《ᠠᠶᠠᠯᠭᠤᠲᠤ ᠵᠢᠭᠤᠯᠴᠢᠯᠠᠯ ᠦᠪᠦᠷ ᠮᠤᠩᠭᠤᠯ》 ᠢᠲ᠋ᠠᠯᠢ᠎ᠳᠤ ᠤᠯᠠᠨ ᠤᠯᠤᠰ᠎ᠤᠨ ᠵᠠᠩ ᠦᠢᠯᠡ ᠵᠢᠨ ᠰᠤᠶᠤᠯ᠎ᠤᠨ ᠨᠠᠢᠷ᠎ᠲᠤ ᠲᠤᠭᠯᠠᠪᠠ
2025-08-26 16:47:25
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

8 ᠰᠠᠷ᠎ᠠ᠎ᠶᠢᠨ 23᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠦ ᠠᠯᠪᠠᠨ ᠭᠡᠷ᠎ᠡᠴᠡ ᠵᠣᠬᠢᠶᠠᠨ ᠪᠠᠢᠭᠤᠯᠵᠤ᠂ ᠥᠪᠥᠷ ᠮᠣᠩᠭᠣᠯ᠎ᠤᠨ ᠰᠣᠶᠣᠯ ᠪᠠ ᠵᠢᠭᠤᠯᠴᠢᠯᠠᠯ᠎ᠤᠨ ᠲᠢᠩᠬᠢᠮ᠎ᠡᠴᠡ ᠰᠣᠩᠭᠣᠨ ᠲᠣᠮᠢᠯᠠᠭᠰᠠᠨ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠤᠳᠬ᠎ᠠ ᠤᠷᠠᠯᠢᠭ᠋᠎ᠤᠨ ᠪᠦᠯᠬᠦᠮ ᠢᠲ᠋ᠠᠯᠢ᠎ᠶᠢᠨ ᠪᠧᠷᠭᠠᠮᠤ᠋ ᠮᠤᠵᠢ᠎ᠶᠢᠨ ᠪᠧᠷᠭᠠᠮᠤ᠋ ᠡᠷᠲᠡᠨ᠎ᠦ ᠬᠣᠲᠠ᠎ᠶᠢᠨ ᠲᠠᠯᠠᠪᠠᠶ Piazza Vecchia᠎ᠳᠤ ᠶᠠᠪᠤᠭᠳᠠᠭᠰᠠᠨ 41 ᠳ᠋ᠤᠭᠡᠷ ᠬᠤᠭᠤᠴᠠᠭᠠᠨ᠎ᠤ ᠣᠯᠠᠨ ᠤᠯᠤᠰ᠎ᠤᠨ ᠵᠠᠩ ᠦᠶ᠋ᠯᠡ᠎ᠶᠢᠨ ᠰᠣᠶᠣᠯ᠎ᠤᠨ ᠨᠠᠢᠷ᠎ᠲᠤ ᠣᠷᠣᠯᠴᠠᠵᠤ᠂ ᠳᠡᠯᠡᠬᠡᠢ᠎ᠶᠢᠨ ᠡᠯ᠎ᠡ ᠭᠠᠵᠠᠷ ᠡᠴᠡ ᠢᠷᠡᠭᠰᠡᠨ ᠤᠳᠬ᠎ᠠ ᠤᠷᠠᠯᠢᠭ᠋᠎ᠤᠨ ᠪᠦᠯᠬᠦᠮ ᠪᠣᠯᠣᠨ ᠲᠤᠬᠠᠢ᠎ᠶᠢᠨ ᠭᠠᠵᠠᠷ᠎ᠤᠨ ᠠᠷᠠᠳ ᠣᠯᠠᠨ᠎ᠳᠤ ᠭᠣᠢᠳᠠ ᠰᠠᠢᠬᠠᠨ ᠲᠤᠭᠯᠠᠯᠲᠠ ᠪᠠᠨ ᠰᠤᠨᠢᠷᠬᠠᠭᠤᠯᠤᠭᠰᠠᠨ ᠪᠠᠢᠨ᠎ᠠ᠃


QQ截图20250224163936.png


ᠡᠯᠭᠦᠯᠴᠡᠭᠡ ᠬᠤᠯᠪᠤᠭ᠎ᠠ᠎ᠶᠢᠨ ᠣᠷᠣᠨ ᠨᠤᠲᠤᠭ᠎ᠤᠨ ᠣᠨᠴᠠᠯᠢᠭ᠍ᠲᠤ ᠳᠠᠭᠤᠷᠢᠯᠢᠭ᠋᠂ ᠤᠶᠠᠩᠭ᠎ᠠ ᠢᠷᠠᠭᠤ ᠤᠷᠳᠤ᠎ᠶᠢᠨ ᠳᠠᠭᠤᠤ᠂ ᠢᠳᠡᠯᠢᠭ ᠵᠢᠪᠬᠤᠭᠠᠲᠤ ᠮᠣᠩᠭᠣᠯ ᠪᠥᠵᠢᠭ᠂ ᠬᠤᠪᠢᠰ ᠪᠣᠯᠣᠨ ᠮᠣᠷᠢᠨ ᠬᠤᠭᠤᠷ᠎ᠤᠨ ᠬᠠᠪᠰᠤᠷᠤᠯ ᠬᠥᠭᠵᠢᠮ ᠵᠡᠷᠭᠡ ᠭᠣᠢᠳᠠ ᠰᠠᠢᠬᠠᠨ ᠲᠣᠭᠯᠠᠯᠲᠠ ᠨᠢ ᠲᠤᠬᠠᠢ᠎ᠶᠢᠨ ᠲᠠᠯᠠᠪᠠᠢ᠎ᠶᠢᠨ ᠠᠭᠤᠷ ᠠᠮᠢᠰᠬᠤᠯ᠎ᠢ ᠤᠳᠠᠭ᠎ᠠ ᠳᠠᠷᠠᠭᠠᠯᠠᠨ ᠬᠦᠭᠵᠢᠭᠡᠵᠦ᠂ ᠠᠯᠠᠭ᠎ᠠ ᠲᠡᠰᠢᠯᠲᠡ᠎ᠶᠢᠨ ᠲᠠᠭᠤᠨ᠂ ᠤᠷᠠᠢᠯᠠᠬᠤ ᠲᠠᠭᠤᠨ ᠲᠠᠰᠤᠷᠠᠯᠳᠠ ᠦᠭᠡᠢ ᠴᠤᠤᠷᠢᠶᠠᠲᠤᠵᠤ᠂ ᠢᠲ᠋ᠠᠯᠢ᠎ᠶᠢᠨ ᠠᠷᠠᠳ᠎ᠤᠨ ᠳᠠᠭᠤᠤ 《ᠮᠢᠨᠤ ᠨᠠᠷᠠ》 ᠪᠡᠷ ᠠᠷᠤ ᠦᠵᠡᠭᠳᠡᠯ ᠪᠣᠯᠭᠠᠭᠰᠠᠨ ᠬᠦᠭᠡᠮᠡᠢ ᠨᠢ ᠨᠡᠩ ᠴᠤ᠌ ᠳᠤᠮᠳᠠᠳᠤ ᠢᠲ᠋ᠠᠯᠢ᠎ᠶᠢᠨ ᠠᠷᠠᠳ ᠲᠦᠮᠡᠨ᠎ᠦ ᠨᠥᠬᠥᠷᠯᠡᠯ᠎ᠢ ᠵᠤᠵᠠᠭᠠᠳᠬᠠᠪᠠ᠃ ᠤᠳᠠᠲᠠᠯ᠎ᠠ ᠠᠯᠠᠭ᠎ᠠ ᠲᠠᠰᠢᠨ ᠤᠷᠠᠢᠯᠠᠬᠤ ᠲᠠᠭᠤᠨ᠎ᠤ ᠳᠤᠮᠳᠠ ᠲᠣᠭᠯᠠᠯᠲᠠ᠎ᠦᠨᠳᠦᠷᠯᠡᠵᠦ᠂ ᠠᠬᠤᠢ ᠲᠠᠯᠠᠪᠠᠶ᠎ᠳᠤ 100 ᠤᠳᠠᠭ᠎ᠠ ᠵᠢᠨ ᠬᠤᠩᠬᠤᠨ ᠲᠠᠭᠤᠨ᠎ᠴᠤᠤᠷᠢᠶᠠᠳᠤᠭᠰᠠᠨ ᠨᠢ ᠪᠧᠷᠭᠠᠮᠤ᠋ ᠬᠣᠲᠠ᠎ᠶᠢᠨ ᠵᠠᠰᠠᠭ᠎ᠤᠨ ᠣᠷᠳᠣᠨ᠎ᠤ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠤᠳᠬ᠎ᠠ ᠤᠷᠠᠯᠢᠭ᠋᠎ᠤᠨ ᠲᠥᠯᠥᠭᠡᠯᠡᠭᠴᠢᠳ᠎ᠦᠨ ᠪᠦᠯᠬᠦᠮ᠎ᠳᠤ ᠡᠷᠭᠦᠭᠰᠡᠨ ᠳᠡᠭᠡᠳᠦ ᠬᠡᠮᠵᠢᠶᠡᠨ᠎ᠤ ᠮᠠᠭᠲᠠᠭᠠᠯ ᠲᠠᠯᠠᠷᠬᠠᠯ᠎ᠢ ᠢᠯᠡᠷᠬᠡᠢᠯᠡᠭᠰᠡᠨ ᠶᠤᠮ᠃


QQ截图20250731161406.png


ᠪᠧᠷᠭᠠᠮᠤ᠋ ᠮᠤᠵᠢ᠎ᠶᠢᠨ ᠳᠠᠷᠤᠭ᠎ᠠ ᠫᠠᠰᠺᠦᠢ᠍ᠢᠸᠯ ᠭᠠᠨᠳᠤᠯᠹᠢ ᠲᠣᠭᠯᠠᠯᠲᠠ᠎ᠶᠢ ᠰᠣᠨᠢᠷᠬᠠᠵᠤ ᠪᠠᠢᠬᠤ ᠳ᠋ᠠᠭᠠᠨ᠂ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠤᠷᠠᠯᠢᠭ᠋᠎ᠤᠨ ᠰᠣᠶᠣᠯ ᠥᠨᠢ ᠤᠳᠠᠭᠠᠨ ᠲᠡᠦᠬᠡ᠎ᠲᠠᠢ᠂ ᠳᠠᠭᠤᠤ᠂ ᠪᠥᠵᠢᠭ᠂ ᠬᠤᠪᠴᠠᠰᠤ ᠵᠠᠰᠠᠯ ᠨᠢ ᠥᠪᠡᠷᠮᠢᠴᠡ ᠤᠷᠠᠯᠢᠭ᠋᠎ᠤᠨ ᠷᠢᠳᠢ ᠰᠢᠳᠢ᠎ᠲᠠᠢ ᠪᠠᠢᠵᠤ᠂ ᠢᠲ᠋ᠠᠯᠢ᠎ᠶᠢᠨ ᠠᠷᠠᠳ ᠲᠦᠮᠡᠨ᠎ᠦ ᠠᠩᠬᠠᠷᠤᠯ᠎ᠢ ᠲᠠᠲᠠᠵᠤ ᠪᠠᠢᠨ᠎ᠠ ᠭᠡᠪᠡ᠃ ᠲᠡᠷᠡ ᠪᠠᠰᠠ 2024 ᠣᠨ᠎ᠳᠤ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠬᠥᠬᠡᠬᠣᠲᠠ᠎ᠳᠤ ᠬᠦᠷᠴᠦ ᠰᠣᠶᠣᠯ ᠤᠷᠠᠯᠢᠭ᠋᠎ᠤᠨ ᠰᠣᠯᠢᠯᠴᠠᠭ᠎ᠠ ᠬᠢᠭᠰᠡᠨ ᠵᠢᠡᠨ ᠳᠤᠷᠠᠰᠪᠠ᠂ ᠲᠡᠷᠡ ᠤᠳᠠᠭ᠎ᠠ ᠥᠪᠥᠷ ᠮᠣᠩᠭᠣᠯ᠎ᠤᠨ ᠰᠣᠶᠣᠯ᠎ᠤᠨ ᠷᠢᠳᠢ ᠰᠢᠳᠢ᠎ᠶᠢ ᠭᠦᠨ ᠮᠡᠳᠡᠷᠡᠵᠦ᠂ ᠥᠪᠥᠷ ᠮᠣᠩᠭᠣᠯ᠎ᠤᠨ ᠤᠷᠠᠯᠢᠭ᠋ ᠵᠦᠴᠦᠭᠡ᠎ᠶᠢᠨ ᠬᠦᠷᠢᠶᠡᠯᠡᠩ᠎ᠦᠨ ᠤᠳᠬ᠎ᠠ ᠤᠷᠠᠯᠢᠭ᠋᠎ᠤᠨ ᠪᠦᠯᠬᠦᠮ᠎ᠢ ᠢᠲ᠋ᠠᠯᠢ᠎ᠳᠤ ᠲᠣᠭᠯᠠᠯᠲᠠ ᠭᠠᠷᠭᠠᠭᠤᠯᠬᠤ ᠪᠡᠷ ᠤᠷᠢᠭᠰᠠᠨ ᠪᠠᠢᠵᠠᠢ᠂ ᠤᠳᠤ ᠬᠦᠰᠡᠯ ᠪᠡᠶᠡᠯᠡᠭᠳᠡᠭᠰᠡᠨ᠎ᠳᠦ ᠮᠠᠰᠢ ᠪᠠᠶᠠᠷᠯᠠᠵᠤ ᠪᠠᠢᠬᠤ ᠪᠥᠭᠡᠳ ᠲᠣᠭᠯᠠᠯᠲᠠ ᠲᠡᠭᠦᠰ ᠠᠮᠵᠢᠯᠲᠠ ᠲᠠᠢ ᠪᠤᠯᠤᠭᠰᠠᠨ᠎ᠳᠤ ᠪᠠᠶᠠᠷᠯᠠᠵᠤ ᠪᠠᠢᠨ᠎ᠠ ᠭᠡᠵᠡᠢ᠃

ᠣᠢᠯᠠᠭᠠᠭᠰᠠᠨ᠎ᠢᠶᠠᠷ᠂ ᠲᠣᠰ ᠬᠤᠭᠤᠴᠠᠭᠠᠨ᠎ᠤ ᠣᠯᠠᠨ ᠤᠯᠤᠰ᠎ᠤᠨ ᠵᠠᠩ ᠦᠶ᠋ᠯᠡ ᠰᠣᠶᠣᠯ᠎ᠤᠨ ᠨᠠᠢᠷ ᠡᠬᠢᠯᠡᠬᠦ᠎ᠡᠴᠡ ᠡᠮᠦᠨ᠎ᠡ᠂ ᠢᠲ᠋ᠠᠯᠢ᠎ᠶᠢᠨ ᠠᠯᠪᠠᠨ᠎ᠤ ᠰᠦᠯᠵᠢᠶ᠎ᠡ ᠵᠢᠴᠢ ᠲᠤᠬᠠᠢ᠎ᠶᠢᠨ ᠭᠠᠵᠠᠷ᠎ᠤᠨ ᠵᠠᠭᠤᠴᠢᠯᠠᠭᠤᠷ ᠨᠢᠭᠡᠨᠲᠡ ᠤᠷᠢᠳᠴᠢᠯᠠᠨ ᠤᠬᠠᠭᠤᠯᠭ᠎ᠠ ᠬᠢᠵᠦ᠂ ᠲᠣᠰ ᠤᠳᠠᠭᠠᠨ᠎ᠤ ᠤᠷᠠᠯᠢᠭ᠋᠎ᠤᠨ ᠨᠠᠢᠷ᠎ᠤᠨ ᠠᠯᠢ ᠣᠯᠠᠨ ᠲᠣᠬᠢᠷᠠᠭᠤᠯᠤᠯᠲᠠ ᠳᠤᠲᠤᠷ᠎ᠠ ᠡᠴᠡ 8 ᠰᠠᠷ᠎ᠠ᠎ᠶᠢᠨ 23 (ᠭᠠᠷᠠᠭ᠎ᠤᠨ ᠵᠢᠷᠭᠤᠭᠠᠨ)᠎ᠤ ᠣᠷᠣᠢ᠎ᠶᠢᠨ 20᠄ 30 ᠲᠸ᠋ ᠲᠤᠭᠯᠠᠬᠤ ᠳᠤᠮᠳᠠᠳᠤ ᠤᠯᠤᠰ᠎ᠤᠨ ᠥᠪᠥᠷ ᠮᠣᠩᠭᠣᠯ᠎ᠡᠴᠠ ᠢᠷᠡᠭᠰᠡᠨ ᠣᠨᠴᠠ ᠤᠷᠢᠭ᠍ᠰᠠᠨ ᠤᠳᠬ᠎ᠠ ᠤᠷᠠᠯᠢᠭ᠎ᠤᠨ ᠪᠦᠯᠬᠦᠮ᠎ᠦᠨ ᠲᠣᠭᠯᠠᠯᠲᠠ᠎ᠶᠢ ᠣᠨᠴᠠᠯᠠᠨ ᠤᠬᠠᠭᠤᠯᠤᠭᠰᠠᠨ ᠪᠠᠢᠵᠠᠢ᠃ 

ᠢᠷᠡᠯᠲᠡ᠄ ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠰᠦᠯᠵᠢᠶ᠎ᠡ᠎ᠶᠢᠨ ᠥᠪᠥᠷ ᠮᠣᠩᠭᠣᠯ᠎ᠤᠨ ᠰᠣᠨᠢᠨ ᠮᠡᠳᠡᠭᠡ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号