ᠬᠠᠨ ᠴᠢᠩ ᠪᠠ᠎ᠶ᠋ᠢᠨ ᠪᠦᠭ᠌ᠭᠦᠨ ᠴᠣᠬᠢᠭ᠍ᠤ ᠪᠠᠢᠯᠳᠤᠭᠠᠨ ᠄ ᠨᠠᠢ᠍ᠮᠠᠳᠤᠭᠠᠷ ᠵᠠᠮ᠎ᠤᠨ ᠴᠡᠷᠢᠭ᠎ᠦᠨ ᠰᠦᠷ ᠬᠦᠴᠦᠨ᠎ᠢ ᠮᠠᠨᠳᠤᠭᠤᠯᠪᠠ
2025-08-14 10:11:24
ᠵᠣᠬᠢᠶᠠᠭ᠍ᠴᠢ᠄
ᠼᠠᠢ ᠳ᠋ᠦᠩ ᠮᠧᠶ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 1᠎ᠤ᠋ ᠥᠷᠯᠥᠭᠡ᠂ ᠮᠨᠨᠳᠤᠬᠤ ᠨᠡᠷᠡᠨ᠎ᠦ ᠭᠡᠷᠡᠯ ᠴᠣᠩᠬᠣᠨ ᠳ᠋ᠦ ᠲᠤᠰᠬᠤ ᠲᠠᠢ ᠵᠡᠷᠭᠡ ᠪᠤᠭᠤᠲᠤ ᠬᠤᠳᠠ᠎ᠶ᠋ᠢᠨ ᠲᠦᠮᠡᠳ ᠪᠠᠷᠠᠭᠤᠨ ᠬᠣᠱᠢᠭᠤᠨ᠎ᠤ 94 ᠨᠠᠰᠤᠲᠠᠢ ᠭᠤᠤ ᠵᠤᠸᠠᠩ ᠨᠠᠰᠤᠲᠠᠨ ᠭᠡᠷ᠎ᠦᠨ ᠬᠥᠮᠦᠰ᠎ᠲᠡᠬᠡᠨ᠄《ᠬᠤᠷᠳᠤᠯᠠ᠂ 〈ᠵᠢᠦ ᠹᠸᠩ ᠱᠠᠨ ᠬᠠᠮᠢᠶᠠᠷᠤᠯᠲᠠ᠎ᠶ᠋ᠢᠨ ᠵᠥᠪᠯᠡᠯ〉 ᠤ᠋ᠨ ᠶᠠᠮᠠᠷ ᠰᠢᠨ᠎ᠡ ᠮᠡᠳᠡᠭᠡ ᠪᠠᠢᠬᠤ᠎ᠶ᠋ᠢ ᠦᠵᠡᠬᠡᠤᠨ ᠠᠯᠢ》 ᠭᠠᠷ ᠤᠲᠠᠰᠤᠨ᠎ᠤ ᠳᠡᠯᠭᠡᠴᠡ᠎ᠳᠦ᠂ ᠵᠢᠦ ᠹᠸᠩ ᠱᠠᠨ ᠬᠠᠮᠢᠶᠠᠷᠤᠯᠲᠠ᠎ᠶ᠋ᠢᠨ ᠵᠥᠪᠯᠡᠯ᠎ᠦᠨ ᠣᠯᠠᠨ ᠨᠡᠢᠲᠡ᠎ᠶ᠋ᠢᠨ ᠳ᠋ᠤᠭᠠᠷ᠎ᠤᠨ ᠲᠠᠭᠤᠨ ᠰᠣᠨᠣᠰᠳᠠᠨ᠎ᠠ᠂ ᠵᠢᠦ ᠹᠸᠩ ᠱᠠᠨ ᠠᠭᠤᠯᠠᠨ᠎ᠤ ᠬᠤᠪᠢᠷᠠᠯᠲᠠ ᠨᠢᠭᠡᠪᠦᠷᠢ ᠨᠢ ᠴᠥᠮ ᠡᠨᠡ ᠬᠦ᠌ ᠨᠠᠰᠤᠲᠠᠨ᠎ᠤ ᠰᠡᠳᠭᠢᠯ᠎ᠢ ᠭᠦᠨᠳᠡᠵᠦ᠍ ᠪᠠᠢᠯ᠎ᠠ᠃

ᠡᠨᠡᠬᠦ᠌ ᠭᠦᠨ ᠵᠤᠵᠠᠭᠠᠨ ᠪᠠᠷᠠᠯᠠᠯ ᠨᠢ ᠲᠡᠭᠦᠨ᠎ᠦ ᠴᠢᠰᠤᠨ ᠰᠤᠳᠠᠯ ᠳ᠋ᠦ ᠤᠷᠤᠰᠴᠤ᠌ ᠪᠠᠢᠭ᠎ᠠ ᠳᠠᠯᠠᠨ ᠬᠠᠷ᠎ᠠ ᠠᠭᠤᠯᠠ᠎ᠶ᠋ᠢᠨ ᠲᠦᠳᠡᠭ ᠭᠠᠯ᠎ᠤᠨ ᠳᠤᠷᠠᠰᠤᠮᠵᠢ᠎ᠠᠴᠠ ᠢᠷᠡᠯᠲᠡ᠎ᠲᠡᠶ ᠶᠤᠮ᠃ ᠲᠡᠷᠡ ᠬᠦ᠌ ᠭᠠᠢᠬᠠᠮᠱᠢᠭ᠍ᠲᠤ ᠣᠨ ᠰᠠᠷ᠎ᠠ᠎ᠳᠤ᠂ ᠲᠡᠷᠡ ᠪᠤᠯ ᠵᠠᠯᠠᠭᠤ ᠨᠠᠢᠵᠢ᠎ᠨᠠᠷ᠎ᠲᠠᠶ᠎ᠪᠠᠨ ᠨᠠᠢ᠍ᠮᠠᠳᠤᠭᠠᠷ ᠵᠠᠮ᠎ᠤᠨ ᠴᠡᠷᠢᠭ᠎ᠦᠨ ᠲᠠᠯᠠᠨ ᠬᠠᠷ᠎ᠠ ᠠᠭᠤᠯᠠ᠎ᠶ᠋ᠢᠨ ᠰᠠᠯᠪᠤᠷᠢ ᠠᠩᠬᠢ ᠵᠢᠴᠢ ᠲᠡᠭᠦᠨ᠎ᠦ ᠫᠠᠷᠲ᠋ᠢᠽᠠᠨ ᠠᠩᠬᠢ᠎ᠶ᠋ᠢᠨ ᠬᠢᠨ᠎ᠦ ᠡᠨᠡ ᠬᠦ᠌ ᠨᠤᠲᠤᠭ ᠳᠡᠪᠢᠰᠭᠡᠷ ᠳᠡᠭᠡᠷᠡᠬᠢ ᠲᠤᠮᠤᠭ᠎ᠢ ᠪᠢᠴᠢᠭ᠌ᠯᠡᠭ᠌ᠰᠡᠨ ᠭᠡᠷᠡᠴᠢᠯᠡᠭ᠌ᠴᠢ ᠪᠠ ᠣᠷᠣᠯᠴᠠᠭ᠍ᠴᠢ ᠮᠥᠨ᠃

ᠳᠠᠯᠠᠨ ᠬᠠᠷ᠎ᠠ ᠠᠭᠤᠯᠠ᠂ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ᠎ᠲᠦ ᠬᠥᠨᠳᠡᠯᠢᠰᠴᠦ᠍ ᠪᠠᠢᠭ᠎ᠠ ᠡᠨᠡ ᠬᠦ᠌ ᠠᠭᠤᠯᠠ ᠨᠢᠷᠤᠭᠤ ᠪᠣᠯ ᠶᠠᠫᠣᠨ᠎ᠤ ᠳᠡᠭᠡᠷᠡᠮᠴᠤᠳ ᠬᠠᠭᠤᠷᠮᠠᠭ ᠮᠣᠩᠭᠣᠯ᠎ᠤᠨ ᠬᠢᠵᠠᠭᠠᠷ᠎ᠤᠨ ᠵᠠᠰᠠᠭ᠎ᠤᠨ ᠭᠣᠣᠯ ᠣᠷᠣᠨ ᠪᠠᠢᠵᠦ᠂ ᠡᠬᠢ ᠪᠠᠶᠠᠯᠢᠭ᠎ᠢ ᠪᠤᠯᠢᠶᠠᠨ ᠳᠡᠭᠡᠷᠡᠮᠳᠡᠵᠦ᠍᠂ ᠠᠷᠠᠳ ᠤᠯᠠᠨ᠎ᠢ ᠬᠣᠣᠷᠳᠠᠭᠤᠯᠵᠤ᠂ ᠵᠥᠪᠯᠡᠯᠲᠦ ᠮᠣᠩᠭᠣᠯ᠎ᠲᠠᠶ ᠬᠠᠯᠳᠠᠬᠤ ᠪᠠᠢᠯᠳᠤᠬᠤ ᠪᠤᠳᠤᠯᠭ᠎ᠠ᠎ᠶ᠋ᠢᠨ ᠴᠢᠬᠤᠯᠠ ᠭᠠᠵᠠᠷ ᠮᠥᠨ ᠭᠡᠵᠦ᠍ ᠦᠵᠡᠵᠦ᠍ ᠪᠠᠢᠵᠠᠢ᠂ ᠡᠭᠦᠨ᠎ᠦ ᠬᠠᠮᠲᠤ᠂ ᠲᠡᠷᠡ ᠨᠢ ᠨᠡᠩ ᠴᠤ᠌ ᠳᠤᠮᠳᠠᠳᠤ ᠤᠯᠤᠰ᠎ᠤᠨ ᠳᠠᠢᠰᠤᠨ᠎ᠤ ᠠᠷᠤ ᠲᠠᠯ᠎ᠠ᠎ᠶ᠋ᠢᠨ ᠶᠠᠫᠣᠨ᠎ᠢ ᠡᠰᠡᠷᠭᠦᠴᠡᠬᠦ᠌ ᠳᠠᠢᠨ᠎ᠦ ᠵᠠᠩᠭᠢᠯᠠᠭ᠎ᠠ᠎ᠶ᠋ᠢᠨ ᠲᠤᠯᠬᠤ ᠴᠡᠭ ᠪᠠᠢᠵᠤ᠂ ᠱᠠᠨᠰᠢ ᠭᠠᠨᠰᠦ ᠨᠢᠩᠱᠢᠶᠠ᠎ᠶ᠋ᠢ ᠬᠠᠮᠠᠭᠠᠯᠠᠨ᠂ ᠱᠠᠨ ᠰᠢ᠎ᠶ᠋ᠢᠨ ᠪᠠᠷᠠᠭᠤᠨ ᠬᠣᠢᠲᠤ ᠬᠡᠰᠡᠭ᠎ᠢ ᠬᠠᠮᠵᠢᠵᠤ᠂ ᠤᠮᠠᠷᠠᠲᠤ ᠣᠷᠣᠨ᠎ᠤ ᠳᠠᠢᠨ᠎ᠦ ᠲᠠᠯᠠᠪᠤᠷ᠎ᠲᠠᠶ ᠬᠣᠯᠪᠣᠭᠠᠯᠠᠨ ᠪᠠᠢᠯᠳᠤᠬᠤ ᠪᠥᠭᠡᠳ ᠪᠠᠰᠠ ᠢᠷᠡᠭᠡᠳᠦᠶ᠎ᠶ᠋ᠢᠨ ᠭᠡᠳᠡᠷᠭᠦ᠌ ᠳᠣᠪᠲᠣᠯᠤᠯᠲᠠ᠎ᠶ᠋ᠢᠨ ᠴᠢᠬᠤᠯᠠ ᠰᠠᠭᠤᠷᠢᠨ ᠭᠠᠵᠠᠷ ᠪᠠ ᠵᠥᠪᠯᠡᠯᠲᠦ ᠮᠣᠩᠭᠣᠯ᠎ᠲᠠᠶ ᠨᠡᠪᠲᠡᠷᠡᠯᠴᠡᠬᠦ᠌ ᠣᠯᠠᠨ ᠤᠯᠤᠰ᠎ᠤᠨ ᠵᠠᠮ ᠪᠣᠯᠤᠨ᠎ᠠ᠃

1938 ᠣᠨ᠎ᠤ 5 ᠰᠠᠷ᠎ᠠ᠎ᠶ᠋ᠢᠨ 14 ᠎ᠤ᠋ ᠡᠳᠦᠷ᠂ ᠮᠠᠤ ᠽᠸ ᠳ᠋ᠦᠩ 120 ᠳ᠋ᠤᠭᠠᠷ ᠳ᠋ᠢᠸᠢᠽᠢ᠎ᠳᠦ ᠪᠠᠴᠢᠮ ᠴᠠᠬᠢᠯᠭᠠᠨ ᠮᠡᠳᠡᠭᠡ ᠶᠠᠪᠤᠭᠤᠯᠵᠤ᠂ ᠪᠸᠢᠢᠫᠢᠩ ᠡᠴᠡ ᠪᠤᠭᠤᠲᠤ ᠬᠦᠷᠭᠦ ᠲᠡᠮᠤᠷ ᠵᠠᠮ᠎ᠤᠨ ᠬᠣᠢᠲᠤ ᠬᠡᠰᠡᠭ᠂ ᠲᠠᠯᠠᠨ ᠬᠠᠷ᠎ᠠ ᠠᠭᠤᠯᠠ᠎ᠨᠢᠷᠤᠭᠤ᠎ᠳᠤ ᠫᠠᠷᠲ᠋ᠢᠽᠠᠨ ᠰᠠᠭᠤᠷᠢᠨ ᠭᠠᠵᠠᠷ ᠪᠠᠢᠭᠤᠯᠬᠤ ᠨᠢ《ᠲᠤᠢᠯ᠎ᠤᠨ ᠴᠢᠬᠤᠯᠠ》 ᠬᠡᠳᠡᠭ᠎ᠢ ᠴᠢᠬᠤᠯᠠᠴᠢᠯᠠᠵᠤ᠂ 《ᠬᠤᠷᠴᠠ ᠴᠢᠳᠠᠮᠠᠭᠠᠶ》 ᠴᠡᠷᠢᠭ ᠠᠩᠬᠢ ᠵᠢᠴᠢ ᠱᠢᠯᠢᠳᠡᠭ ᠤᠳᠤᠷᠢᠳᠭᠤ ᠬᠥᠮᠦᠨ᠎ᠢ ᠰᠣᠩᠭᠣᠨ ᠲᠣᠮᠢᠯᠠᠬᠤ᠎ᠶ᠋ᠢ ᠱᠠᠭᠠᠷᠳᠠᠪᠠ᠃ 120 ᠳ᠋ᠤᠭᠠᠷ ᠳ᠋ᠢᠸᠢᠽᠢ ᠦᠳᠲᠡᠷ ᠲᠦᠷᠭᠡᠨ ᠱᠢᠯᠢᠳᠡᠭ ᠴᠡᠷᠢᠭ ᠲᠠᠲᠠᠵᠤ᠂ ᠬᠠᠮᠲᠤᠷᠠᠭ᠍ᠰᠠᠨ ᠪᠠᠢᠯᠳᠤᠭᠠᠨ᠎ᠤ ᠶᠡᠷᠦᠩᠬᠡᠶ ᠡᠪᠯᠡᠯ᠎ᠦᠨ 《ᠶᠠᠫᠣᠨ᠎ᠢ ᠡᠰᠡᠷᠭᠦᠴᠡᠬᠦ᠌ ᠫᠠᠷᠲ᠋ᠢᠽᠠᠨ᠎ᠤ ᠳᠥᠷᠪᠡᠳᠦᠭᠡᠷ ᠰᠠᠯᠪᠤᠷᠢ ᠠᠩᠭᠢ》 ᠶ᠋ᠢ ᠵᠣᠬᠢᠶᠠᠨ ᠪᠠᠢᠭᠤᠯᠵᠤ᠂ ᠪᠠᠷᠤᠭ 2300 ᠬᠥᠮᠦᠨ᠎ᠲᠡᠶ ᠨᠠᠢ᠍ᠮᠠᠳᠤᠭᠠᠷ ᠵᠠᠮ᠎ᠤᠨ ᠴᠡᠷᠢᠭ᠎ᠦᠨ ᠳᠠᠯᠠᠨ ᠬᠠᠷ᠎ᠠ ᠠᠭᠤᠯᠠ᠎ᠶ᠋ᠢᠨ ᠰᠠᠯᠪᠤᠷᠢ ᠠᠩᠭᠢ᠎ᠶ᠋ᠢ ᠵᠣᠬᠢᠶᠠᠨ ᠪᠠᠢᠭᠤᠯᠵᠤ᠂ ᠯᠢ ᠵᠢᠩ ᠴᠢᠤᠸᠠᠨ ᠰᠠᠯᠪᠤᠷᠢ ᠠᠩᠭᠢ᠎ᠶ᠋ᠢᠨ ᠳᠠᠷᠤᠭ᠎ᠠ ᠪᠥᠭᠡᠳ ᠺᠣᠮᠢᠰᠰᠠᠷ᠎ᠤᠨ ᠲᠤᠱᠢᠶᠠᠯ᠎ᠢ ᠬᠠᠷᠢᠭᠤᠴᠠᠵᠤ᠂ ᠶᠣᠣ ᠵᠸ ᠱᠲ᠋ᠠᠪ᠎ᠤᠨ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠵᠤ᠂ ᠫᠸᠩ ᠳ᠋ᠸ ᠳ᠋ᠠ ᠤᠯᠤᠰ ᠲᠥᠷᠥ᠎ᠶ᠋ᠢᠨ ᠬᠡᠯᠲᠡᠰ᠎ᠦᠨ ᠡᠷᠬᠢᠯᠡᠭ᠌ᠴᠢ᠎ᠶ᠋ᠢᠨ ᠲᠤᠱᠢᠶᠠᠯ᠎ᠢ ᠬᠠᠷᠢᠭᠤᠴᠠᠪᠠ᠃ 1938 ᠣᠨ᠎ᠤ 7 ᠰᠠᠷ᠎ᠠ᠎ᠶ᠋ᠢᠨ ᠰᠡᠭᠦᠯᠴᠢ᠎ᠡᠴᠡ 8 ᠰᠠᠷ᠎ᠠ᠎ᠶ᠋ᠢᠨ ᠡᠬᠢ ᠪᠣᠯᠲᠠᠯ᠎ᠠ᠂ ᠡᠨᠡ ᠬᠦ᠌ ᠰᠠᠯᠠᠭ᠎ᠠ ᠬᠣᠯᠪᠣᠭᠠᠲᠤ ᠴᠡᠷᠢᠭ ᠠᠩᠬᠢ ᠱᠠᠨ ᠰᠢ᠎ᠶ᠋ᠢᠨ ᠪᠠᠷᠠᠭᠤᠨ ᠬᠣᠢᠲᠤ ᠬᠡᠰᠡᠭ᠎ᠡᠴᠡ ᠮᠣᠷᠳᠠᠵᠤ᠂ ᠶᠠᠫᠣᠨ ᠴᠡᠷᠢᠭ ᠪᠠ ᠬᠠᠭᠤᠷᠮᠠᠭ ᠴᠡᠷᠢᠭ᠎ᠦᠨ ᠳᠠᠪᠬᠤᠷ ᠳᠠᠪᠬᠤᠷ ᠬᠣᠷᠢᠭ᠍ᠯᠠᠯᠲᠠ᠎ᠶ᠋ᠢ ᠱᠢᠪᠲᠤᠯᠵᠤ᠂ 10 ᠰᠠᠷ᠎ᠠ᠎ᠶ᠋ᠢᠨ ᠡᠬᠢ᠎ᠪᠡᠷ ᠲᠠᠯᠠᠨ ᠬᠠᠷ᠎ᠠ ᠠᠭᠤᠯᠠ᠎ᠶ᠋ᠢᠨ ᠥᠷᠥᠴᠡᠨ᠎ᠳᠦ ᠬᠦᠷᠪᠡ᠃ ᠮᠢᠶᠠᠨ ᠫᠦ ᠶᠣᠣ ᠲᠤᠰᠬᠤᠨ᠎ᠳᠤ᠂ ᠳᠡᠳ᠋ᠡ ᠶᠠᠩ ᡁᠢ ᠯᠢᠨ᠎ᠦ ᠤᠳᠤᠷᠢᠳᠤᠭ᠍ᠰᠠᠨ ᠮᠣᠩᠭᠣᠯ ᠬᠢᠲᠠᠳ᠎ᠤᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠠᠩᠬᠢ᠎ᠲᠠᠶ ᠢᠯᠠᠯᠲᠠ᠎ᠲᠠᠶ᠎ᠪᠠᠷ ᠨᠡᠢᠯᠡᠭ᠌ᠰᠡᠨ ᠨᠢ ᠨᠠᠢ᠍ᠮᠠᠳᠤᠭᠠᠷ ᠵᠠᠮ᠎ᠤᠨ ᠴᠡᠷᠢᠭ᠎ᠦᠨ ᠭᠣᠣᠯ ᠬᠦᠴᠦᠨ ᠲᠠᠯᠠᠨ ᠬᠠᠷ᠎ᠠ ᠠᠭᠤᠯᠠᠨ᠎ᠳᠤ ᠠᠮᠵᠢᠯᠲᠠᠲᠠᠢ᠎ᠪᠠᠷ ᠦᠨᠳᠦᠰᠦᠯᠡᠵᠦ᠍᠂ ᠰᠠᠭᠤᠷᠢᠨ ᠭᠠᠵᠠᠷ᠎ᠤᠨ ᠪᠦ᠍ᠢ᠍ᠳ᠋ᠤᠭᠡᠨ ᠪᠠᠢᠭᠤᠯᠤᠯᠲᠠ ᠱᠢᠨ᠎ᠡ ᠱᠠᠲᠤᠨ᠎ᠳᠤ ᠤᠷᠤᠭ᠍ᠰᠠᠨ᠎ᠢ ᠬᠠᠷᠠᠭᠤᠯᠤᠭᠰᠠᠨ ᠪᠠᠢᠨ᠎ᠠ᠃

ᠠᠭᠤᠯᠠ ᠨᠢᠷᠤᠭᠤᠳ᠎ᠢᠶᠠᠷ ᠬᠦᠷᠢᠶᠡᠯᠡᠭ᠌ᠳᠡᠵᠦ᠍᠂ ᠭᠤᠤ ᠭᠠᠩᠭ᠎ᠠ ᠰᠦᠯᠵᠢᠯᠳᠦᠭ᠌ᠰᠡᠨ ᠪᠠ ᠽᠥᠩ ᠶᠣᠣ ᠲᠣᠰᠭᠣᠨ ᠨᠢ ᠲᠦᠮᠡᠳ᠎ᠦᠨ ᠲᠠᠯ᠎ᠠ᠎ᠶ᠋ᠢ ᠪᠠᠲᠤ ᠰᠠᠬᠢᠵᠤ᠂ ᠪᠤᠭᠤᠲᠤ ᠲᠠᠢ ᠨᠠᠢᠯᠠᠵᠤ᠂ ᠲᠠᠯ᠎ᠠ ᠨᠤᠲᠤᠭ᠎ᠢ ᠬᠣᠯᠪᠣᠵᠤ᠂ ᠵᠢᠦ ᠹᠸᠩ ᠱᠠᠨ ᠠᠭᠤᠯᠠ᠎ᠶ᠋ᠢ ᠲᠦᠱᠢᠵᠦ᠍ ᠪᠠᠢᠳᠠᠭ ᠭᠠᠵᠠᠷ ᠵᠦᠢ᠎ᠶ᠋ᠢᠨ ᠳᠠᠪᠠᠭᠤᠯᠢᠭ᠎ᠢᠶᠠᠷ᠎ᠢᠶᠠᠨ ᠰᠠᠭᠤᠷᠢᠨ ᠭᠠᠵᠠᠷ᠎ᠤᠨ ᠭᠣᠣᠯ ᠤᠷᠤᠨ ᠵᠢᠡᠷ ᠰᠤᠩᠭᠤᠬᠳᠠᠪᠠ᠃ ᠲᠣᠰᠭᠣᠨ᠎ᠤ ᠳᠤᠮᠳᠠᠬᠢ ᠸᠧᠶ ᠣᠪᠣᠭ᠍ᠲᠤ᠎ᠶ᠋ᠢᠨ ᠶᠡᠬᠡ ᠬᠦᠷᠢᠶ᠎ᠡ ᠨᠢ ᠳᠠᠯᠠᠨ ᠬᠠᠷ᠎ᠠ ᠠᠭᠤᠯᠠᠨ᠎ᠤ ᠰᠠᠯᠪᠤᠷᠢ ᠠᠩᠭᠢ᠎ᠶ᠋ᠢᠨ ᠵᠠᠬᠢᠷᠭᠠᠨ ᠭᠠᠵᠠᠷ᠎ᠤᠨ ᠪᠠᠢᠭ᠎ᠠ ᠭᠠᠵᠠᠷ ᠪᠣᠯᠪᠠ᠃ 1938 ᠣᠨ᠎ᠤ 12 ᠰᠠᠷ᠎ᠠ᠎ᠶ᠋ᠢᠨ 9 ᠎ᠤ᠋ ᠡᠳᠦᠷ᠂ ᠪᠠ ᠽᠦᠩ ᠶᠣᠣ᠎ᠶ᠋ᠢ ᠬᠠᠮᠠᠭᠠᠯᠠᠬᠤ ᠳᠠᠢᠯᠠᠯᠳᠤᠭᠠᠨ ᠴᠠᠰᠤ ᠱᠢᠭᠤᠷᠭᠠᠨ᠎ᠤ ᠳᠤᠮᠳᠠ ᠶᠠᠪᠤᠭ᠍ᠳᠠᠪᠠ᠃  ᠸᠧᠶ ᠣᠪᠣᠭ᠍ᠲᠤ᠎ᠶ᠋ᠢᠨ ᠶᠡᠬᠡ ᠬᠦᠷᠢᠶ᠎ᠠ ᠵᠢᠨ ᠨᠡᠭᠦᠷᠡᠰᠦᠨ ᠲᠣᠰᠣᠨ ᠳ᠋ᠧᠩ ᠰᠥᠨᠢᠵᠢᠨ ᠬᠡᠷᠡᠯᠳᠦᠨ᠎ᠡ᠃ ᠰᠠᠯᠪᠤᠷᠢ ᠠᠩᠭᠢ᠎ᠶᠢᠨ ᠤᠳᠤᠷᠢᠳᠤᠯᠭ᠎ᠠ ᠯᠢ ᠵᠢᠩ ᠴᠢᠤᠸᠠᠨ ᠂ ᠶᠣᠣ ᠵᠸ ᠨᠠᠷ ᠄ ᠳᠠᠢᠰᠤᠨ ᠤᠯᠠᠨ ᠪᠢᠳᠡ ᠴᠥᠭᠡᠨ ᠂ ᠡᠷᠬᠡᠪᠰᠢ ᠭᠤᠤᠯ ᠬᠦᠴᠦᠨ ᠡᠴᠡ ᠨᠢ ᠵᠠᠢᠯᠠᠬᠤ ᠬᠡᠷᠡᠭᠲᠡᠢ!ᠬᠡᠵᠦ ᠪᠠᠴᠢᠮ ᠰᠤᠳᠤᠯᠤᠨ ᠮᠠᠭᠠᠳᠯᠠᠪᠠ᠂  ᠲᠡᠳᠡ ᠄ ᠭᠣᠣᠯ ᠬᠦᠴᠦᠨ᠎ᠢᠶᠡᠨ ᠲᠥᠯᠥᠪᠯᠡᠭᠡ ᠶᠣᠰᠣᠭᠠᠷ ᠵᠡᠭᠦᠨᠰᠢ ᠰᠢᠯᠵᠢᠭᠦᠯᠦᠨ ᠲᠥᠪᠯᠡᠷᠡᠭᠦᠯᠵᠦ᠂ ᠡᠯ᠎ᠡ ᠴᠡᠷᠢᠭ ᠠᠩᠭᠢ ᠮᠠᠤ ᠲᠡᠷᠢᠭᠦᠯᠡᠭᠴᠢ᠎ᠶᠢᠨ 《 ᠮᠥᠭᠥ᠎ᠶᠢᠨ ᠪᠠᠢᠯᠳᠤᠬᠤ ᠠᠷᠭ᠎ᠠ》᠎ᠵᠢ ᠬᠡᠷᠡᠭᠯᠡᠨ᠂ ᠠᠭᠤᠯᠠᠨ᠎ᠳᠤ ᠳᠠᠢᠰᠤᠨ᠎ᠲᠠᠢ ᠡᠷᠭᠢᠯᠳᠦᠨ ᠪᠠᠢᠯᠳᠤᠵᠤ᠂ ᠳᠠᠢᠰᠤᠨ᠎ᠤ ᠬᠦᠴᠦᠨ᠎ᠢ ᠮᠤᠬᠤᠭᠠᠵᠦ᠂ ᠵᠠᠪᠰᠢᠶᠠᠨ᠎ᠢ ᠳᠠᠯᠢᠮᠳᠠᠭᠤᠯᠤᠨ ᠳᠠᠢᠰᠤᠨ᠎ᠢ ᠰᠥᠨᠥᠭᠡᠬᠦ ᠡᠷᠡᠰ ᠰᠢᠭᠤᠷᠬᠠᠢ ᠰᠢᠢᠳᠪᠦᠷᠢᠲᠦ ᠪᠣᠳᠣᠯᠭ᠎ᠠ ᠲᠣᠭᠲᠠᠭᠠᠪᠠ᠃ ᠴᠡᠷᠢᠭ ᠠᠩᠭᠢ ᠪᠠ ᠽᠦᠩ ᠶᠣᠣ᠎ᠡᠴᠨ  ᠦᠳᠲᠡᠷ ᠲᠦᠷᠭᠡᠨ ᠤᠬᠤᠷᠢᠨ ᠭᠠᠷᠪᠠ᠃ 4 ᠡᠳᠦᠷ᠎ᠦᠨ ᠳᠠᠷᠠᠭ᠎ᠠ᠂ ᠵᠠᠯᠭᠠᠭ᠎ᠠ᠎ᠪᠠᠷ ᠬᠣᠭᠣᠰᠤᠳᠠᠵᠤ᠂ ᠶᠠᠳᠠᠷᠠᠵᠤ ᠵᠦᠳᠡᠷᠡᠭᠰᠡᠨ ᠶᠠᠫᠤᠨ ᠴᠡᠷᠢᠭ ᠪᠠ ᠬᠠᠭᠤᠷᠮᠠᠭ ᠴᠡᠷᠢᠭ ᠬᠠᠨ ᠴᠢᠩ ᠪᠠ᠎ᠳᠤ ᠨᠡᠬᠡᠮᠵᠢᠯᠡᠨ ᠬᠦᠷᠪᠡ᠃

ᠬᠠᠨ ᠴᠢᠩ ᠪᠠ ᠵᠢᠨ ᠠᠭᠤᠯᠠ ᠭᠤᠤ ᠨᠢ ᠬᠦᠨ ᠪᠦᠭᠡᠳ ᠡᠭᠴᠡ ᠪᠠᠢᠵᠤ᠂ ᠪᠠᠢᠭᠠᠯᠢᠯᠢᠭ ᠪᠦᠭᠬᠦᠨ ᠴᠤᠬᠢᠬᠤ᠎ᠪᠠᠢᠯᠳᠤᠭᠠᠨ᠎ᠤ ᠲᠠᠯᠠᠪᠤᠷ ᠪᠣᠯᠣᠨ᠎ᠠ᠃ ᠨᠠᠢ᠍ᠮᠠᠳᠤᠭᠠᠷ ᠵᠠᠮ᠎ᠤᠨ ᠴᠡᠷᠢᠭ᠎ᠦᠨ ᠰᠦᠢᠶᠤᠸᠠᠨ᠎ᠤ ᠪᠠᠷᠠᠭᠤᠨ ᠬᠡᠰᠡᠭ᠎ᠦᠨ ᠴᠡᠷᠢᠭ ᠠᠩᠭᠢ᠎ᠶᠢᠨ ᠭᠣᠣᠯ ᠬᠦᠴᠦᠨ ᠪᠣᠯᠬᠤ ᠭᠤᠷᠪᠠᠳᠤᠭᠠᠷ ᠪᠠᠲᠯᠢᠶᠤᠨ᠎ᠤ ᠳᠠᠷᠤᠭ᠎ᠠ ᠴᠧᠨ ᠭᠠᠩ᠂ ᠵᠢᠭᠠᠨ ᠵᠢᠯᠣᠭᠣᠳᠤᠭ᠍ᠴᠢ ᠳ᠋ᠦᠩ ᠰᠢᠩ ᠱᠠᠨ ᠪᠠᠢᠯᠳᠤᠭᠠᠨ᠎ᠤ ᠲᠣᠬᠢᠶᠠᠯ᠎ᠢ ᠬᠤᠷᠴᠠ ᠰᠡᠷᠭᠡᠭ᠎ᠢᠶᠡᠷ ᠠᠳᠬᠤᠪᠠ᠃ ᠪᠠᠢᠯᠳᠤᠭ᠍ᠴᠢᠳ ᠮᠠᠰᠢ ᠲᠦᠷᠭᠡᠨ᠎ᠢᠶᠡᠷ ᠬᠠᠬᠢᠷ ᠬᠦᠢᠲᠡᠨ ᠴᠠᠰᠤᠨ ᠳᠣᠲᠣᠷ᠎ᠠ ᠪᠦᠭᠬᠦᠯ᠎ᠡ᠃ 20 ᠭᠠᠷᠤᠢ ᠮᠢᠨᠦ᠋ᠲ᠎ᠦᠨ ᠲᠠᠷᠠᠭ᠎ᠠ᠂ ᠳᠠᠢᠰᠤᠨ ᠭᠠᠷᠴᠤ ᠢᠷᠡᠪᠡ᠄ ᠬᠣᠶᠠᠷ ᠬᠠᠭᠤᠷᠮᠠᠭ ᠴᠡᠷᠢᠭ᠎ᠦᠨ ᠳᠤᠮᠳᠠ ᠠᠩᠬᠢ ᠲᠤᠯᠤᠭᠠᠢᠯᠠᠵᠤ᠂ 3 ᠶᠠᠫᠤᠨ ᠴᠡᠷᠢᠭ᠎ᠦᠨ ᠳᠤᠮᠳᠠ ᠠᠩᠬᠢ ᠭᠤᠤᠯ ᠪᠠᠢᠷᠢᠨ᠎ᠳᠤ ᠶᠠᠪᠤᠵᠤ᠂ ᠲᠠᠪᠤ ᠵᠢᠷᠭᠤᠭᠠᠨ ᠬᠠᠭᠤᠷᠮᠠᠭ ᠴᠡᠷᠢᠭ᠎ᠦᠨ ᠳᠤᠮᠳᠠ ᠠᠩᠬᠢ ᠰᠡᠬᠦᠯ ᠵᠢᠠᠨ ᠬᠠᠮᠠᠭᠠᠯᠠᠵᠤ᠂ ᠠᠯᠬᠤᠮ ᠠᠯᠬᠤᠮ᠎ᠢᠶᠠᠷ ᠪᠦᠭᠬᠦᠯᠳᠡ᠎ᠳᠤ ᠣᠷᠣᠪᠠ᠃ ᠳᠠᠢᠰᠤᠨ᠎ᠤ ᠡᠮᠦᠨ᠎ᠡ ᠹᠷᠣᠨᠲ᠎ᠤᠨ ᠴᠡᠷᠢᠭ ᠣᠶ᠋ᠢᠷᠠᠳᠴᠤ ᠢᠷᠡᠬᠦ᠎ᠳᠦ᠂  ᠪᠠᠲᠯᠢᠶᠤᠨ ᠤ᠋ ᠳᠠᠷᠤᠭ᠎ᠠ ᠴᠧᠨ ᠭᠠᠩ ᠄ 《 ᠴᠣᠬᠢ!》 ᠬᠡᠵᠦ ᠬᠠᠰᠬᠢᠷᠬᠤ ᠳ᠋ᠸ᠋᠂  ᠭ᠌ᠱᠠᠨ ᠵᠠᠭᠤᠷ᠎ᠠ᠂ ᠠᠷᠪᠠᠨ ᠬᠡᠳᠦᠨ ᠬᠦᠨᠳᠦ ᠬᠥᠩᠭᠡᠨ ᠫᠦᠯᠸᠮᠶᠤᠲ ᠡᠴᠨ ᠭᠠᠯ ᠤ᠋ᠨ ᠤᠴᠢ ᠦᠰᠦᠷᠦᠨ᠂ ᠭᠠᠷᠨᠠᠲᠠ ᠨᠢ ᠮᠥᠨᠳᠥᠷ ᠮᠡᠲᠦ ᠪᠡᠷ ᠳᠠᠢᠰᠤᠨ᠎ᠤ ᠵᠦᠭ ᠨᠢᠰᠪᠡ ! ᠶᠠᠫᠤᠨ ᠴᠡᠷᠢᠭ  ᠪᠠ ᠬᠠᠭᠤᠷᠮᠠᠭ ᠴᠡᠷᠢᠭ ᠰᠡᠷᠭᠡᠢᠯᠡᠬᠦ ᠵᠠᠪ ᠦᠭᠡᠢ ᠪᠣᠯᠵᠤ᠂ ᠬᠥᠮᠥᠨ ᠮᠣᠷᠢ ᠬᠥᠷᠪᠡᠨ᠂ ᠭᠠᠰᠠᠯᠤᠨ ᠤᠷᠢᠯᠠᠨ᠎ᠠ᠃ ᠲᠦᠷ ᠴᠠᠭ ᠎ᠤᠨ ᠲᠠᠷᠠᠭ᠎ᠠ ᠳᠠᠢᠰᠤᠨ ᠭᠠᠯᠵᠠᠭᠤᠷᠠᠭᠰᠠᠨ ᠮᠡᠲᠦ ᠬᠡᠳᠡᠷᠬᠦ ᠲᠠᠭᠠᠷᠢᠪᠠ᠂ ᠭᠡᠳᠡᠯ᠎ᠡ ᠠᠰᠢᠭ᠍ᠲᠠᠢ ᠭᠠᠵᠠᠷ᠎ᠤᠨ ᠪᠠᠢᠴᠠ᠎ᠳᠤ ᠲᠦᠰᠢᠭᠯᠡᠭᠰᠡᠨ ᠨᠠᠢ᠍ᠮᠠᠳᠤᠭᠠᠷ ᠵᠠᠮ᠎ᠤᠨ ᠴᠡᠷᠢᠭ᠎ᠦᠨ ᠪᠠᠢᠯᠳᠤᠭ᠍ᠴᠢ᠎ᠳᠤ ᠴᠣᠬᠢᠭ᠍ᠳᠠᠨ ᠤᠬᠤᠷᠢᠪᠠ᠃ ᠬᠣᠶᠠᠷ ᠴᠠᠭ ᠰᠢᠬᠠᠮ᠎ᠤᠨ ᠰᠢᠷᠦᠭᠦᠨ ᠪᠠᠢᠯᠳᠤᠭᠠᠨ᠎ᠤ ᠳᠠᠷᠠᠭ᠎ᠠ᠂ ᠠᠭᠤᠯᠠᠨ ᠬᠥᠲᠥᠯ ᠭᠤᠤ᠎ᠳᠤ ᠳᠠᠢᠰᠤᠨ᠎ᠤ ᠬᠡᠭᠦᠷ ᠪᠦᠷᠬᠦᠪᠡ᠃ ᠲᠤᠰ ᠳᠠᠢᠯᠠᠯᠳᠤᠭᠠᠨ᠎ᠳᠤ᠂ ᠶᠠᠫᠤᠨ ᠴᠡᠷᠢᠭ ᠪᠠ ᠬᠠᠭᠤᠷᠮᠠᠭ ᠴᠡᠷᠢᠭ᠎ᠦᠨ 450 ᠭᠠᠷᠤᠢ ᠬᠥᠮᠥᠨ᠎ᠢ ᠠᠯᠠᠵᠤ ᠰᠢᠷᠬᠠᠲᠤᠭᠤᠯᠵᠤ᠂ 9 ᠬᠥᠩᠭᠡᠨ ᠫᠦᠯᠸᠮᠶᠤᠲ᠂ 200 ᠭᠠᠷᠤᠢ ᠤᠷᠳᠤ ᠣᠬᠣᠷ ᠫᠤᠤ ᠵᠢᠴᠢ ᠠᠯᠢ ᠤᠯᠠᠨ ᠲᠠᠷᠢ ᠰᠤᠮᠤ᠎ᠶᠢ ᠣᠯᠵᠠᠯᠠᠪᠠ᠃

ᠢᠯᠠᠯᠲᠠ᠎ᠶᠢᠨ ᠴᠢᠮᠡᠬᠡ ᠤᠯᠠᠮᠵᠢᠯᠠᠭᠳᠠᠨ ᠢᠷᠡᠵᠦ᠂ ᠠᠷᠠᠳ ᠤᠯᠠᠨ᠄ 《ᠨᠠᠢ᠍ᠮᠠᠳᠤᠭᠠᠷ ᠵᠠᠮ᠎ᠤᠨ ᠴᠡᠷᠢᠭ ᠦᠨᠡᠬᠡᠷ ᠲᠡᠭᠷᠢ᠎ᠶᠢᠨ ᠴᠡᠷᠢᠭ ᠲᠡᠭᠷᠢ᠎ᠶᠢᠨ ᠵᠠᠩᠵᠤᠨ ᠪᠠᠢᠨ᠎ᠠ!》ᠬᠡᠵᠦ ᠤᠴᠠᠷᠠᠬᠰᠠᠨ ᠪᠤᠯᠭᠠᠨ ᠳ᠋ᠸ᠋ ᠬᠡᠯᠡᠨ᠎ᠡ᠃ ᠬᠠᠨ ᠴᠢᠩ ᠪᠠ᠎ᠶᠢᠨ ᠪᠦᠭᠬᠦᠨ ᠴᠣᠬᠢᠬᠤ ᠪᠠᠢᠯᠳᠤᠭᠠᠨ ᠨᠢ ᠳᠠᠯᠠᠨ ᠬᠠᠷ᠎ᠠ ᠠᠭᠤᠯᠠ᠎ᠶᠢᠨ ᠰᠠᠯᠪᠤᠷᠢ ᠠᠩᠭᠢ ᠤᠷᠤᠭᠰᠢᠯᠠᠨ ᠪᠠᠢᠯᠳᠤᠵᠦ ᠢᠷᠡᠭᠰᠡᠨ᠎ᠡᠴᠡ ᠨᠠᠭᠠᠰᠢ ᠳᠠᠢᠰᠤᠨ᠎ᠢ ᠬᠠᠮᠤᠭ᠎ᠤᠨ ᠣᠯᠠᠨ ᠰᠥᠨᠥᠭᠡᠵᠦ᠂ ᠬᠠᠮᠤᠭ᠎ᠤᠨ ᠡᠯᠪᠡᠭ ᠣᠯᠵᠠᠯᠠᠭᠰᠠᠨ ᠪᠠᠢᠯᠳᠤᠭᠠᠨ ᠪᠣᠯᠵᠤ᠂ ᠨᠡᠩ ᠴᠤ᠌ ᠪᠠ ᠽᠦᠩ ᠶᠣᠣ᠎ᠶᠢ ᠬᠠᠮᠠᠭᠠᠯᠠᠬᠤ ᠪᠠᠢᠯᠳᠤᠭᠠᠨ ᠨᠢ ᠰᠠᠨᠠᠭᠠᠴᠢᠯᠠᠭ᠎ᠠ ᠦᠭᠡᠢ᠎ᠪᠡᠷ ᠳᠠᠢᠰᠤᠨ᠎ᠡᠴᠨ ᠵᠠᠢᠯᠠᠵᠤ ᠪᠠᠢᠭᠰᠠᠨ ᠡᠴᠨ ᠎ᠪᠠᠨ ᠰᠠᠨᠠᠭᠠᠴᠢᠯᠠᠭ᠎ᠠ᠎ᠲᠠᠢ᠎ᠪᠠᠷ ᠳᠠᠢᠰᠤᠨ᠎ᠢ ᠡᠷᠬᠡᠰᠢᠶᠡᠬᠦ ᠭᠡᠷᠡᠯ ᠰᠠᠴᠤᠷᠠᠩᠭᠤᠢ ᠡᠷᠭᠢᠯᠲᠡ ᠪᠣᠯᠤᠭᠰᠠᠨ ᠪᠠᠢᠨ᠎ᠠ᠃ ᠳᠠᠯᠠᠨ ᠬᠠᠷ᠎ᠠ ᠠᠭᠤᠯᠠ᠎ᠶᠢᠨ ᠰᠠᠯᠪᠤᠷᠢ ᠠᠩᠭᠢ᠎ᠶᠢᠨ ᠢᠯᠠᠯᠲᠠ ᠨᠢ ᠳᠠᠢᠰᠤᠨ᠎ᠳ᠋ᠸ᠋ ᠡᠵᠡᠯᠡᠭᠳᠡᠭᠰᠡᠨ ᠣᠷᠣᠨ᠎ᠤ ᠠᠷᠠᠳ ᠣᠯᠠᠨ᠎ᠢ ᠲᠤᠢᠯ᠎ᠤᠨ ᠶᠡᠬᠡ᠎ᠪᠡᠷ ᠵᠣᠷᠢᠭ᠍ᠵᠢᠭᠤᠯᠵᠤ᠂ ᠳᠠᠯᠠᠨ ᠬᠠᠷ᠎ᠠ ᠠᠭᠤᠯᠠ᠎ᠶᠢᠨ ᠬᠣᠷᠮᠣᠢ᠎ᠳᠠᠬᠢ ᠠᠢᠯ ᠲᠣᠰᠬᠣᠨ᠎ᠤ ᠤᠯᠠᠨ ᠲᠦᠮᠡᠨ᠎ᠤ ᠶᠠᠫᠤᠨ᠎ᠢ ᠡᠰᠡᠷᠭᠦᠴᠡᠬᠦ ᠤᠷᠬᠢᠯᠤᠮ᠎ᠠ ᠬᠠᠯᠠᠭᠤᠨ ᠡᠷᠴᠢ ᠵᠤᠷᠢᠭ᠎ᠢ ᠬᠦᠭᠵᠢᠭᠡᠪᠡ᠃ ᠲᠠᠢᠨ ᠪᠠᠢᠯᠳᠤᠭᠠᠨ ᠤ᠋ ᠡᠳᠦᠷ ᠬᠤᠨᠤᠬ ᠎ᠤᠳ ᠲᠦ᠍᠂ ᠳᠠᠯᠠᠨ ᠬᠠᠷ᠎ᠠ ᠠᠭᠤᠯᠠ᠎ᠶᠢᠨ ᠠᠷᠠᠳ ᠲᠦᠮᠡᠨ ᠨᠠᠢ᠍ᠮᠠᠳᠤᠭᠠᠷ ᠵᠠᠮ᠎ᠤᠨ ᠴᠡᠷᠢᠭ᠎ᠲᠠᠢ ᠦᠬᠦᠵᠦ ᠰᠡᠬᠡᠬᠦ᠎ᠪᠡᠨ ᠬᠠᠮᠲᠤᠳᠬᠠᠵᠤ᠂ ᠬᠠᠯᠠᠭᠤᠨ ᠠᠮᠢ ᠪᠦᠯᠢᠶᠡᠨ ᠴᠢᠰᠤ᠎ᠪᠠᠷ᠎ᠢᠶᠠᠨ ᠡᠪᠳᠡᠷᠡᠵᠦ ᠰᠦᠨᠦᠰᠢ ᠦᠬᠡᠢ ᠳᠠᠯᠠᠨ ᠬᠠᠷ᠎ᠠ ᠠᠭᠤᠯᠠ᠎ᠶᠢᠨ ᠪᠡᠬᠢᠯᠡᠯᠲᠡ᠎ᠶᠢ ᠴᠣᠭᠴᠠᠯᠠᠪᠠ᠃

ᠳᠠᠢᠨ᠎ᠤ ᠤᠳᠤᠭ᠎ᠠ ᠰᠠᠷᠨᠢᠬᠰᠠᠨ᠎ᠴᠦ ᠵᠣᠷᠢᠭ᠋ ᠰᠠᠨᠠᠭ᠎ᠠ ᠡᠭᠦᠷᠢᠳᠡ ᠤᠯᠠᠮᠵᠢᠯᠠᠭᠳᠠᠨ᠎ᠠ᠃ 2006 ᠣᠨ᠎ᠳᠤ᠂ ᠭᠦᠨ ᠵᠤᠵᠠᠭᠠᠨ ᠬᠤᠪᠢᠰᠬᠠᠯ᠎ᠤᠨ ᠳᠤᠷᠠᠰᠤᠮᠵᠢ᠎ᠶᠢ ᠠᠴᠢᠶᠠᠯᠠᠭᠰᠠᠨ ᠪᠠ ᠽᠥᠩ ᠶᠣᠣ᠎ᠶᠢᠨ ᠸᠧᠢ ᠣᠪᠣᠭᠲᠤ᠎ᠶᠢᠨ ᠶᠡᠬᠡ ᠬᠦᠷᠢᠶ᠎ᠠ ᠵᠢᠨ ᠬᠠᠭᠤᠴᠢᠨ ᠪᠠᠭᠤᠷᠢ᠎ᠶᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠨᠢᠭᠡᠴᠢ᠎ᠪᠡᠷ ᠨᠡᠢᠲᠡᠯᠡᠪᠡ᠃ 2014 ᠣᠨ᠎ᠳᠤ ᠵᠠᠰᠠᠨ ᠰᠢᠨᠡᠳᠬᠡᠭᠰᠡᠨ᠎ᠦ ᠳᠠᠷᠠᠭ᠎ᠠ᠂ ᠰᠢᠨ᠎ᠡ᠎ᠪᠡᠷ ᠪᠠᠢᠭᠤᠯᠤᠭᠰᠠᠨ ᠳᠤᠷᠠᠰᠬᠠᠯ᠎ᠤᠨ ᠣᠷᠳᠣᠨ᠎ᠨᠢ ᠳᠠᠢᠨ᠎ᠤ ᠭᠠᠯ ᠳᠦᠷᠡᠯᠵᠡᠭᠰᠡᠨ ᠣᠨ ᠰᠠᠷ᠎ᠠ᠎ᠶᠢ ᠠᠮᠢᠳᠤᠯᠢᠭ᠋᠎ᠢᠶᠠᠷ ᠳᠠᠬᠢᠨ ᠢᠯᠡᠷᠡᠭᠦᠯᠪᠡ᠃ ᠳᠤᠷᠠᠰᠬᠠᠯ᠎ᠤᠨ ᠪᠠᠭᠤᠷᠢ ᠨᠢ ᠨᠢᠭᠡᠨᠲᠡ ᠴᠢᠬᠤᠯᠠ ᠨᠠᠮᠴᠢ ᠴᠢᠨᠠᠷ᠎ᠤᠨ ᠬᠥᠮᠦᠵᠢᠯ᠎ᠦᠨ ᠲᠠᠪᠴᠠᠩ ᠪᠣᠯᠵᠤ᠂ ᠪᠦᠬᠦ ᠤᠯᠤᠰ᠎ᠤᠨ ᠡᠯ᠎ᠡ ᠭᠠᠵᠠᠷ᠎ᠤᠨ ᠨᠠᠮ᠎ᠤᠨ ᠭᠡᠰᠢᠭᠦᠨ ᠺᠠᠳ᠋ᠷ᠎ᠢ ᠨᠡᠢ᠍ᠢᠳᠡ 6 ᠲᠦᠮᠡᠨ ᠬᠥᠮᠥᠨ ᠤᠳᠠᠭ᠎ᠠ ᠬᠦᠯᠢᠶᠡᠨ ᠠᠪᠤᠪᠠ᠃

ᠳᠤᠷᠠᠰᠬᠠᠯ᠎ᠤᠨ ᠣᠷᠳᠣᠨ᠎ᠢ ᠨᠠᠷᠢᠨ ᠨᠢᠮᠪᠠᠢ ᠴᠣᠭᠴᠠᠯᠠᠨ ᠪᠠᠢᠭᠤᠯᠬᠤ᠎ᠡᠴᠨ ᠠᠵᠤ ᠦᠢᠯᠡᠰ᠎ᠦᠨ ᠥᠷᠨᠢᠩᠭᠦᠢ ᠬᠥᠭᠵᠢᠯᠲᠡ ᠬᠦᠷᠲᠡᠯ᠎ᠡ᠂ ᠭᠦᠩ ᠱᠠᠨ ᠸᠠᠨ ᠲᠣᠰᠬᠣᠨ (ᠪᠠ ᠽᠥᠩ ᠶᠣᠣ ᠲᠣᠰᠬᠣᠨ) ᠬᠤᠪᠢᠰᠬᠠᠯ᠎ᠤᠨ ᠠᠭᠤᠯᠤᠭᠳᠠᠬᠤᠨ᠎ᠢᠶᠠᠷ ᠰᠠᠭᠤᠷᠢ ᠪᠣᠯᠭᠠᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢᠶᠠᠷ ᠠᠷᠭ᠎ᠠ ᠵᠠᠮ ᠪᠣᠯᠭᠠᠵᠤ᠂ ᠡᠨᠡ ᠬᠦ᠌ ᠪᠠᠭᠠᠲᠤᠷᠴᠤᠳ᠎ᠤᠨ ᠬᠦᠷᠦᠰᠦ ᠰᠢᠷᠤᠢ ᠨᠢ ᠰᠢᠨ᠎ᠡ ᠴᠠᠭ ᠦᠶ᠎ᠡ᠎ᠳᠦ ᠠᠮᠢᠵᠢᠷᠠᠯ᠎ᠤᠨ ᠬᠦᠴᠦᠨ᠎ᠢᠶᠡᠷ ᠪᠢᠯᠬᠠᠵᠤ᠂ ᠳᠠᠯᠠᠨ ᠬᠠᠷ᠎ᠠ ᠠᠭᠤᠯᠠ᠎ᠶᠢᠨ ᠶᠠᠫᠤᠨ᠎ᠢ ᠡᠰᠡᠷᠭᠦᠴᠡᠬᠦ ᠳᠠᠢ᠍ᠢᠨ᠎ᠦ ᠵᠣᠷᠢᠭ᠋ ᠰᠠᠨᠠᠭ᠎ᠠ ᠰᠢᠨ᠎ᠡ ᠠᠶᠠᠨ ᠵᠠᠮ᠎ᠳᠤ ᠦᠷᠬᠦᠯᠵᠢᠯᠡᠨ ᠴᠠᠭ ᠦᠶ᠎ᠡ᠎ᠶᠢᠨ ᠭᠡᠷᠡᠯ ᠭᠢᠯᠪᠠᠭ᠎ᠠ᠎ᠶᠢ ᠰᠠᠴᠤᠷᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号