8 ᠰᠠᠷ᠎ᠠ᠎ᠶ᠋ᠢᠨ18᠎ᠤ ᠣᠷᠣᠶ᠂ ᠳᠤᠮᠳᠠᠳᠤ ᠤᠯᠤᠰ᠎ᠤᠨ ᠰᠢ ᠵᠦᠴᠦᠭᠡ᠎ᠶ᠋ᠢᠨ ᠲᠣᠭ᠍ᠯᠠᠯᠲᠠ᠎ᠶ᠋ᠢᠨ ᠨᠡᠢᠭᠡᠮᠯᠢᠭ᠎ᠡᠴᠡ ᠭᠤᠤᠯᠯᠠᠨ ᠡᠷᠭᠢᠯᠡᠵᠦ᠍᠂ 《ᠵᠡᠬᠦᠨ ᠪᠠᠶ᠎ᠠ ᠵᠢᠨ ᠡᠯ ᠷᠧᠨ᠎ᠲᠡᠶ ᠵᠥᠴᠥᠭᠡ᠎ᠳᠦ ᠰᠢᠡᠭᠭᠡᠭᠡᠭᠰᠡᠨ ᠬᠠᠢᠷ᠎ᠠ ᠰᠡᠳᠬᠢᠯᠭᠡ ᠪᠡᠷ ᠵᠢᠡᠨ ᠬᠠᠮᠲᠤ ᠴᠤᠭᠯᠠᠷᠠᠵᠤ ᠤᠮᠠᠷᠠᠲᠤ ᠬᠢᠯᠢ᠎ᠶ᠋ᠢᠨ ᠰᠣᠶᠣᠯ᠎ᠤᠨ ᠬᠥᠭ ᠠᠶᠠᠰ᠎ᠢ ᠬᠠᠮᠲᠤ᠎ᠪᠠᠷ ᠤᠯᠠᠮᠵᠢᠯᠠᠬᠤ》 ᠪᠠᠷ ᠭᠤᠤᠯ ᠰᠡᠳᠦᠪ ᠪᠣᠯᠭᠠᠭ᠍ᠰᠠᠨ ᠠᠩᠬᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠵᠡᠭᠦᠨ ᠪᠡᠶ᠎ᠠ ᠵᠢᠨ ᠡᠯ ᠷᠧᠨ᠎ᠲᠡᠶ ᠵᠦᠴᠦᠭᠡ᠎ᠶ᠋ᠢᠨ ᠦᠵᠡᠭᠦᠯᠭᠡ᠎ᠶ᠋ᠢᠨ ᠲᠣᠭ᠍ᠯᠠᠯᠲᠠ᠎ᠶ᠋ᠢᠨ ᠭᠠᠷᠠᠭ ᠵᠢᠴᠢ ᠥᠪᠥᠷ ᠮᠣᠩᠭᠣᠯ ᠱᠠᠨ ᠰᠢ ᠾᠧᠪᠧᠶ ᠱᠠᠨᠰᠢ ᠳᠥᠷᠪᠡᠨ ᠮᠤᠵᠢ ᠣᠷᠣᠨ᠎ᠤ ᠱᠢᠯᠢᠳᠡᠭ ᠵᠦᠴᠦᠭᠡ︵ᠫᠷᠤᠭ᠌ᠷᠠᠮ︶᠎ᠶ᠋ᠢᠨ ᠲᠣᠭ᠍ᠯᠠᠯᠲᠠ᠎ᠶ᠋ᠢᠨ ᠠᠵᠢᠯᠯᠠᠭ᠎ᠠ 《ᠵᠡᠭᠦᠨ ᠪᠡᠶ᠎ᠠ ᠵᠢᠨ ᠡᠯ ᠷᠧᠨ᠎ᠲᠡᠶ ᠵᠦᠴᠦᠭᠡ ᠵᠢᠨ ᠤᠷᠠᠯᠢᠭ᠎ᠤᠨ ᠨᠤᠲᠤᠭ》 ᠱᠠᠩᠳᠤ ᠱᠢᠶᠠᠨ᠎ᠳᠤ ᠡᠬᠢᠯᠡᠵᠦ᠍᠂ ᠥᠪᠥᠷ ᠮᠣᠩᠭᠣᠯ ᠱᠠᠨ ᠰᠢ ᠾᠧᠪᠧᠶ ᠱᠠᠨᠰᠢ ᠳᠥᠷᠪᠡᠨ ᠮᠤᠵᠢ ᠣᠷᠣᠨ᠎ᠤ 29 ᠡᠯ ᠷᠧᠨ᠎ᠲᠡᠶ ᠵᠦᠴᠦᠭᠡ᠎ᠶ᠋ᠢᠨ ᠪᠦᠯᠬᠦᠮ᠎ᠦᠨ᠎ᠬᠢᠨ ᠬᠠᠮᠲᠤ᠎ᠪᠠᠷ ᠲᠣᠭ᠍ᠯᠠᠬᠤ ᠪᠤᠯᠤᠨ᠎ᠠ᠃
ᠡᠬᠢᠯᠡᠯᠲᠡ᠎ᠶ᠋ᠢᠨ ᠦᠳᠡᠱᠢᠯᠡᠭᠡ᠎ᠶ᠋ᠢᠨ ᠠᠬᠤᠢ ᠲᠠᠯᠠᠪᠠᠢ᠎ᠳᠤ ᠵᠡᠭᠦᠨ ᠪᠠᠶ᠎ᠠ ᠵᠢᠨ ᠡᠯ ᠷᠸᠨ ᠲᠠᠢ ᠳᠠᠭᠤᠤ ᠪᠥᠵᠢᠭ 《ᠶᠢᠰᠦᠨ ᠵᠧᠦ᠍᠎ᠶ᠋ᠢᠨ ᠢᠵᠢᠯᠢ ᠠᠶᠠᠲᠠᠶ ᠡᠯ ᠷᠸᠨ ᠲᠠᠢ》 ᠨᠢ ᠪᠠᠶᠠᠷ ᠬᠦᠷ᠎ᠲᠡᠶ ᠠᠢᠵᠠᠮ ᠪᠣᠯᠤᠨ ᠥᠳᠭᠡᠨ ᠵᠤᠵᠠᠭᠠᠨ ᠤᠷᠤᠨ ᠨᠤᠲᠤᠭ ᠤ᠋ᠨ ᠵᠠᠩ ᠦᠢᠯᠡ ᠵᠢ ᠢᠯᠡᠷᠡᠭᠦᠯᠦᠭᠰᠡᠨ ᠲᠣᠭ᠍ᠯᠠᠯᠲᠠ ᠪᠡᠷ ᠵᠢᠡᠨ ᠦᠳᠡᠰᠢᠯᠡᠭᠡ ᠵᠢᠨ ᠬᠥᠱᠢᠭᠡ ᠵᠢ ᠰᠡᠬᠦᠪᠡ᠃ ᠳᠠᠷᠠᠭ᠎ᠠ ᠨᠢ 《ᠵᠡᠭᠦᠨ ᠪᠠᠶ᠎ᠠ ᠵᠢᠨ ᠡᠯ ᠷᠸᠨ ᠲᠠᠢ ᠵᠢᠨ ᠭᠠᠯ ᠭᠤᠯᠤᠮᠳᠠ᠎ᠪᠠᠨ ᠦᠶ᠎ᠡ᠎ᠶ᠋ᠢᠨ ᠦᠶ᠎ᠡ᠎ᠳᠦ ᠤᠯᠠᠮᠵᠢᠯᠠᠨ ᠵᠠᠯᠭᠠᠮᠵᠢᠯᠠᠶ᠎ᠠ᠂ ᠤᠷᠠᠯᠢᠭ ᠤ᠋ᠨ ᠭᠠᠯ ᠭᠤᠯᠤᠮᠳᠠ ᠵᠢ ᠰᠠᠬᠢᠭ᠍ᠰᠠᠨ᠎ᠳᠤ ᠬᠦᠨᠳᠦᠳᠭᠡᠯ ᠳᠡᠪᠱᠢᠭᠦᠯᠦᠶ᠎ᠡ》ᠵᠡᠷᠭᠡ ᠲᠠᠪᠤᠨ ᠪᠦᠯᠦᠭ ᠰᠣᠳᠣᠨ ᠲᠣᠭ᠍ᠯᠠᠯᠲᠠ ᠪᠡᠷ ᠡᠯ ᠷᠧᠨ᠎ᠲᠡᠶ ᠵᠦᠴᠦᠭᠡ᠎ᠶ᠋ᠢᠨ ᠱᠢᠨ᠎ᠡ᠎ᠶ᠋ᠢ ᠡᠭᠦᠳᠤᠨ ᠬᠥᠭ᠌ᠵᠢᠭᠰᠡᠨ ᠲᠡᠦᠬᠡᠨ ᠶᠠᠪᠤᠴᠠ᠎ᠶ᠋ᠢ ᠠᠮᠢᠳᠤᠯᠢᠭ᠎ᠢᠶᠠᠷ ᠳᠡᠯᠭᠡᠨ ᠦᠵᠡᠭᠦᠯᠵᠠᠢ᠃
ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ ᠪᠤᠯᠬᠤ 《ᠵᠡᠭᠦᠨ ᠪᠡᠶ᠎ᠠ ᠵᠢᠨ ᠡᠯ ᠷᠧᠨ᠎ᠲᠡᠶ ᠵᠦᠴᠦᠭᠡ᠎ᠶ᠋ᠢᠨ ᠲᠥᠯᠥᠭᠡᠯᠡᠬᠦ᠌ ᠴᠢᠨᠠᠷᠲᠠᠢ ᠤᠯᠠᠮᠵᠢᠯᠠᠭ᠍ᠴᠢ》᠂ 93 ᠲᠠᠢ ᠭᠦᠸᠧ ᠶᠢᠦ ᠱᠠᠨ ᠨᠠᠰᠤᠲᠠᠨ ᠠᠵᠢᠯᠯᠠᠭ᠎ᠠ᠎ᠶ᠋ᠢᠨ ᠠᠬᠤᠢ ᠲᠠᠯᠠᠪᠠᠢ᠎ᠳᠤ᠄《ᠵᠡᠭᠦᠨ ᠪᠡᠶ᠎ᠠ ᠵᠢᠨ ᠡᠯ ᠷᠧᠨ᠎ᠲᠡᠶ ᠪᠣᠯ ᠳᠤᠮᠳᠠᠳᠤ᠎ᠶ᠋ᠢᠨ ᠰᠣᠶᠣᠯ᠎ᠤᠨ ᠦᠨᠡᠲᠦ ᠡᠷᠳᠡᠨᠢ ᠮᠥᠨ᠂ ᠪᠢᠳᠡ ᠡᠷᠬᠡᠪᠰᠢ ᠰᠠᠢᠲᠤᠷ ᠰᠠᠬᠢᠨ ᠬᠠᠮᠠᠭᠠᠯᠠᠵᠤ᠂ ᠰᠠᠢᠲᠤᠷ ᠤᠯᠠᠮᠵᠢᠯᠠᠵᠤ᠂ ᠰᠠᠢᠲᠤᠷ ᠪᠠᠳᠠᠷᠠᠭᠤᠯᠬᠤ ᠬᠡᠷᠡᠭ᠌ᠲᠡᠢ᠃ ᠵᠠᠯᠠᠭᠤᠴᠤᠳ ᠰᠠᠨᠠᠭᠠᠴᠢᠯᠠᠭ᠎ᠠ᠎ᠠᠴᠠ ᠪᠠᠨ ᠤᠯᠠᠮᠵᠢᠯᠠᠨ ᠵᠠᠯᠭᠠᠮᠵᠢᠯᠠᠬᠤ ᠪᠡᠷ ᠴᠢᠷᠮᠠᠢᠵᠤ᠂ ᠡᠭᠦᠳᠦᠨ ᠪᠦᠲᠦᠭᠡᠬᠦ᠌ ᠴᠢᠳᠠᠪᠤᠷᠢ᠎ᠪᠠᠨ ᠴᠢᠷᠮᠠᠢᠨ ᠪᠠᠳᠠᠷᠠᠭᠤᠯᠵᠤ᠂ ᠰᠣᠩᠭᠣᠳᠠᠭ ᠪᠦᠲᠦᠭᠡᠯ ᠡᠴᠡ ᠰᠤᠷᠤᠯᠴᠠᠬᠤ᠂ ᠱᠢᠨ᠎ᠡ᠎ᠶ᠋ᠢ ᠡᠭᠦᠳᠦᠨ ᠥᠭᠡᠷᠡᠴᠢᠯᠡᠨ ᠪᠠᠢᠭᠤᠯᠬᠤ᠎ᠪᠠᠷ ᠳᠠᠮᠵᠢᠨ ᠤᠮᠠᠷᠠᠲᠤ᠎ᠶ᠋ᠢᠨ ᠡᠬᠡ ᠭᠠᠵᠠᠷ ᠳᠡᠭᠡᠷᠡᠬᠢ ᠡᠨᠡ ᠬᠦ᠌ ᠭᠠᠢᠬᠠᠮᠱᠢᠭ᠍ᠲᠤ ᠰᠠᠢᠬᠠᠨ ᠰᠤᠶᠤᠯ ᠤ᠋ᠨ ᠦᠪ ᠢ᠋ ᠨᠡᠡᠭ ᠤᠯᠠᠨ ᠬᠦᠮᠦᠨ ᠳ᠋ᠤ ᠤᠢᠯᠠᠭᠠᠭᠤᠯᠬᠤ ᠪᠡᠷ ᠴᠢᠷᠮᠠᠢᠬᠤ ᠬᠡᠷᠡᠭᠲᠠᠢ》 ᠬᠡᠵᠠᠢ᠃
ᠵᠡᠭᠦᠨ ᠪᠡᠶ᠎ᠠ ᠵᠢᠨ ᠡᠯ ᠷᠧᠨ᠎ᠲᠡᠶ ᠵᠦᠴᠦᠭᠡ ᠪᠣᠯ ᠨᠢᠭᠡ ᠵᠦᠶ᠋ᠯ᠎ᠦᠨ ᠶᠠᠷᠢᠬᠤ ᠳᠠᠭᠤᠯᠠᠬᠤ᠂ ᠪᠥᠵᠢᠭ ᠪᠠ ᠲᠣᠭ᠍ᠯᠠᠯᠲᠠ ᠵᠡᠷᠭᠡ ᠣᠯᠠᠨ ᠵᠦᠶ᠋ᠯ᠎ᠦᠨ ᠤᠷᠠᠯᠢᠭ᠎ᠤᠨ ᠬᠡᠯᠪᠡᠷᠢ᠎ᠶ᠋ᠢ ᠤᠶᠠᠯᠳᠤᠭᠤᠯᠤᠭᠰᠠᠨ ᠠᠷᠠᠳ᠎ᠤᠨ ᠤᠷᠠᠯᠢᠭ ᠪᠤᠯᠤᠨ᠎ᠠ᠃ ᠡᠨᠡ ᠬᠦ᠌ ᠤᠷᠠᠯᠢᠭ ᠨᠢ ᠴᠢᠩ ᠤᠯᠤᠰ᠎ᠤᠨ ᠲᠦᠭᠡᠮᠡᠯ ᠡᠯᠪᠡᠭ᠌ᠲᠦ᠍ᠶ᠋ᠢᠨ ᠦᠶ᠎ᠡ᠎ᠳᠦ ᠡᠭᠦᠰᠦᠭ᠌ᠰᠡᠨ ᠪᠥᠭᠡᠳ ᠢᠷᠭᠡᠨ ᠤᠯᠤᠰ᠎ᠤᠨ ᠡᠬᠢᠨ᠎ᠦ ᠦᠶ᠎ᠡ᠎ᠳᠦ ᠠᠭᠠᠵᠢᠮ᠎ᠢᠶᠠᠷ ᠪᠦᠷᠢᠯᠳᠦᠵᠦ᠍᠂ 20 ᠳ᠋ᠤᠭᠠᠷ ᠵᠠᠭᠤᠨ᠎ᠤ ᠲᠠᠪᠢᠭᠠᠳ ᠣᠨ᠎ᠳᠤ ᠵᠡᠭᠦᠨ ᠪᠡᠶ᠎ᠠ ᠵᠢᠨ ᠡᠯ ᠷᠸᠨ ᠲᠠᠢ ᠬᠡᠮᠡᠨ ᠵᠢᠩᠬᠢᠨᠢ᠎ᠪᠡᠷ ᠨᠡᠷᠡᠢᠳᠦᠭ᠌ᠳᠡᠵᠦ᠍᠂ ᠭᠣᠣᠯᠳᠠᠭᠤ ᠥᠪᠥᠷ ᠮᠣᠩᠭᠣᠯ᠎ᠤᠨ ᠳᠤᠮᠳᠠ ᠪᠠᠷᠠᠭᠤᠨ ᠬᠡᠰᠡᠭ ᠵᠢᠴᠢ ᠬᠥᠷᠰᠢ ᠵᠡᠷᠭᠡᠯᠡᠳᠡᠭᠡ ᠱᠠᠨ ᠰᠢ᠂ ᠾᠸᠪᠸᠢ ᠵᠡᠷᠭᠡ ᠭᠠᠵᠠᠷ᠎ᠲᠤ ᠳᠡᠯᠭᠡᠷᠡᠭ᠌ᠰᠡᠨ ᠪᠠᠢᠨ᠎ᠠ᠃ ᠵᠡᠭᠦᠨ ᠪᠠᠶ᠎ᠠ ᠵᠢᠨ ᠡᠯ ᠷᠧᠨ᠎ᠲᠡᠶ ᠵᠦᠴᠦᠭᠡ ᠪᠣᠯ ᠤᠯᠠᠭᠠᠨᠴᠠᠪ ᠬᠣᠲᠠ᠎ᠳᠤ ᠣᠨᠴᠠ ᠪᠠᠢᠳᠠᠭ ᠣᠷᠣᠨ ᠨᠤᠲᠤᠭ᠎ᠤᠨ ᠵᠦᠴᠦᠭᠡ᠎ᠶ᠋ᠢᠨ ᠲᠥᠷᠥᠯ ᠪᠠᠢᠵᠤ᠂ 1997 ᠤᠨ᠎ᠳᠦ ᠥᠪᠡᠷᠲᠡᠭᠡᠨ ᠵᠠᠰᠠᠬᠤ ᠣᠷᠣᠨ᠎ᠤ ᠰᠣᠶᠣᠯ ᠵᠢᠭᠤᠯᠴᠢᠯᠠᠯ᠎ᠤᠨ ᠲᠢᠩᠬᠢᠮ ᠡᠴᠡ ᠱᠠᠩᠳᠤ ᠱᠢᠶᠠᠨ ᠢ᠋ 《ᠵᠡᠭᠦᠨ ᠪᠡᠶ᠎ᠠ ᠵᠢᠨ ᠡᠯ ᠷᠧᠨ᠎ᠲᠡᠶ ᠵᠦᠴᠦᠭᠡ᠎ᠶ᠋ᠢᠨ ᠤᠷᠠᠯᠢᠭ᠎ᠤᠨ ᠨᠤᠲᠤᠭ》 ᠭᠡᠵᠦ᠍ ᠨᠡᠷᠡᠢᠳᠪᠠ᠃ 2018 ᠣᠨ᠎ᠳᠤ ᠵᠡᠭᠦᠨ ᠪᠡᠶ᠎ᠠ ᠵᠢᠨ ᠡᠯ ᠷᠧᠨ᠎ᠲᠡᠶ ᠵᠦᠴᠦᠭᠡ ᠨᠢ ᠥᠪᠡᠷᠲᠡᠭᠡᠨ ᠵᠠᠰᠠᠬᠤ ᠣᠷᠣᠨ᠎ᠤ ᠳᠦᠷᠪᠡᠭᠡᠨ ᠪᠠᠢᠭ᠎ᠠ ᠵᠦᠴᠦᠭᠡ᠎ᠶ᠋ᠢᠨ ᠲᠦᠷᠦᠯ᠎ᠦᠨ ᠬᠤᠪᠢ᠎ᠪᠠᠷ 348 ᠳᠤᠮᠳᠠᠳᠤ ᠤᠯᠤᠰ᠎ᠤᠨ ᠰᠢ ᠵᠦᠴᠦᠭᠡ᠎ᠶ᠋ᠢᠨ ᠲᠦᠷᠦᠯ᠎ᠳᠦ ᠰᠣᠩᠭᠣᠭ᠍ᠳᠠᠨ ᠤᠷᠤᠭ᠍ᠰᠠᠨ ᠪᠠᠢᠨ᠎ᠠ᠃
ᠣᠢᠯᠠᠭᠠᠭ᠍ᠰᠠᠨ᠎ᠢᠶᠠᠷ᠂ ᠲᠣᠰ ᠬᠤᠭᠤᠴᠠᠭᠠᠨ᠎ᠤ ᠤᠷᠠᠯᠢᠭ᠎ᠤᠨ ᠦᠵᠡᠭᠦᠯᠭᠡ᠎ᠶ᠋ᠢᠨ ᠲᠣᠭ᠍ᠯᠠᠯᠲᠠ ᠵᠢᠨ ᠠᠵᠢᠯᠯᠠᠭ᠎ᠠ 7 ᠡᠳᠦᠷ ᠶᠠᠪᠤᠭ᠍ᠳᠠᠵᠤ᠂ ᠪᠠᠭ᠎ᠠ ᠬᠡᠯᠪᠡᠷᠢ᠎ᠶ᠋ᠢᠨ ᠵᠦᠴᠦᠭᠡ︵ᠫᠷᠤᠭ᠌ᠷᠠᠮ︶ᠵᠢᠨ ᠦᠵᠡᠭᠦᠯᠭᠡ᠎ᠶ᠋ᠢᠨ ᠲᠣᠭ᠍ᠯᠠᠯᠲᠠ᠂ ᠲᠣᠮᠣ ᠬᠡᠯᠪᠡᠷᠢ᠎ᠶ᠋ᠢᠨ ᠵᠦᠴᠦᠭᠡ᠎ᠶ᠋ᠢᠨ ᠦᠵᠡᠭᠦᠯᠭᠡ᠎ᠶ᠋ᠢᠨ ᠲᠣᠭ᠍ᠯᠠᠯᠲᠠ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ᠂ ᠠᠷᠠᠳ᠎ᠤᠨ ᠪᠦᠯᠬᠦᠮ ᠤ᠋ᠨ ᠲᠤᠰᠬᠠᠢ ᠲᠠᠯᠠᠪᠠᠢ ᠦᠵᠡᠭᠦᠯᠭᠡ᠎ᠶ᠋ᠢᠨ ᠲᠣᠭ᠍ᠯᠠᠯᠲᠠ ᠵᠢᠴᠢ ᠰᠦᠯᠵᠢᠶᠡᠨ ᠨᠡᠪᠲᠡᠷᠡᠭᠦᠯᠦᠭᠴᠢᠳ ᠤ᠋ᠨ ᠤᠷᠤᠯᠳᠤᠭᠠᠨ᠂ ᠠᠷᠠᠳ᠎ᠲᠤ ᠠᠱᠢᠭ ᠬᠦᠷᠲᠡᠭᠡᠬᠦ᠌ ᠲᠣᠭ᠍ᠯᠠᠯᠲᠠ᠂ ᠤᠷᠠᠯᠢᠭ᠎ᠤᠨ ᠰᠤᠳᠤᠯᠤᠨ ᠶᠠᠷᠢᠯᠴᠠᠬᠤ ᠬᠤᠷᠠᠯ ᠵᠡᠷᠭᠡ ᠣᠯᠠᠨ ᠪᠤᠯᠤᠩ᠎ᠢ ᠪᠠᠭ᠍ᠲᠠᠭᠠᠭ᠍ᠰᠠᠨ ᠪᠠᠢᠨ᠎ᠠ᠃