8 ᠰᠠᠷ᠎ᠠ᠎ᠶᠢᠨ 19 ᠡᠴᠡ 25᠎ᠤ ᠡᠳᠦᠷ ᠪᠣᠯᠲᠠᠯ᠎ᠠ᠂ 《ᠠᠶᠠᠯᠭᠤᠲᠤ ᠵᠢᠭᠤᠯᠴᠢᠯᠠᠯ
ᠥᠪᠥᠷ ᠮᠣᠩᠭᠣᠯ·ᠪᠠᠶᠠᠷ ᠪᠠᠬᠠᠷᠬᠠᠯᠳᠤ ᠬᠥᠯᠥᠨ ᠪᠤᠢᠷ》 — ᠰᠢᠨ᠎ᠡ ᠪᠠᠷᠭᠤ ᠪᠠᠷᠠᠭᠤᠨ ᠬᠣᠰᠢᠭᠤᠨ᠎ᠤ ᠦᠬᠡᠷ᠎ᠲᠦ ᠬᠦᠢᠲᠡᠨᠦ ᠥᠯᠥᠭᠡᠢ ᠠᠷᠠᠳ ᠤ᠋ᠨ
ᠳᠠᠭᠤᠤ᠎ᠶᠢᠨ ᠨᠠᠢᠷ ᠵᠢᠴᠢ ᠭᠤᠷᠪᠠᠳᠤᠭᠠᠷ ᠬᠤᠭᠤᠴᠠᠭᠠᠨ᠎ᠤ 《ᠨᠠᠭᠠᠳᠤᠮ·ᠬᠥᠳᠡᠭᠡ ᠲᠣᠰᠬᠣᠨ᠎ᠤ ᠨᠠᠢᠷ》 ᠨᠢᠵᠢᠭᠢᠷ ᠶᠠᠪᠤᠭᠳᠠᠪᠠ᠃
ᠲᠣᠰ ᠬᠤᠭᠤᠴᠠᠭᠠᠨ᠎ᠤ ᠨᠠᠢᠷ᠎ᠤᠨ ᠡᠬᠢᠯᠡᠯᠲᠡ ᠵᠢᠨ ᠶᠣᠰᠣᠯᠠᠯ
ᠨᠢ ᠭᠣᠣᠯ ᠰᠡᠳᠦᠪᠲᠦ ᠵᠢᠭ᠍ᠰᠠᠭᠠᠯ᠎ᠤᠨ ᠲᠣᠭᠣᠷᠢᠨ ᠲᠣᠭᠯᠠᠯᠲᠠ ᠪᠠ ᠦᠵᠡᠭᠳᠡᠯᠲᠦ ᠬᠡᠯᠪᠡᠷᠢ᠎ᠶᠢ ᠠᠭᠤᠰᠤᠯᠴᠠᠭᠤᠯᠬᠤ
ᠮᠠᠶᠢᠭ᠋ ᠵᠢᠡᠷ ᠶᠠᠪᠤᠭᠳᠠᠵᠤ᠂ ᠦᠨᠳᠦᠰᠦᠲᠡᠨ ᠨᠤᠭᠦᠳ᠎ᠤᠨ ᠡᠯ᠎ᠡ ᠡᠲᠡᠭᠡᠳ᠎ᠦᠨ ᠲᠥᠯᠥᠭᠡᠯᠡᠭᠴᠢᠳ᠎ᠦᠨ ᠵᠢᠭ᠍ᠰᠠᠭᠠᠯ᠎ᠤᠨ
ᠡᠩᠨᠡᠭᠡ ᠰᠢᠨ᠎ᠡ ᠴᠠᠭ ᠦᠶ᠎ᠡ᠎ᠶᠢᠨ ᠡᠷᠡᠯᠬᠡᠭᠯᠡᠨ ᠲᠡᠮᠡᠴᠡᠭᠰᠡᠳ᠎ᠦᠨ ᠳᠦᠷᠢ ᠲᠥᠷᠬᠦ ᠶ᠋ᠢ ᠴᠢᠳᠠᠨ ᠢᠯᠡᠷᠡᠭᠦᠯᠪᠡ᠃ ᠮᠣᠷᠢᠨ ᠤᠷᠤᠯᠳᠤᠭᠠᠨ᠂ ᠮᠣᠩᠭᠣᠯ
ᠪᠦᠬᠡ᠂ ᠲᠡᠮᠡᠭᠡᠨ ᠤᠷᠤᠯᠳᠤᠭᠠᠨ᠂ ᠮᠣᠩᠭᠣᠯ ᠰᠢᠲᠠᠷ᠎ᠠ᠂ ᠰᠤᠷ ᠬᠠᠷᠪᠤᠯᠲᠠ᠂ ᠪᠠᠷᠭᠠᠶ ᠵᠡᠷᠭᠡ ᠵᠢᠨ ᠤᠯᠠᠮᠵᠢᠯᠠᠯᠲᠤ
ᠪᠡᠶ᠎ᠡ᠎ᠶᠢᠨ ᠲᠠᠮᠢᠷ᠎ᠤᠨ ᠤᠷᠤᠯᠳᠤᠭᠠᠨ ᠨᠢ ᠦᠨᠳᠦᠰᠦᠲᠡᠨ᠎ᠤ ᠰᠣᠶᠣᠯ᠎ᠤᠨ ᠷᠢᠳᠢ ᠰᠢᠳᠢ ᠶ᠋ᠢ ᠭᠠᠢᠬᠠᠭᠤᠯᠵᠤ᠂ 《ᠤᠮᠠᠷᠠᠲᠤ ᠬᠢᠯᠢ ᠵᠢᠨ
ᠳᠠᠭᠤᠯᠠᠯ·ᠦᠬᠡᠷ᠎ᠲᠦ ᠬᠦᠢᠲᠡᠨᠦ ᠥᠯᠥᠭᠡᠢ》 ᠠᠷᠠᠳ᠎ᠤᠨ ᠳᠠᠭᠤᠤ᠎ᠶᠢᠨ ᠨᠠᠢᠷ᠎ᠤᠨ
ᠣᠳᠣᠨ ᠲᠣᠭᠯᠠᠭ᠍ᠴᠢᠳ᠎ᠤᠨ ᠳᠠᠭᠤᠤ᠎ᠶᠢᠨ ᠦᠳᠡᠰᠢᠯᠡᠭᠡ ᠨᠢ ᠠᠷᠠᠳ᠎ᠤᠨ ᠳᠠᠭᠤᠤ ᠪᠡᠷ ᠠᠴᠢᠶᠠᠯᠠᠪᠤᠷᠢ ᠪᠤᠯᠭᠠᠵᠤ᠂
ᠦᠨᠳᠦᠰᠦᠲᠡᠨ᠎ᠨᠦᠭᠦᠳ᠎ᠦᠨ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠰᠠᠢᠨ ᠰᠠᠢᠬᠠᠨ ᠵᠢᠷᠤᠭ ᠲᠥᠰᠥᠪ᠎ᠢ
ᠢᠯᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠪᠠ᠃






ᠣᠢᠯᠠᠭᠠᠭᠰᠠᠨ ᠵᠢᠡᠷ᠂ 2023 ᠣᠨ᠎ᠳᠤ ᠰᠢᠨ᠎ᠡ ᠪᠠᠷᠭᠤ
ᠪᠠᠷᠠᠭᠤᠨ ᠬᠣᠰᠢᠭᠤ 《ᠳᠥᠷᠪᠡᠨ ᠤᠯᠠᠷᠢᠯ᠎ᠤᠨ ᠬᠥᠳᠡᠭᠡ ᠲᠣᠰᠬᠣᠨ᠎ᠤ ᠨᠠᠢᠷ》᠎ᠤᠨ ᠵᠣᠨ᠎ᠤ ᠤᠯᠠᠷᠢᠯ᠎ᠤᠨ ᠵᠢᠱ᠌ᠢᠶ᠎ᠡ ᠦᠵᠡᠭᠦᠯᠬᠦ ᠦᠵᠡᠭᠦᠯᠭᠡ᠎ᠶᠢᠨ ᠴᠡᠭ ᠪᠣᠯᠵᠤ᠂ 《ᠰᠣᠶᠣᠯ᠎ᠤᠨ ᠠᠵᠢᠯᠯᠠᠭ᠎ᠠ + ᠵᠢᠭᠤᠯᠴᠢᠯᠠᠯ》᠂ 《ᠰᠣᠶᠣᠯ᠎ᠤᠨ ᠲᠣᠭᠯᠠᠯᠲᠠ + ᠵᠢᠭᠤᠯᠴᠢᠯᠠᠯ》 ᠵᠡᠷᠭᠡ
ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠵᠦ᠂ ᠦᠬᠡᠷ᠎ᠲᠦ ᠬᠦᠢᠲᠡᠨᠦ ᠥᠯᠥᠭᠡᠢ ᠠᠷᠠᠳ᠎ᠤᠨ ᠨᠠᠭᠠᠳᠤᠮ ᠵᠢᠴᠢ ᠪᠥᠬᠥ
ᠤᠯᠤᠰ᠎ᠤᠨ ᠬᠥᠳᠡᠭᠡ ᠲᠣᠰᠬᠣᠨ᠎ᠤ ᠨᠠᠢᠷ᠎ᠤᠨ ᠵᠠᠭᠤᠨ ᠰᠢᠶᠠᠨ᠎ᠤ ᠬᠣᠯᠪᠣᠭᠠᠲᠤ ᠠᠵᠢᠯᠯᠠᠭ᠎ᠠ ᠵᠢᠨ ᠡᠬᠢᠯᠡᠯᠲᠡ᠎ᠶᠢᠨ
ᠶᠣᠰᠣᠯᠠᠯ᠎ᠢ ᠳᠠᠭᠠᠭᠠᠴᠢᠯᠠᠨ ᠡᠷᠭᠢᠯᠡᠪᠡ᠃ 2024 ᠣᠨ᠎ᠳᠤ ᠰᠢᠨ᠎ᠡ ᠪᠠᠷᠭᠤ ᠪᠠᠷᠠᠭᠤᠨ ᠬᠣᠰᠢᠭᠤ 《ᠨᠠᠭᠠᠳᠤᠮ·ᠬᠥᠳᠡᠭᠡ
ᠲᠣᠰᠬᠣᠨ᠎ᠤ ᠨᠠᠢᠷ》᠎ᠤᠨ ᠲᠥᠷᠥᠯ ᠲᠡᠮᠳᠡᠭ᠎ᠦᠨ ᠨᠥᠯᠥᠭᠡᠯᠡᠬᠦ ᠬᠦᠴᠦᠨ᠎ᠢᠶᠡᠨ
ᠦᠷᠭᠦᠯᠵᠢᠯᠡᠨ ᠥᠷᠭᠡᠳᠬᠡᠵᠦ᠂ ᠵᠤᠨ ᠡᠪᠦᠯ ᠬᠣᠶᠠᠷ ᠤᠯᠠᠷᠢᠯ᠎ᠤᠨ 《ᠨᠠᠭᠠᠳᠤᠮ·ᠬᠥᠳᠡᠭᠡ
ᠲᠣᠰᠬᠣᠨ᠎ᠤ ᠨᠠᠢᠷ》᠎ᠢ ᠡᠷᠭᠢᠯᠡᠵᠦ᠂ ᠰᠣᠶᠣᠯ᠎ᠤᠨ ᠠᠭᠤᠯᠤᠭᠳᠠᠬᠤᠨ᠂ ᠰᠣᠶᠣᠯ᠎ᠤᠨ
ᠥᠷᠲᠡᠭ᠎ᠢ ᠵᠢᠭᠤᠯᠴᠢᠯᠠᠯ ᠤ᠋ᠨ ᠠᠵᠤ ᠦᠢᠯᠡᠰ᠎ᠦᠨ ᠬᠡᠯᠬᠢᠶ᠎ᠡ᠎ᠶᠢᠨ
ᠡᠯ᠎ᠡ ᠭᠣᠭᠴᠣᠭ᠎ᠠ᠎ᠳᠤ ᠠᠭᠤᠰᠬᠠᠨ ᠣᠷᠣᠭᠤᠯᠵᠤ᠂ ᠰᠣᠶᠣᠯ ᠵᠢᠭᠤᠯᠴᠢᠯᠠᠯ᠎ᠤᠨ ᠠᠭᠤᠰᠤᠯᠴᠠᠨ ᠬᠥᠭᠵᠢᠬᠦ᠎ᠶᠢ ᠪᠥᠬᠥ
ᠲᠠᠯ᠎ᠠ᠎ᠪᠠᠷ ᠠᠬᠢᠭᠤᠯᠵᠤ᠂ ᠣᠷᠣᠨ ᠪᠦᠰᠡ ᠵᠢᠨ ᠠᠵᠤ ᠠᠬᠤᠢ ᠵᠢᠨ ᠬᠥᠭᠵᠢᠯᠲᠡ᠎ᠳᠦ ᠬᠦᠴᠦᠨ ᠨᠡᠮᠡᠷᠢᠯᠡᠪᠡ᠃ ᠮᠥᠨ
ᠵᠢᠯ᠎ᠳᠤ᠂ 《ᠨᠠᠭᠠᠳᠤᠮ·ᠬᠥᠳᠡᠭᠡ ᠲᠣᠰᠬᠣᠨ᠎ᠦ ᠨᠠᠢᠷ》 ᠨᠢ ᠳᠤᠮᠳᠠᠳᠤ
ᠤᠯᠤᠰ᠎ᠤᠨ ᠣᠯᠠᠨ ᠲᠦᠮᠡᠨᠴᠢ ᠰᠣᠶᠣᠯ᠎ᠤᠨ ᠲᠥᠷᠥᠯ ᠲᠡᠮᠳᠡᠭ᠎ᠦᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠭᠰᠠᠨ
IP ᠲᠦᠷᠦᠯ ᠦᠨ ᠰᠢᠨ᠎ᠡ᠎ᠶᠢ ᠡᠭᠦᠳᠦᠭᠰᠡᠨ
ᠬᠡᠷᠡᠭ᠎ᠦᠨ ᠵᠢᠱ᠌ᠢᠶ᠎ᠡ ᠪᠡᠷ ᠠᠮᠵᠢᠯᠲᠠ ᠲᠠᠢ ᠰᠣᠩᠭᠣᠭᠳᠠᠵᠠᠢ᠃




