65 ᠵᠢᠯ ᠱᠢᠷᠭᠠᠭᠤ ᠬᠠᠲᠠᠭᠤᠵᠢᠯᠲᠠᠶ ᠲᠡᠮᠡᠴᠡᠵᠦ᠍ ᠡᠯᠡᠰᠦᠨ ᠴᠦᠯᠢ ᠨᠣᠭᠣᠭᠠᠨ ᠪᠦᠷᠢᠳᠦ ᠪᠣᠯᠭᠠᠵᠠᠢ
ᠾᠧ ᠱᠢᠨ ᠠᠯᠭᠤᠷᠬᠠᠨ ᠮᠠᠴᠤᠯᠬᠢᠯᠠᠬᠰᠠᠭᠠᠷ 35 ᠮᠧᠲ᠋ᠷ ᠥᠨᠳᠥᠷ ᠪᠠᠷᠠᠯᠠᠬᠤ ᠰᠤᠪᠤᠷᠭ᠎ᠠ ᠳᠡᠭᠡᠷ᠎ᠡ ᠭᠠᠷᠴᠤ᠂ ᠱᠢᠨ᠎ᠡ ᠰᠣᠷᠭᠣᠭ ᠠᠭᠠᠷ ᠢ᠋ ᠴᠠᠭᠡᠵᠢ ᠳᠦᠭᠦᠷᠡᠨᠭ ᠠᠮᠢᠰᠭᠤᠬᠤᠳᠦ ᠴᠢᠷᠠᠢ ᠳ᠋ᠤᠨᠢ ᠣᠮᠣᠭ᠍ᠰᠢᠯᠲᠠᠢ ᠪᠠᠢᠳᠠᠯ ᠲᠤᠳᠤᠷᠠᠨ᠎ᠠ᠃ 《ᠡᠨᠡ ᠬᠡᠰᠡᠭ ᠤᠢ ᠱᠢᠭᠤᠢ ᠳ᠋ᠤ ᠭᠤᠷᠪᠠᠨ ᠦᠶ᠎ᠡ ᠶ᠋ᠢᠨ ᠬᠥᠮᠦᠰ ᠤ᠋ᠨ ᠬᠦᠴᠦ᠍ ᠬᠥᠯᠥᠰᠥ᠍ ᠱᠢᠩᠭᠡᠵᠦ᠍ ᠪᠠᠢᠨ᠎ᠠ!》 ᠭᠡᠵᠦ ᠾᠧ ᠱᠢᠨ ᠡᠨᠡ ᠬᠦ᠌ ᠬᠦᠪᠡᠭᠡ ᠬᠢᠵᠠᠭᠠᠷ ᠨᠢ ᠬᠠᠷᠠᠭᠳᠠᠬᠤ ᠦᠭᠡᠢ ᠦᠷᠬᠦᠯᠵᠢᠯᠡᠬᠦ ᠨᠤᠮᠢᠨ ᠨᠣᠭᠣᠭᠠᠨ ᠤᠢ ᠰᠢᠭᠤᠢ ᠵᠢ ᠬᠠᠷᠠᠭᠠᠳ ᠲᠡᠰᠭᠡᠯ ᠥᠬᠡᠶ ᠰᠡᠳᠭᠢᠯ ᠲᠤᠬᠳᠤᠯᠤᠨ᠎ᠠ᠃ 《60 ᠭᠠᠷᠤᠶ ᠵᠢᠯ ᠤ᠋ᠨ ᠬᠠᠲᠠᠭᠤᠵᠢᠯᠲᠠᠶ ᠲᠡᠮᠡᠴᠡᠯ ᠢ᠋ᠶ᠋ᠡᠷ ᠳᠡᠮᠵᠢᠨ ᠤᠯᠤᠰ ᠤ᠋ᠨ ᠡᠵᠡᠨᠭᠨᠡᠯᠲᠡ ᠶ᠋ᠢᠨ ᠰᠢᠨ ᠬᠤᠸᠠ ᠣᠶ ᠱᠢᠭᠤᠶ ᠶ᠋ᠢᠨ ᠲᠠᠯᠠᠪᠠᠶ ᠨᠡᠢᠲᠡ 3.9 ᠲᠦᠮᠡᠨ ᠮᠥ᠍ ᠣᠢᠵᠢᠭᠤᠯᠵᠤ᠂ 430 ᠲᠦᠮᠡᠨ ᠰᠠᠭᠤᠷᠢ ᠮᠣᠳᠣ ᠳᠠᠷᠢᠪᠠ᠃ 2023 ᠣᠨ ᠤ᠋ 6 ᠰᠠᠷ᠎ᠠ ᠡᠴᠡ ᠣᠲᠣ ᠪᠣᠯᠲᠠᠯ᠎ᠠ ᠪᠢᠳᠡ ᠪᠠᠰᠠ 5000 ᠮᠥ᠍ ᠡᠯᠡᠰᠦᠷᠬᠡᠭ ᠭᠠᠵᠠᠷ ᠢ᠋ ᠲᠥᠪᠯᠡᠷᠡᠭᠦᠯᠦᠨ ᠨᠤᠭᠤᠭᠠᠷᠠᠭᠤᠯᠵᠤ᠂ ᠤᠷᠭᠤᠮᠠᠯ ᠤ᠋ᠨ ᠬᠤᠴᠢᠯᠭ᠎ᠠ ᠵᠢ ᠨᠡᠢᠲᠡ 265 ᠲᠦᠮᠡᠨ ᠰᠠᠭᠤᠷᠢ ᠳᠠᠷᠢᠵᠤ᠂ ᠣᠶ ᠱᠢᠭᠤᠶ ᠡᠪᠡᠰᠦ ᠪᠡᠯᠴᠢᠭᠡᠷ ᠤ᠋ᠨ ᠪᠦᠷᠬᠦᠴᠡ 2023 ᠣᠨ ᠤ᠋ 65% ᠡᠴᠡ 88% ᠪᠣᠯᠲᠠᠯ᠎ᠠ ᠨᠡᠮᠡᠭ᠌ᠳᠡᠵᠦ᠍᠂ ᠪᠥᠬᠥ᠌ ᠤᠯᠤᠰ ᠤ᠋ᠨ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠲᠤᠷᠱᠢᠯᠲᠠ ᠶ᠋ᠢᠨ ᠣᠶ ᠱᠢᠭᠤᠶ ᠶ᠋ᠢᠨ ᠲᠠᠯᠠᠪᠠᠶ ᠵᠢ ᠪᠠᠢᠭᠤᠯᠪᠠ》 ᠭᠡᠵᠦ ᠲᠡᠷᠡ ᠲᠠᠨᠢᠯᠴᠠᠭᠤᠯᠤᠯ᠎ᠠ᠃
ᠾᠧ ᠱᠢᠨ ᠪᠣᠯ ᠪᠠᠶᠠᠨᠨᠠᠭᠤᠷ ᠬᠣᠲᠠ ᠶ᠋ᠢᠨ ᠯᠢᠨ ᠾᠧ ᠲᠣᠭᠣᠷᠢᠭ ᠤ᠋ᠨ ᠤᠯᠤᠰ ᠤ᠋ᠨ ᠡᠵᠡᠩᠨᠡᠯᠲᠡ ᠶ᠋ᠢᠨ ᠰᠢᠨ ᠬᠤᠸᠠ ᠣᠶ ᠱᠢᠭᠤᠶ ᠶ᠋ᠢᠨ ᠲᠠᠯᠠᠪᠠᠶ ᠶ᠋ᠢᠨ ᠳᠠᠷᠤᠭ᠎ᠠ ᠪᠣᠯᠤᠨ᠎ᠠ᠃ 1960 ᠣᠨ ᠡᠴᠡ ᠡᠬᠢᠯᠡᠨ ᠪᠠᠢᠭᠤᠯᠤᠭᠰᠠᠨ ᠤᠢ ᠰᠢᠭᠤᠢ ᠶ᠋ᠢᠨ ᠲᠠᠯᠠᠪᠠᠶ ᠪᠠᠢᠭᠤᠯᠤᠭ᠍ᠳᠠᠭ᠍ᠰᠠᠨ ᠡᠬᠢᠨᠦ ᠦᠶ᠎ᠡ ᠳ᠋ᠤ ᠠᠮᠢ ᠠᠬᠤᠶ ᠵᠢᠨ ᠣᠷᠴᠢᠨ ᠨᠥᠬᠥᠴᠡᠯ ᠲᠤᠢᠯ ᠤ᠋ᠨ ᠮᠠᠭᠤ ᠪᠠᠢᠵᠤ᠂ 《ᠬᠠᠪᠤᠷ ᠡᠴᠡ ᠡᠪᠦᠯ ᠪᠣᠯᠲᠠᠯ᠎ᠠ ᠰᠠᠯᠬᠢᠯᠠᠨ᠎ᠠ》 ᠭᠡᠳᠡᠭ ᠪᠣᠯ ᠲᠤᠬᠠᠶ ᠶ᠋ᠢᠨ ᠭᠠᠵᠠᠷ ᠤ᠋ᠨ ᠦᠨᠡᠨ ᠪᠣᠳᠠᠲᠠᠶ ᠵᠢᠷᠤᠭ᠍ᠯᠠᠯ ᠮᠥᠨ᠃
《ᠲᠤᠬᠠᠢ ᠶ᠋ᠢᠨ ᠦᠶ᠎ᠡ ᠶ᠋ᠢᠨ ᠨᠥᠬᠥᠴᠡᠯ ᠮᠠᠰᠢ ᠬᠠᠲᠠᠭᠤᠵᠢᠯᠲᠠᠢ᠂ ᠢᠳᠡᠵᠦ᠍ ᠡᠮᠦᠰᠭᠦ ᠳ᠋ᠡᠭᠡᠨ ᠵᠥᠪ ᠦᠭᠡᠢ᠂ ᠪᠠᠭᠠᠵᠢ ᠬᠡᠷᠡᠭ᠌ᠰᠡᠯ ᠳᠥᠭᠥᠮ ᠪᠦᠳᠦᠭᠦᠯᠢᠭ ᠪᠠᠢᠵᠤ᠂ ᠮᠣᠳᠣ ᠲᠠᠷᠢᠬᠤ ᠳ᠋ᠤ ᠰᠠᠯᠬᠢ ᠱᠢᠭᠤᠷᠭᠠ ᠳᠡᠭ᠌ᠳᠡᠵᠦ᠍᠂ ᠮᠠᠯᠲᠠᠵᠤ ᠪᠠᠷᠠᠭ᠍ᠰᠠᠨ ᠮᠣᠳᠣᠨ ᠤ᠋ ᠨᠦᠬᠡ ᠤᠳᠠᠯ ᠦᠭᠡᠢ ᠡᠯᠡᠰᠦ ᠱᠢᠷᠣᠢ ᠳ᠋ᠤ ᠪᠤᠯᠠᠭ᠍ᠳᠠᠴᠢᠬᠠᠨᠠ》 ᠭᠡᠵᠦ᠍ ᠲᠤᠬᠠᠢ ᠶ᠋ᠢᠨ ᠵᠢᠯ ᠤ᠋ᠨ ᠣᠢᠵᠢᠭᠤᠯᠵᠤ ᠡᠯᠡᠰᠦ ᠵᠢ ᠵᠠᠰᠠᠭ᠍ᠰᠠᠨ ᠬᠦᠴᠢᠷ ᠪᠡᠷᠬᠡᠱᠢᠶᠡᠯ ᠤ᠋ᠨ ᠲᠤᠬᠠᠢ 80 ᠨᠠᠰᠤᠲᠠᠢ ᠤᠢ ᠱᠢᠭᠤᠢ ᠶ᠋ᠢᠨ ᠲᠠᠯᠠᠪᠠᠢ ᠶ᠋ᠢᠨ ᠠᠵᠢᠯ ᠡᠴᠡ ᠪᠠᠨ ᠠᠮᠠᠷᠠᠭ᠍ᠰᠠᠨ ᠠᠵᠢᠯᠳᠠᠨ ᠵᠢᠶᠠ ᠺᠸ ᠮᠢᠩ ᠶᠠᠷᠢᠨ᠎ᠠ᠃
1978 ᠣᠨ ᠳ᠋ᠤ ᠮᠠᠨ ᠤ᠋ ᠤᠯᠤᠰ 《ᠤᠮᠠᠷᠠᠲᠤ ᠶ᠋ᠢᠨ ᠭᠤᠷᠪᠠᠨ ᠣᠷᠣᠨ》 ᠤ᠋ ᠬᠠᠯᠬᠠᠪᠴᠢ ᠤᠢ ᠶ᠋ᠢᠨ ᠱᠢᠰᠲᠸᠮ ᠤ᠋ᠨ ᠢᠨᠵᠧᠨᠧᠷᠢᠩ ᠤ᠋ᠨ ᠪᠦᠲᠦᠭᠡᠨ ᠪᠠᠢᠭᠤᠯᠤᠯᠲᠠ ᠵᠢ ᠡᠬᠢᠯᠡᠭᠦᠯᠵᠦ᠍᠂ ᠲᠡᠭᠦᠨ ᠡᠴᠡ ᠬᠣᠢᠰᠢ ᠪᠡᠭᠡᠵᠢᠩ ᠲᠢᠶᠠᠨᠵᠢᠨ ᠤ᠋ ᠰᠠᠯᠬᠢ ᠡᠯᠡᠰᠦᠨᠦ ᠡᠬᠢ ᠵᠢ ᠵᠠᠰᠠᠬᠤ ᠬᠣᠶᠠᠳᠤᠭᠠᠷ ᠬᠤᠭᠤᠴᠠᠭ᠎ᠠ ᠵᠡᠷᠭᠡ ᠢᠨᠵᠧᠨᠧᠷᠢᠩ ᠢ᠋ ᠵᠠᠯᠭᠠᠭ᠎ᠠ ᠪᠡᠷ ᠬᠡᠷᠡᠭ᠌ᠵᠢᠭᠦᠯᠪᠡ᠃ ᠲᠥᠷᠥᠯ ᠵᠦᠶ᠋ᠯ ᠤ᠋ᠨ ᠲᠤᠯᠭᠠᠭᠤᠷᠢᠯᠠᠯ ᠪᠠ ᠤᠯᠤᠰ ᠤ᠋ᠨ ᠪᠡᠯᠡ ᠣᠷᠣᠭᠤᠯᠤᠯᠲᠠ ᠪᠡᠷ ᠤᠯᠤᠰ ᠤ᠋ᠨ ᠡᠵᠡᠨᠭᠨᠡᠯᠲᠡ ᠶ᠋ᠢᠨ ᠰᠢᠨ ᠬᠤᠸᠠ ᠣᠢ ᠱᠢᠭᠤᠶ ᠶ᠋ᠢᠨ ᠲᠠᠯᠠᠪᠠᠢ ᠱᠢᠯᠢᠳᠡᠭ ᠮᠣᠳᠣᠨ ᠤ᠋ ᠲᠥᠷᠥᠯ ᠢ᠋ ᠣᠷᠣᠭᠤᠯᠤᠨ ᠠᠪᠴᠢᠷᠠᠵᠤ᠂ ᠶᠡᠬᠡ ᠬᠡᠪᠴᠢᠶ᠎ᠡ ᠪᠡᠷ ᠣᠢᠵᠢᠭᠤᠯᠵᠤ ᠡᠯᠡᠰᠦ ᠵᠢ ᠵᠠᠰᠠᠪᠠ᠃ ᠣᠢ ᠱᠢᠭᠤᠶ ᠶ᠋ᠢᠨ ᠲᠠᠯᠠᠪᠠᠢ ᠶ᠋ᠢᠨ ᠬᠥᠮᠦᠰ ᠣᠯᠠᠨ ᠵᠢᠯ ᠤ᠋ᠨ ᠮᠣᠳᠣ ᠲᠠᠷᠢᠬᠤ ᠲᠤᠷᠱᠢᠯᠭ᠎ᠠ ᠪᠡᠷ ᠳᠠᠮᠵᠢᠨ ᠡᠯᠡᠰᠦᠨ ᠭᠠᠵᠠᠷ ᠤ᠋ᠨ ᠮᠤᠳᠤᠨ ᠤ᠋ ᠡᠭᠦᠯᠳᠡᠷ ᠢ᠋ᠶ᠋ᠡᠷ ᠤᠢᠵᠢᠭᠤᠯᠬᠤ᠂ ᠬᠦᠢᠲᠡᠨ ᠢ᠋ᠶ᠋ᠡᠷ ᠬᠠᠳᠠᠭᠠᠯᠠᠬᠰᠠᠨ ᠮᠤᠳᠤᠨ ᠴᠢᠬᠢ ᠪᠡᠷ ᠤᠢᠵᠢᠭᠤᠯᠬᠤ᠂ ᠥᠨᠳᠥᠷ ᠳᠠᠷᠤᠯᠲᠠᠲᠤ ᠤᠰᠤ ᠪᠡᠷ ᠨᠦᠬᠡ ᠭᠠᠷᠭᠠᠵᠤ ᠣᠢᠵᠢᠭᠤᠯᠬᠤ ᠵᠡᠷᠭᠡ ᠮᠡᠷᠭᠡᠵᠢᠯ ᠢ᠋ ᠬᠡᠷᠡᠭ᠌ᠯᠡᠵᠦ᠍᠂ ᠰᠠᠯᠬᠢ ᠵᠢ ᠰᠡᠷᠭᠡᠢᠯᠡᠬᠦ᠌᠂ ᠡᠯᠡᠰᠦ ᠵᠢ ᠲᠣᠭ᠍ᠲᠠᠪᠤᠷᠢᠵᠢᠭᠤᠯᠬᠤ᠂ ᠬᠥᠪᠡᠭᠡ ᠵᠠᠬ᠎ᠠ ᠵᠢ ᠡᠮᠵᠢᠶᠡᠷᠢᠯᠡᠬᠦ ᠵᠠᠰᠠᠯᠲᠠ ᠶ᠋ᠢᠨ ᠦᠷ᠎ᠡ ᠪᠦᠲᠦᠮᠵᠢ ᠤᠯᠠᠮ ᠢᠯᠡᠷᠬᠡᠶ ᠪᠣᠯᠪᠠ᠃
ᠭᠤᠷᠪᠠᠨ ᠦᠶ᠎ᠡ ᠶ᠋ᠢᠨ ᠣᠶ ᠱᠢᠭᠤᠶ ᠶ᠋ᠢᠨ ᠲᠠᠯᠠᠪᠠᠶ ᠶ᠋ᠢᠨ ᠬᠥᠮᠦᠰ ᠤ᠋ᠨ ᠲᠠᠰᠤᠷᠠᠯᠲᠠ ᠦᠭᠡᠢ ᠲᠡᠮᠡᠴᠡᠯ ᠳᠤᠤᠷ᠎ᠠ ᠤᠯᠤᠰ ᠤ᠋ᠨ ᠡᠵᠡᠩᠨᠡᠯᠲᠡ ᠶ᠋ᠢᠨ ᠰᠢᠨ ᠬᠤᠸᠠ ᠣᠶ ᠱᠢᠭᠤᠶ ᠶ᠋ᠢᠨ ᠲᠠᠯᠠᠪᠠᠶ ᠶ᠋ᠢᠨ ᠡᠯᠡᠰᠦᠷᠬᠡᠭ ᠭᠠᠵᠠᠷ ᠤ᠋ᠨ ᠲᠠᠯᠠᠪᠠᠶ 20 ᠳ᠋ᠤᠭᠠᠷ ᠵᠠᠭᠤᠨ ᠤ᠋ ᠵᠢᠷᠠᠭᠠᠳ ᠣᠨ ᠳ᠋ᠤ 2.15 ᠲᠦᠮᠡᠨ ᠮᠥ᠍ ᠪᠠᠢᠭ᠍ᠰᠠᠨ ᠡᠴᠡ ᠪᠠᠨ 0.5 ᠲᠦᠮᠡᠨ ᠮᠥ᠍ ᠪᠣᠯᠤᠨ ᠪᠠᠭᠠᠰᠴᠤ᠌᠂ ᠣᠢᠷ᠎ᠠ ᠬᠠᠪᠢ ᠶ᠋ᠢᠨ ᠬᠣᠶᠠᠷ ᠨᠠᠭᠤᠷ ᠴᠥᠭᠥᠷᠥᠮ ᠤ᠋ᠨ ᠤᠰᠤᠨ ᠤ᠋ ᠲᠠᠯᠠᠪᠠᠶ ᠨᠢ ᠤᠤᠯ ᠤ᠋ᠨ 500 ᠮᠥ᠍ ᠪᠠᠢᠭ᠍ᠰᠠᠨ ᠡᠴᠡ ᠪᠠᠨ 700 ᠮᠥ᠍ ᠪᠣᠯᠤᠨ ᠥᠷᠭᠡᠳᠪᠡ᠃ ᠣᠢᠵᠢᠭᠤᠯᠵᠤ ᠨᠣᠭᠣᠭᠠᠷᠠᠭᠤᠯᠤᠭ᠍ᠰᠠᠨ ᠢ᠋ᠶ᠋ᠡᠷ ᠣᠶ ᠱᠢᠭᠤᠶ ᠶ᠋ᠢᠨ ᠲᠠᠯᠠᠪᠠᠶ ᠶ᠋ᠢᠨ ᠡᠷᠬᠢᠨ ᠲᠣᠭᠣᠷᠢᠨ ᠳ᠋ᠤ ᠪᠠᠭ᠎ᠠ ᠬᠡᠪᠴᠢᠶᠡᠨ ᠤ᠋ ᠠᠭᠤᠷ ᠠᠮᠢᠰᠭᠤᠯ ᠤ᠋ᠨ ᠤᠷᠴᠢᠨ ᠲᠤᠭᠤᠷᠢᠨ ᠪᠦᠷᠢᠯᠳᠦᠵᠦ᠂ ᠡᠯᠡᠰᠦᠨ ᠱᠢᠭᠤᠷᠭᠠ᠂ ᠬᠠᠭᠤᠷᠠᠶ ᠬᠠᠯᠠᠭᠤᠨ ᠰᠠᠯᠬᠢ᠂ ᠮᠥᠨᠳᠥᠷ ᠵᠡᠷᠭᠡ ᠭᠠᠮᠱᠢᠭ᠍ᠲᠤ ᠠᠭᠤᠷ ᠠᠮᠢᠰᠭᠤᠯ ᠢᠯᠡᠳᠲᠡ ᠪᠠᠭᠠᠰᠴᠤ᠌᠂ ᠣᠶ ᠳᠣᠲᠣᠷ᠎ᠠ ᠭᠤᠷᠭᠤᠤᠯ᠂ ᠦᠨᠡᠭᠡ ᠵᠡᠷᠭᠡ 84 ᠵᠦᠶ᠋ᠯ ᠤ᠋ᠨ ᠬᠡᠭᠡᠷ᠎ᠡ ᠶ᠋ᠢᠨ ᠠᠮᠢᠲᠠᠨ᠂ ᠤᠯᠢᠶᠠᠰᠤ᠂ ᠤᠳᠠ ᠵᠡᠷᠭᠡ 36 ᠵᠦᠶ᠋ᠯ ᠤ᠋ᠨ ᠤᠷᠭᠤᠮᠠᠯ ᠲᠠᠢ ᠪᠤᠯᠵᠤ᠂ ᠣᠢᠷ᠎ᠠ ᠬᠠᠪᠢ ᠶ᠋ᠢᠨ ᠨᠠᠭᠤᠷ ᠴᠥᠭᠥᠷᠥᠮ ᠳ᠋ᠤ ᠠᠮᠤᠷ ᠵᠢᠭᠠᠰᠤ᠂ ᠴᠤᠯᠪᠤᠭᠤᠷᠲᠤ ᠵᠢᠭᠠᠰᠤ ᠵᠡᠷᠭᠡ 10 ᠵᠦᠶ᠋ᠯ ᠤ᠋ᠨ ᠵᠢᠭᠠᠰᠤᠨ ᠤ᠋ ᠲᠥᠷᠥᠯ ᠪᠠᠢᠵᠤ᠂ ᠠᠮᠢ ᠠᠬᠤᠶ ᠶ᠋ᠢᠨ ᠣᠷᠴᠢᠨ ᠲᠣᠭᠣᠷᠢᠨ ᠤ᠋ ᠶᠠᠰᠤ ᠴᠢᠨᠠᠷ ᠶᠡᠬᠡ ᠪᠡᠷ ᠳᠡᠭᠡᠭ᠌ᠰᠢᠯᠡᠪᠡ᠃
2023 ᠣᠨ ᠡᠴᠡ ᠣᠲᠣ ᠪᠣᠯᠲᠠᠯ᠎ᠠ ᠤᠯᠤᠰ ᠤ᠋ᠨ ᠡᠵᠡᠩᠨᠡᠯᠲᠡ ᠶ᠋ᠢᠨ ᠰᠢᠨ ᠬᠤᠸᠠ ᠣᠶ ᠱᠢᠭᠤᠶ ᠶ᠋ᠢᠨ ᠲᠠᠯᠠᠪᠠᠶ 《ᠡᠪᠡᠰᠦᠯᠢᠭ ᠤᠷᠭᠤᠮᠠᠯ ᠢ᠋ᠶ᠋ᠡᠷ ᠡᠯᠡᠰᠦ ᠵᠢ ᠲᠣᠭ᠍ᠲᠠᠪᠤᠷᠢᠵᠢᠭᠤᠯᠬᠤ᠂ ᠲᠤᠷᠤᠭ ᠮᠤᠳᠤ ᠪᠤᠳᠠ ᠮᠤᠳᠤ ᠪᠠᠷ ᠬᠥᠪᠡᠭᠡ ᠵᠠᠬ᠎ᠠ ᠵᠢ ᠡᠮᠵᠢᠶᠡᠷᠢᠯᠡᠬᠦ》 ᠪᠣᠰᠣᠭ᠎ᠠ ᠴᠣᠭ᠍ᠴᠠᠲᠤ ᠬᠠᠮᠠᠭᠠᠯᠠᠯᠲᠠ ᠶ᠋ᠢᠨ ᠱᠢᠰᠲ᠋ᠧᠮ ᠢ᠋ ᠪᠠᠢᠭᠤᠯᠵᠤ᠂ 《ᠣᠶ ᠱᠢᠭᠤᠶ ᠶ᠋ᠢᠨ ᠲᠠᠯᠠᠪᠠᠶ ᠡᠴᠡ ᠬᠥᠲᠥᠯᠥᠨ ᠵᠢᠯᠣᠭᠣᠳᠬᠤ + ᠠᠵᠤ ᠠᠬᠤᠢᠯᠠᠯ ᠣᠷᠣᠯᠴᠠᠬᠤ + ᠨᠡᠢᠭᠡᠮ ᠡᠴᠡ ᠬᠠᠮᠵᠢᠯᠴᠠᠬᠤ》 ᠠᠷᠭ᠎ᠠ ᠪᠠᠷᠢᠯ ᠢ᠋ ᠬᠡᠷᠡᠭᠵᠢᠭᠦᠯᠦᠭᠰᠡᠨ ᠡᠴᠡ ᠣᠶ ᠱᠢᠭᠤᠶ ᠶ᠋ᠢᠨ ᠲᠠᠯᠠᠪᠠᠶ ᠳ᠋ᠤ ᠪᠠᠰᠠ ᠲᠩᠷᠢ ᠭᠠᠵᠠᠷ ᠢ᠋ ᠳᠣᠩᠰᠣᠯᠭᠠᠮ᠎ᠠ ᠬᠤᠪᠢᠷᠠᠯᠲᠠ ᠭᠠᠷᠴᠠᠶ᠃
ᠤᠯᠤᠰ ᠤ᠋ᠨ ᠡᠵᠡᠨᠭᠨᠡᠯᠲᠡ ᠶ᠋ᠢᠨ ᠰᠢᠨ ᠬᠤᠸᠠ ᠣᠶ ᠱᠢᠭᠤᠶ ᠶ᠋ᠢᠨ ᠲᠠᠯᠠᠪᠠᠶ ᠶ᠋ᠢᠨ 20 ᠲᠦᠮᠡᠨ ᠺᠢᠯᠦᠸᠠᠲ ᠤ᠋ᠨ ᠬᠡᠷᠡᠯᠴᠢ ᠴᠡᠨᠡᠭ ᠤ᠋ᠨ ᠲᠥᠷᠥᠯ ᠵᠦᠶ᠋ᠯ ᠤ᠋ᠨ ᠲᠣᠭᠣᠷᠢᠭ ᠲᠦ᠍ ᠠᠵᠢᠯᠴᠢᠳ ᠬᠡᠷᠡᠯᠴᠢ ᠴᠡᠨᠡᠭ ᠤ᠋ᠨ ᠲᠤᠯᠭᠠᠭᠤᠷᠢ ᠵᠢᠶᠠᠰᠠ ᠪᠠ ᠰᠡᠯᠪᠢᠭ ᠲᠣᠨᠣᠭ ᠤᠭ᠍ᠰᠠᠷᠠᠵᠤ᠂ ᠤᠳᠠᠯ ᠥᠬᠡᠶ ᠶᠠᠪᠤᠭ᠍ᠳᠠᠭᠤᠯᠬᠤ ᠭᠡᠵᠦ᠍ ᠪᠠᠢᠭ᠎ᠠ ᠴᠠᠬᠢᠯᠭᠠᠨ ᠲᠦᠬᠦᠭᠡᠷᠦᠮᠵᠢ ᠵᠢ ᠤᠭ᠍ᠰᠠᠷᠠᠵᠤ ᠲᠣᠬᠢᠷᠠᠭᠤᠯᠬᠤ ᠪᠠ ᠭᠡᠷᠡᠯᠴᠢ ᠴᠡᠨᠡᠭ ᠤ᠋ᠨ ᠬᠠᠪᠲᠠᠰᠤᠨ ᠳᠤᠤᠷᠠᠬᠢ ᠠᠮᠢ ᠠᠬᠤᠶ ᠵᠢ ᠵᠠᠰᠠᠬᠤ ᠠᠵᠢᠯ ᠳ᠋ᠤ ᠪᠡᠯᠡᠳᠭᠡᠯ ᠬᠢᠵᠦ᠍ ᠪᠣᠶ᠃ ᠨᠥᠭᠥᠭᠡ ᠲᠠᠯ᠎ᠠ ᠪᠡᠷ ᠲᠤᠬᠠᠶ ᠶ᠋ᠢᠨ ᠭᠠᠵᠠᠷ ᠤ᠋ᠨ ᠲᠠᠷᠢᠶᠠᠴᠢᠳ ᠬᠡᠷᠡᠯᠴᠢ ᠴᠡᠨᠡᠭ ᠤ᠋ᠨ ᠬᠠᠪᠲᠠᠰᠤᠨ ᠤ᠋ ᠳᠤᠤᠷ᠎ᠠ ᠡᠯᠡᠰᠦᠨ ᠬᠠᠯᠬᠠᠪᠴᠢ ᠳᠠᠷᠤᠵᠤ ᠪᠣᠶ᠃
ᠲᠠᠨᠢᠯᠴᠠᠭᠤᠯᠤᠭ᠍ᠰᠠᠨ ᠢ᠋ᠶ᠋ᠡᠷ᠂ ᠲᠣᠰ ᠲᠥᠷᠥᠯ ᠵᠦᠶ᠋ᠯ ᠵᠢᠱ᠌ᠢᠯᠲᠡ ᠪᠡᠷ 6 ᠰᠠᠷ᠎ᠠ ᠶ᠋ᠢᠨ ᠰᠡᠭᠦᠯᠴᠢ ᠪᠡᠷ ᠪᠦᠬᠦᠯᠢ ᠴᠣᠭ᠍ᠴᠠ ᠪᠡᠷ ᠢ᠋ᠶ᠋ᠡᠨ ᠪᠠᠷᠢᠯᠭ᠎ᠠ ᠳᠠᠭᠤᠰᠴᠤ᠌᠂ ᠠᠱᠢᠭ᠍ᠯᠠᠯᠲᠠ ᠳ᠋ᠤ ᠤᠷᠤᠭ᠍ᠰᠠᠨ ᠤ᠋ ᠳᠠᠷᠠᠭ᠎ᠠ ᠬᠠᠪᠲᠠᠰᠤᠨ ᠤ᠋ ᠳᠡᠭᠡᠷ᠎ᠡ ᠵᠢᠯ ᠤ᠋ᠨ ᠴᠠᠬᠢᠯᠭᠠᠨ ᠭᠠᠷᠭᠠᠬᠤ ᠬᠡᠮᠵᠢᠶ᠎ᠡ 3.6 ᠳ᠋ᠦᠩᠱᠢᠭᠤᠷ ᠺᠢᠯᠦᠸᠠᠲ ᠴᠠᠭ ᠲᠦ᠍ ᠬᠦᠷᠴᠦ᠍᠂ ᠵᠢᠯ ᠪᠦᠷᠢ 12.3 ᠲᠦᠮᠡᠨ ᠲᠣᠨ ᠪᠠᠷᠢᠮᠵᠢᠶᠠᠲᠤ ᠨᠡᠭᠦᠷᠡᠰᠦ ᠠᠷᠪᠢᠯᠠᠵᠤ᠂ 65.6 ᠲᠦᠮᠡᠨ ᠲᠣᠨ ᠬᠦᠬᠦᠷ ᠤ᠋ᠨ ᠳᠠᠪᠬᠤᠷ ᠢᠰᠦᠯ᠂ 73.4 ᠲᠣᠨ ᠠᠽᠣᠲ ᠤ᠋ᠨ ᠢᠰᠦᠯ ᠭᠠᠳᠠᠭ᠍ᠰᠢᠯᠠᠭᠤᠯᠬᠤ ᠵᠢ ᠪᠠᠭᠠᠰᠭᠠᠬᠤ ᠪᠣᠯᠤᠨ᠎ᠠ᠃ ᠢᠵᠢ ᠪᠥᠷᠢᠳᠦᠭ᠌ᠰᠡᠨ ᠠᠮᠢ ᠠᠬᠤᠶ ᠶ᠋ᠢᠨ ᠵᠠᠰᠠᠯᠲᠠ ᠶ᠋ᠢᠨ ᠲᠠᠯᠠᠪᠠᠶ 2.4 ᠲᠦᠮᠡᠨ ᠮᠥ᠍ ᠬᠦᠷᠴᠦ᠂ ᠪᠠᠪᠤ᠂ ᠴᠢᠴᠠᠷᠭᠠᠨ᠎ᠠ ᠵᠡᠷᠭᠡ ᠣᠶ ᠱᠢᠭᠤᠶ ᠡᠪᠡᠰᠦᠨᠦ ᠲᠠᠷᠢᠮᠠᠯ ᠳᠠᠷᠢᠬᠤ ᠪᠡᠷ ᠳᠡᠮᠵᠢᠨ ᠰᠠᠯᠬᠢ ᠵᠢ ᠬᠠᠯᠬᠠᠯᠠᠵᠤ ᠡᠯᠡᠰᠦ ᠵᠢ ᠲᠣᠭ᠍ᠲᠠᠪᠤᠷᠢᠵᠢᠭᠤᠯᠬᠤ ᠪᠦᠰᠡ ᠵᠢ ᠪᠣᠶ ᠪᠣᠯᠭᠠᠵᠤ᠂ 《ᠠᠮᠢ ᠠᠬᠤᠶ + ᠠᠵᠤ ᠦᠶ᠋ᠯᠡᠰ》 ᠤ᠋ᠨ ᠬᠤᠤᠰ ᠠᠮᠵᠢᠯᠲᠠ ᠳ᠋ᠤ ᠬᠥᠷᠬᠦ ᠪᠤᠯᠤᠨ᠎ᠠ᠃
ᠣᠢ ᠱᠢᠭᠤᠶ ᠶ᠋ᠢᠨ ᠲᠠᠯᠠᠪᠠᠢ ᠳ᠋ᠤ ᠰᠡᠯᠡᠭᠦᠴᠡᠨ ᠵᠢᠭᠤᠯᠴᠢᠯᠠᠬᠤᠳᠦ ᠱᠢᠪᠠᠭᠤᠳᠤᠨ ᠵᠢᠷᠭᠢᠭᠡ ᠰᠤᠨᠤᠰᠳᠠᠵᠤ᠂ ᠰᠡᠷᠢᠬᠦᠨ ᠲᠠᠭᠠᠯᠠᠮᠵᠢᠳᠠᠢ ᠠᠭᠤᠷ ᠠᠮᠢᠰᠬᠤᠯ ᠭᠡᠬᠦᠳᠡᠭ ᠴᠡᠭᠡᠵᠢᠵᠢ ᠠᠭᠤᠵᠢᠷᠠᠭᠤᠯᠤᠨ᠂ ᠰᠡᠨᠠᠭ᠎ᠠ ᠰᠡᠳᠬᠢᠯᠢ ᠰᠡᠷᠬᠦᠭᠡᠨ᠎ᠠ᠃ ᠰᠤᠷᠪᠤᠯᠵᠢᠯᠠᠬᠴᠢ ᠮᠣᠳᠣᠳ ᠢ᠋ ᠴᠠᠭᠠᠨ ᠭᠣᠮᠲᠤ ᠪᠦᠰᠡ ᠪᠡᠷ ᠣᠷᠢᠶᠠᠵᠤ ᠪᠠᠢᠬᠤ ᠵᠢ ᠤᠯᠵᠤ ᠬᠠᠷᠠᠭᠰᠠᠨᠵᠢᠡᠷ ᠾᠧ ᠱᠢᠨ ᠡᠴᠡ ᠰᠤᠨᠢᠭᠤᠴᠢᠯᠠᠨ ᠠᠰᠠᠭᠤᠯ᠎ᠠ᠃ ᠲᠠᠷᠠ᠂ ᠡᠨᠡ ᠪᠣᠯ ᠳᠤᠮᠳᠠᠳᠤ ᠤᠯᠤᠰ ᠤ᠋ᠨ ᠣᠶ ᠱᠢᠭᠤᠶ ᠶ᠋ᠢᠨ ᠱᠢᠨᠵᠢᠯᠡᠬᠦ᠌ ᠤᠬᠠᠭᠠᠨ ᠤ᠋ ᠬᠦᠷᠢᠶᠡᠯᠡᠩ ᠤ᠋ᠨ ᠡᠯᠡᠰᠦᠨ ᠴᠥᠯ ᠤ᠋ᠨ ᠣᠶ ᠱᠢᠭᠤᠶ ᠶ᠋ᠢᠨ ᠲᠤᠷᠱᠢᠯᠲᠠ ᠶ᠋ᠢᠨ ᠲᠥᠪ ᠤ᠋ᠨ ᠬᠠᠩᠭᠠᠭ᠍ᠰᠠᠨ ᠮᠡᠷᠭᠡᠵᠢᠯ ᠤ᠋ᠨ ᠳᠡᠮᠵᠢᠯᠭᠡ ᠪᠣᠯᠤᠨ᠎ᠠ᠃ ᠮᠣᠳᠣᠨ ᠳᠡᠭᠡᠷ᠎ᠡ ᠬᠢᠨᠠᠨ ᠬᠡᠮᠵᠢᠬᠦ᠌ ᠲᠥᠬᠥᠭᠡᠷᠦᠮᠵᠢ ᠣᠷᠢᠶᠠᠵᠤ᠂ ᠪᠦᠬᠦᠯᠢ ᠡᠳᠦᠷ ᠢ᠋ᠶ᠋ᠡᠷ ᠮᠣᠳᠣᠨ ᠤ᠋ ᠤᠷᠭᠤᠯᠲᠠ ᠵᠢᠴᠢ ᠤᠰᠤ ᠬᠡᠷᠡᠭ᠌ᠯᠡᠵᠦ᠍ ᠪᠠᠢᠭ᠎ᠠ ᠪᠠᠢᠳᠠᠯ ᠢ᠋ ᠬᠢᠨᠠᠨ ᠬᠡᠮᠵᠢᠵᠦ᠍ ᠪᠠᠢᠨ᠎ᠠ᠃ ᠤᠯᠤᠰ ᠤ᠋ᠨ ᠡᠵᠡᠨᠭᠨᠡᠯᠲᠡ ᠶ᠋ᠢᠨ ᠰᠢᠨ ᠬᠤᠸᠠ ᠤᠢ ᠱᠢᠭᠤᠢ ᠶ᠋ᠢᠨ ᠲᠠᠯᠠᠪᠠᠢ ᠪᠣᠯᠤᠨ ᠡᠯᠡᠰᠦᠨ ᠴᠥᠯ ᠤ᠋ᠨ ᠣᠶ ᠱᠢᠭᠤᠶ ᠶ᠋ᠢᠨ ᠲᠤᠷᠱᠢᠯᠲᠠ ᠶ᠋ᠢᠨ ᠲᠥᠪ ᠬᠠᠮᠲᠤᠷᠠᠨ 《ᠰᠢᠨ ᠬᠤᠸᠠ ᠤᠢ ᠱᠢᠭᠤᠢ ᠶ᠋ᠢᠨ ᠲᠠᠯᠠᠪᠠᠢ ᠶ᠋ᠢᠨ ᠤᠷᠭᠤᠮᠠᠯ ᠤ᠋ᠨ ᠡᠬᠢ ᠪᠠᠶᠠᠯᠢᠭ ᠤ᠋ᠨ ᠵᠢᠷᠤᠭ᠍ᠲᠤ ᠳᠡᠪᠲᠡᠷ》 ᠢ᠋ ᠨᠠᠢᠷᠠᠭᠤᠯᠤᠨ ᠵᠣᠬᠢᠶᠠᠵᠤ᠂ ᠠᠮᠢ ᠠᠬᠤᠢ ᠶ᠋ᠢᠨ ᠲᠠᠩᠰᠠ ᠡᠪᠬᠡᠮᠡᠯ ᠤ᠋ᠨ ᠳ᠋ᠠᠢᠲ᠋ᠠ ᠬᠥᠮᠥᠷᠭᠡ ᠪᠠᠢᠭᠤᠯᠵᠤ᠂ 20 ᠭᠠᠷᠤᠢ ᠵᠦᠢᠯ ᠤ᠋ᠨ ᠬᠤᠵᠢᠷᠲᠤ ᠳᠠᠭᠠᠭᠠᠮᠠᠭᠠᠢ ᠲᠤᠷᠤᠭ ᠮᠤᠳᠤ ᠪᠠ ᠪᠤᠳᠠ ᠮᠤᠳᠤ ᠶ᠋ᠢᠨ ᠦᠷ᠎ᠡ ᠵᠢ ᠱᠢᠭ᠌ᠰᠢᠨ ᠰᠣᠩᠭᠣᠬᠤ ᠲᠤᠷᠱᠢᠯᠲᠠ ᠵᠢ ᠥᠷᠨᠢᠭᠦᠯᠦᠭ᠌ᠰᠡᠨ ᠪᠥᠭᠡᠳ 1000 ᠮᠦ᠍ ᠶ᠋ᠢᠨ ᠶᠡᠷᠦᠩᠬᠡᠢᠯᠡᠭ᠌ᠰᠡᠨ ᠵᠢᠱ᠌ᠢᠢᠡ ᠦᠵᠡᠭᠦᠯᠬᠦ᠌ ᠣᠷᠣᠨ ᠢ᠋ ᠪᠠᠢᠭᠤᠯᠵᠤ᠂ 2 ᠵᠦᠢᠯ ᠤ᠋ᠨ ᠥᠪᠥᠷ ᠮᠣᠩᠭᠣᠯ ᠤ᠋ᠨ ᠣᠷᠣᠨ ᠨᠤᠲᠤᠭ ᠤ᠋ᠨ ᠪᠠᠷᠢᠮᠵᠢᠶ᠎ᠠ ᠵᠢ ᠭᠤᠶᠤᠴᠢᠯᠠᠪᠠ ᠭᠡᠵᠤ ᠬᠠᠷᠢᠭᠤᠯᠳᠠ ᠦᠭᠬᠦᠯ᠎ᠠ᠃
ᠾᠧ ᠱᠢᠨ ᠲᠤᠷᠯᠤᠭ ᠳᠡᠷᠪᠡᠯᠵᠢ ᠶ᠋ᠢᠨ ᠳᠡᠷᠭᠡᠲᠡ ᠬᠦᠷᠤᠭᠡᠳ ᠰᠤᠷᠪᠤᠯᠵᠢᠯᠠᠭᠴᠢᠳᠤ ᠨᠠᠷᠢᠨ ᠲᠠᠨᠢᠯᠴᠠᠭᠤᠯᠭ᠎ᠠ ᠬᠢᠯ᠎ᠠ᠃ ᠲᠠᠷᠠ᠄ 《ᠶᠡᠷᠦᠩᠬᠡᠶ ᠱᠦᠵᠢ ᠰᠢ ᠵᠢᠨ ᠫᠢᠩ ᠤᠯᠤᠰ ᠤ᠋ᠨ ᠡᠵᠡᠨᠭᠨᠡᠯᠲᠡ ᠶ᠋ᠢᠨ ᠰᠢᠨ ᠬᠤᠸᠠ ᠣᠶ ᠱᠢᠭᠤᠶ ᠶ᠋ᠢᠨ ᠲᠠᠯᠠᠪᠠᠶ ᠳ᠋ᠤ ᠱᠢᠨᠵᠢᠯᠡᠨ ᠪᠠᠢᠴᠠᠭᠠᠬᠤ ᠳ᠋ᠠᠭᠠᠨ ᠣᠨᠴᠠᠭᠠᠢᠯᠠᠨ ᠲᠤᠷᠯᠤᠭ ᠳᠡᠷᠪᠡᠯᠵᠢ ᠶ᠋ᠢᠨ ᠮᠣᠳᠣᠨ ᠤ᠋ ᠲᠥᠷᠥᠯ ᠤ᠋ᠨ ᠣᠨᠴᠠᠯᠢᠭ ᠢ᠋ ᠯᠠᠪᠯᠠᠨ ᠠᠰᠠᠭᠤᠪᠠ᠃ ᠲᠤᠷᠯᠤᠭ ᠳᠡᠷᠪᠡᠯᠵᠢ ᠪᠣᠯ ᠡᠯᠡᠰᠦ ᠵᠢ ᠵᠠᠰᠠᠬᠤ ᠨᠡᠢᠲᠡᠯᠢᠭ ᠮᠣᠳᠣᠨ ᠤ᠋ ᠲᠥᠷᠥᠯ ᠮᠥᠨ᠂ ᠲᠡᠭᠦᠨᠦ ᠦᠨᠳᠦᠰᠦ ᠶ᠋ᠢᠨ ᠱᠢᠰᠲ᠋ᠧᠮ ᠨᠢ ᠬᠥᠭ᠌ᠵᠢᠵᠦ᠍᠂ 〈ᠨᠢᠭᠡ ᠮᠣᠳᠣ ᠣᠶ ᠪᠣᠯᠵᠣ〉 ᠪᠣᠯᠤᠨ᠎ᠠ᠃ ᠶᠠᠭ ᠮᠠᠨ ᠤ᠋ ᠣᠢ ᠱᠢᠭᠤᠶ ᠶ᠋ᠢᠨ ᠲᠠᠯᠠᠪᠠᠢ ᠶ᠋ᠢᠨ ᠠᠵᠢᠯᠲᠠᠨ ᠠᠵᠢᠯᠴᠢᠨ ᠲᠠᠢ ᠠᠳᠠᠯᠢ ᠪᠡᠷ ᠬᠡᠳᠦᠶ ᠮᠠᠭᠤ ᠣᠷᠴᠢᠨ ᠲᠣᠭᠣᠷᠢᠨ ᠳᠦ ᠴᠤ᠌ ᠬᠦᠴᠢᠷ ᠪᠡᠷᠭᠡᠵᠢ ᠲᠠᠪᠠᠵᠤ ᠡᠷᠡᠮᠡᠭᠡᠢᠯᠡᠨ ᠠᠵᠢᠯᠯᠠᠵᠤ᠂ ᠣᠶ ᠱᠢᠭᠤᠶ ᠶ᠋ᠢᠨ ᠲᠠᠯᠠᠪᠠᠶ ᠶ᠋ᠢᠨ ᠣᠶ ᠱᠢᠭᠤᠶ ᠶ᠋ᠢᠨ ᠪᠦᠷᠬᠦᠴᠡ ᠶ᠋ᠢᠨ ᠨᠣᠷᠮ᠎ᠠ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠡᠬᠡ ᠤᠯᠤᠰ ᠤ᠋ᠨ ᠤᠮᠠᠷᠠᠲᠤ ᠶ᠋ᠢᠨ ᠡᠨᠡ ᠬᠦ᠌ ᠲᠦᠮᠡᠨ ᠭᠠᠵᠠᠷ ᠤ᠋ᠨ ᠨᠣᠮᠢᠨ ᠨᠣᠭᠣᠭᠠᠨ ᠣᠷᠳᠣ ᠴᠠᠭᠠᠨ ᠬᠡᠷᠡᠮ ᠢ᠋ ᠨᠠᠩ ᠪᠠᠲᠤ ᠪᠠᠬᠢ ᠴᠤᠭᠴᠠᠯᠠᠨ᠎ᠠ》 ᠭᠡᠵᠦ ᠬᠠᠷᠠᠯᠳᠠ ᠵᠤᠷᠢᠯᠳᠠ ᠪᠠᠨ ᠲᠤᠳᠤᠷᠠᠭᠤᠯᠤᠨ᠎ᠠ᠃