ᠭᠠᠵᠠᠷ ᠵᠢᠭᠡᠯᠡᠨ ᠴᠢᠳᠠᠪᠦᠷᠢᠲᠡᠨ ᠬᠦᠮᠦᠵᠢᠬᠦᠯᠵᠦ ᠤᠨᠲᠤᠤ ᠭᠠᠵᠠᠷ ᠲᠦ᠍ ᠦᠷ᠎ᠡ ᠪᠦᠲᠦᠮᠵᠢ ᠭᠠᠷᠭᠠᠨ᠎ᠡ — ᠨᠢᠭᠡᠳᠦᠭᠡᠷ ᠮᠠᠰᠢᠨ ᠮᠸᠬᠠᠨᠢᠭ ᠤ᠋ᠨ ᠪᠦᠯᠦᠭ᠌ᠯᠡᠯ ᠬᠢᠵᠠᠭᠠᠷᠳᠤ ᠺᠤᠮᠫᠠᠨᠢ ᠵᠢᠨ ᠰᠢ ᠠᠨ᠎ᠳᠠᠬᠢ ᠤᠭᠤᠷᠴᠤᠭ ᠭᠠᠵᠠᠷ ᠤ᠋ᠨ ᠬᠢᠨ ᠭᠤᠴᠢᠨ ᠲᠠᠪᠤᠨ ᠲᠤᠰᠭᠠᠶ ᠠᠱᠢᠭ᠎ᠤᠨ ᠡᠷᠬᠡ ᠵᠢ ᠭᠤᠶᠤᠴᠢᠯᠠᠪᠠ
2025-08-17 10:30:11
ᠵᠣᠬᠢᠶᠠᠭ᠍ᠴᠢ᠄
​ ᠼᠠᠢ ᠳ᠋ᠦᠩ ᠮᠧᠢ ᠵᠦ᠍ ᠱᠢᠶᠤᠤ ᠮᠸᠩ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠴᠡᠷᠢᠭ᠎ᠦᠨ ᠠᠵᠤ ᠦᠢᠯᠡᠳᠪᠦᠷᠢ᠎ᠶ᠋ᠢᠨ ᠠᠵᠤ ᠠᠬᠤᠢᠯᠠᠯ᠎ᠤᠨ ᠬᠢᠨ ᠰᠤᠳᠤᠯᠤᠨ ᠨᠡᠭᠡᠭᠡᠬᠦ᠌ ᠲᠥᠪ᠎ᠢᠶᠡᠨ ᠮᠢᠩᠭᠠᠨ ᠭᠠᠵᠠᠷ᠎ᠤᠨ ᠲᠡᠷᠲᠡᠭᠡ ᠪᠠᠢᠭ᠎ᠠ ᠰᠢ ᠠᠨ᠎ᠳᠤ 《ᠭᠠᠵᠠᠷ ᠵᠢᠭᠡᠯᠡᠨ ᠴᠢᠳᠠᠪᠤᠷᠢᠲᠠᠨ ᠬᠥᠮᠦᠵᠢᠭᠦᠯᠵᠦ᠍᠂ ᠤᠨᠳᠤᠤ ᠭᠠᠵᠠᠷ᠎ᠲᠸ᠋ ᠦᠷ᠎ᠠ ᠪᠦᠳᠦᠮᠵᠢ ᠭᠠᠷᠭᠠᠬᠤ》 ᠱᠢᠨ᠎ᠡ᠎ᠶ᠋ᠢ ᠡᠭᠦᠳᠬᠦ᠌ ᠲᠤᠷᠱᠢᠯᠲᠠ ᠬᠢᠵᠦ᠍ ᠪᠠᠢᠨ᠎ᠠ᠃

ᠤᠳᠤᠬᠠᠨ ᠳ᠋ᠤ ᠥᠪᠥᠷ ᠮᠣᠩᠭᠣᠯ᠎ᠤᠨ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ ᠬᠢᠵᠠᠭᠠᠷᠲᠤ ᠺᠣᠮᠫᠠᠨᠢ (ᠳᠣᠷᠣᠭ᠍ᠰᠢ 《ᠨᠢᠭᠡᠳᠤᠬᠡᠷ ᠮᠠᠱᠢᠨ ᠮᠸᠬᠠᠨᠢᠭ ᠤ᠋ᠨ  ᠪᠦᠯᠦᠭ᠌ᠯᠡᠯ 》 ᠭᠡᠵᠦ᠍ ᠲᠣᠪᠴᠢᠯᠠᠨ᠎ᠠ) ᠎ᠶ᠋ᠢᠨ ᠲᠣᠨᠣᠭ᠍ᠯᠠᠯ ᠦᠶ᠋ᠯᠡᠳᠬᠦ᠌ ᠰᠢ ᠠᠨ ᠳ᠋ᠡᠬᠢ  ᠪᠠᠴᠢᠮ   ᠪᠠᠢᠳᠠᠯ ᠎ᠢ  ᠠᠷᠭᠠᠴᠠᠭᠠᠬᠤ  ᠲᠣᠨᠣᠭ᠍ᠯᠠᠯ ᠎ᠤᠨ  ᠰᠤᠳᠤᠯᠭᠠᠨ᠎ᠤ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠤᠭᠤᠷᠴᠤᠭ ᠭᠠᠵᠠᠷ》 ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2025 ᠣᠨ᠎ᠤ ᠠᠩᠬᠠᠨ᠎ᠤ ᠪᠦᠯᠦᠭ ᠪᠦᠷᠢᠳᠭᠡᠨ ᠳᠠᠩᠰᠠᠯᠠᠭᠤᠯᠬᠤ ᠨᠡᠷᠡᠰ᠎ᠲᠦ ᠰᠣᠩᠭᠣᠭ᠍ᠳᠠᠪᠠ᠃ ᠡᠷᠲᠡᠨ᠎ᠦ ᠨᠡᠢᠰᠯᠡᠯ᠎ᠳᠦ ᠨᠤᠲᠤᠭ᠍ᠰᠢᠭ᠍ᠰᠠᠨ ᠡᠨᠡ ᠬᠦ᠌ 《ᠣᠭ᠍ᠲᠠᠷᠭᠤᠢ᠎ᠳᠤ ᠡᠯᠭᠦᠭ᠌ᠳᠡᠭ᠌ᠰᠡᠨ ᠲᠤᠷᠱᠢᠯᠲᠠ᠎ᠶ᠋ᠢᠨ ᠲᠠᠰᠤᠭ 》 ᠨᠢ ᠥᠪᠡᠷᠮᠢᠴᠡ ᠣᠨᠴᠠᠯᠢᠭ᠎ᠲᠠᠶ 《ᠰᠣᠷᠢᠨᠵᠢᠨ ᠰᠣᠷᠣᠬᠤ ᠦᠢᠯᠡᠳᠦᠯ》 ᠵᠢᠡᠷ ᠵᠢᠡᠨ ᠬᠢᠯᠢ ᠬᠢᠵᠠᠭᠠᠷ ᠣᠷᠣᠨ᠎ᠤ ᠴᠢᠳᠠᠪᠤᠷᠢᠲᠠᠨ ᠲᠠᠲᠠᠬᠤ ᠬᠦᠴᠢᠷᠳᠡᠯ᠎ᠢ ᠱᠢᠢᠳᠪᠦᠷᠢᠯᠡᠵᠦ᠍ ᠪᠤᠢ᠃

ᠲᠠᠨᠢᠯᠴᠠᠭᠤᠯᠤᠭ᠍ᠰᠠᠨ᠎ᠢᠶᠠᠷ᠂ ᠣᠷᠣᠨ ᠪᠦᠰᠡ᠎ᠶ᠋ᠢᠨ ᠬᠢᠵᠠᠭᠠᠷᠯᠠᠯ᠎ᠢ ᠱᠢᠪᠲᠤᠯᠬᠤ᠎ᠶ᠋ᠢᠨ ᠲᠥᠯᠥᠭᠡ᠂ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠦᠨ ᠬᠢᠨ 《ᠴᠢᠳᠠᠪᠤᠷᠢᠲᠠᠨ᠎ᠤ ᠤᠭᠤᠷᠴᠤᠭ ᠭᠠᠵᠠᠷ》 ᠤ᠋ᠨ ᠵᠠᠭ᠍ᠪᠤᠷ᠎ᠢ ᠱᠢᠨ᠎ᠡ᠎ᠪᠡᠷ ᠡᠭᠦᠳᠴᠦ᠍᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠮᠢ ᠠᠬᠤᠢ᠂ ᠵᠠᠬ᠎ᠠ ᠳᠡᠯᠭᠡᠭᠦᠷ᠎ᠦᠨ ᠨᠥᠯᠥᠭᠡᠯᠡᠯ ᠵᠢᠴᠢ ᠴᠢᠳᠠᠪᠤᠷᠢᠲᠠᠨ᠎ᠤ ᠭᠡᠷ ᠪᠦᠯᠢ᠎ᠶ᠋ᠢᠨ ᠡᠮᠴᠢᠯᠡᠭᠡ ᠰᠤᠷᠭᠠᠨ ᠬᠥᠮᠦᠵᠢᠯ ᠵᠡᠷᠭᠡ ᠵᠠᠩᠭᠢᠯᠠᠭ᠎ᠠ᠎ᠶ᠋ᠢᠨ ᠡᠯᠧᠮᠧᠨ᠋ᠲ᠎ᠢ ᠶᠡᠷᠦᠩᠬᠡᠢᠯᠡᠨ ᠪᠣᠳᠣᠯᠬᠢᠯᠠᠵᠤ᠂ ᠰᠢ ᠠᠨ᠎ᠳᠤ ᠨᠠᠷᠢᠯᠢᠭ ᠣᠨᠣᠪᠴᠢᠲᠠᠢ ᠨᠠᠢᠳᠠᠪᠤᠷᠢᠵᠢᠭᠤᠯᠪᠠ᠃ 《ᠪᠢᠳᠡ 〈ᠭᠠᠵᠠᠷ ᠵᠢᠭᠡᠯᠡᠨ〉 ᠪᠣᠭᠣᠮᠲᠠ ᠱᠢᠪᠲᠤᠯᠵᠤ᠂ 〈ᠣᠶᠤᠨ ᠤᠬᠠᠭᠠᠨ ᠵᠢᠭᠡᠯᠡᠨ〉 ᠴᠢᠳᠠᠪᠤᠷᠢᠲᠠᠨ ᠤᠷᠢᠵᠤ᠂ 〈ᠬᠦᠴᠦᠨ ᠴᠢᠳᠠᠯ ᠵᠢᠭᠡᠯᠡᠨ〉 ᠲᠠᠰ ᠳᠡᠪᠱᠢᠭᠦᠯᠵᠦ᠍᠂ 〈ᠴᠢᠳᠠᠪᠤᠷᠢᠲᠠᠨ᠎ᠤ ᠤᠭᠤᠷᠴᠤᠭ ᠭᠠᠵᠠᠷ〉 ᠢ᠋ ᠳᠡᠭᠡᠳᠦ ᠨᠠᠷᠢᠯᠢᠭ ᠦᠵᠦᠭᠦᠷᠯᠢᠭ ᠡᠬᠢ ᠪᠠᠶᠠᠯᠢᠭ᠎ᠤᠨ ᠪᠥᠭᠡᠭᠡᠨᠡᠷᠡᠯ ᠪᠣᠯᠭᠠᠪᠠ》᠃ ᠨᠢᠭᠡᠳᠦᠭᠡᠷ ᠮᠠᠱᠢᠨ ᠮᠧᠬᠠᠨᠢᠭ᠎ᠤᠨ ᠪᠦᠯᠦᠭ᠌ᠯᠡᠯ᠎ᠦᠨ ᠬᠣᠯᠪᠣᠭ᠍ᠳᠠᠯ ᠪᠥᠬᠥᠶ ᠬᠠᠷᠢᠭᠤᠴᠠᠯᠭᠠᠲᠠᠨ᠂ ᠣᠳᠣᠬᠠᠨ᠎ᠳᠤ ᠲᠣᠰ ᠪᠦᠯᠦᠭ᠌ᠯᠡᠯ ᠤ᠋ᠨ ᠬᠢᠨ ᠪᠡᠭᠡᠵᠢᠩ᠂ ᠨᠠᠨᠵᠢᠩ᠂ ᠰᠢ ᠠᠨ᠎ᠳᠤ ᠭᠤᠷᠪᠠᠨ 《ᠴᠢᠳᠠᠪᠤᠷᠢᠲᠠᠨ᠎ᠤ ᠤᠭᠤᠷᠴᠤᠭ ᠭᠠᠵᠠᠷ 》 ᠪᠠᠢᠭᠤᠯᠵᠤ᠂ ᠵᠠᠭᠤ ᠱᠢᠬᠠᠮ ᠴᠢᠳᠠᠪᠤᠷᠢᠲᠠᠨ᠎ᠢ ᠣᠷᠣᠭᠤᠯᠤᠨ ᠠᠪᠴᠢᠷᠠᠵᠠᠶ᠂ ᠡᠭᠦᠨ᠎ᠳᠦ ᠠᠰᠫᠢᠷᠠᠨᠲ ᠵᠢᠴᠢ 《ᠬᠤᠤᠰ ᠲᠡᠷᠢᠭᠦᠨ ᠲᠠᠰ》 ᠎ᠤ᠋ᠨ ᠶᠡᠬᠡ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ᠎ᠤ ᠡᠵᠡᠯᠡᠬᠦ᠌ ᠬᠠᠷᠢᠴᠠᠯ 90 % ᠎ᠶ᠋ᠢ ᠳᠠᠪᠠᠵᠤ᠂ 《ᠴᠢᠳᠠᠪᠤᠷᠢᠲᠠᠨ ᠤ᠋ ᠤᠭᠤᠷᠴᠤᠭ ᠭᠠᠵᠠᠷ ᠲᠸ᠋ ᠰᠤᠳᠤᠯᠤᠨ ᠨᠡᠭᠡᠭᠡᠵᠦ᠍᠂ ᠦᠷ᠎ᠡ ᠪᠦᠲᠦᠭᠡᠯ᠎ᠢ ᠲᠣᠰ ᠭᠠᠵᠠᠷ᠎ᠲᠤᠨᠢ ᠡᠭᠡᠭᠦᠯᠦᠨ ᠬᠤᠪᠢᠷᠠᠭᠤᠯᠬᠤ》 ᠬᠠᠮᠵᠢᠯᠴᠠᠬᠤ ᠬᠡᠯᠬᠢᠶ᠎ᠡ᠎ᠶ᠋ᠢ ᠪᠦᠷᠢᠯᠳᠦᠭᠦᠯᠵᠡᠶ ᠬᠡᠵᠤ ᠢᠯᠡᠳᠬᠡᠪᠡ᠃

ᠣᠢᠯᠠᠭᠠᠭ᠍ᠰᠠᠨ᠎ᠢᠶᠠᠷ᠂ 2022 ᠣᠨ᠎ᠤ 7 ᠰᠠᠷ᠎ᠠ᠎ᠳᠤ ᠠᠵᠢᠯᠯᠠᠭᠤᠯᠵᠤ ᠡᠬᠢᠯᠡᠭᠰᠡᠨ ᠰᠢ ᠠᠨ᠎ᠳ᠋ᠡᠬᠢ ᠪᠠᠴᠢᠮ ᠪᠠᠢᠳᠠᠯ᠎ᠢ ᠠᠷᠭᠠᠴᠠᠭᠠᠬᠤ ᠲᠣᠨᠣᠭ᠍ᠯᠠᠯ᠎ᠤᠨ ᠰᠤᠳᠤᠯᠭᠠᠨ᠎ᠤ ᠲᠥᠪ᠎ᠰᠢ ᠠᠨ᠎ᠤ ᠱᠢᠨᠵᠢᠯᠡᠬᠦ᠌ ᠤᠬᠠᠭᠠᠨ ᠰᠤᠷᠭᠠᠨ ᠬᠥᠮᠦᠵᠢᠯ᠎ᠦᠨ ᠡᠬᠢ ᠪᠠᠶᠠᠯᠢᠭ ᠡᠯᠪᠡᠭ ᠪᠠᠢᠳᠠᠯ ᠳ᠋ᠦ ᠲᠦᠱᠢᠭ᠌ᠯᠡᠵᠤ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠠᠷᠤ ᠲᠠᠯ᠎ᠠ᠎ᠶ᠋ᠢᠨ ᠪᠠᠲᠤᠯᠠᠭ᠎ᠠ ᠵᠢᠴᠢ ᠱᠢᠨ᠎ᠡ ᠣᠷᠣᠨ ᠪᠦᠰᠡ ᠱᠢᠨ᠎ᠡ ᠴᠢᠨᠠᠷ᠎ᠤᠨ ᠲᠣᠨᠣᠭ᠍ᠯᠠᠯ ᠰᠤᠳᠤᠯᠤᠨ ᠨᠡᠭᠡᠭᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠪᠡ᠃ ᠲᠣᠰ ᠲᠥᠪ ᠤ᠋ᠨ ᠬᠢᠨ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠪᠠᠷᠠᠭᠤᠨ ᠬᠣᠢᠲᠤ᠎ᠶ᠋ᠢᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ ᠵᠡᠷᠭᠡ ᠣᠷᠣᠢᠯᠠᠭ᠍ᠰᠠᠨ ᠶᠡᠬᠡ ᠳᠡᠭᠡᠳᠦ ᠰᠤᠷᠭᠠᠭᠤᠯᠢ᠎ᠲᠠᠶ ᠭᠦᠨ ᠤᠶᠠᠯᠳᠤᠵᠤ᠂ ᠤᠷᠢᠳᠴᠢᠯᠠᠨ ᠠᠵᠢᠯ ᠲᠥᠷᠥᠯ᠎ᠦᠨ ᠬᠣᠱᠢᠭᠤᠷᠠᠯ ᠢ᠋ ᠡᠵᠡᠮᠳᠡᠵᠤ 35 ᠵᠦᠶ᠋ᠯ᠎ᠤᠨ ᠲᠤᠰᠭᠠᠶ ᠠᠱᠢᠭ᠎ᠢ ᠭᠤᠶᠤᠴᠢᠯᠠᠵᠤ (ᠤᠯᠤᠰ᠎ᠤᠨ ᠪᠠᠲᠤᠯᠠᠨ ᠬᠠᠮᠠᠭᠠᠯᠠᠯᠲᠠ \ ᠡᠭᠦᠳᠦᠯᠲᠡ᠎ᠶ᠋ᠢᠨ ᠲᠤᠰᠭᠠᠶ ᠠᠱᠢᠭ᠎ᠤᠨ ᠡᠵᠡᠯᠡᠬᠦ᠌ ᠬᠠᠷᠢᠴᠠᠯ ᠨᠢ 85 % ᠵᠢ ᠳᠠᠪᠠᠪᠠ)᠂ ᠭᠤᠤᠯᠯᠠᠬᠤ ᠬᠤᠭᠤᠴᠠᠭᠠᠲᠤ ᠰᠡᠳᠬᠦᠯ ᠵᠢᠴᠢ SCI / EI ᠳ᠋ᠤ 6 ᠬᠤᠪᠢ ᠥᠭᠦᠯᠡᠯ᠎ᠨᠡᠢᠲᠡᠯᠡᠵᠦ᠍᠂ 42 ᠬᠤᠪᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠨᠢ ᠮᠡᠷᠭᠡᠵᠢᠯ᠎ᠦᠨ ᠬᠠᠮᠠᠭᠠᠯᠠᠯᠲᠠ᠎ᠶ᠋ᠢᠨ  ᠭᠤᠤᠯ᠎ᠢ ᠪᠠᠢᠭᠤᠯᠪᠠ᠃  《ᠴᠢᠳᠠᠪᠤᠷᠢᠲᠠᠨ᠎ᠤ ᠨᠢᠰᠦᠯᠲᠡ᠎ᠶ᠋ᠢᠨ ᠣᠷᠣᠨ》 ᠤ᠋ ᠱᠢᠨ᠎ᠡ᠎ᠶ᠋ᠢ ᠡᠭᠦᠳᠬᠦ᠌ ᠦᠷ᠎ᠡ ᠪᠦᠲᠦᠮᠵᠢ ᠨᠢ ᠶᠠᠭ ᠪᠣᠳᠠᠲᠤ ᠪᠠᠢᠯᠳᠤᠭᠠᠨ᠎ᠤ ᠳᠤᠮᠳᠠ ᠬᠤᠷᠴᠠ ᠰᠦᠷ᠎ᠢᠶᠡᠨ ᠳᠠᠪᠲᠠᠨ ᠪᠣᠯᠪᠠᠰᠤᠷᠠᠭᠤᠯᠵᠤ ᠪᠠᠢᠨ᠎ᠠ᠃

ᠬᠠᠮᠲᠤᠷᠠᠭ᠍ᠰᠠᠨ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠴᠡᠷᠢᠭ ᠠᠩᠭᠢ ᠪᠣᠯᠤᠨ ᠴᠡᠷᠢᠭ᠎ᠦᠨ ᠶᠠᠪᠤᠳᠠᠯ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠬᠠᠮᠲᠤᠷᠠᠨ ᠡᠷᠭᠢᠯᠡᠭ᠌ᠰᠡᠨ 《ᠪᠥᠬᠥ᠌ ᠣᠷᠣᠨ ᠪᠦᠰᠡ᠎ᠶ᠋ᠢᠨ ᠲᠤᠰᠠᠯᠠᠮᠵᠢ — 2024 》 ᠬᠥᠮᠦᠨ ᠥᠬᠡᠶ  ᠱᠢᠰᠲ᠋ᠧᠮ᠎ᠦᠨ ᠥᠷᠢᠰᠥᠯᠳᠦᠭᠡᠨ᠎ᠦ ᠤᠷᠤᠯᠳᠤᠭᠠᠨ᠎ᠳᠤ᠂ ᠲᠣᠰ ᠲᠥᠪ᠎ᠦᠨ ᠰᠤᠳᠤᠯᠤᠨ ᠨᠡᠭᠡᠭᠡᠭ᠌ᠰᠡᠨ ᠬᠥᠮᠦᠨ ᠥᠬᠡᠶ ᠪᠠᠷᠠᠭᠠᠨ᠎ᠤ ᠲᠠᠯᠠᠪᠤᠷ᠎ᠨᠢ  ᠪᠦᠲᠦᠭᠡᠯᠴᠢ ᠴᠢᠨᠠᠷᠲᠠᠶ ᠦᠵᠡᠭᠦᠯᠭᠡ᠎ᠶ᠋ᠢᠨ ᠤᠷᠤᠯᠳᠤᠭᠠᠨ᠎ᠤ ᠨᠢᠭᠡᠳᠦᠭᠡᠷ ᠳᠡᠰ᠎ᠤᠨ ᠱᠠᠩᠨᠠᠯ᠎ᠢ ᠤᠯᠪᠠ᠃ ᠡᠨᠡ ᠬᠦ᠌ ᠬᠡᠭᠡᠷᠡᠯᠡᠨ ᠪᠠᠢᠯᠳᠤᠬᠤ ᠡᠳ᠋ ᠪᠣᠳᠠᠰ᠎ᠢ ᠱᠢᠯᠵᠢᠭᠦᠯᠦᠨ ᠲᠡᠭᠡᠭᠡᠪᠦᠷᠢᠯᠡᠬᠦ᠌ ᠦᠷ᠎ᠡ ᠪᠦᠲᠦᠮᠵᠢ᠎ᠶ᠋ᠢ 300 % ᠪᠡᠷ ᠳᠡᠭᠡᠭ᠌ᠰᠢᠯᠡᠭᠦᠯᠦᠭᠰᠡᠨ ᠦᠷ᠎ᠡ ᠪᠦᠲᠦᠭᠡᠯ ᠨᠢ 《ᠴᠢᠳᠠᠪᠤᠷᠢᠲᠠᠨ᠎ᠤ ᠨᠢᠰᠦᠯᠲᠡ᠎ᠶ᠋ᠢᠨ ᠣᠷᠣᠨ ᠤ᠋ ᠲᠠᠢᠴᠢᠨ ᠬᠦᠴᠤᠨ》 ᠎ᠤ᠋ ᠬᠠᠮᠤᠭ᠎ᠤᠨ ᠰᠠᠢ᠌ᠨ ᠲᠠᠢᠯᠪᠤᠷᠢ ᠪᠣᠯᠤᠭ᠍ᠰᠠᠨ ᠪᠠᠢᠨ᠎ᠠ᠃

ᠡᠳᠦᠭᠡ ᠡᠨᠡ ᠬᠦ᠌ ᠰᠤᠳᠤᠯᠤᠨ ᠨᠡᠭᠡᠭᠡᠬᠦ᠌ ᠪᠡᠬᠢᠯᠡᠯᠲᠡ ᠨᠢ ᠱᠢᠨ᠎ᠡ᠎ᠶ᠋ᠢ ᠡᠭᠦᠳᠬᠦ᠌ ᠬᠥᠳᠡᠯᠭᠡᠬᠦ᠌ ᠡᠨᠧᠷᠭᠢ᠎ᠶ᠋ᠢ ᠦᠷᠭᠦᠯᠵᠢᠯᠡᠨ ᠪᠠᠳᠠᠷᠠᠭᠤᠯᠵᠤ ᠪᠠᠢᠨ᠎ᠠ᠃ ᠲᠥᠯᠥᠪᠵᠢᠭᠦᠯᠭᠡ᠎ᠶ᠋ᠢᠨ ᠵᠢᠷᠤᠭ ᠲᠥᠯᠥᠪᠯᠡᠭᠡ᠎ᠳᠦ ᠢᠯᠡᠷᠡᠬᠦᠯᠦᠭᠰᠡᠨ᠎ᠢᠶᠡᠷ᠄ ᠢᠷᠡᠭᠡᠳᠦᠢ᠎ᠳᠦ ᠮᠡᠷᠭᠡᠵᠢᠯ᠎ᠤᠨ ᠰᠤᠳᠤᠯᠤᠨ ᠨᠡᠭᠡᠭᠡᠯᠳᠡ᠂ ᠴᠢᠳᠠᠪᠤᠷᠢᠲᠠᠨ᠎ᠢ ᠴᠤᠭ᠍ᠯᠠᠷᠠᠭᠤᠯᠬᠤ ᠪᠠ ᠦᠷ᠎ᠡ ᠪᠦᠲᠦᠭᠡᠯ᠎ᠢ ᠣᠨᠳᠣᠣᠱᠢᠭᠤᠯᠬᠤ ᠭᠤᠷᠪᠠ᠎ᠶ᠋ᠢ ᠨᠢᠭᠡ ᠴᠤᠬ᠍ᠴᠠᠵᠢᠭᠤᠯᠬᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠠᠭᠤᠰᠤᠯᠴᠠᠭᠤᠯᠤᠨ ᠱᠢᠨ᠎ᠡ᠎ᠶ᠋ᠢ ᠡᠭᠦᠳᠬᠦ᠌ ᠠᠵᠢᠯ ᠲᠦᠷᠦᠯ᠎ᠦᠨ ᠣᠷᠣᠢᠯᠠᠭ᠍ᠰᠠᠨ ᠲᠠᠪᠴᠠᠩ᠎ᠢ ᠪᠠᠢᠭᠤᠯᠬᠤ ᠪᠤᠯᠤᠨ᠎ᠠ᠃ ᠱᠠᠨᠰᠢ ᠵᠢᠨ ᠡᠬᠡ ᠭᠠᠵᠠᠷ ᠳᠡᠭᠡᠷᠡᠬᠢ ᠤᠶᠤᠨ᠎ᠦ ᠤᠴᠢ ᠤᠮᠠᠷᠠᠲᠤ ᠬᠢᠯᠢ᠎ᠶ᠋ᠢᠨ ᠲᠣᠨᠣᠭ᠍ᠯᠠᠯ᠎ᠤᠨ ᠲᠡᠰ ᠳᠡᠪᠱᠢᠬᠦ᠌ ᠵᠠᠮ᠎ᠢ ᠲᠠᠰᠤᠷᠠᠯᠳᠠ ᠦᠭᠡᠢ ᠭᠡᠷᠡᠯᠳᠦᠬᠦᠯᠵᠥ᠍᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠨᠢᠰᠤᠯᠳᠠ ᠵᠢᠨ ᠣᠷᠣᠨ》 ᠶᠠᠭ ᠵᠠᠭᠠᠭ ᠱᠤᠭᠤᠮ᠎ᠢ ᠡᠪᠳᠡᠨ ᠠᠭᠤᠰᠤᠯᠴᠠᠬᠤ ᠪᠠᠢᠳᠠᠯ᠎ᠢᠶᠠᠷ ᠳᠤᠮᠳᠠᠳᠤ ᠤᠯᠤᠰ᠎ᠤᠨ ᠤᠶᠤᠨᠲᠤ ᠦᠢᠯᠡᠳᠭᠡᠯ᠎ᠳᠦ ᠱᠢᠨ᠎ᠡ ᠬᠡᠪ ᠵᠠᠭ᠍ᠪᠤᠷ ᠨᠡᠮᠡᠷᠢᠯᠡᠵᠦ᠍ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号