8 ᠰᠠᠷ᠎ᠠ ᠶ᠋ᠢᠨ 20 ᠤ᠋ ᠡᠳᠦᠷ᠂ ᠨᠠᠢᠷᠠᠯ ᠳᠠᠭᠤᠤ ᠪᠡᠷ ᠴᠠᠭ ᠦᠶ᠎ᠡ ᠵᠢ ᠮᠠᠭ᠍ᠲᠠᠨ ᠳᠠᠭᠤᠯᠠᠭ᠍ᠰᠠᠨ᠂ ᠠᠶᠠᠯᠭᠤ ᠬᠦᠭᠵᠢᠮ ᠢ᠋ᠶ᠋ᠠᠷ ᠬᠦᠴᠦᠨ ᠴᠢᠳᠠᠯ ᠢ᠋ ᠨᠢᠭ᠍ᠲᠠᠷᠠᠭᠤᠯᠤᠭ᠍ᠰᠠᠨ ᠣᠯᠠᠨ ᠲᠦᠮᠡᠨᠴᠢ ᠰᠣᠶᠣᠯ ᠤ᠋ᠨ ᠦᠪᠡᠳᠡᠭ᠌ᠰᠢ ᠴᠤᠭ᠍ᠯᠠᠭᠠᠨ 《ᠤᠮᠠᠷᠠᠲᠤ ᠬᠢᠯᠢᠵᠢᠨ ᠮᠠᠬᠳᠠᠭᠠᠯ》 ᠪᠥᠬᠥ᠌ ᠣᠷᠣᠨ ᠤ᠋ ᠳᠣᠯᠣᠳᠤᠭᠠᠷ ᠬᠤᠭᠤᠴᠠᠭᠠᠨ ᠤ᠋ ᠣᠯᠠᠨ ᠲᠦᠮᠡᠨ ᠤ᠋ ᠨᠠᠢᠷᠠᠯ ᠳᠠᠭᠤᠤ ᠵᠢᠴᠢ ᠬᠠᠲᠤᠨ ᠭᠤᠤᠯ ᠤ᠋ᠨ ᠭᠤᠤᠯ ᠰᠡᠳᠦᠪᠲᠦ ᠨᠠᠢᠷᠠᠯ ᠳᠠᠭᠤᠤ ᠶ᠋ᠢᠨ ᠦᠵᠡᠭᠦᠯᠭᠡ ᠵᠢᠨ ᠲᠤᠭᠯᠠᠯᠳᠠ ᠬᠥᠬᠡᠬᠣᠲᠠ ᠳ᠋ᠤ ᠶᠠᠪᠤᠭᠳᠠᠪᠠ᠃
ᠰᠦᠨᠢ ᠵᠢᠨ ᠬᠦᠰᠢᠭᠡ ᠨᠦᠮᠦᠷᠢᠬᠦ ᠳ᠋ᠤ ᠬᠦᠬᠡᠬᠤᠳᠠ ᠵᠢᠨ ᠰᠢᠨ᠎ᠠ ᠬᠤᠳᠠ ᠲᠤᠭᠤᠷᠢᠭ ᠤ᠋ᠨ ᠪᠤᠤ ᠳ᠋ᠢᠩ ᠠᠭᠤᠳᠠᠮ ᠳᠠᠯᠠᠪᠠᠢ ᠳ᠋ᠦ ᠦᠩᠬᠡᠳᠦ ᠳ᠋ᠧᠩ ᠲᠤᠸᠠᠯᠠᠨ᠂ ᠦᠩᠭᠡ ᠳᠡᠪᠡᠯ ᠢ᠋ᠶ᠋ᠡᠷ ᠴᠢᠮᠡᠭᠰᠡᠨ ᠳᠠᠭᠤᠴᠢᠳ ᠴᠤᠭ ᠵᠢᠪᠬᠤᠭ᠎ᠠ ᠨᠢ ᠪᠠᠳᠠᠷᠠᠨ᠎ᠠ᠃ ᠠᠯᠳᠠᠷᠲᠤ ᠤᠳᠤᠷᠢᠳᠤᠭᠠᠴᠢ ᠵᠠᠩ ᠵᠢᠩ ᠪᠢᠨ ᠤ᠋ ᠵᠢᠯᠣᠭᠣᠳᠣᠯᠭ᠎ᠠ ᠳᠤᠤᠷ᠎ᠠ 1000 ᠭᠠᠷᠤᠶ ᠬᠥᠮᠦᠨ 《ᠬᠠᠲᠤᠨ ᠭᠤᠤᠯ ᠢ᠋ ᠬᠠᠮᠠᠭᠠᠯᠠᠶ᠎ᠠ》 ᠭᠡᠬᠦ᠌ ᠳᠠᠭᠤᠤ ᠵᠢ ᠬᠠᠩᠭᠢᠨᠠᠲᠠᠯ᠎ᠠ ᠳᠠᠭᠤᠯᠠᠵᠦ᠂ ᠰᠦᠷ ᠳᠠᠯᠠᠢᠴᠠᠲᠠᠢ ᠬᠦᠭ ᠠᠶᠠᠰ ᠨᠢ ᠬᠠᠳᠤᠨ ᠭᠣᠣᠯ ᠤ᠋ᠨ ᠬᠦᠷᠬᠢᠷᠠ ᠳᠠᠪᠠᠯᠭᠠᠨ ᠮᠡᠲᠦ ᠪᠠᠢᠵᠦ᠂ ᠬᠣᠷᠣᠮᠬᠠᠨ ᠵᠠᠭᠤᠷ᠎ᠠ ᠪᠦᠬᠦ᠌ ᠲᠠᠯᠠᠪᠠᠢ ᠵᠢ ᠬᠦᠭᠵᠢᠬᠡᠪᠡ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ᠋ ᠰᠣᠶᠣᠯ ᠪᠠ ᠵᠢᠭᠤᠯᠴᠢᠯᠠᠯ ᠤ᠋ᠨ ᠲᠢᠩᠬᠢᠮ ᠡᠴᠡ ᠭᠤᠤᠯᠯᠠᠨ ᠡᠷᠭᠢᠯᠡᠭᠰᠡᠨ ᠲᠤᠰ ᠦᠳᠡᠰᠢᠯᠡᠬᠡ ᠵᠢᠨ ᠨᠣᠲ ᠨᠢᠭᠡᠪᠦᠷᠢ ᠨᠢ ᠬᠦᠴᠦᠨ ᠴᠢᠳᠠᠯ ᠢ᠋ ᠨᠢᠭ᠍ᠲᠠᠷᠠᠭᠤᠯᠵᠤ᠂ ᠳᠠᠭᠤᠤ ᠨᠢᠭᠡᠪᠦᠷᠢ ᠨᠢ ᠣᠮᠣᠭ ᠵᠣᠷᠢᠭ ᠢ᠋ ᠬᠦᠭᠵᠢᠬᠡᠨ᠎ᠠ᠃ ᠲᠣᠭ᠍ᠯᠠᠯᠲᠠ ᠳ᠋ᠦ 15 ᠨᠠᠢᠷᠠᠯ ᠳᠠᠭᠤᠤ ᠶ᠋ᠢᠨ ᠪᠦᠯᠬᠦᠮ ᠡᠴᠡ 《ᠪᠢᠳᠡ ᠪᠣᠯ ᠡᠬᠡ ᠤᠯᠤᠰ ᠤ᠋ᠨ ᠪᠦᠳᠦᠭᠡᠨ ᠪᠠᠢᠭᠤᠯᠤᠭᠴᠢ》᠂ 《ᠬᠠᠳᠤᠨ ᠭᠤᠤᠯ ᠤ᠋ᠨ ᠮᠠᠭᠳᠠᠭᠤ》 ᠵᠡᠷᠭᠡ ᠰᠣᠩᠭᠣᠳᠠᠭ ᠳᠠᠭᠤᠤ ᠵᠢ ᠲᠠᠭᠤᠯᠠᠪᠠ᠃ ᠠᠭᠤᠯᠠ ᠤᠰᠤ ᠵᠢ ᠳᠠᠪᠠᠨ ᠴᠤᠤᠷᠢᠶᠠᠳᠤᠭᠰᠠᠨ ᠬᠥᠭ ᠠᠶᠠᠰ ᠨᠢ ᠠᠷᠠᠳ ᠲᠦᠮᠡᠨ ᠤ᠋ ᠨᠤᠲᠤᠭ ᠤᠰᠤᠨ ᠤ᠋ ᠮᠦᠷᠦᠭᠡᠳᠦᠯ᠂ ᠦᠨᠳᠦᠰᠦᠲᠡᠨ ᠤ᠋ ᠣᠮᠣᠭ ᠪᠠᠬᠠᠳᠤᠯ ᠢ᠋ ᠳᠠᠭᠤᠯᠠᠵᠤ᠂ ᠦᠶ᠎ᠡ ᠤᠯᠠᠷᠢᠨ ᠣᠷᠣᠱᠢᠨ ᠲᠣᠭ᠍ᠲᠠᠨᠢᠬᠤ ᠬᠠᠲᠠᠨ ᠵᠣᠷᠢᠭ᠂ ᠬᠠᠲᠠᠭᠤ ᠪᠡᠷᠬᠡᠱᠢᠶᠡᠯ ᠢ᠋ ᠬᠠᠮᠲᠤ ᠪᠠᠷ ᠳᠤᠭᠤᠯᠬᠤ ᠢᠲᠡᠭᠡᠯ ᠪᠢᠱᠢᠷᠡᠯ ᠵᠢᠴᠢ ᠡᠬᠡ ᠤᠯᠤᠰ ᠤ᠋ᠨ ᠵᠢᠡᠨ ᠦᠵᠡᠰᠭᠦᠯᠡᠩᠲᠦ ᠰᠠᠢᠬᠠᠨ ᠠᠭᠤᠯᠠ ᠤᠰᠤ ᠪᠣᠯᠤᠨ ᠬᠡᠷᠡᠯ ᠰᠠᠴᠤᠷᠠᠩᠭᠤᠶ ᠪᠣᠯᠪᠠᠰᠤᠨ ᠢ᠋ ᠮᠠᠭ᠍ᠲᠠᠨ ᠳᠠᠭᠤᠯᠠᠵᠦ᠂ ᠳᠤᠮᠳᠠᠳᠤ ᠤᠯᠤᠰ ᠤ᠋ᠨ ᠠᠷᠠᠳ ᠲᠦᠮᠡᠨ ᠤ᠋ ᠶᠠᠫᠣᠨ ᠢ᠋ ᠡᠰᠡᠷᠭᠦᠴᠡᠬᠦ᠌ ᠲᠠᠢ᠌ᠨ ᠵᠢᠴᠢ ᠳᠡᠯᠡᠬᠡᠢ ᠶ᠋ᠢᠨ ᠹᠠᠱ᠌ᠢᠰ ᠢ᠋ ᠡᠰᠡᠷᠭᠦᠴᠡᠬᠦ᠌ ᠲᠠᠢ᠌ᠨ ᠤ᠋ ᠢᠯᠠᠯᠲᠠ ᠣᠯᠤᠭ᠍ᠰᠠᠨ 80 ᠵᠢᠯ ᠤ᠋ᠨ ᠤᠢ ᠵᠢ ᠳᠤᠷᠠᠰᠭᠠᠪᠠ᠃
ᠦᠳᠡᠰᠢᠯᠡᠬᠡ ᠶ᠋ᠢᠨ ᠡᠴᠦᠰ ᠲᠦ᠍ ᠪᠦᠬᠦ᠌ ᠲᠣᠭ᠍ᠯᠠᠭ᠍ᠴᠢᠳ ᠪᠦᠬᠦ᠌ ᠦᠵᠡᠭ᠌ᠴᠢᠳ ᠲᠡᠶ ᠬᠠᠮᠲᠤ ᠪᠠᠷ ᠠᠯᠳᠠᠷᠲᠤ ᠤᠳᠤᠷᠢᠳᠤᠭᠠᠴᠢ ᠯᠢ ᠪᠦᠦ ᠵᠦ᠍ ᠵᠢᠨ ᠤᠳᠤᠷᠢᠳᠤᠯᠭ᠎ᠠ ᠳᠣᠣᠷ᠎ᠠ 《ᠡᠬᠡ ᠤᠯᠤᠰ ᠢ᠋ᠶ᠋ᠠᠨ ᠮᠠᠭ᠍ᠲᠠᠨ ᠳᠠᠭᠤᠯᠠᠶ᠎ᠠ》 ᠭᠡᠬᠦ᠌ ᠳᠠᠭᠤᠤ ᠵᠢ ᠬᠠᠩᠭᠢᠨᠠᠲᠠᠯ᠎ᠠ ᠳᠠᠭᠤᠯᠠᠪᠠ᠃ ᠡᠨᠡ ᠬᠦ᠌ ᠮᠥᠴᠡ ᠳ᠋ᠦ ᠲᠠᠯᠠᠪᠠᠢ ᠲᠠᠶᠠᠭᠠᠷ ᠵᠢᠡᠨ ᠨᠢᠭᠡ ᠴᠣᠭ᠍ᠴᠠ ᠪᠤᠯᠵᠤ ᠠᠭᠤᠰᠤᠨ᠂ ᠨᠢᠵᠢᠭᠢᠨᠡᠲᠡᠯ᠎ᠡ ᠠᠯᠠᠭ᠎ᠠ ᠲᠠᠱᠢᠵᠤ᠂ ᠭᠣᠢᠳᠠ ᠰᠠᠢᠬᠠᠨ ᠤᠯᠠᠨ ᠲᠦᠮᠡᠨᠴᠢ ᠰᠣᠶᠣᠯ ᠤ᠋ᠨ ᠦᠪᠡᠳᠡᠭ᠌ᠰᠢ ᠴᠤᠭ᠍ᠯᠠᠭᠠᠨ ᠲᠡᠭᠦᠰ ᠠᠮᠵᠢᠯᠲᠠ ᠲᠠᠶ ᠦᠨᠳᠦᠷᠯᠡᠪᠠ᠃ 《ᠤᠮᠠᠷᠠᠲᠤ ᠬᠢᠯᠢ ᠵᠢᠨ ᠮᠠᠬᠳᠠᠭᠠᠯ》 ᠣᠯᠠᠨ ᠲᠦᠮᠡᠨ ᠤ᠋ ᠨᠠᠢᠷᠠᠯ ᠳᠠᠭᠤᠤ ᠶ᠋ᠢᠨ ᠦᠵᠡᠭᠦᠯᠭᠡ ᠶ᠋ᠢᠨ ᠲᠣᠭ᠍ᠯᠠᠯᠲᠠ ᠨᠢᠭᠡᠨᠲᠡ 7 ᠬᠤᠭᠤᠴᠠᠭ᠎ᠠ ᠠᠮᠵᠢᠯᠲᠠ ᠲᠠᠶ ᠶᠠᠪᠤᠭ᠍ᠳᠠᠵᠦ᠂ ᠥᠪᠥᠷ ᠮᠣᠩᠭᠣᠯ ᠤ᠋ᠨ ᠣᠯᠠᠨ ᠲᠦᠮᠡᠨᠴᠢ ᠰᠣᠶᠣᠯ ᠤ᠋ᠨ ᠠᠵᠢᠯᠯᠠᠭ᠎ᠠ ᠶ᠋ᠢᠨ ᠨᠡᠷᠡᠳᠦ ᠲᠦᠷᠦᠯ ᠳᠡᠮᠳᠡᠭ ᠪᠣᠯᠤᠭᠰᠠᠨ ᠢ᠋ᠶ᠋ᠡᠷ ᠪᠠᠷᠠᠬᠤ ᠥᠬᠡᠶ᠂ ᠨᠠᠩ ᠴᠤ᠌ ᠪᠥᠬᠥ᠌ ᠣᠷᠣᠨ ᠤ᠋ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠨᠠᠮ ᠢ᠋ᠶ᠋ᠠᠨ ᠮᠠᠭ᠍ᠲᠠᠨ ᠳᠠᠭᠤᠯᠠᠬᠤ᠂ ᠡᠬᠡ ᠤᠯᠤᠰ ᠢ᠋ᠶ᠋ᠠᠨ ᠮᠠᠭ᠍ᠲᠠᠨ ᠳᠠᠭᠤᠯᠠᠬᠤ᠂ ᠱᠢᠨ᠎ᠡ ᠴᠠᠭ ᠦᠶ᠎ᠡ ᠵᠢ ᠮᠠᠭ᠍ᠲᠠᠨ ᠳᠠᠭᠤᠯᠠᠬᠤ᠂ ᠦᠨᠳᠦᠰᠦᠲᠡᠨ ᠤ᠋ ᠪᠦᠯᠬᠦᠮᠳᠡᠯ ᠢ᠋ ᠮᠠᠭ᠍ᠲᠠᠨ ᠳᠠᠭᠤᠯᠠᠬᠤ ᠴᠢᠬᠤᠯᠠ ᠲᠠᠪᠴᠠᠩ ᠪᠤᠯᠤᠭᠰᠠᠨ ᠶᠤᠮ᠃ ᠲᠤᠰ ᠬᠤᠭᠤᠴᠠᠭᠠᠨ ᠤ᠋ ᠦᠵᠡᠭᠦᠯᠭᠡ ᠵᠢᠨ ᠲᠤᠭᠯᠠᠯᠳᠠ ᠨᠢ ᠳᠤᠮᠳᠠᠳᠤ ᠶ᠋ᠢᠨ ᠦᠨᠳᠦᠰᠦᠲᠡᠨ ᠤ᠋ ᠦᠨᠳᠦᠰᠦ ᠪᠠ ᠰᠦᠭ ᠰᠦᠨᠡᠰᠦ ᠵᠢ ᠮᠥᠷᠳᠡᠵᠦ᠍᠂ ᠥᠪᠥᠷ ᠮᠣᠩᠭᠣᠯ ᠤ᠋ᠨ ᠦᠨᠳᠦᠰᠦᠲᠡᠨ ᠨᠤᠭᠦᠳ ᠤ᠋ᠨ ᠠᠷᠠᠳ ᠲᠦᠮᠡᠨ ᠤ᠋ ᠱᠢᠨ᠎ᠡ ᠴᠠᠭ ᠦᠶ᠎ᠡ ᠳ᠋ᠦ ᠪᠦᠯᠬᠦᠮᠳᠡᠨ ᠨᠢᠭᠡᠳᠴᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠬᠠᠮᠲᠤ ᠪᠠᠷ ᠪᠢᠴᠢᠭ᠌ᠯᠡᠬᠦ᠌ ᠡᠷᠡᠰ ᠪᠠᠲᠤ ᠵᠣᠷᠢᠭ ᠪᠠ ᠣᠮᠣᠭ ᠲᠡᠭᠦᠯᠳᠡᠷ ᠰᠡᠳᠭᠢᠯᠭᠡ ᠵᠢ ᠢᠯᠡᠷᠡᠭᠦᠯᠵᠠᠢ᠃