ᠲᠠᠢᠱᠠᠨ ᠠᠭᠤᠯᠠᠨ᠎ᠤ ᠬᠣᠷᠮᠣᠢ᠎ᠳᠤ᠂ ᠲᠠᠢ ᠠᠨ᠎ᠤ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠦ ᠨᠠᠷᠠᠰᠤ ᠮᠠᠢᠯᠠᠰᠤ ᠬᠥᠬᠡᠷᠡᠨ ᠨᠣᠭᠣᠭᠠᠷᠠᠵᠤ᠂ ᠦᠩᠭᠡ᠎ᠶ᠋ᠢᠨ ᠴᠡᠴᠡᠭ ᠮᠢᠷᠠᠯᠵᠠᠨ ᠳᠡᠯᠭᠡᠷᠡᠨ᠎ᠡ᠃ ᠪᠤᠩᠬᠤᠨ᠎ᠤ ᠬᠦᠷᠢᠶᠡᠯᠡᠩ᠎ᠦᠨ ᠬᠣᠢᠲᠤ ᠲᠠᠯ᠎ᠠ᠎ᠳᠤ᠂ 10 ᠲᠤᠮᠤ ᠬᠡᠯᠪᠡᠷᠢ᠎ᠶ᠋ᠢᠨ ᠪᠣᠷᠵᠢᠨ ᠴᠢᠯᠠᠭᠤᠨ ᠪᠤᠩᠬᠤᠨ ᠵᠡᠷᠭᠡᠴᠡᠨ ᠪᠠᠢᠵᠤ᠂ ᠶᠠᠫᠣᠨ᠎ᠢ ᠡᠰᠡᠷᠭᠦᠴᠡᠭ᠌ᠰᠡᠨ ᠪᠠᠭᠠᠲᠤᠷ ᠯᠢ ᠵᠧᠩ ᠬᠤᠸᠠ ᠡᠨᠳᠡ ᠮᠥᠩᠬᠡ ᠨᠣᠢᠷᠰᠤᠵᠤ ᠪᠠᠢᠳᠠᠭ᠃
ᠯᠢ ᠵᠧᠩ ᠬᠤᠸᠠ᠎ᠶ᠋ᠢᠨ ᠤᠤᠯ ᠨᠡᠷ᠎ᠡ ᠨᠢ ᠯᠢ ᠯᠢᠶᠠᠨ ᠱᠢᠤ ᠭᠡᠳᠡᠭ᠂ 1905 ᠣᠨ᠎ᠳᠤ᠎ᠲᠠᠶ ᠠᠨ ᠱᠢᠶᠠᠨ᠎ᠤ ᠼᠤᠤ ᠾᠧ ᠶᠠ ᠲᠣᠰᠭᠣᠨ (ᠤᠳᠤ᠎ᠶ᠋ᠢᠨ᠎ᠲᠠᠶ ᠠᠨ ᠬᠤᠳᠠ᠎ᠶ᠋ᠢᠨ ᠳ᠋ᠠᠢ ᠶᠤᠸᠠᠢ ᠲᠣᠭᠣᠷᠢᠭ᠎ᠤᠨ ᠮᠠ ᠵᠤᠸᠠᠩ ᠪᠠᠯᠭᠠᠰᠤ᠎ᠶ᠋ᠢᠨ ᠼᠤᠤ ᠾᠧ ᠲᠣᠰᠭᠣᠨ) ᠤ᠋ ᠨᠢᠭᠡᠨ ᠪᠠᠶᠠᠨ ᠴᠢᠨᠡᠭᠡᠯᠢᠭ ᠬᠡᠷ ᠪᠦᠯᠢ᠎ᠳᠦ ᠲᠦᠷᠦᠵᠡᠢ᠃ ᠲᠡᠷᠡ ᠬᠠᠷᠠᠬᠠᠨ ᠪᠠᠭ᠎ᠠ᠎ᠡᠴᠡ᠎ᠪᠠᠨ ᠠᠰᠪᠤᠷ ᠴᠠᠭᠠᠪᠤᠷ᠂ ᠱᠢᠳᠤᠷᠭᠤ ᠰᠡᠳᠭᠢᠯ᠎ᠲᠡᠶ᠂ ᠲᠡᠷᠰᠯᠡᠭᠦᠦ ᠬᠦᠴᠦᠨ᠎ᠲᠡᠶ ᠵᠣᠷᠢᠭ᠍ᠲᠠᠢ ᠲᠡᠮᠡᠴᠡᠳᠡᠭ ᠪᠠᠢᠵᠠᠢ᠃
ᠬᠣᠷᠢᠳᠤᠭᠠᠷ ᠵᠠᠭᠤᠨ᠎ᠤ ᠬᠣᠷᠢ ᠭᠤᠴᠢᠭᠠᠳ ᠣᠨ᠎ᠤ ᠦᠶ᠎ᠡ᠎ᠶ᠋ᠢᠨ ᠳᠤᠮᠳᠠᠳᠤ ᠤᠯᠤᠰ᠎ᠲᠤ ᠠᠷᠠᠳ ᠤᠯᠠᠨ ᠭᠠᠯ ᠤᠰᠤᠨ᠎ᠤ ᠭᠠᠰᠠᠯᠠᠩ ᠵᠣᠪᠠᠯᠠᠩ᠎ᠳᠤ ᠤᠨᠠᠭ᠍ᠰᠠᠨ ᠦᠶ᠎ᠡ ᠳ᠋ᠦ ᠯᠢ ᠵᠧᠩ ᠬᠤᠸᠠ ᠭᠤᠨᠢᠭ ᠬᠣᠷᠣᠰᠤᠯ᠎ᠢᠶᠠᠨ ᠳᠠᠷᠤᠵᠤ ᠶᠠᠳᠠᠨ᠂ ᠥᠪᠡᠷ᠎ᠢᠶᠡᠨ ᠵᠠᠷᠤᠳᠠᠯ ᠮᠦᠨᠭᠭᠦ ᠴᠤᠭ᠍ᠯᠠᠭᠤᠯᠤᠨ ᠲᠣᠰᠭᠣᠨ᠎ᠳᠤ ᠮᠢᠨ ᠵᠥᠨᠭ ᠪᠠᠭ᠎ᠠ ᠰᠤᠷᠭᠠᠭᠤᠯᠢ ᠪᠠᠢᠭᠤᠯᠵᠤ᠂ ᠰᠦᠢᠳᠭᠡᠯ ᠬᠤᠷᠢᠶᠠᠬᠤ ᠦᠭᠡᠢ᠎ᠪᠡᠷ ᠶᠠᠳᠠᠭᠤ ᠬᠦᠴᠢᠷᠳᠡᠯᠲᠡᠢ ᠰᠤᠷᠤᠬ᠍ᠴᠢ᠎ᠶ᠋ᠢ ᠰᠤᠷᠭᠠᠭᠤᠯᠢ᠎ᠳᠤ ᠰᠠᠭᠤᠯᠭᠠᠪᠠ; ᠫᠦ ᠵᠢᠶ ᠬᠢᠲᠠᠳ ᠡᠮ᠎ᠦᠨ ᠳᠡᠯᠭᠡᠭᠦᠷ ᠡᠷᠬᠢᠯᠡᠵᠦ᠍᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠡᠪᠡᠳᠴᠢᠨ᠎ᠢ ᠵᠠᠰᠠᠪᠠ᠃ ᠡᠨᠡ ᠬᠤᠭᠤᠴᠠᠭᠠᠨ᠎ᠳᠤ᠂ ᠲᠡᠷᠡ ᠨᠢᠭᠡ ᠪᠦᠯᠦᠭ ᠬᠠᠯᠠᠭᠤᠨ ᠰᠡᠳᠭᠢᠯᠲᠦ ᠵᠠᠯᠠᠭᠤᠴᠤᠳ᠎ᠲᠠᠶ ᠪᠦᠯᠬᠦᠮᠳᠡᠵᠦ᠍᠂ ᠤᠯᠠᠨ ᠲᠦᠮᠡᠨ᠎ᠦ ᠳᠤᠮᠳᠠ ᠬᠤᠪᠢᠰᠭᠠᠯ᠎ᠤᠨ ᠤᠴᠢ᠎ᠶ᠋ᠢ ᠰᠠᠴᠤᠪᠠ᠃ 1937 ᠣᠨ᠎ᠳᠤ᠂ ᠯᠢ ᠵᠧᠩ ᠬᠤᠸᠠ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠃
1937 ᠣᠨ᠎ᠤ 《7·7》 ᠤ᠋ ᠬᠡᠷᠡᠭ ᠬᠤᠪᠢᠰᠤᠯ᠎ᠤᠨ ᠳᠠᠷᠠᠭ᠎ᠠ᠂ ᠶᠠᠫᠣᠨ ᠴᠡᠷᠢᠭ ᠶᠡᠬᠡ ᠬᠡᠪᠴᠢᠶ᠎ᠡ᠎ᠪᠡᠷ ᠡᠮᠦᠨᠡᠰᠢ ᠲᠦᠷᠢᠮᠡᠬᠡᠢᠯᠡᠵᠦ᠍᠂ ᠵᠢᠨᠠᠨ᠂ ᠲᠠᠢ ᠠᠨ ᠤᠷᠢᠳ ᠬᠣᠵᠢᠳ ᠳᠠᠢᠰᠤᠨ᠎ᠳᠤ ᠡᠵᠡᠯᠡᠭ᠌ᠳᠡᠪᠡ᠃ ᠤᠯᠤᠰ ᠬᠦᠷᠦᠨ ᠠᠶᠤᠯ ᠲᠦᠭ᠌ᠰᠢᠭᠦᠷᠢ᠎ᠳᠦ ᠲᠤᠯᠭᠠᠷᠠᠭ᠍ᠰᠠᠨ ᠦᠶ᠎ᠡ᠎ᠳᠦ᠂ ᠯᠢ ᠵᠧᠩ ᠬᠤᠸᠠ ᠰᠡᠳᠭᠢᠯ ᠱᠢᠭᠤᠳᠤᠨ ᠡᠵᠡᠩᠨᠡᠵᠦ᠍ ᠪᠠᠢᠭ᠍ᠰᠠᠨ ᠮᠢᠨ ᠵᠥᠨᠭ ᠪᠠᠭ᠎ᠠ ᠰᠤᠷᠭᠠᠭᠤᠯᠢ ᠪᠣᠯᠤᠨ ᠬᠢᠲᠠᠳ ᠡᠮ᠎ᠦᠨ ᠳᠡᠯᠭᠡᠭᠦᠷ᠎ᠢᠶᠡᠨ ᠡᠷᠡᠰ ᠱᠢᠭᠤᠷᠬᠠᠢ᠎ᠪᠠᠷ ᠪᠤᠰᠤᠳ᠎ᠲᠤ ᠨᠠᠢᠳᠠᠵᠤ᠂ ᠤᠷᠳᠤ ᠴᠠᠮᠴᠠ᠎ᠪᠠᠨ ᠲᠠᠢ᠌ᠯᠵᠤ ᠵᠡᠪᠰᠡᠭ ᠠᠳᠭᠤᠨ᠂ ᠶᠠᠫᠣᠨ᠎ᠢ ᠡᠰᠡᠷᠭᠦᠴᠡᠬᠦ᠌ ᠵᠡᠪᠰᠡᠭ᠌ᠲᠦ ᠬᠦᠴᠦᠨ᠎ᠢ ᠵᠣᠬᠢᠶᠠᠨ ᠪᠠᠢᠭᠤᠯᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠶᠠᠫᠣᠨ᠎ᠢ ᠡᠰᠡᠷᠭᠦᠴᠡᠵᠦ᠍ ᠮᠥᠬᠥᠯ᠎ᠡᠴᠡ ᠠᠪᠤᠷᠠᠬᠤ ᠬᠥᠳᠡᠯᠭᠡᠭᠡᠨ᠎ᠳᠦ ᠣᠷᠣᠯᠴᠠᠪᠠ᠃
1938 ᠣᠨ᠎ᠤ ᠱᠢᠨ᠎ᠡ ᠵᠢᠯ᠎ᠦᠨ ᠱᠢᠨ᠎ᠡ᠎ᠶ᠋ᠢᠨ ᠨᠢᠭᠡᠨ᠎ᠦ ᠥᠷᠯᠥᠭᠡ᠂ ᠯᠢ ᠵᠧᠩ ᠬᠤᠸᠠ᠂ ᠵᠠᠩ ᠵᠢᠶ᠍ᠸ 50 ᠭᠠᠷᠤᠢ ᠫᠠᠷᠲ᠋ᠢᠽᠠᠨ ᠠᠩᠬᠢ᠎ᠶ᠋ᠢᠨ ᠭᠡᠱᠢᠭᠦᠨ᠎ᠢ ᠳᠠᠭᠠᠭᠤᠯᠤᠨ ᠼᠤᠤ ᠾᠧ ᠶᠠ ᠶᠡᠬᠡ ᠬᠥᠭᠥᠷᠭᠡ᠎ᠶ᠋ᠢᠨ ᠦᠵᠦᠭᠦᠷ᠎ᠲᠦ ᠴᠤᠭ᠍ᠯᠠᠷᠠᠵᠤ᠂ ᠵᠡᠭᠦᠨᠱᠢᠯᠡᠬᠦ᠌ ᠪᠣᠰᠣᠯᠭ᠎ᠠ᠎ᠳᠤ ᠣᠷᠣᠯᠴᠠᠪᠠ᠃ ᠠᠷᠪᠠᠨ ᠬᠡᠳᠦᠨ ᠡᠳᠦᠷ᠎ᠦᠨ ᠳᠠᠷᠠᠭ᠎ᠠ᠂ ᠴᠡᠷᠢᠭ ᠠᠩᠬᠢ ᠱᠠᠨᠳ᠋ᠦᠢ᠍ᠩ ᠲᠣᠭᠣᠷᠢᠭ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠥᠪᠡᠷ᠎ᠢ᠎ᠪᠡᠨ ᠬᠠᠮᠠᠭᠠᠯᠠᠬᠤ ᠬᠣᠷᠢᠢ᠎ᠠ᠎ᠳᠤ ᠣᠷᠣᠵᠤ᠂ ᠨᠠᠮ᠎ᠤᠨ ᠤᠳᠤᠷᠢᠳᠤᠯᠭ᠎ᠠ ᠳᠣᠣᠷᠠᠬᠢ ᠵᠡᠪᠰᠡᠭ᠌ᠲᠦ ᠬᠦᠴᠦᠨ᠎ᠢᠶᠡᠷ ᠶᠠᠫᠣᠨ᠎ᠢ ᠡᠰᠡᠷᠭᠦᠴᠡᠬᠦ᠌ ᠠᠶᠠᠨ ᠵᠠᠮ᠎ᠳᠠᠭᠠᠨ ᠮᠣᠷᠳᠠᠪᠠ᠃
1941 ᠣᠨ᠎ᠤ 4 ᠰᠠᠷ᠎ᠠ᠎ᠶ᠋ᠢᠨ 22 ᠤ᠋ᠨ ᠡᠳᠦᠷ᠂ ᠯᠢ ᠵᠧᠩ ᠬᠤᠸᠠ᠎ᠲᠠᠶ ᠰᠢ ᠴᠡᠷᠢᠭ᠎ᠦᠨ ᠬᠤᠪᠢᠶᠠᠷᠢ ᠲᠣᠭᠣᠷᠢᠭ᠎ᠤᠨ ᠱᠲ᠋ᠠᠪ᠎ᠤᠨ ᠭᠠᠵᠠᠷ᠎ᠲᠤ ᠬᠤᠷᠠᠯ ᠬᠢᠵᠦ᠍᠂ ᠪᠤᠴᠠᠬᠤ ᠵᠠᠮ᠎ᠳᠠᠭᠠᠨ ᠹᠸᠢ ᠴᠧᠩ᠎ᠦᠨ ᠰᠦᠩ ᠵᠢᠶᠠ ᠵᠤᠸᠠᠩ ᠲᠣᠰᠭᠣᠨ᠎ᠤ ᠠᠷᠠᠳ᠎ᠤᠨ ᠭᠡᠷ᠎ᠲᠦ ᠬᠣᠨᠣᠵᠤ᠂ ᠳᠠᠢᠰᠤᠨ᠎ᠤ ᠪᠦᠰᠡᠯᠡᠯᠲᠡ᠎ᠳᠦ ᠤᠴᠠᠷᠠᠪᠠ᠃ ᠠᠶᠤᠯ ᠲᠦᠭ᠌ᠰᠢᠭᠦᠷᠢᠲᠦ ᠴᠠᠭ ᠮᠥᠴᠡ᠎ᠳᠦ᠂ ᠲᠣᠰᠭᠣᠨ᠎ᠤ ᠠᠷᠠᠳ ᠲᠡᠭᠦᠨ᠎ᠢ ᠨᠦᠬᠡᠨᠭᠡᠷ ᠲᠦ᠍ ᠣᠷᠣᠵᠤ ᠳᠠᠯᠳᠠᠯᠠ ᠭᠡᠵᠦ᠍ ᠢᠳᠭᠠᠪᠠ᠃ ᠭᠡᠪᠡᠴᠦ᠍ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠴᠢᠷᠦᠭ᠌ᠳᠡᠭᠦᠯᠬᠦ᠌ ᠦᠭᠡᠢ᠎ᠶ᠋ᠢᠨ ᠲᠥᠯᠥᠭᠡ᠂ ᠲᠡᠷᠡ ᠡᠷᠡᠰ ᠲᠡᠪᠴᠢᠵᠦ᠍᠂ ᠬᠣᠯᠪᠣᠭᠠᠴᠢᠨ᠎ᠢᠶᠠᠨ ᠳᠠᠭᠠᠭᠤᠯᠤᠨ ᠲᠣᠰᠭᠣᠨ᠎ᠤ ᠭᠠᠳᠠᠨ᠎ᠠ ᠭᠠᠷᠴᠤ᠌᠂ ᠪᠦᠰᠡᠯᠡᠯᠲᠡ᠎ᠶ᠋ᠢ ᠱᠢᠪᠲᠤᠯᠤᠨ ᠲᠣᠰᠭᠣᠨ᠎ᠤ ᠵᠠᠬ᠎ᠠ᠎ᠳᠤ ᠬᠦᠷᠬᠦ᠌᠎ᠳᠦ ᠵᠣᠯ ᠪᠤᠰᠤ᠎ᠪᠠᠷ ᠰᠤᠮᠤᠨ᠎ᠳᠤ ᠤᠨᠤᠭ᠍ᠳᠠᠵᠤ᠂ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠃
ᠡᠨᠡ ᠬᠦ᠌ ᠶᠠᠫᠣᠨ᠎ᠢ ᠡᠰᠡᠷᠭᠦᠴᠡᠭ᠌ᠰᠡᠨ ᠪᠠᠭᠠᠲᠤᠷ᠎ᠢ ᠳᠤᠷᠠᠰᠭᠠᠬᠤ᠎ᠶ᠋ᠢᠨ ᠲᠥᠯᠥᠭᠡ᠂ ᠲᠠᠢ ᠠᠨ ᠱᠢᠶᠠᠨ᠎ᠤ ᠨᠠᠮ᠎ᠤᠨ ᠬᠣᠷᠢᠢ᠎ᠠ᠂ ᠱᠢᠶᠠᠨ᠎ᠤ ᠶᠠᠫᠣᠨ᠎ᠢ ᠡᠰᠡᠷᠭᠦᠴᠡᠬᠦ᠌ ᠠᠷᠠᠳᠴᠢᠯᠠᠭ᠍ᠰᠠᠨ ᠵᠠᠰᠠᠭ᠎ᠤᠨ ᠣᠷᠳᠣᠨ ᠦᠷᠡᠭ᠌ᠳᠡᠭ᠌ᠰᠡᠨ ᠪᠠᠭᠠᠲᠤᠷ᠎ᠤᠨ ᠨᠤᠲᠤᠭ᠎ᠲᠤ ᠦᠪᠡᠳᠡᠭ᠌ᠰᠢ ᠶᠡᠬᠡ ᠭᠠᠱᠢᠭᠤᠳᠠᠯᠤᠨ ᠬᠤᠷᠠᠯ ᠬᠢᠪᠡ᠃ 1963 ᠣᠨ᠎ᠳᠤ᠂ ᠦᠷᠡᠭ᠌ᠳᠡᠭ᠌ᠰᠡᠨ ᠪᠠᠭᠠᠲᠤᠷ ᠯᠢ ᠵᠧᠩ ᠬᠤᠸᠠ᠎ᠶ᠋ᠢᠨ ᠴᠢᠨᠳᠠᠷ᠎ᠢ ᠼᠤᠤ ᠡᡁᠸ ᠶᠠ ᠲᠣᠰᠭᠣᠨ᠎ᠡᠴᠡ᠎ᠲᠠᠶ ᠠᠨ᠎ᠤ ᠬᠤᠪᠢᠰᠭᠠᠯ᠎ᠤᠨ ᠦᠷᠡᠭ᠌ᠳᠡᠭ᠌ᠰᠡᠨ ᠪᠠᠭᠠᠲᠤᠷᠴᠤᠳ᠎ᠤᠨ ᠪᠤᠩᠬᠤᠨ᠎ᠤ ᠬᠦᠷᠢᠶᠡᠯᠡᠩ᠎ᠳᠦ ᠱᠢᠯᠵᠢᠭᠦᠯᠦᠨ ᠣᠷᠣᠱᠢᠭᠤᠯᠪᠠ᠃ 2020 ᠣᠨ᠎ᠤ 9 ᠰᠠᠷ᠎ᠠ᠎ᠳᠤ᠂ ᠯᠢ ᠵᠧᠩ ᠬᠤᠸᠠ ᠭᠤᠷᠪᠠᠳᠤᠭᠠᠷ ᠪᠦᠯᠦᠭ᠎ᠦᠨ ᠶᠠᠫᠣᠨ᠎ᠢ ᠡᠰᠡᠷᠭᠦᠴᠡᠭ᠌ᠰᠡᠨ ᠠᠯᠳᠠᠷᠲᠤ ᠦᠷᠡᠭ᠌ᠳᠡᠭ᠌ᠰᠡᠨ ᠪᠠᠭᠠᠲᠤᠷ᠂ ᠪᠠᠭᠠᠲᠤᠷᠯᠢᠭ ᠬᠥᠮᠦᠰ᠎ᠦᠨ ᠨᠡᠷᠡᠰ᠎ᠲᠦ ᠰᠣᠩᠭᠣᠭ᠍ᠳᠠᠪᠠ᠃
ᠯᠢ ᠵᠧᠩ ᠬᠤᠸᠠ ᠪᠡᠶ᠎ᠡ ᠦᠷᠡᠭ᠌ᠳᠡᠭ᠌ᠰᠡᠨᠦ ᠲᠠᠷᠠᠭ᠎ᠠ᠂ ᠲᠡᠭᠦᠨ᠎ᠦ ᠶᠡᠬᠡ ᠬᠦᠦ ᠯᠢ ᠷᠦᠢ ᠶᠦᠨ ᠡᠴᠢᠭᠡᠶ᠋ᠢᠨᠢᠶᠡᠨ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠶᠠᠫᠣᠨ᠎ᠢ ᠡᠰᠡᠷᠭᠦᠴᠡᠬᠦ᠌ ᠲᠠᠢ᠌ᠨ᠎ᠳᠦ ᠣᠷᠣᠯᠴᠠᠵᠤ᠂ 1945 ᠣᠨ᠎ᠤ 10 ᠰᠠᠷ᠎ᠠ᠎ᠳᠤ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠂ ᠰᠠᠶ᠍ᠢ 20 ᠨᠠᠰᠤᠲᠠᠢ ᠪᠠᠢᠯ᠎ᠠ᠃ 1951 ᠣᠨ᠎ᠳᠤ᠂ ᠲᠣᠰᠭᠣᠨ᠎ᠤ ᠲᠠᠷᠢᠶᠠᠴᠢᠳ᠎ᠤᠨ ᠨᠡᠢᠭᠡᠮᠯᠢᠭ᠎ᠡᠴᠡ ᠯᠢ ᠵᠧᠩ ᠬᠤᠸᠠ᠎ᠶ᠋ᠢᠨ ᠬᠣᠢᠴᠢᠰ᠎ᠲᠤ 《ᠨᠢᠬᠡ ᠡᠷᠦᠬᠡ ᠵᠢᠨ ᠬᠣᠣᠰ ᠦᠷᠡᠭ᠌ᠳᠡᠭ᠌ᠰᠡᠨ ᠪᠠᠭᠠᠲᠤᠷ》 ᠭᠡᠬᠦ᠌ ᠫᠠᠢᠰᠠ ᠪᠡᠯᠡᠭ᠌ᠯᠡᠪᠡ᠃
2021 ᠣᠨ᠎ᠳᠤ᠂ ᠱᠠᠨᠳ᠋ᠦᠢ᠍ᠩ ᠤ᠋ᠨ ᠪᠠᠷᠠᠭᠤᠨ ᠲᠣᠭᠣᠷᠢᠭ᠎ᠤᠨ ᠠᠷᠠᠳ᠎ᠤᠨ ᠳᠠᠢᠰᠤᠨ᠎ᠢ ᠡᠰᠡᠷᠭᠦᠴᠡᠬᠦ᠌ ᠥᠪᠡᠷ᠎ᠢ᠎ᠪᠡᠨ ᠬᠠᠮᠠᠭᠠᠯᠠᠬᠤ ᠬᠣᠷᠢᠢ᠎ᠠ᠎ᠶ᠋ᠢᠨ ᠲᠠᠪᠤᠳᠤᠭᠠᠷ ᠶᠡᠬᠡ ᠠᠩᠬᠢ᠎ᠶ᠋ᠢᠨ ᠳᠤᠷᠠᠰᠭᠠᠯ᠎ᠤᠨ ᠣᠷᠳᠣᠨ ᠼᠤᠤ ᠾᠧ ᠲᠣᠰᠭᠣᠨ᠎ᠳᠤ ᠡᠭᠦᠳᠡ᠎ᠪᠡᠨ ᠨᠡᠭᠡᠭᠡᠵᠦ᠍᠂ ᠤᠳᠤ ᠨᠢᠭᠡᠨᠲᠡ ᠳ᠋ᠠᠢ ᠶᠤᠸᠠᠢ ᠲᠣᠭᠣᠷᠢᠭ᠎ᠤᠨ ᠤᠯᠤᠰ᠎ᠢᠶᠠᠨ ᠬᠠᠢᠷᠠᠯᠠᠬᠤ ᠦᠵᠡᠯ᠎ᠦᠨ ᠬᠥᠮᠦᠵᠢᠯ᠎ᠦᠨ ᠰᠠᠭᠤᠷᠢᠨ ᠪᠤᠯᠵᠦ᠍᠂ ᠵᠢᠯ ᠪᠦᠷᠢ ᠡᠨᠳᠡ ᠢᠷᠡᠵᠦ᠍ ᠬᠤᠪᠢᠰᠭᠠᠯ᠎ᠤᠨ ᠬᠥᠮᠦᠵᠢᠯ ᠬᠦᠷᠳᠡᠵᠦ᠍ ᠪᠠᠢᠭ᠎ᠠ ᠨᠠᠮ᠎ᠤᠨ ᠭᠡᠱᠢᠭᠦᠨ ᠺᠠᠳ᠋ᠷ ᠪᠣᠯᠤᠨ ᠤᠯᠠᠨ ᠲᠦᠮᠡᠨ᠎ᠢ ᠵᠠᠭᠤ ᠱᠢᠬᠠᠮ ᠤᠳᠠᠭ᠎ᠠ ᠬᠦᠯᠢᠶᠡᠨ ᠠᠪᠴᠤ᠌ ᠪᠠᠢᠨ᠎ᠠ᠃ ᠼᠤᠤ ᠾᠧ ᠲᠣᠰᠭᠣᠨ᠎ᠤ ᠨᠠᠮ᠎ᠤᠨ ᠡᠭᠦᠷ᠎ᠦᠨ ᠱᠦᠵᠢ᠂ ᠳᠤᠷᠠᠰᠭᠠᠯ᠎ᠤᠨ ᠣᠷᠳᠣᠨ᠎ᠤ ᠬᠠᠷᠢᠭᠤᠴᠠᠯᠭᠠᠲᠠᠨ ᠮᠠ ᠱᠢᠶᠤᠤ ᠬᠤᠸᠠ᠄ 《ᠯᠢ ᠵᠧᠩ ᠬᠤᠸᠠ ᠵᠢᠨ ᠪᠡᠷᠬᠡ ᠬᠠᠲᠠᠭᠤᠵᠢᠯᠲᠠᠢ ᠣᠷᠴᠢᠨ ᠲᠣᠭᠣᠷᠢᠨ᠎ᠳᠤ ᠤᠭ ᠰᠠᠨᠠᠭ᠎ᠠ᠎ᠪᠠᠨ ᠪᠠᠲᠤ ᠰᠠᠬᠢᠵᠤ᠂ ᠦᠬᠦᠵᠤ ᠰᠡᠬᠡᠬᠦ᠌᠎ᠶ᠋ᠢ ᠦᠯᠦ᠍ ᠬᠠᠢᠬᠤᠷᠤᠭ᠍ᠰᠠᠨ ᠦᠢᠯᠡ ᠠᠵᠢᠯᠯᠠᠭ᠎ᠠ ᠪᠣᠯ ᠬᠤᠪᠢᠰᠭᠠᠯ᠎ᠤᠨ ᠭᠸᠨ᠎ᠤ ᠠᠮᠢᠳᠤᠯᠢᠭ ᠢᠯᠡᠷᠡᠯ ᠮᠥᠨ᠂ ᠲᠡᠭᠦᠨ᠎ᠦ ᠵᠣᠷᠢᠭ ᠰᠠᠨᠠᠭ᠎ᠠ ᠨᠢ ᠴᠠᠭ ᠣᠷᠣᠨ ᠵᠠᠢ᠎ᠶ᠋ᠢ ᠳᠠᠪᠠᠵᠤ᠂ ᠤᠳᠤ ᠦᠶ᠎ᠡ᠎ᠶ᠋ᠢᠨ ᠬᠥᠮᠦᠰ᠎ᠦᠨ ᠲᠡᠦᠬᠡ᠎ᠪᠡᠨ ᠪᠠᠲᠤ ᠴᠡᠭᠡᠵᠢᠯᠡᠵᠦ᠍᠂ ᠡᠭᠦᠷᠭᠡ ᠬᠠᠷᠢᠭᠤᠴᠠᠯᠭ᠎ᠠ᠎ᠪᠠᠨ ᠤᠯᠠᠮᠵᠢᠯᠠᠨ ᠵᠠᠯᠭᠠᠮᠵᠢᠯᠠᠬᠤ᠎ᠶ᠋ᠢ ᠵᠣᠷᠢᠭ᠍ᠵᠢᠭᠤᠯᠵᠤ ᠪᠠᠢᠨ᠎ᠠ》 ᠭᠡᠵᠦ ᠬᠡᠯᠡᠪᠡ᠃
(ᠱᠢᠨᠬᠤᠸᠠ ᠬᠤᠷᠢᠶ᠎ᠠ ᠵᠢᠨ ᠵᠢᠨᠠᠨ᠎ᠤ ᠴᠠᠬᠢᠯᠭᠠᠨ ᠮᠡᠳᠡᠭᠡ)