《ᠠᠮᠢᠳᠤᠷᠠᠪᠠᠰᠤ ᠡᠪᠡᠰᠤ ᠮᠤᠳᠤ ᠯᠤᠭ᠎ᠠ ᠬᠠᠮᠳᠤ ᠠᠮᠢᠯᠠᠵᠤ᠂ ᠦᠬᠦᠪᠡᠰᠤ ᠤᠷᠢᠳᠤᠰ ᠯᠤᠭ᠎ᠠ ᠬᠠᠮᠲᠤ ᠣᠷᠣᠱᠢᠨ᠎ᠠ᠃ ᠪᠢ ᠳᠤᠷᠠᠲᠠᠶ᠎ᠠ ᠦᠬᠦᠨ᠎ᠠ᠂ ᠶᠠᠭᠠᠬᠢᠭ᠍ᠰᠠᠨ ᠴᠤ᠌ ᠠᠮᠢ ᠵᠢᠭᠤᠬᠤ ᠦᠭᠡᠢ ᠁》 ᠯᠢᠶᠣᠤᠨᠢᠩ ᠤᠨ ᠪᠸᠨᠰᠢ ᠳ᠋ᠡᠬᠢ ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠲᠡᠦᠬᠡ ᠶ᠋ᠢᠨ ᠪᠣᠳᠠᠲᠤ ᠳᠡᠯᠭᠡᠨ ᠦᠵᠡᠭᠦᠯᠬᠦ᠌ ᠣᠷᠳᠣᠨ᠎ᠳᠤ᠂ ᠰᠤᠷᠤᠭ᠍ᠴᠢᠳ᠎ᠤ᠋ᠨ ᠲᠤᠬᠯᠠᠬᠰᠡᠨ ᠬᠦᠨᠵᠡᠭᠡᠢ ᠪᠠᠶᠠᠴᠢᠯᠡᠨ ᠤᠢᠯᠠᠭᠠᠬᠤ ᠮᠠᠶᠢᠭ ᠤ᠋ᠨ ᠣᠬᠣᠷ ᠵᠦᠴᠦᠭᠡ ᠨᠢ ᠲᠣᠭᠣᠷᠢᠨ ᠦᠵᠡᠬᠦ᠌᠎ᠪᠡᠷ ᠢᠷᠡᠭ᠌ᠰᠡᠨ ᠬᠥᠮᠦᠰ ᠲᠤ᠌ ᠶᠠᠫᠣᠨ᠎ᠢ ᠡᠰᠡᠷᠭᠦᠴᠡᠭ᠌ᠰᠡᠨ ᠪᠠᠭᠠᠲᠤᠷ ᠳ᠋ᠧᠩ ᠲᠢᠶ᠍ᠸ ᠮᠧᠢ᠎ᠶ᠋ᠢᠨ ᠪᠡᠶ᠎ᠡ ᠦᠷᠡᠭ᠌ᠳᠡᠬᠦ᠌ᠡᠴᠡ ᠡᠮᠦᠨ᠎ᠡ ᠳᠤᠷᠠᠳᠤᠭ᠍ᠰᠠᠨ ᠡᠷᠡᠰ ᠪᠠᠲᠤ ᠲᠠᠩᠭᠠᠷᠢᠭ ᠪᠣᠯᠤᠨ ᠲᠡᠭᠦᠨ᠎ᠦ ᠶᠠᠫᠣᠨ ᠢ ᠡᠰᠡᠷᠭᠦᠴᠡᠭ᠌ᠰᠡᠨ ᠦᠯᠢᠭᠡᠷ ᠲᠤᠮᠤᠭᠢ ᠬᠦᠤᠷᠨᠢᠵᠤ ᠪᠠᠢᠯ᠎ᠠ᠃
ᠳ᠋ᠧᠩ ᠲᠢᠶᠧ ᠮᠧᠢ᠂ 1892 ᠣᠨ᠎ᠤ 10 ᠰᠠᠷ᠎ᠠ᠎ᠳᠤ ᠯᠢᠶᠣᠤᠨᠢᠩ ᠮᠤᠵᠢ᠎ᠶ᠋ᠢᠨ ᠪᠸᠨᠰᠢ ᠱᠢᠶᠠᠨ᠎ᠤ ᠮᠦᠸᠸ ᠱ᠌ᠢ ᠢᠦᠢ ᠲᠣᠰᠭᠣᠨ᠎ᠤ ᠨᠢᠭᠡᠨ ᠴᠢᠨᠡᠭᠡᠯᠢᠭ ᠠᠢᠯ᠎ᠳᠤ ᠲᠦᠷᠦᠪᠡ᠃《9·18》᠎ᠤ᠋ ᠬᠡᠷᠡᠭ ᠬᠤᠪᠢᠰᠤᠯ᠎ᠤᠨ ᠲᠠᠷᠠᠭ᠎ᠠ᠂ ᠠᠭᠤᠯᠠ ᠤᠰᠤ ᠲᠠᠯᠬᠢᠭ᠍ᠳᠠᠭ᠍ᠰᠠᠨ᠂ ᠦᠨᠳᠦᠰᠦᠲᠡᠨ ᠮᠥᠬᠥᠵᠦ᠍ ᠰᠥᠨᠥᠬᠦ᠌ ᠠᠶᠤᠯ᠎ᠳᠤ ᠲᠤᠯᠭᠠᠷᠠᠭ᠍ᠰᠠᠨ ᠦᠶ᠎ᠡ᠎ᠳᠦ᠂ ᠲᠡᠷᠡ ᠡᠷᠡᠰ ᠱᠢᠭᠤᠷᠬᠠᠢ᠎ᠪᠠᠷ ᠴᠡᠭᠡᠵᠢ ᠲᠦᠷᠢᠨ ᠭᠠᠪᠰᠢᠭᠠᠢᠯᠠᠪᠠ᠃ ᠦᠨᠳᠦᠰᠦᠲᠡᠨ᠎ᠦ ᠲᠤᠰᠠᠭᠠᠷ ᠲᠣᠭ᠍ᠲᠠᠨᠢᠯ ᠪᠠ ᠨᠡᠷ᠎ᠡ ᠬᠦᠨᠳᠦ᠍᠎ᠪᠡᠨ ᠬᠠᠮᠠᠭᠠᠯᠠᠬᠤ᠎ᠶ᠋ᠢᠨ ᠲᠥᠯᠥᠭᠡ᠂ 1931 ᠣᠨ᠎ᠤ 10 ᠰᠠᠷ᠎ᠠ᠎ᠳᠤ ᠳ᠋ᠧᠩ ᠲᠢᠶᠸ ᠮᠧᠢ ᠵᠡᠭᠦᠨ ᠬᠣᠢᠲᠤ᠎ᠶ᠋ᠢᠨ ᠠᠷᠠᠳ ᠤᠯᠠᠨ᠎ᠤ ᠶᠠᠫᠣᠨ᠎ᠢ ᠡᠰᠡᠷᠭᠦᠴᠡᠵᠦ᠍ ᠤᠯᠤᠰ᠎ᠢᠶᠠᠨ ᠠᠪᠤᠷᠠᠬᠤ ᠥᠪᠡᠷ᠎ᠢ᠎ᠪᠡᠨ ᠬᠠᠮᠠᠭᠠᠯᠠᠬᠤ ᠴᠡᠷᠢᠭ᠎ᠢ ᠵᠢᠩᠬᠢᠨᠢ᠎ᠪᠡᠷ ᠪᠠᠢᠭᠤᠯᠵᠤ᠂ ᠥᠪᠡᠷ᠎ᠢ᠎ᠪᠡᠨ ᠬᠠᠮᠠᠭᠠᠯᠠᠬᠤ ᠴᠡᠷᠢᠭ᠎ᠦᠨ ᠺᠤᠮᠠᠨᠳ᠋ᠯᠠᠬᠴᠢ ᠵᠢᠨ ᠲᠤᠰᠢᠶᠠᠯ ᠢ᠋ ᠡᠬᠦᠷᠭᠡᠯᠡᠪᠡ᠃
ᠡᠨᠡ ᠬᠦ᠌ ᠴᠢᠮᠡᠭᠡ ᠨᠢ ᠬᠠᠷᠭᠢᠰ ᠳᠠᠢᠰᠤᠨ᠎ᠢ ᠬᠠᠮᠲᠤ᠎ᠪᠠᠷ ᠬᠣᠷᠣᠰᠤᠨ ᠵᠠᠨᠤᠵᠤ ᠪᠠᠢᠭ᠍ᠰᠠᠨ ᠯᠢᠶᠣᠤᠳᠦ᠋ᠩ᠎ᠦᠨ ᠠᠷᠠᠳ ᠤᠯᠠᠨ᠎ᠳᠤ ᠠᠪᠴᠤ᠌ ᠬᠡᠯᠡᠪᠡᠯ᠂ ᠶᠠᠷᠢᠶᠠᠨ ᠦᠭᠡᠢ ᠲᠠᠢ᠌ᠨ᠎ᠳᠦ ᠮᠣᠷᠳᠠᠬᠤ ᠪᠠᠢᠯᠳᠤᠭᠠᠨ᠎ᠤ ᠳᠠᠭᠤᠤ ᠪᠠᠢᠵᠤ᠂ ᠲᠣᠭ᠎ᠠ ᠲᠣᠮᠰᠢ ᠦᠭᠡᠢ ᠤᠯᠠᠨ ᠤᠯᠤᠰ ᠵᠢᠡᠨ ᠬᠠᠢᠷᠠᠯᠠᠬᠤ ᠴᠢᠩ ᠵᠤᠷᠢᠬ᠍ᠳᠠᠨᠤ ᠣᠷᠭᠢᠯᠤᠮ᠎ᠠ ᠬᠠᠯᠠᠭᠤᠨ ᠰᠡᠳᠭᠢᠯᠭᠡ᠎ᠶ᠋ᠢ ᠬᠥᠭ᠌ᠵᠢᠭᠡᠵᠦ᠍᠂ ᠲᠠᠭᠠᠷ᠎ᠠ ᠢᠷᠡᠭ᠌ᠰᠡᠳ ᠲᠠᠰᠤᠷᠠᠯᠳᠠ ᠦᠭᠡᠢ ᠣᠯᠠᠱᠢᠷᠠᠪᠠ᠃ 1932 ᠣᠨ᠎ᠤ ᠬᠠᠪᠤᠷ᠎ᠡᠴᠡ 8 ᠰᠠᠷ᠎ᠠᠪᠤᠯᠳᠠᠯ᠎ᠠ᠂ ᠳ᠋ᠧᠩ ᠲᠢᠶᠸ ᠮᠧᠢ᠎ᠶ᠋ᠢᠨ ᠳᠠᠭᠠᠭᠤᠯᠤᠭ᠍ᠰᠠᠨ ᠴᠡᠷᠢᠭ ᠠᠩᠬᠢ ᠶᠠᠫᠣᠨ᠎ᠤ ᠬᠠᠭᠤᠷᠮᠠᠭ ᠴᠡᠷᠢᠭ᠎ᠲᠡᠶ ᠵᠠᠭᠤ ᠭᠠᠷᠤᠢ ᠤᠳᠠᠭ᠎ᠠ ᠶᠡᠬᠡ ᠪᠠᠭ᠎ᠠ ᠪᠠᠢᠯᠳᠤᠭᠠᠨ ᠬᠢᠵᠦ᠍᠂ ᠳᠠᠢᠰᠤᠨ᠎ᠳᠤ ᠬᠦᠨᠳᠦ ᠴᠣᠬᠢᠯᠲᠠ ᠥᠭ᠌ᠴᠡᠢ᠃ ᠴᠡᠷᠢᠭ ᠠᠩᠭᠢ ᠨᠢ ᠪᠠᠰᠠ ᠮᠠᠰᠢ ᠶᠡᠬᠡ ᠬᠥᠭ᠌ᠵᠢᠯᠲᠡ᠎ᠲᠡᠶ ᠪᠣᠯᠵᠤ᠂ ᠴᠡᠷᠢᠭ ᠠᠩᠭᠢ᠎ᠶ᠋ᠢᠨ ᠬᠥᠮᠦᠨ᠎ᠦ ᠲᠣᠭ᠎ᠠ ᠨᠢ 1.5 ᠲᠦᠮᠡ᠎ᠡᠴᠡ ᠳᠡᠭᠡᠭ᠌ᠰᠢ᠎ᠳᠦ ᠬᠦᠷᠴᠦ᠍᠂ ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠵᠡᠪᠰᠡᠭ᠌ᠲᠦ ᠬᠦᠴᠦᠨ᠎ᠦ ᠳᠣᠲᠣᠷᠠᠬᠢ ᠨᠢᠭᠡᠨ ᠰᠠᠯᠠᠭ᠎ᠠ ᠬᠦᠴᠦᠷᠬᠡᠭ ᠴᠡᠷᠢᠭ ᠪᠣᠯᠵᠠᠢ᠃
ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠲᠡᠦᠬᠡᠨ ᠪᠣᠳᠠᠲᠤ ᠳᠡᠯᠭᠡᠨ ᠦᠵᠡᠭᠦᠯᠬᠦ᠌ ᠣᠷᠳᠣᠨ᠎ᠤ ᠰᠤᠳᠤᠯᠬᠤ ᠬᠡᠯᠲᠡᠰ᠎ᠦᠨ ᠡᠷᠬᠢᠯᠡᠭᠴᠢ ᠵᠧᠦ ᠬᠤᠤ᠎ᠶ᠋ᠢᠨ ᠲᠠᠨᠢᠯᠴᠠᠭᠤᠯᠤᠭ᠍ᠰᠠᠨ᠎ᠢᠶᠠᠷ᠂ ᠳ᠋ᠧᠩ ᠲᠢᠶᠸ ᠮᠧᠢ᠎ᠶ᠋ᠢᠨ ᠳᠠᠭᠠᠭᠤᠯᠤᠭ᠍ᠰᠠᠨ ᠴᠡᠷᠢᠭ ᠠᠩᠭᠢ ᠤᠳᠠᠭᠠᠨ ᠵᠢᠯ ᠳᠠᠢ᠌ᠨ ᠬᠢᠵᠦ᠍᠂ ᠠᠮᠠᠷᠠᠨ ᠴᠡᠭ᠌ᠴᠡᠯᠡᠵᠦ᠍ ᠳᠡᠢᠯᠦᠭ᠌ᠰᠡᠨ ᠦᠭᠡᠢ᠂ ᠤᠷᠳ᠋ᠤ ᠬᠤᠭᠤᠴᠠᠭ᠎ᠠ᠎ᠪᠠᠷ ᠳᠠᠢ᠌ᠨ ᠬᠢᠭ᠌ᠰᠡᠨ᠎ᠡᠴᠡ ᠳ᠋ᠧᠩ ᠲᠢᠶᠸ ᠮᠧᠢ ᠴᠦ᠍ ᠬᠦᠨᠳᠦ ᠡᠪᠡᠳᠴᠢᠨ᠎ᠳᠦ ᠨᠡᠷᠪᠡᠭ᠌ᠳᠡᠪᠠ᠃ 1934 ᠣᠨ᠎ᠤ 5 ᠰᠠᠷ᠎ᠠ᠎ᠳᠤ᠂ ᠳ᠋ᠧᠩ ᠲᠢᠶᠸ ᠮᠧᠢ ᠬᠦᠨᠳᠦ ᠡᠪᠡᠳᠴᠢᠯᠡᠭᠡᠳ ᠴᠡᠷᠢᠭ ᠠᠩᠭᠢ᠎ᠪᠡᠨ ᠳᠠᠭᠠᠨ ᠤᠷᠤᠬᠰᠢᠯᠠᠵᠤ ᠲᠠᠢᠯᠬᠦ ᠦᠭᠡᠢ ᠪᠤᠯᠵᠦ᠍᠂ ᠹᠸᠡᠭᠴᠸᠡᠭ᠌ ᠱᠢᠶᠠᠨ᠎ᠤ ᠱᠢᠶᠤᠤ ᠼᠠᠢ ᠭᠧᠤ᠎ᠵᠢᠨ ᠵᠠᠩ ᠵᠢᠶᠠ ᠪᠦ ᠽᠢ ᠳ᠋ᠤ ᠨᠢᠭᠤᠴᠠ᠎ᠪᠠᠷ ᠬᠦᠷᠭᠡᠭ᠌ᠳᠡᠵᠦ᠍ ᠡᠪᠡᠳᠴᠢᠨ᠎ᠢᠶᠡᠨ ᠰᠤᠪᠢᠯᠠᠭᠤᠯᠪᠠ᠃
ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠲᠡᠦᠬᠡᠨ ᠪᠣᠳᠠᠲᠤ ᠳᠡᠯᠭᠡᠨ ᠦᠵᠡᠭᠦᠯᠬᠦ᠌ ᠣᠷᠳᠣᠨ᠎ᠳᠤ᠂ ᠲᠡᠯᠭᠡᠨ ᠦᠵᠡᠬᠦᠯᠵᠤ ᠪᠠᠢᠭ᠎ᠠ ᠡᠮ ᠪᠤᠴᠠᠯᠭᠠᠬᠤ ᠲᠠᠪᠤᠷ᠎ᠠ ᠨᠢ ᠳ᠋ᠧᠩ ᠲᠢᠶᠧ ᠮᠧᠢ᠎ᠶ᠋ᠢᠨ ᠬᠠᠮᠤᠭ ᠰᠡᠭᠦᠯᠴᠢ᠎ᠶ᠋ᠢᠨ ᠣᠨ ᠰᠠᠷᠠᠶ᠋ᠢ ᠲᠡᠮᠳᠡᠭᠯᠡᠵᠤ ᠪᠠᠢᠯ᠎ᠠ᠃ ᠡᠨᠡ ᠬᠦ᠌ ᠡᠮ ᠪᠤᠴᠠᠯᠭᠠᠬᠤ ᠳᠡᠪᠦᠷ᠎ᠡ ᠶ᠋ᠢ ᠳ᠋ᠧᠩ ᠲᠢᠶᠸ ᠮᠧᠢ ᠡᠪᠡᠳᠴᠢᠨ ᠵᠢᠡᠨ ᠰᠤᠪᠢᠯᠠᠬᠤᠪᠠᠢᠬᠤ ᠬᠤᠭᠤᠴᠠᠭᠠᠨ ᠳ᠋ᠠᠭᠠᠨ ᠬᠡᠷᠡᠭ᠌ᠯᠡᠵᠤ ᠪᠠᠢᠵᠠᠢ᠃
《1934 ᠣᠨ᠎ᠤ 5 ᠰᠠᠷ᠎ᠠ᠎ᠶ᠋ᠢᠨ 30 ᠤ᠋ ᠡᠳᠦᠷ᠂ ᠡᠪᠡᠳᠴᠢᠨ᠎ᠢᠶᠡᠨ ᠰᠤᠪᠢᠯᠠᠵᠤ ᠪᠠᠢᠭ᠍ᠰᠠᠨ ᠬᠤᠭᠤᠴᠠᠭᠠᠨ᠎ᠳᠤ᠂ ᠤᠷᠪᠠᠭ᠍ᠴᠢᠳ᠋ᠤ ᠬᠤᠳᠠᠯᠳᠤᠬᠳᠠᠬᠰᠡᠨ ᠡᠴᠡ ᠪᠤᠯᠵᠤ ᠳ᠋ᠧᠩ ᠲᠢᠶᠸ ᠮᠧᠢ ᠵᠣᠯ ᠪᠤᠰᠤ᠎ᠪᠠᠷ ᠪᠠᠷᠢᠪᠴᠢᠯᠠᠭ᠍ᠳᠠᠪᠠ》᠃ ᠵᠧᠦ ᠬᠤᠤ ᠬᠡᠯᠡᠬᠦ᠎ᠳᠡᠭᠡᠨ᠂ ᠶᠠᠫᠣᠨ ᠬᠠᠭᠤᠷᠮᠠᠭ ᠴᠡᠷᠢᠭ᠎ᠦᠨ ᠰᠦᠷᠳᠡᠭᠦᠯᠦᠯ ᠥᠳᠥᠭᠡᠯᠭᠡ ᠳᠣᠣᠷ᠎ᠠ᠂ ᠳ᠋ᠧᠩ ᠲᠢᠶᠸ ᠮᠧᠢ ᠥᠪᠡᠷ ᠦᠨ ᠢᠳᠡᠭᠡᠯ ᠵᠤᠷᠢᠭ ᠵᠢᠡᠨ ᠥᠴᠦᠬᠡᠨ ᠴᠦ᠍ ᠭᠤᠢᠪᠢᠯᠵᠠᠭᠤᠯᠤᠭ᠍ᠰᠠᠨ ᠦᠭᠡᠢ᠃ ᠶᠠᠫᠣᠨ ᠬᠠᠭᠤᠷᠮᠠᠭ ᠴᠡᠷᠢᠭ᠎ᠦᠨ ᠳᠡᠭᠡᠳᠦ ᠵᠡᠷᠭᠡ᠎ᠶ᠋ᠢᠨ ᠨᠣᠶᠠᠳ ᠲᠡᠭᠦᠨᠳ᠋ᠤ ᠰᠠᠢᠨ᠎ᠢ ᠢᠳᠡᠭᠦᠯᠵᠦ᠍ ᠤᠤᠭᠤᠯᠭᠠᠨ ᠦᠳᠤᠭᠡᠨ ᠲᠠᠳᠠᠬᠰᠠᠨ ᠳ᠋ᠤ᠂ ᠲᠡᠷᠡ ᠥᠯᠪᠡᠷᠦᠯ ᠵᠠᠷᠯᠠᠭᠤᠯᠤᠨ᠂ ᠶᠤᠸᠠᠢ ᠹᠸᠢ᠂ ᠸᠸᠨ ᠲᠢᠶᠠᠨ ᠱᠢᠶᠠᠩᠵᠢᠡᠷ ᠦᠪᠡᠷ ᠢ᠋ ᠪᠡᠨ ᠵᠤᠷᠢᠬᠵᠢᠭᠤᠯᠤᠨ᠄ 《ᠠᠮᠢᠳᠤ ᠶᠠᠪᠤᠪᠡᠯ ᠲᠤᠮᠳᠠᠳᠤ ᠵᠢᠨ ᠬᠦᠮᠦᠨ ᠪᠤᠯᠵᠤ᠂ ᠠᠮᠢᠰᠬᠤᠭ᠎ᠠ ᠲᠠᠰᠤᠷᠠᠪᠡᠴᠤ ᠲᠤᠮᠳᠠᠳᠤ ᠵᠢᠨ ᠴᠢᠳᠬᠦᠷ ᠪᠤᠯᠤᠶᠤ᠂ ᠥᠭᠡᠷ᠎ᠡ᠎ᠶ᠋ᠢ ᠮᠡᠳᠡᠬᠦ᠌ ᠦᠭᠡᠶ》ᠭᠡᠪᠡ᠃ ᠶᠠᠫᠣᠨ᠎ᠤ ᠴᠡᠷᠢᠭ᠎ᠦᠨ ᠳᠠᠷᠤᠭ᠎ᠠ ᠳ᠋ᠧᠩ ᠲᠢᠶᠸ ᠮᠧᠢ᠎ᠪᠡᠷ ᠳᠡᠪᠢᠭᠦᠷ ᠳᠡᠭᠡᠷ᠎ᠡ ᠪᠡᠨ ᠪᠢᠴᠢᠭᠡᠰᠦ ᠪᠢᠴᠢᠭᠦᠯᠬᠦ ᠳ᠋ᠤ ᠲᠡᠷᠡ᠄ 《ᠲᠠᠪᠤᠨ ᠲᠤᠬᠤᠢ ᠪᠡᠶ᠎ᠡ᠎ᠪᠡᠨ ᠬᠠᠢᠷᠠᠯᠠᠮᠠᠷ ᠤᠴᠢᠷ ᠶᠠᠭᠤᠨ᠂ ᠲᠦᠷᠪᠡᠨ ᠮᠤᠵᠢ ᠵᠢᠨ ᠭᠠᠵᠠᠷ᠎ᠢᠶᠠᠨ ᠭᠡᠵᠢᠶ᠎ᠠ ᠡᠬᠡᠬᠦᠯᠤᠨ ᠠᠪᠤᠨ᠎ᠠ?》ᠭᠡᠮᠡᠨ ᠪᠠᠷᠳᠠᠮ ᠰᠢᠯᠦᠭᠯᠡᠭᠰᠡᠨ ᠪᠠᠢᠯ᠎ᠠ᠃
1934 ᠣᠨ᠎ᠤ 9 ᠰᠠᠷ᠎ᠠ᠎ᠶ᠋ᠢᠨ 28 ᠤ᠋ ᠡᠳᠦᠷ᠂ ᠳ᠋ᠧᠩ ᠲᠢᠶ᠍ᠸ ᠮᠧᠢ ᠶᠠᠫᠣᠨ ᠳᠡᠭᠡᠷᠡᠮ᠎ᠳᠦ ᠬᠠᠷᠭᠢᠰ ᠬᠡᠷᠴᠡᠭᠡᠢ᠎ᠪᠡᠷ ᠠᠯᠠᠭ᠍ᠳᠠᠪᠠ᠂ ᠲᠤᠬᠠᠢ ᠵᠢᠨ ᠦᠶ᠎ᠠ ᠳ᠋ᠤ ᠰᠠᠶ᠍ᠢ 42 ᠨᠠᠰᠤᠲᠠᠢ ᠪᠠᠢᠯ᠎ᠠ᠃
ᠶᠠᠫᠣᠨ᠎ᠢ ᠡᠰᠡᠷᠭᠦᠴᠡᠬᠦ᠌ ᠳᠠᠢᠨ᠎ᠤ ᠵᠣᠷᠢᠭ ᠰᠠᠨᠠᠭ᠎ᠠ ᠭᠡᠳᠡᠭ ᠨᠢ ᠶᠠᠭᠤ ᠪᠤᠢ? ᠲᠡᠷᠡ ᠨᠢ ᠲᠠᠷᠤᠢ ᠳ᠋ᠧᠩ ᠲᠢᠶᠸ ᠮᠧᠢ ᠲᠣᠯᠣᠭᠠᠢ ᠪᠥᠬᠥᠢᠬᠦ᠌ ᠳᠤᠷ᠎ᠠ ᠦᠭᠡᠢ ᠪᠥᠭᠡᠳ ᠬᠡᠵᠢᠶᠡᠳᠡ ᠨᠢᠷᠤᠭᠤ ᠭᠡᠳᠡᠢᠨ ᠵᠣᠭ᠍ᠰᠣᠬᠰᠡᠨ; ᠲᠡᠬᠦᠨ ᠤ᠋ ᠶᠠᠫᠣᠨ ᠳᠡᠭᠡᠷᠡᠮ ᠢ ᠡᠰᠡᠷᠭᠦᠴᠡᠬᠦ᠌ ᠦᠶ᠎ᠡ᠎ᠳᠦ᠂ ᠡᠪᠡᠳᠴᠢᠨ ᠡᠮᠭᠡᠭ ᠲᠤ᠌ ᠤᠷᠢᠶᠠᠬᠳᠠᠬᠰᠡᠨ ᠴᠤ᠌ ᠯᠢᠶᠣᠤᠳᠦ᠋ᠩᠢ ᠰᠦᠷᠳᠡᠭᠦᠯᠵᠦ᠍ ᠪᠠᠢᠭ᠍ᠰᠠᠨ; ᠲᠡᠬᠦᠨ ᠤ᠋ ᠵᠣᠯ ᠪᠤᠰᠤ᠎ᠪᠠᠷ ᠪᠠᠷᠢᠪᠴᠢᠯᠠᠭ᠍ᠳᠠᠭ᠍ᠰᠠᠨ ᠤ ᠲᠠᠷᠠᠭ᠎ᠠ᠂ ᠮᠥᠨ ᠬᠦ᠌ ᠨᠤᠭᠤᠷᠠᠰᠢ ᠦᠭᠡᠢ ᠲᠡᠮᠡᠴᠡᠵᠦ᠍᠂ ᠪᠠᠭᠠᠲᠤᠷᠯᠢᠭ᠎ᠢᠶᠠᠷ ᠪᠡᠶ᠎ᠡ ᠦᠷᠡᠭ᠌ᠳᠡᠵᠦ᠍᠂ ᠲᠦᠪ ᠴᠢᠭᠡᠴᠢ ᠪᠡᠷ ᠵᠢᠷᠤᠮ ᠢ᠋ ᠬᠦᠢᠴᠡᠳᠭᠡᠭᠰᠡᠨ ᠶᠠᠪᠤᠳᠠᠯ ᠪᠤᠯᠬᠤ ᠶᠤᠮ᠃
ᠲᠡᠦᠬᠡ ᠮᠠᠷᠲᠠᠭ᠍ᠳᠠᠭᠠ ᠦᠭᠡᠢ᠃ ᠵᠡᠭᠦᠨ ᠬᠣᠢᠲᠤ᠎ᠶ᠋ᠢᠨ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠲᠡᠦᠬᠡᠨ ᠪᠣᠳᠠᠲᠤ ᠦᠵᠡᠭᠦᠯᠬᠦ ᠣᠷᠳᠣᠨ᠎ᠡᠴᠡ ᠳᠡᠮᠡᠢ ᠬᠤᠯᠠ ᠦᠭᠡᠢ ᠪᠠᠢᠷᠢᠯᠠᠭ᠎ᠠ ᠪᠤᠯ ᠳᠠᠷᠤᠢ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ ᠦᠨ ᠳᠤᠮᠳᠠᠳᠤ ᠰᠤᠷᠭᠠᠭᠤᠯᠢ ᠪᠣᠯᠤᠨ᠎ᠠ᠃ ᠡᠨᠡ ᠬᠦ᠌《ᠶᠠᠫᠣᠨ ᠢ ᠡᠰᠡᠷᠭᠦᠴᠡᠬᠦ᠌ ᠬᠣᠯᠪᠣᠭᠠᠲᠤ ᠴᠡᠷᠢᠭ》 ᠤ᠋ᠨ ᠨᠡᠷ᠎ᠡ᠎ᠪᠡᠷ ᠨᠡᠷᠡᠢᠳᠦᠭ᠌ᠰᠡᠨ ᠳᠤᠮᠳᠠᠳᠤ ᠰᠤᠷᠭᠠᠭᠤᠯᠢ ᠵᠢᠯ ᠪᠦᠷᠢ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ᠎ᠦᠨ ᠵᠣᠷᠢᠭ ᠰᠠᠨᠠᠭᠠᠨ᠎ᠤ ᠬᠥᠮᠦᠵᠢᠯ ᠬᠢᠬᠦ᠌᠎ᠶ᠋ᠢᠨ ᠵᠡᠷᠭᠡ ᠪᠡᠷ ᠰᠤᠷᠤᠭ᠍ᠴᠢᠳ᠎ᠢ ᠵᠣᠬᠢᠶᠠᠨ ᠪᠠᠢᠭᠤᠯᠵᠤ ᠳᠡᠯᠭᠡᠨ ᠦᠵᠡᠭᠦᠯᠬᠦ᠌ ᠣᠷᠳᠣᠨ᠎ᠳᠤ ᠬᠦᠷᠴᠦ᠍ ᠲᠤᠬᠠᠢ᠎ᠶ᠋ᠢᠨ ᠲᠠᠯᠠᠪᠠᠢ᠎ᠳᠤ ᠵᠢᠭᠠᠨ ᠰᠤᠷᠭᠠᠯᠲᠠ ᠬᠢᠳᠡᠭ᠃
《ᠬᠢᠴᠢᠶᠡᠯ ᠦᠨ ᠪᠢᠴᠢᠭ᠎ᠲᠡᠬᠢ ᠮᠡᠳᠡᠯᠭᠡ ᠪᠣᠯ 〈ᠬᠠᠪᠲᠠᠭᠠᠢ〉 ᠶᠤᠮ᠂ ᠳᠡᠯᠭᠡᠨ ᠦᠵᠡᠭᠦᠯᠬᠦ᠌ ᠣᠷᠳᠣᠨ᠎ᠳᠤ ᠬᠦᠷᠴᠤ ᠰᠤᠷᠤᠯᠴᠠᠬᠤ ᠪᠤᠯ 〈ᠪᠣᠰᠣᠭ᠎ᠠ ᠴᠣᠭ᠍ᠴᠠᠲᠤ〉 ᠶᠤᠮ᠂ ᠰᠤᠷᠤᠭ᠍ᠴᠢᠳ ᠦᠨᠳᠦᠰᠦᠲᠡᠨ᠎ᠦ ᠦᠷᠡᠭ᠌ᠳᠡᠭ᠌ᠰᠡᠨ ᠪᠠᠭᠠᠲᠤᠷᠴᠤᠳ᠎ᠤᠨ ᠴᠢᠰᠤᠲᠤ ᠪᠠᠢᠯᠳᠤᠭᠠᠨ ᠬᠢᠵᠦ᠍᠂ ᠲᠦᠷᠢᠮᠡᠬᠡᠢᠯᠡᠯ᠎ᠢ ᠡᠰᠡᠷᠭᠦᠴᠡᠭ᠌ᠰᠡᠨ ᠲᠡᠦᠬᠡ ᠶ᠋ᠢ ᠪᠠᠲᠤ ᠴᠡᠭᠡᠵᠢᠯᠡᠵᠦ᠍᠂ ᠤᠳᠤ ᠶ᠋ᠢᠨ ᠬᠢᠯᠪᠠᠷ ᠪᠤᠰᠤ᠎ᠪᠠᠷ ᠢᠷᠡᠭ᠌ᠰᠡᠨ ᠡᠩᠬᠡ ᠲᠠᠢᠪᠤᠩ᠎ᠢ ᠨᠠᠨᠳᠢᠩᠨᠠᠬᠤ ᠶ᠋ᠢ ᠬᠦᠰᠡᠵᠦ᠍ ᠪᠠᠢᠨ᠎ᠠ》 ᠭᠡᠵᠦ᠍ ᠶᠠᠫᠣᠨ᠎ᠢ ᠡᠰᠡᠷᠭᠦᠴᠡᠬᠦ᠌ ᠬᠣᠯᠪᠣᠭᠠᠲᠤ ᠴᠡᠷᠢᠭ ᠤ᠋ᠨ ᠲᠤᠮᠳᠠᠳᠤ ᠰᠤᠷᠭᠠᠭᠤᠯᠢ᠎ᠶ᠋ᠢᠨ ᠡᠪᠯᠡᠯ᠎ᠦᠨ ᠬᠣᠷᠢᠶ᠎ᠠ ᠵᠢᠨ ᠱᠦᠵᠢ ᠸᠠᠩ ᠬᠤᠤ ᠬᠡᠯᠡᠪᠡ᠃
(ᠱᠢᠨᠬᠤᠸᠠ ᠬᠣᠷᠢᠶ᠎ᠠ ᠵᠢᠨ ᠮᠦᠭ᠌ᠳᠡᠨᠦ ᠴᠠᠬᠢᠯᠭᠠᠨ ᠮᠡᠳᠡᠭᠡ)