣᠭ᠍ᠲᠠᠪᠤᠷᠢᠵᠢᠭᠤᠯᠬᠤ 〈ᠪᠠᠢᠭᠠᠯᠢᠯᠢᠭ ᠵᠠᠩᠭᠤᠤ ᠵᠢᠨ ᠡᠰᠢ〉 ᠪᠣᠯᠤᠨ᠎ᠠ᠃ ᠡᠲᠡᠭᠡᠷ 〈ᠠᠮᠢ ᠠᠬᠤᠶ ᠵᠢᠨ ᠬᠠᠮᠠᠭᠠᠯᠠᠭ᠍ᠴᠢ〉 ᠭᠠᠵᠠᠷ ᠤ᠋ᠨ ᠭᠠᠳᠠᠷᠭᠤ ᠶ᠋ᠢ ᠲᠦᠷᠭᠡᠨ ᠪᠦᠷᠬᠦᠵᠦ᠍ ᠴᠢᠳᠠᠬᠤ ᠪᠠᠷ ᠪᠠᠷᠠᠬᠤ ᠥᠬᠡᠶ ᠪᠠᠰᠠ ᠦᠨᠳᠦᠰᠦ ᠵᠢᠨ ᠱᠢᠰᠲ᠋ᠧᠮ ᠤ᠋ᠨ ᠢᠯᠭᠠᠷᠠᠭᠤᠯᠤᠭᠰᠠᠨ ᠪᠤᠳᠠᠰ ᠵᠢᠡᠷ ᠬᠥᠷᠥᠰᠥ᠍ ᠱᠢᠷᠣᠶ ᠶ᠋ᠢ ᠰᠠᠢᠵᠢᠷᠠᠭᠤᠯᠵᠤ᠂ ᠬᠤᠢᠰᠢᠳᠡ ᠵᠢᠨ ᠤᠷᠭᠤᠮᠠᠯ ᠤ᠋ᠨ ᠤᠷᠭᠤᠯᠲᠠ ᠳ᠋ᠤ ᠠᠱᠢᠭ᠍ᠲᠠᠶ ᠨᠥᠬᠥᠴᠡᠯ ᠢ᠋ ᠪᠦᠷᠢᠯᠳᠦᠭᠦᠯᠵᠦ᠍ ᠥᠭ᠌ᠲᠡᠭ》 ᠭᠡᠵᠤ ᠸᠠᠩ ᠶᠠᠨ ᠨᠠᠢᠯᠵᠠᠭᠤᠷ ᠬᠠᠷᠭᠠᠨ᠎ᠠ ᠵᠢᠨ ᠦᠷ᠎ᠡ ᠶ᠋ᠢ ᠵᠢᠭᠠᠵᠤ ᠬᠡᠯᠡᠨ᠎ᠡ᠃

ᠣᠢᠯᠠᠭᠠᠭ᠍ᠰᠠᠨ ᠵᠢᠡᠷ᠂ ᠬᠠᠢᠯᠠᠰᠤᠲᠠᠶ ᠭᠠᠴᠠᠭᠠᠨ ᠤ᠋ ᠰᠦᠵᠢ ᠵᠢᠨ ᠡᠯᠡᠰᠦᠷᠬᠡᠭ ᠭᠠᠵᠠᠷ ᠪᠣᠯ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠭᠤᠤᠯᠳᠠᠯᠭ᠎ᠠ ᠲᠠᠶ ᠵᠠᠰᠠᠯᠳᠠ ᠵᠢᠨ ᠣᠷᠣᠨ ᠪᠣᠯᠤᠨ᠎ᠠ᠂ ᠡᠨᠳᠡ ᠵᠢᠯ ᠲᠤᠷᠰᠢ ᠰᠠᠯᠬᠢ ᠡᠯᠡᠰᠦᠨ ᠤ᠋ ᠲᠠᠭᠠᠷᠢᠯᠲᠠ ᠳ᠋ᠤ ᠤᠴᠠᠷᠠᠵᠤ᠂ ᠨᠤᠲᠤᠭ ᠪᠡᠯᠴᠢᠭᠡᠷ ᠮᠠᠭᠤᠳᠠᠨ᠂ ᠡᠯᠡᠰᠦᠷᠬᠡᠭᠵᠢᠬᠦ ᠪᠠᠢᠳᠠᠯ ᠬᠦᠨᠳᠦ ᠨᠣᠴᠢᠲᠠᠶ ᠪᠠᠢᠳᠠᠭ᠃ ᠲᠣᠰ ᠤᠳᠠᠭ᠎ᠠ ᠵᠢᠨ ᠨᠢᠰᠭᠡᠯ ᠵᠢᠡᠷ ᠡᠪᠡᠰᠤ ᠳᠠᠷᠢᠬᠤ ᠠᠵᠢᠯ ᠤ᠋ᠨ ᠲᠠᠯᠠᠪᠠᠶ 2 ᠲᠦᠮᠡᠨ ᠮᠤ᠌ ᠳ᠋ᠤ ᠬᠦᠷᠴᠦ᠍᠂ ᠠᠵᠢᠯᠲᠠᠳ ᠡᠭ᠌ᠴᠡ ᠨᠢᠰᠭᠡᠯ ᠵᠢᠡᠷ ᠳᠠᠷᠢᠬᠤ ᠠᠷᠭ᠎ᠠ ᠶ᠋ᠢ ᠬᠡᠷᠡᠭ᠌ᠯᠡᠨ᠂ ᠣᠨᠣᠪᠴᠢᠲᠠᠶ ᠡᠵᠡᠮᠳᠡᠬᠦ᠌ ᠮᠡᠷᠭᠡᠵᠢᠯ ᠳ᠋ᠤ ᠲᠦᠱᠢᠭ᠌ᠯᠡᠵᠤ᠂ ᠳᠠᠷᠢᠬᠤ ᠬᠡᠮᠵᠢᠶ᠎ᠡ ᠪᠠ ᠨᠢᠰᠦᠯᠲᠡ ᠵᠢᠨ ᠱᠤᠭᠤᠮ ᠳ᠋ᠤ ᠨᠠᠷᠢᠨ ᠲᠥᠯᠥᠪᠵᠢᠭᠦᠯᠭᠡ ᠬᠢᠵᠦ᠍᠂ ᠨᠢᠰᠭᠡᠯ ᠵᠢᠡᠷ ᠨᠡᠢᠲᠡ 20 ᠲᠣᠨ ᠡᠪᠡᠰᠤᠨ ᠤ᠋ ᠦᠷ᠎ᠡ ᠶ᠋ᠢ ᠰᠠᠴᠤᠵᠤ᠂ 47 ᠤᠳᠠᠭ᠎ᠠ ᠨᠢᠰᠭᠦ ᠴᠢᠬᠤᠯᠠᠲᠠᠶ ᠶᠤᠮ᠃

ᠨᠢᠰᠭᠡᠯ ᠵᠢᠡᠷ ᠡᠪᠡᠰᠤ ᠲᠠᠷᠢᠬᠤ ᠵᠢᠨ ᠬᠠᠮᠲᠤ᠂ ᠥᠭᠡᠷ᠎ᠡ ᠨᠢᠭᠡᠨ ᠪᠠᠷᠢᠯᠭ᠎ᠠ ᠵᠢᠨ ᠠᠩᠭᠢ ᠵᠢᠨ ᠬᠢᠨ ᠶᠠᠭ  ᠲᠤᠤᠷ ᠬᠦᠷᠢᠶ᠎ᠡ ᠲᠠᠲᠠᠵᠤ ᠪᠠᠢᠯ᠎ᠠ᠃ 《ᠡᠨᠡᠬᠦ 21 ᠺᠢᠯᠤᠮᠸᠲᠷ ᠤ᠋ᠨ ᠲᠤᠤᠷ ᠬᠦᠷᠢᠶ᠎ᠡ ᠪᠣᠯ ᠡᠪᠡᠰᠦᠨ ᠦᠷ᠎ᠡ ᠵᠢᠨ 〈ᠬᠠᠮᠠᠭᠠᠯᠠᠭ᠍ᠴᠢ〉 ᠪᠣᠯᠤᠨ᠎ᠠ᠃ ᠪᠢᠳᠡ ᠪᠡᠯᠴᠢᠭᠡᠷᠯᠡᠭᠦᠯᠬᠦ ᠶ᠋ᠢ ᠴᠢᠩᠭ᠎ᠠ ᠬᠤᠷᠢᠭᠯᠠᠵᠤ᠂ ᠬᠥᠮᠦᠨ ᠤ᠋ ᠡᠪᠳᠡᠯᠡᠭᠡ ᠡᠴᠡ ᠵᠠᠢᠯᠠᠰᠭᠢᠨ᠂ ᠰᠡᠭᠦᠯᠴᠢ ᠵᠢᠨ ᠬᠤᠭᠤᠴᠠᠭᠠᠨ ᠤ᠋ ᠬᠠᠮᠢᠶᠠᠷᠴᠤ᠌ ᠬᠠᠮᠠᠭᠠᠯᠠᠬᠤ ᠠᠵᠢᠯ ᠳ᠋ᠤ ᠰᠠᠭᠤᠷᠢ ᠲᠠᠯᠪᠢᠵᠤ᠂ ᠡᠪᠡᠰᠦᠨ ᠦᠷ᠎ᠡ ᠳ᠋ᠤ ᠠᠮᠤᠷ ᠲᠦᠪᠱᠢᠨ ᠲᠣᠭ᠍ᠲᠠᠭᠤᠨ ᠤᠷᠭᠤᠯᠲᠠ ᠵᠢᠨ ᠣᠷᠴᠢᠨ ᠲᠣᠭᠣᠷᠢᠨ ᠢ᠋ ᠪᠣᠶ ᠪᠣᠯᠭᠠᠨ᠂ ᠡᠯᠡᠰᠦᠷᠬᠡᠭ᠌ᠵᠢᠭ᠌ᠰᠡᠨ ᠭᠠᠵᠠᠷ ᠱᠢᠷᠣᠶ ᠶ᠋ᠢ ᠦᠨᠡᠨ ᠬᠦ᠌ 〈ᠨᠤᠭᠤᠭᠠᠷᠠᠭᠤᠯᠤᠯᠲᠠ ᠵᠢᠨ ᠪᠠᠩᠬᠢ〉 ᠪᠣᠯᠭᠠᠨ᠎ᠠ》 ᠭᠡᠵᠤ ᠤᠷᠠᠳ ᠤ᠋ᠨ ᠡᠮᠦᠨᠡᠲᠦ ᠬᠣᠱᠢᠭᠤᠨ ᠤ᠋ ᠣᠶ ᠱᠢᠭᠤᠶ ᠪᠠ ᠨᠤᠲᠤᠭ ᠪᠡᠯᠴᠢᠭᠡᠷ ᠤ᠋ᠨ ᠲᠣᠪᠴᠢᠶ᠎ᠠ ᠵᠢᠨ ᠣᠶ ᠱᠢᠭᠤᠶ ᠵᠢᠨ ᠡᠪᠡᠳᠴᠢᠨ ᠬᠣᠷᠣᠬᠠᠶ ᠵᠢᠨ ᠬᠥᠨᠥᠭᠡᠯ ᠢ᠋ ᠰᠡᠷᠭᠡᠢᠯᠡᠨ ᠵᠠᠰᠠᠬᠤ ᠬᠢᠵᠢᠭ ᠪᠠᠢᠴᠠᠭᠠᠬᠤ ᠥᠷᠲᠡᠭᠡ ᠵᠢᠨ ᠳᠠᠷᠤᠭ᠎ᠠ ᠯᠢ ᠭᠠᠩ ᠬᠡᠯᠡᠪᠡ᠃

ᠣᠳᠣᠬᠠᠨ ᠳ᠋ᠤ ᠤᠷᠠᠳ ᠤ᠋ᠨ ᠡᠮᠦᠨᠡᠲᠦ ᠬᠣᠱᠢᠭᠤ ᠶᠠᠭ 《ᠨᠢᠰᠭᠡᠯ ᠵᠢᠡᠷ ᠳᠠᠷᠢᠬᠤ + ᠬᠦᠷᠢᠶ᠎ᠡ ᠬᠠᠱᠢᠶ᠎ᠠ + ᠬᠠᠮᠢᠶᠠᠷᠤᠯᠲᠠ ᠬᠠᠮᠠᠭᠠᠯᠠᠯᠲᠠ》 ᠶ᠋ᠢᠨ ᠪᠣᠰᠣᠭ᠎ᠠ ᠴᠣᠭ᠍ᠴᠠᠲᠤ ᠬᠠᠮᠠᠭᠠᠯᠠᠯᠲᠠ ᠵᠢᠨ ᠱᠢᠰᠲ᠋ᠧᠮ ᠢ᠋ ᠪᠠᠢᠭᠤᠯᠵᠤ ᠪᠤᠢ᠃ ᠡᠨᠡ ᠵᠢᠯ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠬᠠᠳᠤᠨ ᠭᠣᠣᠯ ᠤ᠋ᠨ ᠤᠰᠤᠯᠠᠯᠲᠠ ᠵᠢᠨ ᠣᠷᠣᠨ ᠤ᠋ ᠠᠮᠢ ᠠᠬᠤᠢ ᠶ᠋ᠢ ᠶᠡᠷᠦᠩᠬᠡᠢᠯᠡᠨ ᠵᠠᠰᠠᠬᠤ ᠲᠦᠷᠦᠯ ᠵᠦᠢᠯ ᠳ᠋ᠤ 6.84 ᠲᠦᠮᠡᠨ ᠮᠦ᠍ ᠵᠢᠨ ᠵᠠᠰᠠᠯᠲᠠ ᠵᠢᠨ ᠡᠭᠦᠷᠭᠡ ᠶ᠋ᠢ ᠪᠡᠶᠡᠯᠡᠭᠦᠯᠬᠦ ᠪᠡᠷ ᠪᠤᠯᠵᠦ᠂ ᠤᠳᠤ 2.1 ᠲᠦᠮᠡᠨ ᠮᠦ᠍ ᠶ᠋ᠢᠨ ᠵᠠᠰᠠᠯᠳᠠ ᠵᠢ ᠨᠢᠭᠡᠨᠲᠡ ᠪᠡᠶᠡᠯᠡᠭᠦᠯᠪᠡ᠃

ᠰᠤᠷᠪᠤᠯᠵᠢᠯᠠᠭ᠍ᠴᠢ ᠵᠢᠯᠣᠭᠣᠴᠢ ᠥᠬᠡᠶ ᠨᠢᠰᠭᠡᠯ ᠵᠢᠠᠷ ᠠᠪᠤᠭᠰᠠᠨ ᠵᠢᠷᠤᠭ ᠡᠴᠡ ᠥᠩᠭᠡᠷᠡᠭ᠌ᠰᠡᠨ ᠳ᠋ᠤ ᠢᠯᠡ ᠪᠠᠢᠭ᠍ᠰᠠᠨ ᠡᠯᠡᠰᠦᠨ ᠳᠣᠪᠣᠴᠠᠭ ᠨᠢᠭᠡᠨᠲᠡ ᠭᠦᠢᠬᠡᠨ ᠨᠣᠭᠣᠭᠠᠨ ᠦᠩᠭᠡ ᠪᠡᠷ ᠬᠤᠴᠢᠭᠳᠠᠭᠰᠠᠨ ᠢ᠋ ᠤᠯᠵᠤ ᠬᠠᠷᠠᠯ᠎ᠠ᠃ 《ᠤᠤᠯ ᠨᠢ ᠡᠨᠡ ᠦᠶ᠎ᠡ ᠪᠡᠷ ᠰᠠᠯᠬᠢ ᠡᠯᠡᠰᠤ ᠮᠣᠩᠭᠣᠯ ᠭᠡᠷ ᠢ᠋ ᠠᠯᠢ ᠬᠡᠳᠦᠢᠨ ᠪᠤᠯᠠᠴᠢᠬᠠᠳᠠᠭ ᠪᠠᠢᠭᠰᠠᠨ᠂ ᠣᠳᠣ ᠡᠯᠡᠰᠦ ᠬᠡᠢᠰᠬᠦ ᠨᠢ ᠬᠠᠷᠢᠨ ᠨᠠᠮᠳᠠᠴᠢᠬᠠᠵᠠᠢ᠃ ᠡᠨᠡ ᠵᠢᠯ ᠬᠤᠷ᠎ᠠ ᠪᠤᠷᠤᠭᠠᠨ ᠡᠯᠪᠡᠭ ᠡᠪᠡᠰᠤ ᠪᠡᠯᠴᠢᠭᠡᠷ ᠰᠠᠢᠨ᠂ ᠮᠠᠨ ᠤ᠋ ᠦᠬᠡᠷ ᠬᠣᠨᠢ ᠴᠤ᠌ ᠲᠠᠷᠭᠤ ᠰᠠᠢᠳᠠᠢ ᠪᠠᠢᠨ᠎ᠠ》 ᠭᠡᠵᠤ ᠮᠠᠯᠴᠢᠨ ᠪᠢᠯᠢᠭ ᠪᠠᠶᠠᠷ ᠲᠠᠢ ᠬᠡᠯᠡᠨ᠎ᠡ᠃

ᠦᠳᠡᠰᠢ ᠵᠢᠨ ᠨᠡᠷᠡᠨ ᠪᠠᠷᠠᠭᠤᠨ᠎ᠠ ᠲᠠᠱᠢᠵᠤ᠂ ᠡᠭ᠌ᠴᠡ ᠨᠢᠰᠭᠡᠯ ᠬᠠᠮᠤᠭ ᠤ᠋ᠨ ᠰᠡᠭᠦᠯᠴᠢ ᠵᠢᠨ ᠡᠭᠡᠯᠵᠢ ᠵᠢᠨ ᠠᠵᠢᠯ ᠵᠢᠡᠨ ᠳᠠᠭᠤᠰᠭᠠᠪᠠ᠃ ᠦᠳᠡᠰᠢ ᠵᠢᠨ ᠲᠤᠯᠤᠩ ᠳᠤᠮᠳᠠ ᠰᠠᠶᠢᠬᠠᠨ ᠰᠠᠴᠤᠭᠰᠠᠨ ᠡᠪᠡᠰᠦᠨ ᠤ᠋ ᠦᠷ᠎ᠡ ᠨᠤᠬᠦᠳ ᠡᠯᠡᠰᠦᠨ ᠳᠡᠭᠡᠷ᠎ᠡ ᠵᠢᠭᠳᠡ ᠰᠠᠭᠤᠵᠤ᠂ ᠪᠣᠷᠣᠭᠠᠨ ᠤ᠋ ᠤᠰᠤᠨ ᠳ᠋ᠤ ᠤᠮᠳᠠᠯᠠᠭᠳᠠᠬᠤ ᠶ᠋ᠢ ᠬᠦᠯᠢᠶᠡᠨ᠎ᠡ᠃ ᠡᠨᠡ ᠬᠦ᠌ 《ᠤᠭᠲᠠᠷᠭᠤᠢ ᠡᠴᠡ ᠦᠷ᠎ᠠ ᠰᠠᠴᠤᠵᠤ ᠳᠠᠷᠢᠬᠤ》 ᠠᠵᠢᠯᠯᠠᠭ᠎ᠠ ᠨᠢ ᠨᠤᠭᠤᠭᠠᠷᠠᠭᠤᠯᠤᠯᠲᠠ ᠵᠢᠨ ᠬᠦᠰᠡᠯ ᠡᠷᠡᠮᠡᠯᠵᠡᠯ ᠢ᠋ ᠰᠠᠴᠤᠭᠰᠠᠨ ᠵᠢᠡᠷ ᠪᠠᠷᠠᠬᠤ ᠥᠬᠡᠶ᠂ ᠨᠠᠩ ᠴᠤ᠌ ᠠᠮᠢ ᠠᠬᠤᠶ ᠵᠢᠨ ᠪᠣᠯᠪᠠᠰᠤᠨ ᠤ᠋ ᠦᠷ᠎ᠡ ᠶ᠋ᠢ ᠰᠠᠴᠤᠪᠠ᠃ ᠶᠠᠭ ᠸᠠᠩ ᠶᠠᠨ ᠤ᠋ ᠬᠡᠯᠡᠭ᠌ᠰᠡᠨ ᠰᠢᠭ ᠵᠢᠡᠷ 《ᠡᠨᠡ ᠨᠢ ᠡᠯᠡᠰᠦ ᠶ᠋ᠢ ᠵᠠᠰᠠᠵᠤ ᠪᠠᠢᠭ᠎ᠠ ᠪᠢᠰᠢ᠂ ᠬᠠᠷᠢᠨ ᠬᠥᠮᠦᠨ ᠬᠢᠭᠡᠳ ᠪᠠᠢᠭᠠᠯᠢ ᠵᠢᠨ ᠬᠠᠷᠢᠴᠠᠭ᠎ᠠ ᠶ᠋ᠢ ᠵᠠᠰᠠᠨ ᠰᠡᠷᠭᠦᠭᠡᠵᠦ᠍ ᠪᠠᠢᠨ᠎ᠠ》᠃

《ᠡᠯᠡᠰᠦ ᠤᠷᠤᠭ᠍ᠰᠢᠯᠠᠵᠤ ᠬᠥᠮᠦᠨ ᠤᠬᠤᠷᠢᠵᠤ》 ᠪᠠᠢᠭᠰᠠᠨ ᠡᠴᠡ 《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠬᠤ》 ᠬᠦᠷᠲᠡᠯ᠎ᠡ᠂ ᠤᠷᠠᠳ ᠤ᠋ᠨ ᠡᠮᠦᠨᠡᠲᠦ ᠬᠣᠱᠢᠭᠤ ᠱᠢᠨᠵᠢᠯᠡᠬᠦ᠌ ᠤᠬᠠᠭᠠᠨ ᠲᠸᠭ᠌ᠨᠢ᠌ᠠ᠋ ᠮᠡᠷᠭᠡᠵᠢᠯ ᠤ᠋ᠨ ᠪᠢᠷ ᠵᠢᠡᠷ 《ᠤᠮᠠᠷᠠᠲᠤ ᠵᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠠᠤᠭ᠎ᠠ ᠵᠢᠷᠤᠭ ᠲᠥᠰᠦᠪ ᠳᠡᠭᠡᠷ᠎ᠡ ᠰᠡᠳᠭᠢᠯ ᠬᠥᠳᠡᠯᠭᠡᠮ᠎ᠡ ᠨᠣᠮᠢᠨ ᠨᠣᠭᠣᠭᠠᠨ ᠬᠠᠭᠤᠳᠠᠰᠤ ᠶ᠋ᠢ ᠵᠢᠷᠤᠭ᠍ᠯᠠᠵᠤ᠂ ᠤᠤᠯ ᠤ᠋ᠨ ᠠᠲᠠᠷᠱᠢᠭᠰᠠᠨ ᠭᠠᠵᠠᠷ ᠨᠤᠲᠤᠭ ᠲᠦ᠍ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠪᠠᠲᠤ ᠴᠣᠭ᠍ᠴᠠᠯᠠᠬᠤ ᠠᠢᠵᠠᠮ ᠡᠬᠡᠰᠢᠭ ᠠᠯᠭᠤᠷᠬᠠᠨ ᠴᠤᠤᠷᠢᠶᠠᠲᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号