ᠪᠤᠭᠤᠲᠤ ᠬᠣᠲᠠ᠎ᠶ᠋ᠢᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠲᠤᠰᠭᠠᠶ ᠰᠡᠳᠦᠪᠲᠦ ᠦᠵᠡᠰᠭᠦᠯᠡᠩ ᠪᠥᠬᠥ᠌ ᠤᠯᠤᠰ᠎ᠤ᠋ᠨ ᠲᠠᠨᠢᠯᠴᠠᠭᠤᠯᠬᠤ ᠨᠡᠷᠡᠰ᠎ᠲᠦ ᠰᠣᠩᠭᠣᠭ᠍ᠳᠠᠪᠠ
8 ᠰᠠᠷ᠎ᠠ᠎ᠶ᠋ᠢᠨ 18 ᠤ᠋ ᠡᠳᠦᠷ ᠰᠤᠷᠪᠤᠯᠵᠢᠯᠠᠭ᠍ᠴᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ ᠬᠣᠲᠠ᠎ᠶ᠋ᠢᠨ ᠬᠣᠷᠢᠶ᠎ᠠ ᠵᠢᠨ ᠤᠬᠠᠭᠤᠯᠬᠤ ᠬᠡᠯᠲᠡᠰ᠂ ᠪᠤᠭᠤᠲᠤ ᠬᠣᠲᠠ᠎ᠶ᠋ᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ᠎ᠦᠨ ᠲᠣᠪᠴᠢᠶ᠎ᠠ᠂ ᠪᠤᠭᠤᠲᠤ ᠬᠣᠲᠠ᠎ᠶ᠋ᠢᠨ ᠮᠦᠽᠧᠶ᠂ ᠪᠤᠭᠤᠲᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠨᠠᠮ᠎ᠤᠨ ᠲᠡᠦᠬᠡ ᠰᠤᠳᠤᠯᠬᠤ ᠲᠠᠰᠤᠭ᠂ ᠪᠤᠭᠤᠲᠤ ᠬᠣᠲᠠ᠎ᠶ᠋ᠢᠨ ᠲᠠᠩᠰᠠ ᠡᠪᠬᠡᠮᠡᠯ᠎ᠦᠨ ᠣᠷᠳᠣᠨ᠂ ᠴᠡᠯᠡᠭᠡᠷ ᠲᠠᠯᠠᠮᠦᠽᠧᠶᠡᠴᠡ ᠬᠠᠮᠲᠤᠷᠠᠨ ᠭᠠᠷᠭᠠᠭ᠍ᠰᠠᠨ 《ᠰᠦᠢᠶᠤᠸᠠᠨ᠎ᠤ ᠪᠠᠷᠠᠭᠤᠨ ᠬᠡᠰᠡᠭ᠎ᠦᠨ ᠲᠠᠢᠨ ᠲᠠᠵᠢᠨ ᠲᠠᠢ ᠤᠨ ᠰᠠᠷ᠎ᠠ ᠡᠭᠦᠷᠢᠳᠡ ᠮᠠᠷᠳᠠᠭᠳᠠᠰᠢ ᠦᠭᠡᠢ — ᠪᠤᠭᠤᠲᠤ ᠬᠣᠲᠠ᠎ᠶ᠋ᠢᠨ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠲᠡᠢᠨ ᠵᠢᠴᠢ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ ᠢᠯᠠᠯᠲᠠ ᠣᠯᠤᠭ᠍ᠰᠠᠨ 80 ᠵᠢᠯ᠎ᠦᠨ ᠣᠶ᠎ᠶ᠋ᠢ ᠳᠤᠷᠠᠰᠭᠠᠬᠤ ᠲᠤᠰᠭᠠᠶ ᠰᠡᠳᠦᠪᠲᠦ ᠦᠵᠡᠰᠭᠦᠯᠡᠩ》 ᠢ᠋ ᠲᠥᠪ᠎ᠦᠨ ᠤᠬᠠᠭᠤᠯᠬᠤ ᠬᠡᠯᠲᠡᠰ᠂ ᠲᠥᠪ᠎ᠦᠨ ᠰᠦᠯᠵᠢᠶᠡᠨ᠎ᠦ ᠠᠮᠤᠷ ᠲᠦᠪᠱᠢᠨ ᠪᠤᠯᠤᠨ ᠮᠡᠳᠡᠭᠡ ᠵᠠᠩᠭᠢᠴᠢᠯᠠᠯᠳᠠ᠎ᠶ᠋ᠢᠨ ᠬᠤᠷᠢᠶ᠎ᠠ ᠵᠢᠨ ᠠᠯᠪᠠᠨ ᠬᠡᠷ᠂ ᠤᠯᠤᠰ᠎ᠤᠨ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠎ᠦᠨ ᠲᠣᠪᠴᠢᠶ᠎ᠠ ᠬᠠᠮᠲᠤᠷᠠᠨ ᠪᠥᠬᠥ᠌ ᠤᠯᠤᠰ᠎ᠤᠨ ᠭᠤᠤᠯ ᠰᠡᠳᠦᠪᠲᠦ ᠦᠵᠡᠰᠭᠦᠯᠡᠩ᠎ᠤ᠋ᠨ ᠲᠠᠨᠢᠯᠴᠠᠭᠤᠯᠬᠤ ᠨᠡᠷᠡᠰ᠎ᠲᠦ ᠣᠷᠣᠭᠤᠯᠪᠠ᠃
ᠲᠤᠰ ᠦᠵᠡᠰᠭᠦᠯᠡᠩ ᠨᠢ 120 ᠭᠠᠷᠤᠢ ᠬᠣᠪᠣᠷ ᠨᠠᠨᠳᠢᠨ ᠲᠡᠦᠬᠡ᠎ᠶ᠋ᠢᠨ ᠳᠤᠷᠠᠰᠭᠠᠯᠲᠤ ᠵᠦᠢᠯᠡᠰ ᠪᠣᠯᠤᠨ ᠲᠡᠦᠬᠡ᠎ᠶ᠋ᠢᠨ ᠳᠦᠷᠰᠦ ᠱᠢᠩᠭᠡᠭᠡᠯᠲᠡ᠎ᠶ᠋ᠢᠨ ᠮᠠᠲ᠋ᠧᠷᠢᠶᠠᠯ᠎ᠢᠶᠠᠷ ᠳᠠᠮᠵᠢᠭᠤᠯᠵᠤ᠂ ᠳᠤᠮᠳᠠᠳᠤ ᠤᠯᠤᠰ᠎ᠤᠨ ᠴᠡᠷᠢᠭ ᠠᠷᠠᠳ᠎ᠤᠨ ᠴᠢᠰᠤ ᠤᠷᠤᠰᠭᠠᠨ ᠡᠷᠡᠯᠬᠡᠭ᠌ᠯᠡᠨ ᠪᠠᠢᠯᠳᠤᠵᠤ᠂ ᠶᠠᠫᠣᠨ᠎ᠤ ᠲᠦᠷᠢᠮᠡᠬᠡᠢᠯᠡᠭ᠌ᠴᠢᠳ᠎ᠲᠡᠶ ᠨᠤᠭᠤᠷᠠᠰᠢ ᠦᠭᠡᠢ ᠲᠡᠮᠡᠴᠡᠭ᠌ᠰᠡᠨ ᠲᠡᠦᠬᠡ᠎ᠶ᠋ᠢᠨ ᠲᠤᠤᠯᠢᠰ᠎ᠢ ᠭᠦᠨᠵᠡᠭᠡᠢ ᠳᠡᠯᠭᠡᠨ ᠦᠵᠡᠭᠦᠯᠵᠦ᠍᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠪᠤᠭᠤᠲᠤ᠎ᠶ᠋ᠢᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠳᠠᠢᠰᠤᠨ᠎ᠢ ᠵᠠᠨᠤᠨ ᠬᠤᠷᠤᠰᠴᠤ ᠤᠯᠤᠰ ᠣᠷᠣᠨ᠎ᠢᠶᠠᠨ ᠪᠠᠲᠤᠯᠠᠨ ᠬᠠᠮᠠᠭᠠᠯᠠᠵᠤ᠂ ᠰᠦᠢᠶᠤᠸᠠᠨ᠎ᠤ ᠪᠠᠷᠠᠭᠤᠨ ᠬᠡᠰᠡᠭ᠎ᠲᠦ ᠶᠠᠫᠣᠨ᠎ᠤ ᠲᠦᠷᠢᠮᠡᠬᠡᠢᠯᠡᠭ᠌ᠴᠢᠳ᠎ᠲᠡᠶ ᠡᠷᠡᠯᠬᠡᠭ ᠪᠠᠭᠠᠲᠤᠷᠯᠢᠭ᠎ᠢᠶᠠᠷ ᠲᠡᠮᠡᠴᠡᠭ᠌ᠰᠡᠨ ᠠᠤᠭ᠎ᠠ ᠰᠦᠷᠯᠢᠭ ᠲᠡᠦᠬᠡ᠎ᠶ᠋ᠢᠨ ᠬᠠᠭᠤᠳᠠᠰᠤ᠎ᠶ᠋ᠢ ᠪᠢᠴᠢᠭ᠌ᠯᠡᠵᠦ᠍᠂ ᠪᠤᠭᠤᠲᠤ᠎ᠶ᠋ᠢᠨ ᠠᠷᠠᠳ ᠲᠦᠮᠡᠨ᠎ᠦ ᠨᠤᠭᠤᠷᠠᠰᠢ ᠦᠭᠡᠢ ᠪᠠᠭᠠᠲᠤᠷᠯᠢᠭ ᠬᠠᠭᠤᠳᠠᠰᠤ᠎ᠶ᠋ᠢ ᠪᠢᠴᠢᠭ᠌ᠯᠡᠪᠡ᠃
ᠲᠠᠨᠢᠯᠴᠠᠭᠤᠯᠤᠭ᠍ᠰᠠᠨ᠎ᠢᠶᠠᠷ᠂ ᠦᠵᠡᠰᠭᠦᠯᠡᠩ᠎ᠨᠢ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠭ᠌ᠰᠡᠨ ᠪᠡᠷᠬᠡ ᠬᠠᠲᠠᠭᠤᠵᠢᠯᠲᠠᠢ ᠥᠩᠭᠡᠷᠡᠯᠲᠡ ᠪᠣᠯᠤᠨ ᠠᠭᠤᠤ ᠶᠡᠬᠡ ᠢᠯᠠᠯᠲᠠ᠎ᠶ᠋ᠢ ᠱᠢᠰᠲ᠋ᠧᠮ᠎ᠲᠡᠶ ᠡᠮᠬᠢᠯᠡᠪᠡ᠃ ᠡᠬᠢᠨ ᠤ᠋ ᠦᠭᠡ ᠳ᠋ᠤ ᠲᠠᠷᠤᠢ ᠶᠠᠫᠤᠨ ᠤ᠋ ᠴᠡᠷᠢᠭᠯᠡᠬᠦ ᠦᠵᠡᠯ ᠤ᠋ᠨ ᠡᠷᠳᠡᠨ ᠡᠴᠡ ᠰᠠᠨᠠᠭᠠᠷᠬᠠᠭᠰᠠᠨ ᠲᠤᠮᠳᠠᠳᠤ ᠤᠯᠤᠰ ᠢ᠋ ᠲᠦᠷᠢᠮᠡᠬᠡᠢᠯᠡᠬᠦ᠌ ᠣᠪ ᠮᠡᠬᠡᠲᠦ ᠠᠷᠭ᠎ᠠ ᠪᠣᠳᠣᠯᠭ᠎ᠠ ᠵᠢᠴᠢ ᠪᠤᠭᠤᠳᠤ ᠳ᠋ᠤ ᠬᠢᠭᠰᠡᠨ ᠲᠡᠭᠷᠢ ᠲᠤᠯᠤᠮ᠎ᠠ ᠶᠠᠯᠠᠳᠤ ᠠᠵᠢᠯᠯᠠᠭ᠎ᠠ ᠵᠢ ᠢᠯᠡᠴᠢᠯᠡᠵᠦ᠂ ᠡᠭᠦᠨ ᠳ᠋ᠤ 《ᠲᠠᠨᠠᠺᠠ᠎ᠶ᠋ᠢᠨ ᠠᠢᠯᠠᠳᠭᠠᠯ》 ᠳ᠋ᠤ ᠢᠯᠡᠷᠡᠭᠦᠯᠦᠭ᠌ᠰᠡᠨ ᠲᠦᠷᠢᠮᠡᠬᠡᠢ ᠵᠡᠷᠯᠢᠭ ᠰᠠᠨᠠᠭ᠎ᠠ᠂ ᠯᠢᠦᠢᠱᠦ᠋ᠨ ᠤ᠋ ᠬᠠᠷᠠᠰᠠᠯᠲᠤ ᠬᠡᠷᠡᠭ᠂ ᠬᠠᠭᠤᠷᠮᠠᠭ ᠮᠠᠨᠵᠤ ᠤᠯᠤᠰ᠎ᠤᠨ ᠮᠠᠨᠤᠤᠯ ᠵᠠᠰᠠᠭ᠎ᠢ ᠲᠡᠳᠬᠦᠭ᠌ᠰᠡᠨ ᠵᠢᠴᠢ 1937 ᠣᠨ᠎ᠤ 10 ᠰᠠᠷ᠎ᠠ᠎ᠳᠤ ᠪᠤᠭᠤᠲᠤ᠎ᠶ᠋ᠢ ᠲᠦᠷᠢᠮᠡᠬᠡᠢᠯᠡᠭ᠌ᠰᠡᠨᠦ ᠳᠠᠷᠠᠭ᠎ᠠ ᠶᠠᠪᠤᠭᠤᠯᠤᠭ᠍ᠰᠠᠨ ᠹᠠᠱ᠌ᠢᠰ᠎ᠤᠨ ᠨᠣᠶᠠᠷᠬᠠᠯ᠎ᠢ ᠪᠠᠭ᠍ᠲᠠᠭᠠᠵᠤ᠂ ᠵᠢᠱ᠌ᠢ᠍ᠶᠡᠯᠡᠪᠡᠯ ᠠᠯᠪᠠ ᠪᠡᠷ ᠠᠵᠢᠯᠴᠢᠨ ᠡᠯᠰᠡᠬᠦ᠂ ᠲᠠᠢᠳᠬᠤᠷᠠᠭᠤᠯᠬᠤ ᠭᠠᠵᠠᠷ ᠪᠠᠢᠭᠤᠯᠬᠤ᠂ ᠬᠠᠷ᠎ᠠ ᠲᠠᠮᠠᠬᠢ᠎ᠶ᠋ᠢ ᠠᠯᠪᠠ᠎ᠪᠠᠷ ᠳᠠᠷᠢᠵᠤ ᠫᠠᠨᠽᠠᠯᠠᠭ᠍ᠰᠠᠨ ᠵᠡᠷᠭᠡ ᠨᠢ ᠺᠣᠯᠣᠨᠢᠴᠢᠯᠠᠯ᠎ᠤᠨ ᠨᠣᠶᠠᠷᠬᠠᠯ᠎ᠤᠨ ᠬᠠᠷᠭᠢᠰ ᠬᠡᠷᠴᠡᠭᠡᠶ ᠪᠠ ᠠᠷᠠᠳ ᠲᠦᠮᠡᠨ᠎ᠦ ᠬᠦᠨᠳᠦ ᠨᠣᠴᠢᠲᠠᠶ ᠭᠠᠰᠠᠯᠠᠩ ᠵᠣᠪᠠᠯᠠᠩ᠎ᠢ ᠦᠨᠡᠨ ᠪᠣᠳᠠᠲᠠᠶ᠎ᠪᠠᠷ ᠲᠤᠰᠭᠠᠭ᠍ᠰᠠᠨ ᠪᠠᠢᠨ᠎ᠠ᠃
ᠦᠵᠡᠰᠭᠦᠯᠡᠩ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠶᠠᠫᠣᠨ᠎ᠢ ᠡᠰᠡᠷᠭᠦᠴᠡᠬᠦ᠌ ᠲᠡᠢᠨ᠎ᠦ ᠳᠤᠮᠳᠠᠬᠢ ᠨᠢᠷᠤᠭᠤ ᠲᠤᠯᠭᠠᠭᠤᠷᠢ᠎ᠶ᠋ᠢᠨ ᠦᠶ᠋ᠯᠡᠳᠦᠯ᠎ᠢ ᠭᠤᠤᠯᠳᠠᠯᠭ᠎ᠠ᠎ᠲᠠᠶ ᠢᠯᠡᠷᠡᠭᠦᠯᠪᠡ᠃ ᠦᠨᠳᠦᠰᠦᠲᠡᠨ ᠮᠦᠬᠦᠵᠦ ᠰᠦᠨᠦᠬᠦ ᠵᠠᠩᠭᠢᠯᠠᠭ᠎ᠠ᠎ᠶ᠋ᠢᠨ ᠦᠶ᠎ᠡ᠎ᠳᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠡᠴᠡ ᠭᠠᠷᠭᠠᠭ᠍ᠰᠠᠨ ᠶᠠᠫᠣᠨ᠎ᠢ ᠡᠰᠡᠷᠭᠦᠴᠡᠬᠦ᠌ ᠤᠷᠢᠶᠠᠯᠠᠭ᠎ᠠ ᠵᠢᠴᠢ ᠮᠠᠤ ᠽᠸ ᠳ᠋ᠦᠩ ᠨᠥᠬᠥᠷ᠎ᠦᠨ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ ᠭᠠᠷᠭᠠᠭ᠍ᠰᠠᠨ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ᠎ᠶ᠋ᠢ ᠠᠮᠢᠳᠤᠯᠢᠭ᠎ᠢᠶᠠᠷ ᠢᠯᠡᠷᠡᠭᠦᠯᠪᠡ᠃ ᠢᠯᠠᠩᠭᠤᠶ᠎ᠠ ᠸᠠᠩ ᠷᠦᠸᠸ ᠹᠸᠢ᠂ ᠤᠯᠠᠭᠠᠨᠬᠦᠦ ᠵᠡᠷᠭᠡ ᠡᠪ ᠬᠠᠮᠲᠤᠴᠤᠳ ᠪᠤᠭᠤᠲᠤ᠎ᠳᠤ ᠶᠠᠫᠣᠨ᠎ᠢ ᠡᠰᠡᠷᠭᠦᠴᠡᠬᠦ᠌ ᠤᠬᠠᠭᠤᠯᠭ᠎ᠠ ᠪᠠ ᠵᠣᠬᠢᠶᠠᠨ ᠪᠠᠢᠭᠤᠯᠬᠤ ᠠᠵᠢᠯ᠎ᠢ ᠨᠢᠭᠤᠴᠠ᠎ᠪᠠᠷ ᠥᠷᠨᠢᠭᠦᠯᠦᠭ᠌ᠰᠡᠨ ᠵᠢᠴᠢ ᠮᠠᠤ ᠽᠸ ᠳ᠋ᠦᠩ᠎ᠦᠨ ᠪᠠᠢᠷᠢᠯᠠᠭᠤᠯᠤᠯᠲᠠ ᠳᠣᠣᠷ᠎ᠠ᠂ ᠯᠢ ᠵᠢᠩ ᠴᠢᠤᠸᠠᠨ ᠨᠠᠢ᠍ᠮᠠᠳᠤᠭᠠᠷ ᠵᠠᠮ᠎ᠤᠨ ᠴᠡᠷᠢᠭ᠎ᠦᠨ ᠳᠠᠯᠠᠨ ᠬᠠᠷ᠎ᠠ ᠠᠭᠤᠯᠠ᠎ᠶ᠋ᠢᠨ ᠰᠠᠯᠪᠤᠷᠢ ᠠᠩᠭᠢ᠎ᠶ᠋ᠢ ᠳᠠᠭᠠᠭᠤᠯᠤᠨ ᠰᠦᠢᠶᠤᠸᠠᠨ᠎ᠤ ᠪᠠᠷᠠᠭᠤᠨ ᠬᠡᠰᠡᠭ᠎ᠲᠦ ᠣᠷᠣᠵᠤ᠂ ᠶᠠᠩ ᡁᠢ ᠯᠢᠨᠨᠡᠷᠦᠨ ᠤᠳᠤᠷᠢᠳᠤᠭ᠍ᠰᠠᠨ ᠮᠣᠩᠭᠣᠯ ᠬᠢᠲᠠᠳ᠎ᠤᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠠᠩᠭᠢ᠎ᠲᠠᠶ ᠴᠡᠷᠢᠭ ᠨᠡᠢᠯᠡᠵᠦ᠍᠂ ᠳᠠᠯᠠᠨ ᠬᠠᠷ᠎ᠠ ᠠᠭᠤᠯᠠ᠎ᠶ᠋ᠢᠨ ᠶᠠᠫᠣᠨ᠎ᠢ ᠡᠰᠡᠷᠭᠦᠴᠡᠬᠦ᠌ ᠫᠠᠷᠲ᠋ᠢᠽᠠᠨ ᠰᠠᠭᠤᠷᠢᠨ ᠭᠠᠵᠠᠷ᠎ᠢ ᠡᠭᠦᠳᠦᠨ ᠪᠠᠢᠭᠤᠯᠤᠭ᠍ᠰᠠᠨ ᠭᠡᠷᠡᠯ ᠰᠠᠴᠤᠷᠠᠩᠭᠤᠶ ᠲᠡᠦᠬᠡᠨ ᠥᠩᠭᠡᠷᠡᠯᠲᠡ᠎ᠶ᠋ᠢ ᠬᠦᠦᠷᠨᠢᠪᠠ᠃ ᠰᠠᠭᠤᠷᠢᠨ ᠭᠠᠵᠠᠷ᠎ᠤᠨ ᠴᠡᠷᠢᠭ ᠠᠷᠠᠳ ᠲᠤᠢᠯ᠎ᠤᠨ ᠪᠡᠷᠬᠡ ᠬᠠᠲᠠᠭᠤᠵᠢᠯᠲᠠᠢ ᠨᠥᠬᠥᠴᠡᠯ ᠳᠣᠣᠷ᠎ᠠ᠂ ᠵᠡᠪᠰᠡᠭ᠌ᠲᠦ ᠲᠡᠮᠡᠴᠡᠯ᠂ ᠵᠠᠰᠠᠭ᠎ᠤᠨ ᠪᠠᠢᠭᠤᠯᠤᠯᠲᠠ ᠪᠠ ᠦᠢᠯᠡᠳᠪᠦᠷᠢᠯᠡᠯ᠎ᠦᠨ ᠬᠥᠳᠡᠯᠭᠡᠭᠡᠨ ᠥᠷᠨᠢᠭᠦᠯᠵᠦ᠍᠂ ᠳᠠᠢᠰᠤᠨ᠎ᠤ ᠠᠷᠤ ᠲᠠᠯ᠎ᠠ᠎ᠳᠤ ᠱᠢᠷᠭᠤᠨ ᠣᠷᠣᠬᠤ ᠬᠣᠱᠢᠭᠤᠴᠢ ᠪᠣᠯᠪᠠ᠃
ᠦᠵᠡᠰᠭᠦᠯᠡᠩᠳᠦ᠂ ᠪᠤᠭᠤᠲᠤ᠎ᠶ᠋ᠢᠨ ᠤᠯᠤᠰ᠎ᠢᠶᠠᠨ ᠬᠠᠢᠷᠠᠯᠠᠬᠤ ᠴᠡᠷᠢᠭ ᠠᠷᠠᠳ᠎ᠤᠨ ᠰᠡᠳᠭᠢᠯᠵᠢᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠭᠠᠳᠠᠭᠠᠳᠤ᠎ᠶ᠋ᠢᠨ ᠳᠠᠷᠤᠯᠠᠯ᠎ᠢ ᠬᠠᠮᠲᠤ᠎ᠪᠠᠷ ᠡᠰᠡᠷᠭᠦᠴᠡᠭ᠌ᠰᠡᠨ ᠰᠡᠳᠭᠢᠯ ᠬᠥᠳᠡᠯᠭᠡᠮ᠎ᠡ ᠬᠠᠭᠤᠳᠠᠰᠤ᠎ᠶ᠋ᠢ ᠡᠷᠭᠢᠴᠡᠭᠦᠯᠪᠡ᠃ ᠹᠦ᠋ ᠽᠦᠸᠧ ᠢ ᠵᠠᠩᠵᠤᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠶᠠᠫᠣᠨ᠎ᠢ ᠡᠰᠡᠷᠭᠦᠴᠡᠬᠦ᠌ ᠦᠨᠳᠦᠰᠦᠲᠡᠨ᠎ᠦ ᠨᠢᠭᠡᠳᠦᠮᠡᠯ ᠹᠷᠣᠨᠲ᠎ᠤᠨ ᠨᠥᠯᠥᠭᠡᠯᠡᠯ ᠳᠣᠣᠷ᠎ᠠ ᠴᠡᠷᠢᠭ ᠠᠩᠬᠢ᠎ᠪᠠᠨ ᠳᠠᠭᠠᠭᠤᠯᠤᠨ ᠡᠷᠡᠯᠬᠡᠭ᠌ᠯᠡᠨ ᠡᠰᠡᠷᠭᠦᠴᠡᠵᠦ᠍᠂ ᠰᠦᠢᠶᠤᠸᠠᠨ᠎ᠤ ᠶᠠᠫᠣᠨ᠎ᠢ ᠡᠰᠡᠷᠭᠦᠴᠡᠬᠦ᠌ ᠳᠠᠢ᠌ᠨ᠎ᠦ ᠭᠤᠷᠪᠠᠨᠲᠠ ᠢᠯᠠᠯᠲᠠ᠎ᠵᠢ ᠣᠯᠵᠤ᠂ ᠪᠠᠲᠤᠬᠠᠭᠠᠯᠭ᠎ᠠ᠎ᠶ᠋ᠢᠨ ᠴᠢᠬᠤᠯᠠ ᠶᠡᠬᠡ ᠢᠯᠠᠯᠲᠠ᠎ᠶ᠋ᠢ ᠣᠯᠵᠤ᠂ ᠮᠠᠤ ᠽᠸ ᠳ᠋ᠦᠩ᠎ᠳᠦ 《ᠪᠦᠬᠦ᠌ ᠤᠯᠤᠰ᠎ᠤᠨ ᠶᠠᠫᠣᠨ᠎ᠢ ᠡᠰᠡᠷᠭᠦᠴᠡᠬᠦ᠌ ᠳᠠᠢ᠌ᠨ᠎ᠦ ᠠᠩᠬᠠᠨ᠎ᠤ ᠳᠠᠭᠤᠨ》 ᠬᠡᠮᠡᠭ᠌ᠳᠡᠪᠡ᠃ ᠵᠡᠭᠦᠨ ᠬᠣᠢᠲᠤ᠎ᠶ᠋ᠢᠨ ᠤᠷᠤᠭ᠍ᠰᠢᠯᠠᠯᠲᠠ᠎ᠶ᠋ᠢᠨ ᠴᠡᠷᠢᠭ᠎ᠦᠨ ᠳᠠᠷᠤᠭ᠎ᠠ ᠪᠠᠢᠯᠳᠤᠭ᠍ᠴᠢᠳ ᠰᠠᠭᠠᠯᠢᠴᠢᠨ᠂ ᠪᠤᠭᠤᠲᠤ᠂ ᠭᠦᠶᠡᠩ ᠵᠡᠷᠭᠡ ᠭᠠᠵᠠᠷ᠎ᠲᠤ ᠶᠠᠫᠣᠨ ᠴᠡᠷᠢᠭ᠎ᠢ ᠪᠠᠭᠠᠲᠤᠷᠯᠢᠭ᠎ᠢᠶᠠᠷ ᠬᠣᠷᠢᠭ᠍ᠯᠠᠨ ᠴᠣᠬᠢᠵᠤ᠂ ᠳ᠋ᠢᠸᠢᠽᠢ᠎ᠶ᠋ᠢᠨ ᠳᠠᠷᠤᠭ᠎ᠠ ᠯᠢᠦ ᠬᠦᠢ ᠡᠦ᠍ᠨᠡᠷ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠃ ᠬᠣᠲᠣᠩ ᠵᠠᠯᠠᠭᠤ ᠮᠦ᠍ ᠲᠤᠤ᠎ᠵᠢᠨ ᠶᠠᠫᠣᠨ ᠴᠡᠷᠢᠭ᠎ᠦᠨ ᠪᠠᠯᠠᠮᠠᠳ ᠠᠵᠢᠯᠯᠠᠭ᠎ᠠ᠎ᠶ᠋ᠢ ᠪᠠᠭᠠᠲᠤᠷᠯᠢᠭ᠎ᠢᠶᠠᠷ ᠡᠰᠡᠷᠭᠦᠴᠡᠭ᠌ᠰᠡᠨ ᠦᠢᠯᠡ ᠠᠵᠢᠯᠯᠠᠭ᠎ᠠ ᠵᠢᠴᠢ ᠪᠤᠭᠤᠲᠤ᠎ᠶ᠋ᠢᠨ ᠵᠡᠭᠡᠯᠢ ᠳᠡᠭᠡᠷ᠎ᠡ ᠨᠠᠭᠠᠭ᠍ᠰᠠᠨ 《ᠤᠯᠤᠰ᠎ᠢᠶᠠᠨ ᠴᠢᠷᠮᠠᠢᠨ ᠠᠪᠤᠷᠠᠶ᠎ᠠ》 ᠭᠡᠰᠡᠨ ᠤᠷᠢᠶ᠎ᠠ ᠨᠢ ᠡᠭᠡᠯ ᠠᠷᠠᠳ᠎ᠤᠨ ᠡᠬᠡ ᠣᠷᠣᠨᠴᠢ ᠪᠣᠷᠣᠭ᠍ᠵᠢᠭᠤᠨ ᠬᠠᠢᠷ᠎ᠠ ᠰᠡᠳᠭᠢᠯᠭᠡ ᠪᠠ ᠨᠤᠭᠤᠷᠠᠰᠢ ᠦᠭᠡᠢ ᠬᠠᠳᠠᠨ ᠪᠠᠲᠤ ᠦᠨᠳᠦᠰᠦᠲᠡᠨ᠎ᠤ ᠵᠣᠷᠢᠭ ᠰᠠᠨᠠᠭ᠎ᠠ᠎ᠶ᠋ᠢ ᠬᠠᠷᠠᠭᠤᠯᠤᠭ᠍ᠰᠠᠨ ᠪᠠᠢᠨ᠎ᠠ᠃
ᠦᠵᠡᠰᠭᠦᠯᠡᠩᠳᠦ᠂ ᠳᠡᠯᠡᠬᠡᠶ᠎ᠶ᠋ᠢᠨ ᠹᠠᠱ᠌ᠢᠰ᠎ᠢ ᠡᠰᠡᠷᠭᠦᠴᠡᠬᠦ᠌ ᠲᠡᠢᠨ᠎ᠦ ᠢᠯᠠᠯᠲᠠ᠎ᠶ᠋ᠢᠨ ᠬᠡᠭᠡ ᠲᠤᠤᠷᠠᠬᠢ ᠳᠤᠮᠳᠠᠳᠤ ᠤᠯᠤᠰ᠎ᠤᠨ ᠲᠡᠢᠨ᠎ᠦ ᠲᠠᠯᠠᠪᠤᠷ᠎ᠤᠨ ᠪᠥᠬᠥ᠌ ᠲᠠᠯ᠎ᠠ᠎ᠶ᠋ᠢᠨ ᠭᠡᠳᠡᠷᠭᠦ᠌ ᠲᠠᠭᠠᠷᠢᠯᠲᠠ ᠪᠠ ᠪᠤᠭᠤᠲᠤ᠎ᠶ᠋ᠢᠨ ᠰᠡᠷᠭᠦᠯᠲᠡ᠎ᠶ᠋ᠢᠨ ᠲᠡᠦᠬᠡᠨ ᠴᠠᠭ ᠮᠥᠴᠡ᠎ᠶ᠋ᠢ ᠵᠢᠷᠤᠭ᠍ᠯᠠᠵᠠᠶ᠃ ᠶᠠᠯᠲ᠋ᠠ ᠵᠢᠨ ᠬᠤᠷᠠᠯᠳᠤᠭᠠᠨ᠂ ᠵᠥᠪᠯᠡᠯᠲᠦ ᠶᠠᠫᠣᠨ᠎ᠲᠠᠶ ᠳᠠᠢᠨ ᠵᠠᠷᠯᠠᠭ᠍ᠰᠠᠨᠠᠴᠠ ᠶᠠᠫᠣᠨ ᠨᠥᠬᠥᠴᠡᠯ ᠦᠭᠡᠶ᠎ᠪᠡᠷ ᠪᠠᠭᠤᠵᠤ ᠥᠭ᠌ᠬᠦ ᠪᠤᠯᠳᠠᠯ᠎ᠠ᠂ ᠣᠯᠠᠨ ᠤᠯᠤᠰ᠎ᠤᠨ ᠹᠠᠱ᠌ᠢᠰ᠎ᠢ ᠡᠰᠡᠷᠭᠦᠴᠡᠬᠦ᠌ ᠬᠣᠯᠪᠣᠭ᠎ᠠ ᠬᠦᠴᠦ᠍᠎ᠪᠡᠨ ᠬᠠᠮᠲᠤᠳᠭᠠᠨ ᠳᠠᠢᠨ᠎ᠢ ᠡᠴᠦᠰᠯᠡᠭᠦᠯᠵᠡᠶ᠃ ᠪᠤᠭᠤᠲᠤ ᠣᠷᠣᠨ᠎ᠳᠤ ᠬᠠᠭᠤᠷᠮᠠᠭ ᠴᠡᠷᠢᠭ᠎ᠤᠨ ᠲᠤᠮᠳᠠ ᠨᠢᠭᠤᠭᠳᠠᠭᠰᠠᠨ ᠡᠪ ᠬᠠᠮᠲᠤ ᠨᠠᠮ᠎ᠤᠨ ᠭᠡᠱᠢᠭᠦᠨ ᠦᠯᠵᠡᠢᠸᠠᠴᠢᠷ ᠨᠠᠷ ᠵᠡᠪᠰᠡᠭ᠌ᠲᠦ ᠪᠣᠰᠣᠯᠭ᠎ᠠ ᠭᠠᠷᠭᠠᠵᠤ᠂ ᠨᠠᠢ᠍ᠮᠠᠳᠤᠭᠠᠷ ᠵᠠᠮ᠎ᠤᠨ ᠴᠡᠷᠢᠭ᠎ᠲᠡᠶ ᠬᠠᠮᠵᠢᠯᠴᠠᠨ ᠭᠡᠳᠡᠷᠭᠦ᠌ ᠳᠠᠭᠠᠷᠢᠯᠲᠠ ᠶᠠᠪᠤᠭᠤᠯᠵᠤ᠂ ᠡᠴᠦᠰ᠎ᠲᠡᠬᠡᠨ ᠪᠤᠭᠤᠲᠤ ᠴᠢᠯᠥᠭᠡᠯᠡᠭ᠌ᠳᠡᠭ᠌ᠰᠡᠨ ᠪᠠᠢᠨ᠎ᠠ᠃
ᠦᠵᠡᠰᠭᠦᠯᠡᠩᠳᠦ᠂ ᠳᠤᠮᠳᠠᠳᠤ ᠤᠯᠤᠰ᠎ᠤᠨ ᠤᠷᠠᠨ ᠵᠢᠷᠤᠭ᠎ᠤᠨ ᠣᠷᠳᠣᠨ᠎ᠳᠤ ᠬᠠᠳᠠᠭᠠᠯᠠᠵᠤ ᠪᠠᠢᠭ᠍ᠰᠠᠨ 《ᠵᠢᠷᠤᠮ᠎ᠤᠨ ᠴᠡᠷᠢᠭ᠎ᠦᠨ ᠤᠷᠤᠭ᠍ᠰᠢᠯᠠᠯᠲᠠ᠎ᠶ᠋ᠢᠨ ᠳᠠᠭᠤᠤ》᠎ᠶ᠋ᠢ ᠪᠦᠲᠦᠭᠡᠭᠰᠡᠨ ᠲᠤᠰ᠎ᠤᠨ ᠪᠤᠳᠤᠭ᠎ᠤᠨ ᠵᠢᠷᠤᠭ᠂ ᠮᠠᠤ ᠽᠸ ᠳ᠋ᠦᠩ᠎ᠡᠴᠡ ᠹᠦ᠋ ᠽᠦᠸᠧ ᠢᠳᠦ ᠶᠠᠪᠤᠭᠤᠯᠤᠭᠰᠠᠨ ᠰᠦᠢᠶᠤᠸᠠᠨ᠎ᠤ ᠶᠠᠫᠣᠨ᠎ᠢ ᠡᠰᠡᠷᠭᠦᠴᠡᠬᠦ᠌ ᠲᠠᠢ᠌ᠨ᠎ᠦ ᠲᠤᠬᠠᠢ ᠵᠥᠪᠳᠡᠯᠴᠡᠭᠡᠨ᠎ᠤ ᠴᠠᠬᠢᠯᠭᠠᠨ ᠮᠡᠳᠡᠭᠡ᠂ ᠶᠠᠫᠣᠨ ᠴᠡᠷᠢᠭ ᠪᠤᠭᠤᠲᠤ᠎ᠶ᠋ᠢᠨ ᠬᠥᠳᠡᠯᠮᠦᠷᠢᠴᠢᠨ ᠠᠵᠢᠯᠴᠢᠨ᠎ᠢ ᠠᠯᠪᠠᠳᠠᠨ ᠡᠯᠰᠡᠭ᠌ᠰᠡᠨ ᠨᠡᠷᠡᠰ᠎ᠦᠨ ᠳᠡᠪᠲᠡᠷ᠂ ᠲᠣᠬᠣᠨᠢᠭᠤᠯᠬᠤ ᠭᠠᠵᠠᠷ᠎ᠤᠨ ᠲᠠᠨᠭᠰᠠ ᠡᠪᠬᠡᠮᠡᠯ᠂ ᠪᠠᠲᠤᠬᠠᠭᠠᠯᠭ᠎ᠠ᠎ᠶ᠋ᠢᠨ ᠶᠠᠫᠣᠨ᠎ᠢ ᠡᠰᠡᠷᠭᠦᠴᠡᠬᠦ᠌ ᠵᠡᠪᠰᠡᠭ᠌ᠲᠦ ᠪᠣᠰᠣᠯᠭ᠎ᠠ᠎ᠶ᠋ᠢᠨ ᠬᠠᠮᠢᠶ᠎ᠠ ᠪᠦᠬᠦᠢ ᠲᠡᠦᠬᠡ᠎ᠶ᠋ᠢᠨ ᠳᠤᠷᠠᠰᠭᠠᠯᠲᠤ ᠵᠦᠢᠯ ᠵᠢᠴᠢ ᠲᠠᠯᠠᠨ ᠬᠠᠷ᠎ᠠ ᠠᠭᠤᠯᠠᠨ᠎ᠤ ᠰᠠᠯᠪᠤᠷᠢ ᠠᠩᠬᠢ᠎ᠶ᠋ᠢᠨ ᠪᠠᠢᠯᠳᠤᠭᠠᠨ᠎ᠤ ᠴᠤᠪᠤᠷᠠᠯ ᠵᠢᠷᠤᠭ ᠵᠡᠷᠭᠡ᠎ᠶ᠋ᠢ ᠪᠠᠭ᠍ᠲᠠᠭᠠᠭ᠍ᠰᠠᠨ ᠲᠡᠦᠬᠡ᠎ᠶ᠋ᠢᠨ ᠦᠨ᠎ᠡ ᠴᠡᠨ᠎ᠡ᠎ᠲᠠᠶ ᠮᠠᠰᠢ ᠤᠯᠠᠨ ᠴᠢᠬᠤᠯᠠ ᠲᠡᠦᠬᠡ᠎ᠶ᠋ᠢᠨ ᠳᠤᠷᠠᠰᠭᠠᠯᠲᠤ ᠵᠦᠢᠯᠡᠰ ᠪᠣᠯᠤᠨ ᠲᠠᠩᠰᠠ ᠡᠪᠬᠡᠮᠡᠯ᠎ᠢ ᠳᠡᠯᠭᠡᠨ ᠦᠵᠡᠭᠦᠯᠵᠦ᠍᠂ ᠦᠵᠡᠭ᠌ᠴᠢᠳ᠎ᠲᠦ ᠲᠡᠦᠬᠡ᠎ᠵᠢ ᠤᠢᠯᠠᠭᠠᠬᠤ ᠴᠣᠩᠬᠣᠪᠴᠢ ᠬᠠᠩᠭᠠᠵᠠᠢ᠃ ᠦᠵᠡᠰᠭᠦᠯᠡᠩᠳᠦ᠂ 《ᠲᠡᠦᠬᠡ᠎ᠪᠡᠨ ᠪᠠᠲᠤ ᠴᠡᠭᠡᠵᠢᠯᠡᠵᠦ᠍ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠤᠨ ᠰᠠᠨᠠᠭᠠᠯᠵᠠᠶ᠎ᠠ》 ᠭᠡᠬᠦ ᠪᠤᠯᠤᠩ ᠲᠤᠬᠢᠷᠠᠭᠤᠯᠵᠤ᠂ ᠪᠤᠭᠤᠲᠤ᠎ᠶ᠋ᠢᠨ ᠶᠠᠫᠣᠨ᠎ᠢ ᠡᠰᠡᠷᠭᠦᠴᠡᠬᠦ᠌ ᠳᠠᠢ᠌ᠨ᠎ᠳᠦ ᠠᠮᠢ ᠨᠠᠰᠤ᠎ᠪᠠᠨ ᠵᠣᠷᠢᠭᠤᠯᠤᠭ᠍ᠰᠠᠨ ᠠᠯᠢ ᠤᠯᠠᠨ ᠦᠷᠡᠭ᠌ᠳᠡᠭ᠌ᠰᠡᠨ ᠪᠠᠭᠠᠲᠤᠷᠴᠤᠳ᠎ᠤᠨ ᠤᠪᠤᠭ ᠨᠡᠷ᠎ᠡ᠎ᠶ᠋ᠢ ᠰᠡᠢᠯᠦᠭ᠌ᠰᠡᠨ ᠪᠥᠭᠡᠳ ᠲᠠᠯᠠᠨ ᠬᠠᠷ᠎ᠠ ᠠᠭᠤᠯᠠ᠎ᠶ᠋ᠢᠨ ᠦᠷᠡᠭ᠌ᠳᠡᠭ᠌ᠰᠡᠨ ᠪᠠᠭᠠᠲᠤᠷᠴᠤᠳ᠎ᠤᠨ ᠳᠤᠷᠠᠰᠭᠠᠯ᠎ᠤᠨ ᠬᠥᠱᠢᠢ᠎ᠡ ᠵᠢᠴᠢ ᠶᠠᠫᠣᠨ᠎ᠢ ᠡᠰᠡᠷᠭᠦᠴᠡᠬᠦ᠌ ᠳᠠᠢ᠌ᠨ᠎ᠦ ᠬᠠᠭᠤᠴᠢᠨ ᠪᠠᠭᠤᠷᠢ᠎ᠶ᠋ᠢᠨ ᠬᠡᠷᠡᠯ ᠵᠢᠷᠤᠭ᠎ᠢ ᠬᠠᠪᠰᠤᠷᠭᠠᠵᠤ᠂ ᠬᠤᠪᠢᠰᠭᠠᠯᠲᠤ ᠤᠳᠤᠮᠱᠢᠯ᠎ᠢ ᠤᠯᠠᠮᠵᠢᠯᠠᠨ᠂ ᠬᠤᠪᠢᠰᠬᠠᠯ᠎ᠤᠨ ᠵᠤᠷᠢᠭ ᠰᠠᠨᠠᠭ᠎ᠠ ᠵᠢ ᠵᠠᠯᠭᠠᠮᠵᠢᠯᠠᠬᠤ ᠪᠡᠷ ᠵᠣᠷᠢᠯᠭ᠎ᠠ ᠪᠠᠨ ᠪᠣᠯᠭᠠᠪᠠ᠃
ᠪᠤᠭᠤᠲᠤ᠎ᠶ᠋ᠢᠨ ᠮᠦᠽᠧᠢ᠎ᠶ᠋ᠢᠨ ᠨᠡᠢᠭᠡᠮ᠎ᠦᠨ ᠰᠤᠷᠭᠠᠨ ᠬᠥᠮᠦᠵᠢᠯ᠎ᠦᠨ ᠬᠡᠯᠲᠡᠰ᠎ᠤᠨ ᠡᠷᠬᠢᠯᠡᠭ᠌ᠴᠢ ᠬᠦᠩ ᠫᠸᠩ᠄ 《ᠥᠨᠳᠥᠷ ᠰᠦᠷᠯᠢᠭ ᠲᠠᠯᠠᠨ ᠬᠠᠷ᠎ᠠ ᠠᠭᠤᠯᠠ ᠡᠷᠡᠰ ᠬᠠᠳᠠᠨ ᠴᠢᠰᠤᠲᠤ ᠲᠡᠮᠡᠴᠡᠯ᠎ᠢ ᠭᠡᠷᠡᠴᠢᠯᠡᠵᠦ᠍᠂ ᠨᠠᠯᠤᠢᠨ ᠤᠷᠤᠰᠬᠤ ᠬᠠᠲᠤᠨ ᠭᠣᠣᠯ᠎ᠤᠨ ᠤᠰᠤ ᠦᠨᠳᠦᠰᠦᠲᠡᠨ᠎ᠦ ᠪᠠᠭᠠᠲᠤᠷᠴᠤᠳ᠎ᠤᠨ ᠰᠦᠭ ᠰᠦᠨᠡᠰᠦ᠎ᠶ᠋ᠢ ᠪᠠᠲᠤ ᠱᠤᠭᠤᠨ᠎ᠠ᠃ ᠪᠤᠭᠤᠲᠤ ᠰᠦᠢᠶᠤᠸᠠᠨ᠎ᠤ ᠪᠠᠷᠠᠭᠤᠨ ᠬᠡᠰᠡᠭ᠎ᠦᠨ ᠶᠠᠫᠣᠨ᠎ᠢ ᠡᠰᠡᠷᠭᠦᠴᠡᠬᠦ᠌ ᠳᠠᠢ᠌ᠨ᠎ᠦ ᠴᠢᠬᠤᠯᠠ ᠳᠠᠢ᠌ᠨ᠎ᠦ ᠲᠠᠯᠠᠪᠤᠷ ᠪᠣᠯᠤᠭ᠍ᠰᠠᠨ᠎ᠤ ᠬᠤᠪᠢ᠎ᠳᠤ᠂ ᠴᠡᠷᠢᠭ ᠠᠷᠠᠳ ᠯᠤᠲᠤ ᠶᠡᠬᠡ ᠦᠷᠡᠭ᠌ᠳᠡᠯ ᠪᠠ ᠬᠠᠳᠠᠨ ᠵᠣᠷᠢᠭ᠎ᠢᠶᠠᠷ 〈ᠳᠡᠯᠡᠬᠡᠢ ᠳ᠋ᠠᠬᠢᠨ᠎ᠤ ᠮᠠᠨᠳᠤᠯ ᠮᠥᠬᠥᠯ᠎ᠳᠦ ᠬᠥᠮᠦᠨ ᠪᠦᠬᠦᠨ ᠬᠠᠷᠢᠭᠤᠴᠠᠯᠭ᠎ᠠ᠎ᠲᠠᠶ〉 ᠭᠡᠬᠦ᠌ ᠳᠤᠮᠳᠠᠳᠤ᠎ᠶ᠋ᠢᠨ ᠴᠢᠬᠡᠴᠢ ᠵᠣᠷᠢᠭ᠎ᠢ ᠲᠠᠢᠯᠪᠤᠷᠢᠯᠠᠪᠠ᠃ ᠲᠤᠰ ᠦᠵᠡᠰᠭᠦᠯᠡᠩ ᠨᠢ ᠲᠡᠷᠡ ᠬᠡᠰᠡᠭ ᠣᠨ ᠰᠠᠷ᠎ᠠ ᠵᠢᠨ ᠰᠡᠷᠭᠦᠭᠡᠯᠳᠡ ᠲᠡᠳᠦᠢ ᠦᠭᠡᠢ ᠨᠡᠩ ᠴᠤ᠌ ᠶᠠᠫᠣᠨ᠎ᠢ ᠡᠰᠡᠷᠭᠦᠴᠡᠬᠦ᠌ ᠠᠭᠤᠤ ᠶᠡᠬᠡ ᠲᠠᠢ᠌ᠨ᠎ᠦ ᠵᠣᠷᠢᠭ ᠰᠠᠨᠠᠭ᠎ᠠ᠎ᠵᠢᠨ ᠪᠠᠲᠤ ᠴᠡᠭᠡᠵᠢᠯᠡᠯ ᠪᠠ ᠴᠠᠭ ᠦᠶ᠎ᠡ᠎ᠵᠢᠨ ᠤᠯᠠᠮᠵᠢᠯᠠᠯ ᠪᠤᠯᠤᠨ᠎ᠠ》 ᠭᠡᠵᠦ ᠢᠯᠡᠳᠭᠡᠪᠡ᠃
ᠣᠢᠯᠠᠭᠠᠭ᠍ᠰᠠᠨ᠎ᠢᠶᠠᠷ᠂ ᠲᠣᠰ ᠦᠵᠡᠰᠭᠦᠯᠡᠩ᠎ᠢ ᠲᠤᠬᠠᠢ ᠵᠢᠨ ᠡᠳᠦᠷ᠎ᠡᠴᠡ ᠡᠬᠢᠯᠡᠨ ᠪᠤᠭᠤᠲᠤ᠎ᠶ᠋ᠢᠨ ᠮᠦᠽᠧᠶ᠎ᠳᠦ ᠰᠦᠶ᠋ᠳᠭᠡᠯ ᠬᠤᠷᠢᠶᠠᠬᠤ ᠥᠬᠡᠶ᠎ᠪᠡᠷ ᠣᠯᠠᠨ ᠨᠡᠢᠲᠡ᠎ᠳᠦ ᠨᠡᠭᠡᠭᠡᠵᠦ 10 ᠰᠠᠷ᠎ᠠ ᠪᠣᠯᠲᠠᠯ᠎ᠠ ᠦᠷᠭᠦᠯᠵᠢᠯᠡᠨ᠎ᠡ᠃ ᠦᠵᠡᠰᠭᠦᠯᠡᠩ᠎ᠨᠢ ᠠᠷᠠᠳ ᠣᠯᠠᠨ᠎ᠳᠤ ᠦᠨᠳᠦᠰᠦᠲᠡᠨ᠎ᠦ ᠰᠡᠬᠡᠭᠡᠷᠡᠯ᠎ᠦᠨ ᠠᠮᠢᠨ ᠰᠤᠳᠠᠰᠤ᠎ᠶ᠋ᠢ ᠮᠡᠳᠡᠷᠡᠭᠦᠯᠵᠦ᠍᠂ ᠲᠡᠦᠬᠡ᠎ᠶ᠋ᠢᠨ ᠴᠤᠤᠷᠢᠢ᠎ᠠ᠎ᠠᠴᠠ ᠤᠷᠤᠭ᠍ᠰᠢᠯᠠᠯᠲᠠ᠎ᠶ᠋ᠢᠨ ᠬᠦᠴᠦᠨ ᠱᠢᠩᠭᠡᠭᠡᠨ ᠠᠪᠴᠤ᠌᠂ ᠦᠷᠡᠭ᠌ᠳᠡᠭ᠌ᠰᠡᠨ ᠪᠠᠭᠠᠲᠤᠷᠴᠤᠳ᠎ᠤᠨ ᠭᠠᠪᠢᠶ᠎ᠠ ᠵᠢᠳᠬᠦᠯ᠎ᠢ ᠡᠭᠦᠷᠢᠳᠡ ᠴᠡᠭᠡᠵᠢᠯᠡᠵᠦ᠍᠂ ᠬᠢᠯᠪᠠᠷ ᠪᠤᠰᠤ᠎ᠪᠠᠷ ᠤᠯᠤᠬᠰᠠᠨ ᠡᠩᠬᠡ ᠲᠠᠢᠪᠤᠩ᠎ᠢ ᠨᠠᠨᠳᠢᠩᠨᠠᠨ ᠬᠠᠢᠷᠠᠯᠠᠵᠤ᠂ ᠭᠠᠷ ᠬᠣᠯᠪᠣᠯᠴᠠᠨ ᠨᠠᠩ ᠬᠡᠷᠡᠯ ᠰᠠᠴᠤᠷᠠᠩᠭᠤᠶ ᠢᠷᠡᠭᠡᠳᠦᠶ᠎ᠶ᠋ᠢ ᠴᠣᠭ᠍ᠴᠠᠯᠠᠬᠤ᠎ᠪᠡᠷ ᠵᠤᠷᠢᠯᠳᠠ ᠪᠠᠨ ᠪᠤᠯᠭᠠᠵᠠᠢ᠃