ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠵᠤ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠴᠢᠨᠠᠷ ᠴᠢᠨᠰᠠᠭ᠎ᠠ ᠵᠢ ᠳᠡᠬᠡᠭᠰᠢᠯᠡᠬᠦᠯᠦᠨ᠎ᠡ
2025-08-27 09:43:40
ᠵᠣᠬᠢᠶᠠᠭ᠍ᠴᠢ᠄
ᠬᠤᠤ ᠪᠢᠶᠣᠣ ᠯᠢ ᠬᠤᠤ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ ᠬᠤᠷᠴᠠ ᠰᠢᠷᠦᠬᠦᠨ ᠦᠷᠢᠰᠦᠯᠳᠦᠭᠡᠨᠳᠤ ᠰᠣᠨᠣᠰᠴᠤ ᠪᠢᠴᠢᠬᠦ ᠤᠷᠤᠯᠳᠤᠭᠠᠨ ᠦᠬᠠᠢ ᠬᠣᠲᠠ᠎ᠶᠢᠨ ᠬᠠᠢᠷᠤᠪ᠎ᠤᠨ ᠲᠣᠬᠣᠢ ᠲᠣᠭᠣᠷᠢᠭ᠋᠎ᠤᠨ ᠪᠢᠨ ᠾᠧ ᠪᠠᠭ᠎ᠠ ᠰᠤᠷᠭᠠᠭᠤᠯᠢ᠎ᠳᠤ ᠶᠠᠪᠤᠭᠳᠠᠪᠠ᠃ ᠬᠠᠢᠷᠤᠪ᠎ᠤᠨ ᠲᠣᠬᠣᠢ ᠲᠣᠭᠣᠷᠢᠭ᠋᠎ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ᠎ᠤᠨ ᠲᠥᠯᠥᠭᠡᠯᠡᠭᠴᠢᠳ ᠨᠢᠭᠡ ᠲᠠᠩᠬᠢᠮ᠎ᠳᠤ ᠴᠤᠭᠯᠠᠷᠠᠵᠤ᠂ ᠨᠢᠭᠡ ᠵᠢᠷᠤᠯᠭ᠎ᠠ ᠨᠢᠭᠡ ᠪᠢᠴᠢᠯᠬᠡ ᠪᠡᠷ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠰᠠᠭᠤᠷᠢ᠎ᠪᠠᠨ ᠪᠠᠲᠤᠳᠬᠠᠪᠠ᠃

《ᠠᠶᠤᠵᠤ ᠡᠮᠢᠶᠡᠬᠦ ᠪᠤᠶᠤ ᠡᠷᠡᠭᠡᠯᠵᠡᠨ ᠲᠦᠳᠡᠭᠡᠯᠵᠡᠬᠦ᠎ᠡᠴᠡ ᠪᠤᠯᠵᠤ ᠦᠭᠡ ᠬᠡᠯᠡᠵᠦ ᠴᠢᠳᠠᠬᠤ ᠪᠠᠨ ᠪᠤᠯᠢᠭᠰᠠᠨ ᠪᠠᠢᠳᠠᠯ᠎ᠢ ᠳᠦᠷᠰᠦᠯᠡᠭᠰᠡᠨ᠂ ᠳᠠᠷᠤᠯᠲᠠ᠎ᠶᠢᠨ ᠳᠣᠣᠷ᠎ᠠ ᠳᠤᠭᠤᠢ ᠪᠠᠢᠬᠤ᠎ᠶᠢ ᠵᠦᠢᠷᠯᠡᠭᠰᠡᠨ ᠬᠡᠪᠰᠢᠮᠡᠯ ᠬᠡᠯᠡᠯᠭᠡ᠎ᠶᠢ ᠪᠢᠴᠢᠭᠡᠷᠡᠢ》᠂ 《1 ᠳ᠋ᠤᠭᠡᠷ ᠨᠤᠮᠧᠷᠳᠤ ᠲᠥᠯᠥᠭᠡᠯᠡᠭᠴᠢᠳ᠎ᠦᠨ ᠠᠩᠭᠢ᠎ᠶᠢ ᠤᠷᠢᠵᠤ᠂ ᠰᠢᠯᠦᠭ᠎ᠢ ᠪᠦᠳᠦᠨ ᠪᠤᠯᠭᠠᠶ᠎ᠠ》᠂ 《ᠪᠠᠭ᠍ᠰᠢ ᠨᠠᠷ᠎ᠤᠨ ᠳᠤᠭᠤᠢᠯᠠᠩ᠎ᠤᠨ ᠤᠷᠤᠯᠳᠤᠭᠠᠨ᠎ᠳᠤ ᠣᠷᠣᠯᠴᠠᠭᠰᠠᠳ ᠡᠯᠡᠰᠦᠨ ᠵᠢᠷᠤᠭ᠎ᠤᠨ ᠠᠭᠤᠯᠭ᠎ᠠ᠎ᠵᠢ ᠦᠵᠡᠵᠦ ᠬᠠᠷᠠᠭᠠᠯᠵᠠᠭᠰᠠᠨ ᠰᠢᠯᠦᠭ ᠢ᠋ ᠪᠢᠴᠢᠬᠡᠷᠡᠢ》 ᠁ ᠰᠢᠢᠳᠪᠦᠷᠢᠲᠦ ᠤᠷᠤᠯᠳᠤᠭᠠᠨ᠎ᠤ ᠲᠤᠬᠠᠢ᠎ᠶᠢᠨ ᠲᠠᠯᠠᠪᠠᠢ᠎ᠳᠤ ᠤᠷᠤᠯᠳᠤᠭᠠᠨ᠎ᠳᠤ ᠣᠷᠣᠯᠴᠠᠭᠰᠠᠳ ᠥᠭᠭᠦᠭᠰᠡᠨ ᠰᠡᠳᠦᠪ᠎ᠦᠨ ᠲᠤᠬᠠᠢ ᠠᠩᠬᠠᠷᠤᠯ ᠲᠦᠪᠯᠡᠷᠡᠬᠦᠯᠦᠨ ᠰᠡᠳᠬᠢᠨ ᠪᠣᠳᠣᠯᠬᠢᠯᠠᠵᠤ᠂ ᠬᠠᠷᠢᠭᠤᠯᠲᠠ᠎ᠪᠠᠨ ᠪᠣᠯᠭᠣᠮᠵᠢᠲᠠᠢ᠎ᠪᠢᠴᠢᠨ᠎ᠡ᠃ ᠰᠢᠯᠭᠠᠷᠠᠭᠤᠯᠬᠤ ᠺᠣᠮᠢᠰ᠎ᠤᠨ ᠭᠡᠰᠢᠭᠦᠳ ᠡᠴᠡ ᠣᠷᠣᠯᠴᠠᠭᠰᠠᠳ᠎ᠤᠨ ᠶᠡᠷᠦᠩᠬᠡᠢ ᠢᠯᠡᠷᠡᠯ᠎ᠳ᠋ᠤ ᠦᠨᠡᠯᠡᠯᠲᠡ ᠬᠢᠵᠦ ᠪᠠᠢᠯ᠎ᠠ᠃ ᠲᠣᠰ ᠤᠳᠠᠭᠠᠨ᠎ᠤ ᠤᠷᠤᠯᠳᠤᠭᠠᠨ᠎ᠢ ᠪᠠᠭ᠎ᠠ ᠰᠤᠷᠭᠠᠭᠤᠯᠢ᠎ᠶᠢᠨ ᠳᠤᠭᠤᠢᠯᠠᠩ᠂ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠳᠤᠭᠤᠢᠯᠠᠩ᠂ ᠪᠠᠭ᠍ᠰᠢ ᠨᠠᠷ᠎ᠤᠨ ᠳᠤᠭᠤᠢᠯᠠᠩ ᠭᠡᠵᠦ 3 ᠲᠤᠭᠤᠢᠯᠠᠩ ᠬᠤᠪᠢᠶᠠᠨ᠂ ᠨᠡᠶ᠋ᠢᠲᠡ 18 ᠲᠥᠯᠥᠭᠡᠯᠡᠭᠴᠢᠳ᠎ᠦᠨ ᠠᠩᠭᠢ᠂ 50 ᠭᠠᠷᠤᠢ ᠤᠷᠤᠯᠴᠠᠭᠴᠢ ᠤᠷᠤᠯᠳᠤᠭᠠᠨ᠎ᠳᠤ ᠣᠷᠣᠯᠴᠠᠵᠠᠢ᠃ ᠤᠷᠤᠯᠳᠤᠭᠠᠨ ᠢ᠋ ᠲᠤᠬᠠᠢ ᠶ᠋ᠢᠨ ᠲᠠᠯᠠᠪᠠᠶ᠎ᠳᠤ ᠰᠣᠨᠣᠰᠴᠤ ᠪᠢᠴᠢᠬᠦ ᠬᠡᠯᠪᠡᠷᠢ᠎ᠪᠡᠷ ᠶᠠᠪᠤᠭᠳᠠᠭᠤᠯᠵᠠᠢ᠃ ᠪᠠᠭ᠍ᠰᠢ ᠰᠤᠷᠤᠭ᠍ᠴᠢᠳ ᠪᠢᠷ᠎ᠢᠶᠡᠷ ᠵᠠᠭᠤᠴᠢ ᠪᠣᠯᠭᠠᠨ᠂ ᠦᠰᠦᠭ ᠪᠢᠴᠢᠭ᠎ᠢᠶᠡᠷ ᠬᠠᠢᠷ᠎ᠠ ᠰᠡᠳᠬᠢᠯᠭᠡ᠎ᠪᠡᠨ ᠳᠠᠮᠵᠢᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠭᠦᠨ ᠵᠤᠵᠠᠭᠠᠨ ᠤᠤᠷ ᠲᠤᠨᠳᠠᠰᠤ ᠵᠢ ᠣᠢᠯᠠᠭᠠᠵᠤ᠂ ᠥᠪᠡᠷᠮᠢᠴᠡ ᠷᠢᠳᠢ ᠰᠢᠳᠢ᠎ᠵᠢ ᠨᠢ ᠭᠠᠢᠬᠠᠭᠤᠯᠵᠤ ᠪᠠᠢᠯ᠎ᠠ᠃ ᠬᠠᠢᠷᠤᠪ᠎ᠤᠨ ᠲᠣᠬᠣᠢ ᠲᠣᠭᠣᠷᠢᠭ᠋᠎ᠤᠨ ᠲᠠᠪᠤᠳᠤᠭᠠᠷ ᠪᠠᠭ᠎ᠠ ᠰᠤᠷᠭᠠᠭᠤᠯᠢ᠎ᠶᠢᠨ ᠲᠥᠯᠥᠭᠡᠯᠡᠭᠴᠢᠳ᠎ᠦᠨ ᠠᠩᠭᠢ᠎ᠶᠢᠨ ᠭᠡᠰᠢᠭᠦᠨ ᠵᠤᠤ ᠹᠧᠢ ᠷᠠᠨ ᠤᠷᠤᠯᠳᠤᠭᠠᠨ᠎ᠳᠤ ᠦᠪᠡᠷ᠎ᠤᠨ ᠰᠢᠯᠢᠳᠡᠭ ᠬᠢᠷᠢ ᠪᠦᠳᠦᠮᠵᠢ ᠪᠠᠨ ᠢᠯᠡᠷᠡᠬᠦᠯᠪᠡ᠂ ᠡᠨᠡ ᠨᠢ ᠳᠡᠬᠦᠨ᠎ᠤ ᠡᠳᠦᠷ ᠳᠤᠳᠤᠮ᠎ᠤᠨ ᠬᠤᠷᠠᠮᠳᠤᠭᠤᠯᠭ᠎ᠠ ᠡᠴᠡ ᠰᠠᠯᠵᠤ ᠴᠢᠳᠠᠬᠤ ᠦᠬᠡᠢ ᠶᠤᠮ᠃ 《ᠪᠠᠭ᠍ᠰᠢ ᠡᠴᠡ ᠪᠢᠳᠡᠨ ᠢ᠋ ᠲᠡᠦᠬᠡ ᠶ᠋ᠢᠨ ᠲᠥᠷᠥᠯ᠎ᠦᠨ ᠨᠣᠮ ᠪᠢᠴᠢᠭ ᠢᠯᠡᠭᠦᠬᠡᠨ ᠤᠩᠰᠢᠵᠤ᠂ ᠨᠤᠮ ᠤᠩᠰᠢᠯᠭ᠎ᠠ ᠪᠠᠨ ᠨᠡᠮᠡᠭᠳᠡᠭᠦᠯᠬᠦ ᠵᠢ ᠵᠣᠷᠢᠭ᠍ᠵᠢᠭᠤᠯᠳᠠᠭ᠂ ᠪᠢ ᠡᠳᠦᠷ ᠲᠤᠲᠤᠮ᠎ᠤᠨ ᠠᠮᠢᠳᠤᠷᠠᠯ ᠳᠤᠮᠳᠠ ᠪᠤᠳᠤᠭᠰᠠᠨ ᠰᠠᠨᠠᠭᠰᠠᠨ ᠵᠦᠢᠯ ᠵᠢᠡᠨ ᠲᠡᠮᠳᠡᠭᠯᠡᠵᠦ᠂ ᠵᠠᠷᠢᠮ᠎ᠳᠠᠭᠠᠨ ᠵᠣᠬᠢᠶᠠᠯ ᠪᠦᠲᠦᠭᠡᠯ ᠢ᠋ᠶ᠋ᠡᠨ ᠰᠣᠨᠢᠨ ᠰᠡᠳᠬᠦᠯ᠎ᠳᠦ ᠢᠯᠡᠬᠡᠳᠡᠭ》 ᠭᠡᠵᠦ ᠵᠤᠤ ᠹᠧᠢ ᠷᠠᠨ ᠬᠡᠯᠡᠨ᠎ᠠ᠃

ᠬᠠᠢᠷᠤᠪ᠎ᠤᠨ ᠲᠣᠬᠣᠢ ᠲᠣᠭᠣᠷᠢᠭ᠋᠎ᠤᠨ ᠲᠠᠪᠤᠳᠤᠭᠠᠷ ᠪᠠᠭ᠎ᠠ ᠰᠤᠷᠭᠠᠭᠤᠯᠢ᠎ᠶᠢᠨ ᠬᠢᠴᠢᠶᠡᠯ ᠬᠥᠮᠦᠵᠢᠯ᠎ᠦᠨ ᠡᠷᠬᠢᠯᠡᠭᠴᠢ ᠵᠤᠤ ᠨᠠᠨ᠂ ᠪᠢᠳᠡ ᠦᠷᠭᠦᠯᠵᠢ ᠨᠣᠮ ᠤᠩᠰᠢᠯᠭ᠎ᠠ᠂ ᠰᠢᠯᠦᠭ ᠳᠠᠭᠤᠯᠠᠯ᠎ᠤᠨ ᠬᠤᠷᠠᠯ᠂ ᠬᠡᠯᠡ ᠪᠢᠴᠢᠭ᠎ᠦᠨ ᠨᠠᠢᠷ ᠵᠡᠷᠭᠡ ᠠᠵᠢᠯᠯᠠᠭ᠎ᠠ ᠥᠷᠨᠢᠭᠦᠯᠵᠦ᠂ ᠰᠤᠷᠤᠭ᠍ᠴᠢᠳ᠎ᠤᠨ ᠤᠩᠰᠢᠬᠤ ᠴᠢᠳᠠᠪᠤᠷᠢ ᠪᠣᠯᠣᠨ ᠵᠣᠬᠢᠶᠠᠨ ᠪᠢᠴᠢᠬᠦ ᠴᠢᠳᠠᠪᠤᠷᠢ᠎ᠶᠢ ᠳᠡᠭᠡᠭᠰᠢᠯᠡᠭᠦᠯᠵᠦ᠂ ᠬᠡᠦᠬᠡᠳ᠎ᠤᠳ᠎ᠤᠨ ᠤᠯᠤᠰ᠎ᠤᠨ ᠨᠡᠢᠳᠡᠮ ᠭᠡᠷᠡᠭᠯᠡᠬᠦ ᠦᠭᠡ ᠬᠡᠯᠡ ᠪᠡᠷ ᠰᠠᠢᠲᠤᠷ ᠶᠠᠷᠢᠵᠦ᠂ ᠳᠦᠷᠢᠮᠵᠢᠭᠰᠡᠨ ᠦᠰᠦᠭ ᠪᠢᠴᠢᠭ᠎ᠢ ᠰᠠᠢᠲᠤᠷ ᠪᠢᠴᠢᠭᠦ ᠵᠢ ᠴᠢᠩᠭᠠᠳᠬᠠᠵᠤ ᠪᠠᠢᠨ᠎ᠠ  ᠭᠡᠵᠦ ᠰᠤᠷᠪᠤᠯᠵᠢᠯᠠᠭᠴᠢ ᠳ᠋ᠤ ᠬᠡᠯᠡᠪᠡ᠃ ᠴᠢ ᠬᠤᠤ ᠪᠣᠯ ᠬᠠᠢᠷᠤᠪ᠎ᠤᠨ ᠲᠣᠬᠣᠢ ᠲᠣᠭᠣᠷᠢᠭ᠋᠎ᠤᠨ ᠪᠢᠨ ᠡᡁᠧ ᠪᠠᠭ᠎ᠠ ᠰᠤᠷᠭᠠᠭᠤᠯᠢ᠎ᠶᠢᠨ ᠪᠠᠭ᠍ᠰᠢ ᠪᠥᠭᠡᠳ ᠪᠠᠭ᠍ᠰᠢ᠎ᠶᠢᠨ ᠳᠤᠭᠤᠢᠯᠠᠩ᠎ᠤᠨ ᠤᠷᠤᠯᠳᠤᠭᠠᠨ᠎ᠳᠤ ᠤᠷᠤᠯᠴᠠᠭᠴᠢ ᠮᠦᠨ᠃ ᠡᠳᠦᠷ ᠲᠤᠳᠤᠮ᠎ᠤᠨ ᠵᠢᠭᠠᠨ ᠰᠤᠷᠭᠠᠯᠲᠠ᠎ᠲᠤᠮᠳᠠ ᠲᠡᠷᠡ ᠪᠡᠶ᠎ᠡ᠎ᠪᠡᠷ᠎ᠢᠶᠡᠨ ᠬᠡᠪ ᠳᠦᠷᠢᠮ ᠦᠵᠡᠬᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠪᠡᠷ  ᠶᠠᠷᠢᠵᠤ᠂ ᠳᠦᠷᠢᠮᠵᠢᠭᠰᠡᠨ ᠦᠰᠦᠭ ᠪᠢᠴᠢᠭ᠎ᠢ ᠰᠠᠢᠳᠤᠷ ᠪᠢᠴᠢᠳᠡᠭ᠃ 《ᠤᠷᠤᠯᠳᠤᠭᠠᠨ᠎ᠳᠤ ᠤᠷᠤᠯᠴᠠᠭᠠᠳ ᠪᠢ ᠮᠠᠰᠢ ᠪᠠᠶᠠᠷᠳᠠᠢ ᠪᠠᠢᠨ᠎ᠠ᠂ ᠡᠯᠡᠰᠦᠨ ᠵᠢᠷᠤᠭ᠎ᠢ᠋ ᠦᠵᠡᠵᠦ ᠬᠠᠷᠠᠭᠠᠯᠵᠠᠭᠰᠠᠨ ᠰᠢᠯᠦᠭ ᠳᠠᠭᠤᠯᠠᠯ ᠪᠢᠴᠢᠵᠦ᠂ ᠮᠡᠳᠡᠯᠭᠡ᠎ᠶᠢᠨ ᠨᠥᠭᠡᠴᠡ ᠪᠡᠨ ᠰᠢᠯᠭᠠᠭᠰᠠᠨ ᠪᠠᠢᠨ᠎ᠠ᠂ ᠤᠷᠤᠯᠳᠤᠭᠠᠨ ᠵᠢᠡᠷ ᠲᠠᠮᠵᠢᠨ ᠳᠤᠮᠳᠠᠳᠤ ᠵᠢᠨ ᠰᠢᠯᠦᠭ ᠳᠠᠭᠤᠯᠠᠯ᠎ᠤᠨ ᠰᠣᠶᠣᠯ᠎ᠳᠤ ᠨᠡᠩ ᠭᠦᠨᠵᠡᠭᠡᠢ ᠲᠠᠨᠢᠯᠲᠠ᠎ᠲᠠᠢ ᠪᠣᠯᠵᠠᠢ》 ᠬᠡᠵᠦ ᠴᠢ ᠬᠤᠤ ᠢᠯᠡᠳᠬᠡᠪᠡ᠃ ᠳᠡᠷᠡ᠂ ᠬᠤᠢᠰᠢᠳᠠ ᠵᠢᠨ ᠵᠢᠭᠠᠨ ᠰᠤᠷᠭᠠᠯᠲᠠ᠎ᠶᠢᠨ ᠳᠤᠮᠳᠠ ᠪᠠᠨ ᠣᠯᠠᠨ ᠶᠠᠩᠵᠤ᠎ᠶᠢᠨ ᠵᠢᠭᠠᠨ ᠰᠤᠷᠭᠠᠯᠲᠠ᠎ᠶᠢᠨ ᠠᠷᠭ᠎ᠠ ᠮᠠᠶᠢᠭ᠎ᠢ ᠬᠡᠷᠡᠭᠯᠡᠵᠦ᠂ ᠰᠤᠷᠤᠭ᠍ᠴᠢᠳ᠎ᠤᠨ ᠰᠠᠢᠨ ᠰᠠᠢᠬᠠᠨ ᠪᠢᠴᠢᠯᠭᠡ᠎ᠶᠢᠨ ᠳᠠᠳᠬᠠᠯ᠎ᠢ ᠬᠦᠮᠦᠵᠢᠬᠦᠯᠵᠦ᠂ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠤᠨ ᠢᠯᠡᠳᠬᠡᠬᠦ ᠴᠢᠳᠠᠪᠤᠷᠢ ᠪᠠ ᠬᠡᠷᠡᠭᠯᠡᠬᠦ ᠴᠢᠳᠠᠪᠤᠷᠢ᠎ᠶᠢ ᠳᠡᠭᠡᠭᠰᠢᠯᠡᠭᠦᠯᠦᠨ᠎ᠡ ᠬᠡᠵᠦ ᠪᠠᠢᠯ᠎ᠠ᠃

ᠬᠠᠢᠷᠤᠪ᠎ᠤᠨ ᠲᠣᠬᠣᠢ ᠲᠣᠭᠣᠷᠢᠭ᠋᠎ᠤᠨ ᠰᠤᠷᠭᠠᠨ ᠬᠥᠮᠦᠵᠢᠯ᠎ᠦᠨ ᠲᠣᠪᠴᠢᠶ᠎ᠠ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠴᠡ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠲᠤᠷ ᠰᠤᠷᠤᠯᠴᠠᠬᠤ ᠨᠢ ᠰᠤᠷᠤᠭ᠍ᠴᠢᠳ᠎ᠤᠨ ᠰᠣᠶᠣᠯ᠎ᠤᠨ ᠢᠲᠡᠭᠡᠯ᠎ᠢ ᠴᠢᠩᠭᠠᠳᠬᠠᠬᠤ ᠪᠠ ᠬᠡᠯᠡ ᠪᠢᠴᠢᠭ᠎ᠦᠨ ᠬᠡᠪ ᠪᠣᠯᠪᠠᠰᠤᠷᠠᠯ᠎ᠢ ᠲᠡᠭᠡᠭᠰᠢᠯᠡᠭᠦᠯᠭᠦ ᠎ᠳᠦ ᠴᠢᠬᠤᠯᠠ ᠠᠴᠢ ᠬᠣᠯᠪᠣᠭᠳᠠᠯ᠎ᠲᠠᠢ ᠶᠤᠮ᠃ ᠲᠣᠰ ᠤᠳᠠᠭᠠᠨ᠎ᠤ ᠤᠷᠤᠯᠳᠤᠭᠠᠨ ᠨᠢ ᠪᠠᠭ᠍ᠰᠢ ᠰᠤᠷᠤᠭ᠍ᠴᠢᠳ᠎ᠲᠤ ᠠᠪᠢᠶᠠᠰ ᠴᠢᠳᠠᠪᠤᠷᠢ᠎ᠪᠠᠨ ᠢᠯᠡᠷᠡᠬᠦᠯᠬᠦ ᠲᠠᠪᠴᠠᠩ ᠬᠠᠩᠭᠠᠭᠰᠠᠨ᠎ᠢᠶᠠᠷ ᠪᠠᠷᠠᠬᠤ ᠦᠭᠡᠢ᠂ ᠨᠠᠩ ᠴᠤ᠌ ᠵᠠᠯᠠᠭᠤᠴᠤᠳ ᠪᠠᠭᠠᠴᠤᠳ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠢ ᠰᠠᠢᠲᠤᠷ ᠰᠤᠷᠴᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠬᠠᠯᠠᠭᠤᠨ ᠰᠡᠳᠬᠢᠯᠭᠡ᠎ᠶᠢ ᠬᠥᠭᠵᠢᠭᠡᠭᠰᠡᠨ ᠪᠠᠢᠨ᠎ᠠ᠃ ᠳᠠᠷᠠᠭᠠᠴᠢ ᠪᠡᠷ᠂ ᠬᠠᠢᠷᠤᠪ᠎ᠤᠨ ᠲᠣᠬᠣᠢ ᠲᠣᠭᠣᠷᠢᠭ᠋᠎ᠤᠨ ᠬᠢᠨ ᠰᠣᠨᠣᠰᠴᠤ ᠪᠢᠴᠢᠬᠦ ᠤᠷᠤᠯᠳᠤᠭᠠᠨ᠂ ᠰᠢᠯᠦᠭ ᠳᠠᠭᠤᠯᠠᠯ᠎ᠤᠨ ᠶᠡᠬᠡ ᠬᠤᠷᠠᠯ ᠵᠡᠷᠭᠡ ᠤᠯᠠᠨ ᠬᠡᠯᠪᠡᠷᠢ᠎ᠶᠢᠨ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠵᠦ᠂ ᠰᠤᠷᠭᠠᠨ ᠬᠥᠮᠦᠵᠢᠯ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦ ᠨᠡᠮᠡᠷᠢᠯᠡᠨ᠎ᠡ ᠬᠡᠵᠦ ᠢᠯᠡᠳᠬᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号