ERP᠂ OA ᠵᠡᠷᠭᠡ ᠮᠡᠳᠡᠭᠡ ᠵᠠᠩᠭᠢᠵᠢᠯᠲᠠ᠎ᠶ᠋ᠢᠨ ᠱᠢᠰᠲ᠋ᠧᠮ᠎ᠦᠨ ᠪᠠᠢᠷᠢᠯᠠᠭᠤᠯᠤᠯᠲᠠ᠎ᠪᠠᠷ ᠳᠡᠮᠵᠢᠨ ᠭᠤᠤᠯ ᠪᠣᠯᠬᠤ ᠲᠤᠬᠠᠢᠯᠠᠭ᠍ᠰᠠᠨ ᠠᠵᠢᠯ᠎ᠤᠨ ᠲᠠᠯᠠᠪᠤᠷ ᠦᠵᠡᠭᠳᠡᠯ᠎ᠤᠨ ᠦᠷ᠎ᠡ ᠪᠦᠲᠦᠮᠵᠢ ᠵᠢ ᠶᠡᠬᠡᠪᠡᠷ ᠳᠡᠭᠡᠭ᠌ᠰᠢᠯᠡᠬᠦᠯᠵᠦ᠍᠂ ᠭᠠᠷ ᠤᠷᠠᠯᠠᠯ᠎ᠤᠨ ᠵᠢᠷᠤᠭ ᠲᠥᠯᠥᠪᠯᠡᠭᠡ᠎ᠶ᠋ᠢᠨ ᠦᠷ᠎ᠡ ᠪᠦᠲᠦᠮᠵᠢ ᠵᠢ 25% ᠡᠴᠠ 35% ᠪᠠᠷ ᠳᠡᠭᠡᠭ᠌ᠰᠢᠯᠡᠬᠦᠯᠵᠦ᠍᠂ ᠪᠣᠷᠣᠯᠠᠭᠤᠯᠭ᠎ᠠ᠎ᠶ᠋ᠢᠨ ᠵᠠᠬᠢᠶᠠᠯᠠᠭ᠎ᠠ᠎ᠶ᠋ᠢᠨ ᠬᠠᠭᠤᠳᠠᠰᠤ᠎ᠶ᠋ᠢ ᠱᠢᠶ᠋ᠳᠪᠦᠷᠢᠯᠡᠬᠦ᠌ ᠦᠷ᠎ᠡ ᠪᠦᠲᠦᠮᠵᠢ ᠵᠢ 20% ᠡᠴᠠ 35% ᠪᠠᠷ ᠳᠡᠭᠡᠭ᠌ᠰᠢᠯᠡᠬᠦᠯᠵᠦ᠍᠂ ᠵᠠᠬ᠎ᠠ ᠳᠡᠯᠭᠡᠭᠦᠷ ᠲᠸ᠋ ᠲᠤᠰᠬᠠᠯ ᠭᠠᠷᠭᠠᠬᠤ ᠴᠠᠭ ᠬᠤᠭᠤᠴᠠᠭ᠎ᠠ᠎ᠶ᠋ᠢ 50% ᠪᠠᠷ ᠪᠣᠭᠣᠨᠢᠰᠭᠠᠵᠤ᠂ ᠲᠥᠬᠥᠭᠡᠷᠦᠮᠵᠢ᠎ᠶ᠋ᠢᠨ ᠰᠠᠭᠠᠳ ᠥᠬᠡᠶ ᠠᠵᠢᠯᠯᠠᠭᠠᠨ᠎ᠤ ᠴᠠᠭ᠎ᠢ ᠳᠤᠮᠳᠠᠴᠢ᠎ᠪᠠᠷ 35% ᠪᠠᠷ ᠤᠷᠲᠤᠳᠭᠠᠪᠠ; ᠥᠪᠡᠷ᠎ᠦᠨ ᠥᠷᠲᠡᠭ᠎ᠢ ᠬᠠᠮᠢᠶᠠᠷᠤᠨ ᠡᠵᠡᠮᠳᠡᠬᠦ᠌ ᠴᠢᠳᠠᠪᠤᠷᠢ ᠢᠯᠡᠳᠲᠡ ᠴᠢᠩᠭᠠᠷᠠᠵᠤ᠂ ᠵᠠᠭᠤᠨ ᠲᠥᠭᠥᠷᠢᠭ ᠪᠦᠷᠢ᠎ᠶ᠋ᠢᠨ ᠡᠵᠡᠩᠨᠡᠯᠲᠡ᠎ᠶ᠋ᠢᠨ ᠣᠷᠣᠯᠭ᠎ᠠ᠎ᠶ᠋ᠢᠨ ᠥᠪᠡᠷ᠎ᠦᠨ ᠥᠷᠲᠡᠭ᠎ᠢ ᠳᠤᠮᠳᠠᠴᠢ᠎ᠪᠠᠷ 8.74 ᠲᠥᠭᠥᠷᠢᠭ ᠪᠠᠭᠤᠷᠠᠭᠤᠯᠵᠤ᠂ ᠦᠶ᠋ᠯᠡᠳᠬᠦᠨ᠎ᠦ ᠬᠢᠷᠢ ᠲᠡᠩᠴᠡᠭ᠌ᠰᠡᠨ ᠨᠣᠷᠮ᠎ᠠ ᠵᠢ ᠵᠠᠭᠤᠨ᠎ᠤ ᠬᠠᠷᠢᠴᠠᠯ ᠵᠢᠡᠷ 0.6 ᠬᠤᠪᠢ ᠳᠡᠭᠡᠭ᠌ᠰᠢᠯᠡᠬᠦᠯᠪᠡ᠃
ᠡᠨᠡ ᠬᠦ᠌ ᠲᠣᠭ᠎ᠠ ᠪᠠᠷᠢᠮᠲᠠ ᠪᠣᠯ ᠬᠥᠬᠡᠬᠣᠲᠠ᠎ᠶ᠋ᠢᠨ ᠨᠢᠭᠡᠳᠦᠭᠡᠷ ᠪᠦᠯᠦᠭ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠭ᠍ᠰᠠᠨ ᠲᠡᠢᠰᠢ ᠬᠡᠯᠪᠡᠷᠢ᠎ᠪᠡᠨ ᠬᠤᠪᠢᠷᠠᠭᠤᠯᠤᠭᠰᠠᠨ ᠲᠥᠷᠥᠯ ᠵᠦᠶ᠋ᠯ᠎ᠢ ᠦᠨᠡᠯᠡᠨ ᠰᠢᠯᠭᠠᠭᠰᠠᠨ ᠮᠡᠳᠡᠭᠦᠯᠦᠯᠲᠡ ᠪᠤᠯᠤᠨ᠎ᠠ᠂ ᠲᠤᠰ ᠮᠡᠳᠡᠬᠦᠯᠦᠯᠳᠡ ᠵᠢ ᠬᠥᠬᠡᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ᠎ᠶ᠋ᠢᠨ ᠲᠣᠭ᠎ᠠ ᠪᠠᠷᠢᠮᠳᠠ ᠳ᠋ᠤ ᠰᠠᠭᠤᠷᠢᠯᠠᠨ ᠪᠤᠳᠤᠵᠤ ᠭᠠᠷᠭᠠᠭᠰᠠᠨ ᠪᠠᠢᠨ᠎ᠠ᠃ ᠡᠲᠡᠭᠡᠷ ᠲᠣᠭ᠎ᠠ ᠪᠠᠷᠢᠮᠲᠠ ᠨᠢ ᠲᠣᠭᠠᠴᠢᠯᠠᠭ᠍ᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ ᠪᠡᠷ ᠬᠥᠳᠡᠯᠭᠡᠭᠦᠷ ᠪᠤᠯᠭᠠᠬᠤ ᠨᠢ ᠦᠶ᠋ᠯᠡᠳᠬᠦ᠌ ᠦᠶ᠋ᠯᠡᠰ᠎ᠦᠨ ᠠᠵᠤ ᠠᠬᠤᠢᠯᠠᠯ᠎ᠤᠨ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠳᠠᠬᠢᠨᠲᠠ ᠭᠡᠷᠡᠴᠢᠯᠡᠪᠡ᠃
8 ᠰᠠᠷ᠎ᠠ᠎ᠶ᠋ᠢᠨ 7 ᠤ᠋ ᠡᠳᠦᠷ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠤᠯᠠᠭᠠᠨ ᠦᠭᠡᠷ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠳᠤ ᠬᠦᠷᠬᠦ ᠳ᠋ᠤ ᠂ ᠮᠡᠷᠭᠡᠵᠢᠯ᠎ᠦᠨ ᠶᠡᠷᠦᠩᠬᠡᠶ ᠬᠢᠨᠠᠭ᠍ᠴᠢ ᠯᠢᠦ ᠴᠢᠨ ᠶᠠᠭ ᠰᠠᠢᠬᠠᠨ ᠭᠤᠷᠪᠠᠳᠠᠬᠢ ᠡᠲᠡᠭᠡᠳ᠎ᠲᠡᠶ ᠲᠣᠭᠠᠴᠢᠯᠠᠭ᠍ᠰᠠᠨ ᠥᠭᠡᠷᠡᠴᠢᠯᠡᠯᠲᠡ᠎ᠶ᠋ᠢᠨ ᠲᠥᠷᠥᠯ ᠵᠦᠶ᠋ᠯ᠎ᠦᠨ ᠬᠤᠢᠨᠡᠬᠢ ᠶᠠᠪᠤᠳᠠᠯ᠎ᠢ ᠵᠥᠪᠳᠡᠯᠴᠡᠵᠦ ᠪᠠᠢᠯ᠎ᠠ᠃
ᠯᠢᠦ ᠴᠢᠨ ᠰᠤᠷᠪᠤᠯᠵᠢᠯᠠᠭ᠍ᠴᠢ᠎ᠳᠤ᠄ 《ᠪᠢᠳᠠ ᠲᠣᠭᠠᠴᠢᠯᠠᠭ᠍ᠰᠠᠨ ᠥᠭᠡᠷᠡᠴᠢᠯᠡᠯᠲᠡ᠎ᠶ᠋ᠢ ᠳᠡᠰ ᠳᠡᠪᠱᠢᠭᠦᠯᠬᠦ᠌᠎ᠪᠡᠷ ᠳᠠᠮᠵᠢᠭᠤᠯᠵᠤ᠂ ᠦᠢᠯᠡᠳᠬᠦᠨ᠎ᠦ ᠶᠠᠰᠤ ᠴᠢᠨᠠᠷ ᠪᠣᠯᠤᠨ ᠦᠢᠯᠡᠳᠪᠦᠷᠢᠯᠡᠯ᠎ᠦᠨ ᠴᠢᠳᠠᠪᠤᠷᠢ᠎ᠵᠢ ᠳᠡᠭᠡᠭ᠌ᠰᠢᠯᠡᠭᠦᠯᠵᠦ᠍᠂ ᠮᠡᠷᠭᠡᠵᠢᠯ᠂ ᠬᠠᠮᠢᠶᠠᠷᠤᠯᠲᠠ ᠪᠣᠯᠤᠨ ᠬᠤᠳᠠᠯᠳᠤᠭᠠᠨ᠎ᠤ ᠬᠡᠪ ᠵᠠᠭ᠍ᠪᠤᠷ᠎ᠤᠨ ᠪᠦᠬᠦ᠌ ᠲᠠᠯ᠎ᠠ᠎ᠪᠠᠷ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠠᠵᠤ ᠦᠢᠯᠡᠰ᠎ᠦᠨ ᠲᠡᠭᠡᠳᠦ ᠲᠤᠤᠷᠠᠳᠤ ᠤᠷᠤᠰᠬᠠᠯ᠎ᠤᠨ ᠬᠠᠮᠵᠢᠯᠴᠠᠭ᠎ᠠ᠎ᠶ᠋ᠢ ᠴᠢᠷᠮᠠᠢᠨ ᠪᠦᠷᠢᠯᠳᠦᠭᠦᠯᠵᠦ᠂ ᠡᠭᠦᠨ᠎ᠦ ᠤᠯᠠᠮ᠎ᠢᠶᠠᠷ ᠠᠵᠤ ᠠᠬᠤᠢᠯᠠᠯ᠎ᠤᠨ ᠬᠡᠯᠬᠢᠶ᠎ᠡ᠎ᠳᠦ ᠮᠠᠶᠢᠭ᠎ᠤᠨ ᠬᠥᠭ᠌ᠵᠢᠯᠲᠡ᠎ᠶ᠋ᠢᠨ ᠳᠡᠰ ᠳᠡᠪᠱᠢᠬᠦ᠌᠎ᠶ᠋ᠢ ᠠᠬᠢᠭᠤᠯᠤᠨ᠎ᠠ》 ᠬᠡᠵᠠᠢ᠃
ᠥᠪᠥᠷ ᠮᠣᠩᠭᠣᠯ᠎ᠤᠨ ᠲᠠᠯ᠎ᠠ ᠨᠤᠲᠤᠭ᠎ᠤᠨ ᠤᠯᠠᠭᠠᠨ ᠦᠬᠡᠷ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ ᠪᠣᠯ ᠬᠥᠬᠡᠬᠣᠲᠠ᠎ᠶ᠋ᠢᠨ ᠨᠢᠭᠡᠳᠦᠭᠡᠷ ᠪᠦᠯᠦᠭ᠎ᠤᠨ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠭ᠍ᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ ᠬᠣᠲᠠ᠎ᠶ᠋ᠢᠨ ᠲᠤᠷᠱᠢᠯᠲᠠ᠎ᠶ᠋ᠢᠨ ᠴᠡᠭ᠎ᠦᠨ ᠲᠥᠷᠥᠯ ᠵᠦᠶ᠋ᠯ᠎ᠦᠨ ᠠᠵᠤ ᠠᠬᠤᠢᠯᠠᠯ ᠪᠣᠯᠤᠨ᠎ᠠ᠃ ᠺᠣᠮᠫᠠᠨᠢ᠎ᠵᠢᠨ ᠬᠢᠨ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠭ᠍ᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ ᠲᠤᠷᠱᠢᠯᠲᠠ᠎ᠶ᠋ᠢᠨ ᠲᠥᠷᠥᠯ ᠵᠦᠶ᠋ᠯ᠎ᠢ ᠭᠤᠶᠤᠴᠢᠯᠠᠨ ᠮᠡᠳᠡᠭᠦᠯᠬᠦ᠌ ᠦᠶ᠎ᠡ᠎ᠳᠦ ᠂ ᠬᠣᠱᠢᠭᠤ ᠱᠢᠶᠠᠨ ᠲᠣᠭᠣᠷᠢᠭ᠎ᠠᠴᠠ ᠬᠣᠲᠠ᠎ᠶ᠋ᠢᠨ ᠱᠠᠲᠤᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠰᠠᠯᠠᠭ᠎ᠠ ᠮᠥᠴᠢᠷ ᠬᠦᠷᠲᠡᠯ᠎ᠡ᠂ ᠠᠵᠤ ᠠᠬᠤᠢᠯᠠᠯ ᠳ᠋ᠤ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠵᠦ᠍᠂ ᠨᠠᠷᠢᠨ ᠲᠦᠷᠢᠮ᠎ᠢ ᠣᠢᠯᠠᠭᠠᠭᠤᠯᠪᠠ᠃
ᠮᠡᠳᠡᠭᠦᠯᠬᠦ᠌᠎ᠡᠴᠡ ᠡᠮᠦᠨ᠎ᠡ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠰᠠᠯᠠᠭ᠎ᠠ ᠮᠥᠴᠢᠷ ᠭᠤᠷᠪᠠᠳᠠᠬᠢ ᠡᠲᠡᠭᠡᠳ᠎ᠦᠨ ᠪᠠᠢᠭᠤᠯᠤᠮᠵᠢ᠎ᠲᠠᠶ ᠬᠠᠮᠲᠤᠷᠠᠨ ᠦᠨ᠎ᠡ ᠲᠦᠯᠦᠪᠦᠷᠢ ᠦᠭᠡᠢ ᠦᠢᠯᠡᠴᠢᠯᠡᠭᠡ ᠬᠠᠩᠭᠠᠵᠤ᠂ ᠠᠵᠤ ᠠᠬᠤᠢᠯᠠᠯ᠎ᠤᠨ ᠳᠤᠲᠠᠭᠤᠳᠠᠯ ᠬᠢᠭᠡᠳ ᠥᠭᠡᠷᠡᠴᠢᠯᠡᠯᠲᠡ᠎ᠶ᠋ᠢᠨ ᠭᠤᠤᠯᠳᠠᠯᠭ᠎ᠠ᠎ᠶ᠋ᠢ ᠤᠨᠤᠰᠢᠯᠠᠨ ᠲᠣᠳᠣᠷᠬᠠᠢᠯᠠᠵᠤ ᠦᠭᠪᠠ; ᠱᠢᠯᠭᠠᠨ ᠠᠪᠬᠤ᠎ᠠᠴᠠ ᠡᠮᠦᠨ᠎ᠡ᠂ ᠱᠢᠯᠭᠠᠨ ᠠᠪᠬᠤ ᠪᠠᠷᠢᠮᠵᠢᠶ᠎ᠠ᠎ᠶ᠋ᠢᠨ ᠲᠠᠢᠯᠤᠮᠵᠢ᠎ᠶ᠋ᠢᠨ ᠬᠤᠷᠠᠯ ᠬᠤᠷᠠᠯᠳᠤᠭᠤᠯᠵᠤ᠂ ᠭᠡᠷ᠎ᠡ᠎ᠶ᠋ᠢᠨ ᠵᠦᠶ᠋ᠯ ᠵᠤᠷᠪᠤᠰ᠂ ᠬᠢᠨᠠᠨ ᠪᠤᠳᠤᠬᠤ ᠮᠠᠲ᠋ᠧᠷᠢᠶᠠᠯ ᠵᠡᠷᠭᠡ ᠠᠭᠤᠯᠭ᠎ᠠ᠎ᠶ᠋ᠢ ᠵᠢᠷᠤᠮᠵᠢᠭᠤᠯᠤᠨ᠂ ᠲᠡᠰ ᠲᠠᠷᠠᠭᠠᠯᠠᠯ ᠢ ᠣᠷᠬᠢᠭ᠍ᠳᠠᠭᠤᠯᠤᠭ᠍ᠰᠠᠨᠠᠴᠠ ᠪᠣᠯᠵᠣ ᠱᠠᠩᠨᠠᠯ ᠨᠥᠬᠥᠪᠥᠷᠢ ᠡᠴᠡ ᠬᠣᠢᠱᠢᠯᠠᠭᠤᠯᠬᠤ᠎ᠠᠴᠠ ᠵᠠᠢᠯᠠᠰᠭᠢᠪᠡ᠃
ᠡᠨᠡ ᠬᠤᠭᠤᠴᠠᠭᠠᠨ᠎ᠳᠤ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠰᠠᠯᠠᠭ᠎ᠠ ᠮᠥᠴᠢᠷ᠎ᠦᠨ ᠨᠠᠢᠳᠠᠭ᠍ᠰᠠᠨ ᠬᠢᠨᠠᠯᠲᠠ ᠲᠠᠯᠪᠢᠬᠤ ᠪᠠᠢᠭᠤᠯᠤᠮᠵᠢ᠂ ᠱᠢᠯᠭᠠᠨ ᠠᠪᠬᠤ ᠪᠠᠢᠭᠤᠯᠤᠮᠵᠢ᠎ᠨᠤᠭᠤᠳ ᠪᠣᠯᠤᠮᠵᠢᠲᠤ ᠰᠠᠨᠠᠯ ᠰᠠᠨᠠᠭᠤᠯᠭ᠎ᠠ ᠳᠤᠷᠠᠳᠴᠤ᠌᠂ ᠠᠵᠤ ᠠᠬᠤᠢᠯᠠᠯ᠎ᠦᠨ ᠮᠡᠳᠡᠭᠡ ᠵᠠᠩᠭᠢᠵᠢᠯᠲᠠ᠎ᠶ᠋ᠢᠨ ᠮᠡᠷᠭᠡᠵᠢᠯ᠎ᠦᠨ ᠬᠡᠷᠡᠭ᠌ᠯᠡᠭᠡ᠎ᠨᠢ ᠨᠠᠩ ᠰᠠᠢᠲᠤᠷ ᠥᠷᠨᠢᠭᠦᠯᠬᠦ ᠵᠢ ᠵᠢᠭᠠᠨ ᠵᠢᠯᠤᠭᠤᠳᠪᠠ᠃
ᠤᠯᠤᠰ᠎ᠤᠨ ᠬᠣᠶᠠᠳᠤᠭᠠᠷ ᠪᠦᠯᠦᠭ᠎ᠦᠨ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠭ᠍ᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ ᠬᠤᠳᠠ᠎ᠶ᠋ᠢᠨ ᠲᠤᠷᠱᠢᠯᠲᠠ᠎ᠶ᠋ᠢᠨ ᠴᠡᠭ᠎ᠤᠨ ᠵᠥᠪᠱᠢᠶᠡᠷᠡᠯ᠎ᠢ ᠣᠯᠤᠭ᠍ᠰᠠᠨ᠎ᠠᠴᠠ ᠨᠠᠭᠠᠰᠢ᠂ ᠬᠥᠬᠡᠬᠣᠲᠠ ᠵᠢᠨ ᠬᠢᠨ ᠲᠤᠰ ᠭᠠᠵᠠᠷ᠎ᠤᠨ ᠠᠵᠤ ᠦᠢᠯᠡᠰ ᠪᠣᠯᠤᠨ ᠬᠠᠷᠢᠴᠠᠩᠭᠤᠢ ᠳᠠᠪᠠᠭᠤᠯᠢᠭ᠎ᠲᠠᠭᠠᠨ ᠦᠨᠳᠦᠰᠦᠯᠡᠵᠦ᠂ ᠤᠨᠴᠠᠯᠢᠬ᠍ᠳᠤ ᠢᠳᠡᠭᠡᠨ ᠢ᠋ ᠡᠳ᠋ᠱᠢᠭᠦᠯᠦᠨ ᠪᠤᠯᠪᠠᠰᠤᠷᠠᠭᠤᠯᠬᠤ᠂ ᠨᠡᠬᠡᠮᠡᠯ ᠬᠤᠪᠴᠠᠰᠤ ᠦᠢᠯᠡᠳᠬᠦ᠂ ᠠᠮᠢᠳᠤ ᠪᠣᠳᠠᠰ᠎ᠤᠨ ᠡᠮ ᠦᠢᠯᠡᠳᠬᠦ᠌᠂ ᠲᠠᠷᠢᠶᠠᠯᠠᠩ ᠠᠭᠤᠷᠬᠠᠢ᠎ᠶ᠋ᠢᠨ ᠲᠤᠰᠭᠠᠢ ᠬᠡᠷᠡᠭ᠌ᠯᠡᠭᠡᠨ᠎ᠦ ᠲᠥᠬᠥᠭᠡᠷᠦᠮᠵᠢ ᠦᠢᠯᠡᠳᠬᠦ᠌᠂ ᠱᠢᠨ᠎ᠡ ᠮᠠᠲ᠋ᠧᠷᠢᠶᠠᠯ ᠦᠢᠯᠡᠳᠬᠦ᠌᠂ ᠪᠦᠲᠦᠴᠡ᠎ᠶ᠋ᠢᠨ ᠴᠢᠨᠠᠷᠲᠠᠢ ᠲᠡᠮᠦᠷᠯᠢᠭ ᠦᠢᠯᠡᠳᠬᠦᠨ ᠦᠢᠯᠡᠳᠬᠦ᠌ ᠵᠡᠷᠭᠡ ᠵᠢᠷᠭᠤᠭᠠᠨ ᠶᠡᠬᠡ ᠨᠠᠷᠢᠨ ᠬᠤᠪᠢᠶᠠᠷᠢᠯᠠᠭ᠍ᠰᠠᠨ ᠠᠵᠢᠯ ᠲᠦᠷᠦᠯ᠎ᠢᠶᠡᠷ ᠲᠤᠷᠱᠢᠯᠲᠠ᠎ᠶ᠋ᠢᠨ ᠴᠡᠭ ᠪᠣᠯᠭᠠᠵᠤ᠂ ᠳᠤᠮᠳᠠ ᠪᠠᠭ᠎ᠠ ᠠᠵᠤ ᠠᠬᠤᠢᠯᠠᠯ᠎ᠤᠨ ᠲᠣᠭᠠᠴᠢᠯᠠᠭ᠍ᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ 《ᠬᠥᠬᠡᠬᠣᠲᠠ᠎ᠶ᠋ᠢᠨ ᠠᠷᠭ᠎ᠠ ᠵᠠᠮ》 ᠢ᠋ ᠪᠦᠬᠦ᠌ ᠬᠦᠴᠦᠨ᠎ᠢᠶᠡᠷ᠎ᠢᠶᠡᠨ ᠬᠠᠢᠨ ᠰᠦᠪᠡᠭ᠌ᠴᠢᠯᠡᠪᠡ᠃
ᠡᠭᠦᠨ᠎ᠦ ᠬᠠᠮᠲᠤ᠂ ᠲᠦᠷᠢᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠠᠢᠭᠤᠯᠬᠤ ᠲᠠᠯ᠎ᠠ᠎ᠪᠠᠷ ᠨᠡᠢᠯᠡᠯ ᠬᠦᠴᠦᠨ᠎ᠢ ᠪᠦᠷᠢᠯᠳᠦᠬᠦᠯᠵᠦ ᠬᠡᠯᠪᠡᠷᠢ᠎ᠪᠡᠨ ᠬᠤᠪᠢᠷᠠᠭᠤᠯᠬᠤ ᠰᠠᠭᠤᠷᠢ᠎ᠶ᠋ᠢ ᠪᠠᠲᠤ ᠴᠣᠭ᠍ᠴᠠᠯᠠᠪᠠ᠃
ᠲᠤᠷᠱᠢᠯᠲᠠ᠎ᠶ᠋ᠢᠨ ᠴᠡᠭ ᠪᠣᠯᠬᠤ ᠬᠣᠲᠠ᠎ᠶ᠋ᠢᠨ ᠠᠵᠢᠯ᠎ᠤᠨ ᠲᠥᠰᠦᠯ᠎ᠢ ᠨᠠᠢᠷᠠᠭᠤᠯᠤᠨ ᠳᠠᠭᠤᠰᠭᠠᠵᠤ᠂ 《ᠠᠵᠢᠯ ᠲᠥᠷᠥᠯ ᠬᠤᠪᠢᠶᠠᠨ ᠱᠢᠪᠲᠤᠯᠤᠯᠲᠠ ᠬᠢᠬᠦ᠂ ᠪᠦᠯᠦᠭ ᠤᠳᠠᠭ᠎ᠠ ᠬᠤᠪᠢᠶᠠᠨ ᠠᠬᠢᠭᠤᠯᠬᠤ》ᠬᠡᠯᠪᠡᠷᠢ᠎ᠪᠡᠨ ᠬᠤᠪᠢᠷᠠᠭᠤᠯᠬᠤ ᠠᠷᠭ᠎ᠠ ᠪᠣᠳᠣᠯᠭ᠎ᠠ᠎ᠶ᠋ᠢ ᠲᠣᠳᠣᠷᠬᠠᠢᠯᠠᠪᠠ; ᠪᠠᠯᠠ ᠮᠥᠩᠭᠥ᠎ᠶ᠋ᠢᠨ ᠬᠠᠮᠢᠶᠠᠷᠤᠯᠲᠠ᠎ᠶ᠋ᠢᠨ ᠠᠷᠭ᠎ᠠ᠂ ᠲᠥᠷᠥᠯ ᠵᠦᠶ᠋ᠯ ᠭᠤᠶᠤᠴᠢᠯᠠᠨ ᠮᠡᠳᠡᠭᠦᠯᠬᠦ᠌ ᠵᠦᠭ᠌ᠯᠡᠭᠦᠷ᠎ᠢ ᠨᠡᠢᠲᠡᠯᠡᠵᠦ᠍᠂ ᠲᠤᠰᠭᠠᠶ ᠪᠠᠯᠠ ᠮᠥᠩᠭᠥ᠎ᠶ᠋ᠢᠨ ᠬᠡᠷᠡᠭ᠌ᠯᠡᠯᠲᠡ ᠬᠢᠭᠡᠳ ᠲᠥᠷᠥᠯ ᠵᠦᠶ᠋ᠯ ᠭᠤᠶᠤᠴᠢᠯᠠᠨ ᠮᠡᠳᠡᠭᠦᠯᠬᠦ᠌ ᠲᠠᠷᠠᠭᠠᠯᠠᠯ᠎ᠢ ᠵᠢᠷᠤᠮᠵᠢᠭᠤᠯᠤᠨ᠂ ᠲᠥᠷᠥ᠎ᠶ᠋ᠢᠨ ᠪᠣᠳᠣᠯᠭ᠎ᠠ᠎ᠶ᠋ᠢ ᠣᠨᠣᠪᠴᠢᠲᠠᠶ ᠪᠥᠭᠡᠳ ᠥᠨᠳᠥᠷ ᠦᠷ᠎ᠡ ᠪᠦᠲᠦᠮᠵᠢᠲᠡᠶ ᠨᠠᠢᠳᠠᠪᠤᠷᠢᠵᠢᠭᠤᠯᠬᠤ᠎ᠶ᠋ᠢ ᠦᠨᠡᠨᠬᠦ᠌ ᠪᠠᠲᠤᠯᠠᠪᠠ; ᠲᠣᠭᠠᠴᠢᠯᠠᠭ᠍ᠰᠠᠨ ᠮᠡᠷᠭᠡᠵᠢᠯ᠂ ᠡᠳ᠋᠎ᠦᠨ ᠶᠠᠪᠤᠳᠠᠯ᠎ᠤᠨ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ᠎ᠶ᠋ᠢ ᠬᠠᠮᠤᠷᠤᠭ᠍ᠰᠠᠨ ᠲᠤᠰᠭᠠᠶ ᠮᠡᠷᠭᠡᠵᠢᠯᠲᠡᠨ᠎ᠦ ᠬᠥᠮᠥᠷᠭᠡ᠎ᠶ᠋ᠢ ᠵᠣᠬᠢᠶᠠᠨ ᠪᠠᠢᠭᠤᠯᠵᠤ᠂ ᠲᠥᠷᠥ᠎ᠶ᠋ᠢᠨ ᠪᠣᠳᠣᠯᠭ᠎ᠠ᠎ᠶ᠋ᠢᠨ ᠲᠠᠢᠯᠤᠮᠵᠢ ᠬᠢᠬᠦ᠌᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ᠂ ᠦᠶ᠋ᠯᠡᠴᠢᠯᠡᠭᠡ᠎ᠶ᠋ᠢ ᠨᠢᠭᠡ ᠴᠣᠠᠠᠴᠠᠵᠢᠭᠤᠯᠥᠠᠠᠰᠠᠨ ᠳᠤᠮᠳᠠ ᠵᠢᠵᠢᠭ ᠠᠵᠤ ᠠᠬᠤᠢᠯᠠᠯ᠎ᠤᠨ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠤ᠂ ᠮᠡᠳᠡᠪᠡᠯ ᠵᠣᠬᠢᠬᠤ ᠬᠢᠪᠡᠯ ᠵᠤᠬᠢᠬᠤ ᠭᠠᠷ ᠳᠡᠪᠲᠡᠷ ᠢ ᠳᠠᠷᠤᠮᠠᠯᠯᠠᠨ ᠲᠠᠷᠬᠠᠭᠠᠵᠤ᠂ ᠲᠤᠷᠱᠢᠯᠲᠠ᠎ᠶ᠋ᠢᠨ ᠴᠡᠭ᠎ᠤᠨ ᠠᠵᠤ ᠠᠬᠤᠢᠯᠠᠯ᠂ ᠦᠶ᠋ᠯᠡᠴᠢᠯᠡᠭᠡᠨ᠎ᠦ ᠬᠤᠳᠠᠯᠳᠤᠭᠠᠴᠢᠨ᠎ᠳᠤ 《ᠲᠥᠷᠥ᠎ᠶ᠋ᠢᠨ ᠪᠣᠳᠣᠯᠭ᠎ᠠ ᠮᠡᠷᠭᠡᠵᠢᠯ᠎ᠦᠨ ᠦᠶ᠋ᠯᠡᠴᠢᠯᠡᠭᠡ》 ᠶ᠋ᠢᠨ ᠪᠥᠬᠥ᠌ ᠲᠠᠯ᠎ᠠ᠎ᠶ᠋ᠢᠨ ᠲᠤᠯᠭᠠᠭᠤᠷᠢᠯᠠᠯ ᠬᠠᠩᠭᠠᠪᠠ᠃
ᠬᠣᠱᠢᠭᠤ ᠱᠢᠶᠠᠨ ᠲᠣᠭᠣᠷᠢᠭ᠂ ᠨᠡᠭᠡᠭᠡᠯᠲᠡ᠎ᠶ᠋ᠢᠨ ᠲᠣᠭᠣᠷᠢᠭ᠎ᠢ ᠳᠠᠢᠴᠢᠯᠠᠨ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠣᠢᠯᠠᠭᠠᠨ ᠵᠢᠭ᠍ᠰᠠᠭᠠᠵᠤ᠂ ᠨᠥᠬᠥᠴᠡᠯ᠎ᠳᠦ ᠨᠡᠢᠴᠡᠬᠦ᠌ ᠳᠤᠮᠳᠠ ᠵᠢᠵᠢᠭ ᠠᠵᠤ ᠠᠬᠤᠢᠯᠠᠯ᠎ᠢ ᠵᠣᠬᠢᠶᠠᠨ ᠪᠠᠢᠭᠤᠯᠤᠨ ᠲᠤᠷᠱᠢᠯᠲᠠ᠎ᠶ᠋ᠢᠨ ᠠᠵᠤ ᠠᠬᠤᠢᠯᠠᠯ᠎ᠤᠨ ᠬᠥᠮᠥᠷᠭᠡ᠎ᠳᠦ ᠣᠷᠣᠭᠤᠯᠪᠠ; ᠦᠶ᠋ᠯᠡᠳᠬᠦᠨ᠎ᠦ ᠵᠢᠷᠤᠭ ᠲᠥᠯᠥᠪᠯᠡᠭᠡ᠂ ᠦᠶ᠋ᠯᠡᠳᠪᠦᠷᠢᠯᠡᠯ᠎ᠦᠨ ᠬᠠᠮᠢᠶᠠᠷᠤᠯᠲᠠ ᠡᠵᠡᠮᠳᠡᠯ᠂ ᠡᠵᠡᠩᠨᠡᠯᠳᠡ ᠪᠣᠷᠣᠯᠠᠭᠤᠯᠭ᠎ᠠ ᠬᠤᠳᠠᠯᠳᠤᠨ ᠠᠪᠬᠤ ᠵᠡᠷᠭᠡ 16 ᠲᠥᠷᠥᠯ᠎ᠦᠨ ᠥᠨᠳᠥᠷ ᠳᠠᠪᠲᠠᠮᠵᠢᠲᠤ ᠬᠡᠯᠪᠡᠷᠢ᠎ᠪᠡᠨ ᠬᠤᠪᠢᠷᠠᠭᠤᠯᠬᠤ ᠠᠬᠤᠶ ᠪᠠᠢᠳᠠᠯ᠎ᠳᠤ ᠴᠢᠭ᠌ᠯᠡᠭᠦᠯᠦᠨ᠂ 10 ᠭᠠᠷᠤᠶ ᠶᠡᠷᠦᠩᠬᠡᠢᠯᠡᠭ᠌ᠰᠡᠨ ᠪᠣᠳᠠᠲᠤ ᠬᠦᠴᠦᠨ᠎ᠲᠡᠶ ᠬᠤᠷᠠᠮᠠᠯ ᠦᠶ᠋ᠯᠡᠴᠢᠯᠡᠭᠡᠨ᠎ᠦ ᠬᠤᠳᠠᠯᠳᠤᠭᠠᠴᠢᠨ ᠪᠣᠯᠤᠨ 100 ᠭᠠᠷᠤᠶ ᠲᠤᠰᠭᠠᠶ ᠦᠶ᠋ᠯᠡᠴᠢᠯᠡᠭᠡᠨ᠎ᠦ ᠬᠤᠳᠠᠯᠳᠤᠭᠠᠴᠢᠨ᠎ᠢ ᠱᠢᠯᠢᠨ ᠰᠣᠩᠭᠣᠵᠤ᠂ 《ᠲᠠᠭᠠᠭᠤᠯᠤᠬᠴᠢ ᠬᠥᠲᠥᠯᠥᠨ ᠳᠠᠭᠠᠭᠤᠯᠬᠤ + ᠠᠮᠢ ᠠᠬᠤᠶ᠎ᠶ᠋ᠢᠨ ᠬᠠᠮᠵᠢᠯᠴᠠᠭ᠎ᠠ》 ᠶ᠋ᠢᠨ ᠦᠶ᠋ᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠪᠣᠶ ᠪᠣᠯᠭᠠᠪᠠ᠃ 《ᠵᠢᠵᠢᠭ ᠠᠯᠬᠤᠮ᠎ᠢᠶᠠᠷ ᠲᠦᠷᠭᠡᠨ ᠭᠦᠶᠦᠬᠦ᠌᠂ ᠳᠠᠪᠬᠤᠴᠠᠭᠤᠯᠤᠨ ᠱᠢᠯᠢᠳᠡᠭ᠌ᠵᠢᠭᠦᠯᠬᠦ᠌》 ᠵᠠᠭ᠍ᠪᠤᠷ᠎ᠢᠶᠠᠷ ᠳᠠᠮᠵᠢᠭᠤᠯᠤᠨ᠂ ᠠᠵᠤ ᠠᠬᠤᠢᠯᠠᠯ᠎ᠤᠨ ᠲᠣᠭᠠᠴᠢᠯᠠᠭ᠍ᠰᠠᠨ ᠥᠭᠡᠷᠡᠴᠢᠯᠡᠯᠲᠡ ᠬᠢᠬᠦ᠌᠎ᠶ᠋ᠢ ᠪᠦᠯᠦᠭ ᠤᠳᠠᠭ᠎ᠠ ᠬᠤᠪᠢᠶᠠᠨ ᠠᠬᠢᠭᠤᠯᠵᠤ᠂ ᠬᠡᠯᠪᠡᠷᠢ᠎ᠪᠡᠨ ᠬᠤᠪᠢᠷᠠᠭᠤᠯᠬᠤ ᠪᠣᠳᠠᠲᠤ ᠦᠷ᠎ᠡ ᠪᠦᠲᠦᠮᠵᠢ᠎ᠶ᠋ᠢ ᠪᠠᠲᠤᠯᠠᠪᠠ᠃
7 ᠰᠠᠷ᠎ᠠ᠎ᠶ᠋ᠢᠨ 24 ᠤ᠋ ᠡᠳᠦᠷ᠂ ᠬᠥᠬᠡᠬᠣᠲᠠ᠎ᠶ᠋ᠢᠨ ᠳᠤᠮᠳᠠ ᠵᠢᠵᠢᠭ ᠠᠵᠤ ᠠᠬᠤᠢᠯᠠᠯ᠎ᠤᠨ ᠲᠣᠭᠠᠴᠢᠯᠠᠭᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ ᠲᠤᠷᠱᠢᠯᠲᠠ᠎ᠶ᠋ᠢᠨ ᠴᠡᠭ᠎ᠤᠨ ᠲᠦᠷᠦᠭᠦᠦ ᠪᠦᠯᠦᠭ᠎ᠦᠨ ᠲᠥᠷᠥᠯ ᠵᠦᠶ᠋ᠯ ᠱᠢᠯᠭᠠᠨ ᠬᠤᠷᠢᠶᠠᠵᠤ ᠦᠨᠡᠯᠡᠨ ᠬᠢᠨᠠᠬᠤ᠎ᠶ᠋ᠢ ᠪᠡᠶᠡᠯᠡᠭᠦᠯᠵᠦ᠍᠂ 《 ᠨᠢᠭᠡ ᠪᠦᠯᠦᠭ᠎ᠢ ᠥᠭᠡᠷᠡᠴᠢᠯᠡᠨ ᠱᠢᠨᠡᠳᠭᠡᠪᠡᠯ᠂ ᠨᠢᠭᠡ ᠪᠦᠯᠦᠭ᠎ᠢ ᠱᠢᠯᠭᠠᠨ ᠠᠪᠬᠤ》 ᠵᠠᠷᠴᠢᠮ ᠶᠣᠰᠣᠭᠠᠷ᠂ ᠲᠤᠭᠠᠴᠢᠯᠠᠨ ᠰᠠᠢᠵᠢᠷᠠᠭᠤᠯᠬᠤ 26 ᠲᠥᠷᠥᠯ ᠵᠦᠶ᠋ᠯ᠂ ᠲᠤᠭᠠᠴᠢᠯᠠᠭᠰᠠᠨ ᠲᠡᠢᠰᠢ ᠬᠡᠯᠪᠡᠷᠢ᠎ᠪᠡᠨ ᠬᠤᠪᠢᠷᠠᠭᠤᠯᠬᠤ 13 ᠲᠥᠷᠥᠯ ᠵᠦᠶ᠋ᠯ ᠦᠨᠡᠯᠡᠨ ᠬᠢᠨᠠᠬᠤ᠎ᠶ᠋ᠢ ᠥᠩᠭᠡᠷᠡᠭᠡᠵᠦ᠍᠂ 3700 ᠭᠠᠷᠤᠶ ᠲᠦᠮᠡᠨ ᠲᠥᠭᠥᠷᠢᠭ᠎ᠦᠨ ᠱᠠᠩᠨᠠᠯ ᠨᠥᠬᠥᠪᠥᠷᠢ ᠤᠯᠭᠤᠬᠤ ᠪᠡᠷ ᠪᠤᠯᠪᠠ᠃
《ᠤᠳᠤᠬᠠᠨ᠂ ᠺᠣᠮᠫᠠᠨᠢ ᠵᠢᠨ ᠬᠢᠨ ᠲᠣᠰ ᠤᠳᠠᠭᠠᠨ᠎ᠤ ᠲᠥᠷᠥᠯ ᠵᠦᠶ᠋ᠯ ᠢ ᠱᠢᠯᠭᠠᠨ ᠠᠪᠴᠤ᠌ ᠬᠢᠨᠠᠨ ᠦᠨᠡᠯᠡᠬᠦ ᠪᠠᠷ ᠠᠵᠠ ᠲᠣᠬᠢᠶᠠᠯ ᠪᠣᠯᠭᠠᠵᠤ᠂ ᠠᠵᠢᠯ ᠲᠥᠷᠥᠯ᠎ᠦᠨ ᠬᠦᠷᠢᠶᠡᠨ᠎ᠳᠡᠬᠢ ᠲᠣᠭᠠᠴᠢᠯᠠᠭ᠍ᠰᠠᠨ ᠲᠡᠢᠰᠢ ᠬᠡᠯᠪᠡᠷᠢ᠎ᠪᠡᠨ ᠬᠤᠪᠢᠷᠠᠭᠤᠯᠤᠭᠰᠠᠨ ᠥᠯᠢᠭᠡᠷ ᠬᠡᠪ ᠢ ᠱᠤᠭᠤᠵᠤ᠂ 〈ᠲᠠᠯ᠎ᠠ ᠨᠤᠲᠤᠭ᠎ᠤᠨ ᠤᠯᠠᠭᠠᠨ ᠦᠬᠡᠷ〉 ᠤ᠋ᠨ ᠣᠷᠣᠨ ᠪᠦᠰᠡ᠎ᠶ᠋ᠢᠨ ᠴᠢᠨᠠᠷᠲᠠᠶ ᠲᠦᠷᠦᠯ ᠲᠡᠮᠳᠡᠭ ᠡᠴᠡ ᠪᠥᠬᠥ᠌ ᠤᠯᠤᠰ᠎ᠤᠨ ᠴᠢᠨᠠᠷᠲᠠᠶ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ ᠳᠠᠢᠰᠢ ᠠᠬᠢᠬᠤ᠎ᠳᠤ ᠬᠦᠴᠦᠨ ᠨᠡᠮᠡᠷᠢᠯᠡᠵᠦ᠍᠂ ᠣᠷᠣᠨ ᠨᠤᠲᠤᠭ᠎ᠤᠨ ᠠᠵᠤ ᠠᠬᠤᠶ ᠪᠠ ᠠᠵᠢᠯ ᠲᠥᠷᠥᠯ᠎ᠳᠦ ᠱᠢᠨ᠎ᠡ᠎ᠶ᠋ᠢ ᠡᠭᠦᠳᠬᠦ᠌ ᠬᠦᠴᠦᠨ ᠨᠡᠮᠡᠷᠢᠯᠡᠨ᠎ᠡ》 ᠭᠡᠵᠦ ᠯᠢᠦ ᠴᠢᠨ ᠢᠷᠡᠭᠡᠳᠦᠢ ᠳ᠋ᠡᠭᠡᠨ ᠢᠲᠡᠭᠡᠯ ᠲᠡᠭᠦᠯᠳᠡᠷ ᠪᠠᠢᠯ᠎ᠠ᠃
ᠠᠳᠠᠯᠢᠬᠠᠨ ᠨᠢᠭᠡᠳᠦᠭᠡᠷ ᠪᠦᠯᠦᠭ᠎ᠦᠨ ᠱᠢᠯᠭᠠᠨ ᠠᠪᠬᠤ᠎ᠳᠤ ᠬᠢᠷᠢ ᠲᠡᠩᠴᠡᠭ᠌ᠰᠡᠨ ᠥᠪᠥᠷ ᠮᠣᠩᠭᠣᠯ᠎ᠤᠨ ᠢᠦᠶ ᠪᠦᠦ ᠨᠡᠬᠡᠮᠡᠯ᠎ᠦᠨ ᠪᠦᠲᠦᠭᠡᠭ᠌ᠳᠡᠬᠦᠨ᠎ᠦ ᠬᠢᠵᠠᠭᠠᠷᠲᠤ ᠺᠣᠮᠫᠠᠨᠢ ᠲᠣᠭᠠᠴᠢᠯᠠᠭ᠍ᠰᠠᠨ ᠥᠭᠡᠷᠡᠴᠢᠯᠡᠯᠲᠡᠬᠢᠬᠦ ᠪᠡᠷ ᠳᠡᠮᠵᠢᠨ᠂ ᠠᠵᠤ ᠠᠬᠤᠢᠯᠠᠯ᠎ᠤᠨ ᠤᠷ᠎ᠠ ᠮᠡᠷᠭᠡᠱᠢᠯ᠂ ᠬᠤᠳᠠᠯᠳᠤᠨ ᠠᠪᠬᠤ᠂ ᠡᠵᠡᠩᠨᠡᠨ ᠪᠣᠷᠣᠯᠠᠭᠤᠯᠬᠤ ᠭᠣᠭ᠍ᠴᠣᠭ᠎ᠠ᠎ᠪᠠᠨ ᠭᠤᠤᠯᠳᠠᠯᠭ᠎ᠠ᠎ᠲᠠᠶ ᠲᠠᠰ ᠳᠡᠪᠱᠢᠭᠦᠯᠵᠦ᠍᠂ ᠤᠯᠠᠮᠵᠢᠯᠠᠯᠲᠤ ᠬᠠᠮᠢᠶᠠᠷᠤᠯᠲᠠ᠎ᠠᠴᠠ ᠲᠣᠭᠠᠴᠢᠯᠠᠭ᠍ᠰᠠᠨ ᠡᠵᠡᠩᠨᠡᠯᠲᠡ ᠬᠦᠷᠲᠡᠯᠡᠬᠢ ᠱᠢᠰᠲ᠋ᠧᠮᠵᠢᠭ᠌ᠰᠡᠨ ᠲᠠᠰ ᠳᠠᠪᠱᠢᠯᠲᠠ᠎ᠶ᠋ᠢ ᠪᠡᠶᠡᠯᠡᠭᠦᠯᠪᠡ᠃
ᠣᠢᠯᠠᠭᠠᠭ᠍ᠰᠠᠨ᠎ᠢᠶᠠᠷ᠂ ᠣᠳᠣᠬᠠᠨ᠎ᠳᠤ᠂ ᠬᠥᠬᠡᠬᠣᠲᠠ᠎ᠶ᠋ᠢᠨ ᠬᠣᠶᠠᠳᠤᠭᠠᠷ ᠪᠦᠯᠦᠭ᠎ᠦᠨ ᠲᠥᠷᠥᠯ ᠵᠦᠶ᠋ᠯ᠎ᠢ ᠱᠢᠯᠭᠠᠨ ᠠᠪᠬᠤ ᠪᠡᠯᠡᠳᠭᠡᠯ ᠠᠵᠢᠯ ᠨᠢᠭᠡᠨᠲᠡ ᠡᠬᠢᠯᠡᠵᠦ᠍᠂ ᠬᠥᠬᠡᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ 《ᠰᠦᠯᠵᠢᠶᠡᠨ ᠳᠡᠭᠡᠷᠡᠬᠢ ᠲᠠᠢᠯᠤᠮᠵᠢ + ᠪᠤᠳᠠᠳᠤ ᠴᠤᠬᠴᠠ ᠵᠢᠨ ᠤᠬᠠᠭᠤᠯᠭ᠎ᠠ》 ᠪᠠᠷ ᠳᠠᠮᠵᠢᠭᠤᠯᠤᠨ᠂ ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠬᠤ ᠬᠦᠰᠡᠯ ᠡᠷᠡᠮᠡᠯᠵᠡᠯ᠎ᠢ ᠳᠡᠭᠡᠭ᠌ᠰᠢᠯᠡᠭᠦᠯᠵᠦ᠂ ᠱᠢᠯᠭᠠᠨ ᠠᠪᠬᠤ ᠪᠠᠷᠢᠮᠵᠢᠶ᠎ᠠ ᠬᠢᠭᠡᠳ ᠲᠠᠷᠠᠭᠠᠯᠠᠯ᠎ᠤᠨ ᠵᠢᠷᠤᠮᠵᠢᠯ᠎ᠢ ᠨᠠᠷᠢᠯᠢᠭ᠍ᠵᠢᠭᠤᠯᠵᠤ᠂ ᠲᠥᠷᠥᠯ ᠵᠦᠶ᠋ᠯ᠎ᠦᠨ ᠶᠠᠰᠤ ᠴᠢᠨᠠᠷ ᠬᠢᠭᠡᠳ ᠪᠠᠯᠠ ᠮᠥᠩᠭᠥ᠎ᠶ᠋ᠢᠨ ᠠᠮᠤᠷ ᠲᠦᠪᠱᠢᠨ᠎ᠢ ᠪᠠᠲᠤᠯᠠᠨ᠎ᠠ᠃