ᠲᠣᠰᠭᠣᠨ᠎ᠤ ᠠᠷᠠᠳ᠎ᠤᠨ ᠰᠡᠳᠬᠢᠯ᠎ᠤᠨ ᠬᠦᠮᠦᠨ
2025-08-15 17:05:32
ᠵᠣᠬᠢᠶᠠᠭ᠍ᠴᠢ᠄
ᠱᠢᠶᠤᠤ ᠯᠦ᠍
ᠣᠩᠱᠢᠭ᠍ᠰᠠᠨ ᠣᠳᠠᠭ᠎ᠠ᠄
★★★☆☆

— 《ᠥᠪᠥᠷ ᠮᠣᠩᠭᠣᠯ᠎ᠤᠨ ᠰᠠᠢᠨ ᠬᠥᠮᠦᠨ》 ᠤᠯᠠᠭᠠᠨᠬᠠᠳᠠ ᠬᠣᠲᠠ᠎ᠶ᠋ᠢᠨ ᠶᠤᠸᠠᠨ ᠪᠦᠦ ᠱᠠᠨ ᠲᠣᠭᠣᠷᠢᠭ᠎ᠤᠨ ᠵᠢᠶᠠᠨ ᠴᠠᠩ ᠶᠢᠩ ᠲᠣᠰᠭᠣᠨ᠎ᠤ ᠨᠠᠮ᠎ᠤᠨ ᠬᠤᠷᠢᠶ᠎ᠠ᠎ᠶᠢᠨ ᠱᠦᠵᠢ ᠶᠣᠣ ᡁᠢ ᠵᠢᠶᠦ᠋ᠨ ᠎ᠢ ᠲᠡᠮᠳᠡᠭ᠌ᠯᠡᠪᠡ


7 ᠰᠠᠷ᠎ᠠ᠎ᠶ᠋ᠢᠨ 30 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠎ᠤ ᠦᠨᠳᠦᠰᠦᠲᠡᠨ᠎ᠦ ᠶᠡᠬᠡ ᠨᠠᠢᠷ᠎ᠤᠨ ᠭᠠᠯ ᠪᠠᠮᠪᠠᠷ ᠳᠠᠮᠵᠢᠭᠤᠯᠬᠤ ᠭᠣᠭ᠍ᠴᠣᠭ᠎ᠠ᠎ᠳᠤ᠂ ᠪᠥᠬᠥ᠌ ᠣᠷᠣᠨ᠎ᠤ ᠭᠠᠴᠠᠭ᠎ᠠ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠲᠥᠯᠥᠭᠡᠯᠡᠭ᠌ᠴᠢ ᠪᠤᠯᠬᠤ ᠤᠯᠠᠭᠠᠨᠬᠠᠳᠠ ᠬᠣᠲᠠ᠎ᠶ᠋ᠢᠨ ᠶᠤᠸᠠᠨ ᠪᠦᠦ ᠱᠠᠨ ᠲᠣᠭᠣᠷᠢᠭ᠎ᠤᠨ ᠵᠢᠶᠠᠨ ᠴᠠᠩ ᠶᠢᠩ ᠲᠣᠰᠭᠣᠨ᠎ᠤ ᠨᠠᠮ᠎ᠤᠨ ᠬᠤᠷᠢᠶ᠎ᠠ᠎ᠶᠢᠨ ᠱᠦᠵᠢ ᠶᠣᠣ ᡁᠢ ᠵᠢᠶᠦ᠋ᠨ ᠠᠩᠬᠠᠨ᠎ᠤ ᠭᠠᠯ ᠪᠠᠮᠪᠠᠷᠴᠢᠨ᠎ᠤ ᠬᠤᠪᠢ ᠪᠡᠷ ᠬᠤᠷᠠᠯ᠎ᠤᠨ ᠲᠠᠯᠠᠪᠠᠶ᠎ᠳᠤ ᠲᠦᠷᠦᠭᠦᠯᠡᠨ ᠣᠷᠣᠬᠤ ᠳ᠋ᠤ ᠪᠥᠬᠥ᠌ ᠲᠠᠯᠠᠪᠠᠶ᠎ᠪᠡᠷ᠎ᠢᠶᠡᠨ ᠠᠯᠠᠭ᠎ᠠ ᠲᠠᠰᠢᠵᠤ ᠤᠤᠬᠠᠢᠯᠠᠨ ᠬᠠᠰᠬᠢᠷᠴᠤ ᠪᠠᠢᠯ᠎ᠠ᠃

《ᠲᠣᠰᠭᠣᠨ᠎ᠤ ᠱᠦᠵᠢ ᠪᠣᠯᠤᠭ᠍ᠰᠠᠨ᠎ᠤ ᠬᠤᠪᠢ᠎ᠳᠤ᠂ ᠲᠣᠰᠭᠣᠨ᠎ᠤ ᠠᠷᠠᠳ᠎ᠢᠶᠠᠨ ᠳᠠᠭᠠᠭᠤᠯᠤᠨ ᠴᠢᠨᠡᠭᠡᠯᠢᠭᠵᠢᠨ ᠪᠠᠶᠠᠵᠢᠵᠦ᠍ ᠤᠳᠤ ᠦᠶ᠎ᠡ᠎ᠶ᠋ᠢᠨ ᠪᠣᠯᠪᠠᠰᠤᠨ ᠠᠮᠢᠳᠤᠷᠠᠯ᠎ᠢ ᠡᠳ᠋ᠯᠡᠬᠦᠯᠬᠦ ᠪᠣᠯ ᠡᠭᠦᠷᠭᠡ ᠬᠠᠷᠢᠭᠤᠴᠠᠯᠭ᠎ᠠ ᠮᠥᠨ᠂ ᠪᠦᠬᠦ᠌ ᠣᠷᠣᠨ᠎ᠤ ᠭᠠᠴᠠᠭ᠎ᠠ ᠲᠣᠰᠭᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ᠎ᠶ᠋ᠢᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ ᠠᠩᠬᠠᠨ᠎ᠤ ᠭᠠᠯ ᠪᠠᠮᠪᠠᠷᠴᠢᠨ ᠪᠣᠯᠤᠭᠰᠠᠨ ᠪᠤᠯ ᠢᠷᠠᠭᠤ ᠠᠯᠳᠠᠷ ᠮᠥᠨ᠂ ᠤᠯᠠᠨ᠎ᠢᠶᠠᠷ᠎ᠢᠶᠠᠨ ᠨᠠᠮᠠᠶ᠋ᠢ ᠰᠣᠩᠭᠣᠭ᠍ᠰᠠᠨ ᠶᠤᠮ ᠴᠢᠨᠢ ᠪᠢ ᠤᠯᠠᠨ᠎ᠤ ᠢᠲᠡᠭᠡᠯ ᠎ᠢ ᠶᠠᠭᠠᠬᠢᠭ᠍ᠰᠠᠨ ᠴᠤ᠌ ᠬᠥᠰᠡᠷᠳᠡᠭᠦᠯᠬᠦ᠌ ᠦᠭᠡᠢ》 ᠭᠡᠵᠦ ᠶᠣᠣ ᡁᠢ ᠵᠢᠶᠦ᠋ᠨ ᠬᠡᠯᠡᠪᠡ᠃

2014 ᠣᠨ᠎ᠤ 1 ᠰᠠᠷ᠎ᠠ᠎ᠳᠤ᠂ ᠶᠣᠣ ᡁᠢ ᠵᠢᠶᠦ᠋ᠨ ᠵᠢᠶᠠᠨ ᠴᠠᠩ ᠶᠢᠩ ᠲᠣᠰᠭᠣᠨ᠎ᠤ ᠨᠠᠮ᠎ᠤᠨ ᠬᠤᠷᠢᠶ᠎ᠠ᠎ᠶᠢᠨ ᠱᠦᠵᠢ᠎ᠶ᠋ᠢᠨ ᠲᠤᠱᠢᠶᠠᠯ ᠎ᠢ ᠵᠠᠯᠭᠠᠨ ᠬᠠᠷᠢᠭᠤᠴᠠᠵᠤ᠂ ᠶᠣᠣ ᡁᠢ ᠵᠢᠶᠦ᠋ᠨ᠎ᠦ ᠬᠦᠷᠴᠦ᠍ ᠢᠷᠡᠬᠦ᠌᠎ᠶ᠋ᠢ ᠳᠠᠭᠠᠯᠳᠤᠨ ᠵᠢᠶᠠᠨ ᠴᠠᠩ ᠶᠢᠩ ᠲᠣᠰᠭᠣᠨ᠎ᠤ ᠡᠶ᠎ᠡ ᠵᠣᠬᠢᠴᠠᠩᠭᠤᠶ ᠰᠠᠢᠨ ᠰᠠᠢᠬᠠᠨ ᠵᠣᠯ ᠵᠢᠷᠭᠠᠯ᠎ᠤᠨ ᠦᠵᠡᠮᠵᠢᠳᠦ ᠵᠢᠷᠤᠭ ᠠᠭᠠᠵᠢᠮ᠎ᠢᠶᠠᠷ ᠳᠡᠯᠭᠡᠭ᠌ᠳᠡᠪᠡ᠃

ᠢᠯᠴᠢ᠎ᠶ᠋ᠢᠨ ᠴᠠᠬᠢᠯᠭᠠᠨ᠎ᠤ ᠠᠵᠤ ᠠᠬᠤᠢᠯᠠᠯ᠂ ᠵᠡᠰ᠎ᠦᠨ ᠦᠢᠯᠡᠰ᠎ᠦᠨ ᠦᠢᠯᠡᠳᠬᠦᠨ᠎ᠦ ᠺᠣᠮᠫᠠᠨᠢ ᠁ ᠲᠣᠰᠭᠣᠨ ᠡᠴᠡ ᠡᠷᠬᠢᠯᠡᠭ᠌ᠰᠡᠨ 11 ᠠᠵᠤ ᠠᠬᠤᠢᠯᠠᠯ ᠪᠣᠯ ᠵᠢᠶᠠᠨ ᠴᠠᠩ ᠶᠢᠩ ᠲᠣᠰᠭᠣᠨ᠎ᠤ ᠥᠭᠡᠷᠡᠴᠢᠯᠡᠯᠲᠡ ᠨᠡᠭᠡᠭᠡᠯᠳᠠ᠎ᠶ᠋ᠢᠨ ᠠᠮᠵᠢᠯᠲᠠ ᠪᠦᠲᠦᠮᠵᠢ᠎ᠶ᠋ᠢᠨ ᠭᠡᠷᠡᠴᠢᠯᠡᠯ ᠪᠠ ᠬᠤᠷᠢᠶᠠᠩᠭᠤᠢ ᠳᠦᠷᠰᠦ ᠪᠣᠯᠤᠨ᠎ᠠ᠂ ᠭᠡᠪᠡᠴᠦ᠍ ᠡᠬᠢ ᠪᠠᠶᠠᠯᠢᠭ ᠨᠢ ᠱᠢᠪᠬᠠᠷᠤᠭ᠍ᠰᠠᠨ ᠡᠴᠡ ᠲᠣᠰᠭᠣᠨ᠎ᠤ ᠠᠵᠤ ᠠᠬᠤᠢᠯᠠᠯ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌ ᠬᠦᠴᠢᠷ ᠠᠰᠠᠭᠤᠳᠠᠯ᠎ᠳᠤ ᠲᠤᠯᠭᠠᠷᠠᠵᠠᠢ᠃ ᠶᠣᠣ ᡁᠢ ᠵᠢᠶᠦ᠋ᠨ ᠬᠦᠴᠢᠷ ᠪᠡᠷᠬᠡᠱᠢᠶᠡᠯ᠎ᠢ ᠰᠦᠷᠦᠨ《ᠱᠢᠯᠭᠠᠯᠲᠠ᠎ᠳᠤ ᠣᠷᠣᠯᠴᠠᠵᠤ》᠂ ᠰᠢᠨ᠎ᠡ ᠵᠢ ᠡᠬᠦᠳᠦᠨ ᠬᠦᠭᠵᠢᠵᠦ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠭᠦᠯᠬᠦ᠌ ᠬᠤᠪᠢᠷᠠᠯᠲᠠ᠎ᠶ᠋ᠢᠨ ᠵᠠᠮ᠎ᠢᠶᠠᠷ ᠵᠠᠮᠨᠠᠪᠠ᠃

ᠲᠠᠷᠢᠶᠠᠴᠢᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠎ᠳᠦ ᠭᠠᠵᠠᠷ ᠱᠢᠷᠣᠶ ᠡᠴᠡ ᠦᠷ᠎ᠡ ᠠᠱᠢᠭ ᠣᠯᠬᠤ ᠬᠡᠷᠡᠭ᠌ᠲᠡᠶ᠃ ᠶᠣᠣ ᡁᠢ ᠵᠢᠶᠦ᠋ᠨ《ᠬᠤᠪᠢᠷᠠᠭᠤᠯᠬᠤ》 ᠡᠴᠡ ᠭᠠᠷᠳᠠᠵᠤ᠂ ᠵᠢᠶᠠᠨ ᠴᠠᠩ ᠶᠢᠩ ᠲᠣᠰᠭᠣᠨ᠎ᠤ 3182 ᠮᠦ᠍ ᠲᠠᠷᠢᠶᠠᠨ ᠭᠠᠵᠠᠷ᠎ᠤᠨ ᠬᠠᠮᠲᠤ᠎ᠶ᠋ᠢᠨ ᠭᠠᠵᠠᠷ ᠱᠢᠷᠣᠢ᠎ᠶ᠋ᠢᠨ ᠡᠵᠡᠩᠨᠡᠯᠲᠡ᠎ᠶ᠋ᠢᠨ ᠡᠷᠬᠡ᠎ᠶ᠋ᠢ ᠢᠯᠡ᠎ᠪᠡᠷ ᠦᠨ᠎ᠡ ᠬᠠᠶᠠᠯᠴᠠᠬᠤ ᠬᠡᠯᠪᠡᠷᠢ᠎ᠪᠡᠷ ᠬᠦᠢᠯᠭᠡᠭᠡᠵᠦ᠂ ᠲᠣᠰᠭᠣᠨ᠎ᠤ ᠠᠷᠠᠳ᠎ᠤᠨ ᠵᠢᠯ᠎ᠦᠨ ᠣᠷᠣᠯᠭ᠎ᠠ᠎ᠶ᠋ᠢ 300 ᠲᠦᠮᠡᠨ ᠲᠥᠭᠥᠷᠢᠭ ᠱᠢᠬᠠᠮ ᠨᠡᠮᠡᠭ᠌ᠳᠡᠭᠦᠯᠪᠡ᠃

ᠭᠠᠵᠠᠷ ᠱᠢᠷᠣᠶ ᠡᠴᠡ《ᠠᠯᠳᠠ》 ᠤᠯᠤᠭᠰᠠᠨ᠎ᠴᠤ ᠠᠵᠤ ᠠᠬᠤᠢᠯᠠᠯ ᠬᠣᠢᠰᠢ ᠤᠬᠤᠷᠢᠵᠤ ᠪᠣᠯᠬᠤ ᠥᠬᠡᠶ᠂ ᠵᠢᠶᠠᠨ ᠴᠠᠩ ᠶᠢᠩ ᠲᠣᠰᠭᠣᠨ᠎ᠤ ᠳᠤᠰᠬᠤᠨ ᠡᠴᠡ ᠡᠷᠭᠢᠯᠡᠭ᠌ᠰᠡᠨ ᠠᠵᠤ ᠠᠬᠤᠢᠯᠠᠯ᠎ᠤᠨ ᠡᠵᠡᠩᠨᠡᠯᠲᠡ᠎ᠶ᠋ᠢᠨ ᠡᠷᠬᠡ᠎ᠶ᠋ᠢ ᠢᠯᠡ᠎ᠪᠡᠷ ᠥᠷᠢᠰᠥᠯᠳᠦᠭᠦᠯᠦᠨ ᠦᠨ᠎ᠡ ᠬᠠᠶᠠᠯᠴᠠᠬᠤ ᠠᠷᠭ᠎ᠠ ᠮᠠᠶᠢᠭ᠎ᠢᠶᠠᠷ ᠪᠠᠢᠭᠤᠯᠤᠮᠵᠢ ᠵᠢ ᠬᠤᠪᠢᠷᠠᠭᠤᠯᠵᠤ᠂ ᠪᠠᠢᠭᠤᠯᠤᠮᠵᠢ ᠵᠢ ᠬᠤᠪᠢᠷᠠᠭᠤᠯᠤᠬᠰᠠᠨ᠎ᠤ ᠳᠠᠷᠠᠭᠠᠬᠢ ᠵᠢᠶᠠᠨ ᠴᠠᠩ ᠶᠢᠩ᠎ᠤᠨ ᠨᠡᠭᠦᠷᠡᠰᠦᠨ᠎ᠦ ᠦᠶ᠋ᠯᠡᠰ᠎ᠨᠢ ᠵᠢᠯ ᠪᠦᠷᠢ ᠲᠣᠰᠭᠣᠨ᠎ᠤ ᠬᠠᠮᠲᠤ᠎ᠶ᠋ᠢᠨ ᠣᠷᠣᠯᠭ᠎ᠠ᠎ᠶ᠋ᠢ 1068 ᠲᠦᠮᠡᠨ ᠲᠥᠭᠥᠷᠢᠭ ᠨᠡᠮᠡᠭ᠌ᠳᠡᠭᠦᠯᠪᠡ; 40 ᠭᠠᠷᠤᠢ ᠵᠢᠯ᠎ᠦᠨ ᠲᠡᠦᠬᠡ᠎ᠲᠡᠶ ᠵᠢᠶᠠᠨ ᠴᠠᠩ ᠶᠢᠩ ᠬᠣᠭᠣᠯᠠᠨ ᠭᠡᠷ᠂ ᠪᠠᠢᠭᠤᠯᠤᠮᠵᠢ ᠵᠢ  ᠬᠤᠪᠢᠷᠠᠭᠤᠯᠤᠬᠰᠠᠨ᠎ᠤ ᠳᠠᠷᠠᠭ᠎ᠠ ᠵᠢᠯ᠎ᠳᠦ ᠳᠡᠭᠡᠭ᠌ᠰᠢ ᠲᠤᠱᠢᠶᠠᠬᠤ ᠠᠱᠢᠭ ᠣᠯᠵᠠᠪᠤᠷᠢ ᠨᠢ 10 ᠲᠦᠮᠡᠨ ᠲᠥᠭᠥᠷᠢᠭ ᠪᠠᠢᠭ᠍ᠰᠠᠨ ᠡᠴᠡ᠎ᠪᠠᠨ 25 ᠲᠦᠮᠡᠨ ᠲᠥᠭᠥᠷᠢᠭ ᠪᠣᠯᠵᠤ ᠨᠡᠮᠡᠭ᠌ᠳᠡᠪᠡ ᠁《ᠬᠤᠪᠢᠷᠠᠭᠤᠯᠬᠤ》 ᠪᠡᠷ ᠤᠯᠠᠮᠵᠢᠯᠠᠯᠲᠤ ᠠᠵᠤ ᠦᠢᠯᠡᠰ ᠎ᠢ ᠱᠢᠨ᠎ᠡ ᠠᠮᠢᠵᠢᠷᠠᠯ᠎ᠤᠨ ᠬᠦᠴᠦᠨ᠎ᠲᠡᠶ ᠪᠣᠯᠭᠠᠵᠤ᠂ ᠲᠣᠰᠭᠣᠨ᠎ᠤ ᠬᠠᠮᠲᠤ᠎ᠶ᠋ᠢᠨ ᠣᠷᠣᠯᠭ᠎ᠠ᠎ᠶ᠋ᠢ ᠬᠡᠳᠦᠨ ᠳᠠᠬᠢᠨ ᠨᠡᠮᠡᠭ᠌ᠳᠡᠭᠦᠯᠪᠡ᠃

ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠠᠬᠢᠴᠠ ᠳᠤᠮᠳᠠ᠂ ᠶᠣᠣ ᡁᠢ ᠵᠢᠶᠦ᠋ᠨ ᠰᠣᠶᠣᠯ᠎ᠢ ᠶᠠᠭᠠᠬᠢᠭ᠍ᠰᠠᠨ ᠴᠤ᠌ ᠣᠮᠲᠣᠭᠠᠢᠯᠠᠵᠤ ᠪᠣᠯᠬᠤ ᠦᠭᠡᠢ ᠭᠡᠳᠡᠭ᠎ᠢ ᠭᠦᠨ ᠣᠢᠯᠠᠭᠠᠪᠠ᠃ ᠲᠡᠷᠡ ᠰᠣᠶᠣᠯ᠎ᠢᠶᠠᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠵᠦ᠍᠂ ᠵᠠᠯᠠᠭᠤᠴᠤᠳ ᠬᠤᠨᠳᠠᠭᠠᠲᠤ ᠰᠠᠭ᠍ᠰᠤᠨ ᠪᠥᠮᠪᠥᠭᠡ᠎ᠶ᠋ᠢᠨ ᠤᠷᠤᠯᠳᠤᠭᠠᠨ᠎ᠢ ᠵᠠᠯᠭᠠᠭ᠎ᠠ᠎ᠪᠠᠷ ᠡᠷᠭᠢᠯᠡᠵᠦ᠍᠂ ᠲᠠᠷᠢᠶᠠᠴᠢᠳ᠎ᠤᠨ ᠰᠣᠶᠣᠯ ᠤᠷᠠᠯᠢᠭ᠎ᠤᠨ ᠨᠠᠢᠷ ᠎ᠢ ᠥᠨᠳᠥᠷ ᠪᠠᠷᠢᠮᠵᠢᠶ᠎ᠠ᠎ᠪᠠᠷ ᠡᠷᠬᠢᠯᠡᠵᠤ᠂ ᠰᠣᠶᠣᠯ᠎ᠤᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠳᠤ ᠶᠡᠬᠡ᠎ᠪᠡᠷ ᠤᠷᠤᠭᠤᠯᠤᠯᠳᠠ ᠬᠢᠵᠦ᠂ ᠲᠣᠰᠭᠣᠨ᠎ᠤ ᠬᠡᠪᠴᠢᠶᠡᠨ᠎ᠦ ᠤᠳᠭ᠎ᠠ ᠤᠷᠠᠯᠢᠭ᠎ᠤᠨ ᠪᠦᠯᠬᠦᠮ ᠎ᠢ ᠥᠨᠳᠥᠷ ᠪᠠᠷᠢᠮᠵᠢᠶ᠎ᠠ᠎ᠪᠠᠷ ᠵᠣᠬᠢᠶᠠᠨ ᠪᠠᠢᠭᠤᠯᠵᠤ᠂ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠲᠣᠰᠭᠣᠨ᠎ᠤ ᠠᠷᠠᠳ᠎ᠤᠨ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃

2024 ᠣᠨ᠎ᠳᠤ᠂ ᠶᠣᠣ ᡁᠢ ᠵᠢᠶᠦ᠋ᠨ ᠵᠢᠶᠠᠨ ᠴᠠᠩ ᠶᠢᠩ ᠲᠣᠰᠭᠣᠨ᠎ᠤ ᠨᠠᠮ᠎ᠤᠨ ᠬᠣᠷᠢᠶ᠎ᠠ᠎ᠶ᠋ᠢ ᠳᠠᠭᠠᠭᠤᠯᠤᠨ ᠵᠠᠯᠠᠭᠤᠴᠤᠳ ᠬᠤᠨᠳᠠᠭᠠᠲᠤ ᠰᠠᠭ᠍ᠰᠤᠨ ᠪᠥᠮᠪᠥᠭᠡ᠎ᠶ᠋ᠢᠨ ᠤᠷᠤᠯᠳᠤᠭᠠᠨ ᠎ᠢ ᠳᠡᠰ ᠳᠡᠪᠱᠢᠭᠦᠯᠦᠨ ᠤᠯᠠᠭᠠᠨᠬᠠᠳᠠ᠎ᠶ᠋ᠢᠨ ᠨᠤᠳᠤᠭ᠎ᠤᠨ ᠤᠨᠴᠠᠯᠢᠭᠳᠤ ᠪᠡᠶ᠎ᠡ᠎ᠶ᠋ᠢᠨ ᠲᠠᠮᠢᠷ᠎ᠤᠨ ᠠᠷᠪᠠᠨ ᠵᠢᠷᠭᠤᠳᠤᠭᠠᠷ ᠬᠤᠭᠤᠴᠠᠭᠠᠨ᠎ᠤ 《ᠠᠷᠠᠳ᠎ᠤᠨ ᠰᠠᠭ᠍ᠰᠤᠨ ᠪᠥᠮᠪᠥᠭᠡ᠎ᠶ᠋ᠢᠨ ᠬᠣᠯᠪᠣᠭᠠᠲᠤ ᠤᠷᠤᠯᠳᠤᠭᠠᠨ》 ᠪᠣᠯᠭᠠᠵᠤ᠂ ᠰᠦᠯᠵᠢᠶᠡᠨ ᠳᠡᠭᠡᠷ᠎ᠠ ᠪᠠ ᠠᠬᠤᠢ ᠲᠠᠯᠠᠪᠠᠢ ᠳ᠋ᠤ ᠬᠦᠷᠴᠤ ᠤᠷᠤᠯᠳᠤᠭᠠᠨ᠎ᠢ ᠰᠣᠨᠢᠷᠬᠠᠭ᠍ᠰᠠᠨ ᠬᠥᠮᠦᠨ᠎ᠦ ᠲᠣᠭ᠎ᠠ ᠨᠡᠢᠲᠡ 50 ᠲᠦᠮᠡᠨ ᠬᠥᠮᠦᠨ ᠤᠳᠠᠭ᠎ᠠ᠎ᠶ᠋ᠢ ᠳᠠᠪᠠᠵᠤ᠂ ᠪᠥᠬᠥ᠌ ᠰᠦᠯᠵᠢᠶᠡᠨ᠎ᠤ ᠲᠠᠷᠤᠮ ᠎ᠤᠨ ᠲᠣᠭ᠎ᠠ 1.5 ᠳ᠋ᠦᠩᠱᠢᠭᠤᠷ ᠤᠳᠠᠭ᠎ᠠ᠎ᠶ᠋ᠢ ᠳᠠᠪᠠᠵᠤ᠂ ᠵᠢᠭᠤᠯᠴᠢᠯᠠᠭᠰᠡᠳ᠎ᠢ ᠨᠡᠢᠲᠡ 15 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠲᠠᠷᠢᠶᠠᠯᠠᠩ᠎ᠤᠨ ᠪᠦᠲᠦᠭᠡᠭ᠌ᠳᠡᠬᠦᠨ᠎ᠦ ᠠᠱᠢᠭ ᠣᠷᠣᠯᠭ᠎ᠠ 10 ᠲᠦᠮᠡᠨ ᠲᠥᠭᠥᠷᠢᠭ᠎ᠲᠦ ᠬᠦᠷᠴᠦ᠍᠂ ᠵᠢᠭᠤᠯᠴᠢᠯᠠᠯ᠎ᠤᠨ ᠣᠷᠣᠯᠭ᠎ᠠ 100 ᠲᠦᠮᠡᠨ ᠲᠥᠭᠥᠷᠢᠭ᠎ᠢ ᠳᠠᠪᠠᠪᠠ᠃

《ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠬᠠᠩᠭᠠᠨ᠎ᠠ》᠂ ᠡᠨᠡ ᠪᠣᠯ ᠶᠣᠣ ᡁᠢ ᠵᠢᠶᠦ᠋ᠨ᠎ᠦ ᠢᠮᠠᠭᠲᠠ ᠪᠠᠷᠢᠮᠲᠠᠯᠠᠭᠰᠠᠭᠠᠷ ᠢᠷᠡᠭᠰᠡᠨ ᠲᠡᠮᠡᠴᠡᠯ᠎ᠦᠨ ᠬᠠᠷᠠᠯᠲᠠ ᠮᠥᠨ᠃ 

︱ ᠲᠣᠰᠬᠣᠨ᠎ᠤ ᠬᠢᠨ ᠤᠯᠠᠨ ᠲᠠᠯ᠎ᠠ᠎ᠡᠴᠡ 600 ᠭᠠᠷᠤᠢ ᠲᠦᠮᠡᠨ ᠲᠥᠭᠥᠷᠢᠭ᠎ᠦᠨ ᠪᠡᠯᠡ ᠮᠥᠩᠭᠥ ᠴᠤᠭᠯᠠᠭᠤᠯᠵᠤ᠂ ᠪᠦᠬᠦ ᠲᠣᠰᠬᠣᠨ᠎ᠤ ᠳᠤᠯᠠᠭᠠᠯᠠᠭ᠎ᠠ᠎ᠶᠢᠨ ᠬᠦᠴᠢᠷ ᠠᠰᠠᠭᠤᠳᠠᠯ᠎ᠢ ᠨᠢᠭᠡ ᠯᠡ ᠳᠡᠭᠡᠷ᠎ᠡ ᠰᠢᠢᠳᠪᠦᠷᠢᠯᠡᠵᠦ᠂ ᠠᠢᠯ ᠡᠷᠦᠬᠡ ᠪᠣᠯᠭᠠᠨ᠎ᠳᠤ ᠬᠠᠯᠠᠭᠤᠨ ᠳᠤᠯᠠᠭᠠᠨ᠎ᠢ ᠦᠨᠡᠨ ᠬᠦ᠌ ᠬᠦᠷᠭᠡᠪᠡ᠃

︱ ᠲᠣᠰᠬᠣᠨ᠎ᠡᠴᠡ ᠵᠢᠯ ᠪᠦᠷᠢ 2000 ᠬᠥᠮᠥᠨ ᠤᠳᠠᠭ᠎ᠠ᠎ᠶᠢᠨ ᠨᠠᠰᠤᠲᠠᠢᠴᠤᠳ ᠪᠠ ᠡᠮᠡᠭᠲᠡᠢᠴᠦᠳ᠎ᠲᠦ ᠰᠦᠢᠳᠬᠡᠯ ᠬᠤᠷᠢᠶᠠᠬᠤ ᠦᠭᠡᠢ᠎ᠪᠡᠷ ᠪᠡᠶ᠎ᠡ᠎ᠶᠢᠨ ᠪᠠᠢᠴᠠᠭᠠᠯᠲᠠ ᠬᠢᠵᠤ ᠦᠭᠬᠦ ᠦᠢᠯᠡᠴᠢᠯᠡᠭᠡ ᠬᠠᠩᠭᠠᠬᠤ᠎ᠶᠢᠨ ᠬᠠᠮᠲᠤ ᠲᠣᠰᠬᠣᠨ᠎ᠤ ᠠᠷᠠᠳ᠎ᠲᠤ ᠠᠯᠪᠠᠨ ᠵᠢᠷᠤᠮ᠎ᠤᠨ ᠡᠮᠴᠢᠯᠡᠭᠡᠨ᠎ᠦ ᠠᠵᠢᠯᠯᠠᠭ᠎ᠠ ᠥᠷᠨᠢᠭᠦᠯᠵᠦ᠂ ᠲᠣᠰᠬᠣᠨ᠎ᠤ ᠠᠷᠠᠳ᠎ᠤᠨ ᠡᠷᠡᠭᠦᠯ ᠮᠡᠨᠳᠦ᠎ᠶᠢ ᠬᠠᠮᠠᠭᠠᠯᠠᠵᠤ ᠪᠤᠢ᠃

︱ ᠪᠦᠬᠦ ᠲᠣᠰᠬᠣᠨ᠎ᠤ ᠠᠷᠠᠳ ᠴᠥᠮ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠡᠮᠴᠢᠯᠡᠬᠡᠨ ᠎ᠤ ᠪᠠᠳᠤᠯᠠᠭ᠎ᠠ᠎ᠳᠤ ᠣᠷᠣᠯᠴᠠᠵᠤ᠂ ᠨᠡᠢᠭᠡᠮ᠎ᠦᠨ ᠪᠠᠳᠤᠯᠠᠭ᠎ᠠ᠎ᠳᠤ ᠣᠷᠣᠭᠰᠠᠨ ᠨᠤᠷᠮ᠎ᠠ᠎ᠶᠢ 100%᠎ᠳᠦ ᠬᠦᠷᠭᠡᠵᠦ᠂ ᠲᠣᠰᠬᠣᠨ᠎ᠤ ᠠᠷᠠᠳ᠎ᠤᠨ ᠡᠷᠡᠭᠦᠯ ᠮᠡᠨᠳᠤ ᠵᠢ ᠬᠠᠮᠠᠭᠠᠯᠠᠪᠠ᠁

《ᠲᠣᠰᠬᠣᠨ᠎ᠤ ᠱᠦᠵᠢ ᠪᠣᠯ ᠠᠷᠠᠳ ᠤᠯᠠᠨ᠎ᠤ ᠡᠮᠦᠨ᠎ᠡ ᠡᠴᠡ ᠣᠷᠣᠯᠠᠨ ᠥᠭᠦᠯᠡᠭᠴᠢ᠂ ᠡᠷᠬᠡᠪᠰᠢ ᠠᠷᠠᠳ ᠤᠯᠠᠨ᠎ᠢ ᠤᠷᠢᠶᠠᠯᠠᠨ ᠵᠣᠷᠢᠭ᠍ᠵᠢᠭᠤᠯᠪᠠᠯ ᠰᠠᠶᠢ ᠠᠷᠠᠳ ᠲᠦᠮᠡᠨ᠎ᠳᠦ ᠪᠣᠳᠠᠲᠠᠢ ᠶᠠᠪᠤᠳᠠᠯ ᠬᠢᠵᠦ ᠥᠭᠬᠦ᠎ᠶᠢ ᠦᠨᠡᠨ ᠬᠦ᠌ ᠪᠡᠶᠡᠯᠡᠭᠦᠯᠵᠦ ᠴᠢᠳᠠᠨ᠎ᠠ》᠃ ᠭᠠᠭᠴᠠ ᠬᠦ᠌ ᠣᠯᠠᠨ ᠲᠦᠮᠡᠨ᠎ᠦ ᠰᠡᠳᠬᠢᠯ᠎ᠦᠨ ᠬᠥᠮᠥᠨ ᠪᠣᠯᠪᠠᠯ ᠲᠣᠰᠬᠣᠨ᠎ᠤ ᠠᠷᠠᠳ᠎ᠤᠨ ᠵᠣᠯ ᠵᠢᠷᠭᠠᠯ᠎ᠤᠨ ᠵᠢᠭᠠᠯᠲᠠ ᠲᠣᠭ᠎ᠠ ᠰᠠᠶᠢ ᠥᠨᠳᠥᠷ ᠪᠣᠯᠵᠤ ᠴᠢᠳᠠᠨ᠎ᠠ ᠭᠡᠵᠤ ᠶᠣᠣ ᡁᠢ ᠵᠢᠶᠦ᠋ᠨ ᠬᠡᠯᠡᠵᠡᠢ᠃ 11 ᠵᠢᠯ᠎ᠦᠨ ᠬᠤᠭᠤᠴᠠᠭᠠᠨ᠎ᠳᠤ ᠶᠣᠣ ᡁᠢ ᠵᠢᠶᠦ᠋ᠨ ᠪᠦᠬᠦ ᠲᠣᠰᠬᠣᠨ᠎ᠤ ᠠᠷᠠᠳ ᠤᠯᠠᠨ᠎ᠢ ᠳᠠᠭᠠᠭᠤᠯᠤᠨ ᠠᠵᠤ ᠦᠢᠯᠡᠳᠪᠦᠷᠢ ᠲᠠᠷᠢᠶᠠᠯᠠᠩ᠎ᠤᠨ ᠪᠦᠳᠦᠬᠡᠭᠳᠡᠬᠦᠨ᠎ᠦ ᠶᠡᠷᠦᠩᠬᠡᠢ ᠦᠷᠳᠡᠭ 9 ᠳ᠋ᠦᠩᠰᠢᠭᠤᠷ ᠲᠥᠭᠥᠷᠢᠭ᠂ ᠬᠠᠮᠲᠤ᠎ᠶᠢᠨ ᠣᠷᠣᠯᠭ᠎ᠠ 1900 ᠲᠦᠮᠡᠨ ᠲᠥᠭᠥᠷᠢᠭ᠂ ᠲᠣᠰᠬᠣᠨ᠎ᠤ ᠠᠷᠠᠳ᠎ᠤᠨ ᠬᠥᠮᠥᠨ ᠳᠤᠮᠳᠠᠴᠢ᠎ᠶᠢᠨ ᠣᠷᠣᠯᠭ᠎ᠠ 3.6 ᠲᠦᠮᠡᠨ ᠲᠥᠭᠥᠷᠢᠭ ᠲᠦ᠍ ᠬᠦᠷᠦᠭᠰᠡᠨ ᠪᠠᠶᠠᠵᠢᠯ᠎ᠤᠨ ᠬᠠᠭᠤᠳᠠᠰᠤ᠎ᠶᠢ ᠪᠢᠴᠢᠭᠯᠡᠵᠡᠢ᠃

ᠪᠦᠬᠦ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ᠂ ᠥᠪᠥᠷ ᠮᠣᠩᠭᠣᠯ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠪᠦᠬᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠳᠠᠭᠰᠠᠨ 70 ᠵᠢᠯ᠎ᠦᠨ ᠤᠢ᠎ᠶᠢ ᠪᠡᠯᠭᠡᠯᠡᠬᠦ ᠶᠡᠬᠡ ᠬᠤᠷᠠᠯ᠎ᠳᠤ ᠣᠷᠣᠯᠴᠠᠵᠤ ᠶᠣᠰᠣᠯᠠᠯ᠎ᠢ ᠰᠣᠨᠢᠷᠬᠠᠭᠰᠠᠨ ᠥᠪᠥᠷ ᠮᠣᠩᠭᠣᠯ᠎ᠤᠨ ᠴᠤᠷ᠎ᠤᠨ ᠭᠠᠭᠴᠠ ᠬᠥᠳᠡᠭᠡ ᠲᠣᠰᠬᠣᠨ᠎ᠤ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠲᠥᠯᠥᠭᠡᠯᠡᠭᠴᠢ᠂ ᠪᠦᠬᠦ ᠣᠷᠣᠨ᠎ᠤ ᠭᠠᠴᠠᠭ᠎ᠠ ᠲᠣᠰᠬᠣᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶᠢᠨ ᠱᠦᠵᠢ᠎ᠶᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠤᠷᠤᠯᠳᠤᠭᠠᠨ᠎ᠤ ᠮᠠᠨᠭᠯᠠᠢ ᠁ ᠢᠷᠠᠭᠤ ᠠᠯᠳᠠᠷ ᠠᠷᠤ ᠠᠷᠤ ᠡᠴᠡ ᠪᠡᠨ ᠢᠷᠡᠨ᠎ᠠ᠂ ᠶᠣᠣ ᡁᠢ ᠵᠢᠶᠦ᠋ᠨ ᠦᠨᠡᠨᠴᠢ ᠰᠢᠳᠦᠷᠭᠤ ᠪᠡᠷ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ ᠲᠤᠰᠬᠤᠨ᠎ᠤ ᠠᠷᠠᠳ ᠲᠠᠢ ᠬᠠᠮᠳᠤ ᠪᠡᠷ 《ᠲᠣᠰᠬᠣᠨ ᠪᠠᠶᠠᠨ ᠬᠦᠴᠦᠷᠬᠡᠭ᠂ ᠠᠷᠠᠳ ᠲᠦᠮᠡᠨ ᠵᠣᠯ ᠵᠢᠷᠭᠠᠯᠲᠠᠢ ᠪᠠᠢᠬᠤ》 ᠬᠦᠰᠡᠯ ᠵᠡᠭᠦᠳᠦ᠎ᠪᠡᠨ ᠲᠡᠷᠭᠡᠯᠰᠢᠭᠦᠯᠦᠨ᠎ᠠ᠃

ᠶᠣᠣ ᡁᠢ ᠵᠢᠶᠦ᠋ᠨ ᠮᠥᠨ ᠯᠡ ᠵᠤᠷᠢᠭᠰᠠᠨ ᠵᠠᠮ᠎ᠢᠶᠡᠷ᠎ᠢᠶᠡᠨ ᠴᠢᠷᠮᠠᠢᠨ ᠲᠡᠮᠡᠴᠡᠵᠦ᠂ ᠵᠢᠶᠠᠨ ᠴᠠᠩ ᠶᠢᠩ ᠲᠣᠰᠬᠣᠨ᠎ᠤ ᠨᠡᠩ ᠪᠠᠶᠠᠨ ᠬᠦᠴᠦᠷᠬᠡᠭ ᠪᠤᠯᠬᠤ ᠵᠠᠮ ᠳᠡᠭᠡᠷ᠎ᠡ᠂ ᠵᠢᠶᠠᠨ ᠴᠠᠩ ᠶᠢᠩ ᠲᠣᠰᠬᠣᠨ᠎ᠤ ᠬᠥᠮᠥᠰ᠎ᠦᠨ ᠨᠡᠩ ᠵᠣᠯ ᠵᠢᠷᠭᠠᠯᠲᠠᠢ ᠪᠤᠯᠬᠤ ᠵᠠᠮ ᠳᠡᠭᠡᠷ᠎ᠡ᠂ ᠥᠷᠯᠥᠭᠡ ᠦᠳᠡᠰᠢ᠎ᠶᠢ ᠲᠡᠮᠡᠴᠡᠨ ᠡᠷᠡᠯᠬᠡᠭᠯᠡᠨ ᠤᠷᠤᠭᠰᠢᠯᠠᠭᠰᠠᠭᠠᠷ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号