— ᠦᠪᠦᠷ ᠮᠤᠩᠭᠤᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠤᠭᠰᠠᠨ》 ᠲᠡᠮᠲᠡᠭᠯᠡᠯ ⑤
ᠬᠥᠬᠡᠬᠣᠲᠠ᠎ᠶᠢᠨ ᠬᠣᠷᠢᠨᠭᠡᠷ ᠰᠢᠨ᠎ᠡ ᠲᠣᠭᠣᠷᠢᠭ᠋᠎ᠲᠤ ᠬᠦᠷᠬᠦᠶ᠎ᠡ᠂ ᠠᠭᠠᠷ ᠰᠠᠨᠰᠠᠷ᠎ᠤᠨ ᠬᠡᠮᠵᠢᠭᠦᠷ ᠠᠯᠤᠰᠯᠠᠭᠰᠠᠨ ᠬᠡᠮᠵᠢᠯᠳᠡ ᠵᠢᠨ ᠰᠠᠭᠤᠷᠢ ᠪᠠᠷᠢᠮᠵᠢᠶ᠎ᠠ ᠵᠢᠨ ᠰᠢᠨᠵᠢᠯᠡᠬᠦ ᠤᠬᠠᠭᠠᠨ᠎ᠤ ᠲᠤᠮᠤ ᠲᠤᠨᠤᠭᠯᠠᠯ᠎ᠤᠨ ᠪᠦᠲᠦᠭᠡᠨ ᠪᠠᠢᠭᠤᠯᠤᠯᠲᠠ᠎ᠶᠢᠨ ᠠᠬᠤᠢ ᠲᠠᠯᠠᠪᠠᠢ᠎ᠳᠤ ᠠᠵᠢᠯᠴᠢᠳ ᠴᠠᠭ ᠮᠦᠴᠡ ᠲᠠᠢ ᠤᠷᠤᠯᠳᠤᠨ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠪᠦᠬᠦ ᠬᠦᠴᠦᠨ᠎ᠢᠶᠡᠷ ᠵᠢᠡᠨ ᠠᠬᠢᠭᠤᠯᠵᠤ ᠪᠠᠢᠯ᠎ᠠ᠃ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 《ᠪᠦᠰᠡᠯᠡᠯᠲᠡ ᠰᠢᠪᠲᠤᠯᠬᠤ》 ᠭᠣᠣᠯᠳᠠᠯᠭ᠎ᠠ ᠲᠠᠢ ᠲᠦᠷᠦᠯ ᠵᠦᠢᠯ ᠪᠣᠯᠤᠭᠰᠠᠨ᠎ᠤ ᠬᠤᠪᠢ᠎ᠳᠤ᠂ ᠠᠭᠠᠷ ᠰᠠᠨᠰᠠᠷ᠎ᠤᠨ ᠬᠡᠮᠵᠢᠭᠦᠷ ᠠᠯᠤᠰᠯᠠᠭᠰᠠᠨ ᠬᠡᠮᠵᠢᠯᠳᠡ ᠵᠢᠨ ᠰᠠᠭᠤᠷᠢ ᠪᠠᠷᠢᠮᠵᠢᠶ᠎ᠠ ᠵᠢᠨ ᠰᠢᠨᠵᠢᠯᠡᠬᠦ ᠤᠬᠠᠭᠠᠨ᠎ᠤ ᠲᠤᠮᠤ ᠲᠤᠨᠤᠭᠯᠠᠯ ᠨᠢ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠤᠯᠤᠰ᠎ᠤᠨ ᠪᠠᠲᠤᠯᠠᠨ ᠬᠠᠮᠠᠭᠠᠯᠠᠯᠲᠠ᠎ᠶᠢᠨ ᠠᠮᠤᠷ ᠲᠦᠪᠰᠢᠨ᠂ ᠣᠶᠤᠨᠲᠤ ᠲᠣᠨᠣᠭᠯᠠᠯ ᠦᠢᠯᠡᠳᠬᠦ ᠵᠡᠷᠭᠡ ᠬᠦᠷᠢᠶᠡᠨ᠎ᠦ ᠬᠡᠮᠵᠢᠭᠦᠷ᠎ᠤᠨ ᠭᠣᠣᠯ ᠡᠭᠦᠷᠭᠡ᠎ᠶᠢ ᠠᠴᠢᠶᠠᠯᠠᠵᠤ᠂ ᠪᠠᠢᠭᠤᠯᠵᠤ ᠳᠠᠭᠤᠰᠤᠭᠰᠠᠨ᠎ᠤ ᠲᠠᠷᠠᠭ᠎ᠠ ᠨᠠᠨᠦᠮᠧᠲᠷ᠎ᠤᠨ ᠲᠡᠰ᠎ᠠᠴᠠ ᠺᠢᠯᠤᠮᠧᠲᠷ᠎ᠤᠨ ᠲᠡᠰ ᠬᠦᠷᠲᠡᠯᠡᠬᠢ ᠭᠡᠳᠤ ᠨᠠᠷᠢᠯᠢᠭ᠋ ᠤᠷᠳᠤ᠎ᠶᠢᠨ ᠬᠡᠮᠵᠢᠭᠦᠷ᠎ᠢ ᠪᠡᠶᠡᠯᠡᠭᠦᠯᠵᠦ᠂ ᠬᠡᠮᠵᠢᠭᠦᠷ ᠠᠯᠤᠰᠯᠠᠭᠰᠠᠨ ᠬᠡᠮᠵᠢᠯᠳᠡ ᠵᠢᠨ ᠰᠠᠭᠤᠷᠢ ᠪᠠᠷᠢᠮᠵᠢᠶᠠᠨ᠎ᠤ ᠰᠢᠰᠲᠧᠮ᠎ᠢ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢ ᠪᠡᠶᠡᠯᠡᠭᠦᠯᠬᠦ ᠪᠣᠯᠣᠨ᠎ᠠ᠃
《ᠡᠨᠡᠬᠦ ᠲᠣᠨᠣᠭᠯᠠᠯ ᠢᠷᠡᠭᠡᠳᠦᠢ᠎ᠳᠦ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠠᠭᠤᠷᠢ ᠲᠥᠬᠦᠭᠡᠷᠦᠮᠵᠢ᠎ᠶᠢ ᠠᠴᠢᠶᠠᠯᠠᠬᠤ ᠪᠤᠯᠤᠨ᠎ᠠ᠂ ᠲᠣᠰ ᠲᠥᠷᠥᠯ ᠵᠦᠢᠯ᠎ᠢ 2024 ᠤᠨ᠎ᠤ 5 ᠰᠠᠷ᠎ᠠ᠎ᠳᠤ ᠡᠬᠢᠯᠡᠭᠦᠯᠵᠦ᠂ ᠵᠢᠱ᠌ᠢᠯᠲᠡ᠎ᠪᠡᠷ 2026 ᠣᠨ᠎ᠳᠤ ᠪᠠᠢᠭᠤᠯᠤᠨ ᠳᠠᠭᠤᠰᠬᠠᠵᠤ ᠠᠰᠢᠭ᠍ᠯᠠᠯᠲᠠ᠎ᠳᠤ ᠣᠷᠣᠭᠤᠯᠤᠨ᠎ᠠ᠂ ᠲᠥᠷᠥᠯ ᠵᠦᠢᠯ᠎ᠦᠨ ᠠᠬᠢᠴᠠ᠎ᠶᠢ ᠪᠠᠲᠤᠯᠠᠬᠤ᠎ᠶᠢᠨ ᠲᠥᠯᠥᠭᠡ᠂ ᠪᠢᠳᠡ ᠲᠥᠷᠥᠯ ᠵᠦᠢᠯ᠎ᠦᠨ ᠵᠠᠩᠭᠢᠯᠠᠭ᠎ᠠ᠎ᠶᠢᠨ ᠭᠤᠭᠴᠤᠭ᠎ᠠ ᠵᠢ ᠴᠢᠩᠭ᠎ᠠ ᠠᠩᠬᠠᠷᠴᠤ᠂ ᠠᠵᠢᠯ᠎ᠤᠨ ᠬᠤᠭᠤᠴᠠᠭ᠎ᠠ᠎ᠶᠢ ᠲᠤᠳᠤᠷᠬᠠᠢᠯᠠᠵᠤ᠂ ᠬᠥᠮᠥᠨ᠂ ᠡᠳ᠋ ᠪᠣᠳᠠᠰ᠂ ᠮᠧᠬᠠᠨᠢᠭ᠋᠎ᠤᠨ ᠨᠥᠭᠡᠴᠡ᠎ᠶᠢ ᠨᠡᠮᠡᠭᠳᠡᠭᠦᠯᠵᠦ᠂ ᠪᠠᠷᠢᠯᠭ᠎ᠠ᠎ᠶᠢᠨ ᠠᠵᠢᠯ᠎ᠤᠨ ᠲᠥᠯᠥᠪᠯᠡᠭᠡ᠎ᠶᠢ ᠵᠦᠢ ᠵᠣᠬᠢᠰᠲᠠᠢ ᠲᠣᠬᠢᠷᠠᠭᠤᠯᠵᠤ ᠪᠠᠢᠨ᠎ᠠ》 ᠭᠡᠵᠦ ᠬᠣᠷᠢᠨᠭᠡᠷ ᠰᠢᠨ᠎ᠡ ᠲᠣᠭᠣᠷᠢᠭ᠋᠎ᠤᠨ ᠠᠵᠤ ᠦᠢᠯᠡᠰ᠎ᠦᠨ ᠬᠥᠭᠵᠢᠯᠲᠡ᠎ᠶᠢᠨ ᠬᠢᠵᠠᠭᠠᠷᠲᠤ ᠺᠣᠮᠫᠠᠨᠢ᠎ᠶᠢᠨ ᠠᠵᠢᠯᠲᠠᠨ ᠲᠠᠨᠢᠯᠴᠠᠭᠤᠯᠪᠠ᠃
ᠲᠤᠰ ᠲᠦᠷᠦᠯ ᠵᠦᠢᠯ᠎ᠢ ᠬᠥᠬᠡᠬᠣᠲᠠ᠎ᠶᠢᠨ ᠵᠠᠰᠠᠭ᠎ᠤᠨ ᠣᠷᠳᠣᠨ᠎ᠠᠴᠠ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠲᠠᠢ ᠬᠣᠯᠪᠣᠭᠠᠯᠠᠨ᠂ ᠬᠣᠶᠠᠷ ᠲᠠᠯ᠎ᠠ᠎ᠶᠢᠨ ᠬᠠᠮᠲᠤᠷᠠᠨ ᠪᠠᠢᠭᠤᠯᠤᠭᠰᠠᠨ ᠥᠪᠥᠷ ᠮᠣᠩᠭᠣᠯ᠎ᠤᠨ ᠣᠶᠤᠨᠲᠤ ᠦᠢᠯᠡᠳᠬᠡᠯ᠎ᠤᠨ ᠦᠢᠯᠡᠰ᠎ᠦᠨ ᠰᠤᠳᠤᠯᠭᠠᠨ᠎ᠤ ᠬᠦᠷᠢᠶᠡᠯᠡᠩ ᠵᠡᠷᠭᠡ ᠲᠠᠪᠴᠠᠩ᠎ᠳᠤ ᠲᠦᠰᠢᠭᠯᠡᠨ᠂ ᠳᠤᠮᠳᠠᠳᠤ ᠤᠯᠤᠰ᠎ᠤᠨ ᠢᠨᠵᠧᠨᠧᠷᠢᠩ᠎ᠦᠨ ᠹᠢᠽᠢᠺ᠎ᠤᠨ ᠰᠤᠳᠤᠯᠭᠠᠨ᠎ᠤ ᠬᠦᠷᠢᠶᠡᠯᠡᠩ᠂ ᠳᠤᠮᠳᠠᠳᠤ ᠤᠯᠤᠰ᠎ᠤᠨ ᠬᠡᠮᠵᠢᠯᠲᠡ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠂ ᠰᠠᠨᠰᠠᠷ᠎ᠤᠨ ᠠᠶᠠᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠪᠦᠯᠦᠭᠯᠡᠯ ᠵᠡᠷᠭᠡ 《ᠤᠯᠤᠰ᠎ᠤᠨ ᠲᠡᠮᠲᠡᠭᠲᠦ》 ᠪᠦᠯᠬᠦᠮ ᠲᠠᠢ ᠬᠠᠮᠲᠤᠷᠠᠯᠴᠠᠨ᠂ 《ᠠᠵᠤ ᠦᠢᠯᠡᠰ᠎ᠦᠨ ᠺᠣᠮᠫᠠᠨᠢ + ᠰᠤᠳᠤᠯᠭᠠᠨ᠎ᠤ ᠬᠦᠷᠢᠶᠡᠯᠡᠩ》᠎ᠤ᠋ᠨ ᠵᠠᠭᠪᠤᠷ᠎ᠢ ᠬᠡᠷᠡᠭᠯᠡᠨ᠂ 《ᠲᠡᠭᠷᠢ ᠭᠠᠵᠠᠷ᠎ᠢ ᠨᠢᠭᠡ ᠴᠣᠭᠴᠠᠵᠢᠭᠤᠯᠬᠤ᠂ ᠴᠠᠭ ᠪᠠ ᠣᠷᠣᠨ ᠵᠠᠢ᠎ᠶᠢ ᠨᠢᠭᠡᠳᠬᠡᠬᠦ》 ᠠᠶᠠᠯᠠᠯ ᠵᠠᠮᠴᠢᠯᠠᠭᠤᠷ᠎ᠤᠨ ᠣᠷᠣᠨ ᠪᠠᠢᠷᠢ ᠲᠣᠭᠲᠠᠭᠠᠬᠤ ᠬᠡᠮᠵᠢᠯᠲᠡ᠎ᠶᠢᠨ ᠰᠠᠭᠤᠷᠢ ᠪᠠᠷᠢᠮᠵᠢᠶ᠎ᠠ ᠪᠣᠯᠣᠨ ᠲᠣᠨᠣᠭᠯᠠᠯ᠎ᠤᠨ ᠰᠢᠰᠲᠧᠮ᠎ᠢ ᠪᠠᠶ᠋ᠢᠭᠤᠯᠬᠤ᠎ᠪᠠᠷ ᠬᠠᠷᠠᠯᠲᠠ ᠪᠣᠯᠭᠠᠵᠤ᠂ ᠠᠭᠠᠷ ᠰᠠᠨᠰᠠᠷ᠎ᠤᠨ ᠬᠡᠮᠵᠢᠭᠦᠷ ᠠᠯᠤᠰᠯᠠᠭᠰᠠᠨ ᠬᠡᠮᠵᠢᠯᠲᠡ᠎ᠶᠢᠨ ᠵᠠᠩᠭᠢᠯᠠᠭ᠎ᠠ᠎ᠶᠢᠨ ᠮᠡᠷᠭᠡᠵᠢᠯ᠎ᠦᠨ ᠥᠷᠢᠰᠦᠯᠳᠦᠭᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠤᠯᠤᠰ᠎ᠲᠠᠭᠠᠨ ᠦᠢᠯᠡᠳᠪᠦᠷᠢᠯᠡᠭᠰᠡᠨ ᠴᠢᠳᠠᠮᠵᠢ ᠰᠠᠢᠲᠠᠢ ᠭᠡᠷᠡᠯᠲᠦ ᠰᠠᠷᠠᠯᠵᠢ᠎ᠶᠢᠨ ᠬᠡᠮᠵᠢᠯᠲᠡ᠎ᠶᠢᠨ ᠰᠢᠰᠲᠧᠮ ᠪᠣᠯᠣᠨ ᠠᠯᠳᠠᠭ᠎ᠠ ᠵᠦᠷᠢᠶ᠎ᠡ ᠵᠢ ᠰᠠᠯᠭᠠᠬᠤ ᠮᠡᠷᠭᠡᠵᠢᠯ᠎ᠢ ᠪᠦᠲᠦᠭᠡᠯᠴᠢ ᠪᠡᠷ ᠠᠭᠤᠰᠤᠯᠴᠠᠭᠤᠯᠵᠤ᠂ ᠤᠯᠤᠰ᠎ᠤᠨ ᠳᠣᠲᠣᠭᠠᠳᠤ᠎ᠶᠢᠨ ᠠᠩᠬᠠᠳᠠᠭ᠍ᠴᠢ᠂ ᠳᠡᠯᠡᠬᠡᠢ ᠵᠢᠨ ᠲᠡᠷᠢᠭᠦᠨ᠎ᠤ ᠬᠡᠮᠵᠢᠭᠦᠷ ᠠᠯᠤᠰᠯᠠᠭᠰᠠᠨ ᠬᠡᠮᠵᠢᠯᠲᠡ ᠵᠢᠨ ᠰᠠᠭᠤᠷᠢ ᠪᠠᠷᠢᠮᠵᠢᠶ᠎ᠡ ᠵᠢᠨ ᠲᠣᠨᠣᠭᠯᠠᠯ᠎ᠢ ᠴᠢᠷᠮᠠᠢᠨ ᠪᠦᠲᠦᠭᠡᠨ ᠪᠠᠶ᠋ᠢᠭᠤᠯᠵᠤ᠂ ᠬᠡᠳᠦ ᠨᠠᠷᠢᠯᠢᠭ ᠬᠡᠮᠵᠢᠯᠲᠡ ᠵᠢ ᠪᠡᠶᠡᠯᠡᠭᠦᠯᠬᠦ ᠪᠤᠯᠤᠨ᠎ᠠ᠃ ᠤᠳᠤᠬᠠᠨ᠎ᠳᠤ ᠲᠤᠰ ᠲᠦᠷᠦᠯ ᠵᠦᠢᠯ᠎ᠤᠨ ᠭᠤᠤᠯ ᠴᠤᠭᠴᠠ ᠵᠢᠨ ᠪᠦᠳᠦᠭᠡᠨ ᠪᠠᠢᠭᠤᠯᠤᠯᠲᠠ ᠨᠢᠭᠡᠨᠲᠡ ᠵᠠᠩᠭᠢᠯᠠᠭ᠎ᠠ ᠵᠢᠨ ᠱᠠᠳᠤᠨ᠎ᠳᠤ ᠤᠷᠤᠵᠤ᠂ ᠳᠡᠯᠡᠬᠡᠢ ᠵᠢᠨ ᠲᠡᠷᠢᠭᠦᠨ᠎ᠦ ᠦᠢᠯᠡᠳᠬᠦᠨ᠎ᠦ ᠮᠡᠷᠭᠡᠵᠢᠯ᠎ᠦᠨ ᠭᠦᠢᠴᠡᠳᠬᠡᠯ ᠲᠣᠭ᠎ᠠ ᠪᠡᠷ ᠬᠠᠷᠭᠤᠭᠤᠯᠤᠨ ᠪᠠᠷᠢᠮᠵᠢᠶᠠᠯᠠᠵᠤ᠂ ᠤᠯᠤᠰ᠎ᠤᠨ ᠬᠡᠮᠵᠢᠯᠲᠡ᠎ᠶᠢᠨ ᠰᠢᠰᠲᠧᠮ᠎ᠦᠨ ᠲᠠᠯ᠎ᠠ᠎ᠳ᠋ᠤ ᠳᠤᠮᠳᠠᠳᠤ ᠤᠯᠤᠰ᠎ᠤᠨ ᠰᠢᠨᠵᠢᠯᠡᠬᠦ ᠤᠬᠠᠭᠠᠨ᠂ ᠠᠵᠤ ᠦᠢᠯᠡᠳᠪᠦᠷᠢ ᠵᠢᠨ ᠬᠥᠭᠵᠢᠯᠲᠡ᠎ᠶᠢᠨ ᠰᠢᠰᠲᠧᠮ ᠯᠤᠭᠡ ᠨᠡᠢᠴᠡᠬᠦ ᠬᠡᠮᠵᠢᠭᠳᠡᠬᠦᠨᠦ ᠤᠭ ᠦᠨᠳᠦᠰᠦ ᠵᠢ ᠡᠷᠢᠬᠦ ᠮᠡᠷᠭᠡᠵᠢᠯ᠎ᠦᠨ ᠰᠢᠰᠲᠧᠮ᠎ᠢ ᠪᠠᠢᠭᠤᠯᠵᠤ᠂ ᠮᠠᠨ᠎ᠤ ᠤᠯᠤᠰ᠎ᠤᠨ ᠠᠭᠠᠷ ᠰᠠᠨᠰᠠᠷ᠎ᠤᠨ ᠮᠡᠷᠭᠡᠵᠢᠯ᠎ᠦᠨ ᠵᠠᠩᠭᠢᠯᠠᠭ᠎ᠠ᠎ᠶᠢᠨ ᠬᠦᠷᠢᠶᠡᠨ᠎ᠳᠡᠬᠢ ᠭᠣᠣᠯᠯᠠᠬᠤ ᠮᠡᠷᠭᠡᠵᠢᠯ᠎ᠢ ᠪᠡᠶ᠎ᠡ᠎ᠪᠡᠨ ᠳᠠᠭᠠᠭᠠᠨ ᠡᠵᠡᠮᠳᠡᠵᠦ ᠵᠠᠩᠭᠢᠯᠠᠭ᠎ᠠ᠎ᠶᠢᠨ ᠰᠡᠯᠪᠢᠭ ᠲᠣᠨᠣᠭ ᠦᠢᠯᠡᠳᠪᠦᠷᠢᠯᠡᠬᠦ᠎ᠶᠢ ᠪᠡᠶᠡᠯᠡᠭᠦᠯᠬᠦ ᠪᠡᠷ ᠰᠢᠪᠳᠤᠯᠤᠯᠳᠠ ᠬᠢᠵᠦ ᠪᠤᠢ᠃
2026 ᠣᠨ᠎ᠢ ᠪᠠᠷᠠᠯᠠᠬᠤᠶ᠎ᠠ᠂ ᠠᠭᠠᠷ ᠰᠠᠨᠰᠠᠷ᠎ᠤᠨ ᠬᠡᠮᠵᠢᠭᠦᠷ ᠠᠯᠤᠰᠯᠠᠭᠰᠠᠨ ᠬᠡᠮᠵᠢᠯᠲᠡ ᠵᠢᠨ ᠰᠠᠭᠤᠷᠢ ᠪᠠᠷᠢᠮᠵᠢᠶ᠎ᠠ ᠵᠢᠨ ᠰᠢᠨᠵᠢᠯᠡᠬᠦ ᠤᠬᠠᠭᠠᠨ᠎ᠤ ᠲᠤᠮᠤ ᠲᠤᠨᠤᠭᠯᠠᠯ᠎ᠤᠨ ᠪᠦᠲᠦᠭᠡᠨ ᠪᠠᠢᠭᠤᠯᠤᠯᠳᠠ ᠠᠰᠢᠭᠯᠠᠯᠲᠠ᠎ᠳᠤ ᠤᠷᠤᠵᠤ᠂ ᠮᠠᠨ᠎ᠤ ᠤᠯᠤᠰ᠎ᠤᠨ ᠠᠭᠠᠷ ᠰᠠᠨᠰᠠᠷ᠎ᠤᠨ ᠬᠡᠮᠵᠢᠯᠲᠡ ᠵᠢᠨ ᠮᠡᠷᠭᠡᠵᠢᠯ᠎ᠦᠨ ᠰᠢᠨ᠎ᠡ ᠪᠠᠢᠷᠢᠰᠢᠯ᠎ᠢ ᠪᠤᠢ ᠪᠣᠯᠭᠠᠬᠤ᠎ᠪᠠᠷ ᠪᠠᠷᠠᠬᠤ ᠦᠭᠡᠢ᠂ ᠨᠡᠩ ᠴᠤ᠌ ᠮᠠᠨ᠎ᠤ ᠤᠷᠤᠨ᠎ᠤ ᠡᠨᠧᠷᠭᠢ᠎ᠶᠢᠨ ᠶᠡᠬᠡ ᠮᠤᠵᠢ ᠤᠷᠤᠨ᠎ᠠᠴᠠ 《ᠣᠶᠤᠨᠲᠤ ᠦᠢᠯᠡᠳᠬᠡᠯ᠎ᠦᠨ ᠥᠨᠳᠥᠷᠯᠢᠭ》 ᠲᠡᠢᠰᠢ ᠬᠡᠯᠪᠡᠷᠢ᠎ᠪᠡᠨ ᠬᠤᠪᠢᠷᠠᠭᠤᠯᠬᠤ ᠬᠦᠴᠦᠲᠦ ᠬᠥᠳᠡᠯᠭᠡᠭᠦᠷ ᠪᠣᠯᠣᠨ᠎ᠠ᠃