ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠴᠢᠳᠠᠪᠤᠷᠢᠲᠠᠨ᠎ᠢ ᠬᠥᠮᠥᠵᠢᠭᠦᠯᠬᠦ ᠴᠢᠳᠠᠪᠤᠷᠢᠲᠠᠨ᠎ᠢ ᠬᠡᠷᠡᠭᠯᠡᠬᠦ᠎ᠶᠢ ᠵᠡᠷᠭᠡ ᠪᠡᠷ ᠴᠢᠬᠤᠯᠠᠴᠢᠯᠠᠵᠤ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠴᠢᠳᠠᠪᠤᠷᠢᠲᠠᠨ ᠲᠦᠪᠯᠡᠷᠡᠭᠰᠡᠨ ᠰᠢᠨ᠎ᠡ ᠥᠨᠳᠥᠷᠯᠢᠭ᠎ᠢ ᠴᠣᠭᠴᠠᠯᠠᠨ᠎ᠠ
2025-08-20 10:26:26
ᠵᠣᠬᠢᠶᠠᠭ᠍ᠴᠢ᠄
ᠯᠢᠦ ᠰᠢᠶᠠᠩ ᠫᠢᠩ ᠂ ᠵᠢᠶᠠ ᠲᠢᠩ ᠲᠢᠩ
ᠣᠩᠱᠢᠭ᠍ᠰᠠᠨ ᠣᠳᠠᠭ᠎ᠠ᠄
★★★☆☆

ᠡᠨᠡ ᠬᠡᠳᠦᠨ ᠡᠳᠦᠷ᠂ ᠪᠤᠭᠤᠲᠤ᠎ᠶᠢᠨ ᠬᠣᠪᠣᠷ ᠰᠢᠷᠣᠢ᠎ᠶᠢᠨ ᠰᠤᠳᠤᠯᠭᠠᠨ᠎ᠤ ᠬᠦᠷᠢᠶᠡᠯᠡᠩ᠎ᠦᠨ ᠳᠡᠳ᠋ ᠡᠷᠬᠢᠯᠡᠭᠴᠢ ᠰᠤᠳᠤᠯᠤᠭ᠍ᠴᠢ᠂ ᠳᠡᠭᠡᠳᠦ ᠵᠡᠷᠭᠡ᠎ᠶᠢᠨ ᠢᠨᠵᠧᠨᠧᠷ᠂ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ᠎ᠤᠨ ᠬᠦᠷᠢᠶᠡᠨ᠎ᠦ ᠲᠤᠰᠬᠠᠢ ᠮᠡᠷᠭᠡᠵᠢᠯᠲᠡᠨ ᠸᠠᠩ ᠢᠤᠢ ᠪᠤᠭᠤᠲᠤ᠎ᠶᠢᠨ ᠶᠢᠩ ᠰᠧ᠎ᠲᠧ ᠬᠤᠪᠤᠷ ᠰᠢᠷᠤᠢ ᠵᠢᠨ ᠰᠣᠷᠢᠨᠵᠢᠨ ᠰᠢᠨ᠎ᠡ ᠮᠠᠲᠧᠷᠢᠶᠠᠯ᠎ᠤᠨ ᠬᠤᠪᠢᠴᠠᠭᠠᠳᠤ ᠬᠢᠵᠠᠭᠠᠷᠲᠤ ᠺᠣᠮᠫᠠᠨᠢ᠎ᠶᠢᠨ ᠮᠡᠷᠭᠡᠵᠢᠯᠲᠡᠨ᠎ᠯᠤᠭᠡ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠡᠭᠦᠰᠬᠡᠷ ᠮᠠᠲᠧᠷᠢᠶᠠᠯ ᠪᠣᠯᠣᠨ ᠲᠦᠷᠬᠢᠯ ᠳᠠᠪᠬᠤᠷᠭ᠎ᠠ᠎ᠶᠢᠨ ᠮᠡᠷᠭᠡᠵᠢᠯ ᠵᠡᠷᠭᠡ ᠲᠠᠯ᠎ᠠ᠎ᠪᠠᠷ ᠲᠤᠯᠭᠠᠷᠠᠵᠤ ᠪᠦᠬᠦᠢ ᠠᠰᠠᠭᠤᠳᠠᠯ᠎ᠤᠨ ᠲᠤᠬᠠᠢ ᠰᠤᠳᠤᠯᠤᠨ ᠶᠠᠷᠢᠯᠴᠠᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ᠎ᠤᠨ ᠤᠨᠤᠯ᠎ᠤᠨ ᠰᠠᠭᠤᠷᠢ ᠪᠣᠯᠣᠨ ᠠᠵᠤ ᠠᠬᠤᠢᠯᠠᠯ᠎ᠤᠨ ᠦᠢᠯᠡᠳᠪᠦᠷᠢᠯᠡᠯ᠎ᠦᠨ ᠦᠢᠯᠡᠳᠦᠯᠭᠡ᠎ᠶᠢ ᠭᠦᠨᠵᠡᠭᠡᠢ ᠠᠭᠤᠰᠤᠯᠴᠠᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠠᠢ᠎ᠳᠤ ᠨᠠᠢᠳᠠᠪᠤᠷᠢᠵᠢᠭᠤᠯᠤᠨ ᠬᠤᠪᠢᠷᠠᠭᠤᠯᠬᠤ᠎ᠶᠢ ᠥᠨᠳᠥᠷ ᠪᠦᠲᠦᠮᠵᠢᠲᠡᠢ᠎ᠪᠡᠷ ᠠᠬᠢᠭᠤᠯᠬᠤ᠎ᠵᠢ ᠵᠤᠷᠢᠪᠠ᠃

ᠲᠦᠷᠦᠬᠦᠬᠡᠨ᠂ ᠪᠤᠭᠤᠲᠤ ᠬᠣᠲᠠ᠎ᠶᠢᠨ ᠨᠠᠮ᠎ᠤᠨ ᠬᠣᠷᠢᠶᠠᠨ᠎ᠤ ᠵᠣᠬᠢᠶᠠᠨ ᠪᠠᠶ᠋ᠢᠭᠤᠯᠬᠤ ᠬᠡᠯᠲᠡᠰ᠎ᠡᠴᠡ ᠵᠣᠬᠢᠶᠠᠨ ᠪᠠᠢᠭᠤᠯᠵᠤ ᠬᠤᠷᠠᠯᠳᠤᠭᠤᠯᠤᠭᠰᠠᠨ ᠳ᠋ᠣᠺᠲ᠋ᠣᠷ ᠴᠢᠳᠠᠪᠤᠷᠢᠲᠠᠨ᠎ᠢ ᠲᠤᠰᠢᠶᠠᠯ ᠡᠭᠦᠷᠭᠡᠯᠡᠭᠦᠯᠦᠨ ᠪᠣᠯᠪᠠᠰᠤᠷᠠᠭᠤᠯᠬᠤ ᠬᠤᠷᠠᠯ ᠳᠡᠭᠡᠷ᠎ᠡ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋᠎ᠤᠨ 7 ᠳ᠋ᠣᠺᠲ᠋ᠣᠷ 《ᠠᠵᠤ ᠦᠢᠯᠡᠰ᠎ᠦᠨ ᠫᠷᠤᠹᠸᠰᠰᠤᠷ》 ᠪᠠ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ》 ᠵᠢᠡᠷ ᠤᠷᠢᠭ᠍ᠳᠠᠵᠠᠢ᠂ ᠸᠠᠩ ᠢᠤᠢ ᠪᠤᠯ ᠲᠡᠳᠡᠭᠡᠷ ᠳ᠋ᠣᠺᠲ᠋ᠣᠷ᠎ᠤᠨ ᠨᠢᠭᠡ ᠪᠣᠯᠣᠨ᠎ᠠ᠃

《ᠪᠢ ᠶᠢᠩ ᠰᠧ ᠲᠧ ᠺᠤᠮᠫᠠᠨᠢ ᠵᠢᠨ 〈ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ〉 ᠤ᠋ᠨ ᠲᠤᠰᠢᠶᠠᠯ᠎ᠢ ᠡᠭᠦᠷᠭᠡᠯᠡᠵᠦ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠪᠦᠯᠬᠦᠮ ᠲᠠᠢ ᠮᠥᠷᠥ ᠵᠡᠷᠭᠡᠴᠡᠨ ᠠᠵᠢᠯᠯᠠᠵᠤ᠂ ᠥᠨᠳᠥᠷ ᠴᠢᠳᠠᠪᠬᠢᠲᠤ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ᠎ᠢ ᠰᠤᠳᠤᠯᠤᠨ ᠨᠡᠭᠡᠭᠡᠬᠦ᠂ ᠨᠧᠤᠳᠢᠮ ᠲᠡᠮᠦᠷ ᠪᠤᠷ ᠦᠢᠯᠡᠳᠬᠦ ᠮᠡᠷᠭᠡᠵᠢᠯ᠎ᠦᠨ ᠨᠤᠨᠳᠠᠭ᠎ᠤᠨ ᠴᠢᠨᠠᠷ᠎ᠢ ᠥᠭᠡᠷᠡᠴᠢᠯᠡᠬᠦ ᠤᠷ᠎ᠠ ᠮᠡᠷᠭᠡᠰᠢᠯ᠂ ᠰᠡᠭᠦᠯᠴᠢ᠎ᠶᠢᠨ ᠬᠤᠭᠤᠴᠠᠭᠠᠨ᠎ᠤ ᠦᠩᠭᠡᠨ ᠲᠠᠯ᠎ᠠ᠎ᠶᠢᠨ ᠰᠢᠢᠳᠪᠦᠷᠢᠯᠡᠯᠲᠡ ᠵᠡᠷᠭᠡ ᠲᠠᠯ᠎ᠠ᠎ᠪᠠᠷ ᠰᠢᠰᠲᠧᠮᠳᠤ ᠴᠢᠨᠠᠷᠲᠠᠢ ᠪᠣᠭᠣᠮᠲᠠ ᠰᠢᠪᠲᠤᠯᠤᠯᠳᠠ ᠵᠢ ᠥᠷᠨᠢᠭᠦᠯᠵᠦ᠂ ᠨᠡᠩ ᠤᠯᠠᠨ ᠥᠨᠳᠥᠷ ᠴᠢᠳᠠᠪᠬᠢ᠎ᠲᠠᠢ᠂ ᠨᠠᠢᠳᠠᠪᠤᠷᠢᠲᠤ ᠴᠢᠨᠠᠷ᠎ᠲᠠᠢ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ ᠮᠠᠲᠧᠷᠢᠶᠠᠯ᠎ᠤᠨ ᠰᠢᠨ᠎ᠡ ᠦᠢᠯᠡᠳᠬᠦᠨ᠎ᠢ ᠨᠡᠭᠡᠭᠡᠨ ᠬᠥᠭᠵᠢᠭᠦᠯᠬᠦ᠎ᠪᠡᠷ ᠬᠦᠴᠦᠯᠡᠨ ᠴᠢᠷᠮᠠᠢᠨ᠎ᠠ》 ᠭᠡᠵᠦ ᠸᠠᠩ ᠢᠤᠢ ᠢᠯᠡᠳᠬᠡᠪᠡ᠃

ᠴᠢᠳᠠᠪᠤᠷᠢᠲᠠᠨ ᠪᠣᠯ ᠥᠷᠢᠰᠦᠯᠳᠦᠭᠡᠨ᠎ᠦ ᠰᠠᠭᠤᠷᠢ᠂ ᠬᠡᠯᠪᠡᠷᠢ᠎ᠪᠡᠨ ᠬᠤᠪᠢᠷᠠᠭᠤᠯᠬᠤ᠎ᠵᠢᠨ ᠴᠢᠬᠤᠯᠠ ᠵᠦᠢᠯ᠂ ᠬᠥᠳᠡᠯᠭᠡᠬᠦ ᠬᠦᠴᠦᠨ᠎ᠦ ᠡᠬᠢ ᠰᠤᠷᠪᠤᠯᠵᠢ ᠮᠥᠨ᠃ ᠴᠢᠳᠠᠪᠤᠷᠢᠲᠠᠨ ᠪᠣᠯᠣᠨ ᠬᠥᠮᠥᠨ ᠬᠡᠷᠡᠭᠯᠡᠬᠦ ᠨᠢᠭᠡᠴᠢ ᠶ᠋ᠢᠨ ᠬᠣᠭᠣᠷᠣᠨᠳᠣ 《ᠬᠣᠣᠰ ᠴᠢᠭᠯᠡᠯ ᠢ᠋ᠶ᠋ᠡᠷ ᠤᠷᠤᠭᠰᠢᠯᠠᠬᠤ》 ᠵᠠᠮ ᠢ᠋ ᠬᠡᠷᠬᠢᠨ ᠰᠠᠭᠠᠳ ᠦᠭᠡᠢ ᠨᠡᠪᠲᠡᠷᠡᠭᠦᠯᠬᠦ ᠪᠤᠶ ?

ᠣᠢᠷ᠎ᠠ᠎ᠶᠢᠨ ᠵᠢᠯ᠎ᠳᠦ᠂ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ ᠴᠢᠳᠠᠪᠤᠷᠢᠲᠠᠨ᠎ᠢ ᠳᠠᠳᠠᠨ ᠤᠷᠤᠭᠤᠯᠬᠤ ᠬᠠᠷᠠᠭᠠᠰᠤ ᠪᠠ ᠠᠷᠭ᠎ᠠ ᠵᠠᠮ᠎ᠢᠶᠠᠨ ᠲᠠᠰᠤᠷᠠᠯᠲᠠ ᠦᠭᠡᠢ ᠥᠷᠭᠡᠳᠬᠡᠵᠦ᠂ 《ᠫᠤᠰᠲ ᠳ᠋ᠣᠺᠲ᠋ᠣᠷ᠎ᠢ᠋ ᠬᠤᠶᠠᠷ ᠥᠷᠲᠡᠭᠡ ᠬᠣᠶᠠᠷ ᠬᠣᠲᠠ᠎ᠳ᠋ᠤ ᠬᠥᠮᠥᠵᠢᠭᠦᠯᠬᠦ》᠂ 《ᠳ᠋ᠣᠺᠲ᠋ᠣᠷ ᠵᠢᠡᠷ ᠲᠦᠷ ᠴᠠᠭ᠎ᠤᠨ ᠲᠤᠰᠢᠶᠠᠯ ᠡᠭᠦᠷᠭᠡᠯᠡᠭᠦᠯᠬᠦ》 ᠵᠡᠷᠭᠡ ᠴᠢᠳᠠᠪᠤᠷᠢᠲᠠᠨ ᠡᠯᠰᠡᠵᠦ ᠣᠶᠤᠨ᠎ᠤᠠᠬᠭᠠᠨ᠎ᠢ ᠤᠷᠤᠭᠤᠯᠤᠨ ᠠᠪᠴᠢᠷᠠᠬᠤ ᠣᠨᠴᠠᠯᠢᠭ᠍ᠲᠤ ᠲᠦᠷᠦᠯ ᠲᠡᠮᠳᠡᠭ᠎ᠢ ᠪᠣᠶ ᠪᠤᠯᠭᠠᠵᠤ᠂ ᠲᠣᠭᠲᠠᠴᠠ᠂ ᠣᠷᠣᠨ ᠵᠠᠢ᠂ ᠦᠢᠯᠡᠴᠢᠯᠡᠭᠡ᠎ᠶᠢᠨ ᠲᠠᠯ᠎ᠠ᠎ᠪᠠᠷ ᠬᠥᠮᠥᠨ ᠪᠦᠬᠦᠨ᠎ᠦ ᠴᠢᠳᠠᠪᠤᠷᠢ᠎ᠶᠢ ᠭᠦᠢᠴᠡᠳ ᠪᠠᠳᠠᠷᠠᠭᠤᠯᠬᠤ᠂ ᠴᠢᠳᠠᠪᠤᠷᠢᠲᠠᠨ᠎ᠢ ᠭᠦᠢᠴᠡᠳ ᠬᠡᠷᠡᠭᠯᠡᠬᠦ ᠲᠠᠪᠴᠠᠩ ᠪᠠᠢᠭᠤᠯᠵᠤ᠂ ᠨᠠᠩ ᠣᠯᠠᠨ 《ᠠᠵᠢᠨᠠᠢ ᠬᠦᠯᠦᠭ》 ᠢ᠋ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ ᠭᠡᠬᠦ ᠡᠨᠡ ᠬᠦ᠌ ᠬᠠᠯᠠᠭᠤᠨ ᠬᠥᠷᠥᠰᠥᠨ᠎ᠳᠦ ᠥᠷᠢᠰᠦᠯᠳᠦᠭᠦᠯᠦᠨ ᠳᠠᠪᠬᠢᠭᠤᠯᠤᠨ᠎ᠠ᠃

ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠫᠤᠰᠲ ᠳ᠋ᠣᠺᠲ᠋ᠣᠷ᠎ᠤᠨ ᠰᠤᠳᠤᠯᠭᠠᠨ᠎ᠤ ᠠᠵᠢᠯ᠎ᠤᠨ ᠦᠷᠳᠡᠭᠡ ᠳ᠋ᠤ 《ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ᠎ᠤ ᠳᠠᠪᠲᠠᠮᠵᠢ ᠬᠤᠪᠢᠷᠠᠭᠠᠭᠴᠢ》 ᠵᠢᠨ ᠰᠤᠳᠤᠯᠭᠠᠨ᠎ᠳᠤ ᠣᠷᠣᠯᠴᠠᠭᠠᠳ ᠵᠢᠯ ᠰᠢᠬᠠᠮ ᠪᠣᠯᠵᠤ ᠪᠠᠢᠭ᠎ᠠ ᠪᠤᠭᠤᠲᠤ᠎ᠶᠢᠨ ᠴᠠᠩ ᠠᠨ ᠲᠣᠭᠲᠠᠮᠠᠯ ᠰᠣᠷᠢᠨᠵᠢᠨᠳᠤ ᠴᠠᠬᠢᠯᠭᠠᠨ ᠮᠠᠰᠢᠨ᠎ᠤ ᠬᠢᠵᠠᠭᠠᠷᠲᠤ ᠺᠣᠮᠫᠠᠨᠢ᠎ᠶᠢᠨ ᠴᠢᠳᠠᠪᠤᠷᠢᠳᠠᠨ ᠵᠢᠡᠷ ᠣᠷᠣᠭᠤᠯᠤᠨ ᠠᠪᠴᠢᠷᠠᠭᠰᠠᠨ ᠶᠠᠨᠱᠠᠨ ᠶᠡᠬᠡ ᠰᠤᠷᠭᠠᠭᠤᠯᠢ᠎ᠶᠢᠨ ᠴᠠᠬᠢᠯᠭᠠᠨ᠎ᠤ ᠢᠨᠵᠧᠨᠧᠷᠢᠩ᠎ᠦᠨ ᠲᠤᠰᠬᠠᠢ ᠮᠡᠷᠭᠡᠵᠢᠯ᠎ᠦᠨ ᠳ᠋ᠣᠺᠲ᠋ᠣᠷ ᠳ᠋ᠠᠢ ᠴᠢᠶᠦ᠋ᠩ ᠵᠢᠶᠧ ᠮᠠᠰᠢ ᠬᠦᠨ ᠲᠥᠷᠥᠭᠳᠡᠯ᠎ᠲᠠᠢ ᠪᠠᠢᠯ᠎ᠠ᠃ 《ᠪᠤᠭᠤᠲᠤ᠎ᠶᠢᠨ ᠴᠠᠩ ᠠᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠎ᠤ ᠬᠢᠵᠠᠭᠠᠷᠲᠤ ᠺᠣᠮᠫᠠᠨᠢ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨᠲᠤ ᠴᠠᠬᠢᠯᠭᠠᠨ ᠮᠠᠰᠢᠨ᠎ᠤ ᠰᠢᠨᠵᠢᠯᠡᠬᠦ ᠤᠬᠠᠭᠠᠨ᠎ᠤ ᠰᠤᠳᠤᠯᠭᠠᠨ ᠪᠠ ᠦᠢᠯᠡᠳᠪᠦᠷᠢᠯᠡᠯ᠎ᠢ ᠥᠷᠨᠢᠭᠦᠯᠦᠭᠰᠡᠨ ᠨᠢᠭᠡᠴᠢ᠎ᠶᠢᠨ ᠨᠢᠭᠡ ᠪᠣᠯᠣᠨ᠎ᠠ᠃ ᠨᠢᠳᠤᠨᠤᠨ᠂ ᠠᠵᠤ ᠠᠬᠤᠢᠯᠠᠯ ᠨᠢ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ ᠲᠠᠢ ᠬᠠᠮᠲᠤᠷᠠᠨ ᠫᠤᠰᠲ ᠳ᠋ᠣᠺᠲ᠋ᠣᠷ᠎ᠤᠨ ᠰᠤᠳᠤᠯᠭᠠᠨ᠎ᠤ ᠠᠵᠢᠯ᠎ᠤᠨ ᠦᠷᠳᠡᠭᠡ ᠪᠠᠢᠭᠤᠯᠵᠤ᠂ ᠫᠤᠰᠲ ᠳ᠋ᠣᠺᠲ᠋ᠣᠷ᠎ᠤᠨ ᠰᠤᠳᠤᠯᠭᠠᠨ᠎ᠤ ᠴᠢᠳᠠᠪᠤᠷᠢᠲᠠᠨ᠎ᠢ ᠬᠠᠮᠲᠤᠷᠠᠨ ᠬᠥᠮᠥᠵᠢᠭᠦᠯᠬᠦ ᠬᠠᠮᠲᠤᠷᠠᠯᠴᠠᠭᠠᠨ᠎ᠤ ᠵᠦᠪᠯᠡᠯᠴᠡᠬᠡᠷ ᠲᠤ᠌ ᠭᠠᠷ᠎ᠤᠨ ᠦᠰᠦᠭ ᠵᠢᠷᠤᠵᠠᠢ᠂ ᠪᠢ ᠡᠨᠡ ᠬᠦ᠌ ᠠᠵᠠ ᠳᠤᠬᠢᠶᠠᠯ ᠵᠢᠡᠷ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠎ᠶᠢᠨ ᠴᠠᠬᠢᠯᠭᠠᠨ᠎ᠤ ᠢᠨᠵᠧᠨᠧᠷᠢᠩ᠎ᠦᠨ ᠳᠡᠭᠡᠳᠦ ᠰᠤᠷᠭᠠᠭᠤᠯᠢ᠎ᠶᠢᠨ ᠸᠠᠩ ᠱᠣ᠌ ᠬᠣᠩ ᠫᠷᠤᠹᠸᠰᠰᠤᠷ᠎ᠤᠨ ᠪᠦᠯᠬᠦᠮ᠎ᠳᠦ ᠣᠷᠣᠵᠠᠢ᠃ ᠨᠢᠭᠡ ᠵᠢᠯ᠎ᠦᠨ ᠲᠤᠷᠰᠢ᠂ ᠪᠦᠯᠬᠦᠮ᠎ᠦᠨ ᠬᠢᠨ ᠬᠣᠪᠣᠷ ᠰᠢᠷᠣᠢ᠎ᠶᠢᠨ ᠲᠣᠭᠲᠠᠮᠠᠯ ᠰᠣᠷᠢᠨᠵᠢᠨ᠎ᠤ ᠳᠠᠪᠲᠠᠮᠵᠢ ᠬᠤᠪᠢᠷᠠᠭᠠᠭᠴᠢ ᠵᠢ ᠰᠤᠳᠤᠯᠤᠨ ᠨᠡᠭᠡᠭᠡᠬᠦ᠎ᠪᠡᠷ ᠴᠢᠷᠮᠠᠢᠵᠤ᠂ ᠤᠯᠠᠮᠵᠢᠯᠠᠯᠲᠤ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠠᠷᠭ᠎ᠠ ᠬᠡᠯᠪᠡᠷᠢ᠎ᠶᠢ ᠰᠢᠨᠡᠳᠬᠡᠨ ᠣᠷᠣᠯᠠᠭᠤᠯᠬᠤ᠎ᠶᠢ ᠲᠦᠷᠭᠡᠳᠬᠡᠨ ᠠᠬᠢᠭᠤᠯᠵᠤ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠲᠦᠷᠦᠯ ᠵᠦᠢᠯ᠎ᠢ ᠪᠣᠳᠠᠲᠤ ᠦᠢᠯᠡᠳᠪᠦᠷᠢᠯᠡᠯ᠎ᠦᠨ ᠬᠦᠴᠦᠨ᠎ᠲᠠᠢ ᠤᠨᠤᠴᠠᠳᠠᠢ ᠵᠣᠯᠭᠠᠭᠤᠯᠬᠤ᠎ᠶᠢ ᠪᠦᠲᠦᠮᠵᠢᠲᠡᠢ ᠪᠡᠶᠡᠯᠡᠭᠦᠯᠵᠡᠢ》 ᠭᠡᠵᠦ ᠬᠡᠯᠡᠪᠡ᠃

ᠪᠤᠭᠤᠲᠤ᠎ᠶᠢᠨ ᠴᠠᠩ ᠠᠨ ᠲᠣᠭᠲᠠᠮᠠᠯ ᠰᠣᠷᠢᠨᠵᠢᠨᠳᠤ ᠴᠠᠬᠢᠯᠭᠠᠨ ᠮᠠᠰᠢᠨ᠎ᠤ ᠬᠢᠵᠠᠭᠠᠷᠲᠤ ᠺᠣᠮᠫᠠᠨᠢ᠎ᠶᠢᠨ ᠳᠡᠳ᠋ ᠶᠡᠷᠦᠩᠬᠡᠢ ᠳᠠᠭᠠᠭᠠᠮᠠᠯ ᠰᠤ᠌᠎ᠶᠢᠨ ᡁᠢ᠂ ᠡᠨᠡ᠎ᠬᠦ ᠬᠠᠮᠲᠤᠷᠠᠯᠴᠠᠭᠠᠨ᠎ᠤ ᠵᠠᠭᠪᠤᠷ ᠨᠢ ᠥᠩᠭᠡᠷᠡᠭᠰᠡᠨ᠎ᠦ ᠨᠡᠭᠦᠳᠡᠯ ᠦᠷᠳᠡᠬᠡ᠎ᠡᠴᠡ ᠵᠢᠯᠣᠭᠣᠳᠤᠭ᠍ᠴᠢ ᠪᠠᠭ᠍ᠰᠢ᠎ᠶᠢ ᠰᠣᠩᠭᠣᠨ ᠲᠣᠮᠢᠯᠠᠵᠤ ᠠᠵᠢᠯ᠎ᠤᠨ ᠦᠷᠳᠡᠬᠡ᠎ᠳᠦ ᠣᠴᠢᠭᠤᠯᠤᠨ ᠪᠦᠬᠦ ᠶᠠᠪᠤᠴᠠ᠎ᠳᠤ ᠵᠢᠭᠠᠨ ᠵᠢᠯᠤᠭᠣᠳᠴᠤ ᠬᠥᠮᠥᠵᠢᠭᠦᠯᠵᠦ ᠪᠠᠢᠭᠰᠠᠨ ᠵᠠᠭᠪᠤᠷ᠎ᠢ ᠡᠪᠳᠡᠵᠦ᠂ ᠳ᠋ᠣᠺᠲ᠋ᠣᠷ᠂ ᠫᠤᠰᠲ ᠳ᠋ᠣᠺᠲ᠋ᠣᠷ᠎ᠢ ᠨᠡᠭᠦᠳᠡᠯ ᠦᠷᠳᠡᠬᠡ (ᠰᠢ ᠠᠨ)᠂ ᠠᠵᠢᠯᠯᠠᠬᠤ ᠦᠷᠳᠡᠬᠡ (ᠪᠤᠭᠤᠲᠤ) — ᠬᠣᠶᠠᠷ ᠦᠷᠳᠡᠬᠡ ᠬᠣᠶᠠᠷ ᠬᠤᠳᠡ᠎ᠳᠤ ᠬᠥᠮᠥᠵᠢᠭᠦᠯᠬᠦ ᠲᠣᠭᠲᠠᠴᠠ᠎ᠶᠢ ᠬᠡᠷᠡᠭᠵᠢᠭᠦᠯᠵᠦ᠂ ᠬᠣᠶᠠᠷ ᠭᠠᠵᠠᠷ᠎ᠤᠨ ᠰᠢᠯᠢᠳᠡᠭ ᠳᠡᠭᠡᠳᠦ ᠵᠡᠷᠭᠡ᠎ᠶᠢᠨ ᠰᠤᠷᠭᠠᠨ ᠬᠥᠮᠦᠵᠢᠯ᠎ᠦᠨ ᠡᠬᠢ ᠪᠠᠶᠠᠯᠢᠭ᠋᠎ᠢ ᠥᠨᠳᠥᠷ ᠪᠦᠲᠦᠮᠵᠢᠲᠡᠢ᠎ᠪᠡᠷ ᠬᠣᠯᠪᠣᠵᠤ᠂ ᠬᠣᠶᠠᠷ ᠭᠠᠵᠠᠷ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠬᠥᠭᠵᠢᠯᠲᠡ᠎ᠳᠦ ᠭᠦᠨᠵᠡᠭᠡᠢ ᠦᠢᠯᠡᠴᠢᠯᠡᠪᠡ ᠬᠡᠵᠦ ᠢᠯᠡᠳᠬᠡᠪᠡ᠃

ᠨᠢᠭᠡ ᠡᠷᠳᠡᠮᠲᠡᠨ ᠵᠢᠡᠷ ᠤᠯᠠᠨ ᠡᠷᠳᠡᠮᠲᠡᠨ ᠢ᠋ ᠬᠤᠷᠠᠨ ᠴᠤᠭᠯᠠᠷᠠᠭᠤᠯᠵᠤ᠂ ᠨᠢᠭᠡᠨ ᠰᠠᠢᠨ ᠬᠦᠯᠦᠭ ᠵᠢᠡᠷ ᠲᠦᠮᠡᠨ ᠠᠭᠲᠠ᠎ᠶᠢ ᠳᠠᠭᠠᠭᠤᠯᠤᠨ ᠳᠠᠪᠬᠢᠭᠤᠯᠤᠮᠤᠢ᠃  ᠬᠤ᠌ ᠰᠢᠤᠸᠠᠢ ᠵᠢᠶᠤᠤ 3 ᠵᠢᠯ᠎ᠦᠨ ᠡᠮᠦᠨ᠎ᠡ ᠪᠤᠭᠤᠲᠤ᠎ᠶᠢᠨ ᠬᠣᠪᠣᠷ ᠰᠢᠷᠣᠢ᠎ᠶᠢᠨ ᠰᠤᠳᠤᠯᠭᠠᠨ᠎ᠤ ᠬᠦᠷᠢᠶᠡᠯᠡᠩ᠎ᠳᠦ ᠢᠷᠡᠵᠦ ᠠᠵᠢᠯᠯᠠᠭᠰᠠᠨ ᠵᠢᠡᠨ ᠳᠤᠪ ᠳᠤᠳᠤᠬᠠᠨ ᠴᠡᠬᠡᠵᠢᠯᠡᠵᠦ ᠪᠤᠢ᠃ 《ᠡᠨᠳᠡ ᠵᠠᠯᠠᠭᠤ ᠴᠢᠳᠠᠪᠤᠷᠢᠲᠠᠨ᠎ᠤ ᠠᠵᠢᠯ ᠬᠢᠵᠦ ᠦᠢᠯᠡᠰ ᠪᠣᠰᠬᠠᠬᠤ ᠲᠠᠪᠴᠠᠩ᠎ᠲᠠᠢ᠂ ᠵᠠᠯᠠᠭᠤ ᠴᠢᠳᠠᠪᠤᠷᠢᠲᠠᠨ᠎ᠳᠤ ᠬᠠᠨᠳᠤᠭᠤᠯᠤᠭᠰᠠᠨ ᠠᠯᠢ ᠤᠯᠠᠨ ᠬᠠᠯᠠᠭᠤᠨ ᠳᠣᠲᠣᠨᠣ᠌ ᠦᠢᠯᠡᠴᠢᠯᠡᠭᠡ᠎ᠲᠠᠢ᠂ ᠪᠢ ᠡᠨᠳᠡ ᠥᠪᠡᠷ᠎ᠦᠨ ᠳᠠᠪᠠᠭᠤᠯᠢᠭ᠋᠎ᠢᠶᠠᠨ ᠪᠠᠳᠠᠷᠠᠭᠤᠯᠵᠤ᠂ ᠬᠣᠪᠣᠷ ᠰᠢᠷᠣᠢ᠎ᠶᠢᠨ ᠤᠰᠤᠲᠥ᠋ᠷᠥᠭᠴᠢ ᠬᠠᠳᠠᠭᠠᠯᠠᠬᠤ ᠮᠠᠲᠧᠷᠢᠶᠠᠯ᠎ᠤᠨ ᠦᠵᠦᠭᠦᠷ᠎ᠬᠡᠰᠡᠭ᠎ᠤᠨ ᠬᠡᠷᠡᠭᠯᠡᠯᠲᠡ᠎ᠶᠢ ᠥᠷᠭᠡᠳᠬᠡᠬᠦ᠎ᠳᠦ ᠬᠤᠪᠢ ᠨᠡᠮᠡᠷᠢ᠎ᠪᠡᠨ ᠦᠵᠡᠭᠦᠯᠦᠨ᠎ᠡ》 ᠬᠡᠵᠦ ᠶᠠᠷᠢᠵᠤ ᠪᠠᠢᠯ᠎ᠠ᠃

ᠴᠢᠳᠠᠪᠤᠷᠢᠲᠠᠨ᠎ᠤ 《ᠨᠡᠮᠡᠭᠳᠡᠯ》 ᠢ᠋ ᠪᠤᠵᠠᠭᠠᠢᠷᠠᠭᠤᠯᠵᠤ᠂ ᠴᠢᠳᠠᠪᠤᠷᠢᠲᠠᠨ᠎ᠤ 《ᠬᠠᠳᠠᠭᠠᠯᠠᠯᠲᠠ》 ᠶ᠋ᠢ ᠠᠮᠢᠯᠠᠭᠤᠯᠵᠤ᠂ ᠴᠢᠳᠠᠪᠤᠷᠢᠲᠠᠨ᠎ᠤ 《ᠶᠠᠰᠤ ᠴᠢᠨᠠᠷ》 ᠢ᠋ ᠳᠡᠭᠡᠭᠰᠢᠯᠡᠭᠦᠯᠬᠦ ᠵᠢᠨ ᠲᠦᠯᠦᠭᠡ᠂ ᠬᠣᠪᠣᠷ ᠰᠢᠷᠣᠢ᠎ᠶᠢᠨ ᠳᠡᠭᠡᠳᠦ ᠰᠢᠨ᠎ᠡ ᠮᠡᠷᠭᠡᠵᠢᠯ᠎ᠦᠨ ᠲᠣᠭᠣᠷᠢᠭ᠋ 11 ᠫᠤᠰᠲ ᠳ᠋ᠣᠺᠲ᠋ᠣᠷ᠎ᠤᠨ ᠰᠤᠳᠤᠯᠭᠠᠨ᠎ᠤ ᠠᠵᠢᠯ᠎ᠤᠨ ᠥᠷᠲᠡᠭᠡ᠂ 6 ᠫᠤᠰᠲ ᠳ᠋ᠣᠺᠲ᠋ᠣᠷ᠎ᠤᠨ ᠰᠢᠨ᠎ᠡ᠎ᠶᠢ ᠡᠭᠦᠳᠬᠦ ᠦᠢᠯᠡᠳᠦᠯᠭᠡ᠎ᠶᠢᠨ ᠰᠠᠭᠤᠷᠢᠨ ᠳ᠋ᠤ ᠲᠦᠰᠢᠭᠯᠡᠨ᠂ ᠤᠮᠠᠷᠠᠲᠤ᠎ᠶᠢᠨ ᠴᠠᠬᠢᠯᠭᠠᠨ ᠬᠦᠴᠦᠨ᠎ᠦ ᠶᠡᠬᠡ ᠰᠤᠷᠭᠠᠭᠤᠯᠢ᠂ ᠪᠡᠭᠡᠵᠢᠩ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ ᠵᠡᠷᠭᠡ ᠡᠴᠡ 6 ᠫᠤᠰᠲ ᠳ᠋ᠣᠺᠲ᠋ᠣᠷ᠎ᠢ ᠥᠷᠲᠡᠭᠡ᠎ᠳ᠋ᠡᠬᠡᠨ ᠣᠷᠣᠭᠤᠯᠤᠨ ᠠᠪᠴᠢᠷᠠᠵᠤ ᠰᠤᠳᠤᠯᠭᠠᠨ ᠳ᠋ᠤ ᠤᠷᠤᠯᠴᠠᠭᠤᠯᠬᠤ ᠵᠢᠨ ᠬᠠᠮᠲᠤ ᠤᠷᠢᠳ ᠬᠣᠵᠢᠳ ᠱᠠᠩᠬᠠᠢ᠎ᠶᠢᠨ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠰᠢ ᠠᠨ᠎ᠤ ᠵᠠᠮ ᠬᠠᠷᠢᠯᠴᠠᠭᠠᠨ᠎ᠤ ᠶᠡᠬᠡ ᠰᠤᠷᠭᠠᠭᠤᠯᠢ᠂ ᠵᠡᠭᠦᠨ ᠬᠣᠢᠲᠤ᠎ᠶᠢᠨ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠲᠠᠢ ᠬᠠᠮᠲᠤᠷᠠᠨ ᠫᠤᠰᠲ ᠳ᠋ᠣᠺᠲ᠋ᠣᠷ᠎ᠢ ᠬᠥᠮᠥᠵᠢᠭᠦᠯᠬᠦ ᠠᠵᠢᠯ᠎ᠢ ᠥᠷᠨᠢᠭᠦᠯᠪᠡ᠃ ᠣᠲᠣ᠌ ᠪᠣᠯᠲᠠᠯ᠎ᠠ᠂ ᠲᠣᠰ ᠲᠣᠭᠣᠷᠢᠭ᠋᠎ᠲᠤ ᠨᠢᠭᠡᠨᠲᠡ 377 ᠥᠨᠳᠥᠷ ᠬᠢᠷᠢ ᠲᠦᠪᠰᠢᠨ᠎ᠪᠦᠬᠦᠢ ᠴᠢᠳᠠᠪᠤᠷᠢᠲᠠᠨ ᠬᠤᠷᠠᠨ ᠴᠤᠭᠯᠠᠷᠠᠵᠤ᠂ ᠠᠺᠠᠳᠧᠮᠢᠴᠢ ᠪᠠ ᠡᠯ᠎ᠡ ᠲᠥᠷᠥᠯ᠎ᠦᠨ ᠲᠤᠰᠬᠠᠢ ᠮᠡᠷᠭᠡᠵᠢᠯᠲᠡᠨ 89 ᠬᠦᠮᠦᠨ᠎ᠢ ᠤᠶᠠᠨ  ᠴᠢᠨᠠᠷᠲᠠᠢ᠎ᠪᠠᠷ ᠣᠷᠣᠭᠤᠯᠤᠨ ᠠᠪᠴᠢᠷᠠᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠲᠥᠪ᠎ᠲᠦ ᠰᠤᠳᠤᠯᠭᠠᠨ ᠪᠠ ᠲᠤᠷᠰᠢᠯᠲᠠ᠎ᠶᠢᠨ ᠬᠥᠭᠵᠢᠯᠲᠡ᠎ᠶᠢᠨ ᠲᠤᠰᠬᠠᠢ ᠲᠤᠰᠢᠶᠠᠯᠲᠤ ᠠᠵᠢᠯᠲᠠᠨ 3228 ᠪᠣᠯᠵᠤ᠂ 1821 ᠴᠢᠳᠠᠪᠤᠷᠢᠲᠠᠨ᠎ᠢ ᠬᠥᠮᠥᠷᠭᠡ᠎ᠳᠦ ᠣᠷᠣᠭᠤᠯᠵᠤ᠂ ᠴᠢᠳᠠᠪᠤᠷᠢᠲᠠᠨ᠎ᠵᠢᠡᠷ ᠬᠥᠭᠵᠢᠯᠲᠡ᠎ᠶᠢ ᠬᠥᠲᠥᠯᠥᠨ ᠳᠠᠭᠠᠭᠤᠯᠬᠤ ᠬᠤᠷᠳᠤᠴᠠ᠎ᠶᠢ ᠲᠦᠷᠭᠡᠳᠬᠡᠵᠡᠢ᠃

ᠴᠢᠳᠠᠪᠤᠷᠢᠲᠠᠨ᠎ᠢ ᠤᠷᠤᠭᠤᠯᠤᠨ ᠠᠪᠴᠢᠷᠠᠵᠤ ᠴᠢᠳᠠᠯ᠎ᠠ᠂  ᠬᠡᠷᠬᠢᠨ ᠴᠢᠳᠠᠪᠤᠷᠢᠳᠠᠨ᠎ᠢ ᠦᠯᠡᠳᠡᠭᠡᠨ ᠬᠡᠷᠡᠭᠯᠡᠬᠦ ᠪᠤᠢ ?

ᠣᠢᠯᠠᠭᠠᠭ᠍ᠰᠠᠨ᠎ᠢᠶᠠᠷ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠵᠢᠯ ᠪᠦᠷᠢ 1000 ᠲᠦᠮᠡᠨ ᠲᠥᠭᠥᠷᠢᠭ᠎ᠦᠨ ᠴᠢᠳᠠᠪᠤᠷᠢᠲᠠᠨ᠎ᠤ ᠲᠤᠰᠭᠠᠶ ᠪᠠᠯᠠ ᠮᠥᠩᠭᠥ᠌ ᠪᠠᠭᠤᠯᠭᠠᠵᠤ᠂ ᠡᠯ᠎ᠡ ᠲᠥᠷᠥᠯ᠎ᠦᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠴᠦ᠍ ᠦᠶ᠋ᠯᠡᠰ ᠪᠤᠰᠬᠠᠬᠤ ᠶ᠋ᠢ ᠵᠣᠷᠢᠭ᠍ᠵᠢᠭᠤᠯᠤᠨ ᠳᠡᠮᠵᠢᠵᠦ᠍᠂ ᠴᠢᠳᠠᠪᠤᠷᠢᠲᠠᠨ᠎ᠤ ᠬᠠᠷᠢᠶᠠᠯᠠᠭ᠍ᠳᠠᠬᠤ ᠰᠡᠳᠭᠢᠯᠭᠡ᠂ ᠬᠦᠷᠲᠡᠮᠵᠢ᠎ᠶ᠋ᠢᠨ ᠲᠥᠷᠥᠭ᠌ᠳᠡᠯ ᠪᠠ ᠵᠤᠯ ᠵᠢᠷᠭᠠᠯᠲᠤ ᠲᠥᠷᠥᠭ᠌ᠳᠡᠯ᠎ᠢ ᠨᠡᠮᠡᠭ᠌ᠳᠡᠭᠦᠯᠵᠦ ᠪᠤᠢ᠃ ᠱᠢᠨ᠎ᠡ᠎ᠪᠡᠷ ᠪᠠᠢᠭᠤᠯᠤᠭ᠍ᠰᠠᠨ ᠫᠤᠰᠲ ᠳ᠋ᠣᠺᠲ᠋ᠣᠷ᠎ᠤᠨ ᠠᠵᠢᠯᠯᠠᠬᠤ ᠥᠷᠲᠡᠭᠡ᠎ᠳᠦ ᠴᠢᠭ᠌ᠯᠡᠭᠦᠯᠦᠨ ᠥᠷᠲᠡᠭᠡ ᠪᠠᠢᠭᠤᠯᠬᠤ ᠨᠥᠬᠥᠪᠥᠷᠢ ᠵᠢ ᠨᠢᠭᠡ ᠤᠳᠠᠭ᠎ᠠ ᠳ᠋ᠤ ᠣᠯᠭᠣᠨ᠎ᠠ; ᠥᠷᠲᠡᠭᠡᠨ᠎ᠳᠦ ᠪᠠᠢᠭ᠎ᠠ ᠳ᠋ᠣᠺᠲ᠋ᠣᠷ᠎ᠲᠤ ᠠᠵᠤ ᠠᠬᠤᠢᠯᠠᠯ᠎ᠠᠴᠠ ᠣᠯᠭᠣᠭ᠍ᠰᠠᠨ ᠴᠠᠯᠢᠩ ᠪᠠ ᠱᠠᠩᠨᠠᠯ᠎ᠠᠴᠠ ᠭᠠᠳᠠᠨ᠎ᠠ᠂ ᠬᠣᠶᠠᠷ ᠵᠢᠯ᠎ᠦᠨ ᠬᠤᠭᠤᠴᠠᠭᠠᠨ᠎ᠳᠤ ᠥᠪᠡᠷᠲᠡᠭᠡᠨ ᠵᠠᠰᠠᠬᠤ ᠣᠷᠣᠨ᠎ᠤ ᠭᠤᠷᠪᠠᠨ ᠱᠠᠲᠤᠨ᠎ᠤ ᠵᠠᠰᠠᠭ᠎ᠤᠨ ᠣᠷᠳᠣᠨ᠎ᠠᠴᠠ ᠪᠠᠰᠠ ᠨᠡᠢᠲᠡ 30 ᠲᠦᠮᠡᠨ ᠲᠥᠭᠥᠷᠢᠭ᠎ᠦᠨ ᠠᠮᠢᠳᠤᠷᠠᠯ᠎ᠤᠨ ᠨᠥᠬᠥᠪᠥᠷᠢ ᠣᠯᠭᠣᠬᠤ ᠪᠣᠯᠤᠨ᠎ᠠ; ᠡᠨᠡ ᠵᠢᠯ᠎ᠦᠨ ᠨᠢᠭᠡᠳᠦᠭᠡᠷ ᠤᠯᠠᠷᠢᠯ᠎ᠳᠤ᠂ ᠵᠠᠯᠠᠭᠤ ᠴᠢᠳᠠᠪᠤᠷᠢᠲᠠᠨ᠎ᠤ ᠠᠵᠢᠯ᠎ᠤᠨ ᠪᠠᠢᠷᠢ᠎ᠶ᠋ᠢᠨ ᠨᠥᠬᠥᠪᠥᠷᠢ᠂ ᠴᠢᠳᠠᠪᠤᠷᠢᠲᠠᠨ᠎ᠤ ᠤᠷᠤᠨ ᠰᠠᠭᠤᠴᠠ᠎ᠶ᠋ᠢᠨ ᠪᠠᠲᠤᠯᠠᠭ᠎ᠠ ᠵᠡᠷᠭᠡ ᠣᠯᠠᠨ ᠵᠦᠶ᠋ᠯ᠎ᠦᠨ ᠴᠢᠳᠠᠪᠤᠷᠢᠲᠠᠨ᠎ᠤ ᠲᠥᠷᠥ᠎ᠶ᠋ᠢᠨ ᠪᠣᠳᠣᠯᠭ᠎ᠠ᠎ᠶ᠋ᠢᠨ ᠪᠠᠯᠠ ᠮᠥᠩᠭᠥ᠎ᠶ᠋ᠢ 311.22 ᠲᠦᠮᠡᠨ ᠲᠥᠭᠥᠷᠢᠭ ᠣᠯᠭᠣᠵᠤ᠂ 64 ᠠᠵᠤ ᠠᠬᠤᠢᠯᠠᠯ ᠪᠠ 510 ᠴᠢᠳᠠᠪᠤᠷᠢᠲᠠᠨ᠎ᠳᠤ ᠠᠱᠢᠭ ᠬᠦᠷᠲᠡᠭᠡᠪᠡ᠃

ᠡᠯ᠎ᠡ ᠲᠥᠷᠥᠯ᠎ᠦᠨ ᠦᠢᠯᠡᠰ ᠪᠣᠰᠭᠠᠬᠤ ᠴᠢᠳᠠᠪᠤᠷᠢᠲᠠᠨ᠎ᠳᠤ ᠪᠡᠯᠡ ᠮᠥᠩᠭᠥ᠎ᠶ᠋ᠢᠨ ᠳᠡᠮᠵᠢᠯᠭᠡ᠂ ᠦᠢᠯᠡᠳᠪᠦᠷᠢ᠎ᠶ᠋ᠢᠨ ᠭᠡᠷ ᠪᠠᠢᠱᠢᠩ᠎ᠤᠨ ᠨᠥᠬᠥᠪᠥᠷᠢ᠂ ᠴᠠᠬᠢᠯᠭᠠᠨ᠎ᠤ ᠦᠨ᠎ᠡ᠎ᠶ᠋ᠢᠨ ᠬᠠᠷᠠᠭᠠᠯᠵᠠᠯ ᠵᠡᠷᠭᠡ ᠦᠢᠯᠡᠰ ᠪᠣᠰᠭᠠᠬᠤ ᠦᠢᠯᠡᠴᠢᠯᠡᠭᠡᠨ ᠭᠤᠶᠤᠴᠢᠯᠠᠵᠤ ᠦᠭᠬᠦ ᠪᠦᠭᠡᠳ ᠪᠠᠰᠠ ᠴᠢᠳᠠᠪᠤᠷᠢᠲᠠᠨ᠎ᠢ ᠢᠳᠡᠪᠬᠢᠲᠡᠶ᠎ᠪᠡᠷ ᠬᠠᠪᠰᠤᠷᠤᠨ ᠣᠷᠣᠨ ᠰᠠᠭᠤᠴᠠ᠂ ᠬᠡᠦᠬᠡᠳ᠎ᠦᠨ ᠬᠢᠨᠢ ᠰᠤᠷᠭᠠᠭᠤᠯᠢ᠎ᠳᠤ ᠣᠷᠣᠬᠤ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ 《ᠵᠠᠩᠭᠢᠯᠠᠭ᠎ᠠ᠎ᠶ᠋ᠢᠨ ᠪᠠᠭ᠎ᠠ ᠶᠠᠪᠤᠳᠠᠯ》᠎ᠢ᠋ ᠨᠢ ᠰᠠᠢᠲᠤᠷ ᠱᠢᠶ᠋ᠳᠪᠦᠷᠢᠯᠡᠨ ᠦᠭᠴᠦ᠂ ᠴᠢᠳᠠᠪᠤᠷᠢᠲᠠᠨ᠎ᠢ ᠲᠠᠲᠠᠨ᠎ᠠ᠃

《ᠪᠠᠢᠬᠤ ᠡᠰᠡᠬᠦ᠌》᠂ 《ᠰᠠᠨᠠᠭᠠᠴᠢᠯᠠᠭᠠᠲᠤ ᠪᠤᠰᠤ》 ᠡᠴᠡ 《ᠰᠠᠢᠨ ᠡᠰᠡᠬᠦ᠌》᠂ 《ᠰᠠᠨᠠᠭᠠᠴᠢᠯᠠᠭᠠᠲᠤ》 ᠲᠡᠢᠰᠢ ᠬᠤᠪᠢᠷᠠᠭᠤᠯᠵᠤ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠴᠢᠳᠠᠪᠤᠷᠢᠲᠠᠨ᠎ᠤ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠠᠷᠭ᠎ᠠ ᠬᠡᠮᠵᠢᠶ᠎ᠡ᠎ᠶ᠋ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠰᠠᠭᠠᠳ ᠥᠬᠡᠶ ᠨᠡᠪᠲᠡᠷᠡᠬᠦ᠌ ᠵᠠᠮ᠎ᠤᠨ ᠦᠶ᠋ᠯᠡᠴᠢᠯᠡᠭᠡᠨ᠎ᠦ ᠠᠭᠤᠯᠭ᠎ᠠ᠎ᠵᠢ ᠪᠦᠳᠦᠭᠡᠯᠴᠢ ᠪᠡᠷ ᠲᠡᠭᠦᠯᠳᠡᠷᠵᠢᠭᠦᠯᠵᠦ᠍᠂ 《ᠪᠥᠬᠥ᠌ ᠬᠡᠯᠬᠢᠶ᠎ᠡ》᠂ 《ᠨᠢᠭᠡ ᠥᠷᠲᠡᠭᠡᠴᠢᠯᠡᠭᠰᠡᠨ ᠮᠠᠶᠢᠭ᠎ᠤᠨ》᠂ 《ᠨᠢᠭᠡ ᠬᠡᠯᠬᠢᠶᠡᠳᠦ》 ᠦᠶ᠋ᠯᠡᠴᠢᠯᠡᠭᠡᠨ᠎ᠦ ᠵᠠᠭ᠍ᠪᠤᠷ᠎ᠢ ᠢᠳᠡᠪᠬᠢᠲᠡᠶ ᠬᠡᠷᠡᠭ᠌ᠵᠢᠭᠦᠯᠵᠦ᠍᠂ ᠴᠢᠳᠠᠪᠤᠷᠢᠲᠠᠨ᠎ᠤ ᠦᠶ᠋ᠯᠡᠴᠢᠯᠡᠭᠡ᠎ᠶ᠋ᠢ ᠨᠠᠩ ᠡᠷᠴᠢᠮ᠎ᠲᠡᠶ ᠪᠣᠯᠭᠠᠪᠠ᠃

ᠠᠨ᠎ᠲᠠᠶ ᠤᠮᠠᠷᠠᠳᠤ ᠵᠢᠨ᠌ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠨᠡᠭᠡᠭᠡᠬᠦ᠌ ᠶᠡᠷᠦᠩᠬᠡᠢ ᠬᠢᠨᠠᠭ᠍ᠴᠢ ᠵᠧᠦ ᠯᠸᠢ ᠳ᠋ᠣᠺᠲ᠋ᠣᠷ᠎ᠤᠨ ᠴᠣᠯᠠ ᠬᠠᠮᠠᠭᠠᠯᠠᠭ᠍ᠰᠠᠨ᠎ᠡᠴᠡ ᠨᠠᠭᠠᠰᠢ ᠬᠣᠪᠣᠷ ᠱᠢᠷᠣᠢ᠎ᠶ᠋ᠢᠨ ᠲᠣᠭ᠍ᠲᠠᠮᠠᠯ ᠰᠣᠷᠢᠨᠵᠢᠨ ᠮᠠᠲᠧᠷᠢᠶᠠᠯ᠎ᠢ ᠰᠤᠳᠤᠯᠤᠨ ᠨᠡᠭᠡᠭᠡᠬᠦ᠌ ᠬᠦᠷᠢᠶᠡᠨ᠎ᠳᠦ 15 ᠵᠢᠯ ᠠᠵᠢᠯᠯᠠᠵᠤ᠂ ᠲᠤᠬᠠᠢᠯᠠᠭᠰᠠᠨ ᠠᠵᠢᠯ᠎ᠤᠨ ᠬᠤᠷᠠᠮᠳᠤᠭᠤᠯᠤᠭ᠍ᠰᠠᠨ ᠮᠡᠷᠭᠡᠵᠢᠯ ᠪᠣᠯᠤᠨ ᠡᠯᠪᠡᠭ ᠪᠠᠶᠠᠯᠢᠭ ᠦᠢᠯᠡᠳᠦᠯᠭᠡ᠎ᠶ᠋ᠢᠨ ᠲᠤᠷᠱᠢᠯᠭ᠎ᠠ᠎ᠳᠠᠭᠠᠨ ᠲᠦᠱᠢᠭ᠌ᠯᠡᠨ᠂ ᠪᠤᠭᠤᠲᠤ ᠬᠤᠳᠠ᠎ᠶ᠋ᠢᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠳᠡᠳ᠋ ᠶᠡᠷᠦᠩᠬᠡᠢ ᠳᠠᠭᠠᠭᠠᠮᠠᠯ》᠂ 《ᠠᠵᠤ ᠦᠢᠯᠡᠰ᠎ᠦᠨ ᠫᠷᠤᠹᠸᠰᠰᠤᠷ》 ᠢ᠋ ᠰᠣᠩᠭᠣᠨ ᠲᠣᠮᠢᠯᠠᠬᠤ ᠠᠵᠢᠯ᠎ᠤᠨ ᠤᠷᠢᠶᠠᠯᠠᠭ᠎ᠠ᠎ᠶ᠋ᠢ ᠢᠳᠡᠪᠬᠢᠲᠡᠢ ᠴᠤᠤᠷᠢᠶᠠᠲᠤᠵᠤ᠂ ᠡᠬᠡ ᠰᠤᠷᠭᠠᠭᠤᠯᠢ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠳᠠᠭᠠᠨ ᠪᠤᠴᠠᠵᠤ 《ᠠᠵᠤ ᠦᠢᠯᠡᠰ᠎ᠦᠨ ᠫᠷᠤᠹᠸᠰᠰᠤᠷ》 ᠤ᠋ᠨ ᠲᠤᠱᠢᠶᠠᠯ᠎ᠢ ᠡᠭᠦᠷᠭᠡᠯᠡᠪᠡ᠃

ᠲᠣᠰ ᠤᠳᠠᠭᠠᠨ᠎ᠤ ᠪᠡᠶ᠎ᠡ᠎ᠶ᠋ᠢᠨ ᠭᠠᠷᠤᠯ᠎ᠤᠨ ᠬᠤᠪᠢᠷᠠᠯᠲᠠ᠎ᠶ᠋ᠢᠨ ᠲᠤᠬᠠᠶ ᠵᠧᠸ᠋ ᠯᠸᠢ᠄《〈ᠠᠵᠤ ᠦᠶ᠋ᠯᠡᠰ᠎ᠦᠨ ᠫᠷᠤᠹᠧᠰᠰᠤᠷ〉 ᠪᠣᠯᠬᠤ᠎ᠨᠢ ᠨᠠᠳᠠ᠎ᠳᠤ ᠳᠠᠬᠢᠨ ᠰᠤᠷᠤᠯᠴᠠᠬᠤ᠂ ᠥᠪᠡᠷ᠎ᠢ᠎ᠪᠡᠨ ᠳᠡᠭᠡᠭᠰᠢᠯᠡᠬᠦᠯᠬᠦ ᠡᠷᠬᠢᠮ ᠨᠠᠨᠳᠢᠨ ᠠᠵᠠ ᠲᠣᠬᠢᠶᠠᠯ ᠣᠯᠭᠣᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠭᠦᠨᠵᠡᠭᠡᠶ ᠠᠭᠤᠰᠤᠯᠴᠠᠯ᠎ᠳᠤ ᠴᠢᠨᠠᠷ ᠰᠠᠢᠲᠠᠶ ᠬᠥᠭᠥᠷᠭᠡ ᠬᠣᠯᠪᠣᠭᠠᠰᠤ ᠪᠣᠯᠤᠭ᠍ᠰᠠᠨ ᠪᠠᠢᠨ᠎ᠠ᠃ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠢ ᠰᠤᠳᠤᠯᠤᠨ ᠨᠡᠭᠡᠭᠡᠬᠦ᠌ ᠶᠠᠪᠤᠴᠠ᠎ᠳᠤ᠂ ᠠᠵᠤ ᠠᠬᠤᠢᠯᠠᠯ ᠬᠢᠭᠡᠳ ᠳᠡᠭᠡᠳᠦ ᠰᠤᠷᠭᠠᠭᠤᠯᠢ ᠲᠣᠰ ᠲᠣᠰ᠎ᠤᠨ ᠳᠠᠪᠠᠭᠤᠯᠢᠭ ᠲᠠᠯ᠎ᠠ᠎ᠲᠠᠶ᠂ ᠬᠠᠷᠢᠯᠴᠠᠨ ᠨᠥᠬᠥᠪᠥᠷᠢᠯᠡᠬᠦ᠌ ᠴᠢᠨᠠᠷ᠎ᠢᠶᠠᠷ ᠲᠤᠢᠯ᠎ᠤᠨ ᠴᠢᠩᠭ᠎ᠠ ᠪᠠᠢᠳᠠᠭ᠃ ᠬᠣᠶᠠᠷ ᠲᠠᠯ᠎ᠠ᠎ᠶ᠋ᠢᠨ ᠳᠠᠪᠠᠭᠤᠯᠢᠭ ᠭᠦᠨᠵᠡᠭᠡᠢ ᠤᠶᠠᠯᠳᠤᠪᠠᠯ᠂ 〈 1 + 1 > 2 〉 ᠎ᠤ᠋ᠨ ᠦᠷ᠎ᠡ ᠪᠦᠲᠦᠮᠵᠢ᠎ᠶ᠋ᠢ ᠨᠡᠩ ᠢᠯᠡᠭᠦᠦ ᠪᠠᠳᠠᠷᠠᠭᠤᠯᠵᠤ ᠴᠢᠳᠠᠨ᠎ᠠ》 ᠭᠡᠵᠦ ᠶᠠᠷᠢᠪᠠ᠃

ᠣᠢᠯᠠᠭᠠᠭ᠍ᠰᠠᠨ᠎ᠢᠶᠠᠷ᠂ ᠳ᠋ᠣᠺᠲ᠋ᠣᠷ ᠴᠢᠳᠠᠪᠤᠷᠢᠲᠠᠨ᠎ᠢ ᠰᠣᠩᠭᠣᠨ ᠲᠣᠮᠢᠯᠠᠵᠤ ᠠᠵᠤ ᠠᠬᠤᠢᠯᠠᠯ ᠪᠤᠶᠤ ᠶᠡᠬᠡ ᠳᠡᠭᠡᠳᠦ ᠰᠤᠷᠭᠠᠭᠤᠯᠢ᠎ᠳᠤ ᠲᠦᠷ ᠴᠠᠭ ᠲᠤᠱᠢᠶᠠᠯ ᠡᠭᠦᠷᠭᠡᠯᠡᠭᠦᠯᠬᠦ᠌ ᠪᠣᠯ ᠪᠤᠭᠤᠲᠤ ᠬᠣᠲᠠ᠎ᠶ᠋ᠢᠨ ᠨᠠᠮ᠎ᠤᠨ ᠬᠣᠷᠢᠶᠠᠨ᠎ᠤ ᠵᠣᠬᠢᠶᠠᠨ ᠪᠠᠢᠭᠤᠯᠬᠤ ᠬᠡᠯᠲᠡᠰ᠎ᠦᠨ 《ᠬᠣᠶᠠᠷ ᠬᠣᠪᠣᠷ ᠱᠢᠷᠣᠶ᠎ᠶ᠋ᠢᠨ ᠰᠠᠭᠤᠷᠢᠨ》 ᠪᠠ 《3 + 5 + N》 ᠭᠤᠤᠯᠳᠠᠯᠭ᠎ᠠ᠎ᠲᠠᠶ ᠠᠵᠤ ᠦᠶ᠋ᠯᠡᠰ᠎ᠤᠨ ᠪᠦᠯᠦᠭᠵᠢᠯ᠂ ᠰᠤᠷᠭᠠᠨ ᠬᠥᠮᠦᠵᠢᠯ ᠡᠮ ᠡᠮᠨᠡᠯᠭᠡ ᠰᠣᠶᠣᠯ 《ᠭᠤᠷᠪᠠᠨ ᠶᠡᠬᠡ ᠥᠨᠳᠥᠷᠯᠢᠭ》᠎ᠤ᠋ᠨ ᠪᠥᠲᠥᠭᠡᠨ ᠪᠠᠢᠭᠤᠯᠤᠯᠲᠠ᠎ᠶ᠋ᠢᠨ ᠭᠡᠷᠡᠭᠴᠡᠭᠡ ᠪᠤᠯᠤᠨ᠎ᠠ᠃ ᠵᠤᠷᠢᠯᠭ᠎ᠠ ᠨᠢ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠳᠦ ᠠᠩᠬᠠᠷᠤᠯ᠎ᠢᠶᠠᠨ ᠲᠥᠪᠯᠡᠷᠡᠭᠦᠯᠦᠨ᠂ ᠠᠳᠠᠯᠢ ᠪᠤᠰᠤ ᠪᠠᠢᠭᠤᠯᠤᠮᠵᠢ᠂ ᠠᠳᠠᠯᠢ ᠪᠤᠰᠤ ᠨᠢᠭᠡᠴᠢ᠎ᠶ᠋ᠢᠨ ᠴᠢᠳᠠᠪᠤᠷᠢᠲᠠᠨ᠎ᠢ ᠵᠣᠬᠢᠶᠠᠨ ᠪᠠᠢᠭᠤᠯᠵᠤ ᠬᠠᠮᠵᠢᠯᠴᠠᠨ ᠪᠣᠭᠣᠮᠲᠠ ᠱᠢᠪᠲᠤᠯᠵᠤ᠂ ᠴᠢᠳᠠᠪᠤᠷᠢᠲᠠᠨ᠎ᠤ ᠬᠡᠷᠡᠭ᠌ᠴᠡᠭᠡ᠎ᠵᠢ ᠭᠦᠶ᠋ᠴᠡᠳ ᠪᠠᠳᠠᠷᠠᠭᠤᠯᠬᠤ ᠶ᠋ᠢᠨ ᠲᠥᠯᠥᠭᠡ ᠶᠤᠮ᠃

ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠨᠠᠮ  ᠣᠯᠠᠨ ᠲᠦᠮᠡᠨ᠎ᠦ ᠠᠵᠢᠯ᠎ᠤᠨ ᠬᠡᠯᠲᠡᠰ᠎ᠦᠨ ᠴᠢᠳᠠᠪᠤᠷᠢᠲᠠᠨ᠎ᠤ ᠠᠯᠪᠠᠨ ᠬᠡᠷ᠎ᠦᠨ ᠬᠠᠷᠢᠭᠤᠴᠠᠯᠭᠠᠲᠠᠨ ᠵᠠᠩ ᠸᠧᠶ ᠢᠯᠡᠷᠬᠡᠢᠯᠡᠬᠦ᠌᠎ᠳᠡᠭᠡᠨ᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠬᠢᠨ 《ᠬᠠᠷᠢᠯᠴᠠᠨ ᠤᠷᠢᠵᠤ ᠬᠠᠮᠲᠤ᠎ᠪᠠᠷ ᠡᠳ᠋ᠯᠡᠬᠦ᠌》 ᠴᠢᠳᠠᠪᠤᠷᠢᠲᠠᠨ᠎ᠤ ᠲᠣᠭ᠍ᠲᠠᠴᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠤᠤᠯᠯᠠᠭ᠍ᠴᠢ ᠬᠦᠴᠦᠨ ᠬᠢᠭᠡᠳ ᠠᠵᠢᠯ ᠲᠥᠷᠥᠯ᠎ᠦᠨ ᠳᠠᠭᠠᠭᠤᠯᠤᠭ᠍ᠴᠢ ᠠᠵᠤ ᠠᠬᠤᠢᠯᠠᠯ᠎ᠤᠨ ᠮᠡᠷᠭᠡᠵᠢᠯ᠎ᠦᠨ ᠲᠤᠰᠭᠠᠶ ᠮᠡᠷᠭᠡᠵᠢᠯᠲᠡᠨ᠎ᠦ ᠬᠤᠤᠰ ᠴᠢᠭ᠌ᠯᠡᠯᠲᠦ ᠰᠣᠯᠢᠯᠴᠠᠭ᠎ᠠ᠎ᠶ᠋ᠢ ᠭᠤᠤᠯᠳᠠᠯᠭ᠎ᠠ᠎ᠲᠠᠶ ᠳᠥᠯᠭᠢᠨ ᠠᠬᠢᠭᠤᠯᠵᠤ᠂ ᠬᠠᠮᠲᠤᠷᠠᠭ᠍ᠰᠠᠨ ᠲᠤᠷᠱᠢᠯᠲᠠ᠎ᠶ᠋ᠢᠨ ᠲᠠᠰᠤᠭ᠂ ᠠᠵᠤ ᠦᠶ᠋ᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠬᠣᠯᠪᠣᠭ᠎ᠠ ᠵᠡᠷᠭᠡ ᠲᠠᠪᠴᠠᠩ᠎ᠢ ᠬᠠᠮᠲᠤ᠎ᠪᠠᠷ ᠪᠠᠢᠭᠤᠯᠤᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠬᠤᠪᠢᠷᠠᠭᠤᠯᠬᠤ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠦᠨ᠎ᠡ ᠭᠡᠵᠡᠶ᠃

ᠰᠠᠢᠨ ᠰᠠᠢᠬᠠᠨ ᠤᠷᠴᠢᠨ ᠲᠤᠭᠤᠷᠢᠨ ᠨᠢ ᠴᠢᠳᠠᠪᠤᠷᠢᠳᠠᠨ᠎ᠢ ᠠᠶᠠᠨᠳᠠᠭᠠᠨ ᠲᠠᠳᠠᠨ᠎ᠠ᠃ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠪᠠᠢᠭᠤᠯᠤᠮᠵᠢ ᠲᠣᠭ᠍ᠲᠠᠴᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠂ ᠴᠢᠳᠠᠪᠤᠷᠢᠲᠠᠨ᠎ᠢ ᠬᠥᠭ᠌ᠵᠢᠯᠲᠡ᠎ᠶ᠋ᠢᠨ ᠴᠢᠬᠤᠯᠠ ᠡᠬᠢ ᠪᠠᠶᠠᠯᠢᠭ ᠪᠤᠯᠭᠠᠨ᠂ 《ᠠᠵᠢᠯ ᠦᠶ᠋ᠯᠡᠰ᠎ᠦᠨ ᠣᠷᠣᠨ ᠲᠣᠭ᠎ᠠ᠎ᠶ᠋ᠢ ᠠᠵᠤ ᠠᠬᠤᠢᠯᠠᠯ ᠳ᠋ᠤ ᠬᠡᠷᠡᠭ᠌ᠯᠡᠬᠦ᠌》 ᠪᠠ 《ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠦᠷᠢᠶ᠎ᠡ ᠴᠠᠷᠠᠭᠠᠨ᠎ᠳᠤ ᠴᠢᠳᠠᠪᠤᠷᠢᠲᠠᠨ ᠤᠷᠢᠵᠤ ᠡᠯᠰᠡᠬᠦ᠌》 ᠵᠡᠷᠭᠡ ᠠᠵᠢᠯ ᠵᠢᠡᠷ ᠭᠠᠷᠳᠠᠴᠠ ᠪᠤᠯᠭᠠᠨ᠂ 《ᠲᠠᠪᠴᠠᠩ ᠪᠠᠢᠭᠤᠯᠤᠨ ᠴᠢᠳᠠᠪᠤᠷᠢᠲᠠᠨ ᠤᠷᠢᠬᠤ》᠂ 《ᠤᠶᠠᠨ ᠴᠢᠨᠠᠷᠲᠠᠶ᠎ᠪᠠᠷ ᠴᠢᠳᠠᠪᠤᠷᠢᠲᠠᠨ ᠬᠡᠷᠡᠭ᠌ᠯᠡᠬᠦ᠌》᠂ 《ᠨᠤᠲᠤᠭ᠎ᠤᠨ ᠴᠢᠳᠠᠪᠤᠷᠢᠲᠠᠨ᠎ᠢ ᠬᠥᠮᠦᠵᠢᠭᠦᠯᠬᠦ᠌》 ᠎ᠶ᠋ᠢ ᠬᠡᠷᠡᠭᠵᠢᠬᠦᠯᠵᠦ᠂ ᠠᠵᠤ ᠠᠬᠤᠢᠯᠠᠯ᠎ᠳᠤ ᠳᠡᠭᠡᠳᠦ ᠲᠡᠰ᠎ᠤᠨ ᠴᠢᠳᠠᠪᠤᠷᠢᠲᠠᠨ ᠳᠤᠲᠠᠭ᠍ᠳᠠᠵᠤ ᠪᠠᠢᠭ᠎ᠠ ᠬᠦᠴᠢᠷ ᠠᠰᠠᠭᠤᠳᠠᠯ᠎ᠢ ᠱᠢᠢᠳᠪᠦᠷᠢᠯᠡᠨ ᠥᠭ᠌ᠴᠦ᠂ ᠳᠡᠭᠡᠳᠦ ᠲᠡᠰ᠎ᠤᠨ ᠴᠢᠳᠠᠪᠤᠷᠢᠲᠠᠨ᠂ ᠲᠤᠰᠭᠠᠶ ᠮᠡᠷᠭᠡᠵᠢᠯ᠎ᠦᠨ ᠬᠡᠯᠪᠡᠷᠢ᠎ᠶ᠋ᠢᠨ ᠬᠤᠪᠤᠷ ᠴᠤᠬᠠᠭ ᠴᠢᠳᠠᠪᠤᠷᠢᠲᠠᠨ᠂ ᠱᠢᠨ᠎ᠡ᠎ᠪᠡᠷ ᠠᠵᠢᠯ ᠣᠯᠤᠭ᠍ᠰᠠᠨ ᠪᠤᠶᠤ ᠪᠡᠶ᠎ᠡ᠎ᠪᠡᠨ ᠳᠠᠭᠠᠭᠠᠵᠤ ᠦᠶ᠋ᠯᠡᠰ ᠪᠤᠰᠬᠠᠭᠰᠠᠨ ᠳᠡᠭᠡᠳᠦ ᠰᠤᠷᠭᠠᠭᠤᠯᠢ ᠲᠡᠭᠦᠰᠦᠭ᠌ᠰᠡᠳ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢᠲᠠᠨ᠎ᠵᠡᠷᠭᠡ ᠲᠡᠰ ᠲᠠᠪᠬᠤᠷᠭ᠎ᠠ ᠬᠤᠪᠢᠶᠠᠭᠰᠠᠨ᠂ ᠲᠦᠷᠦᠯ ᠬᠡᠯᠪᠡᠷᠢ ᠬᠤᠪᠢᠶᠠᠭᠰᠠᠨ᠂ ᠬᠠᠷᠢᠯᠴᠠᠨ ᠵᠣᠯᠭᠠᠯᠳᠤᠭ᠍ᠰᠠᠨ ᠴᠢᠳᠠᠪᠤᠷᠢᠲᠠᠨ᠎ᠤ ᠱᠢᠰᠲ᠋ᠧᠮ᠎ᠢ ᠪᠦᠷᠢᠯᠳᠦᠬᠦᠯᠵᠦ᠂ ᠴᠢᠳᠠᠪᠤᠷᠢᠲᠠᠨ ᠲᠥᠪᠯᠡᠷᠡᠭ᠌ᠰᠡᠨ ᠣᠷᠣᠨ᠎ᠠᠴᠠ ᠪᠠᠷᠠᠭᠤᠨ ᠣᠷᠣᠨ᠎ᠤ ᠴᠢᠳᠠᠪᠤᠷᠢᠲᠠᠨ᠎ᠤ ᠬᠦᠴᠦᠷᠬᠡᠭ ᠣᠷᠣᠨ ᠪᠣᠯᠬᠤ ᠲᠠᠪᠠᠯᠳᠠᠳᠤ ᠬᠥᠭ᠌ᠵᠢᠯᠲᠡ᠎ᠶ᠋ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号