80 ᠭᠠᠷᠤᠢ ᠵᠢᠯ᠎ᠦᠨ ᠡᠮᠦᠨ᠎ᠡ᠂ ᠾᠸᠪᠸᠢ ᠵᠢᠨ ᠳᠤᠮᠳᠠ ᠬᠡᠰᠡᠭ᠎ᠦᠨ ᠪᠠᠢᠯᠳᠤᠭᠠᠨ᠎ᠤ ᠲᠠᠯᠠᠪᠤᠷ᠎ᠲᠤ᠂ ᠲᠤᠬᠠᠢ᠎ᠶ᠋ᠢᠨ ᠦᠶ᠎ᠡ᠎ᠳᠦ ᠾᠸᠪᠸᠢ ᠵᠢᠨ ᠳᠤᠮᠳᠠ ᠬᠡᠰᠡᠭ᠎ᠦᠨ ᠴᠢᠮᠡᠭᠡᠯᠡᠯ᠎ᠦᠨ ᠬᠣᠷᠢᠢ᠎ᠠ (ᠬᠣᠵᠢᠮ ᠨᠢ ᠱᠢᠨᠬᠤᠸᠠ ᠬᠤᠷᠢᠶ᠎ᠠ ᠵᠢᠨ ᠾᠸᠪᠸᠢ ᠵᠢᠨ ᠳᠤᠮᠳᠠ ᠬᠡᠰᠡᠭ᠎ᠦᠨ ᠬᠤᠪᠢᠶᠠᠷᠢ ᠬᠣᠷᠢᠢ᠎ᠠ) ᠵᠢᠨ ᠳᠡᠳ᠋ ᠬᠤᠷᠢᠶᠠᠨ ᠳᠠᠷᠤᠭ᠎ᠠ ᠪᠠᠢᠭᠰᠠᠨ ᠱᠸᠨ ᠸᠧᠢ ᠤᠯᠠᠨ ᠲᠦᠮᠡᠨ᠎ᠦ ᠳᠤᠮᠳᠠ ᠭᠦᠨᠵᠡᠭᠡᠢᠷᠡᠵᠦ᠍ ᠰᠣᠨᠢᠨ ᠮᠡᠳᠡᠭᠡ ᠰᠤᠷᠪᠤᠯᠵᠢᠯᠠᠨ ᠪᠢᠴᠢᠵᠦ᠍᠂ 《 ᠪᠦᠬᠦ᠌ ᠨᠠᠮ᠎ᠢᠶᠠᠷ᠎ᠢᠶᠠᠨ ᠰᠣᠨᠢᠨ ᠡᠷᠬᠢᠯᠡᠬᠦ᠌》᠂ 《 ᠤᠯᠠᠨ ᠲᠦᠮᠡᠨ ᠰᠣᠨᠢᠨ ᠡᠷᠬᠢᠯᠡᠬᠦ᠌ 》 ᠱᠢᠨ᠎ᠡ ᠪᠠᠢᠳᠠᠯ᠎ᠢ ᠨᠡᠭᠡᠭᠡᠬᠦ᠌ ᠳᠦ ᠬᠤᠪᠢ ᠨᠡᠮᠡᠷᠢ ᠦᠵᠡᠭᠦᠯᠪᠡ᠃ ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠲᠠᠷᠠᠭ᠎ᠠ᠂ ᠯᠢᠦᠢ ᠵᠧᠩ ᠼᠤᠤ ᠵᠠᠩᠵᠤᠨ ᠪᠡᠶ᠎ᠡ ᠪᠡᠷ᠎ᠢᠶᠡᠨ᠄ 《ᠱᠸᠨ ᠸᠧᠢ ᠨᠥᠬᠥᠷ ᠦᠨ ᠱᠢᠷᠭᠠᠭᠤ ᠬᠠᠲᠠᠭᠤᠵᠢᠯᠲᠠᠢ ᠲᠡᠮᠡᠴᠡᠬᠦ᠌ ᠬᠤᠪᠢᠰᠭᠠᠯᠲᠤ ᠵᠣᠷᠢᠭ ᠰᠠᠨᠠᠭ᠎ᠠ᠎ᠶ᠋ᠢ ᠰᠤᠷᠤᠯᠴᠠᠵᠦ᠍᠂ ᠰᠣᠨᠢᠨ ᠮᠡᠳᠡᠭᠡᠨ ᠦ ᠠᠵᠢᠯ᠎ᠤᠨ ᠨᠠᠮᠴᠢ ᠴᠢᠨᠠᠷ᠎ᠤᠨ ᠵᠠᠷᠴᠢᠮ᠎ᠢ ᠪᠠᠷᠢᠮᠲᠠᠯᠠᠶ᠎ᠠ》 ᠭᠡᠬᠦ ᠪᠢᠴᠢᠭᠡᠰᠦ ᠪᠢᠴᠢᠵᠦ ᠦᠩᠭᠡᠷᠡᠪᠡ᠃
ᠱᠸᠨ ᠸᠧᠢ᠂ ᠤᠤᠯ ᠨᠡᠷ᠎ᠡ ᠨᠢ ᠵᠦ᠍ ᠬᠣᠩ ᠱᠸᠤ᠂ ᠵᠢᠶᠠᠩᠰᠦ᠎ᠶ᠋ᠢᠨ ᠦ᠋ ᠱᠢᠶᠠᠨ᠎ᠤ ᠸᠧᠢ ᠲᠢᠩ ᠪᠠᠯᠭᠠᠰᠤ (ᠤᠳᠤ᠎ᠶ᠋ᠢᠨ ᠵᠢᠶᠠᠩᠰᠦ᠎ᠶ᠋ᠢᠨ ᠰᠦᠵᠧᠦ᠍᠎ᠶ᠋ᠢᠨ ᠸᠧᠢ ᠲᠢᠩ ᠵᠡᠭᠡᠯᠢ ᠭᠤᠳᠤᠮᠵᠢ) ᠵᠢᠨ ᠬᠥᠮᠦᠨ᠂ ᠬᠠᠷᠠᠬᠠᠨ ᠪᠠᠭ᠎ᠠ᠎ᠡᠴᠡ᠎ᠪᠠᠨ ᠰᠡᠴᠡᠨ ᠰᠡᠷᠭᠦᠯᠡᠩ᠂ ᠴᠢᠷᠮᠠᠢᠨ ᠰᠤᠷᠤᠯᠴᠠᠵᠤ᠂ ᠱᠢᠯᠢᠳᠡᠭ ᠬᠢᠷᠢ ᠪᠦᠲᠦᠮᠵᠢᠲᠡᠶ ᠪᠠᠢᠵᠠᠢ᠃ ᠪᠠᠭ᠎ᠠ ᠰᠤᠷᠭᠠᠭᠤᠯᠢ᠎ᠪᠠᠨ ᠲᠡᠭᠦᠰᠦᠭ᠌ᠰᠡᠨ᠎ᠦ ᠳᠠᠷᠠᠭ᠎ᠠ᠂ ᠭᠡᠷ ᠨᠢ ᠶᠠᠳᠠᠭᠤ ᠪᠣᠯᠬᠣᠷ ᠲᠡᠷᠡ ᠱᠠᠩᠬᠠᠢ᠎ᠳᠤ ᠱᠠᠪᠢ ᠠᠵᠢᠯᠴᠢᠨ ᠪᠣᠯᠪᠠ᠃ ᠡᠭᠦᠨ᠎ᠡᠴᠡ ᠬᠣᠢᠱᠢᠬᠢ 10 ᠵᠢᠯ᠎ᠦᠨ ᠬᠤᠭᠤᠴᠠᠭᠠᠨ᠎ᠳᠤ᠂ ᠱᠸᠨ ᠸᠧᠢ ᠬᠤᠪᠢᠰᠭᠠᠯ᠎ᠤᠨ ᠦᠵᠡᠯ ᠰᠠᠨᠠᠭᠠᠨ᠎ᠤ ᠨᠥᠯᠥᠭᠡ᠎ᠶ᠋ᠢ ᠬᠦᠷᠳᠡᠵᠤ᠂ ᠶᠠᠫᠣᠨ᠎ᠢ ᠡᠰᠡᠷᠭᠦᠴᠡᠵᠦ᠍ ᠮᠥᠬᠥᠯ᠎ᠡᠴᠡ ᠠᠪᠤᠷᠠᠬᠤ ᠬᠥᠳᠡᠯᠭᠡᠭᠡᠨ᠎ᠳᠦ ᠢᠳᠡᠪᠬᠢᠲᠡᠢ ᠣᠷᠣᠯᠴᠠᠪᠠ᠃
ᠯᠦ᠍ ᠭᠧᠤ ᠴᠢᠶᠣᠤ ᠬᠦᠭᠦᠷᠭᠡ᠎ᠶ᠋ᠢᠨ ᠬᠡᠷᠡᠭ ᠬᠤᠪᠢᠰᠤᠯ ᠡᠭᠦᠰᠦᠭ᠌ᠰᠡᠨ᠎ᠦ ᠲᠠᠷᠠᠭ᠎ᠠ᠂ ᠱᠸᠨ ᠸᠧᠢ ᠭᠡᠷ᠎ᠦᠨ ᠬᠥᠮᠦᠰᠡᠴᠡᠪᠡᠨ ᠨᠢᠭᠤᠵᠤ ᠶᠠᠨ ᠠᠨ᠎ᠳᠤ ᠬᠦᠷᠴᠦ᠍᠂ ᠡᠭᠦᠨ᠎ᠡᠴᠡ ᠡᠬᠢᠯᠡᠨ ᠬᠤᠪᠢᠰᠭᠠᠯ᠎ᠤᠨ ᠵᠠᠮ᠎ᠢᠶᠠᠷ ᠵᠠᠮᠨᠠᠪᠠ᠃ ᠳᠡᠮᠡᠢ ᠤᠳᠠᠭ᠍ᠰᠠᠨ ᠦᠭᠡᠢ᠂ ᠲᠡᠷᠡ ᠳᠤᠮᠳᠠᠳᠤ ᠤᠯᠤᠰ᠎ᠤᠨ ᠠᠷᠠᠳ ᠲᠦᠮᠡᠨ᠎ᠦ ᠶᠠᠫᠣᠨ᠎ᠢ ᠡᠰᠡᠷᠭᠦᠴᠡᠬᠦ᠌ ᠴᠡᠷᠢᠭ᠎ᠦᠨ ᠶᠠᠪᠤᠳᠠᠯ ᠤᠯᠤᠰ ᠲᠦᠷᠦ᠍᠎ᠶ᠋ᠢᠨ ᠶᠡᠬᠡ ᠰᠤᠷᠭᠠᠭᠤᠯᠢ᠎ᠡᠴᠡ ᠲᠡᠭᠦᠰᠦᠭ᠌ᠰᠡᠨ ᠪᠥᠭᠡᠳ ᠳᠤᠮᠳᠠᠳᠤ ᠤᠯᠤᠰ᠎ᠤᠨ ᠡᠪ ᠬᠠᠮᠲᠤ ᠨᠠᠮ᠎ᠳᠤ ᠣᠷᠣᠪᠠ᠃ 1939 ᠣᠨ᠎ᠤ ᠵᠤᠨ᠎ᠤ ᠡᠬᠢ᠎ᠪᠡᠷ᠂ ᠱᠸᠨ ᠸᠧᠢ ᠨᠠᠢ᠍ᠮᠠᠳᠤᠭᠠᠷ ᠵᠠᠮ᠎ᠤᠨ ᠴᠡᠷᠢᠭ᠎ᠦᠨ ᠶᠡᠷᠦᠩᠬᠡᠢ ᠤᠯᠤᠰ ᠲᠦᠷᠦ᠍᠎ᠶ᠋ᠢᠨ ᠬᠡᠯᠲᠡᠰ᠎ᠦᠨ ᠡᠮᠦᠨ᠎ᠡ ᠹᠷᠣᠨᠲ᠎ᠤᠨ ᠰᠤᠷᠪᠤᠯᠵᠢᠯᠠᠭ᠍ᠴᠢ᠎ᠶ᠋ᠢᠨ ᠪᠦᠯᠬᠦᠮ᠎ᠦᠨ ᠪᠦᠷᠢᠯᠳᠦᠬᠦᠨ᠎ᠦ ᠬᠤᠪᠢ᠎ᠪᠠᠷ ᠾᠸᠪᠸᠢ ᠵᠢᠨ ᠳᠤᠮᠳᠠ ᠬᠡᠰᠡᠭ᠎ᠦᠨ ᠶᠠᠫᠣᠨ᠎ᠢ ᠡᠰᠡᠷᠭᠦᠴᠡᠬᠦ᠌ ᠰᠠᠭᠤᠷᠢᠨ ᠭᠠᠵᠠᠷ᠎ᠲᠤ ᠬᠦᠷᠴᠦ᠍᠂ 《ᠾᠸᠪᠸᠢ ᠵᠢᠨ ᠳᠤᠮᠳᠠ ᠬᠡᠰᠡᠭ᠎ᠦᠨ ᠵᠠᠮᠴᠢ ᠰᠣᠨᠢᠨ》 ᠤ᠋ ᠬᠡᠪᠯᠡᠯ᠎ᠢ ᠰᠡᠷᠭᠦᠭᠡᠬᠦ᠌ ᠠᠵᠢᠯ᠎ᠳᠤ ᠣᠷᠣᠯᠴᠠᠭ᠍ᠰᠠᠨ ᠪᠥᠭᠡᠳ ᠾᠸᠪᠸᠢ ᠵᠢᠨ ᠳᠤᠮᠳᠠ ᠬᠡᠰᠡᠭ᠎ᠦᠨ ᠴᠢᠮᠡᠭᠡᠯᠡᠯ᠎ᠦᠨ ᠬᠣᠷᠢᠢ᠎ᠠ (1942 ᠣᠨ᠎ᠤ 3 ᠰᠠᠷ᠎ᠠ᠎ᠳᠤ ᠵᠢᠩᠬᠢᠨᠢ᠎ᠪᠡᠷ ᠱᠢᠨᠬᠤᠸᠠ ᠬᠤᠷᠢᠶ᠎ᠠ ᠵᠢᠨ ᠾᠸᠪᠸᠢ ᠵᠢᠨ ᠳᠤᠮᠳᠠ ᠬᠡᠰᠡᠭ᠎ᠦᠨ ᠬᠤᠪᠢᠶᠠᠷᠢ ᠬᠣᠷᠢᠢ᠎ᠠ ᠭᠡᠵᠦ᠍ ᠥᠭᠡᠷᠡᠴᠢᠯᠡᠪᠡ) ᠵᠢᠨ ᠳᠡᠳ᠋ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠪᠠ᠃
ᠨᠠᠮᠤᠷ᠎ᠤᠨ ᠠᠭᠤᠷ ᠣᠷᠣᠬᠤ ᠦᠶ᠎ᠡ᠎ᠪᠡᠷ᠂ ᠵᠢᠶᠠᠩᠰᠦ ᠮᠤᠵᠢ᠎ᠶ᠋ᠢᠨ ᠰᠦᠵᠧᠦ ᠬᠤᠳᠠ᠎ᠶ᠋ᠢᠨ ᠸᠧᠢ ᠲᠢᠩ ᠵᠡᠭᠡᠯᠢ ᠭᠤᠳᠤᠮᠵᠢ᠎ᠳᠤ᠂ ᠰᠤᠷᠪᠤᠯᠵᠢᠯᠠᠭ᠍ᠴᠢ 73 ᠨᠠᠰᠤᠲᠠᠢ ᠱᠸᠨ ᠸᠧᠢ ᠱᠧᠩ᠎ᠲᠡᠶ ᠠᠭᠤᠯᠵᠠᠬᠤ ᠦᠶ᠎ᠡ᠎ᠳᠦ᠂ ᠲᠡᠷᠡ ᠭᠠᠷ ᠲᠠᠭᠠᠨ ᠨᠢᠭᠡᠨ ᠳᠠᠩᠰᠠ ᠡᠪᠬᠡᠮᠡᠯ᠎ᠦᠨ ᠤᠭᠤᠲᠠ᠎ᠶ᠋ᠢ ᠴᠢᠩᠭ᠎ᠠ ᠠᠳᠭᠤᠵᠤ ᠪᠠᠢᠵᠠᠢ᠃ ᠤᠭᠤᠲᠠ᠎ᠶ᠋ᠢᠨ ᠳᠣᠲᠣᠷ᠎ᠠ ᠨᠢᠭᠡᠨ ᠰᠢᠷᠠᠯᠠᠭᠰᠠᠨ ᠲᠠᠪᠲᠡᠷ ᠪᠠᠢᠵᠤ᠂ ᠭᠠᠳᠠᠷ ᠲᠡᠭᠡᠷ᠎ᠠ ᠨᠢ 《ᠾᠸᠪᠸᠢ ᠵᠢᠨ ᠳᠤᠮᠳᠠ ᠬᠡᠰᠡᠭ ᠦᠨ ᠰᠣᠨᠢᠨ ᠮᠡᠳᠡᠭᠡᠨ᠎ᠦ ᠪᠠᠢᠯᠳᠤᠭ᠍ᠴᠢ ᠱᠸᠨ ᠸᠧᠢ ᠨᠥᠬᠥᠷ᠎ᠢ ᠲᠤᠷᠠᠰᠬᠠᠭᠰᠠᠨ ᠵᠣᠬᠢᠶᠠᠯ᠎ᠤᠨ ᠲᠡᠭᠦᠪᠦᠷᠢ》 ᠭᠡᠰᠡᠨ ᠦᠰᠦᠭ ᠲᠠᠢ ᠪᠠᠢᠵᠠᠢ᠃ 《ᠱᠸᠨ ᠸᠧᠢ ᠪᠦᠯᠦ᠍ ᠠᠪᠠᠭ᠎ᠠ ᠪᠣᠯ ᠪᠢᠳᠡᠨ᠎ᠤ ᠭᠡᠷ ᠪᠦᠯᠢ᠎ᠶ᠋ᠢᠨ ᠣᠮᠣᠭ᠍ᠰᠢᠯ ᠮᠥᠨ》᠃ ᠡᠨᠡ ᠬᠦ᠌ ᠶᠠᠫᠣᠨ᠎ᠢ ᠡᠰᠡᠷᠭᠦᠴᠡᠭ᠌ᠰᠡᠨ ᠦᠷᠡᠭ᠌ᠳᠡᠭ᠌ᠰᠡᠨ ᠪᠠᠭᠠᠲᠤᠷ᠎ᠤᠨ ᠲᠤᠬᠠᠢ ᠶᠠᠷᠢᠬᠤ᠎ᠳᠤ ᠱᠸᠨ ᠸᠧᠢ ᠱᠧᠩ ᠨᠢᠭᠤᠷ ᠳᠦᠭᠦᠷᠡᠩ ᠬᠦᠨᠳᠦᠳᠭᠡᠯ᠎ᠤᠨ ᠰᠡᠳᠭᠢᠯᠭᠡ ᠲᠤᠳᠤᠷᠠᠵᠤ ᠪᠠᠢᠯ᠎ᠠ᠃
ᠵᠣᠬᠢᠶᠠᠯ᠎ᠤᠨ ᠲᠡᠭᠦᠪᠦᠷᠢ᠎ᠳᠤ ᠱᠸᠨ ᠸᠧᠢ᠎ᠶ᠋ᠢᠨ ᠵᠠᠷᠢᠮ ᠪᠦᠲᠦᠭᠡᠯ᠂ ᠭᠡᠷ᠎ᠦᠨ ᠵᠠᠬᠢᠳᠠᠯ ᠵᠢᠴᠢ ᠱᠸᠨ ᠸᠧᠢ᠎ᠶ᠋ᠢᠨ ᠲᠠᠢ᠌ᠴᠢᠨ ᠨᠠᠢᠵᠠ ᠂ ᠬᠠᠮᠲᠤ ᠠᠵᠢᠯᠯᠠᠭ᠍ᠴᠢ᠂ ᠲᠦᠷᠦᠯ ᠰᠠᠳᠤᠨ ᠵᠡᠷᠭᠡ ᠬᠥᠮᠦᠰ᠎ᠦᠨ ᠪᠢᠴᠢᠭ᠌ᠰᠡᠨ ᠭᠠᠱᠢᠭᠤᠳᠠᠯᠤᠨ ᠵᠣᠬᠢᠶᠠᠯ᠎ᠢ ᠣᠷᠣᠭᠤᠯᠤᠭ᠍ᠰᠠᠨᠪᠠᠢᠨᠠ᠃ 1939 ᠣᠨ᠎ᠤ 12 ᠰᠠᠷ᠎ᠠ᠎ᠳᠤ ᠪᠢᠴᠢᠭ᠌ᠰᠡᠨ ᠨᠢᠭᠡᠨ ᠭᠡᠷ᠎ᠦᠨ ᠵᠠᠬᠢᠳᠠᠯ᠎ᠳᠠᠭᠠᠨ ᠱᠸᠨ ᠸᠧᠢ ᠡᠴᠢᠭᠡ ᠡᠭᠡ᠎ᠳᠡᠭᠡᠨ᠄ 《ᠮᠢᠨᠦ᠍ ᠤᠳᠤ᠎ᠶ᠋ᠢᠨ ᠬᠢᠵᠦ᠍ ᠪᠠᠢᠭ᠎ᠠ ᠠᠵᠢᠯ ᠪᠣᠯ ᠤᠯᠤᠰ᠎ᠢᠶᠠᠨ ᠠᠪᠤᠷᠠᠬᠤ᠎ᠪᠠᠷ ᠪᠠᠷᠠᠬᠤ ᠦᠭᠡᠢ ᠠᠯᠢᠪᠠ ᠵᠣᠪᠠᠯᠠᠩ ᠠᠮᠰᠠᠵᠤ ᠪᠠᠢᠭ᠎ᠠ ᠬᠥᠮᠦᠰ᠎ᠢ ᠴᠦ᠍ ᠠᠪᠤᠷᠠᠵᠤ᠂ ᠠᠯᠢᠪᠠ ᠳᠠᠷᠤᠯᠠᠭ᠍ᠳᠠᠵᠤ ᠪᠠᠢᠭ᠎ᠠ ᠬᠥᠮᠦᠰ᠎ᠢ ᠴᠥᠮ ᠴᠢᠯᠥᠭᠡᠯᠡᠬᠦ᠌ ᠶᠠᠪᠤᠳᠠᠯ ᠪᠣᠯᠤᠨ᠎ᠠ! 》 ᠭᠡᠵᠦ ᠬᠡᠯᠡᠪᠡ᠃
4 ᠵᠢᠯ ᠱᠢᠬᠠᠮ᠎ᠤᠨ ᠰᠤᠷᠪᠤᠯᠵᠢᠯᠠᠭ᠍ᠴᠢ᠎ᠶ᠋ᠢᠨ ᠠᠮᠢᠳᠤᠷᠠᠯ ᠳᠤᠮᠳᠠ᠂ ᠱᠸᠨ ᠸᠧᠢ ᠬᠤᠪᠢ ᠬᠥᠮᠦᠨ᠎ᠦ ᠠᠮᠤᠷ ᠲᠦᠪᠱᠢᠨ᠎ᠢᠶᠡᠨ ᠬᠠᠢᠬᠤᠷᠤᠯ ᠦᠭᠡᠢ᠎ᠪᠡᠷ ᠶᠡᠬᠡ ᠬᠡᠮᠵᠢᠶᠡᠨ᠎ᠦ ᠰᠣᠨᠢᠨ ᠮᠡᠳᠡᠭᠡ᠂ ᠴᠢᠮᠡᠭᠡᠯᠡᠯ᠂ ᠮᠡᠳᠡᠭᠡᠯᠡᠯ᠎ᠦᠨ ᠤᠷᠠᠨ ᠵᠣᠬᠢᠶᠠᠯ ᠪᠣᠯᠤᠨ ᠪᠠᠢᠯᠳᠤᠭᠠᠨ᠎ᠤ ᠭᠠᠵᠠᠷ᠎ᠤᠨ ᠱᠢᠯᠦᠭ᠎ᠢ ᠰᠤᠷᠪᠤᠯᠵᠢᠯᠠᠨ ᠪᠢᠴᠢᠭ᠌ᠰᠡᠨ ᠪᠠ ᠵᠣᠬᠢᠶᠠᠨ ᠪᠦᠲᠦᠭᠡᠵᠦ᠍᠂ ᠾᠸᠪᠸᠢ ᠵᠢᠨ ᠳᠤᠮᠳᠠ ᠬᠡᠰᠡᠭ᠎ᠦᠨ ᠠᠷᠠᠳ ᠲᠦᠮᠡᠨ᠎ᠦ ᠶᠠᠫᠣᠨ᠎ᠢ ᠡᠰᠡᠷᠭᠦᠴᠡᠭ᠌ᠰᠡᠨ ᠲᠡᠮᠡᠴᠡᠯ᠎ᠦᠨ ᠲᠡᠦᠬᠡᠨ ᠲᠡᠮᠳᠡᠭ᠌ᠯᠡᠭ᠌ᠴᠢ ᠪᠣᠯᠵᠠᠢ᠃
1939 ᠣᠨ᠎ᠤ 《ᠨᠠᠢ᠍ᠮᠠᠳᠤᠭᠠᠷ ᠵᠠᠮ᠎ᠤᠨ ᠴᠡᠷᠢᠭ᠎ᠦᠨ ᠴᠡᠷᠢᠭ ᠵᠠᠰᠠᠭ᠎ᠤᠨ ᠰᠡᠳᠬᠦᠯ》᠎ᠤ᠋ᠨ 6 ᠳ᠋ᠤᠭᠠᠷ ᠬᠤᠭᠤᠴᠠᠭᠠᠨ᠎ᠳᠤ ᠨᠡᠢᠲᠡᠯᠡᠭᠰᠡᠨ 《ᠴᠠᠰᠤᠲᠤ ᠰᠥᠨᠢ᠎ᠶ᠋ᠢᠨ ᠳᠠᠭᠠᠷᠢᠯᠲᠠ》 ᠨᠢ ᠨᠢᠭᠡᠨ ᠰᠠᠯᠠᠭ᠎ᠠ ᠨᠠᠢ᠍ᠮᠠᠳᠤᠭᠠᠷ ᠵᠠᠮ᠎ᠤᠨ ᠴᠡᠷᠢᠭ᠎ᠦᠨ ᠬᠥᠩᠭᠡᠨ ᠮᠣᠷᠢᠲᠤ ᠴᠡᠷᠢᠭ ᠰᠥᠨᠢ᠎ᠪᠡᠷ ᠫᠢᠩ ᠳ᠋ᠢ ᠴᠢᠤᠸᠠᠨ᠎ᠤ ᠡᠮᠦᠨᠡᠬᠢ 30 ᠭᠠᠵᠠᠷ᠎ᠤᠨ ᠰᠣ᠌ ᠵᠢᠶ ᠥᠷᠲᠡᠭᠡ ᠵᠢᠨ ᠳᠤᠮᠳᠠᠳᠤ ᠤᠯᠤᠰ᠎ᠢ ᠲᠦᠷᠢᠮᠡᠬᠡᠢᠯᠡᠭ᠌ᠰᠡᠨ ᠶᠠᠫᠣᠨ ᠴᠡᠷᠢᠭ᠎ᠢ ᠳᠠᠭᠠᠷᠢᠵᠤ ᠢᠯᠠᠯᠲᠠ ᠣᠯᠤᠭ᠍ᠰᠠᠨ ᠪᠠᠢᠳᠠᠯ᠎ᠢ ᠲᠤᠰᠭᠠᠭ᠍ᠰᠠᠨ ᠪᠠᠢᠨ᠎ᠠ᠃
ᠱᠸᠨ ᠸᠧᠢ ᠵᠢᠨ 1941 ᠣᠨ᠎ᠤ 《ᠾᠸᠪᠸᠢ ᠵᠢᠨ ᠳᠤᠮᠳᠠ ᠬᠡᠰᠡᠭ᠎ᠦᠨ ᠵᠠᠮᠴᠢ ᠰᠣᠨᠢᠨ》 ᠳᠡᠭᠡᠷ᠎ᠠ ᠨᠡᠢᠲᠡᠯᠡᠭᠰᠡᠨ 《ᠬᠡᠨ ᠲᠡᠰᠪᠦᠷᠢᠯᠡᠵᠦ᠍ ᠳᠡᠢᠯᠬᠦ᠌ ᠪᠤᠢ》 ᠭᠡᠬᠦ᠌ ᠵᠣᠬᠢᠶᠠᠯ᠎ᠳᠤ᠂ ᠳᠤᠮᠳᠠᠳᠤ ᠤᠯᠤᠰ᠎ᠢ ᠲᠦᠷᠢᠮᠡᠬᠡᠢᠯᠡᠭ᠌ᠰᠡᠨ ᠶᠠᠫᠣᠨ ᠴᠡᠷᠢᠭ᠎ᠦᠨ ᠮᠠᠨ᠎ᠤ ᠠᠬ᠎ᠠ ᠳᠡᠭᠦᠦ᠍᠎ᠨᠡᠷ᠎ᠢ ᠬᠢᠳᠤᠨ ᠠᠯᠠᠭ᠍ᠰᠠᠨ ᠮᠠᠰᠢ ᠤᠯᠠᠨ ᠶᠠᠯᠠᠲᠤ ᠠᠵᠢᠯᠯᠠᠭ᠎ᠠ᠎ᠶ᠋ᠢ ᠢᠯᠡᠴᠢᠯᠡᠪᠡ᠃
ᠣᠷᠭᠢᠯᠤᠮ᠎ᠠ ᠬᠠᠯᠠᠭᠤᠨ ᠰᠡᠳᠭᠢᠯᠭᠡ᠎ᠲᠡᠶ ᠮᠡᠳᠡᠭᠡᠯᠡᠯ ᠪᠤᠯᠭᠠᠨ ᠨᠢ ᠲᠤᠬᠠᠢ᠎ᠶ᠋ᠢᠨ ᠭᠠᠵᠠᠷ᠎ᠤᠨ ᠴᠡᠷᠢᠭ ᠠᠷᠠᠳ᠎ᠤᠨ ᠶᠠᠫᠣᠨ᠎ᠢ ᠡᠰᠡᠷᠭᠦᠴᠡᠵᠦ᠍ ᠤᠯᠤᠰ᠎ᠢᠶᠠᠨ ᠬᠠᠢᠷᠠᠯᠠᠬᠤ ᠬᠠᠯᠠᠭᠤᠨ ᠰᠡᠳᠭᠢᠯᠭᠡ᠎ᠶ᠋ᠢ ᠲᠤᠢᠯ᠎ᠤᠨ ᠶᠡᠬᠡᠪᠡᠷ ᠤᠷᠮᠠᠱᠢᠭᠤᠯᠤᠨ ᠵᠣᠷᠢᠭ᠍ᠵᠢᠭᠤᠯᠵᠠᠢ᠃
1942 ᠣᠨ᠎ᠤ 5 ᠰᠠᠷ᠎ᠠ᠎ᠡᠴᠡ ᠡᠬᠢᠯᠡᠨ᠂ ᠶᠠᠫᠣᠨ ᠴᠡᠷᠢᠭ ᠾᠸᠪᠸᠢ ᠵᠢᠨ ᠳᠤᠮᠳᠠ ᠬᠡᠰᠡᠭ᠎ᠦᠨ ᠭᠠᠵᠠᠷ ᠣᠷᠣᠨ᠎ᠳᠤ ᠭᠠᠯᠵᠠᠭᠤᠷᠠᠭ᠍ᠰᠠᠨ ᠮᠡᠲᠦ ᠲᠠᠭᠠᠷᠢᠯᠲᠠ ᠶᠠᠪᠤᠭᠤᠯᠪᠠ᠃ ᠱᠸᠨ ᠸᠧᠢ ᠳᠠᠢᠰᠤᠨ᠎ᠤ ᠠᠷᠤ ᠲᠠᠯ᠎ᠠ᠎ᠳᠤ ᠪᠠᠢᠵᠤ᠂ ᠤᠯᠠᠨ ᠤᠳᠠᠭ᠎ᠠ ᠠᠶᠤᠯ᠎ᠳᠤ ᠤᠴᠠᠷᠠᠪᠠ᠃ ᠨᠢᠭᠡ ᠤᠳᠠᠭ᠎ᠠ᠂ ᠱᠸᠨ ᠸᠧᠢ ᠬᠡᠳᠦᠨ ᠠᠷᠪᠠᠨ ᠤᠯᠠᠨ ᠲᠦᠮᠡᠨ᠎ᠲᠡᠶ ᠬᠠᠮᠲᠤ ᠪᠠᠷᠢᠪᠴᠢᠯᠠᠭ᠍ᠳᠠᠵᠤ ᠬᠥᠳᠡᠯᠮᠦᠷᠢ ᠬᠦᠴᠦ ᠪᠣᠯᠪᠠ᠃ ᠥᠪᠡᠷ᠎ᠦᠨ ᠬᠢᠨᠢ ᠡᠮᠦᠨᠡᠲᠦ ᠣᠷᠣᠨ᠎ᠤ ᠠᠶᠠᠯᠭᠤ ᠨᠢ ᠪᠡᠶ᠎ᠡ᠎ᠶ᠋ᠢᠨ ᠭᠠᠷᠤᠯ᠎ᠢᠶᠠᠨ ᠠᠮᠠᠷᠬᠠᠨ ᠢᠯᠡᠷᠡᠭᠦᠯᠳᠡᠭ ᠪᠣᠯᠬᠣᠷ᠂ ᠲᠡᠷᠡ ᠳᠠᠢᠰᠤᠨ᠎ᠤ ᠡᠮᠦᠨ᠎ᠡ ᠲᠡᠨᠡᠭ ᠮᠤᠨᠤᠭ᠎ᠢᠶᠠᠷ ᠣᠪᠯᠠᠵᠤ᠂ ᠬᠣᠵᠢᠮ ᠨᠢ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠢᠳᠡᠪᠬᠢᠲᠡᠢ ᠠᠪᠤᠷᠠᠯᠳᠠ᠎ᠪᠠᠷ ᠪᠠᠷᠰ᠎ᠤᠨ ᠠᠮᠠᠨ᠎ᠡᠴᠡ ᠮᠤᠯᠲᠤᠷᠠᠪᠠ᠃ ᠭᠡᠲᠡᠯ᠎ᠡ ᠳᠡᠮᠡᠢ ᠤᠳᠠᠭ᠍ᠰᠠᠨ ᠦᠭᠡᠢ᠂ 7 ᠰᠠᠷ᠎ᠠ᠎ᠶ᠋ᠢᠨ ᠨᠢᠭᠡᠨ ᠡᠳᠦᠷ᠂ ᠱᠸᠨ ᠸᠧᠢ ᠴᠡᠷᠢᠭ ᠠᠩᠬᠢ᠎ᠶ᠋ᠢ ᠳᠠᠭᠠᠨ ᠱᠢᠯᠵᠢᠬᠦ᠌ ᠵᠠᠮ᠎ᠳᠠᠭᠠᠨ ᠳᠠᠢᠰᠤᠨ᠎ᠤ ᠪᠦᠰᠡᠯᠡᠯᠲᠡ᠎ᠳᠦ ᠤᠴᠠᠷᠠᠵᠤ᠂ ᠵᠣᠯ ᠪᠤᠰᠤ᠎ᠪᠠᠷ ᠪᠠᠭᠠᠲᠤᠷᠯᠢᠭ᠎ᠢᠶᠠᠷ ᠪᠡᠶ᠎ᠡ ᠦᠷᠡᠭ᠌ᠳᠡᠪᠡ᠂ ᠲᠤᠬᠠᠢ᠎ᠶ᠋ᠢᠨ ᠦᠶ᠎ᠡ᠎ᠳᠦ ᠪᠦᠬᠦᠯᠢ 26 ᠨᠠᠰᠤ ᠬᠦᠷᠦᠭᠡᠳᠦᠢ ᠪᠠᠢᠪᠠ᠃
《ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ᠎ᠤ ᠳᠠᠷᠠᠭ᠎ᠠ᠂ ᠰᠣᠨᠢᠨ ᠳᠡᠭᠡᠷ᠎ᠡ ᠬᠥᠮᠦᠨ ᠡᠷᠢᠬᠦ᠌ᠰᠤᠷᠠᠭ ᠨᠡᠢᠲᠡᠯᠡᠭᠰᠡᠨ ᠡᠴᠡ ᠬᠡᠷ᠎ᠤᠨ ᠬᠦᠮᠦᠰ ᠨᠢ ᠰᠠᠶᠢ ᠲᠡᠭᠦᠨ᠎ᠤ ᠪᠡᠶ᠎ᠡ ᠦᠷᠡᠭ᠌ᠳᠡᠭ᠌ᠰᠡᠨ ᠭᠤᠨᠢᠭ᠍ᠲᠤ ᠴᠢᠮᠡᠭᠡ᠎ᠶ᠋ᠢ ᠣᠯᠵᠤ ᠮᠡᠳᠡᠵᠡᠢ》᠃ ᠱᠸᠨ ᠸᠧᠶ ᠱᠧᠩ᠄ 《ᠰᠣᠨᠣᠰᠭᠤᠯᠠᠷ ᠲᠤᠬᠠᠶ᠎ᠶ᠋ᠢᠨ ᠵᠢᠯ᠎ᠳᠦ ᠵᠥᠪᠬᠡᠨ ᠪᠦᠯᠦ᠍ ᠠᠪᠠᠭ᠎ᠠ᠎ᠶ᠋ᠢᠨ ᠰᠤᠷᠪᠤᠯᠵᠢᠯᠠᠭ᠍ᠴᠢ᠎ᠶ᠋ᠢᠨ ᠦᠨᠡᠮᠯᠡᠯ᠎ᠢ ᠯᠡ ᠡᠷᠢᠵᠦ ᠣᠯᠤᠭ᠍ᠰᠠᠨ ᠭᠡᠨ᠎ᠡ》 ᠭᠡᠪᠡ᠃
《ᠲᠠ ᠪᠣᠯ ᠪᠣᠯᠣᠳ ᠪᠠᠭᠠᠲᠤᠷ!ᠴᠢᠨᠦ᠍ ᠥᠱᠢᠶ᠎ᠡ᠎ᠶ᠋ᠢ ᠠᠪᠴᠤ᠌᠂ ᠤᠯᠤᠰ ᠦᠨᠳᠦᠰᠦᠲᠡᠨ᠎ᠦ ᠪᠡᠨ ᠥᠱᠢᠶ᠎ᠡ᠎ᠶ᠋ᠢ ᠠᠪᠴᠤ᠌᠂ ᠡᠴᠦᠰ᠎ᠲᠦᠨᠢ ᠲᠤᠯᠲᠠᠯ᠎ᠠ ᠡᠰᠡᠷᠭᠦᠴᠡᠨ ᠪᠠᠢᠯᠳᠤᠨ᠎ᠠ!》ᠲᠠᠢ᠌ᠴᠢᠨ ᠨᠥᠬᠥᠳ ᠨᠢ ᠶᠠᠫᠣᠨ ᠴᠡᠷᠢᠭ᠎ᠦᠨ ᠬᠢᠳᠤᠭᠠᠨ ᠳᠣᠣᠷ᠎ᠠ ᠬᠠᠷᠠᠰᠠᠯᠲᠠᠢ᠎ᠪᠠᠷ ᠪᠡᠶ᠎ᠡ ᠦᠷᠡᠭᠳᠡᠭᠰᠡᠨ᠎ᠳᠤ᠂ ᠱᠸᠨ ᠸᠧᠢ ᠡᠮᠭᠡᠨᠢᠯ᠎ᠢᠶᠡᠨ ᠬᠦᠴᠦᠨ ᠪᠣᠯᠭᠠᠵᠤ᠂ 《ᠥᠱᠢᠢᠡ ᠠᠪᠬᠤ ᠳᠠᠭᠤᠤ》 ᠵᠢ ᠪᠢᠴᠢᠵᠦ᠍᠂ ᠾᠸᠪᠸᠢ ᠵᠢᠨ ᠳᠤᠮᠳᠠ ᠬᠡᠰᠡᠭ᠎ᠦᠨ ᠴᠡᠷᠢᠭ ᠠᠷᠠᠳ᠎ᠤᠨ ᠳᠤᠮᠳᠠ ᠤᠯᠠᠮᠵᠢᠯᠠᠭᠳᠠᠨ ᠲᠠᠮᠵᠢᠭᠳᠠᠪᠠ᠃ ᠲᠡᠷᠡ ᠥᠪᠡᠷ᠎ᠢᠶᠡᠨ ᠴᠦ᠍ ᠰᠣᠨᠢᠨ ᠮᠡᠳᠡᠭᠡᠨ᠎ᠦ ᠹᠷᠣᠨᠲ᠎ᠲᠠᠬᠢ 《 ᠪᠤᠯᠤᠳ ᠪᠠᠭᠠᠲᠤᠷ》 ᠪᠠᠢᠭ᠍ᠰᠠᠨ ᠶᠤᠮ᠃
《ᠪᠦᠯᠦ᠍ ᠠᠪᠠᠭ᠎ᠠ᠎ᠶ᠋ᠢᠨ ᠵᠣᠷᠢᠭ ᠰᠠᠨᠠᠭ᠎ᠠ ᠪᠢᠳᠡᠨ᠎ᠳᠦ ᠶᠡᠬᠡ ᠨᠥᠯᠥᠭᠡ᠎ᠲᠡᠶ ᠶᠤᠮ᠃ ᠲᠡᠭᠦᠨ᠎ᠦ ᠬᠣᠶᠠᠷ ᠥᠬᠢᠨ ᠳᠡᠭᠦᠦ ᠨᠢ ᠬᠠᠲᠠᠭᠤᠵᠢᠯᠲᠠᠶ ᠰᠤᠷᠤᠯᠴᠠᠵᠤ᠂ ᠠᠷᠠᠳ ᠲᠦᠮᠡᠨ᠎ᠳᠦ ᠦᠶ᠋ᠯᠡᠴᠢᠯᠡᠬᠦ᠌ ᠡᠮᠨᠡᠯᠭᠡ᠎ᠶ᠋ᠢᠨ ᠠᠵᠢᠯᠲᠠᠨ ᠪᠣᠯᠪᠠ; ᠭᠤᠷᠪᠠᠳᠤᠭᠠᠷ ᠳᠡᠭᠦᠦ ᠨᠢ ᠴᠡᠷᠢᠭ ᠪᠣᠯᠵᠤ᠂ ᠤᠯᠤᠰ ᠭᠡᠷ᠎ᠢᠶᠡᠨ ᠬᠠᠮᠠᠭᠠᠯᠠᠪᠠ》᠃ 20 ᠱᠢᠬᠠᠮ ᠵᠢᠯ ᠳᠤᠮᠳᠠᠳᠤ ᠰᠤᠷᠭᠠᠭᠤᠯᠢ᠎ᠶ᠋ᠢᠨ ᠬᠡᠯᠡ ᠪᠢᠴᠢᠭ᠎ᠦᠨ ᠪᠠᠭ᠍ᠰᠢ ᠪᠤᠯᠵᠤ ᠥᠩᠭᠡᠷᠡᠭ᠌ᠰᠡᠨ ᠱᠸᠨ ᠸᠧᠢ ᠱᠧᠩ ᠄ 《ᠪᠢ ᠨᠠᠰᠤᠨ ᠲᠤᠷᠱᠢᠳᠠ ᠲᠥᠪ ᠭᠣᠣᠯᠴᠢ᠎ᠪᠠᠷ ᠬᠥᠮᠦᠨ ᠪᠤᠯᠵᠤ᠂ ᠴᠢᠷᠮᠠᠢᠨ ᠠᠵᠢᠯᠯᠠᠵᠤ᠂ ᠰᠤᠷᠤᠭ᠍ᠴᠢᠳ᠎ᠲᠠᠭᠠᠨ ᠣᠰᠣᠯᠳᠠᠬᠰᠠᠨ ᠦᠭᠡᠢ》 ᠭᠡᠵᠦ ᠲᠤᠭᠳᠤᠯᠤᠩᠬᠠᠨ ᠬᠡᠯᠡᠨ᠎ᠡ᠃
80 ᠭᠠᠷᠤᠢ ᠵᠢᠯ᠎ᠤᠨ ᠬᠤᠢᠨᠠᠬᠢ ᠥᠨᠥᠳᠦᠷ᠂ ᠦᠷᠡᠭᠳᠡᠭᠰᠡᠨ ᠪᠠᠭᠠᠲᠤᠷᠴᠤᠳ᠎ᠢᠶᠡᠨ ᠪᠢᠳᠡ ᠮᠠᠷᠲᠠᠭ᠎ᠠ ᠦᠭᠡᠢ᠃
ᠱᠸᠨ ᠸᠧᠢ ᠥᠩᠭᠡᠷᠡᠭ᠌ᠰᠡᠨ᠎ᠳᠦ ᠰᠤᠷᠤᠯᠴᠠᠵᠤ ᠥᠩᠭᠡᠷᠡᠭ᠌ᠰᠡᠨ ᠸᠧᠢ ᠲᠢᠩ ᠲᠤᠷᠱᠢᠯᠲᠠ᠎ᠶ᠋ᠢᠨ ᠪᠠᠭ᠎ᠠ ᠰᠤᠷᠭᠠᠭᠤᠯᠢ ᠨᠢ ᠲᠡᠭᠦᠨ᠎ᠢ ᠱᠢᠯᠢᠳᠡᠭ ᠰᠤᠷᠭᠠᠭᠤᠯᠢ᠎ᠶ᠋ᠢᠨ ᠬᠠᠨᠢᠲᠠᠨ᠎ᠤ ᠨᠡᠷᠡᠰ ᠲᠤ᠌ ᠵᠢᠭ᠍ᠰᠠᠭᠠᠵᠤ᠂ ᠲᠡᠭᠦᠨ ᠦ ᠦᠢᠯᠡ ᠠᠵᠢᠯᠯᠠᠭ᠎ᠠ᠎ᠶ᠋ᠢ ᠤᠬᠠᠭᠤᠯᠵᠤ᠂ ᠪᠦᠬᠦ᠌ ᠰᠤᠷᠭᠠᠭᠤᠯᠢ᠎ᠶ᠋ᠢᠨ ᠪᠠᠭ᠍ᠰᠢ ᠰᠤᠷᠤᠭ᠍ᠴᠢᠳ᠎ᠲᠤ ᠬᠤᠪᠢᠰᠭᠠᠯᠲᠤ ᠤᠯᠠᠮᠵᠢᠯᠠᠯ᠎ᠤᠨ ᠬᠥᠮᠦᠵᠢᠯ ᠬᠦᠷᠲᠡᠭᠡᠪᠡ; 《ᠸᠧᠢ ᠲᠢᠩ ᠪᠠᠯᠭᠠᠰᠤᠨ᠎ᠤ ᠣᠢᠯᠠᠯᠭ᠎ᠠ》 ᠳ᠋ᠤ ᠱᠸᠨ ᠸᠧᠢ᠎ᠶ᠋ᠢᠨ ᠨᠢᠭᠡ ᠨᠠᠰᠤᠨ᠎ᠤ ᠦᠢᠯᠡ ᠠᠵᠢᠯᠯᠠᠭ᠎ᠠ᠎ᠶ᠋ᠢ ᠨᠠᠷᠢᠨ ᠲᠡᠮᠳᠡᠭ᠌ᠯᠡᠵᠦ᠍᠂ ᠸᠧᠢ ᠲᠢᠩ᠎ᠦᠨ ᠠᠯᠪᠠᠨ᠎ᠤ ᠲᠠᠯ᠎ᠠ᠎ᠶ᠋ᠢᠨ ᠤᠯᠠᠨ ᠨᠡᠢᠲᠡ᠎ᠶ᠋ᠢᠨ ᠳ᠋ᠤᠭᠠᠷ ᠲᠤ᠌ ᠲᠣᠭ᠍ᠲᠠᠮᠠᠯ ᠪᠤᠰᠤ ᠬᠤᠭᠤᠴᠠᠭ᠎ᠠ᠎ᠲᠠᠶ᠎ᠪᠠᠷ ᠵᠤᠬᠢᠶᠠᠯ ᠨᠡᠢᠲᠡᠯᠡᠵᠦ ᠦᠷᠡᠭ᠌ᠳᠡᠭ᠌ᠰᠡᠨ ᠪᠠᠭᠠᠲᠤᠷᠴᠤᠳ᠎ᠢᠶᠠᠨ ᠳᠤᠷᠠᠰᠭᠠᠪᠠ; ᠾᠸᠪᠸᠢ ᠵᠢᠨ ᠳᠤᠮᠳᠠ ᠬᠡᠰᠡᠭ᠎ᠦᠨ ᠲᠠᠯ᠎ᠠ ᠭᠠᠵᠠᠷ᠂ ᠾᠸᠪᠸᠢ ᠵᠢᠨ ᠾᠸᠨᠭ᠌ ᠱᠦᠢ ᠵᠢᠨ ᠷᠤᠤᠶᠠᠩᠤᠨ ᠷᠤᠤ᠎ᠶᠢ ᠡᠷᠲᠡᠨ᠎ᠦ ᠬᠤᠳᠠ᠎ᠳᠤ᠂ ᠾᠸᠪᠸᠢ ᠵᠢᠨ ᠳᠤᠮᠳᠠ ᠬᠡᠰᠡᠭ᠎ᠦᠨ ᠵᠠᠮᠴᠢ ᠰᠣᠨᠢᠨ᠎ᠤ ᠦᠵᠡᠰᠭᠦᠯᠡᠩ᠎ᠦᠨ ᠣᠷᠳᠣᠨ᠎ᠳᠤ ᠱᠸᠨ ᠸᠧᠶ᠎ᠶ᠋ᠢᠨ ᠡᠬᠡ ᠪᠢᠴᠢᠭ᠎ᠢ ᠨᠡᠢᠲᠡᠯᠡᠭ᠌ᠰᠡᠨ ᠬᠣᠪᠣᠷ ᠨᠠᠨᠳᠢᠨ ᠰᠣᠨᠢᠨ ᠂ ᠬᠠᠭᠤᠴᠢᠨ ᠮᠠᠶᠢᠭ᠎ᠤᠨ ᠲᠤᠰ᠎ᠤᠨ ᠳ᠋ᠧᠩ᠎ᠢ ᠳᠡᠯᠭᠡᠨ ᠦᠵᠡᠭᠦᠯᠵᠦ᠍᠂ ᠲᠣᠭᠣᠷᠢᠨ ᠦᠵᠡᠭ᠌ᠴᠢᠳ᠎ᠡᠴᠡ ᠥᠨᠢᠳᠡ ᠪᠠᠯᠠᠷᠠᠰᠢ ᠦᠭᠡᠢ ᠬᠤᠪᠢᠰᠬᠠᠯᠲᠤ ᠳᠤᠷᠠᠰᠤᠮᠵᠢ ᠶ᠋ᠢ ᠲᠠᠬᠢᠨ ᠡᠷᠭᠢᠴᠡᠭᠦᠯᠦᠨ᠎ᠡ ᠁
2019 ᠣᠨ᠎ᠳᠤ ᠡᠭᠦᠳᠡ᠎ᠪᠡᠨ ᠨᠡᠭᠡᠭᠡᠭ᠌ᠰᠡᠨ᠎ᠡᠴᠡ ᠨᠠᠭᠠᠰᠢ᠂ ᠾᠸᠪᠸᠢ ᠵᠢᠨ ᠳᠤᠮᠳᠠ ᠬᠡᠰᠡᠭ᠎ᠦᠨ ᠵᠠᠮᠴᠢ ᠰᠣᠨᠢᠨ᠎ᠦ ᠦᠵᠡᠰᠭᠦᠯᠡᠩ᠎ᠦᠨ ᠣᠷᠳᠣᠨ ᠨᠢ ᠨᠢᠭᠡᠨᠲᠡ ᠲᠤᠬᠠᠢ᠎ᠶ᠋ᠢᠨ ᠭᠠᠵᠠᠷ᠎ᠤᠨ ᠬᠤᠪᠢᠰᠭᠠᠯ᠎ᠤᠨ ᠭᠸᠨ᠎ᠢ ᠤᠯᠠᠮᠵᠢᠯᠠᠨ ᠵᠠᠯᠭᠠᠮᠵᠢᠯᠠᠬᠤ ᠴᠢᠬᠤᠯᠠ ᠵᠢᠭ᠍ᠰᠠᠭᠠᠯ᠎ᠤᠨ ᠭᠠᠵᠠᠷ ᠪᠣᠯᠵᠠᠢ᠃ ᠤᠷᠳᠤᠨ᠎ᠤ ᠳᠠᠷᠤᠭ᠎ᠠ ᠸᠧᠢ ᡁᠢ ᠸᠧᠢ᠄ 《ᠡᠭᠦᠳᠡ᠎ᠪᠡᠨ ᠨᠡᠭᠡᠭᠡᠭ᠌ᠰᠡᠨ᠎ᠡᠴᠡ ᠤᠳᠤ ᠪᠣᠯᠲᠠᠯ᠎ᠠ᠂ ᠪᠢᠳᠡ〈ᠬᠤᠪᠢᠰᠭᠠᠯ᠎ᠤᠨ ᠨᠡᠢᠲᠡᠯᠢᠭ ᠦᠢᠯᠡ ᠠᠵᠢᠯᠯᠠᠭ᠎ᠠ ᠵᠢ ᠤᠯᠠᠮᠵᠢᠯᠠᠬᠤ〉 ᠦᠢᠯᠡᠳᠦᠯᠭᠡ᠎ᠶ᠋ᠢᠨ ᠠᠵᠢᠯᠯᠠᠭ᠎ᠠ᠎ᠶ᠋ᠢ ᠪᠠᠢᠩᠭᠤ ᠥᠷᠨᠢᠭᠦᠯᠵᠦ᠍᠂ ᠣᠳᠣᠬᠠᠨᠪᠤᠯᠲᠠᠯᠠ ᠬᠦᠯᠢᠶᠠᠨ ᠠᠪᠤᠭᠰᠠᠨ ᠲᠣᠭᠣᠷᠢᠨ ᠦᠵᠡᠭ᠌ᠰᠡᠳᠤᠨ ᠲᠤᠭ᠎ᠠ ᠬᠣᠶᠠᠷ ᠲᠦᠮᠡ ᠱᠢᠬᠠᠮ ᠬᠥᠮᠦᠨ ᠤᠳᠠᠭ᠎ᠠ ᠲᠤᠯᠵᠠᠢ᠃ ᠬᠣᠢᠱᠢᠳᠠ ᠳᠡᠯᠭᠡᠨ ᠦᠵᠡᠭᠦᠯᠬᠦ᠌ ᠠᠷᠭ᠎ᠠ ᠮᠠᠶᠢᠭ᠎ᠤᠨ ᠰᠢᠨ᠎ᠡ ᠵᠢ ᠡᠭᠦᠳᠴᠦ᠂ ᠶᠠᠫᠣᠨ᠎ᠢ ᠡᠰᠡᠷᠭᠦᠴᠡᠬᠦ᠌ ᠲᠠᠢ᠌ᠨ᠎ᠦ ᠠᠭᠤᠤ ᠶᠡᠬᠡ ᠵᠣᠷᠢᠭ ᠰᠠᠨᠠᠭ᠎ᠠ᠎ᠶ᠋ᠢ ᠦᠶ᠎ᠡ᠎ᠶ᠋ᠢᠨ ᠦᠶ᠎ᠡ᠎ᠳᠦ ᠤᠯᠠᠮᠵᠢᠯᠠᠬᠤ ᠪᠡᠷ ᠴᠢᠷᠮᠠᠢᠨ᠎ᠠ》ᠭᠡᠵᠡᠢ᠃
(ᠱᠢᠨᠬᠤᠸᠠ ᠬᠤᠷᠢᠶ᠎ᠠ ᠵᠢᠨ ᠨᠠᠨᠵᠢᠩ᠎ᠤᠨ ᠴᠠᠬᠢᠯᠭᠠᠨ ᠮᠡᠳᠡᠭᠡ)