ᠭᠤᠸᠠᠩᠳᠦ᠋ᠩ᠎ᠦᠨ ᠬᠤᠢ ᠵᠧᠸ᠋᠎ᠳᠡᠬᠢ ᠯᠦᠸᠧ ᠹᠦ᠋ ᠱᠠᠨ ᠠᠭᠤᠯᠠᠨ᠎ᠤ ᠬᠣᠷᠮᠣᠶ᠎ᠳᠦ ᠪᠠᠢᠭ᠎ᠠ ᠳ᠋ᠦᠩᠵᠢᠶᠠᠩ᠎ᠤᠨ ᠴᠤᠪᠤᠭ᠎ᠠ ᠠᠩᠭᠢ᠎ᠶ᠋ᠢᠨ ᠳᠤᠷᠠᠰᠭᠠᠯ᠎ᠤᠨ ᠣᠷᠳᠣᠨ᠎ᠢ ᠬᠠᠭᠠᠰ ᠵᠢᠯ ᠱᠢᠬᠠᠮ ᠨᠠᠷᠢᠨ ᠨᠢᠮᠪᠠᠶ ᠰᠡᠯᠪᠢᠨ ᠵᠠᠰᠠᠭ᠍ᠰᠠᠨ᠎ᠤ ᠳᠠᠷᠠᠭ᠎ᠠ ᠡᠨᠡ ᠵᠢᠯ᠎ᠦᠨ ᠡᠬᠢ᠎ᠪᠡᠷ ᠳᠠᠬᠢᠨ ᠨᠡᠭᠡᠭᠡᠪᠡ᠃ ᠡᠭᠦᠳᠡᠨ ᠡᠮᠦᠨᠡᠬᠢ ᠴᠢᠯᠠᠭᠤᠨ ᠬᠥᠱᠢᠢ᠎ᠡ᠎ᠳᠦ 《ᠡᠭᠦᠷᠢᠳᠡ ᠵᠤᠬᠰᠤᠰᠢ ᠦᠬᠡᠢ ᠤᠷᠤᠭ᠍ᠰᠢ ᠲᠡᠮᠡᠦᠯᠦᠶᠠ》 ᠭᠡᠬᠦ᠌ ᠲᠤᠮᠤ ᠦᠰᠦᠭ ᠨᠠᠷᠠᠨ᠎ᠤ ᠬᠡᠷᠡᠯ ᠳ᠋ᠤ ᠬᠢᠯᠠᠯᠵᠠᠨ ᠬᠠᠷᠠᠭᠳᠠᠨ᠎ᠠ᠃
ᠳ᠋ᠦᠩᠵᠢᠶᠠᠩ᠎ᠤᠨ ᠴᠤᠪᠤᠭ᠎ᠠ ᠠᠩᠬᠢ ᠪᠣᠯ ᠶᠠᠫᠣᠨ᠎ᠢ ᠡᠰᠡᠷᠭᠦᠴᠡᠬᠦ᠌ ᠳᠠᠢ᠌ᠨ᠎ᠦ ᠦᠶ᠎ᠡ᠎ᠳᠦ ᠳᠤᠮᠳᠠᠳᠤ ᠤᠯᠤᠰ᠎ᠤᠨ ᠡᠪ ᠬᠠᠮᠲᠤ ᠨᠠᠮ ᠡᠴᠡ ᠭᠤᠸᠠᠩᠳᠦ᠋ᠩ ᠮᠤᠵᠢ᠎ᠶ᠋ᠢᠨ ᠳ᠋ᠦᠩᠵᠢᠶᠠᠩ ᠣᠷᠣᠨ᠎ᠳᠤ ᠡᠭᠦᠰᠭᠡᠨ ᠪᠠᠢᠭᠤᠯᠤᠭ᠍ᠰᠠᠨ ᠪᠠ ᠤᠳᠤᠷᠢᠳᠤᠭ᠍ᠰᠠᠨ ᠶᠠᠫᠣᠨ᠎ᠢ ᠡᠰᠡᠷᠭᠦᠴᠡᠬᠦ᠌ ᠨᠢᠬᠡᠨ ᠰᠠᠯᠠᠭ᠎ᠠ ᠬᠦᠴᠦᠷᠭᠡᠭ ᠴᠡᠷᠢᠭ ᠠᠩᠬᠢ ᠪᠣᠯᠤᠨ᠎ᠠ᠃ 《ᠲᠣᠭ᠎ᠠ ᠲᠣᠮᠰᠢ ᠦᠭᠡᠢ ᠬᠤᠪᠢᠰᠭᠠᠯ᠎ᠤᠨ ᠴᠢᠬᠡᠴᠢ ᠵᠢᠷᠤᠮᠲᠠᠨᠳ᠋ᠦᠩᠵᠢᠶᠠᠩᠤᠨ ᠴᠤᠪᠤᠭ᠎ᠠ ᠠᠩᠬᠢ᠎ᠶᠢᠨ ᠠᠭᠤᠤ ᠶᠡᠬᠡ ᠵᠣᠷᠢᠭ ᠰᠠᠨᠠᠭ᠎ᠠ᠎ᠶ᠋ᠢ ᠨᠢᠭ᠍ᠲᠠᠷᠠᠭᠤᠯᠤᠨ ᠱᠤᠭᠤᠵᠠᠢ》᠃ ᠬᠤᠢ ᠵᠧᠸ᠋ ᠬᠤᠳᠠ᠎ᠶ᠋ᠢᠨ ᠳ᠋ᠦᠩᠵᠢᠶᠠᠩ᠎ᠤᠨ ᠴᠤᠪᠤᠭ᠎ᠠ ᠠᠩᠬᠢ᠎ᠶ᠋ᠢᠨ ᠳᠤᠷᠠᠰᠭᠠᠯ᠎ᠤᠨ ᠣᠷᠳᠣᠨ᠎ᠤ ᠳᠠᠷᠤᠭ᠎ᠠ ᠽᠸᠩ ᠴᠢᠩ ᠱᠢᠶᠠᠩ᠄ 《ᠪᠢᠳᠡ ᠳ᠋ᠦᠩᠵᠢᠶᠠᠩ᠎ᠤᠨ ᠴᠤᠪᠤᠭ᠎ᠠ ᠠᠩᠬᠢ᠎ᠶ᠋ᠢᠨ ᠦᠯᠢᠭᠡᠷ᠎ᠢ ᠰᠠᠢᠲᠤᠷ ᠶᠠᠷᠢᠵᠤ᠂ ᠳ᠋ᠦᠩᠵᠢᠶᠠᠩ᠎ᠤᠨ ᠴᠤᠪᠤᠭ᠎ᠠ ᠠᠩᠬᠢ᠎ᠶ᠋ᠢᠨ ᠵᠣᠷᠢᠭ ᠰᠠᠨᠠᠭ᠎ᠠ᠎ᠶ᠋ᠢ ᠴᠠᠭ ᠦᠶ᠎ᠡ᠎ᠶ᠋ᠢᠨ ᠭᠡᠷᠡᠯ ᠭᠢᠯᠪᠠᠭ᠎ᠠ ᠰᠠᠴᠤᠷᠠᠭᠤᠯᠬᠤ ᠬᠡᠷᠡᠭ᠌ᠲᠡᠢ》 ᠭᠡᠪᠡ᠃
ᠦᠩᠭᠡᠷᠡᠭᠰᠡᠨ ᠤ᠋ ᠪᠠᠭᠠᠲᠤᠷᠴᠤᠳ᠎ᠤᠨ ᠪᠠᠢᠯᠳᠤᠭᠠᠨ ᠬᠢᠭᠰᠡᠨ ᠬᠤᠪᠢᠰᠭᠠᠯ᠎ᠤᠨ ᠡᠨᠡ ᠬᠠᠯᠠᠭᠤᠨ ᠬᠥᠷᠥᠰᠥ᠍ ᠨᠢ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ 《ᠠᠯᠳᠠᠨ ᠠᠭᠤᠯᠠ ᠮᠥᠩᠭᠥᠨ ᠬᠠᠢᠷᠬᠠᠨ》᠂ ᠠᠷᠠᠳ ᠲᠦᠮᠡᠨ᠎ᠦ ᠪᠠᠶᠠᠵᠢᠯ᠎ᠤᠨ 《ᠵᠣᠯ ᠵᠢᠷᠭᠠᠯ᠎ᠤᠨ ᠲᠦᠱᠢᠭ》 ᠪᠣᠯᠪᠠ᠃ ᠨᠠᠨ ᠺᠦᠨ ᠱᠠᠨ — ᠯᠦᠸᠧ ᠹᠦ᠋ ᠱᠠᠨ᠎ᠢ ᠲᠤᠭᠤᠷᠢᠭᠰᠠᠨ ᠱᠢᠶᠠᠨ ᠪᠠᠯᠭᠠᠰᠤ ᠲᠣᠰᠭᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠲᠣᠭᠣᠷᠢᠭ ᠶᠠᠭ ᠪᠦᠲᠦᠭᠡᠨ ᠪᠠᠢᠭᠤᠯᠤᠯᠲᠠ᠎ᠪᠠᠨ ᠲᠦᠷᠭᠡᠳᠭᠡᠵᠦ᠍ ᠪᠤᠢ᠃ ᠥᠩᠭᠡᠷᠡᠭ᠌ᠰᠡᠨ᠎ᠳᠦ ᠳ᠋ᠦᠩᠵᠢᠶᠠᠩ᠎ᠤᠨ ᠴᠤᠪᠤᠭ᠎ᠠ ᠠᠩᠭᠢ᠎ᠶ᠋ᠢᠨ ᠨᠠᠭᠠᠰᠢ ᠴᠠᠭᠠᠰᠢ ᠶᠠᠪᠤᠵᠤ ᠪᠠᠢᠬᠰᠠᠨ ᠮᠤᠷᠤᠶ ᠰᠠᠷᠤᠶ ᠵᠠᠮ ᠨᠢ ᠣᠳᠣ 218 ᠺᠢᠯᠣᠮᠧᠲ᠋ᠷ ᠪᠦᠬᠦᠢ ᠵᠢᠭᠤᠯᠴᠢᠯᠠᠯ᠎ᠤᠨ ᠵᠠᠰᠠᠮᠠᠯ ᠵᠠᠮ ᠪᠣᠯᠵᠤ ᠬᠤᠪᠢᠷᠠᠪᠠ᠃ ᠡᠨᠡᠬᠦ᠌ ᠵᠠᠰᠠᠮᠠᠯ ᠵᠠᠮ ᠬᠤᠪᠢᠰᠭᠠᠯ᠎ᠤᠨ ᠰᠣᠶᠣᠯ᠂ ᠪᠣᠬᠢᠷᠲᠤᠯ ᠦᠬᠡᠢ ᠠᠮᠢ ᠠᠬᠤᠢ ᠵᠡᠷᠭᠡ ᠡᠬᠢ ᠪᠠᠶᠠᠯᠢᠭ᠎ᠢ ᠬᠡᠯᠬᠢᠶᠡᠵᠢᠬᠦᠯᠵᠦ᠍᠂ ᠣᠷᠣᠨ ᠪᠦᠰᠡ᠎ᠶ᠋ᠢᠨ ᠵᠢᠭᠤᠯᠴᠢᠯᠠᠯ᠎ᠤᠨ ᠦᠢᠯᠡᠰ᠎ᠤᠨ ᠬᠥᠭ᠌ᠵᠢᠯᠲᠡ᠎ᠶ᠋ᠢ ᠳᠠᠢᠴᠢᠯᠠᠬᠤ 《ᠱᠢᠵᠢᠷ ᠠᠯᠳᠠᠨ ᠵᠠᠮ》 ᠪᠣᠯᠵᠠᠢ᠃
ᠳ᠋ᠥ᠋ᠩ ᠭᠤᠸᠠᠨ ᠤ᠋ ᠳ᠋ᠠ ᠯᠢᠩ ᠱᠠᠨ᠎ᠤ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠎ᠤᠨ ᠬᠠᠭᠤᠴᠢᠨ ᠪᠠᠭᠤᠷᠢ ᠪᠤᠯᠬᠤ ᠳ᠋ᠠ ᠸᠠᠩ ᠯᠢᠩ ᠲᠣᠰᠭᠣᠨ ᠤ᠋ ᠠᠭᠤᠯᠠᠨ ᠣᠷᠣᠢ᠎ᠳᠤ ᠳ᠋ᠦᠩᠵᠢᠶᠠᠩ᠎ᠤᠨ ᠴᠤᠪᠤᠭ᠎ᠠ ᠠᠩᠭᠢ᠎ᠶᠢᠨ ᠪᠠᠰᠠ ᠨᠢᠭᠡᠨ ᠳᠤᠷᠠᠰᠭᠠᠯ᠎ᠤᠨ ᠣᠷᠳᠣᠨ ᠪᠠᠢᠳᠠᠭ᠃
ᠳ᠋ᠦᠩ ᠭᠤᠸᠠᠨ 《ᠬᠤᠪᠢᠰᠭᠠᠯ᠎ᠤᠨ ᠰᠣᠶᠣᠯ + ᠵᠢᠭᠤᠯᠴᠢᠯᠠᠯ᠎ᠤᠨ ᠬᠥᠭ᠌ᠵᠢᠯᠲᠡ》 ᠵᠢᠨ ᠱᠢᠨ᠎ᠡ ᠵᠠᠭ᠍ᠪᠤᠷ᠎ᠢ ᠡᠭᠦᠳᠴᠦ᠍᠂ ᠲᠡᠦᠬᠡ᠎ᠶ᠋ᠢᠨ ᠳᠤᠷᠠᠰᠭᠠᠯᠲᠤ ᠵᠦᠢᠯᠡᠰ᠎ᠦᠨ ᠬᠠᠮᠠᠭᠠᠯᠠᠯᠲᠠ᠎ᠶ᠋ᠢᠨ ᠱᠢᠨ᠎ᠡ ᠠᠷᠭ᠎ᠠ ᠵᠠᠮ᠎ᠢ ᠰᠦᠪᠡᠭ᠌ᠴᠢᠯᠡᠵᠦ᠍᠂ ᠬᠤᠪᠢᠰᠭᠠᠯ᠎ᠤᠨ ᠬᠥᠮᠦᠵᠢᠯ ᠪᠣᠯᠤᠨ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠬᠥᠮᠦᠵᠢᠯ᠎ᠦᠨ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠪᠡ᠃ 2006 ᠣᠨ᠎ᠳᠤ ᠪᠠᠢᠭᠤᠯᠤᠭ᠍ᠳᠠᠭ᠍ᠰᠠᠨ ᠡᠴᠡ ᠨᠠᠭᠠᠰᠢ᠂ 《ᠳ᠋ᠦᠩᠵᠢᠶᠠᠩ᠎ᠤᠨ ᠴᠤᠪᠤᠭ᠎ᠠ ᠠᠩᠬᠢ᠎ᠶ᠋ᠢᠨ ᠪᠢᠴᠢᠬᠠᠨ ᠪᠠᠢᠯᠳᠤᠭ᠍ᠴᠢ》 ᠭᠡᠬᠦ᠌ ᠬᠤᠪᠢᠰᠬᠠᠯ᠎ᠤᠨ ᠵᠤᠰᠠᠯᠠᠩ᠎ᠢ ᠨᠡᠢᠲᠡ ᠵᠠᠭᠤ ᠭᠠᠷᠤᠶ ᠬᠤᠭᠤᠴᠠᠭ᠎ᠠ ᠡᠷᠭᠢᠯᠡᠵᠦ᠍᠂ ᠲᠦᠮᠡ ᠭᠠᠷᠤᠶ 《ᠪᠢᠴᠢᠬᠠᠨ ᠪᠠᠢᠯᠳᠤᠭ᠍ᠴᠢ》 ᠰᠤᠷᠭᠠᠭᠤᠯᠢ ᠲᠡᠭᠦᠰᠴᠡᠶ᠃
ᠱᠧᠨᠵᠧᠨ᠎ᠳᠦ ᠮᠦᠨ ᠠᠳᠠᠯᠢᠬᠠᠨ ᠳ᠋ᠦᠩᠵᠢᠶᠠᠩ᠎ᠤᠨ ᠴᠤᠪᠤᠭ᠎ᠠ ᠠᠩᠬᠢ᠎ᠶ᠋ᠢᠨ ᠦᠯᠢᠭᠡᠷ ᠤᠯᠠᠮᠵᠢᠯᠠᠭ᠍ᠳᠠᠵᠤ ᠪᠠᠢᠳᠠᠭ᠃ ᠱᠧᠨᠵᠧᠨ ᠬᠤᠳᠠ᠎ᠶ᠋ᠢᠨ ᠯᠦᠩ ᠬᠤᠸᠠ ᠲᠣᠭᠣᠷᠢᠭ᠎ᠤᠨ ᠮᠢᠨ ᡁᠢ ᠵᠡᠭᠡᠯᠢ᠎ᠶ᠋ᠢᠨ ᠪᠠᠢ ᠱ᠌ᠢ ᠯᠦᠩ ᠲᠣᠰᠭᠣᠨ᠎ᠳᠦ ᠨᠢᠭᠡᠨ ᠴᠠᠭᠠᠨ ᠬᠡᠷᠡᠮ ᠪᠣᠷᠣ ᠸᠠᠭᠠᠷ᠎ᠲᠠᠶ ᠬᠦᠷᠢᠶ᠎ᠡ ᠬᠠᠷᠠᠭ᠍ᠳᠠᠨ᠎ᠠ᠂ ᠡᠨᠡ ᠪᠣᠯ ᠳᠤᠮᠳᠠᠳᠤ ᠤᠯᠤᠰ᠎ᠤᠨ ᠰᠣᠶᠣᠯ᠎ᠤᠨ ᠨᠡᠷᠡᠳᠤ ᠬᠥᠮᠦᠰ᠎ᠢ ᠠᠪᠤᠷᠠᠨ ᠳᠤᠰᠠᠯᠠᠭᠰᠠᠨ ᠳᠤᠷᠠᠰᠭᠠᠯ᠎ᠤᠨ ᠣᠷᠳᠣᠨ ᠪᠣᠯᠤᠨ᠎ᠠ᠃ ᠳᠤᠷᠠᠰᠬᠠᠯ᠎ᠤᠨ ᠤᠷᠳᠤᠨ ᠤ᠋ ᠳᠠᠷᠤᠭ᠎ᠠ ᠵᠠᠩ ᠽᠢ ᠱᠢᠨ᠂ 1942 ᠣᠨ᠎ᠤ 1 ᠰᠠᠷ᠎ᠠ᠎ᠳᠤ᠂ ᠽᠸᠤ ᠲᠤᠤ ᠹᠸᠨ᠂ ᠮᠤᠤ ᠳ᠋ᠦᠨ ᠡᠷ᠎ᠡ ᠡᠮ᠎ᠡ ᠬᠣᠶᠠᠭᠤᠯᠠ ᠵᠡᠷᠭᠡ ᠲᠦᠷᠦᠭᠦᠦ ᠪᠦᠯᠦᠭ 20 ᠭᠠᠷᠤᠢ ᠰᠣᠶᠣᠯ᠎ᠤᠨ ᠬᠥᠮᠦᠰ ᠭᠠᠴᠢᠭ᠍ᠳᠠᠯᠳᠤ ᠠᠷᠠᠳ᠎ᠢᠶᠠᠷ ᠣᠪᠯᠠᠵᠤ᠂ ᠬᠦᠴᠢᠷ ᠪᠡᠷᠬᠡᠱᠢᠶᠡᠯ᠎ᠢ ᠲᠤᠭᠤᠯᠤᠨ᠂ ᠱᠢᠶᠠᠩᠭᠠᠩ ᠡᠴᠡ ᠳ᠋ᠦᠩᠵᠢᠶᠠᠩ᠎ᠤᠨ ᠴᠤᠪᠤᠭ᠎ᠠ ᠠᠩᠬᠢ᠎ᠶ᠋ᠢᠨ ᠰᠠᠭᠤᠭ᠎ᠠ ᠭᠠᠵᠠᠷ᠎ᠤᠨ ᠨᠢᠭᠡ ᠪᠣᠯᠬᠤ ᠪᠠᠢ ᠱ᠌ᠢ ᠯᠦᠩ ᠲᠣᠰᠭᠣᠨ᠎ᠳᠤ ᠬᠠᠮᠠᠭᠠᠯᠠᠬᠳᠠᠨ ᠬᠦᠷᠭᠡᠭᠳᠡᠪᠡ᠃ ᠪᠦᠬᠦᠢᠯᠡ ᠠᠵᠢᠯᠯᠠᠭ᠎ᠠ ᠤᠷᠢᠳ ᠬᠣᠵᠢᠳ 800 ᠭᠠᠷᠤᠶ ᠤᠯᠤᠰ᠎ᠢᠶᠡᠨ ᠬᠠᠢᠷᠠᠯᠠᠬᠤ ᠠᠷᠠᠳᠴᠢᠯᠠᠭ᠍ᠰᠠᠨ ᠬᠥᠮᠦᠰ᠂ ᠰᠣᠶᠣᠯ᠎ᠤᠨ ᠡᠲᠡᠭᠡᠳ᠎ᠦᠨ ᠬᠥᠮᠦᠰ ᠪᠣᠯᠤᠨ ᠪᠤᠰᠤᠳ ᠲᠠᠯ᠎ᠠ᠎ᠶ᠋ᠢᠨ ᠬᠥᠮᠦᠰ᠎ᠢ ᠠᠪᠤᠷᠠᠨ ᠭᠠᠷᠭᠠᠵᠠᠶ ᠭᠡᠵᠦ ᠳᠠᠨᠢᠯᠴᠠᠭᠤᠯᠪᠠ᠃
ᠥᠨᠥᠳᠦᠷ᠎ᠦᠨ ᠪᠠᠶ ᠱ᠌ᠢ ᠯᠦᠩ ᠲᠣᠰᠭᠣᠨ ᠨᠢᠭᠡᠨᠲᠡ ᠠᠷᠠᠯᠵᠢᠶ᠎ᠠ ᠬᠤᠳᠠᠯᠳᠤᠭ᠎ᠠ ᠬᠥᠭ᠌ᠵᠢᠭ᠌ᠰᠡᠨ ᠣᠳᠣᠬᠢᠴᠢᠯᠠᠭ᠍ᠰᠠᠨ ᠰᠣᠶᠣᠯ ᠢᠷᠭᠡᠨᠱᠢᠯ᠎ᠤᠨ ᠨᠡᠢᠭᠡᠮ ᠲᠣᠭᠣᠷᠢᠭ ᠪᠣᠯᠪᠠ᠂ ᠱᠧᠨᠵᠧᠨ ᠬᠣᠢᠲᠤ ᠥᠷᠲᠡᠭᠡ ᠡᠨᠳᠡ ᠡᠴᠡ ᠣᠢᠷᠠᠬᠠᠨ ᠪᠠᠢᠵᠤ᠂ ᠭᠠᠵᠠᠷ ᠳᠤᠤᠷᠠᠬᠢ ᠲᠡᠮᠦᠷ ᠵᠠᠮ᠎ᠤᠨ 4 ᠳ᠋ᠤᠭᠡᠷ ᠱᠤᠭᠤᠮ ᠲᠣᠰᠭᠣᠨ᠎ᠢᠶᠠᠷ ᠥᠩᠭᠡᠷᠡᠵᠦ᠍᠂ ᠲᠣᠮᠣ ᠬᠡᠯᠪᠡᠷᠢ᠎ᠶ᠋ᠢᠨ ᠬᠤᠳᠠᠯᠳᠤᠭᠠᠨ᠎ᠤ ᠲᠥᠪ ᠪᠠ ᠳᠠᠭᠤᠤ ᠬᠥᠭ᠌ᠵᠢᠮ᠎ᠦᠨ ᠭᠤᠤᠯ ᠰᠡᠳᠦᠪᠲᠦ ᠴᠡᠴᠡᠷᠯᠢᠭ ᠵᠡᠭᠡᠯᠢ ᠠᠯᠤᠰᠯᠠᠨ ᠬᠥᠷᠱᠢᠯᠡᠵᠦ᠍ ᠪᠣᠶ᠃ 《ᠬᠤᠪᠢᠰᠭᠠᠯ᠎ᠤᠨ ᠪᠡᠬᠢᠯᠡᠯᠲᠡ᠂ ᠰᠣᠶᠣᠯ᠎ᠤᠨ ᠤᠯᠠᠮᠵᠢᠯᠠᠯ ᠵᠠᠯᠭᠠᠮᠵᠢᠯᠠᠯ᠂ ᠠᠵᠤ ᠦᠢᠯᠡᠰ᠎ᠦᠨ ᠬᠥᠭ᠌ᠵᠢᠯ ᠮᠠᠨᠳᠤᠯ᠂ ᠵᠠᠰᠠᠯᠲᠠ ᠪᠡᠷ ᠬᠦᠴᠦᠨ ᠴᠢᠳᠠᠯ ᠤᠯᠭᠤᠬᠤ᠂ ᠣᠷᠣᠱᠢᠨ ᠰᠠᠭᠤᠬᠤ ᠦᠢᠯᠡᠰ ᠪᠤᠰᠭᠠᠬᠤ᠎ᠳᠤ ᠲᠣᠬᠢᠷᠠᠮᠵᠢᠲᠠᠢ ᠵᠡᠷᠭᠡ 〈ᠲᠠᠪᠤᠨ ᠶᠡᠬᠡ ᠢᠨᠵᠧᠨᠧᠷᠢᠩ〉 ᠢ᠋ ᠬᠡᠷᠡᠭ᠌ᠵᠢᠭᠦᠯᠬᠦ᠌᠎ᠪᠡᠷ ᠳᠠᠮᠵᠢᠨ᠂ ᠪᠢᠳᠡ ᠬᠤᠪᠢᠰᠭᠠᠯ᠎ᠤᠨ ᠤᠳᠤᠮᠱᠢᠯ ᠪᠣᠯᠤᠨ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠤᠯᠠᠮᠵᠢᠯᠠᠨ ᠵᠠᠯᠭᠠᠮᠵᠢᠯᠠᠵᠤ᠂ ᠶᠡᠬᠡ ᠠᠯᠬᠤᠮ᠎ᠢᠶᠠᠷ ᠱᠢᠨ᠎ᠡ ᠠᠶᠠᠨ᠎ᠳᠠᠭᠠᠨ ᠮᠣᠷᠳᠠᠨ᠎ᠠ》 ᠭᠡᠵᠦ ᠯᠦᠩ ᠬᠤᠸᠠ ᠲᠣᠭᠣᠷᠢᠭ᠎ᠤᠨ ᠨᠠᠮ᠎ᠤᠨ ᠬᠤᠷᠢᠶ᠎ᠠ᠎ᠶᠢᠨ ᠵᠣᠬᠢᠶᠠᠨ ᠪᠠᠢᠭᠤᠯᠬᠤ ᠬᠡᠯᠲᠡᠰ᠎ᠦᠨ ᠳᠡᠳ᠋ ᠳᠠᠷᠤᠭ᠎ᠠ ᠾᠧ ᠬᠣᠩ ᠸᠧᠶ ᠬᠡᠯᠡᠪᠡ᠃
(ᠰᠢᠨᠬᠤᠸᠠ ᠬᠤᠷᠢᠶ᠎ᠠ᠎ᠶᠢᠨ ᠭᠤᠸᠠᠩᠵᠸᠦ᠎ᠶᠢᠨ ᠴᠠᠬᠢᠯᠭᠠᠨ ᠮᠡᠳᠡᠭᠡ ᠡᠴᠡ)