— ᠮᠠᠨ ᠤ᠋ ᠤᠷᠤᠨᠵᠠᠮ ᠬᠠᠷᠢᠯᠴᠠᠭᠠᠨ᠎ᠤ ᠠᠮᠤᠷ ᠲᠦᠪᠰᠢᠨ᠎ᠢ᠋ ᠡᠬᠢ ᠡᠭᠦᠰᠦᠯ᠎ᠡᠴᠡ ᠨᠢ ᠵᠠᠰᠠᠬᠤ ᠵᠢ ᠪᠦᠬᠦ ᠲᠠᠯ᠎ᠠ ᠪᠡᠷ ᠬᠦᠨᠵᠡᠬᠡᠢᠷᠡᠬᠦᠯᠵᠦ ᠪᠠᠢᠨ᠎ᠠ
8 ᠰᠠᠷ᠎ᠠ᠎ᠶᠢᠨ ᠰᠢᠯᠢ᠎ᠶᠢᠨ ᠭᠣᠣᠯ᠎ᠤᠨ ᠬᠦᠬᠡ ᠤᠭᠳᠠᠷᠭᠤᠢ ᠳ᠋ᠤ ᠬᠦᠪᠦᠩ ᠡᠬᠦᠯᠡ ᠬᠦᠪᠦᠯᠵᠡᠨ᠂ ᠨᠤᠮᠢᠨ ᠨᠤᠭᠤᠭᠠᠨ ᠲᠠᠯ᠎ᠠ ᠨᠤᠲᠤᠭ ᠬᠦᠪᠡᠭᠡ ᠬᠢᠵᠠᠭᠠᠷ ᠦᠭᠡᠢ ᠴᠡᠯᠡᠢᠨᠡ᠃ ᠠᠪᠠᠭ᠎ᠠ ᠬᠣᠰᠢᠭᠤᠨ ᠤ X516 ᠰᠢᠶᠠᠨ ᠤ ᠲᠡᠰ᠎ᠤᠨ ᠵᠠᠰᠠᠮᠠᠯ ᠵᠠᠮ᠎ᠤᠨ 158 ᠺᠢᠯᠣᠮᠧᠲᠷ᠎ᠡᠴᠡ 160 ᠺᠢᠯᠣᠮᠧᠲᠷ᠎ᠦᠨ ᠬᠣᠭᠣᠷᠣᠨᠳᠣᠬᠢ U ᠬᠡᠯᠪᠡᠷᠢᠳᠦ ᠵᠠᠮ ᠤᠨ ᠬᠡᠰᠡᠭ᠎ᠲᠦ ᠰᠢᠨ᠎ᠡ ᠤᠭᠰᠠᠷᠠᠭᠰᠠᠨ ᠲᠡᠷᠭᠡ ᠵᠥᠷᠢᠬᠦ ᠵᠢ ᠤᠷᠢᠳᠴᠢᠯᠠᠨ ᠰᠡᠷᠡᠮᠵᠢᠯᠡᠭᠦᠯᠬᠦ ᠰᠢᠰᠲᠧᠮ᠎ᠨᠢ ᠡᠰᠡᠷᠬᠦ ᠡᠴᠡ ᠢᠷᠡᠬᠦ ᠲᠡᠷᠭᠡ ᠶᠢ ᠴᠠᠭ ᠲᠤᠬᠠᠢ ᠳ᠋ᠤᠨᠢ ᠬᠢᠨᠠᠨ ᠬᠡᠮᠵᠢᠬᠦ ᠪᠦᠭᠡᠳ ᠬᠤᠷᠳᠤᠴᠠ᠎ᠶᠢ ᠪᠠᠭᠤᠷᠠᠭᠤᠯᠬᠤ ᠲᠤᠷᠬᠢᠯᠳᠠ ᠵᠢᠨ ᠱᠤᠭᠤᠮ᠎ᠢ ᠲᠤᠪ ᠲᠤᠳᠤᠷᠬᠠᠢ ᠵᠢᠷᠤᠵᠠᠢ᠃
ᠡᠨᠡ ᠪᠣᠯ ᠮᠠᠨ ᠤ᠋ ᠤᠷᠤᠨ᠎ᠤ ᠵᠠᠮ ᠬᠠᠷᠢᠯᠴᠠᠭᠠᠨ᠎ᠤ ᠠᠮᠤᠷ ᠲᠦᠪᠰᠢᠨ᠎ᠦ ᠬᠡᠮ ᠰᠣᠭᠣᠭ᠎ᠢ ᠵᠠᠰᠠᠬᠤ ᠬᠦᠴᠢᠷ ᠰᠡᠳᠦᠪ ᠢ ᠰᠢᠢᠳᠪᠦᠷᠢᠯᠡᠵᠦ ᠪᠦᠬᠦᠢ ᠬᠤᠷᠢᠶᠠᠩᠭᠤᠢ ᠵᠢᠷᠤᠭᠯᠠᠯ ᠪᠣᠯᠣᠨ᠎ᠠ᠃ ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ ᠵᠠᠮᠬᠠᠷᠢᠯᠴᠠᠭᠠᠨ ᠤ ᠬᠡᠮ ᠰᠣᠭᠣᠭ ᠢ ᠵᠢᠭ᠍ᠰᠠᠭᠠᠨ ᠪᠠᠢᠴᠠᠭᠠᠵᠤ ᠵᠠᠰᠠᠬᠤᠠᠵᠢᠯ ᠢ ᠡᠬᠡ ᠤᠯᠤᠰ ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠳᠤ ᠴᠤᠭᠴᠠᠯᠠᠬᠤ ᠶᠢᠨ ᠴᠢᠬᠤᠯᠠ ᠭᠠᠷᠳᠠᠴᠠ ᠪᠣᠯᠭᠠᠵᠤ᠂ 《ᠵᠢᠭ᠍ᠰᠠᠭᠠᠨ ᠪᠠᠢᠴᠠᠭᠠᠬᠤ ︱ ᠳᠠᠩᠰᠠᠯᠠᠬᠤ ︱ ᠦᠨᠡᠯᠡᠨ ᠵᠢᠱ᠌ᠢᠬᠦ ︱ ᠵᠠᠰᠠᠬᠤ ︱ᠰᠢᠯᠭᠠᠨ ᠠᠪᠬᠤ》 ᠪᠥᠬᠥ ᠬᠡᠯᠬᠢᠶ᠎ᠡ ᠵᠢᠨ ᠠᠵᠢᠯ ᠤᠨ ᠲᠣᠭᠲᠠᠴᠠ᠎ᠶᠢ ᠪᠠᠶ᠋ᠢᠭᠤᠯᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠦ ᠬᠠᠮᠢᠶᠠᠷᠤᠯᠲᠠ᠎ᠶᠢ 《ᠬᠡᠷᠡᠭ᠎ᠦᠨ ᠳᠠᠷᠠᠭ᠎ᠠ ᠰᠢᠢᠳᠪᠦᠷᠢᠯᠡᠵᠦ》 ᠪᠠᠢᠭᠰᠠᠨ ᠢ 《 ᠬᠡᠷᠡᠭ ᠦᠨ ᠡᠮᠦᠨ᠎ᠡ ᠰᠡᠷᠭᠡᠢᠯᠡᠬᠦ᠂ ᠡᠬᠢ ᠡᠭᠦᠰᠦᠯ᠎ᠡᠴᠡ ᠨᠢ ᠵᠠᠰᠠᠬᠤ》 ᠳᠠᠢᠰᠢ ᠬᠤᠪᠢᠷᠠᠭᠤᠯᠬᠤ᠎ᠶᠢ ᠠᠬᠢᠭᠤᠯᠪᠠ ᠃
《ᠡᠨᠡ ᠬᠦ ᠭᠦᠳᠦᠬᠦᠷ ᠬᠥᠲᠥᠯ ᠳ᠋ᠥ ᠯᠠᠪᠠᠷ ᠲᠠᠭᠠᠷᠠᠭᠤᠯᠵᠤ᠂ ᠲᠡᠷᠭᠡ ᠳᠠᠪᠠᠬᠤ ᠵᠢ ᠴᠠᠭᠠᠵᠠᠯᠠᠬᠤ ᠲᠡᠮᠳᠡᠭ ᠭᠠᠷᠭᠠᠨ᠂ ᠰᠢᠷ᠎ᠠ ᠦᠩᠭᠡ ᠵᠢᠨ ᠱᠤᠭᠤᠮ ᠵᠢᠷᠤᠵᠤ᠂ ᠦᠨᠡᠨ ᠬᠦ᠌ ᠰᠠᠢᠳᠤᠷ ᠰᠡᠷᠡᠮᠵᠢᠯᠡᠭᠦᠯᠬᠦ ᠬᠡᠷᠡᠭᠲᠡᠢ》᠃ 8 ᠰᠠᠷ᠎ᠠ᠎ᠶᠢᠨ 6 ᠤ᠋ ᠡᠳᠦᠷ᠂ ᠠᠪᠠᠭ᠎ᠠ ᠬᠣᠰᠢᠭᠤᠨ᠎ᠤ X516 ᠰᠢᠶᠠᠨ᠎ᠤ ᠲᠡᠰ᠎ᠤᠨ ᠵᠠᠰᠠᠮᠠᠯ ᠵᠠᠮ᠎ᠤᠨ K233+940 ᠮᠧᠲᠷ᠎ᠦᠨ ᠭᠠᠵᠠᠷ᠎ᠲᠤ᠂ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ ᠶᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠲᠣᠪᠴᠢᠶ᠎ᠠ᠎ᠶᠢᠨ ᠵᠠᠮ ᠤᠨ ᠬᠡᠮ ᠰᠣᠭᠣᠭ ᠢ ᠪᠠᠢᠴᠠᠭᠠᠨ ᠵᠠᠰᠠᠬᠤ ᠲᠤᠬᠠᠢᠯᠠᠭᠰᠠᠨ ᠠᠵᠢᠯ᠎ᠤᠨ ᠭᠣᠣᠯᠯᠠᠭ᠍ᠴᠢ ᠬᠦᠴᠦᠨ ᠴᠢᠨ ᠶᠤᠸᠠᠢ ᠬᠣᠶ ᠲᠤᠬᠠᠢ᠎ᠶᠢᠨ ᠲᠠᠯᠠᠪᠤᠷ᠎ᠲᠤ ᠴᠡᠭᠴᠡᠯᠡᠨ ᠵᠠᠰᠠᠬᠤ ᠠᠵᠢᠯ᠎ᠢ ᠵᠢᠯᠣᠭᠣᠳᠴᠤ ᠪᠠᠢᠯ᠎ᠠ᠃ ᠲᠣᠰ ᠵᠠᠮ᠎ᠤᠨ ᠬᠡᠰᠡᠭ᠎ᠦᠨ ᠴᠠᠭ᠎ᠤᠨ ᠬᠤᠷᠳᠤᠴᠠ ᠵᠢ 40 ᠺᠢᠯᠣᠮᠧᠲᠷ ᠵᠢᠡᠷ ᠲᠤᠭᠳᠠᠭᠠᠭᠰᠠᠨ ᠪᠠᠢᠬᠤ ᠳ᠋ᠤ ᠪᠣᠳᠠᠳᠤ ᠪᠠᠢᠳᠠᠯ ᠳ᠋ᠤ ᠳᠤᠮᠳᠠᠴᠢ ᠬᠤᠷᠳᠤᠴᠠ ᠬᠠᠷᠢᠨ 80 ᠺᠢᠯᠣᠮᠧᠲᠷ᠎ᠲᠦ ᠬᠦᠷᠴᠦ᠂ ᠲᠡᠷᠭᠡ ᠳᠠᠪᠠᠬᠤ ᠦᠶ᠎ᠡ᠎ᠳᠦ ᠵᠢᠯᠣᠭᠣᠴᠢ᠎ᠶᠢᠨ ᠬᠠᠷᠠᠭ᠎ᠠ ᠬᠠᠷᠰᠢᠯᠠᠭᠳᠠᠨ ᠮᠠᠰᠢ ᠠᠮᠠᠷᠬᠠᠨ ᠡᠨᠳᠡᠯ ᠭᠠᠷᠳᠠᠭ ᠭᠡᠵᠦ ᠲᠡᠷᠡ ᠲᠠᠨᠢᠯᠴᠠᠭᠤᠯᠪᠠ᠃
ᠡᠢᠮᠦᠷᠬᠦᠤ ᠠᠶᠤᠯ ᠲᠦᠭᠰᠢᠭᠦᠷᠢ ᠶᠡᠬᠡᠲᠡᠢ ᠵᠠᠮ᠎ᠤᠨ ᠬᠡᠰᠡᠭ᠎ᠲᠦ ᠴᠢᠭᠯᠡᠭᠦᠯᠦᠨ ᠮᠠᠨ ᠤ᠋ ᠤᠷᠤᠨ 《ᠰᠢᠨᠵᠢᠯᠡᠬᠦ ᠤᠬᠠᠭᠠᠨ ᠲᠧᠭᠨᠢᠭ ᠮᠡᠷᠭᠡᠵᠢᠯ + ᠤᠯᠠᠮᠵᠢᠯᠠᠯ》 ᠤ᠋ᠨ ᠬᠤᠤᠰ ᠬᠠᠮᠢᠶᠠᠷᠤᠯᠳᠠ ᠵᠠᠰᠠᠯᠲᠠ᠎ᠶᠢᠨ ᠵᠠᠭᠪᠤᠷ᠎ᠢ ᠠᠪᠴᠤ ᠪᠣᠶ᠄ ᠨᠢᠭᠡ ᠲᠠᠯ᠎ᠠ᠎ᠪᠠᠷ᠂ ᠮᠤᠷᠤᠢ ᠬᠥᠲᠥᠯ᠂ ᠤᠰᠤ ᠬᠠᠳᠠ ᠲᠠᠢ ᠨᠢᠭᠤᠷᠯᠠᠭᠰᠠᠨ ᠵᠠᠮ᠎ᠤᠨ ᠬᠡᠰᠡᠭ᠎ᠲᠦ ᠲᠡᠷᠭᠡ ᠵᠥᠷᠢᠬᠦ ᠵᠢ ᠤᠷᠢᠳᠴᠢᠯᠠᠨ ᠰᠡᠷᠡᠮᠵᠢᠯᠡᠭᠦᠯᠬᠦ ᠰᠢᠰᠲᠧᠮ᠂ ᠶᠠᠳᠠᠷᠠᠯ ᠵᠦᠳᠡᠷᠡᠯ᠎ᠢ ᠤᠷᠢᠳᠴᠢᠯᠠᠨ ᠰᠡᠷᠭᠡᠢᠯᠡᠬᠦ ᠤᠷᠢᠳᠴᠢᠯᠠᠨ ᠰᠡᠷᠡᠮᠵᠢᠯᠡᠭᠦᠯᠬᠦ ᠣᠶᠤᠨᠴᠢ ᠲᠥᠬᠦᠭᠡᠷᠦᠮᠵᠢ᠎ᠶᠢ ᠨᠡᠮᠡᠵᠦ ᠲᠣᠬᠢᠷᠠᠭᠤᠯᠪᠡ; ᠨᠥᠭᠥᠭᠡ ᠲᠠᠯ᠎ᠠ᠎ᠪᠠᠷ᠂ ᠬᠤᠷᠳᠤᠴᠠ ᠵᠢ ᠪᠠᠭᠠᠰᠬᠠᠬᠤ ᠲᠤᠷᠬᠢᠯᠳᠠ ᠵᠢᠨ ᠲᠡᠮᠳᠡᠭ ᠵᠢᠷᠤᠭᠠᠰᠤ ᠵᠢᠷᠤᠬᠤ᠂ ᠰᠡᠷᠡᠮᠵᠢ᠎ᠶᠢᠨ ᠲᠡᠮᠳᠡᠭ ᠲᠠᠭᠠᠷᠠᠭᠤᠯᠬᠤ ᠵᠡᠷᠭᠡ ᠤᠯᠠᠮᠵᠢᠯᠠᠯᠲᠤ ᠠᠷᠭ᠎ᠠ ᠪᠠᠷᠢᠯ᠎ᠢᠶᠠᠷ ᠳᠠᠮᠵᠢᠭᠤᠯᠤᠨ ᠠᠮᠤᠷ ᠲᠦᠪᠰᠢᠨ᠎ᠦ ᠰᠡᠷᠭᠡᠢᠯᠡᠯᠲᠡ᠎ᠶᠢ ᠴᠢᠩᠭᠠᠳᠬᠠᠵᠤ ᠪᠤᠢ᠃ ᠰᠢᠯᠢ᠎ᠶᠢᠨ ᠭᠣᠣᠯ ᠠᠢᠮᠠᠭ᠎ᠤᠨ ᠪᠠᠷᠠᠭᠤᠨ ᠦᠵᠦᠮᠦᠴᠢᠨ ᠬᠣᠰᠢᠭᠤᠨ ᠤ ᠤᠯᠤᠰ ᠤᠨ ᠲᠡᠰ᠎ᠤᠨ ᠵᠠᠰᠠᠮᠠᠯ ᠵᠠᠮ᠎ᠤᠨ 207 ᠵᠠᠮ ᠪᠣᠯᠣᠨ 306 ᠵᠠᠮ᠎ᠤᠨ ᠠᠭᠤᠯᠵᠠᠷ ᠤᠨ ᠬᠠᠷᠠᠩᠭᠤᠢ ᠰᠥᠨᠢ᠎ᠶᠢᠨ ᠦᠵᠡᠭᠳᠡᠬᠦᠢᠴᠡ ᠬᠡᠮᠵᠢᠶ᠎ᠠ ᠮᠠᠰᠢ ᠳᠤᠤᠷ᠎ᠠ ᠪᠤᠯᠬᠤᠷ ᠲᠤᠢᠯ ᠤᠨ ᠶᠡᠬᠡ ᠠᠮᠤᠷ ᠲᠦᠪᠰᠢᠨ᠎ᠦ ᠬᠡᠮ ᠰᠤᠭᠤᠭ ᠣᠷᠣᠰᠢᠵᠤ ᠪᠠᠢᠪᠠ᠂ ᠲᠤᠭᠤᠷᠢᠯ ᠵᠠᠮ᠎ᠤᠨ ᠷᠠᠳᠢᠦ᠋ᠰᠢ ᠪᠠᠭᠠᠰᠬᠠᠬᠤ᠂ ᠶᠠᠳᠠᠷᠠᠯ ᠵᠦᠳᠡᠷᠡᠯ᠎ᠢ ᠰᠡᠷᠭᠡᠢᠯᠡᠬᠦ ᠤᠷᠢᠳᠴᠢᠯᠠᠨ ᠰᠡᠷᠡᠮᠵᠢᠯᠡᠭᠦᠯᠬᠦ ᠲᠥᠬᠦᠭᠡᠷᠦᠮᠵᠢ ᠤᠭᠰᠠᠷᠠᠬᠤ ᠵᠡᠷᠭᠡ ᠵᠠᠰᠠᠯᠲᠠ᠎ᠶᠢᠨ ᠠᠷᠭ᠎ᠠ ᠬᠡᠮᠵᠢᠶ᠎ᠡ ᠠᠪᠴᠤ᠂ ᠡᠨᠳᠡᠯ ᠦᠯᠦ ᠭᠠᠷᠬᠤ ᠵᠢ ᠪᠠᠳᠤᠯᠠᠵᠤ᠂ ᠣᠯᠠᠨ ᠲᠦᠮᠡᠨ᠎ᠦ ᠠᠮᠤᠷ ᠲᠦᠪᠰᠢᠨ᠎ᠤ ᠲᠦᠷᠦᠭᠳᠡᠯ᠎ᠢ ᠢᠯᠡᠳᠲᠡ ᠳᠡᠭᠡᠭᠰᠢᠯᠡᠬᠦᠯᠦᠭᠰᠡᠨ ᠪᠠᠢᠨ᠎ᠠ᠃
ᠪᠥᠬᠥ᠌ ᠤᠯᠤᠰ᠎ᠤᠨ ᠵᠠᠰᠠᠮᠠᠯ ᠵᠠᠮ᠎ᠤᠨ ᠠᠮᠤᠷ ᠲᠦᠪᠱᠢᠨ᠎ᠦ ᠲᠦᠭᠦᠭᠡᠷᠦᠮᠵᠢ ᠪᠠ ᠵᠠᠮ ᠬᠠᠷᠢᠯᠴᠠᠭᠠᠨ᠎ᠤ ᠡᠮᠬᠢ ᠳᠢᠭ᠌ᠯᠢᠮ᠎ᠦᠨ ᠬᠠᠮᠢᠶᠠᠷᠤᠯᠲᠠ᠎ᠶ᠋ᠢ ᠨᠠᠷᠢᠯᠢᠬ᠍ᠵᠢᠭᠤᠯᠤᠨ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ 2025 ᠣᠨ ᠤ ᠵᠠᠰᠠᠮᠠᠯ ᠵᠠᠮ ᠤᠨ ᠠᠮᠤᠷ ᠲᠦᠪᠱᠢᠨ᠎ᠦ ᠬᠡᠮ ᠰᠣᠭᠣᠭ ᠲᠣᠪᠣᠢᠮ᠎ᠠ ᠴᠡᠭ ᠬᠡᠰᠡᠭ᠎ᠢ ᠵᠠᠰᠠᠬᠤ ᠭᠤᠤᠯᠳᠠᠯᠭ᠎ᠠ᠎ᠲᠠᠶ ᠪᠣᠭᠣᠮᠲᠠ ᠱᠢᠪᠲᠤᠯᠬᠤ ᠠᠵᠢᠯ᠎ᠢ ᠵᠣᠬᠢᠶᠠᠨ ᠪᠠᠢᠭᠤᠯᠤᠨ ᠥᠷᠨᠢᠭᠦᠯᠵᠦ᠍᠂ ᠡᠨᠳᠡᠯ ᠣᠯᠠᠨ ᠭᠠᠷᠳᠠᠭ ᠡᠩ᠎ᠦᠨ ᠵᠠᠰᠠᠮᠠᠯ ᠵᠠᠮ᠎ᠤᠨ ᠠᠭᠤᠯᠵᠠᠷ᠂ ᠤᠰᠤ ᠬᠠᠳᠠ ᠲᠠᠢ ᠨᠢᠭᠤᠷᠯᠠᠭᠰᠠᠨ ᠵᠠᠮ ᠂ ᠮᠤᠷᠤᠢ ᠬᠦᠳᠦᠯ᠂ ᠤᠷᠤᠭᠤ ᠵᠠᠮ᠂ ᠲᠦᠷᠭᠡᠨ᠎ᠤ ᠵᠠᠮ᠎ᠤᠨ ᠭᠠᠷᠤᠴᠠ ᠵᠡᠷᠭᠡ 《ᠲᠠᠪᠤᠨ ᠲᠥᠷᠥᠯ᠎ᠦᠨ ᠴᠡᠭ ᠬᠡᠰᠡᠭ 》 ᠲᠤ᠌ ᠠᠩᠬᠠᠷᠤᠯ᠎ᠢᠶᠠᠨ ᠲᠥᠪᠯᠡᠷᠡᠭᠦᠯᠵᠦ᠍᠂ ᠫᠠᠢᠰᠠ ᠡᠯᠭᠦᠨ ᠱᠠᠯᠠᠪᠳᠠᠭᠤᠯᠤᠨ ᠭᠦᠶ᠋ᠴᠡᠳᠭᠡᠬᠦ᠌ ᠶ᠋ᠢ ᠬᠡᠷᠡᠭ᠌ᠵᠢᠭᠦᠯᠦᠨ᠂ ᠮᠡᠷᠭᠡᠵᠢᠯ ᠦᠨ ᠵᠢᠯᠣᠭᠣᠳᠣᠯᠭ᠎ᠠ ᠬᠢᠵᠦ᠍᠂ 《 ᠨᠢᠭᠡ ᠴᠡᠭ ᠨᠢᠭᠡ ᠲᠥᠰᠦᠯ》᠂ 《ᠨᠢᠭᠡ ᠵᠠᠮ ᠨᠢᠭᠡ ᠲᠥᠯᠥᠪᠯᠡᠭᠡ》 ᠲᠤᠭᠲᠠᠭᠠᠵᠦ ᠤᠨᠤᠪᠴᠢᠲᠠᠢ ᠪᠠᠢᠬᠤ᠎ᠵᠢ ᠪᠠᠲᠤᠯᠠᠪᠠ᠃ ᠣᠳᠣᠬᠠᠨ᠎ᠳᠤ᠂ 99 ᠶᠠᠮᠤᠨ ᠮᠤᠵᠢ ᠬᠣᠶᠠᠷ ᠱᠠᠲᠤᠨ᠎ᠤ ᠱᠠᠯᠠᠪᠳᠠᠭᠤᠯᠤᠨ ᠭᠦᠶ᠋ᠴᠡᠳᠭᠡᠬᠦ᠌ ᠬᠡᠮ ᠰᠣᠭᠣᠭ᠎ᠲᠠᠶ ᠵᠠᠮ᠎ᠤᠨ ᠬᠡᠰᠡᠭ᠎ᠲᠦ ᠪᠦᠬᠦᠨ᠎ᠢ ᠳᠡᠩᠰᠡᠯᠡᠨ ᠺᠠᠷᠲ᠋ᠯᠠᠵᠤ᠂ 《ᠡᠭᠦᠷᠭᠡ᠎ᠶ᠋ᠢᠨ ᠬᠠᠭᠤᠳᠠᠰᠤ᠂ ᠴᠠᠭ᠎ᠤᠨ ᠬᠦᠰᠦᠨᠦᠭ᠌ᠲᠦ᠂ ᠵᠠᠮ᠎ᠤᠨ ᠵᠢᠷᠤᠭ》 ᠢ᠋ ᠡᠯᠭᠦᠨ᠂ ᠴᠡᠭ᠌ᠴᠡᠯᠡᠨ ᠰᠠᠢᠵᠢᠷᠠᠭᠤᠯᠬᠤ᠎ᠶ᠋ᠢ ᠦᠨᠡᠨ ᠬᠦ᠌ ᠪᠠᠲᠤᠯᠠᠪᠠ᠃ ᠡᠭᠦᠨ᠎ᠡᠴᠡ ᠭᠠᠳᠠᠨ᠎ᠠ᠂ ᠪᠥᠬᠥ᠌ ᠣᠷᠣᠨ᠎ᠤ 138 ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠬᠦᠴᠦᠨ ᠳᠣᠲᠣᠭᠠᠳᠤ᠎ᠶ᠋ᠢ ᠬᠠᠮᠠᠭᠠᠯᠠᠬᠤ ᠶᠠᠮᠤᠨ᠎ᠤ ᠲᠤᠰᠭᠠᠶ ᠮᠡᠷᠭᠡᠵᠢᠯᠲᠡᠨ᠎ᠦ ᠪᠣᠯᠪᠠᠰᠤᠷᠠᠯ᠎ᠢ ᠬᠦᠯᠢᠶᠡᠵᠦ᠍᠂ ᠲᠤᠰᠬᠠᠢ ᠮᠡᠷᠭᠡᠵᠢᠯ᠎ᠤᠨ ᠵᠠᠰᠠᠯᠲᠠ᠎ᠶ᠋ᠢᠨ ᠴᠢᠳᠠᠪᠤᠷᠢ᠎ᠪᠠᠨ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃
ᠠᠮᠤᠷ ᠲᠦᠪᠱᠢᠨ᠎ᠳᠦ ᠪᠠᠭ᠎ᠠ ᠶᠠᠪᠤᠳᠠᠯ ᠭᠡᠵᠦ ᠠᠯᠠᠭ᠎ᠠ᠂ ᠬᠠᠷᠢᠭᠤᠴᠠᠯᠭ᠎ᠠ ᠠᠭᠤᠯᠠ ᠮᠡᠲᠦ ᠬᠦᠨᠳᠦ ᠶᠤᠮ᠃ ᠡᠨᠡ ᠵᠢᠯ᠎ᠡᠴᠡ ᠨᠠᠭᠠᠰᠢ᠂ ᠥᠪᠥᠷ ᠮᠣᠩᠭᠣᠯ᠎ᠤᠨ ᠳᠣᠲᠣᠭᠠᠳᠤ᠎ᠶ᠋ᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ 《ᠲᠤᠰᠭᠠᠶ ᠮᠡᠷᠭᠡᠵᠢᠯ + ᠲᠣᠭ᠍ᠲᠠᠴᠠ + ᠲᠣᠮᠣ ᠳ᠋ᠠᠢᠲ᠋ᠠ 》 ᠶ᠋ᠢᠨ ᠱᠢᠨ᠎ᠡ ᠬᠡᠯᠪᠡᠷᠢ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭ᠍ᠪᠤᠷ᠎ᠢᠶᠠᠷ ᠵᠢᠯᠣᠭᠣᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠡᠬᠢ ᠡᠭᠦᠰᠦᠯ᠎ᠡᠴᠡ᠎ᠨᠢ ᠵᠠᠰᠠᠬᠤ᠂ ᠱᠢᠰᠲ᠋ᠧᠮ᠎ᠲᠡᠶ ᠵᠠᠰᠠᠬᠤ᠂ ᠶᠡᠷᠦᠩᠬᠡᠢᠯᠡᠨ ᠵᠠᠰᠠᠬᠤ᠎ᠶ᠋ᠢ ᠭᠦᠨᠵᠡᠭᠡᠢᠷᠡᠭᠦᠯᠵᠦ᠍᠂ ᠪᠥᠬᠥ᠌ ᠲᠠᠯ᠎ᠠ᠎ᠶ᠋ᠢᠨ ᠵᠠᠮ ᠬᠠᠷᠢᠯᠴᠠᠭᠠᠨ᠎ᠤ ᠠᠮᠤᠷ ᠲᠦᠪᠱᠢᠨ᠎ᠦ ᠬᠠᠮᠠᠭᠠᠯᠠᠯᠲᠠ᠎ᠶ᠋ᠢᠨ ᠲᠤᠤᠷ᠎ᠢ ᠪᠠᠢᠭᠤᠯᠪᠠ᠃ 2025 ᠣᠨ᠎ᠤ 1 ᠰᠠᠷ᠎ᠠ᠎ᠠᠴᠠ 7 ᠰᠠᠷ᠎ᠠ ᠪᠣᠯᠲᠠᠯ᠎ᠠ ᠂ ᠪᠥᠬᠥ᠌ ᠣᠷᠣᠨ᠎ᠤ ᠡᠨᠳᠡᠯ ᠭᠠᠷᠤᠭ᠍ᠰᠠᠨ ᠲᠣᠭ᠎ᠠ ᠠᠳᠠᠯᠢ ᠬᠤᠭᠤᠴᠠᠭᠠᠨ᠎ᠤ᠎ᠬᠢ᠎ᠡᠴᠡ 7% ᠪᠠᠷ ᠪᠠᠭᠤᠷᠠᠵᠤ᠂ ᠡᠨᠳᠡᠭ᠌ᠰᠡᠨ ᠬᠥᠮᠦᠨ᠎ᠦ ᠲᠣᠭ᠎ᠠ ᠠᠳᠠᠯᠢ ᠬᠤᠭᠤᠴᠠᠭᠠᠨ᠎ᠤ᠎ᠬᠢ᠎ᠡᠴᠡ 24% ᠪᠠᠷ ᠪᠠᠭᠤᠷᠠᠵᠤ᠂ ᠱᠢᠷᠬᠠᠲᠤᠭ᠍ᠰᠠᠳᠤᠨ ᠲᠣᠭ᠎ᠠ ᠠᠳᠠᠯᠢ ᠬᠤᠭᠤᠴᠠᠭᠠᠨ᠎ᠤ᠎ᠬᠢ᠎ᠡᠴᠡ 11% ᠪᠠᠷ ᠪᠠᠭᠤᠷᠠᠵᠤ᠂ ᠡᠳ᠋ ᠬᠥᠷᠥᠩᠭᠡ᠎ᠶ᠋ᠢᠨ ᠬᠣᠬᠢᠷᠠᠯ᠎ᠨᠢ ᠠᠳᠠᠯᠢ ᠬᠤᠭᠤᠴᠠᠭᠠᠨ᠎ᠤ᠎ᠬᠢ᠎ᠡᠴᠡ 18% ᠪᠠᠷ ᠪᠠᠭᠤᠷᠠᠪᠠ᠃
《〈ᠠᠶᠤᠯ ᠲᠦᠭ᠌ᠰᠢᠭᠦᠷᠢ᠎ᠶ᠋ᠢ ᠡᠷᠳᠡᠭᠡᠨ᠎ᠡᠴᠡ ᠨᠢ ᠰᠡᠷᠭᠡᠢᠯᠡᠵᠦ᠍᠂ ᠬᠡᠮ ᠰᠣᠭᠣᠭ᠎ᠢ ᠡᠨᠳᠡᠯ ᠭᠠᠷᠬᠤ ᠡᠴᠡ ᠨᠢ ᠡᠮᠦᠨ᠎ᠡ ᠤᠷᠢᠳᠴᠢᠯᠠᠨ ᠵᠠᠰᠠᠬᠤ〉 ᠪᠣᠯ ᠰᠠᠶᠢ ᠠᠮᠤᠷ ᠲᠦᠪᠱᠢᠨ᠎ᠦ ᠵᠠᠰᠠᠯᠲᠠ᠎ᠶ᠋ᠢᠨ ᠠᠵᠢᠯ᠎ᠤᠨ ᠳᠡᠭᠡᠳᠦ ᠠᠷᠭ᠎ᠠ ᠪᠤᠳᠤᠯᠭ᠎ᠠ ᠪᠣᠯᠤᠨ᠎ᠠ᠃ ᠮᠠᠨ᠎ᠤ ᠲᠣᠪᠴᠢᠶ᠎ᠠ ᠵᠢᠨ ᠬᠢᠠ ᠵᠠᠮ᠎ᠤᠨ ᠠᠮᠤᠷ ᠲᠦᠪᠱᠢᠨ᠎ᠦ ᠬᠡᠮ ᠰᠣᠭᠣᠭ᠎ᠢ ᠵᠠᠰᠠᠭ᠍ᠰᠠᠨ ᠦᠷ᠎ᠡ ᠪᠦᠲᠦᠮᠵᠢ᠎ᠶ᠋ᠢ ᠡᠯ᠎ᠡ ᠠᠢᠮᠠᠭ ᠬᠣᠲᠠ᠎ᠶ᠋ᠢᠨ ᠣᠨ᠎ᠤ ᠠᠶᠤᠯᠭᠦᠶ ᠦᠶ᠋ᠯᠡᠳᠪᠦᠷᠢᠯᠡᠯ᠎ᠦᠨ ᠠᠵᠢᠯ᠎ᠤᠨ ᠬᠢᠨᠠᠨ ᠱᠢᠯᠭᠠᠬᠤ ᠱᠢᠰᠲ᠋ᠧᠮ᠎ᠳᠦ ᠣᠷᠣᠭᠤᠯᠬᠤ᠎ᠶ᠋ᠢ ᠠᠬᠢᠭᠤᠯᠵᠤ᠂ ᠬᠠᠷᠢᠶ᠎ᠠ ᠭᠠᠵᠠᠷ᠎ᠤᠨ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠪᠠ》 ᠭᠡᠵᠦ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ᠎ᠶ᠋ᠢ ᠬᠠᠮᠠᠭᠠᠯᠠᠬᠤ ᠲᠢᠩᠬᠢᠮ᠎ᠦᠨ ᠵᠠᠮ ᠬᠠᠷᠢᠯᠴᠠᠭᠠᠨ᠎ᠤ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠢᠯᠡᠷᠭᠡᠢᠯᠡᠪᠡ᠃ ᠲᠡᠷᠡ᠂ ᠲᠠᠷᠠᠭᠠᠴᠢ᠎ᠶ᠋ᠢᠨ ᠠᠯᠬᠤᠮ᠎ᠳᠤ᠂ ᠪᠥᠬᠥ᠌ ᠣᠷᠣᠨ᠎ᠤ ᠪᠣᠶ ᠪᠥᠬᠥᠶ ᠭᠤᠤᠯᠳᠠᠯᠭ᠎ᠠ᠎ᠲᠠᠶ ᠬᠡᠮ ᠰᠣᠭᠣᠭ᠎ᠲᠠᠶ ᠵᠠᠮ᠎ᠤᠨ ᠠᠭᠤᠯᠵᠠᠷ ᠲᠸ᠋ ᠵᠠᠮ ᠬᠠᠷᠢᠯᠴᠠᠭᠠᠨ᠎ᠤ ᠪᠠᠢᠳᠠᠯ᠎ᠢ ᠬᠢᠨᠠᠨ ᠬᠡᠮᠵᠢᠬᠦ᠌ ᠦᠶ᠋ᠯᠡᠴᠢᠯᠡᠭᠡᠨ᠎ᠦ ᠱᠢᠰᠲ᠋ᠧᠮ ᠤᠭᠰᠠᠷᠠᠵᠤ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠱᠢᠭᠤ ᠱᠢᠶᠠᠨ ᠭᠤᠷᠪᠠᠨ ᠱᠠᠲᠤᠨ᠎ᠤ 《ᠪᠥᠬᠥ᠌ ᠣᠷᠣᠨᠨᠢᠭᠡ ᠵᠢᠷᠤᠭ》 ᠤ᠋ᠨ ᠦᠵᠡᠭ᠌ᠳᠡᠯ᠎ᠳᠦ ᠬᠠᠮᠢᠶᠠᠷᠤᠯᠲᠠ᠎ᠶ᠋ᠢ ᠪᠡᠶᠡᠯᠡᠭᠦᠯᠵᠦ᠍ ᠂ ᠪᠠᠴᠢᠮ ᠪᠠᠢᠳᠠᠯ᠎ᠢ ᠠᠷᠭᠠᠴᠠᠬᠤ ᠠᠵᠢᠯᠯᠠᠭ᠎ᠠ ᠪᠠ ᠠᠶᠤᠯ ᠲᠦᠭ᠌ᠰᠢᠭᠦᠷᠢ᠎ᠶ᠋ᠢ ᠤᠷᠢᠳᠴᠢᠯᠠᠨ ᠮᠠᠭᠠᠳᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ᠎ᠶ᠋ᠢᠨ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠦᠨᠡᠨ ᠬᠦ᠌ ᠪᠡᠬᠢᠵᠢᠭᠦᠯᠦᠨ᠎ᠡ ᠭᠡᠵᠡᠶ᠃