ᠳᠤᠮᠳᠠᠳᠤ ᠤᠷᠤᠰ ᠮᠣᠩᠭᠣᠯ ᠭᠤᠷᠪᠠᠨ ᠤᠯᠤᠰ ᠤ᠋ᠨ ᠠᠭᠤᠯᠵᠠᠷ ᠲᠡᠬᠢ ᠮᠠᠨᠵᠤᠤᠷ ᠬᠤᠲᠠ ᠨᠢ ᠭᠡᠷᠡᠯᠲᠦ ᠰᠤᠪᠤᠳ ᠭᠡᠮᠡᠷ ᠤᠨ ᠵᠢᠯᠤᠨ ᠤᠷᠴᠢᠯ ᠬᠤᠪᠢᠷᠠᠯ ᠢ᠋ ᠲᠤᠭᠤᠯᠤᠨ ᠡᠭᠡ ᠤᠯᠤᠰ ᠤ᠋ᠨ ᠤᠮᠠᠷᠠᠲᠤ ᠬᠢᠯᠢ ᠳ᠋ᠤ ᠭᠡᠷᠡᠯᠳᠦᠨ᠎ᠡ᠃
ᠮᠠᠨᠵᠤᠤᠷ ᠪᠤᠯ ᠱᠢᠨ᠎ᠡ ᠳᠤᠮᠳᠠᠳᠤ ᠤᠯᠤᠰ ᠪᠠᠢᠭᠤᠯᠤᠭ᠍ᠳᠠᠬᠤ ᠳ᠋ᠤ ᠣᠨᠴᠠᠭᠠᠢ ᠬᠤᠪᠢ ᠨᠡᠮᠡᠷᠢ ᠦᠵᠡᠭᠦᠯᠦᠭ᠌ᠰᠡᠨ ᠬᠤᠪᠢᠰᠭᠠᠯ ᠤ᠋ᠨ ᠣᠷᠣᠨ ᠪᠣᠯᠬᠤ ᠪᠡᠷ ᠪᠠᠷᠠᠬᠤ ᠦᠭᠡᠢ᠂ ᠠᠽᠢᠶ᠎ᠠ ᠧᠦ᠋ᠷᠣᠫᠠ ᠢ᠋ᠢᠨ ᠡᠬᠡ ᠬᠠᠭᠤᠷᠠᠢ ᠢ᠋ᠢ ᠬᠤᠯᠪᠤᠬᠰᠠᠨ ᠴᠢᠬᠤᠯᠠ ᠵᠠᠮ ᠬᠠᠷᠢᠯᠴᠠᠭᠠᠨ ᠤ᠋ ᠬᠦᠢᠰᠦ ᠪᠤᠯᠤᠨ᠎ᠠ᠃
ᠲᠡᠷᠲᠡᠭᠡ 1896 ᠣᠨ ᠳ᠋ᠤ 《ᠳᠤᠮᠳᠠᠳᠤ ᠣᠷᠣᠰ ᠳᠠᠢᠰᠤᠨᠢ ᠡᠰᠡᠷᠭᠦᠴᠡᠵᠤ ᠬᠠᠷᠢᠯᠴᠠᠨ ᠲᠤᠰᠠᠯᠠᠯᠴᠠᠬᠤ ᠭᠡᠷ᠎ᠡ》 ᠲᠣᠭ᠍ᠲᠠᠵᠤ᠂ 《ᠳᠤᠮᠳᠠᠳᠤ ᠤᠯᠤᠰ ᠤ᠋ᠨ ᠵᠡᠭᠦᠨ ᠬᠣᠢᠲᠤ ᠢ᠋ᠢᠨ ᠲᠡᠮᠦᠷ ᠵᠠᠮ》 ᠢ᠋ ᠵᠠᠰᠠᠵᠤ ᠡᠬᠢᠯᠡᠨ᠂ 1901 ᠣᠨ ᠳ᠋ᠤ ᠮᠠᠨᠵᠤᠤᠷ ᠬᠤᠲᠠᠨ᠎ᠠ ᠥᠷᠲᠡᠭᠡ ᠪᠠᠢᠭᠤᠯᠵᠤ᠂ 1907 ᠣᠨ ᠳ᠋ᠤ ᠮᠠᠨᠵᠤᠤᠷ ᠪᠣᠭᠣᠮᠲᠠ ᠢ᠋ᠢ ᠨᠡᠭᠡᠭᠡᠭᠰᠡᠨ ᠡᠴᠡ ᠱᠠᠨ ᠰᠢ᠂ ᠾᠸᠪᠸᠢ ᠪᠣᠯᠤᠨ ᠵᠡᠭᠦᠨ ᠧᠦ᠋ᠷᠣᠫᠠ᠂ ᠳᠤᠮᠳᠠᠳᠤ ᠠᠽᠢᠶ᠎ᠠ᠂ ᠵᠡᠭᠦᠨ ᠠᠽᠢᠶ᠎ᠠ ᠢ᠋ᠢᠨ ᠬᠤᠳᠠᠯᠳᠤᠭᠠᠴᠢᠳ ᠴᠤᠭ᠍ᠯᠠᠷᠠᠬᠤ ᠪᠤᠯᠵᠤ᠂ ᠮᠠᠨᠵᠤᠤᠷ ᠬᠤᠲᠠ ᠨᠢ 《ᠣᠯᠠᠨ ᠤᠯᠤᠰ ᠤ᠋ᠨ ᠬᠤᠳᠠᠯᠳᠤᠭᠠᠨ ᠤ᠋ ᠬᠤᠲᠠ》 ᠬᠡᠮᠡᠭᠳᠡᠭᠰᠡᠨ ᠶᠤᠮ᠃
ᠳᠤᠮᠳᠠᠳᠤ ᠤᠯᠤᠰ ᠤ᠋ᠨ ᠵᠡᠭᠦᠨ ᠬᠣᠢᠲᠤ ᠢ᠋ᠢᠨ ᠲᠡᠮᠦᠷ ᠵᠠᠮ ᠪᠣᠯ ᠬᠣᠪᠣᠷ ᠨᠠᠨᠳᠢᠨ ᠲᠡᠦᠬᠡ ᠢ᠋ᠢᠨ ᠳᠤᠷᠠᠰᠭᠠᠯᠲᠤ ᠵᠦᠶ᠋ᠯᠡᠰ ᠪᠠᠢᠵᠤ᠂ ᠪᠠᠷᠢᠯᠭ᠎ᠠ ᠢ᠋ᠢᠨ ᠪᠦᠲᠦᠴᠡ ᠨᠢ ᠥᠪᠡᠷᠮᠢᠴᠡ᠂ ᠬᠡᠯᠪᠡᠷᠢ ᠳᠦᠷᠰᠦ ᠨᠢ ᠨᠠᠷᠢᠯᠢᠭ ᠰᠠᠢᠬᠠᠨ᠂ ᠣᠷᠴᠢᠨ ᠣᠲᠣ ᠦᠶ᠎ᠡ ᠢ᠋ᠢᠨ ᠴᠢᠬᠤᠯᠠ ᠲᠡᠦᠬᠡ ᠢ᠋ᠢᠨ ᠦᠯᠡᠳᠡᠭᠳᠡᠯ ᠪᠣᠯᠤᠨ᠎ᠠ᠃ 2013 ᠣᠨ ᠳ᠋ᠤ ᠮᠠᠨᠵᠤᠤᠷ ᠤ᠋ᠨ ᠤᠷᠤᠰ ᠮᠠᠶᠢᠭ ᠤ᠋ᠨ ᠪᠠᠷᠢᠯᠭᠠᠨᠤᠭᠤᠳ ᠪᠦᠬᠦ᠌ ᠤᠯᠤᠰ ᠤ᠋ᠨ ᠭᠣᠣᠯᠳᠠᠯᠭ᠎ᠠ ᠲᠠᠢ ᠲᠡᠦᠬᠡ ᠢ᠋ᠢᠨ ᠳᠤᠷᠠᠰᠭᠠᠯᠲᠤ ᠵᠦᠢᠯᠡᠰ ᠤ᠋ᠨ ᠬᠠᠮᠠᠭᠠᠯᠠᠯᠲᠠ ᠢ᠋ᠢᠨ ᠨᠢᠭᠡᠴᠢ ᠳ᠋ᠤ ᠵᠢᠭ᠍ᠰᠠᠭᠠᠭ᠍ᠳᠠᠵᠤ᠂ ᠬᠣᠵᠢᠮ ᠨᠢ 《ᠳᠤᠮᠳᠠᠳᠤ ᠤᠯᠤᠰ ᠤ᠋ᠨ ᠵᠡᠭᠦᠨ ᠬᠣᠢᠲᠤ ᠢ᠋ᠢᠨ ᠲᠡᠮᠦᠷ ᠵᠠᠮ》 ᠤ᠋ᠨ ᠨᠡᠷᠡᠰ ᠤ᠋ᠨ ᠵᠢᠭ᠍ᠰᠠᠭᠠᠯᠲᠠ ᠳ᠋ᠤ ᠣᠷᠣᠵᠤ᠂ 20 ᠳ᠋ᠤᠭᠠᠷ ᠵᠠᠭᠤᠨ ᠤ᠋ ᠴᠢᠬᠤᠯᠠ ᠰᠣᠶᠣᠯ ᠤ᠋ᠨ ᠥᠪ ᠪᠣᠯᠵᠠᠢ᠃ ᠣᠢᠷ᠎ᠠ ᠳ᠋ᠤ ᠤᠯᠤᠰ ᠤ᠋ᠨ ᠲᠡᠦᠬᠡ ᠢ᠋ᠢᠨ ᠳᠤᠷᠠᠰᠭᠠᠯᠲᠤ ᠵᠦᠶ᠋ᠯᠡᠰ ᠤ᠋ᠨ ᠲᠣᠪᠴᠢᠶ᠎ᠠ᠂ ᠰᠣᠶᠣᠯ ᠵᠢᠭᠤᠯᠴᠢᠯᠠᠯ ᠤ᠋ᠨ ᠶᠠᠮᠤᠨ᠂ ᠤᠯᠤᠰ ᠤ᠋ᠨ ᠬᠥᠭ᠌ᠵᠢᠭᠦᠯᠦᠯᠲᠡ ᠪᠠ ᠥᠭᠡᠷᠡᠴᠢᠯᠡᠯᠲᠡ ᠢ᠋ᠢᠨ ᠵᠥᠪᠯᠡᠯᠡᠴᠡ 《ᠳᠤᠮᠳᠠᠳᠤ ᠤᠯᠤᠰ ᠤ᠋ᠨ ᠵᠡᠭᠦᠨ ᠬᠣᠢᠲᠤ ᠢ᠋ᠢᠨ ᠲᠡᠮᠦᠷ ᠵᠠᠮ ( ᠬᠥᠯᠥᠨ ᠪᠣᠢᠷ ᠤ᠋ᠨ ᠬᠡᠰᠡᠭ)》 ᠢ᠋ 2024 ᠣᠨ ᠤ᠋ ᠱᠢᠯᠢᠳᠡᠭ ᠲᠡᠦᠬᠡ ᠢ᠋ᠢᠨ ᠳᠤᠷᠠᠰᠭᠠᠯᠲᠤ ᠵᠦᠶ᠋ᠯᠡᠰ ᠤ᠋ᠨ ᠭᠤᠤᠯ ᠰᠡᠳᠦᠪᠲᠦ ᠵᠢᠭᠤᠯᠴᠢᠯᠠᠯ ᠤ᠋ᠨ ᠵᠠᠮ ᠪᠣᠯᠭᠠᠨ ᠲᠠᠨᠢᠯᠴᠠᠭᠤᠯᠵᠤ᠂ ᠨᠠᠩ ᠣᠯᠠᠨ ᠵᠢᠭᠤᠯᠴᠢᠯᠠᠭᠰᠠᠳᠢ ᠲᠠᠳᠠᠵᠦ ᠡᠬᠢᠯᠡᠪᠡ᠃
ᠤᠨ ᠴᠠᠭ ᠤᠯᠠᠷᠢᠨ ᠬᠤᠪᠢᠰᠤᠨ᠎ᠠ᠃ ᠤᠷᠤᠰ ᠤ᠋ᠨ ᠠᠷᠪᠠᠨ ᠰᠠᠷ᠎ᠠ ᠢ᠋ᠢᠨ ᠬᠤᠪᠢᠰᠭᠠᠯ ᠤ᠋ᠨ ᠳᠠᠷᠠᠭ᠎ᠠ ᠳᠤᠮᠳᠠᠳᠤ ᠤᠯᠤᠰ ᠤ᠋ᠨ ᠵᠡᠭᠦᠨ ᠬᠣᠢᠲᠤ ᠢ᠋ᠢᠨ ᠲᠡᠮᠦᠷ ᠵᠠᠮ ᠨᠢ ᠮᠠᠷᠺᠰ ᠤ᠋ᠨ ᠦᠵᠡᠯ ᠤ᠋ᠨ ᠳᠤᠮᠳᠠᠳᠤ ᠤᠯᠤᠰ ᠲᠤ᠌ ᠤᠯᠠᠮᠵᠢᠯᠠᠭ᠍ᠳᠠᠨ ᠢᠷᠡᠭ᠌ᠰᠡᠨ 《ᠬᠤᠪᠢᠰᠭᠠᠯ ᠤ᠋ᠨ ᠵᠠᠮ》 ᠪᠣᠯᠪᠠ᠃ 1917 ᠣᠨ ᠳ᠋ᠤ ᠤᠷᠤᠰ ᠤ᠋ᠨ ᠠᠷᠪᠠᠨ ᠰᠠᠷ᠎ᠠ ᠢ᠋ᠢᠨ ᠬᠤᠪᠢᠰᠭᠠᠯ ᠢᠯᠠᠯᠲᠠ ᠣᠯᠤᠭ᠍ᠰᠠᠨ ᠤ᠋ ᠳᠠᠷᠠᠭ᠎ᠠ ᠳᠤᠮᠳᠠᠳᠤ ᠤᠯᠤᠰ ᠤ᠋ᠨ ᠨᠢᠭᠡ ᠪᠦᠯᠦᠭ ᠡᠪ ᠬᠠᠮᠲᠤ ᠶᠣᠰᠣᠨ ᠤ᠋ ᠬᠦᠰᠡᠯᠡᠩ ᠡᠪᠦᠷᠯᠡᠭ᠌ᠰᠡᠨ ᠬᠤᠪᠢᠰᠭᠠᠯ ᠤ᠋ᠨ ᠬᠤᠱᠢᠭᠤᠴᠢᠳ ᠠᠷᠪᠠᠨ ᠰᠠᠷ᠎ᠠ ᠢ᠋ᠢᠨ ᠬᠤᠪᠢᠰᠭᠠᠯ ᠤ᠋ᠨ ᠢᠯᠠᠯᠲᠠ ᠢ᠋ᠢᠨ ᠲᠤᠷᠱᠢᠯᠭ᠎ᠠ ᠢ᠋ᠢ ᠰᠤᠷᠤᠯᠴᠠᠬᠤ ᠪᠡᠷ ᠮᠠᠨᠵᠤᠤᠷᠢᠶᠠᠷ ᠳᠠᠮᠵᠢᠨ ᠨᠢᠭᠤᠴᠠ ᠪᠡᠷ ᠤᠷᠤᠰ ᠲᠤ᠌ ᠬᠦᠷᠪᠡ᠃ 1920 ᠣᠨ ᠡᠴᠡ 1937 ᠣᠨ ᠪᠣᠯᠲᠠᠯ᠎ᠠ ᠡᠪ ᠬᠠᠮᠲᠤ ᠢ᠋ᠢᠨ ᠢᠨᠲ᠋ᠧᠷᠨᠠᠼᠢᠣᠨᠠᠯ ᠪᠣᠯᠤᠨ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠡᠭᠦᠨ ᠬᠣᠢᠲᠤ ᠢ᠋ᠢᠨ ᠨᠠᠮ ᠤ᠋ᠨ ᠵᠣᠬᠢᠶᠠᠨ ᠪᠠᠢᠭᠤᠯᠤᠯᠲᠠ ᠢ᠋ᠢᠨ ᠬᠢᠨ ᠮᠠᠨᠵᠤᠤᠷ ᠲᠤ᠌ ᠤᠯᠠᠨ ᠤᠯᠤᠰ ᠤ᠋ᠨ ᠨᠢᠭᠤᠴᠠ ᠵᠠᠮ ᠬᠠᠷᠢᠯᠴᠠᠭᠠᠨ ᠤ᠋ ᠦᠷᠳᠡᠭᠡ ᠪᠠᠢᠭᠤᠯᠵᠤ᠂ ᠳᠤᠮᠳᠠᠳᠤ ᠵᠦᠪᠯᠡᠯᠳᠤ ᠢ᠋ᠢᠨ ᠬᠢᠯᠢᠳᠡᠬᠢ ᠬᠤᠪᠢᠰᠭᠠᠯᠴᠢᠳᠢ ᠬᠠᠮᠠᠭᠠᠯᠠᠨ ᠬᠦᠷᠭᠡᠵᠤ ᠪᠠᠢᠪᠠ᠃ ᠡᠨᠡ ᠬᠦ᠌ ᠤᠯᠠᠨ ᠤᠯᠤᠰ ᠤ᠋ᠨ ᠨᠢᠭᠤᠴᠠ ᠵᠠᠮ ᠬᠠᠷᠢᠯᠴᠠᠭᠠᠨ ᠤ᠋ ᠱᠤᠭᠤᠮᠤᠨ ᠪᠦᠷᠢᠯᠳᠦᠭ᠌ᠰᠡᠨ ᠴᠠᠭ ᠨᠢ ᠡᠷᠲᠡ᠂ ᠬᠡᠷᠡᠭ᠌ᠯᠡᠭ᠌ᠰᠡᠨ ᠴᠠᠭ ᠨᠢ ᠤᠷᠳᠤ᠂ ᠦᠢᠯᠡᠳᠦᠯ ᠨᠢ ᠶᠡᠬᠡ ᠬᠤᠪᠢᠰᠬᠠᠯᠲᠤ ᠵᠠᠮ ᠬᠠᠷᠢᠯᠴᠠᠭᠠᠨ ᠤ᠋ ᠱᠤᠭᠤᠮ ᠪᠣᠯᠵᠠᠢ᠃
2005 ᠣᠨ ᠳ᠋ᠤ ᠮᠠᠨᠵᠤᠤᠷ ᠤ᠋ᠨ ᠤᠯᠠᠨ ᠤᠯᠤᠰ ᠤ᠋ᠨ ᠨᠢᠭᠤᠴᠠ ᠵᠠᠮ ᠬᠠᠷᠢᠯᠴᠠᠭᠠᠨ ᠤ᠋ ᠰᠤᠷᠭᠠᠨ ᠬᠥᠮᠦᠵᠢᠯ ᠤ᠋ᠨ ᠰᠠᠭᠤᠷᠢᠨ ᠪᠦᠬᠦ᠌ ᠤᠯᠤᠰ ᠤ᠋ᠨ ᠵᠠᠭᠤᠨ ᠬᠤᠪᠢᠰᠭᠠᠯ ᠤ᠋ᠨ ᠵᠢᠭᠤᠯᠴᠢᠯᠠᠯ ᠤ᠋ᠨ ᠰᠣᠩᠭᠣᠳᠠᠭ ᠦᠵᠡᠮᠵᠢ ᠢ᠋ᠢᠨ ᠣᠷᠣᠨ ᠤ᠋ ᠨᠢᠭᠡ ᠪᠡᠷ ᠵᠢᠭ᠍ᠰᠠᠭᠠᠭ᠍ᠳᠠᠵᠤ᠂ ᠪᠦᠬᠦ᠌ ᠤᠯᠤᠰ ᠤ᠋ᠨ ᠴᠤᠷ ᠤ᠋ᠨ ᠭᠠᠭ᠍ᠴᠠ ᠡᠪ ᠬᠠᠮᠲᠤ ᠢ᠋ᠢᠨ ᠢᠨᠲ᠋ᠧᠷᠨᠠᠼᠢᠣᠨᠠᠯᠢᠶᠠᠷ ᠭᠣᠣᠯ ᠰᠡᠳᠦᠪ ᠪᠣᠯᠭᠠᠭ᠍ᠰᠠᠨ ᠬᠤᠪᠢᠰᠭᠠᠯ ᠤ᠋ᠨ ᠵᠢᠭᠤᠯᠴᠢᠯᠠᠯ ᠤ᠋ᠨ ᠦᠵᠡᠮᠵᠢ ᠢ᠋ᠢᠨ ᠣᠷᠣᠨ ᠪᠣᠯᠪᠠ᠃ ᠲᠡᠷᠡ ᠨᠢ ᠤᠯᠤᠰ ᠤ᠋ᠨ ᠡᠭᠦᠳᠡ᠂ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠵᠢᠷᠭᠤᠭᠠᠨ ᠶᠡᠬᠡ ᠬᠤᠪᠢᠰᠭᠠᠯ ᠤ᠋ᠨ ᠵᠠᠮ ᠤ᠋ᠨ ᠦᠵᠡᠭᠦᠯᠭᠡ ᠢ᠋ᠢᠨ ᠣᠷᠳᠣᠨ᠂ ᠬᠤᠪᠢᠰᠭᠠᠯ ᠤ᠋ᠨ ᠦᠵᠡᠭᠦᠯᠭᠡ ᠢ᠋ᠢᠨ ᠣᠷᠳᠣᠨ᠂ 41 ᠳ᠋ᠤᠭᠡᠷ ᠨᠣᠮᠧᠷᠲᠤ ᠬᠢᠯᠢ ᠢ᠋ᠢᠨ ᠬᠥᠱᠢᠶᠡ ᠵᠡᠷᠭᠡ ᠬᠤᠪᠢᠰᠭᠠᠯ ᠤ᠋ᠨ ᠵᠢᠭᠤᠯᠴᠢᠯᠠᠯ ᠤ᠋ᠨ ᠦᠵᠡᠮᠵᠢ ᠢ᠋ᠢᠨ ᠭᠠᠵᠠᠷ ᠲᠠᠢ ᠬᠣᠯᠪᠣᠯᠳᠤᠵᠤ᠂ ᠳᠥᠷᠪᠡᠨ ᠵᠦᠭ ᠨᠠᠶ᠋ᠮᠠᠨ ᠵᠣᠪᠬᠢᠰ ᠡᠴᠡ ᠢᠷᠡᠭ᠌ᠰᠡᠨ ᠵᠢᠭᠤᠯᠴᠢᠯᠠᠭ᠍ᠰᠠᠳ ᠲᠤ᠌ ᠦᠵᠡᠯ ᠰᠠᠨᠠᠭᠠᠨ ᠤ᠋ ᠠᠷᠢᠭᠤᠳᠭᠠᠯ ᠬᠦᠷᠲᠡᠭᠡᠵᠤ ᠪᠠᠢᠨ᠎ᠠ᠃
ᠵᠠᠭᠤᠨ ᠵᠢᠯ ᠤ᠋ᠨ ᠲᠡᠦᠬᠡ ᠢ᠋ᠢ ᠬᠦᠤᠷᠨᠢᠭ᠌ᠰᠡᠨ ᠡᠳᠡᠭᠡᠷ ᠤᠷᠤᠰ ᠮᠠᠶᠢᠭ ᠤ᠋ᠨ ᠪᠠᠷᠢᠯᠭᠠᠨᠤᠭᠤᠳ ᠨᠢ ᠮᠠᠨᠵᠤᠤᠷ ᠬᠤᠲᠠ ᠢ᠋ᠢ ᠤᠯᠠᠮ ᠴᠤ᠌ ᠥᠪᠡᠷᠮᠢᠴᠡ ᠰᠤᠳᠤᠨ ᠪᠤᠯᠭᠠᠵᠡᠢ᠃ ᠣᠷᠣᠰ ᠮᠠᠶᠢᠭ ᠤ᠋ᠨ ᠪᠠᠷᠢᠯᠭ᠎ᠠ ᠢ᠋ᠢᠨ ᠪᠦᠯᠦᠭᠵᠢᠯ ᠤ᠋ᠨ ᠳᠣᠲᠣᠷᠠᠬᠢ ᠬᠠᠮᠤᠭ ᠤ᠋ᠨ ᠲᠥᠯᠥᠭᠡᠯᠡᠬᠦ᠌ ᠴᠢᠨᠠᠷᠲᠠᠶ ᠪᠠᠷᠢᠯᠭ᠎ᠠ ᠢ᠋ᠢᠨ ᠨᠢᠭᠡ ᠪᠤᠯ ᠮᠠᠨᠵᠤᠤᠷ ᠮᠦᠽᠧᠶ ᠪᠠᠢᠵᠤ᠂ ᠵᠢᠭᠤᠯᠴᠢᠯᠠᠭᠰᠠᠳ ᠤ᠋ᠨ ᠲᠡᠦᠬᠡ ᠢ᠋ᠢ ᠬᠠᠢᠬᠤ ᠴᠣᠩᠬᠣ ᠪᠤᠯᠤᠬᠰᠠᠨ ᠶᠤᠮ᠃
ᠵᠢᠭᠤᠯᠴᠢᠯᠠᠬᠰᠠᠳ ᠤᠯᠤᠰ ᠤ᠋ᠨ ᠡᠭᠦᠳᠡ ᠢ᠋ᠢᠨ ᠦᠵᠡᠮᠵᠢ ᠢ᠋ᠢᠨ ᠲᠠᠢᠰᠠᠨ ᠳ᠋ᠤ ᠭᠠᠷᠪᠡᠯ᠂ ᠳᠤᠮᠳᠠᠳᠤ ᠤᠯᠤᠰ ᠤ᠋ᠨ ᠬᠢᠯᠢ ᠬᠢᠵᠠᠭᠠᠷ ᠤ᠋ᠨ ᠦᠵᠡᠮᠵᠢ ᠢ᠋ᠢ ᠰᠤᠨᠢᠷᠬᠠᠵᠤ ᠴᠢᠳᠠᠬᠤ ᠪᠦᠭᠡᠳ ᠣᠷᠣᠰ ᠤ᠋ᠨ ᠠᠷᠤ ᠪᠠᠢᠭᠠᠯᠰᠺ ᠪᠠᠯᠭᠠᠰᠤᠨ ᠤ᠋ ᠦᠵᠡᠮᠵᠢ ᠢ᠋ᠢ ᠴᠤ᠌ ᠰᠣᠨᠢᠷᠬᠠᠵᠤ ᠪᠤᠯᠳᠠᠭ᠃ ᠰᠡᠬᠦᠢᠨ ᠰᠦᠨᠳᠡᠷᠯᠡᠭ᠌ᠰᠡᠨ ᠤᠯᠤᠰ ᠤ᠋ᠨ ᠡᠭᠦᠳᠡ ᠢ᠋ᠢ 2008 ᠣᠨ ᠳ᠋ᠤ ᠪᠠᠢᠭᠤᠯᠵᠤ᠂ ᠣᠷᠳᠣ ᠨᠢ 105 ᠮᠧᠲ᠋ᠷ ᠂ ᠥᠨᠳᠥᠷ ᠨᠢ 43.7 ᠮᠧᠲ᠋ᠷ ᠪᠠᠢᠵᠤ᠂ ᠲᠠᠪᠤᠳᠤᠭᠠᠷ ᠦᠶ᠎ᠡ ᠢ᠋ᠢᠨ ᠤᠯᠤᠰ ᠤ᠋ᠨ ᠡᠭᠦᠳᠡ ᠪᠣᠯᠬᠤ ᠪᠥᠭᠡᠳ ᠳᠤᠮᠳᠠᠳᠤ ᠤᠯᠤᠰ ᠤ᠋ᠨ ᠬᠠᠭᠤᠷᠠᠶ ᠵᠠᠮ ᠤ᠋ᠨ ᠪᠣᠭᠣᠮᠲᠠ ᠢ᠋ᠢᠨ ᠳᠣᠲᠣᠷᠠᠬᠢ ᠬᠠᠮᠤᠭ ᠤ᠋ᠨ ᠲᠣᠮᠣ ᠤᠯᠤᠰ ᠤ᠋ᠨ ᠡᠭᠦᠳᠡ ᠪᠣᠯᠤᠨ᠎ᠠ᠃
ᠤᠯᠤᠰ ᠤ᠋ᠨ ᠡᠭᠦᠳᠡᠨ ᠲᠤᠤᠭᠤᠷ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ ᠡᠳᠦᠷ ᠰᠥᠨᠢ ᠦᠭᠡᠢ ᠠᠶᠠᠯᠠᠨ᠎ᠠ᠃ 2024 ᠣᠨ ᠳ᠋ᠤ ᠪᠥᠬᠥ᠌ ᠵᠢᠯ ᠤ᠋ᠨ ᠪᠣᠭᠣᠮᠲᠠ ᠪᠡᠷ ᠥᠩᠭᠡᠷᠡᠭᠰᠡᠨ ᠳᠤᠮᠳᠠᠳᠤ ᠧᠦ᠋ᠷᠣᠫᠠ ᠢ᠋ᠢᠨ ᠵᠢᠱᠢᠶᠠᠨ ᠤ᠋ ᠭᠠᠯᠲᠤ ᠲᠡᠷᠭᠡ 21 ᠲᠦᠮᠡ ᠭᠠᠷᠤᠶ ᠴᠤᠪᠤᠭ᠎ᠠ ᠳ᠋ᠤ ᠬᠦᠷᠴᠤ᠂ ᠨᠢᠭᠡ ᠡᠳᠦᠷ ᠲᠤ᠌ ᠬᠠᠮᠤᠭ ᠤ᠋ᠨ ᠤᠯᠠᠨ ᠳ᠋ᠠᠭᠠᠨ 800 ᠭᠠᠷᠤᠶ ᠴᠤᠪᠤᠭ᠎ᠠ ᠦᠡᠭᠭᠡᠷᠡᠵᠡᠢ᠃ ᠠᠽᠢᠶ᠎ᠠ ᠧᠦ᠋ᠷᠣᠫᠠ ᠢ᠋ᠢᠨ ᠡᠬᠡ ᠬᠠᠭᠤᠷᠠᠶ ᠢ᠋ᠢᠨ ᠬᠥᠭᠥᠷᠭᠡ ᠪᠣᠯᠤᠭ᠍ᠰᠠᠨ ᠳᠤᠮᠳᠠᠳᠤ ᠤᠯᠤᠰ ᠤ᠋ᠨ ᠵᠡᠭᠦᠨ ᠬᠣᠢᠲᠤ ᠢ᠋ᠢᠨ ᠲᠡᠮᠦᠷ ᠵᠠᠮᠨᠢ ᠤᠯᠤᠰ ᠤ᠋ᠨ ᠳᠣᠲᠣᠭᠠᠳᠤ ᠭᠠᠳᠠᠭᠠᠳᠤ ᠢ᠋ᠢᠨ ᠬᠤᠤᠰ ᠣᠷᠴᠢᠯ ᠳ᠋ᠤ ᠦᠶ᠋ᠯᠡᠴᠢᠯᠡᠬᠦ᠌᠂ ᠳᠤᠮᠳᠠᠳᠤ ᠧᠦ᠋ᠷᠣᠫᠠ ᠢ᠋ᠢᠨ ᠠᠷᠠᠯᠵᠢᠶ᠎ᠠ ᠢ᠋ᠢ ᠱᠢᠯᠤᠭᠤᠳᠭᠠᠬᠤ ᠵᠢᠴᠢ 《ᠨᠢᠭᠡ ᠪᠦᠰᠡ ᠨᠢᠭᠡ ᠵᠠᠮ》 ᠢ᠋ ᠬᠠᠮᠲᠤ ᠪᠡᠷ ᠪᠥᠲᠥᠭᠡᠨ ᠪᠠᠢᠭᠤᠯᠬᠤ ᠤᠯᠤᠰ ᠤ᠋ᠳᠢ ᠬᠣᠯᠪᠣᠬᠤ ᠴᠢᠬᠤᠯᠠ ᠵᠠᠮ ᠱᠤᠭᠤᠮ ᠪᠤᠯᠵᠠᠢ᠃
ᠲᠡᠦᠬᠡ ᠪᠠ ᠴᠠᠭ ᠦᠶ᠎ᠡ ᠢ᠋ᠢᠨ ᠭᠡᠷᠡᠯ ᠭᠢᠯᠪᠠᠭ᠎ᠠ᠂ ᠤᠯᠠᠮᠵᠢᠯᠠᠯ ᠪᠠ ᠤᠳᠤ ᠦᠶ᠎ᠡ ᠢ᠋ᠢᠨ ᠠᠭᠤᠰᠤᠯᠴᠠᠯ᠂ ᠤᠯᠠᠨ ᠡᠱᠢᠲᠦ ᠰᠣᠶᠣᠯ ᠨᠡᠢᠯᠡᠭᠡᠳ ᠬᠠᠮᠲᠤ ᠢ᠋ᠢᠨ ᠰᠣᠶᠣᠯ ᠢ᠋ ᠪᠦᠲᠦᠭᠡᠨ᠎ᠠ᠃ 《ᠪᠢ ᠪᠣᠯ ᠣᠷᠣᠰ ᠡᠴᠡ ᠢᠷᠡᠭ᠌ᠰᠡᠨ ᠵᠢᠭᠤᠯᠴᠢᠯᠠᠭᠴᠢ᠂ ᠪᠢ ᠠᠩᠬ᠎ᠠ ᠤᠳᠠᠭ᠎ᠠ ᠳᠤᠮᠳᠠᠳᠤ ᠤᠯᠤᠰ ᠲᠤ᠌ ᠢᠷᠡᠵᠦ᠍ ᠪᠠᠢᠨ᠎ᠠ᠃ ᠪᠢ ᠳᠤᠮᠳᠠᠳᠤ ᠢ᠋ᠢᠨ ᠰᠣᠶᠣᠯ ᠢ᠋ ᠮᠠᠰᠢ ᠰᠤᠨᠢᠷᠬᠠᠳᠠᠭ᠂ ᠡᠨᠳᠡ ᠮᠢᠨᠤ ᠦᠵᠡᠵᠤ ᠰᠤᠨᠢᠷᠬᠠᠬᠤ ᠵᠦᠢᠯ ᠮᠠᠰᠢ ᠤᠯᠠᠨ ᠪᠤᠢ》 ᠭᠡᠵᠦ᠍ ᠠᠭᠠᠷᠤᠨ ᠠᠶᠠᠯᠠᠯ ᠤ᠋ᠨ ᠬᠢᠯᠢ ᠢ᠋ᠢᠨ ᠪᠣᠭᠣᠮᠲᠠ ᠪᠡᠷ ᠣᠷᠣᠵᠤ ᠢᠷᠡᠭ᠌ᠰᠡᠨ ᠠᠶᠠᠨᠴᠢᠨ ᠠᠯᠪᠠᠨ᠎ᠠ ᠰᠡᠳᠭᠢᠯ ᠳᠣᠭ᠍ᠳᠣᠯᠤᠨ ᠬᠡᠯᠡᠨ᠎ᠡ᠃
ᠲᠡᠦᠬᠡ ᠢᠲᠡᠭᠡᠯ ᠵᠣᠷᠢᠭᠢ ᠬᠥᠪᠴᠢᠯᠡᠵᠦ᠍᠂ ᠨᠡᠭᠡᠭᠡᠯᠲᠠᠲᠤ ᠪᠠᠢᠷᠢᠱᠢᠯᠢ ᠪᠣᠶ ᠪᠣᠯᠭᠠᠨ᠎ᠠ᠃ ᠳᠤᠮᠳᠠᠳᠤ ᠤᠯᠤᠰ ᠤ᠋ᠨ ᠬᠢᠯᠢ ᠢ᠋ᠢᠨ ᠱᠤᠭᠤᠮ ᠳ᠋ᠡᠬᠢ ᠬᠠᠮᠤᠭ ᠤ᠋ᠨ ᠲᠤᠮᠤ ᠤᠯᠤᠰ ᠤ᠋ᠨ ᠡᠭᠦᠳᠡ᠂ ᠳᠤᠮᠳᠠᠳᠤ ᠤᠯᠤᠰ ᠤ᠋ᠨ ᠬᠠᠮᠤᠭ ᠤ᠋ᠨ ᠲᠤᠮᠤ ᠬᠢᠯᠢ ᠳᠠᠭᠠᠤ ᠢ᠋ᠢᠨ ᠬᠠᠭᠤᠷᠠᠢ ᠵᠠᠮ ᠤ᠋ᠨ ᠪᠣᠭᠣᠮᠲᠠ᠂ ᠤᠯᠤᠰ ᠤ᠋ᠨ ᠭᠣᠣᠯᠳᠠᠯᠭ᠎ᠠ ᠲᠠᠢ ᠨᠡᠭᠡᠭᠡᠨ ᠬᠥᠭ᠌ᠵᠢᠭᠦᠯᠵᠦ᠍ ᠨᠡᠭᠡᠭᠡᠯᠳᠠ ᠬᠢᠬᠦ᠌ ᠲᠤᠷᠱᠢᠯᠲᠠ ᠢ᠋ᠢᠨ ᠣᠷᠣᠨ᠂ ᠬᠤᠪᠢᠰᠭᠠᠯ ᠤ᠋ᠨ ᠨᠢᠭᠤᠴᠠ ᠵᠠᠮ ᠬᠠᠷᠢᠯᠴᠠᠭᠠᠨ ᠤ᠋ ᠱᠤᠭᠤᠮ ᠤ᠋ᠨ ᠪᠠᠭᠤᠷᠢ ᠵᠡᠷᠭᠡ ᠣᠨᠴᠠᠭᠠᠢ 《ᠡᠷᠳᠡᠨᠢᠰ ᠤ᠋ᠨ ᠰᠠᠩ》 ᠨᠢ ᠮᠠᠨᠵᠤᠤᠷ ᠬᠤᠳᠠ ᠢ᠋ᠢ ᠬᠠᠮᠲᠤᠷᠠᠯᠴᠠᠨ ᠣᠷᠣᠱᠢᠬᠤ ᠰᠣᠶᠣᠯ ᠢᠷᠭᠡᠨᠱᠢᠯ ᠤ᠋ᠨ ᠬᠡᠪ ᠨᠠᠮᠪᠠ ᠲᠠᠢ᠂ ᠨᠡᠭᠡᠭᠡᠯᠲᠡᠲᠡᠢ ᠪᠠᠭ᠍ᠲᠠᠭᠠᠮᠵᠢᠲᠠᠢ ᠪᠤᠯᠭᠠᠨ ᠱᠤᠭᠤᠯᠠ᠃ ᠮᠠᠨᠵᠤᠤᠷ ᠬᠤᠲᠠ 《ᠤᠬᠰᠠᠨᠠᠭᠠ ᠪᠡᠨ ᠦᠯᠦ᠍ ᠮᠠᠷᠲᠠᠬᠤ ᠂ ᠭᠠᠳᠠᠭᠠᠳᠤ ᠢ᠋ᠢᠨ ᠬᠢ ᠢ᠋ᠢ ᠱᠢᠩᠭᠡᠭᠡᠨ ᠠᠪᠬᠤ᠂ ᠢᠷᠡᠭᠡᠳᠦᠢ ᠳ᠋ᠤ ᠬᠠᠨᠳᠤᠬᠤ》 ᠠᠤᠭ᠎ᠠ ᠪᠠᠭᠳᠠᠭᠠᠮᠵᠢ ᠪᠡᠷ ᠤᠮᠠᠷᠠᠲᠤ ᠬᠢᠯᠢ ᠳ᠋ᠤ ᠱᠢᠨ᠎ᠡ ᠬᠠᠭᠤᠳᠠᠰᠤ ᠢ᠋ᠢ ᠦᠷᠭᠦᠯᠵᠢᠯᠡᠨ ᠪᠢᠴᠢᠭᠯᠡᠵᠦ ᠪᠠᠢᠨ᠎ᠠ᠃