ᠲᠤᠭᠠᠴᠢᠯᠠᠭᠰᠠᠨ ᠵᠤᠢᠷᠠᠢ ᠮᠡᠷᠭᠡᠵᠢᠯ ᠵᠢᠡᠷ ᠬᠡᠯᠪᠡᠷᠢ ᠪᠠᠨ ᠬᠤᠪᠢᠷᠠᠭᠤᠯᠬᠤ ᠳ᠋ᠦ ᠬᠦᠴᠦᠨ ᠨᠡᠮᠡᠷᠢᠯᠡᠵᠤ ᠪᠤᠭᠤᠲᠤ ᠬᠣᠲᠠ 《ᠣᠶᠤᠨᠴᠢ ᠦᠢᠯᠡᠳᠭᠡᠯ》 ᠤ᠋ᠨ ᠱᠢᠨ᠎ᠡ ᠥᠨᠳᠥᠷᠯᠢᠭ ᠢ᠋ ᠵᠠᠪᠳᠤᠨ ᠡᠵᠡᠯᠡᠨ᠎ᠡ
2025-08-13 09:50:38
ᠵᠣᠬᠢᠶᠠᠭ᠍ᠴᠢ᠄
ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

ᠪᠤᠭᠤᠲᠤ ᠬᠤᠳᠠ ᠬᠦᠴᠦᠷᠬᠡᠭ ᠶᠡᠬᠡ ᠦᠢᠯᠡᠳᠬᠦ᠌ ᠦᠢᠯᠡᠰ ᠤ᠋ᠨ ᠰᠠᠭᠤᠷᠢ ᠳ᠋ᠠᠭᠠᠨ ᠲᠦᠱᠢᠭ᠌ᠯᠡᠨ 《ᠤᠶᠤᠨᠴᠢᠯᠠᠭ᠍ᠰᠠᠠ ᠥᠭᠡᠷᠡᠴᠢᠯᠡᠯᠲᠡ᠂ ᠲᠣᠭᠠᠴᠢᠯᠠᠭᠰᠠᠨ ᠬᠡᠯᠪᠡᠷᠢ ᠵᠢᠨ ᠬᠤᠪᠢᠷᠠᠭᠤᠯᠤᠯᠳᠠ᠂ ᠲᠤᠤᠷᠴᠢᠯᠠᠭᠰᠠᠨ ᠬᠣᠯᠪᠣᠭ᠎ᠠ》 ᠪᠡᠷ ᠭᠣᠣᠯ ᠪᠣᠯᠭᠠᠭ᠍ᠰᠠᠨ ᠱᠢᠨ᠎ᠡ ᠨᠢᠭᠡ ᠡᠭᠡᠯᠵᠢ ᠵᠢᠨ ᠮᠡᠷᠭᠡᠵᠢᠯ ᠤ᠋ᠨ ᠥᠭᠡᠷᠡᠴᠢᠯᠡᠯᠲᠡ ᠵᠢ ᠪᠦᠬᠦ᠌ ᠬᠦᠴᠦ᠍ᠨ ᠵᠢᠡᠷ ᠵᠢᠡᠨ ᠠᠬᠢᠭᠤᠯᠵᠤ᠂ ᠦᠢᠯᠡᠳᠬᠦ᠌ ᠦᠢᠯᠡᠰ ᠤ᠋ᠨ ᠳᠡᠭᠡᠳᠦ ᠲᠡᠰᠵᠢᠭᠰᠡᠨ᠂ ᠤᠶᠤᠨᠴᠢᠯᠠᠭ᠍ᠰᠠᠠ᠂ ᠪᠣᠬᠢᠷᠲᠤᠯ ᠦᠭᠡᠢ ᠲᠡᠢᠰᠢ ᠤᠷᠤᠭ᠍ᠰᠢᠯᠠᠬᠤ ᠵᠢ ᠲᠦᠷᠭᠡᠳᠭᠡᠵᠦ᠍᠂ ᠱᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠶᠡᠬᠡ ᠪᠡᠷ ᠪᠣᠢᠵᠢᠭᠤᠯᠵᠤ ᠪᠤᠢ᠃

8 ᠰᠠᠷ᠎ᠠ ᠵᠢᠨ 7 ᠤ᠋ ᠡᠳᠦᠷ᠂ ᠳᠡᠯᠡᠬᠡᠶ ᠳ᠋ᠤ ᠠᠯᠳᠠᠷᠳᠠᠢ ᠪᠠᠶᠠᠡᠠᠤᠪᠤᠭ᠎ᠠ ᠠᠭᠤᠷᠬᠠᠶ ᠵᠢᠨ ᠣᠷᠣᠨ ᠤ᠋ ᠦᠢᠯᠡᠳᠪᠦᠷᠢᠯᠡᠯ ᠤ᠋ᠨ ᠠᠬᠤᠢ ᠲᠠᠯᠠᠪᠠᠢ ᠳ᠋ᠦ ᠰᠢᠨ᠎ᠡ ᠪᠠᠢᠳᠠᠯ ᠢᠯᠡᠷᠡᠵᠠᠢ᠄ ᠵᠢᠯᠣᠭᠣᠴᠢ ᠸᠠᠩ ᠵᠢᠶ ᠱᠢᠤᠸᠠᠢ ᠡᠵᠡᠮᠳᠡᠯ ᠤ᠋ᠨ ᠥᠷᠥᠭᠡ ᠳ᠋ᠤ ᠵᠢᠯᠤᠭᠤᠳᠬᠤ ᠱᠤᠷᠠᠭ ᠵᠢᠡᠨ ᠠᠶᠠᠷᠬᠠᠨ ᠬᠦᠳᠡᠯᠭᠡᠵᠤ᠂ 5 ᠺᠢᠯᠣᠮᠧᠲ᠋ᠷ ᠤ᠋ᠨ ᠴᠠᠭᠠᠨᠠᠬᠢ ᠲᠣᠮᠣ ᠬᠡᠯᠪᠡᠷᠢ ᠵᠢᠨ ᠴᠠᠬᠢᠯᠭᠠᠨ ᠬᠤᠰᠤᠭᠤᠷ ᠤ᠋ᠨ ᠥᠨᠳᠥᠷ ᠪᠦᠲᠦᠮᠵᠢᠲᠡᠶ ᠪᠡᠷ ᠠᠭᠤᠳᠠᠯᠤᠨ ᠮᠠᠯᠳᠠᠬᠤ ᠠᠵᠢᠯ ᠢ᠋ ᠵᠠᠬᠢᠷᠤᠨ ᠡᠵᠡᠮᠳᠡᠵᠤ ᠪᠠᠢᠯ᠎ᠠ᠃ ᠪᠠᠶᠠᠡᠠᠤᠪᠤᠭ᠎ᠠ ᠠᠭᠤᠷᠬᠠᠶ ᠵᠢᠨ ᠣᠷᠣᠨ ᠤ᠋ ᠬᠢᠨ ᠲᠣᠭᠠᠴᠢᠯᠠᠭᠰᠠᠨ ᠵᠤᠢᠷᠠᠢ ᠮᠡᠷᠬᠡᠵᠢᠯ ᠤ᠋ᠨ ᠱᠢᠰᠲ᠋ᠧᠮ᠎ᠪᠤᠯᠤᠨ ᠣᠯᠠᠨ ᠬᠠᠷᠠᠭᠠᠰᠤ ᠵᠢᠨ ᠲᠤᠬᠠᠢ ᠵᠢᠨ ᠴᠠᠭ ᠤ᠋ᠨ ᠵᠢᠷᠤᠭ ᠳᠦᠷᠰᠦ ᠵᠢᠨ ᠳᠠᠮᠵᠢᠭᠤᠯᠭ᠎ᠠ ᠳ᠋ᠦ ᠲᠦᠰᠢᠭᠯᠡᠨ ᠨᠠᠩ ᠥᠷᠭᠡᠨ ᠬᠠᠷᠠᠭ᠎ᠠ ᠪᠠ ᠨᠠᠩ ᠥᠨᠳᠥᠷ ᠠᠮᠤᠷ ᠲᠦᠪᠱᠢᠨ ᠤ᠋ ᠪᠠᠲᠤᠯᠠᠭ᠎ᠠ ᠲᠠᠢ ᠪᠣᠯᠵᠠᠶ᠃ 《ᠥᠩᠭᠡᠷᠡᠭ᠌ᠰᠡᠨ ᠳ᠋ᠤ ᠲᠤᠬᠠᠶ ᠵᠢᠨ ᠲᠠᠯᠠᠪᠠᠶ ᠳ᠋ᠦ ᠬᠤᠭ ᠲᠣᠭᠣᠰᠣ ᠶᠡᠬᠡᠳᠠᠢ᠂ ᠱᠤᠤᠬᠢᠶᠠᠨ ᠴᠢᠩᠭ᠎ᠠ᠂ ᠬᠠᠬᠢᠷ ᠬᠦᠶ᠋ᠲᠡᠨ ᠠᠭᠠᠭᠢᠮ᠎ᠠ ᠬᠠᠯᠠᠭᠤᠨ ᠳ᠋ᠦ ᠦᠨᠡᠭᠡᠷ ᠲᠡᠰᠬᠦ ᠠᠯᠳᠠᠷᠠᠵᠦ ᠪᠠᠢᠵᠠᠢ᠃ ᠣᠲᠣ ᠣᠷᠴᠢᠨ ᠲᠣᠭᠣᠷᠢᠨ ᠠᠭᠤᠵᠢᠭᠤ ᠲᠠᠭᠠᠯᠠᠮᠵᠢᠲᠠᠶ ᠪᠦᠬᠡᠳ ᠲᠣᠭ᠍ᠲᠠᠮᠠᠯ ᠳᠤᠯᠠᠭᠠᠨᠳᠤ ᠠᠭᠠᠷ ᠲᠣᠬᠢᠷᠠᠭᠤᠯᠤᠭ᠍ᠴᠢ ᠲᠠᠢ ᠪᠤᠯᠵᠦ᠂ ᠠᠵᠢᠯᠯᠠᠬᠤ ᠳ᠋ᠦ ᠮᠠᠰᠢ ᠲᠠᠭᠠᠯᠠᠮᠵᠢᠲᠠᠶ ᠪᠤᠯᠤᠭᠰᠠᠨ ᠪᠦᠭᠡᠳ ᠠᠮᠤᠷ ᠲᠦᠪᠱᠢᠨ ᠤ᠋ ᠢᠯᠡᠳᠭᠡᠮᠵᠢ ᠴᠦ᠍ ᠶᠡᠬᠡ ᠪᠡᠷ ᠳᠡᠭᠡᠭ᠌ᠰᠢᠯᠡᠪᠠ》 ᠭᠡᠵᠦ ᠸᠠᠩ ᠵᠢᠶ ᠱᠢᠤᠸᠠᠢ ᠤᠴᠢᠷᠯᠠᠨ᠎ᠠ᠃

ᠪᠠᠶᠠᠡᠡᠣᠪᠣᠭ᠎ᠠ ᠲᠡᠮᠦᠷ ᠤ᠋ᠨ ᠠᠭᠤᠷᠬᠠᠶ ᠳ᠋ᠤ ᠬᠣᠪᠣᠷ ᠨᠠᠨᠳᠢᠨ ᠬᠣᠪᠣᠷ ᠱᠢᠷᠣᠶ ᠵᠢᠨ ᠡᠬᠢ ᠪᠠᠶᠠᠯᠢᠭ ᠲᠠᠢ ᠶᠤᠮ᠃ ᠡᠬᠦᠨ ᠢ᠋ ᠬᠡᠷᠬᠢᠨ ᠠᠮᠤᠷ ᠲᠦᠪᠱᠢᠨ᠂ ᠥᠨᠳᠥᠷ ᠪᠦᠲᠦᠮᠵᠢᠲᠡᠶ᠂ ᠵᠦᠶ ᠵᠣᠬᠢᠰᠲᠠᠶ ᠪᠡᠷ ᠨᠡᠭᠡᠭᠡᠨ ᠠᠱᠢᠭ᠍ᠯᠠᠬᠤ ᠪᠣᠶ? ᠲᠣᠭᠠᠴᠢᠯᠠᠭᠰᠠᠨ ᠵᠤᠢᠷᠠᠢ ᠮᠡᠷᠭᠡᠵᠢᠯ ᠭᠤᠤᠯ ᠱᠢᠶ᠋ᠳᠪᠦᠷᠢᠯᠡᠬᠦ᠌ ᠲᠥᠰᠦᠯ ᠢ᠋ ᠬᠠᠩᠭᠠᠪᠠ᠃ ᠣᠳᠣᠬᠠᠨ ᠳ᠋ᠦ ᠠᠭᠤᠷᠬᠠᠶ ᠵᠢᠨ ᠣᠷᠣᠨ ᠤ᠋ ᠪᠣᠶ ᠪᠥᠬᠥᠶ ᠥᠷᠥᠮᠳᠡᠬᠦᠷ ᠮᠠᠱᠢᠨ᠂ ᠴᠠᠬᠢᠯᠭᠠᠨ ᠬᠤᠰᠤᠭᠤᠷ᠂ ᠱᠢᠷᠣᠶ ᠭᠠᠷᠭᠠᠬᠤ ᠮᠠᠱᠢᠨ ᠢ᠋ ᠴᠥᠮ ᠠᠯᠤᠰ ᠡᠵᠡᠮᠰᠢᠯ ᠵᠢᠡᠷ ᠠᠵᠢᠯᠯᠠᠭᠤᠯᠵᠤ᠂ 《ᠤᠶᠤᠨᠴᠢ ᠠᠭᠤᠷᠬᠠᠶ》 ᠵᠢᠨ ᠪᠥᠲᠥᠭᠡᠨ ᠪᠠᠢᠭᠤᠯᠤᠯᠲᠠ ᠵᠢᠨ ᠬᠤᠷᠳᠤᠴᠠ ᠵᠢ ᠪᠥᠬᠥ᠌ ᠲᠠᠯ᠎ᠠ ᠪᠡᠷ ᠲᠦᠷᠭᠡᠳᠭᠡᠪᠡ᠃ 《ᠡᠨᠡ ᠨᠢ ᠦᠶ᠋ᠯᠡᠳᠪᠦᠷᠢᠯᠡᠯ ᠡᠵᠡᠩᠨᠡᠯᠲᠡ ᠵᠢᠨ ᠦᠷ᠎ᠡ ᠪᠦᠲᠦᠮᠵᠢ ᠵᠢ ᠨᠠᠩ ᠥᠨᠳᠥᠷ ᠪᠦᠲᠦᠮᠵᠢᠲᠡᠶ᠂ ᠠᠵᠢᠯᠴᠢᠨ ᠤ᠋ ᠠᠮᠤᠷ ᠲᠦᠪᠱᠢᠨ ᠢ᠋ ᠨᠠᠩ ᠲᠤᠭᠳᠠᠪᠤᠷᠢᠳᠠᠢ᠂ ᠡᠬᠢ ᠪᠠᠶᠠᠯᠢᠭ ᠤ᠋ᠨ ᠠᠱᠢᠭ᠍ᠯᠠᠯᠲᠠ ᠵᠢ ᠨᠠᠩ ᠵᠦᠶ ᠵᠣᠬᠢᠰᠲᠠᠶ ᠪᠤᠯᠭᠠᠪᠠ᠃ ᠠᠵᠢᠯᠴᠢᠳ ᠲᠣᠭᠠᠴᠢᠯᠠᠭ᠍ᠰᠠᠨ ᠲᠠᠪᠴᠠᠩ ᠵᠢᠡᠷ ᠲᠠᠮᠵᠢᠨ ᠲᠥᠬᠥᠭᠡᠷᠦᠮᠵᠢ ᠵᠢᠨ ᠣᠷᠣᠨ ᠪᠠᠢᠷᠢ ᠵᠢ ᠴᠠᠭ ᠲᠤᠬᠠᠶ ᠳ᠋ᠤᠨᠢ ᠡᠵᠡᠮᠱᠢᠵᠦ᠍᠂ ᠠᠮᠤᠷ ᠲᠦᠪᠱᠢᠨ ᠤ᠋ ᠭᠡᠮ ᠰᠤᠭᠤᠭ ᠢ᠋ ᠴᠠᠭ ᠲᠤᠬᠠᠶ ᠳ᠋ᠤᠨᠢ ᠢᠯᠡᠷᠡᠭᠦᠯᠬᠦ᠌ ᠵᠢᠨ ᠬᠠᠮᠲᠤ ᠤᠷᠢᠳᠴᠢᠯᠠᠨ ᠰᠡᠷᠡᠮᠵᠢᠯᠡᠭᠦᠯᠵᠦ᠍ ᠴᠢᠳᠠᠨ᠎ᠠ》 ᠬᠡᠵᠤ ᠪᠠᠶᠠᠡᠡᠣᠪᠣᠭ᠎ᠠ ᠲᠡᠮᠦᠷ ᠤ᠋ᠨ ᠠᠭᠤᠷᠬᠠᠶ ᠵᠢᠨ ᠨᠠᠮ ᠤ᠋ᠨ ᠬᠣᠷᠢᠶ᠎ᠠ ᠵᠢᠨ ᠱᠦᠵᠢ ᠶᠠᠩ ᠨᠠᠨ ᠲᠣᠭᠠᠴᠢᠯᠠᠭᠰᠠᠨ ᠵᠤᠢᠷᠠᠢ ᠮᠡᠷᠭᠡᠵᠢᠯ ᠤ᠋ᠨ ᠵᠢᠡᠨ 3 ᠶᠡᠬᠡ ᠦᠷ᠎ᠡ ᠪᠦᠲᠦᠮᠵᠢ ᠵᠢ ᠬᠤᠷᠢᠶᠠᠩᠭᠤᠢᠯᠠᠪᠠ᠃ ᠲᠣᠰ ᠮᠡᠷᠭᠡᠵᠢᠯ ᠨᠢ ᠲᠣᠭᠠᠴᠢᠯᠠᠭ᠍ᠰᠠᠨ ᠶᠢᠷᠲᠢᠨᠴᠦ᠍ ᠳ᠋ᠤ ᠪᠣᠳᠠᠲᠤ ᠴᠣᠭ᠍ᠴᠠ ᠵᠢᠨ 《ᠵᠤᠢᠷᠠᠢ ᠪᠡᠶ᠎ᠡ》 ᠵᠢ ᠪᠠᠢᠭᠤᠯᠬᠤ ᠪᠡᠷ ᠳᠠᠮᠵᠢᠨ ᠪᠠᠷᠠᠭᠠᠨ ᠤ᠋ ᠰᠦᠯᠵᠢᠶ᠎ᠡ᠂ ᠡᠭᠦᠯᠡᠨ ᠪᠤᠳᠤᠯᠲᠠ ᠪᠠ ᠲᠡᠷᠢᠭᠦᠨ ᠤ᠋ ᠪᠤᠳᠤᠯᠳᠠ ᠵᠢᠨ ᠠᠷᠭ᠎ᠠ ᠵᠢ ᠠᠭᠤᠰᠤᠯᠴᠠᠭᠤᠯᠵᠤ᠂ ᠦᠶ᠋ᠯᠡᠳᠪᠦᠷᠢᠯᠡᠯ ᠤ᠋ᠨ ᠪᠥᠬᠥ᠌ ᠶᠠᠪᠤᠴᠠ ᠵᠢᠨ ᠳᠠᠭᠤᠷᠢᠶᠠᠮᠠᠯ ᠱᠢᠯᠢᠳᠡᠭ᠌ᠵᠢᠭᠦᠯᠦᠯᠲᠡ ᠵᠢ ᠪᠡᠶᠡᠯᠡᠭᠦᠯᠪᠡ᠃ ᠡᠭᠦᠨ ᠤ᠋ ᠬᠠᠮᠲᠤ᠂ ᠲᠤᠭᠠᠴᠢᠯᠠᠭᠰᠠᠨ ᠤᠶᠤᠨᠴᠢ ᠮᠡᠷᠭᠡᠵᠢᠯ ᠤ᠋ᠨ ᠪᠦᠯᠬᠦᠮ ᠤ᠋ᠨ ᠬᠢᠨ ᠪᠠᠰᠠ ᠶᠡᠬᠡ ᠪᠠᠭ᠍ᠰᠢᠳᠠᠨ ᠤ᠋ ᠲᠤᠷᠱᠢᠯᠭ᠎ᠠ᠂ ᠡᠳ᠋ᠱᠢᠭᠦᠯᠤᠨ ᠪᠤᠯᠪᠠᠰᠤᠷᠠᠭᠤᠯᠬᠤ ᠠᠷᠭ᠎ᠠ ᠪᠣᠳᠣᠯᠭ᠎ᠠ ᠵᠡᠷᠭᠡ ᠭᠤᠤᠯᠯᠠᠬᠤ ᠮᠡᠳᠡᠯᠭᠡ ᠵᠢ ᠲᠣᠭᠠᠨᠴᠢᠯᠠᠭᠰᠠᠨ ᠡᠵᠡᠮᠱᠢᠯ ᠤ᠋ᠨ ᠫᠷᠤᠭ᠌ᠷᠠᠮ ᠳ᠋ᠦ ᠤᠷᠤᠭᠤᠯᠵᠦ᠂ 《ᠵᠢᠷᠤᠭ ᠲᠥᠯᠥᠪᠯᠡᠭᠡ — ᠤᠷ᠎ᠠ ᠮᠡᠷᠭᠡᠱᠢᠯ — ᠦᠶ᠋ᠯᠡᠳᠬᠡᠯ》 ᠤ᠋ᠨ ᠳ᠋ᠠᠢᠲ᠋ᠠ ᠵᠢᠨ ᠬᠡᠯᠬᠢᠶ᠎ᠡ ᠵᠢ ᠨᠡᠪᠲᠡᠷᠡᠭᠦᠯᠤᠨ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠬᠠᠢᠷᠴᠠᠭ ᠤ᠋ᠨ ᠡᠳ᠋ᠱᠢᠭᠦᠯᠤᠨ ᠪᠤᠯᠪᠠᠰᠤᠷᠠᠭᠤᠯᠬᠤ ᠦᠶᠡᠯᠡᠯ ᠤ᠋ᠨ ᠬᠤᠭᠤᠴᠠᠭ᠎ᠠ ᠵᠢ 30% ᠪᠡᠷ ᠪᠣᠭᠣᠨᠢᠰᠭᠠᠵᠤ᠂ ᠭᠠᠭᠴᠠ ᠤᠳᠠᠭ᠎ᠠ ᠵᠢᠨ ᠰᠢᠯᠭᠠᠨ ᠪᠠᠢᠴᠠᠭᠠᠯᠳᠠ ᠳ᠋ᠦ ᠬᠢᠷᠢ ᠲᠡᠩᠴᠡᠭ᠌ᠰᠡᠨ ᠨᠣᠷᠮ᠎ᠠ ᠵᠢ 95% ᠳ᠋ᠤ ᠬᠦᠷᠭᠡᠵᠡᠶ᠃

《ᠪᠢᠳᠡ ᠳᠠᠭᠤᠷᠢᠶᠠᠮᠠᠯ ᠤᠭ᠍ᠰᠠᠷᠠᠯᠲᠠ ᠪᠡᠷ ᠳᠠᠮᠵᠢᠨ᠂ ᠵᠢᠷᠤᠭ ᠲᠥᠯᠥᠪᠯᠡᠭᠡ ᠵᠢᠨ ᠱᠠᠲᠤᠨ ᠳ᠋ᠦ ᠲᠠᠷᠤᠢ ᠲᠤᠬᠠᠶ ᠵᠢᠨ ᠲᠠᠯᠠᠪᠤᠷ ᠤ᠋ᠨ ᠤᠭ᠍ᠰᠠᠷᠠᠯᠲᠠ ᠵᠢ ᠱᠢᠯᠭᠠᠨ ᠨᠤᠲᠠᠯᠠᠬᠤ ᠵᠢᠨ ᠬᠠᠮᠲᠤ ᠵᠢᠭᠠᠨ ᠵᠢᠯᠣᠭᠣᠳᠴᠤ᠌᠂ ᠦᠶ᠋ᠯᠡᠳᠪᠦᠷᠢᠯᠡᠯ ᠤ᠋ᠨ ᠦᠷ᠎ᠡ ᠪᠦᠲᠦᠮᠵᠢ ᠪᠠ ᠤᠭ᠍ᠰᠠᠷᠠᠯᠲᠠ ᠵᠢᠨ ᠶᠠᠰᠤ ᠴᠢᠨᠠᠷ ᠢ᠋ ᠢᠯᠡᠳᠲᠡ ᠳᠡᠭᠡᠭ᠌ᠰᠢᠯᠡᠭᠦᠯᠵᠦ᠍ ᠪᠣᠯᠤᠨ᠎ᠠ》 ᠭᠡᠵᠦ᠍ ᠨᠢᠭᠡᠳᠦᠭᠡᠷ ᠮᠠᠰᠢᠨ ᠮᠸᠬᠠᠨᠢᠭ ᠤ᠋ᠨ ᠪᠦᠯᠦᠭ᠌ᠯᠡᠯ ᠤ᠋ᠨ ᠲᠤᠭᠠᠴᠢᠯᠠᠭᠰᠠᠨ ᠤᠶᠤᠨᠴᠢ ᠮᠡᠷᠭᠡᠵᠢᠯ ᠤ᠋ᠨ ᠢᠨᠵᠧᠨᠧᠷᠢᠩ ᠤ᠋ᠨ ᠰᠤᠳᠤᠯᠬᠤ ᠲᠠᠰᠤᠭ ᠤ᠋ᠨ ᠰᠤᠳᠤᠯᠤᠭ᠍ᠴᠢ ᠬᠤᠤ ᠴᠢᠩ ᠬᠤᠸᠠ ᠲᠠᠨᠢᠯᠴᠠᠭᠤᠯᠪᠠ᠃ ᠲᠤᠰ ᠰᠤᠳᠤᠯᠭᠠᠨ ᠤ᠋ ᠪᠦᠯᠬᠦᠮ ᠨᠢ ᠴᠡᠷᠢᠭ ᠤ᠋ᠨ ᠵᠡᠪᠰᠡᠭ ᠤ᠋ᠨ ᠠᠵᠢᠯ ᠲᠥᠷᠥᠯ ᠳ᠋ᠤ ᠬᠠᠮᠤᠭ ᠤ᠋ᠨ ᠲᠦᠷᠦᠬᠦᠨ ᠳ᠋ᠦ ᠭᠤᠷᠪᠠᠨ ᠬᠡᠮᠵᠢᠯᠳᠦ ᠭᠠᠷ ᠤᠷᠠᠯᠠᠯ ᠤ᠋ᠨ ᠵᠢᠷᠤᠭ ᠲᠥᠯᠥᠪᠯᠡᠭᠡ ᠵᠢᠴᠢ ᠲᠣᠭᠠᠴᠢᠯᠠᠭᠰᠠᠨ ᠵᠤᠢᠷᠠᠢ ᠮᠡᠷᠭᠡᠵᠢᠯ ᠤ᠋ᠨ ᠬᠡᠷᠡᠭ᠌ᠯᠡᠭᠡᠨ ᠤ᠋ ᠬᠤᠭᠤᠰᠤᠨ ᠢ᠋ ᠨᠦᠬᠦᠪᠦᠷᠢᠯᠡᠪᠡ᠃

ᠣᠢᠷ᠎ᠠ ᠳ᠋ᠦ ᠪᠤᠭᠤᠲᠤ ᠬᠣᠲᠠ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠶᠠᠮᠤᠨ᠂ ᠡᠳ᠋ ᠤ᠋ᠨ ᠵᠠᠰᠠᠭ ᠤ᠋ᠨ ᠶᠠᠮᠤᠨ ᠡᠴᠡ ᠵᠠᠷᠯᠠᠨ ᠨᠡᠢᠳᠡᠯᠡᠭᠰᠡᠨ 2025 ᠣᠨ ᠤ᠋ ᠦᠶ᠋ᠯᠡᠳᠬᠦ᠌ ᠦᠶ᠋ᠯᠡᠰ ᠤ᠋ᠨ ᠱᠢᠨ᠎ᠡ ᠬᠡᠯᠪᠡᠷᠢ ᠵᠢᠨ ᠮᠡᠷᠭᠡᠵᠢᠯ ᠤ᠋ᠨ ᠥᠭᠡᠷᠡᠴᠢᠯᠡᠯᠲᠡ ᠵᠢᠨ ᠬᠣᠲᠠ ᠵᠢᠨ ᠲᠤᠷᠱᠢᠯᠲᠠ ᠵᠢᠨ ᠴᠡᠭ ᠲᠣ᠌ ᠰᠤᠩᠭᠤᠭᠳᠠᠨ ᠤᠷᠤᠵᠤ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠡᠴᠡ ᠰᠣᠩᠭᠣᠭ᠍ᠳᠠᠭ᠍ᠰᠠᠨ ᠠᠩᠬᠠᠳᠠᠭ᠍ᠴᠢ ᠬᠣᠳᠠ ᠪᠣᠯᠵᠣ᠂ ᠲᠥᠪ ᠤ᠋ᠨ ᠡᠳ᠋ ᠤ᠋ᠨ ᠵᠠᠰᠠᠭ ᠤ᠋ᠨ 3 ᠳ᠋ᠦᠩᠱᠢᠭᠤᠷ ᠲᠥᠭᠥᠷᠢᠭ ᠤ᠋ᠨ ᠱᠠᠩᠨᠠᠯ ᠨᠥᠬᠥᠪᠥᠷᠢ ᠵᠢᠨ ᠪᠠᠯᠠ ᠮᠥᠩᠭᠥ ᠵᠢ ᠭᠥᠷᠳᠡᠬᠦ᠌ ᠪᠣᠯᠤᠨ᠎ᠠ᠃ ᠪᠤᠭᠤᠲᠤ ᠬᠣᠲᠠ ᠡᠭᠦᠨ ᠵᠢᠡᠷ ᠠᠵᠠ ᠲᠣᠬᠢᠶᠠᠯ ᠪᠣᠯᠭᠠᠨ 《ᠴᠡᠭ — ᠱᠤᠭᠤᠮ — ᠲᠠᠯ᠎ᠠ》 ᠵᠢᠨ ᠲᠣᠭᠣᠷᠢᠨ ᠳ᠋ᠦ 12 ᠵᠦᠶ᠋ᠯ ᠤ᠋ᠨ ᠭᠤᠤᠯᠳᠠᠯᠭ᠎ᠠ ᠲᠠᠢ ᠡᠭᠦᠷᠭᠡ᠂ 20 ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠢ᠋ ᠪᠠᠢᠷᠢᠯᠠᠭᠤᠯᠵᠤ᠂ ᠪᠥᠬᠥ᠌ ᠦᠶᠡᠯᠡᠯ ᠤ᠋ᠨ ᠬᠤᠭᠤᠴᠠᠭᠠᠨ ᠤ᠋ ᠠᠵᠢᠯ ᠤ᠋ᠨ ᠲᠣᠭ᠍ᠲᠠᠴᠠ ᠵᠢ ᠪᠠᠢᠭᠤᠯᠤᠨ᠂ ᠦᠶ᠋ᠯᠡᠳᠬᠦ᠌ ᠦᠶ᠋ᠯᠡᠰ ᠤ᠋ᠨ ᠳᠡᠭᠡᠳᠦ ᠲᠡᠰᠵᠢᠭᠰᠡᠨ᠂ ᠤᠶᠤᠨᠴᠢᠯᠠᠭᠰᠠᠨ᠂ ᠪᠣᠬᠢᠷᠲᠤᠯ ᠥᠬᠡᠢ ᠲᠡᠢᠰᠢ ᠠᠭᠤᠰᠤᠯᠴᠠᠨ ᠬᠥᠭ᠌ᠵᠢᠬᠦ᠌ ᠵᠢ ᠪᠥᠬᠥ᠌ ᠬᠦᠴᠦᠨ ᠵᠢᠡᠷ ᠵᠢᠡᠨ ᠠᠬᠢᠭᠤᠯᠵᠤ᠂ ᠪᠠᠷᠠᠭᠤᠨ ᠣᠷᠣᠨ ᠴᠢᠨᠠᠭ᠍ᠰᠢᠯᠠᠪᠠᠯ ᠪᠥᠬᠥ᠌ ᠤᠯᠤᠰ ᠲᠣ᠌ ᠠᠵᠦ ᠦᠢᠯᠡᠳᠪᠦᠷᠢᠵᠢᠯᠳᠡ ᠮᠡᠳᠡᠭᠡ ᠵᠠᠩᠬᠢᠴᠢᠯᠠᠯᠳᠠ ᠪᠠ ᠤᠶᠤᠨᠴᠢᠯᠠᠯᠳᠠ ᠵᠢ ᠠᠭᠤᠰᠤᠯᠴᠠᠭᠤᠯᠤᠭ᠍ᠰᠠᠨ ᠠᠩᠬᠠᠨ ᠤ᠋ ᠵᠢᠱ᠌ᠢᠶ᠎ᠡ ᠵᠢ ᠡᠭᠦᠳᠴᠦ᠂ ᠪᠥᠬᠥ᠌ ᠤᠯᠤᠰ ᠤ᠋ᠨ ᠤᠯᠠᠮᠵᠢᠯᠠᠯᠲᠤ ᠠᠵᠤ ᠦᠶ᠋ᠯᠡᠰ ᠤ᠋ᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦᠯᠬᠦ ᠳ᠋ᠤ ᠲᠣᠯᠢ ᠪᠣᠯᠭᠠᠬᠤ 《ᠪᠤᠭᠤᠲᠤ ᠵᠢᠨ ᠲᠥᠰᠦᠯ》 ᠢ᠋ ᠬᠠᠩᠭᠠᠬᠤ ᠪᠡᠷ ᠴᠢᠷᠮᠠᠢᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号