《ᠰᠢᠭᠦᠬᠦ ᠬᠣᠷᠢᠶ᠎ᠡ᠎ᠡᠴᠡ 〈ᠦᠨᠡᠨᠴᠢ ᠢᠲᠡᠭᠡᠮᠵᠢ ᠵᠢ ᠪᠠᠷᠢᠮᠳᠠᠯᠠᠵᠤ ᠤᠬᠠᠮᠰᠠᠷ ᠡᠴᠡ ᠪᠠᠨ ᠭᠦᠢᠴᠡᠳᠬᠡᠭᠰᠡᠨ ᠭᠡᠷᠡᠴᠢ ᠪᠢᠴᠢᠭ〉 ᠭᠠᠷᠭᠠᠨ ᠥᠭᠴᠦ᠂ ᠪᠢᠳᠡᠨ᠎ᠦ ᠰᠠᠨᠠᠭᠠᠴᠢᠯᠠᠭ᠎ᠠ᠎ᠡᠴᠡ᠎ᠪᠠᠨ ᠡᠭᠦᠷᠭᠡ ᠪᠡᠨ ᠭᠦᠢᠴᠡᠳᠬᠡᠭᠰᠡᠨ ᠲᠤᠬᠠᠢ ᠭᠡᠷᠡᠴᠢ ᠬᠠᠩᠭᠠᠵᠤ ᠥᠭᠭᠦᠭᠰᠡᠨ᠎ᠳᠦ ᠲᠠᠯᠠᠷᠬᠠᠵᠤ ᠪᠠᠢᠨ᠎ᠠ᠂ ᠺᠣᠮᠫᠠᠨᠢ᠎ᠶᠢᠨ ᠬᠣᠢᠰᠢᠳᠠ᠎ᠶᠢᠨ ᠲᠤᠬᠠᠢᠯᠠᠭᠰᠠᠨ ᠠᠵᠢᠯ᠎ᠤᠨ ᠬᠥᠭᠵᠢᠯᠲᠡ᠎ᠶᠢ ᠨᠥᠯᠥᠭᠡᠯᠡᠬᠦ ᠦᠭᠡᠢ》 ᠭᠡᠵᠦ ᠭᠦᠢᠴᠡᠳᠬᠡᠭᠳᠡᠬᠦ ᠺᠣᠮᠫᠠᠨᠢ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ᠃
ᠲᠦᠷᠦᠭᠦᠬᠡᠨ ᠣᠷᠳᠣᠰ ᠬᠣᠲᠠ᠎ᠶᠢᠨ ᠣᠲᠣᠭ ᠬᠣᠰᠢᠭᠤᠨ᠎ᠤ ᠠᠷᠠᠳ᠎ᠤᠨ ᠰᠢᠭᠦᠬᠦ ᠬᠣᠷᠢᠶ᠎ᠠ᠎ᠶᠢᠨ ᠰᠢᠢᠳᠪᠦᠷᠢᠯᠡᠭᠰᠡᠨ ᠨᠢᠬᠡᠨ ᠬᠥᠳᠡᠯᠮᠦᠷᠢ ᠦᠢᠯᠡᠴᠢᠯᠡᠭᠡᠨ᠎ᠦ ᠵᠠᠭᠤᠷᠠᠯᠳᠤᠭᠠᠨ᠎ᠤ ᠬᠡᠷᠡᠭ᠎ᠲᠦ᠂ ᠬᠡᠷᠡᠭ᠎ᠢ ᠭᠦᠢᠴᠡᠳᠬᠡᠬᠦ ᠺᠠᠳ᠋ᠷ ᠴᠠᠭᠳᠠᠭ᠎ᠠ ᠵᠠᠳᠠᠯᠤᠯᠲᠠ ᠬᠢᠬᠦ ᠪᠡᠷ ᠳᠡᠮᠵᠢᠨ ᠬᠡᠷᠡᠭ᠎ᠲᠦ ᠬᠣᠯᠪᠣᠭᠳᠠᠭᠰᠠᠨ ᠺᠣᠮᠫᠠᠨᠢ᠎ᠶᠢᠨ ᠭᠦᠢᠴᠡᠳᠬᠡᠬᠦ ᠴᠢᠳᠠᠪᠤᠷᠢ ᠨᠡᠯᠢᠶᠡᠳ ᠴᠢᠩᠭ᠎ᠠ᠂ ᠰᠠᠨᠠᠭᠠᠴᠢᠯᠠᠭ᠎ᠠ᠎ᠡᠴᠡ ᠪᠠᠨ ᠡᠭᠦᠷᠭᠡ᠎ᠪᠡᠨ ᠭᠦᠢᠴᠡᠳᠬᠡᠬᠦ ᠪᠣᠯᠣᠮᠵᠢ ᠨᠡᠯᠢᠶᠡᠳ ᠶᠡᠬᠡ ᠭᠡᠵᠦ ᠦᠵᠡᠭᠡᠳ᠂ ᠬᠡᠷᠡᠭ ᠪᠣᠯᠭᠠᠨ ᠳᠡᠩᠰᠡᠯᠡᠬᠦ᠎ᠡᠴᠡ ᠡᠮᠦᠨ᠎ᠡ ᠬᠡᠷᠡᠭ᠎ᠲᠦ ᠬᠣᠯᠪᠣᠭᠳᠠᠭᠰᠠᠨ ᠺᠣᠮᠫᠠᠨᠢ᠎ᠳᠤ 《ᠭᠦᠢᠴᠡᠳᠬᠡᠬᠦ᠎ᠡᠴᠡ ᠡᠮᠦᠨᠡᠬᠢ ᠱᠠᠯᠠᠪᠳᠠᠭᠤᠯᠤᠨ ᠭᠦᠢᠴᠡᠳᠬᠡᠭᠦᠯᠬᠦ ᠮᠡᠳᠡᠭᠳᠡᠯ᠎ᠤᠨ ᠪᠢᠴᠢᠭ》 ᠭᠠᠷᠭᠠᠪᠠ᠃ ᠡᠭᠦᠨ ᠳᠤ ᠲᠤᠰ ᠺᠣᠮᠫᠠᠨᠢ ᠢᠳᠡᠪᠬᠢᠲᠡᠢ᠎ᠪᠡᠷ ᠭᠦᠢᠴᠡᠳᠬᠡᠵᠦ᠂ ᠭᠦᠢᠴᠡᠳᠬᠡᠬᠦ ᠵᠣᠭᠣᠰ᠎ᠢᠶᠠᠨ ᠭᠦᠢᠴᠡᠳᠬᠡᠭᠦᠯᠬᠦ ᠪᠡᠷ ᠭᠤᠶᠤᠴᠢᠯᠠᠭ᠍ᠴᠢ᠎ᠳᠤ ᠲᠤᠰᠢᠶᠠᠨ ᠥᠭᠴᠦ᠂ ᠤᠲᠤᠭ ᠬᠣᠰᠢᠭᠤᠨ᠎ᠤ ᠠᠷᠠᠳ᠎ᠤᠨ ᠰᠢᠭᠦᠬᠦ ᠬᠣᠷᠢᠶ᠎ᠠ᠎ᠡᠴᠡ ᠡᠨᠡᠬᠦ ᠺᠣᠮᠫᠠᠨᠢ᠎ᠳᠤ ᠬᠠᠤᠯᠢ ᠶᠣᠰᠣᠭᠠᠷ 《ᠦᠨᠡᠨᠴᠢ ᠢᠲᠡᠭᠡᠮᠵᠢ ᠵᠢ ᠪᠠᠷᠢᠮᠳᠠᠯᠠᠵᠤ ᠤᠬᠠᠮᠰᠠᠷ ᠡᠴᠡ ᠪᠠᠨ ᠭᠦᠢᠴᠡᠳᠬᠡᠭᠰᠡᠨ ᠭᠡᠷᠡᠴᠢ ᠪᠢᠴᠢᠭ》 ᠭᠠᠷᠭᠠᠨ ᠥᠭᠴᠡᠢ᠃
ᠭᠦᠢᠴᠡᠳᠬᠡᠬᠦ ᠠᠵᠢᠯ ᠪᠣᠯ ᠠᠷᠠᠳ ᠤᠯᠠᠨ᠎ᠤ ᠵᠠᠷᠭᠤ ᠢᠯᠠᠬᠤ ᠡᠷᠬᠡ ᠠᠰᠢᠭ᠋᠎ᠢ ᠪᠡᠶᠡᠯᠡᠭᠦᠯᠬᠦ᠎ᠲᠠᠢ ᠬᠣᠯᠪᠣᠭᠳᠠᠵᠤ᠂ ᠨᠡᠢᠭᠡᠮ᠎ᠦᠨ ᠲᠥᠪ ᠭᠣᠣᠯᠴᠢ ᠰᠢᠳᠤᠷᠭᠤ ᠶᠣᠰᠣ᠌᠎ᠶᠢ ᠬᠠᠮᠠᠭᠠᠯᠠᠬᠤ 《ᠡᠴᠦᠰ᠎ᠦᠨ ᠨᠢᠭᠡ ᠺᠢᠯᠣᠮᠧᠲᠷ》 ᠮᠥᠨ᠃ ᠣᠷᠳᠣᠰ ᠬᠤᠳᠠ᠎ᠶᠢᠨ ᠰᠢᠭᠦᠬᠦ ᠰᠢᠰᠲᠧᠮ᠎ᠦᠨ ᠬᠢᠨ ᠭᠦᠢᠴᠡᠳᠬᠡᠬᠦ᠎ᠡᠴᠡ ᠡᠮᠦᠨᠡᠬᠢ ᠱᠠᠯᠠᠪᠳᠠᠭᠤᠯᠬᠤ ᠠᠵᠢᠯ᠎ᠢ ᠥᠷᠨᠢᠭᠦᠯᠬᠦ᠎ᠪᠡᠷ ᠳᠠᠮᠵᠢᠵᠤ᠂ ᠵᠠᠭᠤᠷᠠᠯᠳᠤᠭᠠᠨ᠎ᠢ ᠦᠨᠡᠨ ᠪᠣᠳᠠᠲᠠᠢ᠎ᠪᠠᠷ ᠰᠢᠢᠳᠪᠦᠷᠢᠯᠡᠬᠦ᠎ᠶᠢ ᠠᠬᠢᠭᠤᠯᠤᠭᠰᠡᠨᠤ ᠬᠠᠮᠲᠤ ᠪᠠᠰᠠ ᠭᠦᠢᠴᠡᠳᠬᠡᠬᠦ ᠬᠡᠷᠡᠭ᠎ᠦᠨ ᠨᠡᠮᠡᠭᠳᠡᠯ᠎ᠦᠨ ᠬᠡᠮᠵᠢᠶ᠎ᠡ᠎ᠶᠢ ᠡᠬᠢ ᠡᠭᠦᠰᠦᠯ᠎ᠡᠴᠡ ᠨᠢ ᠪᠠᠭᠠᠰᠬᠠᠵᠤ᠂ ᠬᠠᠤᠯᠢ ᠴᠠᠭᠠᠵᠠ᠎ᠶᠢᠨ ᠡᠬᠢ ᠪᠠᠶᠠᠯᠢᠭ᠋᠎ᠢ ᠠᠷᠪᠢᠯᠠᠵᠤ᠂ ᠡᠨᠡ ᠨᠢ ᠭᠦᠢᠴᠡᠳᠬᠡᠬᠦ᠎ᠳᠦ ᠬᠦᠴᠢᠷ ᠠᠰᠠᠭᠤᠳᠠᠯ᠎ᠢ ᠦᠨᠡᠨ ᠬᠦ᠌ ᠰᠢᠢᠳᠪᠦᠷᠢᠯᠡᠭᠰᠡᠨ ᠠᠰᠢᠭ᠍ᠲᠠᠢ ᠲᠤᠷᠰᠢᠯᠲᠠ ᠪᠤᠯᠵᠠᠢ᠃
ᠤᠷᠳᠤ ᠬᠤᠭᠤᠴᠠᠭᠠᠨ᠎ᠤ ᠲᠤᠷᠰᠢ ᠭᠦᠢᠴᠡᠳᠬᠡᠬᠦ᠎ᠳᠦ ᠬᠦᠴᠢᠷ ᠶᠠᠪᠤᠳᠠᠯ ᠨᠢ ᠬᠠᠤᠯᠢ ᠴᠠᠭᠠᠵᠠ᠎ᠶᠢᠨ ᠢᠲᠡᠭᠡᠭᠦᠯᠬᠦ ᠬᠦᠴᠦᠨ᠎ᠦ ᠲᠦᠪᠡᠭ ᠪᠤᠳᠤᠯᠢᠶᠠᠨᠳᠠᠢ ᠠᠰᠠᠭᠤᠳᠠᠯ ᠪᠠᠢᠪᠠ᠃ ᠡᠨᠡ ᠵᠢᠯ᠎ᠦᠨ ᠴᠠᠭᠠᠨ ᠰᠠᠷ᠎ᠠ᠎ᠶᠢᠨ ᠠᠮᠠᠷᠠᠯᠲᠠ ᠦᠨᠭᠭᠡᠷᠡᠮᠡᠭᠴᠡ᠂ ᠣᠷᠳᠣᠰ ᠬᠤᠳᠠ ᠵᠢᠨ ᠠᠷᠠᠳ᠎ᠤᠨ ᠳᠤᠮᠳᠠ ᠵᠡᠷᠭᠡ᠎ᠶᠢᠨ ᠰᠢᠭᠦᠬᠦ ᠬᠣᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠭᠦᠢᠴᠡᠳᠬᠡᠬᠦ ᠠᠵᠢᠯ᠎ᠤᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠂ ᠭᠦᠢᠴᠡᠳᠬᠡᠬᠦ᠎ᠳᠦ ᠬᠦᠴᠢᠷ ᠠᠰᠠᠭᠤᠳᠠᠯ᠎ᠢ ᠰᠢᠢᠳᠪᠦᠷᠢᠯᠡᠬᠦ᠎ᠶᠢ ᠠᠬᠢᠭᠤᠯᠬᠤ᠂ ᠰᠤᠳᠠᠯ ᠪᠠᠷᠢᠨ ᠡᠮᠴᠢᠯᠡᠵᠤ ᠬᠡᠮ ᠰᠣᠭᠣᠭ᠎ᠢ ᠡᠷᠢᠵᠦ᠂ ᠪᠥᠬᠥ ᠲᠠᠯ᠎ᠠ᠎ᠪᠠᠷ ᠪᠡᠶ᠎ᠡ᠎ᠶᠢᠨ ᠪᠠᠢᠴᠠᠭᠠᠯᠲᠠ ᠬᠢᠵᠤ ᠰᠠᠢᠨ ᠵᠤᠷ᠎ᠢ ᠰᠦᠪᠡᠭᠴᠢᠯᠡᠪᠡ᠃ ᠳᠠᠷᠠᠭ᠎ᠠ ᠨᠢ ᠲᠡᠷᠡ ᠳᠠᠷᠤᠢ ᠳ᠋ᠤᠨᠢ ᠲᠣᠰ ᠬᠣᠲᠠ᠎ᠶᠢᠨ ᠰᠢᠭᠦᠬᠦ ᠰᠢᠰᠲᠧᠮ 《ᠭᠦᠢᠴᠡᠳᠬᠡᠬᠦ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠭᠦᠢᠴᠡᠳᠬᠡᠬᠦ᠎ᠳᠦ ᠬᠦᠴᠢᠷ ᠠᠰᠠᠭᠤᠳᠠᠯ᠎ᠢ ᠰᠢᠢᠳᠪᠦᠷᠢᠯᠡᠬᠦ ᠣᠷᠳᠣ᠌ ᠬᠤᠭᠤᠴᠠᠭᠠᠨ᠎ᠤ ᠪᠦᠲᠦᠮᠵᠢᠲᠡᠶ ᠲᠣᠭᠲᠡᠴᠡ᠎ᠶᠢ ᠪᠦᠷᠢᠨᠰᠢᠭᠦᠯᠬᠦ》 ᠪᠠᠷ ᠭᠠᠷᠳᠠᠴᠠ ᠪᠣᠯᠭᠠᠵᠤ᠂ ᠳᠠᠷᠤᠢ ᠲᠦᠷᠭᠡᠨ ᠬᠥᠳᠡᠯᠦᠯᠴᠡᠵᠦ᠂ ᠣᠯᠠᠨ ᠲᠠᠯ᠎ᠠ᠎ᠡᠴᠡ ᠬᠦᠴᠤᠯᠡᠵᠤ᠂ ᠭᠦᠢᠴᠡᠳᠬᠡᠬᠦ᠎ᠳᠦ ᠬᠦᠴᠢᠷ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠬᠦ᠎ᠶᠢ ᠪᠥᠬᠥ ᠬᠦᠴᠦᠨ᠎ᠢᠶᠡᠷ᠎ᠢᠶᠡᠨ ᠪᠡᠶᠡᠯᠡᠭᠦᠯᠵᠡᠢ᠃
ᠣᠷᠳᠣᠰ ᠬᠣᠲᠠ᠎ᠶ᠋ᠢᠨ ᠱᠢᠭᠦᠬᠦ᠌ ᠱᠢᠰᠲ᠋ᠧᠮ 《ᠭᠦᠶ᠋ᠴᠡᠳᠭᠡᠬᠦ᠌᠎ᠶ᠋ᠢ ᠬᠠᠮᠲᠤᠳᠤᠨᠢ ᠬᠠᠷᠠᠭᠠᠯᠵᠠᠬᠤ》 ᠣᠢᠯᠠᠭᠠᠭ᠍ᠳᠠᠬᠤᠨ᠎ᠢ ᠬᠡᠷᠡᠭ ᠪᠣᠯᠭᠠᠨ ᠳᠠᠩᠰᠠᠯᠠᠬᠤ᠂ ᠡᠶᠡᠳᠡᠭᠦᠯᠬᠦ᠌᠂ ᠱᠢᠭᠦᠨ ᠲᠠᠰᠤᠯᠬᠤ ᠡᠯ᠎ᠡ ᠭᠣᠭ᠍ᠴᠣᠭ᠎ᠠ᠎ᠳᠤ ᠣᠷᠣᠭᠤᠯᠵᠤ᠂ ᠬᠡᠷᠡᠭ᠎ᠢ ᠱᠢᠭᠦᠬᠦ᠌ ᠱᠠᠲᠤᠨ᠎ᠳᠤ 《ᠪᠠᠳᠤᠯᠠᠬᠤ + ᠡᠶᠡᠳᠡᠭᠦᠯᠬᠦ᠌》 ᠠᠷᠭ᠎ᠠ ᠪᠠᠷᠢᠯ᠎ᠢ ᠭᠦᠨᠵᠡᠭᠡᠶ ᠬᠡᠷᠡᠭ᠌ᠯᠡᠨ᠂ ᠪᠠᠲᠤᠯᠠᠬᠤ᠎ᠪᠠᠷ ᠡᠶᠡᠳᠡᠭᠦᠯᠬᠦ᠌᠎ᠶ᠋ᠢ ᠠᠬᠢᠭᠤᠯᠬᠤ᠂ ᠪᠠᠲᠤᠯᠠᠬᠤ᠎ᠪᠠᠷ ᠭᠦᠶ᠋ᠴᠡᠳᠭᠡᠬᠦ᠌᠎ᠶ᠋ᠢ ᠠᠬᠢᠭᠤᠯᠬᠤ ᠳᠠᠪᠠᠭᠤᠯᠢᠭ ᠦᠶ᠋ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠵᠠᠷᠭᠤ᠎ᠶ᠋ᠢᠨ ᠡᠶᠡᠳᠡᠭᠦᠯᠭᠡ᠎ᠶ᠋ᠢ ᠶᠡᠬᠡᠪᠡᠷ ᠠᠬᠢᠭᠤᠯᠵᠤ᠂ ᠵᠠᠭᠤᠷᠠᠯᠳᠤᠭᠠᠨ᠎ᠢ ᠭᠦᠶ᠋ᠴᠡᠳᠭᠡᠬᠦ᠌᠎ᠡᠴᠡ ᠡᠮᠦᠨ᠎ᠡ ᠱᠢᠶ᠋ᠳᠪᠦᠷᠢᠯᠡᠬᠦ᠌᠎ᠪᠡᠷ ᠴᠢᠷᠮᠠᠢᠪᠠ; ᠬᠡᠷᠡᠭ᠎ᠦᠨ ᠲᠠᠰᠤᠯᠤᠯᠲᠠ᠎ᠳᠤ ᠦᠷᠭᠦᠯᠵᠢᠯᠡᠨ ᠭᠦᠢᠴᠡᠳᠭᠡᠬᠦ᠌ ᠠᠰᠠᠭᠤᠳᠠᠯ᠎ᠢ ᠭᠦᠢᠴᠡᠳ ᠪᠣᠳᠣᠯᠬᠢᠯᠠᠵᠤ᠂ ᠲᠠᠰᠤᠯᠤᠯᠲᠠ᠎ᠶ᠋ᠢᠨ ᠵᠦᠢᠯ᠎ᠦᠨ ᠭᠦᠢᠴᠡᠳᠭᠡᠵᠦ᠍ ᠪᠣᠯᠬᠤᠢᠴᠠ ᠴᠢᠨᠠᠷ᠎ᠢ ᠴᠢᠩᠭᠠᠳᠭᠠᠵᠤ᠂ ᠲᠤᠬᠠᠢ ᠵᠢᠨ ᠬᠥᠮᠦᠨ᠎ᠦ ᠭᠦᠢᠴᠡᠳᠭᠡᠬᠦ᠌ ᠶᠠᠪᠤᠴᠠ᠎ᠳᠤ ᠬᠣᠶᠠᠳᠠᠬᠢ ᠤᠳᠠᠭ᠎ᠠ ᠮᠠᠷᠭᠤᠯᠳᠤᠭᠠᠨ ᠡᠭᠦᠰᠭᠦ᠎ᠶ᠋ᠢ ᠰᠡᠷᠭᠡᠢᠯᠡᠪᠠ; ᠬᠡᠷᠡᠭ᠎ᠢ ᠱᠢᠭᠦᠵᠦ᠍ ᠳᠠᠭᠤᠰᠤᠭ᠍ᠰᠠᠨ᠎ᠤ ᠳᠠᠷᠠᠭ᠎ᠠ᠂ ᠱᠢᠭᠦᠨ ᠲᠠᠰᠤᠯᠤᠭ᠍ᠰᠠᠨᠤ ᠳᠠᠷᠠᠭᠠᠬᠢ ᠮᠠᠳᠠᠭ᠎ᠲᠠᠶ ᠠᠰᠠᠭᠤᠳᠠᠯ᠎ᠳᠤ ᠬᠠᠷᠢᠭᠤᠯᠲᠠ ᠥᠭ᠌ᠬᠦ ᠠᠵᠢᠯ᠎ᠢ ᠢᠳᠡᠪᠬᠢᠲᠡᠢ ᠰᠠᠢᠲᠤᠷ ᠬᠢᠵᠦ᠍᠂ ᠲᠣᠭ᠍ᠲᠠᠮᠠᠯ ᠬᠤᠭᠤᠴᠠᠭ᠎ᠠ᠎ᠲᠠᠶ᠎ᠪᠠᠷ ᠮᠥᠷᠳᠡᠨ ᠬᠠᠷᠢᠭᠤ ᠰᠤᠷᠪᠤᠯᠵᠢᠯᠠᠵᠤ᠂ ᠭᠦᠢᠴᠡᠳᠭᠡᠬᠦ᠌ ᠴᠢᠳᠠᠪᠤᠷᠢ᠎ᠲᠠᠶ ᠪᠣᠯᠪᠠᠴᠤ᠌ ᠬᠠᠷᠠᠬᠠᠨ ᠭᠦᠢᠴᠡᠳᠭᠡᠭᠡᠳᠦᠢ ᠲᠤᠬᠠᠢ ᠵᠢᠨ ᠬᠥᠮᠦᠨ᠎ᠢ ᠱᠠᠯᠠᠪᠳᠠᠭᠤᠯᠤᠨ ᠭᠦᠢᠴᠡᠳᠭᠡᠭᠦᠯᠵᠦ᠍᠂ ᠵᠠᠷᠭᠤ ᠢᠯᠠᠭ᠍ᠰᠠᠨ ᠡᠷᠬᠡ ᠠᠱᠢᠭ᠎ᠢ ᠴᠠᠭ ᠲᠤᠬᠠᠢᠳᠤᠨᠢ ᠪᠡᠶᠡᠯᠡᠭᠦᠯᠬᠦ᠌᠎ᠶ᠋ᠢ ᠠᠬᠢᠭᠤᠯᠪᠠ᠃
ᠭᠦᠢᠴᠡᠳᠭᠡᠬᠦ᠌᠎ᠡᠴᠡ ᠡᠮᠦᠨᠡᠬᠢ ᠱᠠᠯᠠᠪᠳᠠᠭᠤᠯᠬᠤ᠎ᠶ᠋ᠢ ᠴᠢᠩᠭᠠᠳᠭᠠᠵᠤ᠂ ᠵᠠᠷᠭᠤ ᠢᠯᠠᠬᠤ ᠡᠷᠬᠡ ᠠᠱᠢᠭ᠎ᠢ ᠬᠠᠮᠠᠭᠠᠯᠠᠬᠤ ᠶ᠋ᠢ ᠪᠡᠶᠡᠯᠡᠭᠦᠯᠪᠡ᠃ ᠬᠡᠷᠡᠭ ᠪᠣᠯᠭᠠᠨ ᠳᠠᠩᠰᠠᠯᠠᠬᠤ ᠱᠠᠲᠤᠨ᠎ᠳᠤ᠂ ᠣᠷᠳᠣᠰ ᠬᠣᠲᠠ᠎ᠶ᠋ᠢᠨ ᠱᠢᠭᠦᠬᠦ᠌ ᠱᠢᠰᠲ᠋ᠧᠮ᠎ᠦᠨ ᠬᠢᠨ ᠵᠠᠷᠭᠤ᠎ᠶ᠋ᠢᠨ ᠵᠢᠯᠣᠭᠣᠳᠣᠯᠭ᠎ᠠ᠂ ᠬᠠᠤᠯᠢ ᠴᠠᠭᠠᠵᠠ᠎ᠶ᠋ᠢᠨ ᠲᠠᠢᠯᠪᠤᠷᠢᠯᠠᠯᠲᠠ᠂ ᠠᠶᠤᠯ ᠲᠦᠭ᠌ᠰᠢᠭᠦᠷᠢ᠎ᠶ᠋ᠢ ᠮᠡᠳᠡᠭ᠌ᠳᠡᠬᠦ᠌ ᠪᠠ ᠭᠦᠶ᠋ᠴᠡᠳᠭᠡᠬᠦ᠌᠎ᠡᠴᠡ ᠡᠮᠦᠨ᠎ᠡ ᠡᠶᠡᠳᠡᠬᠦᠯᠬᠦ᠌ᠶ᠋ᠢ ᠴᠢᠩᠭᠠᠳᠭᠠᠵᠤ᠂ ᠬᠡᠷᠡᠭ᠎ᠢ ᠭᠦᠶ᠋ᠴᠡᠳᠭᠡᠭ᠌ᠰᠡᠨ ᠪᠠᠢᠳᠠᠯ᠎ᠳᠤ ᠠᠩᠬ᠎ᠠ ᠠᠯᠬᠤᠮ᠎ᠤᠨ ᠠᠶᠤᠯ ᠲᠦᠭ᠌ᠰᠢᠭᠦᠷᠢ᠎ᠶ᠋ᠢᠨ ᠦᠨᠡᠯᠡᠯᠲᠡ ᠬᠢᠵᠦ᠍᠂ ᠭᠦᠶ᠋ᠴᠡᠳᠭᠡᠬᠦ᠌ ᠴᠢᠳᠠᠪᠤᠷᠢ᠎ᠲᠠᠶ ᠭᠦᠶ᠋ᠴᠡᠳᠭᠡᠭ᠌ᠳᠡᠭ᠌ᠴᠢ᠎ᠳᠦ 《ᠭᠦᠶ᠋ᠴᠡᠳᠭᠡᠬᠦ᠌ ᠲᠦᠭ᠌ᠰᠢᠭᠦᠷᠢ᠎ᠶ᠋ᠢᠨ ᠰᠠᠨᠠᠭᠤᠯᠤᠮᠵᠢ᠎ᠶ᠋ᠢᠨ ᠪᠢᠴᠢᠭ》᠂ 《ᠦᠨᠡᠨᠴᠢ ᠢᠲᠡᠭᠡᠮᠵᠢ ᠵᠢ ᠪᠠᠷᠢᠮᠳᠠᠯᠠᠵᠤ ᠦᠪᠡᠷ᠎ᠢᠶᠡᠨ ᠭᠦᠶ᠋ᠴᠡᠳᠬᠡᠭᠰᠡᠨ ᠮᠡᠳᠡᠭ᠌ᠳᠡᠯ᠎ᠤᠨ ᠪᠢᠴᠢᠭ》 ᠶᠠᠪᠤᠭᠤᠯᠵᠤ᠂ ᠲᠤᠬᠠᠢ ᠵᠢᠨ ᠬᠥᠮᠦᠨ᠎ᠦ ᠰᠠᠨᠠᠭᠠᠴᠢᠯᠠᠭ᠎ᠠ᠎ᠡᠴᠡ᠎ᠪᠠᠨ ᠡᠭᠦᠷᠭᠡ᠎ᠪᠡᠨ ᠭᠦᠶ᠋ᠴᠡᠳᠭᠡᠬᠦ᠌᠎ᠶ᠋ᠢ ᠬᠥᠲᠥᠯᠥᠨ ᠵᠢᠯᠣᠭᠣᠳᠪᠠ᠃ ᠡᠨᠡ ᠵᠢᠯ᠎ᠡᠴᠡ ᠨᠠᠭᠠᠰᠢ᠂ ᠣᠷᠳᠣᠰ ᠬᠣᠲᠠ᠎ᠶ᠋ᠢᠨ ᠱᠢᠭᠦᠬᠦ᠌ ᠱᠢᠰᠲ᠋ᠧᠮ ᠤ᠋ᠨ ᠬᠢᠨ ᠨᠡᠢᠲᠡ 2396 ᠬᠤᠪᠢ 《ᠭᠦᠶ᠋ᠴᠡᠳᠭᠡᠬᠦ᠌᠎ᠡᠴᠡ ᠡᠮᠦᠨᠡᠬᠢ ᠱᠠᠯᠠᠪᠳᠠᠭᠤᠯᠤᠨ ᠭᠦᠶ᠋ᠴᠡᠳᠭᠡᠭᠦᠯᠬᠦ᠌ ᠮᠡᠳᠡᠭ᠌ᠳᠡᠯ᠎ᠦᠨ ᠪᠢᠴᠢᠭ》 ᠶᠠᠪᠤᠭᠤᠯᠵᠤ᠂ 381 ᠬᠡᠷᠡᠭ᠎ᠢ ᠦᠪᠡᠷ᠎ᠢᠶᠡᠨ ᠭᠦᠶ᠋ᠴᠡᠳᠭᠡᠬᠦ᠌ ᠪᠤᠶᠤ ᠡᠶᠡᠳᠡᠬᠦ ᠵᠢ ᠠᠬᠢᠭᠤᠯᠵᠤ᠂ ᠭᠦᠶ᠋ᠴᠡᠳᠭᠡᠭᠰᠡᠨ ᠵᠣᠭᠣᠰ᠎ᠤᠨ ᠲᠣᠭ᠎ᠠ ᠨᠢ 2764.08 ᠲᠦᠮᠡᠨ ᠲᠥᠭᠥᠷᠢᠭ᠎ᠲᠦ ᠬᠦᠷᠴᠡᠶ᠃
ᠡᠭᠦᠨ᠎ᠡᠴᠡ ᠭᠠᠳᠠᠨ᠎ᠠ᠂ ᠭᠦᠶ᠋ᠴᠡᠳᠭᠡᠬᠦ᠌ ᠠᠵᠢᠯ᠎ᠤᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠬᠤ ᠲᠠᠯ᠎ᠠ᠎ᠪᠠᠷ᠂ ᠣᠷᠳᠣᠰ ᠬᠣᠲᠠ᠎ᠶ᠋ᠢᠨ ᠱᠢᠭᠦᠬᠦ᠌ ᠱᠢᠰᠲ᠋ᠧᠮ᠎ᠦᠨ ᠬᠢᠨ ᠠᠷᠠᠳ᠎ᠤᠨ ᠠᠮᠢᠳᠤᠷᠠᠯ᠎ᠳᠤ ᠬᠣᠯᠪᠣᠭ᠍ᠳᠠᠭ᠍ᠰᠠᠨ ᠬᠡᠷᠡᠭ ᠵᠢᠴᠢ 10 ᠲᠦᠮᠡᠨ ᠲᠥᠭᠥᠷᠢᠭ᠎ᠡᠴᠡ ᠲᠤᠷᠤᠬᠰᠢᠬᠢ ᠪᠠᠭ᠎ᠠ ᠪᠠᠷᠢᠮᠵᠢᠶ᠎ᠠ ᠪᠥᠬᠥᠶ ᠬᠡᠷᠡᠭ᠎ᠢᠶᠡᠷ ᠭᠤᠤᠯᠳᠠᠯᠭ᠎ᠠ ᠪᠣᠯᠭᠠᠵᠤ᠂ 《ᠲᠤᠯᠠᠭᠠᠨ ᠬᠤᠳᠠ ᠵᠢᠨ ᠬᠤᠷᠴᠠ ᠰᠡᠯᠡᠮ᠎ᠡ ᠠᠷᠠᠳ᠎ᠤᠨ ᠠᠮᠢᠳᠤᠷᠠᠯ᠎ᠢ ᠬᠠᠮᠠᠭᠠᠯᠠᠬᠤ》 ᠲᠤᠰᠭᠠᠶ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠵᠦ᠍᠂ ᠭᠦᠶ᠋ᠴᠡᠳᠭᠡᠬᠦ᠌᠎ᠡᠴᠡ ᠵᠠᠢᠯᠠᠬᠤ᠂ ᠭᠦᠶ᠋ᠴᠡᠳᠭᠡᠬᠦ᠌᠎ᠶ᠋ᠢ ᠡᠰᠡᠷᠭᠦᠴᠡᠬᠦ᠌ ᠵᠡᠷᠭᠡ ᠢᠲᠡᠭᠡᠯ ᠠᠯᠳᠠᠭ᠍ᠰᠠᠨ ᠠᠵᠢᠯᠯᠠᠭ᠎ᠠ᠎ᠵᠢ ᠬᠠᠤᠯᠢ ᠶᠣᠰᠣᠭᠠᠷ ᠢᠯᠭᠠᠨ ᠲᠠᠨᠢᠵᠤ᠂ ᠴᠢᠩᠭ᠎ᠠ ᠴᠣᠬᠢᠯᠲᠠ ᠥᠭ᠌ᠴᠡᠶ᠃
ᠱᠢᠨ᠎ᠡ᠎ᠶ᠋ᠢ ᠡᠭᠦᠳᠬᠦ᠌᠎ᠪᠡᠷ ᠵᠤᠷᠢᠯᠭ᠎ᠠ ᠪᠤᠯᠭᠠᠵᠤ᠂ ᠡᠮᠬᠢ ᠵᠢᠷᠤᠮ᠎ᠲᠠᠶ ᠠᠬᠢᠭᠤᠯᠪᠠ᠃ ᠣᠷᠳᠣᠰ ᠬᠤᠳᠠ ᠵᠢᠨ ᠱᠢᠭᠦᠬᠦ᠌ ᠱᠢᠰᠲ᠋ᠧᠮ ᠤ᠋ᠨ ᠬᠢᠨ ᠪᠠᠰᠠ ᠰᠣᠯᠪᠢᠴᠠᠨ ᠭᠦᠶ᠋ᠴᠡᠳᠭᠡᠬᠦ᠌᠎ᠶ᠋ᠢ ᠢᠳᠡᠪᠬᠢᠲᠡᠶ ᠠᠬᠢᠭᠤᠯᠵᠤ᠂ ᠪᠥᠬᠥ᠌ ᠬᠣᠲᠠ᠎ᠶ᠋ᠢᠨ ᠱᠢᠭᠦᠬᠦ᠌ ᠬᠣᠷᠢᠶ᠎ᠠ ᠵᠢᠨ ᠰᠣᠯᠪᠢᠴᠠᠨ ᠭᠦᠶ᠋ᠴᠡᠳᠭᠡᠬᠦ᠌ ᠠᠵᠢᠯ᠎ᠢ ᠠᠬᠢᠭᠤᠯᠬᠤ ᠲᠤᠬᠠᠢ ᠬᠡᠷᠡᠭ᠌ᠵᠢᠭᠦᠯᠬᠦ᠌ ᠲᠥᠰᠦᠯ ᠵᠡᠷᠭᠡ 4 ᠵᠦᠶ᠋ᠯ᠎ᠦᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠨᠡᠢᠲᠡᠯᠡᠪᠡ᠃ 《ᠤᠷᠢᠳᠴᠢᠯᠠᠨ ᠰᠣᠯᠪᠢᠴᠠᠨ ᠭᠦᠶ᠋ᠴᠡᠳᠭᠡᠬᠦ᠌》 ᠠᠵᠢᠯ᠎ᠤᠨ ᠠᠷᠭ᠎ᠠ ᠬᠡᠮᠵᠢᠶ᠎ᠡ᠎ᠶ᠋ᠢᠨ ᠱᠢᠨ᠎ᠡ᠎ᠶ᠋ᠢ ᠡᠭᠦᠳᠴᠦ᠍᠂ ᠡᠨᠡ ᠵᠢᠯ᠎ᠡᠴᠡ ᠨᠠᠭᠠᠰᠢ 12433 ᠬᠡᠷᠡᠭ᠎ᠢ ᠭᠤᠷᠪᠠᠨ ᠪᠦᠯᠦᠭ ᠬᠤᠪᠢᠶᠠᠨ ᠤᠷᠢᠳᠴᠢᠯᠠᠨ ᠰᠣᠯᠪᠢᠴᠠᠨ ᠭᠦᠶ᠋ᠴᠡᠳᠭᠡᠬᠦ᠌ ᠬᠡᠪᠴᠢᠶᠡᠨ ᠳ᠋ᠤ ᠣᠷᠣᠭᠤᠯᠵᠤ᠂ ᠣᠳᠣᠬᠠᠨ᠎ᠳᠤ ᠨᠢᠭᠡᠳᠦᠭᠡᠷ ᠪᠦᠯᠦᠭ᠎ᠦᠨ 623 ᠬᠡᠷᠡᠭ᠎ᠢ ᠤᠷᠢᠳᠴᠢᠯᠠᠨ ᠰᠣᠯᠪᠢᠴᠠᠨ ᠭᠦᠶ᠋ᠴᠡᠳᠭᠡᠬᠦ᠌ ᠬᠤᠭᠤᠴᠠᠭᠠᠨ᠎ᠳᠤ ᠤᠷᠤᠭ᠍ᠰᠢᠲᠠᠶ ᠭᠦᠶ᠋ᠴᠡᠳᠭᠡᠨ ᠳᠠᠭᠤᠰᠭᠠᠵᠤ᠂ ᠭᠦᠶ᠋ᠴᠡᠳᠭᠡᠭ᠌ᠰᠡᠨ ᠵᠣᠭᠣᠰ᠎ᠤᠨ ᠲᠣᠭ᠎ᠠ᠎ᠨᠢ 3094.36 ᠲᠦᠮᠡᠨ ᠲᠥᠭᠥᠷᠢᠭ᠎ᠲᠦ ᠬᠦᠷᠴᠡᠶ; ᠬᠣᠶᠠᠳᠤᠭᠠᠷ ᠪᠦᠯᠦᠭ᠎ᠦᠨ 92 ᠬᠡᠷᠡᠭ᠎ᠢ ᠤᠷᠤᠭ᠍ᠰᠢᠲᠠᠢ ᠭᠦᠢᠴᠡᠳᠭᠡᠨ ᠳᠠᠭᠤᠰᠭᠠᠵᠤ᠂ ᠭᠦᠢᠴᠡᠳᠭᠡᠭ᠌ᠰᠡᠨ ᠵᠣᠭᠣᠰ᠎ᠤᠨ ᠲᠣᠭ᠎ᠠ ᠨᠢ 528.4 ᠲᠦᠮᠡᠨ ᠲᠥᠭᠥᠷᠢᠭ᠎ᠲᠦ ᠬᠦᠷᠴᠦ᠍᠂ ᠲᠠᠷᠠᠭᠠᠴᠢ᠎ᠶ᠋ᠢᠨ ᠪᠦᠯᠦᠭ ᠤᠳᠠᠭ᠎ᠠ᠎ᠶ᠋ᠢᠨ ᠬᠡᠷᠡᠭ᠎ᠢ ᠶᠠᠭ ᠢᠳᠡᠪᠬᠢᠲᠡᠢ ᠱᠢᠢᠳᠪᠦᠷᠢᠯᠡᠵᠦ᠍ ᠪᠤᠢ᠃
7 ᠰᠠᠷ᠎ᠠ᠎ᠶ᠋ᠢᠨ 31᠎ᠤ᠋ ᠡᠳᠦᠷ ᠪᠣᠯᠲᠠᠯ᠎ᠠ᠂ ᠣᠷᠳᠣᠰ ᠬᠣᠲᠠ᠎ᠶ᠋ᠢᠨ ᠱᠢᠭᠦᠬᠦ᠌ ᠱᠢᠰᠲ᠋ᠧᠮ ᠤ᠋ᠨ ᠬᠢᠨ ᠡᠨᠡ ᠵᠢᠯ ᠨᠡᠢᠲᠡ 2.6 ᠲᠦᠮᠡᠨ ᠬᠤᠪᠢ ᠭᠦᠶ᠋ᠴᠡᠳᠭᠡᠬᠦ᠌ ᠬᠡᠷᠡᠭ᠎ᠢ ᠭᠥᠯᠢᠶᠡᠨ ᠠᠪᠴᠤ᠌ ᠱᠢᠶ᠋ᠳᠪᠦᠷᠢᠯᠡᠵᠤ᠂ 2.13 ᠲᠦᠮᠡᠨ ᠬᠡᠷᠡᠭ᠎ᠢ ᠭᠦᠶ᠋ᠴᠡᠳᠭᠡᠨ ᠳᠠᠭᠤᠰᠭᠠᠵᠤ᠂ 99.26 ᠳ᠋ᠦᠩᠱᠢᠭᠤᠷ ᠲᠥᠭᠥᠷᠢᠭ᠎ᠢ ᠭᠦᠶ᠋ᠴᠡᠳᠬᠡᠨ ᠨᠠᠢᠳᠠᠪᠤᠷᠢᠵᠢᠭᠤᠯᠪᠠ᠃ ᠭᠦᠢᠴᠡᠳᠭᠡᠵᠦ᠍ ᠳᠠᠭᠤᠰᠭᠠᠭ᠍ᠰᠠᠨ ᠨᠣᠷᠮ᠎ᠠ᠂ ᠲᠤᠭᠤᠰᠢᠳᠠᠢ ᠭᠦᠢᠴᠡᠳᠭᠡᠭᠰᠡᠨ ᠨᠣᠷᠮ᠎ᠠ ᠵᠡᠷᠬᠡ ᠬᠣᠶᠠᠷ ᠵᠦᠢᠯ᠎ᠦᠨ ᠵᠠᠩᠭᠢᠯᠠᠭ᠎ᠠ᠎ᠶ᠋ᠢᠨ ᠭᠦᠢᠴᠡᠳᠭᠡᠬᠦ᠌ ᠲᠣᠭ᠎ᠠ ᠨᠢ ᠪᠦᠬᠦ᠌ ᠣᠷᠣᠨ ᠳ᠋ᠤ ᠲᠦᠷᠦᠬᠦᠯᠡᠪᠠ᠃ ᠣᠷᠳᠣᠰ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ ᠵᠢᠨ ᠭᠦᠶ᠋ᠴᠡᠳᠭᠡᠬᠦ᠌ ᠲᠣᠪᠴᠢᠶᠠᠨ᠎ᠤ ᠳᠠᠷᠤᠭ᠎ᠠ ᠸᠠᠩ ᠭᠠᠩ᠄《ᠳᠠᠷᠠᠭᠠᠴᠢ᠎ᠶ᠋ᠢᠨ ᠠᠯᠬᠤᠮ᠎ᠳᠤ ᠪᠢᠳᠡ ᠦᠷᠭᠦᠯᠵᠢᠯᠡᠨ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠣᠯᠪᠣᠭᠠᠯᠠᠨ ᠭᠦᠢᠴᠡᠳᠭᠡᠬᠦ᠌᠎ᠶ᠋ᠢ ᠭᠦᠨᠵᠡᠭᠡᠢᠷᠡᠭᠦᠯᠵᠦ᠍᠂ 〈ᠬᠥᠮᠦᠨ᠎ᠢ ᠪᠠᠢᠴᠠᠭᠠᠵᠤ ᠪᠣᠳᠠᠰ᠎ᠢ ᠡᠷᠢᠬᠦ᠌〉 ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠭᠦᠢᠴᠡᠳᠭᠡᠬᠦ᠌᠎ᠶ᠋ᠢ ᠲᠡᠪᠴᠢᠬᠦ᠌ ᠠᠵᠢᠯᠯᠠᠭ᠎ᠠ ᠳ᠋ᠤ ᠴᠣᠬᠢᠯᠲᠠ ᠥᠭ᠌ᠬᠦ᠎ᠶ᠋ᠢ ᠴᠢᠩᠭᠠᠳᠭᠠᠵᠤ᠂ ᠭᠦᠢᠴᠡᠳᠭᠡᠬᠦ᠌ ᠠᠵᠢᠯᠯᠠᠭ᠎ᠠ᠎ᠶ᠋ᠢ ᠵᠢᠷᠤᠮᠵᠢᠭᠤᠯᠵᠤ᠂ ᠨᠡᠩ ᠪᠣᠳᠠᠲᠠᠢ ᠠᠷᠭ᠎ᠠ ᠬᠡᠮᠵᠢᠶ᠎ᠡ᠎ᠪᠡᠷ ᠭᠦᠢᠴᠡᠳᠭᠡᠬᠦ᠌ ᠲᠤᠮᠳᠠᠬᠢ ᠬᠦᠴᠢᠷ ᠠᠰᠠᠭᠤᠳᠠᠯ᠎ᠢ ᠱᠢᠢᠳᠪᠦᠷᠢᠯᠡᠨ᠎ᠡ》 ᠬᠡᠵᠤ ᠲᠠᠨᠢᠯᠴᠠᠭᠤᠯᠪᠠ᠃