ᠬᠥᠬᠡᠬᠣᠲᠠ ᠵᠣᠬᠢᠶᠠᠮᠠᠯ ᠣᠶᠤᠨᠳᠦ 《ᠪᠥᠬᠥ᠌ ᠠᠮᠢ ᠠᠬᠤᠶ》 ᠵᠢᠨ ᠲᠣᠭᠣᠷᠢᠨ ᠳ᠋ᠦ ᠱᠢᠨ᠎ᠡ ᠵᠢ ᠡᠭᠦᠳᠦᠨ ᠱᠢᠪᠲᠤᠯᠤᠯᠲᠠ ᠭᠠᠷᠭᠠᠵᠤ ᠪᠤᠢ
2025-08-15 09:45:28
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

ᠣᠢᠷ᠎ᠠ ᠵᠢᠨ ᠵᠢᠯ ᠳ᠋ᠦ᠂ ᠬᠥᠬᠡᠬᠣᠲᠠ ᠣᠷᠣᠨ ᠪᠠᠢᠷᠢ᠂ ᠠᠭᠤᠷ ᠠᠮᠢᠰᠭᠤᠯ᠂ ᠪᠣᠬᠢᠷᠲᠤᠯ ᠥᠬᠡᠶ ᠴᠠᠬᠢᠯᠭᠠᠨ᠂ ᠰᠦᠯᠵᠢᠶ᠎ᠡ᠂ ᠪᠤᠳᠤᠯᠳᠠ ᠵᠢᠨ ᠬᠦᠴᠦᠨ᠂ ᠲᠥᠷᠥ ᠵᠢᠨ ᠪᠣᠳᠣᠯᠭ᠎ᠠ᠂ ᠴᠢᠳᠠᠪᠤᠷᠢᠲᠠᠨ ᠵᠡᠷᠭᠡ ᠳᠠᠪᠠᠭᠤᠯᠢᠭ ᠵᠢᠡᠨ ᠭᠦᠶ᠋ᠴᠡᠳ ᠪᠠᠳᠠᠷᠠᠭᠤᠯᠵᠤ᠂ ᠤᠯᠤᠰ ᠤ᠋ᠨ 《ᠵᠡᠬᠦᠨ ᠤᠷᠤᠨ ᠤ᠋ ᠳ᠋ᠠᠢᠲ᠋ᠠ ᠵᠢ ᠪᠠᠷᠠᠭᠤᠨ ᠤᠷᠤᠨ ᠳ᠋ᠦ ᠪᠤᠳᠤᠬᠤ》 ᠢᠨᠵᠧᠨᠧᠷᠢᠩ ᠢ᠋ ᠬᠡᠷᠡᠭ᠌ᠵᠢᠭᠦᠯᠬᠦ᠌ ᠴᠢᠬᠤᠯᠠ ᠶᠡᠬᠡ ᠠᠵᠠ ᠲᠣᠬᠢᠶᠠᠯ ᠢ᠋ ᠠᠮᠵᠢᠨ᠂ 《ᠪᠣᠬᠢᠷᠲᠤᠯ ᠥᠬᠡᠶ ᠪᠤᠳᠤᠯᠳᠠ ᠵᠢᠨ ᠬᠦᠴᠦᠨ —  ᠵᠣᠬᠢᠶᠠᠮᠠᠯ ᠣᠶᠤᠨᠳᠦ — ᠣᠶᠤᠨᠴᠢ ᠬᠡᠷᠡᠭ᠌ᠯᠡᠭᠡ》 ᠵᠢᠨ ᠪᠥᠬᠥ᠌ ᠠᠵᠤ ᠦᠶ᠋ᠯᠡᠰ ᠤ᠋ᠨ ᠬᠡᠯᠬᠢᠶ᠎ᠡ ᠵᠢ ᠲᠦᠷᠭᠡᠳᠭᠡᠨ ᠪᠠᠢᠭᠤᠯᠵᠤ᠂ ᠬᠣᠲᠠ ᠵᠢᠨ ᠲᠣᠭᠠᠴᠢᠯᠠᠭ᠍ᠰᠠᠨ ᠬᠡᠯᠪᠡᠷᠢ ᠵᠢ ᠬᠤᠪᠢᠷᠠᠭᠤᠯᠬᠤ ᠤᠨᠴᠠᠯᠢᠬᠳᠦ ᠵᠠᠮ ᠢ᠋ ᠨᠡᠭᠡᠭᠡᠵᠦ᠍᠂ ᠲᠣᠭᠠᠴᠢᠯᠠᠭ᠍ᠰᠠᠨ ᠠᠵᠤ ᠠᠬᠤᠶ ᠵᠢᠨ ᠴᠢᠨᠠᠷ ᠰᠠᠢᠲᠠᠶ ᠬᠥᠭ᠌ᠵᠢᠯᠲᠡ ᠵᠢᠨ ᠱᠢᠨ᠎ᠡ ᠪᠠᠢᠳᠠᠯ ᠢ᠋ ᠡᠭᠦᠳᠪᠡ᠃

《2025 ᠣᠨ ᠳ᠋ᠦ᠂ ᠪᠢᠳᠡ ᠨᠢᠭᠡᠨᠲᠡ ᠳᠤᠮᠳᠠᠳᠤ ᠤᠯᠤᠰ ᠤ᠋ᠨ ᠴᠢᠯᠠᠭᠤᠨ ᠲᠣᠰᠣ᠂ ᠶᠸᠤ ᠹᠦ᠋ ᠲᠣᠭ᠎ᠠ ᠪᠠᠷᠢᠮᠲᠠ᠂ ᠭᠠᠩ ᠴᠧᠩ ᠶᠦᠨ ᠯᠢᠶᠠᠨ ᠵᠡᠷᠭᠡ 15 ᠭᠤᠤᠯᠳᠠᠯᠭ᠎ᠠ ᠲᠠᠢ ᠪᠤᠳᠤᠯᠳᠠ ᠵᠢᠨ ᠬᠦᠴᠦᠨ ᠤ᠋ ᠠᠵᠤ ᠦᠶ᠋ᠯᠡᠰ ᠤ᠋ᠨ ᠲᠥᠷᠥᠯ ᠵᠦᠶ᠋ᠯ᠎ᠲᠡᠶ ᠭᠡᠷ᠎ᠡ ᠲᠣᠭ᠍ᠲᠠᠵᠤ᠂ ᠶᠡᠷᠦᠩᠬᠡᠶ ᠪᠠᠯᠠ ᠣᠷᠣᠭᠤᠯᠤᠯᠲᠠ ᠨᠢ 500 ᠳ᠋ᠦᠩᠱᠢᠭᠤᠷ ᠲᠥᠭᠥᠷᠢᠭ ᠢ᠋ ᠳᠠᠪᠠᠵᠤ᠂ ᠵᠢᠱ᠌ᠢᠯᠲᠡ᠎ᠪᠡᠷ 2025 ᠣᠨ᠎ᠤ ᠰᠡᠬᠦᠯᠴᠢ ᠪᠡᠷ ᠪᠠᠯᠠ ᠣᠷᠣᠭᠤᠯᠵᠤ ᠪᠣᠯᠬᠤ ᠪᠤᠳᠤᠯᠳᠠ ᠵᠢᠨ ᠬᠦᠴᠦᠨ ᠤ᠋ ᠬᠡᠪᠴᠢᠶ᠎ᠡ 12 ᠲᠦᠮᠡᠨ P ᠎ᠡᠴᠡ ᠳᠡᠭᠡᠭ᠌ᠰᠢ᠎ᠳᠦ ᠬᠦᠷᠴᠦ᠍᠂  ᠬᠦᠸᠸ ᠱᠠᠨ ᠶᠢᠨ ᠴᠢᠩ᠂ ᠪᠢᠩ ᠰᠢᠩ ᠺᠸ ᠵᠢᠢ᠂ ᠬᠤᠸᠠ ᠵᠦ᠍ ᠵᠡᠷᠭᠡ 4 ᠲᠦᠮᠡᠨ ᠺᠠᠷᠲ ᠤ᠋ᠨ ᠲᠠᠰ ᠤ᠋ᠨ ᠲᠡᠷᠢᠭᠦᠨ ᠤ᠋ ᠤᠶᠤᠨᠳᠦ ᠪᠤᠳᠤᠯᠭ᠎ᠠ ᠵᠢᠨ ᠪᠦᠯᠦᠭᠵᠢᠯ ᠪᠠ ᠬᠤᠸᠠ ᠸᠧᠶ᠂ ᠰᠦᠢ ᠶᠤᠸᠠᠨ ᠵᠡᠷᠭᠡ 3 ᠲᠦᠮᠡᠨ ᠺᠠᠷᠲ ᠡᠴᠡ ᠴᠦᠭᠡᠨ ᠪᠤᠰᠤ ᠲᠠᠰ ᠤ᠋ᠨ ᠤᠯᠤᠰ ᠳᠠᠭᠠᠨ ᠦᠢᠯᠡᠳᠪᠦᠷᠢᠯᠡᠭᠰᠡᠨ ᠪᠤᠳᠤᠯᠳᠠ ᠵᠢᠨ ᠬᠦᠴᠦᠨ ᠤ᠋ ᠪᠦᠯᠦᠭᠵᠢᠯ ᠢ᠋ ᠪᠠᠢᠭᠤᠯᠤᠨ ᠠᠰᠢᠬᠯᠠᠯᠳᠠ ᠳ᠋ᠦ ᠤᠷᠤᠭᠤᠯᠬᠤ ᠪᠡᠷ ᠪᠤᠢ》 ᠭᠡᠵᠦ᠍ ᠥᠪᠥᠷ ᠮᠣᠩᠭᠣᠯ ᠤ᠋ᠨ ᠬᠣᠷᠢᠨᠭᠡᠷ ᠱᠢᠨ᠎ᠡ ᠲᠣᠭᠣᠷᠢᠭ ᠤ᠋ᠨ ᠬᠠᠮᠢᠶᠠᠷᠤᠯᠲᠠ ᠵᠢᠨ ᠵᠥᠪᠯᠡᠯ ᠤ᠋ᠨ ᠳᠡᠳ᠋ ᠡᠷᠬᠢᠯᠡᠭ᠌ᠴᠢ ᠭᠦᠸᠧ ᠵᠢᠤᠢ ᠶᠢᠩ ᠰᠤᠷᠪᠤᠯᠵᠢᠯᠠᠭ᠍ᠴᠢ ᠳ᠋ᠦ ᠲᠠᠨᠢᠯᠴᠠᠭᠤᠯᠤᠨ᠎ᠠ᠃

2025 ᠣᠨ ᠳ᠋ᠦ᠂ ᠬᠣᠷᠢᠨᠭᠡᠷ ᠱᠢᠨ᠎ᠡ ᠲᠣᠭᠣᠷᠢᠭ ᠬᠦᠴᠦᠷᠬᠡᠭ ᠶᠡᠬᠡ ᠪᠣᠬᠢᠷᠲᠤᠯ ᠥᠬᠡᠶ ᠪᠤᠳᠤᠯᠳᠠ ᠵᠢᠨ ᠬᠦᠴᠦᠨ ᠤ᠋ ᠬᠡᠪᠴᠢᠶ᠎ᠡ ᠪᠠ ᠪᠤᠳᠤᠯᠳᠠ ᠵᠢᠨ ᠴᠠᠬᠢᠯᠭᠠᠨ᠂ ᠪᠤᠳᠤᠯᠳᠠ ᠵᠢᠨ ᠰᠦᠯᠵᠢᠶ᠎ᠡ᠂ ᠪᠤᠳᠤᠯᠳᠠ ᠵᠢᠨ ᠲᠤᠭ᠎ᠠ ᠪᠠᠷᠢᠮᠳᠠ ᠵᠢᠨ ᠬᠠᠮᠵᠢᠯᠴᠠᠨ ᠬᠥᠭ᠌ᠵᠢᠬᠦ᠌ ᠳᠠᠪᠠᠭᠤᠯᠢᠭ ᠲᠣ᠌ ᠲᠦᠱᠢᠭ᠌ᠯᠡᠨ᠂ ᠵᠠᠭ᠍ᠪᠤᠷ ᠤ᠋ᠨ ᠪᠣᠯᠪᠠᠰᠤᠷᠠᠯ ᠤ᠋ᠨ ᠵᠦᠶ᠋ᠴᠢᠯᠡᠯ᠂ ᠤᠢᠷ᠎ᠠ ᠤᠭᠳᠠᠷᠭᠤᠢ ᠵᠢᠨ ᠠᠵᠤ ᠠᠬᠤᠶ᠂ ᠠᠦ᠋ᠲ᠋ᠣ᠋ ᠵᠢᠯᠣᠭᠣᠳᠭᠤ᠂ ᠬᠥᠮᠦᠨᠯᠢᠭ ᠮᠠᠱᠢᠨ ᠬᠥᠮᠦᠨ ᠵᠡᠷᠭᠡ ᠭᠤᠤᠯᠳᠠᠯᠭ᠎ᠠ ᠲᠠᠢ ᠬᠦᠷᠢᠶᠡᠨ᠎ᠳᠦ ᠠᠩᠬᠠᠷᠤᠯ ᠵᠢᠡᠨ ᠲᠥᠪᠯᠡᠷᠡᠭᠦᠯᠵᠦ᠍᠂ ᠪᠡᠭᠡᠵᠢᠩ᠂ ᠬᠥᠬᠡᠮᠥ᠋ᠷᠡᠨ ᠤ᠋ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ ᠤ᠋ ᠲᠣᠮᠣ ᠪᠤᠯᠤᠩ ᠤ᠋ᠨ ᠣᠷᠣᠨ ᠵᠡᠷᠭᠡ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠨᠢᠭᠡ ᠪᠦᠯᠦᠭ ᠪᠤᠳᠤᠯᠳᠠ ᠵᠢᠨ ᠬᠦᠴᠦᠨ ᠵᠢᠴᠢ ᠵᠣᠬᠢᠶᠠᠮᠠᠯ ᠣᠶᠤᠨᠳᠦ ᠠᠵᠤ ᠠᠬᠤᠢᠯᠠᠯ ᠤ᠋ᠨ ᠲᠥᠷᠥᠯ ᠵᠦᠶ᠋ᠯ ᠢ᠋ ᠨᠠᠢᠳᠠᠪᠤᠷᠢᠵᠢᠭᠤᠯᠵᠤ᠂ ᠣᠯᠠᠨ ᠡᠱᠢᠲᠦ ᠠᠵᠤ ᠦᠶ᠋ᠯᠡᠰ ᠤ᠋ᠨ ᠠᠮᠢ ᠠᠬᠤᠶ ᠵᠢ ᠴᠤᠭᠴᠠᠯᠠᠭᠰᠠᠨ ᠪᠠᠢᠨ᠎ᠠ᠃

ᠬᠣᠷᠢᠨᠭᠡᠷ ᠱᠢᠨ᠎ᠡ ᠲᠣᠭᠣᠷᠢᠭ ᠤ᠋ᠨ ᠮᠧᠩ ᠮᠠ ᠤᠶᠤᠨᠲᠤ ᠲᠣᠨᠣᠭ᠍ᠯᠠᠯ ᠦᠢᠯᠡᠳᠬᠦ᠌ ᠲᠠᠰᠤᠭ ᠲᠣ᠌᠂ ᠵᠢᠯ᠎ᠳᠦ 6000 ᠰᠠᠭᠤᠷᠢ ᠲᠥᠬᠥᠭᠡᠷᠦᠮᠵᠢ ᠦᠢᠯᠡᠳᠪᠦᠷᠢᠯᠡᠬᠦ᠌ ᠤᠶᠤᠨᠲᠤ ᠦᠢᠯᠡᠳᠪᠦᠷᠢᠯᠡᠯ ᠤ᠋ᠨ ᠱᠤᠭᠤᠮ ᠢ᠋ ᠨᠢᠭᠡᠨᠲᠡ ᠠᠱᠢᠭ᠍ᠯᠠᠯᠲᠠ ᠳ᠋ᠦ ᠣᠷᠣᠭᠤᠯᠪᠠ᠃ ᠡᠢᠮᠦᠷᠬᠦᠤ ᠪᠠᠢᠳᠠᠯ ᠤᠳᠤ ᠬᠥᠬᠡᠬᠣᠲᠠ ᠵᠢᠨ ᠣᠯᠠᠨ ᠬᠦᠷᠢᠶᠡᠨ᠎ᠳᠦ ᠢᠯᠡᠷᠡᠵᠦ ᠪᠤᠢ᠄ ᠤᠯᠤᠰ ᠤ᠋ᠨ ᠴᠠᠭᠠᠨ ᠢᠳᠡᠭᠡᠨ ᠤ᠋ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ ᠨᠢ DeepSeek - R1 ᠲᠣᠮᠣ ᠵᠠᠭ᠍ᠪᠤᠷ ᠢ᠋ ᠵᠠᠯᠭᠠᠨ ᠣᠷᠣᠭᠤᠯᠤᠭ᠍ᠰᠠᠨ᠎ᠤ ᠳᠠᠷᠠᠭ᠎ᠠ᠂ ᠴᠠᠭᠠᠨ ᠢᠳᠡᠭᠡᠨ ᠤ᠋ ᠠᠵᠢᠯ ᠲᠥᠷᠥᠯ ᠤ᠋ᠨ ᠰᠤᠳᠤᠯᠤᠨ ᠨᠡᠭᠡᠭᠡᠬᠦ᠌ ᠠᠵᠢᠯᠲᠠᠳ ᠠᠵᠢᠯ ᠲᠥᠷᠥᠯ ᠤ᠋ᠨ ᠵᠢᠡᠨ ᠬᠠᠮᠤᠭ ᠤ᠋ᠨ ᠱᠢᠨ᠎ᠡ ᠲᠤᠰᠭᠠᠶ ᠠᠱᠢᠭ ᠤ᠋ᠨ ᠮᠡᠳᠡᠭᠡ ᠵᠠᠩᠭᠢ ᠵᠢ ᠨᠠᠩ ᠳᠥᠭᠥᠮ ᠳᠥᠲᠡ᠎ᠪᠡᠷ ᠣᠯᠵᠤ᠂ ᠰᠤᠳᠤᠯᠤᠨ ᠨᠡᠭᠡᠭᠡᠬᠦ᠌ ᠪᠡᠷᠬᠡ ᠰᠡᠳᠦᠪ ᠢ᠋ ᠱᠢᠶ᠋ᠳᠪᠦᠷᠢᠯᠡᠬᠦ᠌ ᠱᠢᠨ᠎ᠡ ᠠᠷᠭ᠎ᠠ ᠱᠢᠨ᠎ᠡ ᠰᠡᠳᠭᠢᠴᠡ ᠵᠢ ᠥᠨᠳᠥᠷ ᠪᠦᠲᠦᠮᠵᠢᠲᠡᠶ᠎ᠪᠡᠷ ᠣᠯᠵᠤ᠂ ᠨᠢᠭᠡ ᠯᠡ ᠳᠠᠷᠤᠪᠴᠢ ᠪᠡᠷ ᠪᠡᠯᠡᠳᠬᠡᠯ ᠰᠤᠳᠤᠯᠭᠠᠨ ᠤ᠋ ᠮᠡᠳᠡᠭᠦᠯᠦᠯᠲᠡ ᠵᠢ ᠪᠤᠢ ᠪᠤᠯᠭᠠᠨ᠂ ᠬᠦᠷᠢᠶ᠎ᠡ ᠴᠠᠷᠠᠭ᠎ᠠ ᠵᠢᠨ ᠪᠥᠬᠥ᠌ ᠪᠠᠢᠳᠠᠯ ᠢ᠋ ᠲᠦᠷᠭᠡᠨ ᠣᠢᠯᠠᠭᠠᠵᠤ ᠪᠣᠯᠤᠨ᠎ᠠ; ᠥᠪᠥᠷ ᠮᠣᠩᠭᠣᠯ ᠤ᠋ᠨ ᠯᠠᠨ ᠲᠠᠢ ᠡᠮ ᠤ᠋ᠨ ᠦᠶ᠋ᠯᠡᠰ ᠤ᠋ᠨ ᠬᠢᠵᠠᠭᠠᠷᠲᠤ ᠺᠣᠮᠫᠠᠨᠢ ᠵᠢᠨ ᠣᠶᠤᠨᠴᠢᠯᠠᠭ᠍ᠰᠠᠨ ᠦᠶ᠋ᠯᠡᠳᠪᠦᠷᠢᠯᠡᠯ ᠤ᠋ᠨ ᠲᠠᠰᠤᠭ ᠤ᠋ᠨ ᠪᠥᠬᠥ᠌ ᠠᠦ᠋ᠲ᠋ᠣ᠋ ᠦᠶ᠋ᠯᠡᠳᠪᠦᠷᠢᠯᠡᠯ ᠤ᠋ᠨ ᠱᠤᠭᠤᠮ ᠶᠠᠭ ᠡᠮᠬᠢ ᠵᠢᠷᠤᠮ ᠲᠠᠢ ᠠᠵᠢᠯᠯᠠᠵᠤ᠂ ᠮᠥᠬᠥᠯᠢᠭ ᠡᠮ ᠢ᠋ ᠨᠠᠷᠢᠯᠢᠭ ᠲᠥᠬᠥᠭᠡᠷᠦᠮᠵᠢ᠎ᠳᠦ ᠬᠠᠢᠷᠴᠠᠭ᠍ᠯᠠᠨ ᠪᠢᠲᠡᠭᠦᠮᠵᠢᠯᠡᠵᠦ᠍᠂ ᠦᠶ᠋ᠯᠡᠳᠪᠦᠷᠢᠯᠡᠯ ᠤ᠋ᠨ ᠡᠨᠧᠷᠭᠢ ᠵᠢᠨ ᠬᠣᠷᠣᠭ᠍ᠳᠠᠯ ᠢ᠋ 20% ᠡᠴᠡ ᠳᠡᠭᠡᠭᠰᠢ ᠪᠠᠭᠤᠷᠠᠭᠤᠯᠪᠠ; ᠥᠪᠥᠷ ᠮᠣᠩᠭᠣᠯ ᠤ᠋ᠨ ᠺᠸ ᠲᠦᠸᠸ ᠠᠮᠢᠳᠤ ᠪᠣᠳᠠᠰ ᠤ᠋ᠨ ᠬᠢᠵᠠᠭᠠᠷᠲᠤ ᠺᠣᠮᠫᠠᠨᠢ ᠵᠢᠨ ᠪᠠᠢᠭᠤᠯᠤᠭ᠍ᠰᠠᠨ ᠰᠦᠨ ᠬᠦᠴᠢᠯ ᠤ᠋ᠨ ᠪᠠᠺᠲ᠋ᠧᠷᠢ ᠵᠢᠨ ᠵᠣᠬᠢᠶᠠᠮᠠᠯ ᠤᠶᠤᠨᠳᠦ ᠲᠠᠪᠴᠠᠩ ᠨᠢ ᠱᠢᠭ᠌ᠰᠢᠨ ᠰᠣᠩᠭᠣᠬᠤ ᠦᠷ᠎ᠡ ᠪᠦᠲᠦᠮᠵᠢ ᠵᠢ ᠪᠦᠲᠦᠮᠵᠢᠲᠡᠢ ᠳᠡᠭᠡᠭ᠌ᠰᠢᠯᠡᠭᠦᠯᠵᠦ᠍᠂ ᠵᠢᠱ᠌ᠢᠯᠲᠡ᠎ᠪᠡᠷ ᠢᠷᠡᠭᠡᠳᠦᠢ ᠵᠢᠨ 3 ᠡᠴᠡ 5 ᠵᠢᠯ᠎ᠳᠦ᠂ ᠬᠠᠮᠤᠭ ᠤ᠋ᠨ ᠬᠤᠷᠳᠤᠨ ᠳ᠋ᠠᠭᠠᠨ 24 ᠴᠠᠭ ᠲᠣ᠌10 ᠰᠠᠭᠤᠷᠢ ᠪᠠᠺᠲ᠋ᠧᠷᠢ ᠵᠢ ᠱᠢᠭ᠌ᠰᠢᠨ ᠰᠣᠩᠭᠣᠬᠤ ᠵᠢ ᠪᠡᠶᠡᠯᠡᠭᠦᠯᠵᠦ ᠴᠢᠳᠠᠨ᠎ᠠ ᠁

ᠣᠳᠣᠬᠠᠨ ᠳ᠋ᠦ᠂ ᠬᠥᠬᠡᠬᠣᠲᠠ ᠵᠣᠬᠢᠶᠠᠮᠠᠯ ᠣᠶᠤᠨᠳᠦ 《ᠪᠥᠬᠥ᠌ ᠠᠮᠢ ᠠᠬᠤᠶ》 ᠵᠢᠨ ᠲᠣᠭᠣᠷᠢᠨ ᠳ᠋ᠦ ᠲᠠᠰᠤᠷᠠᠯᠲᠠ ᠥᠬᠡᠶ ᠱᠢᠨ᠎ᠡ ᠵᠢ ᠡᠭᠦᠳᠴᠦ᠍ ᠱᠢᠪᠲᠤᠯᠤᠯᠲᠠ ᠭᠠᠷᠭᠠᠵᠤ ᠪᠤᠢ᠃ ᠬᠥᠬᠡᠬᠣᠲᠠ ᠵᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ ᠵᠢᠨ ᠲᠣᠪᠴᠢᠶ᠎ᠠ ᠵᠢᠨ ᠨᠡᠢᠳᠡᠯᠡᠭᠰᠡᠨ ᠮᠡᠳᠡᠭᠡ ᠵᠠᠩᠭᠢ᠎ᠠᠴᠠ ᠦᠵᠡᠪᠡᠯ᠂ 2024 ᠣᠨ᠎ᠤ ᠡᠴᠦᠰ ᠪᠣᠯᠲᠠᠯ᠎ᠠ᠂ ᠪᠥᠬᠥ᠌ ᠬᠣᠲᠠ ᠳ᠋ᠦ ᠨᠡᠢᠲᠡ 5 ᠤᠯᠤᠰ ᠤ᠋ᠨ ᠲᠠᠰ ᠤ᠋ᠨ ᠣᠶᠤᠨᠳᠦ ᠦᠶ᠋ᠯᠡᠳᠪᠦᠷᠢ᠂ 8 ᠥᠪᠡᠷᠲᠡᠭᠡᠨ ᠵᠠᠰᠠᠬᠤ ᠣᠷᠣᠨ᠎ᠤ ᠲᠠᠰ ᠤ᠋ᠨ ᠣᠶᠤᠨᠳᠦ ᠦᠶ᠋ᠯᠡᠳᠪᠦᠷᠢ᠂ 23 ᠥᠪᠡᠷᠲᠡᠭᠡᠨ ᠵᠠᠰᠠᠬᠤ ᠣᠷᠣᠨ᠎ᠤ ᠲᠠᠰ ᠤ᠋ᠨ ᠲᠣᠭᠠᠴᠢᠯᠠᠭ᠍ᠰᠠᠨ ᠦᠶ᠋ᠯᠡᠳᠪᠦᠷᠢ ᠵᠢᠨ ᠲᠠᠰᠤᠭ ᠲᠠᠢ ᠪᠣᠯᠵᠠᠶ᠃ 2025 ᠣᠨ ᠳ᠋ᠦ᠂ 《ᠬᠥᠬᠡᠬᠣᠲᠠ ᠵᠢᠨ ᠳᠤᠮᠳᠠ ᠪᠠᠭ᠎ᠠ ᠠᠵᠤ ᠠᠬᠤᠢᠯᠠᠯ ᠤ᠋ᠨ ᠲᠣᠭᠠᠴᠢᠯᠠᠭᠰᠠᠨ ᠬᠡᠯᠪᠡᠷᠢ ᠪᠡᠨ ᠬᠤᠪᠢᠷᠠᠭᠤᠯᠬᠤ ᠬᠣᠲᠠ ᠵᠢᠨ ᠲᠤᠷᠱᠢᠯᠲᠠ ᠵᠢᠨ ᠠᠵᠢᠯ ᠤ᠋ᠨ ᠲᠥᠰᠦᠯ》 ᠢ᠋ ᠳᠠᠷᠤᠮᠠᠯᠯᠠᠨ ᠲᠠᠷᠬᠠᠭᠠᠵᠤ᠂ 2026 ᠣᠨ ᠪᠣᠯᠬᠤ ᠳ᠋ᠦ᠂ ᠨᠠᠷᠢᠨ ᠬᠤᠪᠢᠶᠠᠭ᠍ᠰᠠᠨ 6 ᠠᠵᠢᠯ ᠲᠥᠷᠥᠯ᠎ᠤ᠋ᠨ 350 ᠳᠤᠮᠳᠠ ᠪᠠᠭ᠎ᠠ ᠠᠵᠤ ᠠᠬᠤᠢᠯᠠᠯ ᠤ᠋ᠨ ᠲᠣᠭᠠᠴᠢᠯᠠᠭᠰᠠᠨ ᠥᠭᠡᠷᠡᠴᠢᠯᠡᠯᠳᠠ ᠵᠢ ᠲᠠᠰ ᠳᠡᠪᠱᠢᠭᠦᠯᠬᠦ᠌ ᠵᠢ ᠠᠬᠢᠭᠤᠯᠬᠤ ᠪᠤᠯᠤᠨ᠎ᠠ᠂ ᠡᠭᠦᠨ᠎ᠳᠦ᠂ ᠬᠡᠪᠴᠢᠶᠡᠵᠢᠯ ᠡᠴᠡ ᠳᠡᠭᠡᠭ᠌ᠰᠢᠬᠢ ᠳᠤᠮᠳᠠ ᠪᠠᠭ᠎ᠠ ᠠᠵᠤ ᠠᠬᠤᠢᠯᠠᠯ ᠤ᠋ᠨ ᠲᠣᠭᠠᠴᠢᠯᠠᠯᠲᠠ ᠵᠢᠨ ᠬᠢᠷᠢ ᠲᠦᠪᠱᠢᠨ ᠢ᠋ ᠬᠣᠶᠠᠳᠤᠭᠠᠷ ᠳᠡᠰ ᠵᠢᠴᠢ ᠲᠡᠭᠦᠨ ᠡᠴᠡ ᠳᠡᠭᠡᠭ᠌ᠰᠢᠬᠢ ᠵᠢ ᠨᠢ 211 ᠡᠴᠡ ᠴᠥᠭᠡᠨ ᠪᠠᠢᠯᠭᠠᠵᠤ ᠪᠣᠯᠬᠤ ᠥᠬᠡᠶ᠂ ᠤᠨᠴᠠᠯᠢᠬ᠍ᠳᠤ ᠢᠳᠡᠭᠡᠨ ᠢ᠋ ᠡᠳ᠋ᠱᠢᠭᠦᠯᠬᠦ᠌ ᠪᠠ ᠠᠮᠢᠳᠤ ᠪᠣᠳᠠᠰ ᠤ᠋ᠨ ᠡᠮ ᠡᠮᠨᠡᠯᠭᠡ ᠵᠢᠨ ᠦᠶ᠋ᠯᠡᠳᠬᠦ᠌ ᠦᠶ᠋ᠯᠡᠰ ᠤ᠋ᠨ ᠲᠣᠭᠠᠴᠢᠯᠠᠭᠰᠠᠨ ᠬᠡᠯᠪᠡᠷᠢ ᠪᠡᠨ ᠬᠤᠪᠢᠷᠠᠭᠤᠯᠬᠤ ᠵᠢ ᠪᠡᠶᠡᠯᠡᠭᠦᠯᠦᠭ᠌ᠰᠡᠨ ᠠᠵᠤ ᠠᠬᠤᠢᠯᠠᠯ ᠢ᠋ 100 ᠡᠴᠡ ᠴᠥᠭᠡᠨ ᠪᠠᠢᠯᠭᠠᠵᠤ ᠪᠣᠯᠬᠤ ᠥᠬᠡᠶ ᠭᠡᠵᠦ᠍ ᠱᠠᠭᠠᠷᠳᠠᠪᠠ᠃ AI  ᠵᠠᠰᠠᠭ ᠤ᠋ᠨ ᠶᠠᠪᠤᠳᠠᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ ᠳ᠋ᠦ ᠴᠢᠳᠠᠪᠤᠷᠢ ᠤᠯᠭᠤᠵᠦ᠂ ᠬᠥᠬᠡᠬᠣᠲᠠ ᠵᠢᠨ 91 ᠨᠢᠭᠡᠴᠢ ᠪᠥᠬᠥ᠌ ᠣᠷᠣᠨ᠎ᠤ ᠵᠠᠰᠠᠭ ᠤ᠋ᠨ ᠶᠠᠪᠤᠳᠠᠯ ᠤ᠋ᠨ ᠬᠦᠷᠢᠶᠡᠨ᠎ᠳᠦ ᠲᠦᠷᠦᠭᠦᠯᠡᠨ DeepSeek ᠲᠣᠮᠣ ᠵᠠᠭ᠍ᠪᠤᠷ ᠢ᠋ ᠪᠠᠢᠷᠢᠯᠠᠭᠤᠯᠪᠠ᠃ ᠡᠭᠦᠨ ᠤ᠋ ᠬᠠᠮᠲᠤ᠂ ᠤᠳᠤ ᠶᠠᠭ ᠪᠥᠬᠥ᠌ ᠬᠣᠲᠠ ᠵᠢᠨ ᠮᠡᠳᠡᠭᠡ ᠵᠠᠩᠭᠢᠴᠢᠯᠠᠯᠲᠠ ᠵᠢᠨ ᠱᠢᠰᠲ᠋ᠧᠮ ᠤ᠋ᠨ 《ᠵᠣᠯᠭᠠᠭᠤᠯᠪᠠᠰᠦ ᠵᠣᠬᠢᠬᠤ ᠵᠢ ᠨᠢ ᠪᠦᠬᠦᠨ ᠢ᠋ ᠵᠣᠯᠭᠠᠭᠤᠯᠬᠤ》 ᠵᠢ ᠠᠬᠢᠭᠤᠯᠵᠤ᠂ ᠬᠣᠲᠠ ᠵᠢᠨ ᠶᠡᠬᠡ ᠲᠠᠷᠢᠬᠢ ᠵᠢ ᠪᠥᠬᠥ᠌ ᠬᠣᠲᠠ ᠵᠢᠨ 109 ᠨᠢᠭᠡᠴᠢ ᠵᠢᠨ 353 ᠮᠡᠳᠡᠭᠡ ᠵᠠᠩᠭᠢᠴᠢᠯᠠᠯᠲᠠ ᠵᠢᠨ ᠱᠢᠰᠲ᠋ᠧᠮ᠎ᠳᠦ ᠵᠤᠯᠭᠠᠭᠤᠯᠵᠦ᠂ ᠵᠤᠯᠭᠠᠭᠤᠯᠵᠦ ᠪᠣᠯᠬᠤ᠂ ᠳᠡᠯᠭᠡᠨ ᠦᠵᠡᠭᠦᠯᠵᠦ᠍ ᠪᠣᠯᠬᠤ᠂ ᠬᠡᠷᠡᠭ᠌ᠯᠡᠵᠦ᠍ ᠪᠣᠯᠬᠤ᠂ ᠬᠠᠮᠵᠢᠯᠴᠠᠵᠤ ᠪᠣᠯᠬᠤ ᠵᠢ ᠪᠡᠶᠡᠯᠡᠭᠦᠯᠵᠦ᠍᠂ ᠱᠠᠲᠤ ᠱᠠᠲᠤ ᠪᠡᠷ ᠨᠡᠪᠲᠡᠷᠡᠬᠦ ᠵᠢ ᠪᠡᠶᠡᠯᠡᠭᠦᠯᠪᠡ᠃

ᠣᠳᠣᠬᠠᠨ ᠳ᠋ᠦ᠂ ᠬᠥᠬᠡᠬᠣᠲᠠ ᠨᠢᠭᠡᠨᠲᠡ ᠣᠯᠠᠨ ᠨᠡᠢᠲᠡ ᠵᠢᠨ ᠳ᠋ᠠᠢᠲ᠋ᠠ ᠵᠢ ᠨᠢᠭᠡ ᠴᠣᠭ᠍ᠴᠠᠵᠢᠭᠤᠯᠤᠭ᠍ᠰᠠᠨ ᠬᠠᠮᠢᠶᠠᠷᠤᠯᠲᠠ ᠵᠢᠨ ᠲᠠᠪᠴᠠᠩ ᠢ᠋ ᠪᠠᠢᠭᠤᠯᠵᠤ᠂ 52 ᠰᠠᠯᠠᠭ᠎ᠠ ᠮᠥᠴᠢᠷ ᠤ᠋ᠨ 147 ᠳ᠋ᠦᠩᠱᠢᠭᠤᠷ ᠵᠤᠷᠪᠤᠰ ᠲᠣᠭ᠎ᠠ ᠪᠠᠷᠢᠮᠲᠠ ᠵᠢ ᠴᠤᠭ᠍ᠯᠠᠭᠤᠯᠤᠨ᠂ 4 ᠰᠠᠭᠤᠷᠢ ᠬᠥᠮᠥᠷᠭᠡ᠂ 5 ᠲᠤᠰᠭᠠᠶ ᠰᠡᠳᠦᠪᠲᠦ ᠬᠥᠮᠥᠷᠭᠡ ᠪᠠ 15 ᠴᠢᠨᠠᠷ ᠰᠠᠢᠲᠠᠶ ᠲᠣᠭ᠎ᠠ ᠪᠠᠷᠢᠮᠲᠠ ᠵᠢᠨ ᠴᠤᠭ᠍ᠯᠠᠷᠠᠯ ᠢ᠋ ᠵᠠᠰᠠᠵᠤ ᠪᠦᠷᠢᠯᠳᠦᠭᠦᠯᠪᠡ᠃

ᠪᠦᠷᠢᠨ ᠲᠡᠭᠦᠯᠳᠡᠷ ᠳ᠋ᠠᠢᠲ᠋ᠠ ᠵᠢᠨ ᠠᠮᠤᠷ ᠲᠦᠪᠱᠢᠨ ᠤ᠋ ᠰᠡᠷᠬᠡᠢᠯᠡᠨ ᠬᠠᠮᠠᠭᠠᠯᠠᠯᠲᠠ ᠵᠢᠨ ᠱᠢᠰᠲ᠋ᠧᠮ ᠢ᠋ ᠪᠠᠢᠭᠤᠯᠬᠤ ᠵᠢᠨ ᠲᠥᠯᠥᠭᠡ᠂ ᠬᠥᠬᠡᠬᠣᠲᠠ ᠶᠠᠭ 《P4》 ᠲᠠᠰ ᠤ᠋ᠨ ᠳ᠋ᠠᠢᠲ᠋ᠠ ᠵᠢᠨ ᠬᠡᠷᠡᠭ᠌ᠯᠡᠭᠡᠨ ᠤ᠋ ᠲᠤᠷᠱᠢᠯᠲᠠ ᠵᠢᠨ ᠲᠠᠰᠤᠭ ᠤ᠋ᠨ ᠪᠥᠲᠥᠭᠡᠨ ᠪᠠᠢᠭᠤᠯᠤᠯᠲᠠ ᠵᠢ ᠪᠥᠬᠥ᠌ ᠬᠦᠴᠦᠨ ᠵᠢᠡᠷ ᠵᠢᠡᠨ ᠠᠬᠢᠭᠤᠯᠵᠤ᠂ ᠬᠣᠲᠠ ᠵᠢᠨ ᠰᠦᠯᠵᠢᠶᠡᠨ ᠤ᠋ ᠠᠮᠤᠷ ᠲᠦᠪᠱᠢᠨ ᠤ᠋ ᠡᠵᠡᠩᠨᠡᠯᠲᠡ ᠵᠢᠨ ᠲᠥᠪ ᠢ᠋ ᠵᠡᠷᠭᠡ᠎ᠪᠡᠷ ᠪᠡᠯᠡᠳᠭᠡᠨ ᠪᠠᠢᠭᠤᠯᠵᠤ᠂ 《ᠪᠤᠳᠤᠯᠳᠠ ᠵᠢᠨ ᠬᠦᠴᠦᠨ ᠵᠢᠡᠷ ᠲᠤᠯᠭᠠᠭᠤᠷᠢᠯᠠᠬᠤ — ᠲᠤᠭ᠎ᠠ ᠪᠠᠷᠢᠮᠳᠠ ᠵᠢ ᠬᠠᠮᠲᠤ ᠪᠡᠷ ᠡᠳ᠋ᠯᠡᠬᠦ᠌ — ᠠᠮᠤᠷ ᠲᠦᠪᠱᠢᠨ ᠤ᠋ ᠰᠡᠷᠬᠡᠢᠯᠡᠨ ᠬᠠᠮᠠᠭᠠᠯᠠᠯᠲᠠ》 ᠵᠢ ᠨᠢᠭᠡ ᠴᠣᠭ᠍ᠴᠠᠵᠢᠭᠤᠯᠤᠭ᠍ᠰᠠᠨ ᠬᠣᠲᠠ ᠵᠢᠨ ᠢᠲᠡᠭᠡᠮᠵᠢᠲᠦ ᠳ᠋ᠠᠢᠲ᠋ᠠ ᠵᠢᠨ ᠣᠷᠣᠨ ᠵᠠᠶ ᠵᠢ ᠬᠦᠴᠦᠯᠡᠨ ᠪᠠᠢᠭᠤᠯᠵᠤ ᠪᠠᠢᠨ᠎ᠠ᠃

《ᠣᠲᠣ ᠪᠣᠯᠲᠠᠯ᠎ᠠ᠂ ᠲᠤᠷᠱᠢᠯᠲᠠ ᠵᠢᠨ ᠲᠠᠰᠤᠭ ᠨᠢ ᠨᠢᠭᠡᠨᠲᠡ ᠣᠯᠠᠨ ᠨᠡᠢᠲᠡ ᠵᠢᠨ ᠳ᠋ᠠᠢᠲ᠋ᠠ ᠵᠢ ᠨᠢᠭᠡ ᠴᠣᠭ᠍ᠴᠠᠵᠢᠭᠤᠯᠤᠭᠰᠠᠨ ᠬᠠᠮᠢᠶᠠᠷᠤᠯᠲᠠ ᠵᠢᠨ ᠲᠠᠪᠴᠠᠩ᠂ ᠳ᠋ᠠᠢᠲ᠋ᠠ ᠵᠢᠨ ᠴᠤᠭᠯᠠᠷᠠᠯ ᠤ᠋ᠨ ᠳᠡᠪᠴᠡᠩ ᠵᠡᠷᠭᠡ ᠭᠤᠤᠯᠯᠠᠬᠤ ᠱᠢᠰᠲ᠋ᠧᠮ ᠤ᠋ᠨ ᠠᠮᠤᠷ ᠲᠦᠪᠱᠢᠨ ᠤ᠋ ᠰᠡᠷᠬᠡᠢᠯᠡᠨ ᠬᠠᠮᠠᠭᠠᠯᠠᠯᠲᠠ ᠵᠢᠨ ᠪᠠᠢᠭᠤᠯᠤᠯᠲᠠ ᠵᠢ ᠪᠡᠶᠡᠯᠡᠭᠦᠯᠵᠦ᠍᠂ ᠳ᠋ᠠᠢᠲ᠋ᠠ ᠵᠢᠨ ᠬᠡᠷᠡᠭ᠌ᠯᠡᠭᠡᠨ ᠤ᠋ ᠪᠥᠬᠥ᠌ ᠠᠮᠢ ᠨᠠᠰᠤᠨ᠎ᠤ ᠦᠶᠡᠯᠡᠯ ᠤ᠋ᠨ ᠬᠤᠭᠤᠴᠠᠭᠠᠨ ᠤ᠋ ᠬᠢᠨᠠᠨ ᠬᠡᠮᠵᠢᠬᠦ᠌ ᠴᠢᠳᠠᠪᠤᠷᠢ ᠵᠢ ᠪᠦᠷᠢᠯᠳᠦᠭᠦᠯᠦᠭ᠌ᠰᠡᠨ ᠪᠥᠭᠡᠳ ᠪᠠᠢᠩᠭᠤᠵᠢᠭ᠍ᠰᠠᠨ ᠲᠣᠭ᠍ᠲᠠᠭᠠᠯ ᠳ᠋ᠦ ᠨᠡᠢᠴᠡᠭ᠌ᠰᠡᠨ ᠡᠵᠡᠩᠨᠡᠯᠲᠡ ᠵᠢᠨ ᠲᠣᠭ᠍ᠲᠠᠴᠠ ᠵᠢ ᠪᠠᠢᠭᠤᠯᠵᠤ᠂ ᠱᠢᠰᠲ᠋ᠧᠮ ᠤ᠋ᠨ ᠲᠣᠭ᠍ᠲᠠᠭᠤᠨ ᠵᠢᠡᠷ ᠠᠵᠢᠯᠯᠠᠬᠤ ᠵᠢ ᠦᠨᠡᠨ ᠬᠦ᠌ ᠪᠠᠲᠤᠯᠠᠵᠤ ᠴᠢᠳᠠᠨ᠎ᠠ》 ᠭᠡᠵᠦ ᠥᠪᠥᠷ ᠮᠣᠩᠭᠣᠯ ᠤ᠋ᠨ ᠳ᠋ᠠᠢᠲ᠋ᠠ ᠵᠢᠨ ᠠᠵᠤ ᠦᠶ᠋ᠯᠡᠰ ᠤ᠋ᠨ ᠬᠥᠭ᠌ᠵᠢᠯᠲᠡ ᠵᠢᠨ ᠪᠦᠯᠦᠭ᠌ᠯᠡᠯ ᠤ᠋ᠨ ᠬᠢᠵᠠᠭᠠᠷᠲᠤ ᠺᠣᠮᠫᠠᠨᠢ ᠵᠢᠨ ᠲᠥᠷᠥᠯ ᠵᠦᠶ᠋ᠯ ᠤ᠋ᠨ ᠬᠠᠮᠢᠶᠠᠷᠤᠯᠲᠠ ᠵᠢᠨ ᠬᠡᠯᠲᠡᠰ ᠤ᠋ᠨ ᠳᠠᠷᠤᠭ᠎ᠠ ᠸᠠᠩ ᠶᠠᠩ ᠰᠤᠷᠪᠤᠯᠵᠢᠯᠠᠭ᠍ᠴᠢ ᠳ᠋ᠦ ᠬᠡᠯᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号