ᠪᠥᠬᠥ᠌ ᠪᠥᠮᠪᠥᠷᠴᠡᠭ᠎ᠦᠨ ᠠᠩᠬᠠᠳᠠᠭ᠍ᠴᠢ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ᠎ᠤ ᠠᠵᠢᠯ ᠲᠥᠷᠥᠯ᠎ᠦᠨ ᠴᠡᠪᠡᠷ ᠨᠡᠭᠦᠷᠡᠰᠦᠲᠥ᠋ᠷᠥᠭ᠌ᠴᠢ᠎ᠶ᠋ᠢᠨ ᠦᠶ᠋ᠯᠡᠳᠪᠦᠷᠢ ᠪᠣᠯᠤᠭ᠍ᠰᠠᠨ᠎ᠤ ᠬᠤᠪᠢ᠎ᠳᠤ᠂ ᠨᠢᠭᠡᠨᠲᠡ 20000 ᠲᠣᠨᠦ ᠳᠡᠭᠡᠳᠦ ᠴᠢᠳᠠᠪᠬᠢᠲᠤ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯᠦᠶ᠋ᠯᠡᠳᠪᠦᠷᠢᠯᠡᠬᠦ᠌ ᠴᠢᠳᠠᠪᠤᠷᠢ᠎ᠶ᠋ᠢ ᠪᠦᠷᠢᠯᠳᠦᠭᠦᠯᠦᠭ᠌ᠰᠡᠨ ᠰᠠᠭᠤᠷᠢᠨ ᠳᠡᠭᠡᠷ᠎ᠡ᠂ ᠣᠢᠷ᠎ᠠ᠎ᠳᠤ᠎ᠶ᠋ᠢᠨ ᠯᠢ ᠲᠣᠭ᠍ᠲᠠᠮᠠᠯ ᠰᠣᠷᠢᠨᠵᠢᠨ (ᠪᠤᠭᠤᠲᠤ) ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠭᠤᠷᠪᠠᠳᠤᠭᠠᠷ ᠬᠤᠭᠤᠴᠠᠭᠠᠨ᠎ᠤ ᠵᠢᠯ᠎ᠳᠦ 20000 ᠲᠣᠨᠦ ᠳᠡᠭᠡᠳᠦ ᠴᠢᠳᠠᠪᠬᠢᠲᠤ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ ᠪᠣᠬᠢᠷᠲᠤᠯ ᠥᠬᠡᠶ ᠣᠶᠤᠨᠴᠢ ᠦᠶ᠋ᠯᠡᠳᠬᠦ᠌ ᠲᠥᠷᠥᠯ ᠵᠦᠶ᠋ᠯ᠎ᠢ ᠪᠤᠭᠤᠲᠤ᠎ᠳᠤ ᠡᠬᠢᠯᠡᠭᠦᠯᠪᠡ᠃
ᠣᠢᠯᠠᠭᠠᠭ᠍ᠰᠠᠨ᠎ᠢᠶᠠᠷ᠂ ᠲᠣᠰ ᠲᠥᠷᠥᠯ ᠵᠦᠶ᠋ᠯ᠎ᠨᠢ ᠲᠡᠷᠢᠭᠦᠨ᠎ᠦ ᠣᠶᠤᠨᠴᠢᠯᠠᠭ᠍ᠰᠠᠨ ᠦᠶ᠋ᠯᠡᠳᠪᠦᠷᠢᠯᠡᠯ᠎ᠦᠨ ᠤᠷ᠎ᠠ ᠮᠡᠷᠭᠡᠱᠢᠯ ᠬᠢᠭᠡᠳ ᠪᠥᠬᠥ᠌ ᠶᠠᠪᠤᠴᠠ᠎ᠶ᠋ᠢᠨ ᠲᠣᠭᠠᠴᠢᠯᠠᠭ᠍ᠰᠠᠨ ᠬᠠᠮᠢᠶᠠᠷᠤᠨ ᠡᠵᠡᠮᠳᠡᠬᠦ᠌ ᠱᠢᠰᠲ᠋ᠧᠮ᠎ᠢ ᠬᠤᠷᠠᠭᠤᠯᠵᠤ᠂ ᠭᠤᠤᠯᠳᠠᠭᠤ ᠳᠡᠭᠡᠳᠦ ᠴᠢᠳᠠᠪᠬᠢᠲᠤ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ ᠪᠣᠬᠢᠷᠲᠤᠯ ᠥᠬᠡᠶ ᠣᠶᠤᠨᠴᠢ ᠦᠶ᠋ᠯᠡᠳᠬᠦ᠌ ᠦᠶ᠋ᠯᠡᠳᠪᠦᠷᠢᠯᠡᠯ᠎ᠦᠨ ᠱᠤᠭᠤᠮ᠂ ᠦᠶ᠋ᠯᠡᠳᠪᠦᠷᠢᠯᠡᠯ᠎ᠦᠨ ᠲᠠᠰᠤᠭ᠎ᠢ ᠪᠠᠢᠭᠤᠯᠤᠨ᠎ᠠ᠂ ᠲᠤᠬᠠᠶ᠎ᠶ᠋ᠢᠨ ᠦᠶ᠎ᠡ᠎ᠳᠦ᠂ ᠵᠢᠨ ᠯᠢ ᠲᠣᠭ᠍ᠲᠠᠮᠠᠯ ᠰᠣᠷᠢᠨᠵᠢᠨ᠎ᠤ ᠪᠤᠭᠤᠲᠤ᠎ᠶ᠋ᠢᠨ ᠰᠠᠭᠤᠷᠢᠨ᠎ᠤ᠋ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ ᠵᠢᠯ᠎ᠦᠨ ᠦᠶ᠋ᠯᠡᠳᠪᠦᠷᠢᠯᠡᠬᠦ᠌ ᠴᠢᠳᠠᠪᠤᠷᠢ᠎ᠨᠢ 4 ᠲᠦᠮᠡᠨ ᠲᠣᠨ᠎ᠳᠤ ᠬᠦᠷᠴᠦ᠍ ᠂ ᠲᠡᠭᠦᠨ᠎ᠦ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠤᠨ ᠦᠶ᠋ᠯᠡᠳᠪᠦᠷᠢᠯᠡᠯ᠎ᠦᠨ ᠰᠠᠭᠤᠷᠢᠨ᠎ᠤ ᠪᠠᠢᠷᠢ ᠰᠠᠭᠤᠷᠢᠨ᠎ᠢ ᠤᠯᠠᠮ ᠨᠢᠭᠡ ᠠᠯᠬᠤᠮ ᠪᠡᠬᠢᠵᠢᠬᠦᠯᠬᠦ ᠪᠣᠯᠤᠨ᠎ᠠ᠃
ᠨᠧᠦᠳᠢᠮ ᠲᠡᠮᠦᠷ ᠪᠣᠷ ᠪᠣᠯ ᠨᠢᠭᠡ ᠵᠦᠢᠯ᠎ᠦᠨ ᠬᠣᠪᠣᠷ ᠱᠢᠷᠣᠢ᠎ᠶ᠋ᠢᠨ ᠡᠯᠧᠮᠧᠨ᠋ᠲ᠎ᠢ ᠨᠡᠮᠡᠭ᠌ᠰᠡᠨ ᠱᠢᠨ᠎ᠡ ᠮᠠᠲ᠋ᠧᠷᠢᠶᠠᠯ ᠪᠣᠯᠤᠨ᠎ᠠ᠂ ᠱᠢᠯᠢᠳᠡᠭ ᠰᠣᠷᠢᠨᠵᠢᠨ ᠴᠢᠨᠠᠷ᠎ᠡᠴᠡ ᠨᠢ ᠪᠣᠯᠵᠤ 《ᠰᠣᠷᠢᠨᠵᠢᠨᠦ ᠸᠠᠩ》 ᠬᠡᠮᠡᠭ᠌ᠳᠡᠵᠦ᠍᠂ ᠳᠣᠣᠷ᠎ᠠ ᠤᠷᠤᠰᠭᠠᠯ᠎ᠤᠨ ᠬᠡᠷᠡᠭ᠌ᠯᠡᠭᠡᠨ᠎ᠦ ᠣᠷᠣᠨ ᠵᠠᠢ ᠨᠢ ᠥᠷᠭᠡᠨ ᠠᠭᠤᠳᠠᠮ ᠪᠠᠢᠳᠠᠭ᠃ ᠱᠢᠨ᠎ᠡ ᠡᠨᠧᠷᠭᠢ᠎ᠶ᠋ᠢᠨ ᠰᠤᠷᠪᠤᠯᠵᠢ᠂ ᠡᠨᠧᠷᠭᠢ ᠠᠷᠪᠢᠯᠠᠵᠤ ᠣᠷᠴᠢᠨ ᠠᠬᠤᠢ᠎ᠶ᠋ᠢ ᠬᠠᠮᠠᠭᠠᠯᠠᠬᠤ ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭᠰᠠᠨ ᠠᠵᠤ ᠦᠢᠯᠡᠰ᠎ᠦᠨ ᠬᠥᠭ᠌ᠵᠢᠯᠲᠡ ᠵᠦᠭ ᠬᠦᠴᠦᠯᠡᠵᠦ᠂ ᠵᠢᠨ ᠯᠢ ᠲᠣᠭ᠍ᠲᠠᠮᠠᠯ ᠰᠣᠷᠢᠨᠵᠢᠨ ᠤᠯᠠᠨ ᠤᠯᠤᠰᠴᠢᠯᠠᠭ᠍ᠰᠠᠨ ᠰᠤᠳᠤᠯᠤᠨ ᠨᠡᠭᠡᠭᠡᠬᠦ᠌ ᠱᠢᠰᠲ᠋ᠧᠮ᠎ᠢ ᠪᠠᠢᠭᠤᠯᠵᠤ᠂ ᠲᠠᠯᠠᠰᠲᠤ᠎ᠶ᠋ᠢᠨ ᠵᠠᠭᠠᠭᠲᠠᠬᠢ ᠨᠡᠪᠴᠢᠯᠲᠡ᠂ ᠨᠠᠷᠢᠯᠢᠭ ᠲᠠᠯᠠᠰᠲᠤ᠂ ᠨᠢᠭᠡ ᠤᠳᠠᠭ᠎ᠠ᠎ᠳᠤ ᠬᠡᠯᠪᠡᠷᠢᠵᠢᠭᠦ᠂ ᠢᠳᠡᠭ᠌ᠳᠡᠯ᠎ᠳᠤ ᠳᠠᠭᠠᠭᠠᠮᠠᠭᠠᠢ ᠱᠢᠨ᠎ᠡ ᠬᠡᠯᠪᠡᠷᠢ᠎ᠶ᠋ᠢᠨ ᠲᠦᠷᠬᠢᠮᠡᠯ ᠳᠠᠪᠬᠤᠷᠭ᠎ᠠ ᠵᠡᠷᠭᠡ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠥᠮᠴᠢᠯᠡᠯ᠎ᠤᠨ ᠡᠷᠬᠡ᠎ᠲᠡᠶ ᠨᠢᠭᠡ ᠪᠦᠯᠦᠭ ᠭᠣᠣᠯᠯᠠᠬᠤ ᠮᠡᠷᠭᠡᠵᠢᠯ᠎ᠢ ᠨᠡᠭᠡᠭᠡᠨ ᠬᠥᠭ᠌ᠵᠢᠭᠦᠯᠦᠭᠡᠳ᠂ ᠬᠦᠴᠦᠷᠬᠡᠭ ᠶᠡᠬᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢ᠎ᠳᠠᠭᠠᠨ ᠲᠦᠱᠢᠭ᠌ᠯᠡᠨ᠂ ᠺᠣᠮᠫᠠᠨᠢ ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠮᠠᠰᠢ ᠤᠯᠠᠨ ᠳᠡᠭᠡᠳᠦ ᠲᠡᠰ᠎ᠤᠨ ᠬᠡᠷᠡᠭᠯᠡᠭᠴᠢᠳ᠎ᠤᠨ ᠬᠦᠷᠢᠶᠡᠯᠡᠯ᠎ᠢ ᠣᠯᠵᠤ ᠂ ᠰᠠᠯᠬᠢᠨ᠎ᠤ ᠬᠦᠴᠦ᠍᠎ᠪᠡᠷ ᠴᠠᠬᠢᠯᠭᠠᠨ ᠭᠠᠷᠭᠠᠬᠤ ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠡᠨᠧᠷᠭᠢ ᠠᠷᠪᠢᠯᠠᠬᠤ ᠳᠠᠪᠲᠠᠮᠵᠢ ᠬᠤᠪᠢᠷᠠᠭᠤᠯᠬᠤ ᠠᠭᠠᠷ ᠲᠤᠬᠢᠷᠠᠭᠤᠯᠤᠭᠤᠷᠤᠨ ᠬᠦᠷᠢᠶᠡᠨ᠎ᠳᠡᠬᠢ ᠲᠡᠷᠢᠭᠦᠨ᠎ᠦ ᠰᠣᠷᠢᠨᠵᠢᠨ ᠪᠤᠯᠤᠳ᠎ᠤᠨ ᠬᠠᠩᠭᠠᠯᠭ᠎ᠠ᠎ᠶ᠋ᠢᠨ ᠬᠤᠳᠠᠯᠳᠤᠭᠠᠴᠢᠨ ᠪᠣᠯᠪᠠ᠃
ᠵᠢᠨ ᠯᠢ ᠲᠣᠭ᠍ᠲᠠᠮᠠᠯ ᠰᠣᠷᠢᠨᠵᠢᠨ ᠪᠣᠯ ᠪᠤᠭᠤᠲᠤ᠎ᠶ᠋ᠢᠨ ᠱᠢᠨ᠎ᠡ᠎ᠶ᠋ᠢ ᠡᠭᠦᠳᠬᠦ᠌᠎ᠪᠡᠷ ᠠᠵᠤ ᠦᠢᠯᠡᠰ᠎ᠢ ᠬᠦᠳᠦᠯᠦᠨ ᠳᠠᠭᠠᠭᠤᠯᠵᠤ ᠪᠣᠬᠢᠷᠲᠤᠯ ᠦᠭᠡᠢ ᠳᠡᠭᠡᠳᠦ ᠲᠦᠪᠱᠢᠨ ᠲᠡᠢᠰᠢ ᠤᠷᠤᠭ᠍ᠰᠢᠯᠠᠭ᠍ᠰᠠᠨ ᠠᠮᠢᠳᠤᠯᠢᠭ ᠦᠯᠢᠭᠡᠷ ᠬᠡᠪ ᠪᠣᠯᠤᠨ᠎ᠠ᠃
ᠡᠬᠢ ᠪᠠᠶᠠᠯᠢᠭ ᠪᠣᠯ ᠳᠠᠷᠤᠢ ᠡᠳ᠋ ᠪᠠᠶᠠᠯᠢᠭ ᠮᠥᠨ᠂ ᠪᠤᠬᠢᠷᠲᠤᠯ ᠦᠭᠡᠢ ᠪᠣᠯ ᠳᠠᠷᠤᠢ ᠦᠢᠯᠡᠳᠪᠦᠷᠢᠯᠡᠯ᠎ᠦᠨ ᠬᠦᠴᠦᠨ ᠮᠥᠨ᠃ ᠣᠢᠷ᠎ᠠ᠎ᠶ᠋ᠢᠨ ᠬᠣᠶᠠᠷ ᠵᠢᠯ᠎ᠳᠦ᠂ ᠪᠤᠭᠤᠲᠤ ᠬᠣᠲᠠ《ᠬᠣᠶᠠᠷ ᠬᠣᠪᠣᠷ ᠱᠢᠷᠣᠶ᠎ᠶ᠋ᠢᠨ ᠰᠠᠭᠤᠷᠢᠨ》 ᠤ᠋ ᠪᠥᠲᠥᠭᠡᠨ ᠪᠠᠢᠭᠤᠯᠤᠯᠲᠠ᠎ᠶ᠋ᠢᠨ ᠠᠱᠢᠭ᠍ᠲᠠᠶ ᠠᠵᠠ ᠲᠣᠬᠢᠶᠠᠯ᠎ᠢ ᠴᠢᠩᠭ᠎ᠠ ᠠᠳᠭᠤᠵᠤ᠂ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ᠂ ᠮᠡᠷᠭᠡᠵᠢᠯ᠎ᠦᠨ ᠵᠢᠯᠣᠭᠣᠳᠣᠯᠭ᠎ᠠ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠠᠵᠤ ᠠᠬᠤᠢᠯᠠᠯ᠎ᠤᠨ ᠥᠪᠡᠷ᠎ᠦᠨ ᠥᠷᠲᠡᠭ᠎ᠢᠶᠡᠨ ᠪᠠᠭᠤᠷᠠᠭᠤᠯᠤᠨ ᠦᠷ᠎ᠡ ᠠᠱᠢᠭ᠎ᠢᠶᠠᠨ ᠨᠡᠮᠡᠭ᠌ᠳᠡᠭᠦᠯᠬᠦ᠌᠎ᠳᠦ ᠬᠦᠴᠦᠨ ᠨᠡᠮᠡᠷᠢᠯᠡᠵᠦ᠍᠂ ᠪᠣᠬᠢᠷᠲᠤᠯ ᠥᠬᠡᠶ ᠥᠷᠢᠰᠥᠯᠳᠦᠬᠦ᠌ ᠬᠦᠴᠦᠨ᠎ᠢᠶᠡᠨ ᠳᠡᠭᠡᠭ᠌ᠰᠢᠯᠡᠭᠦᠯᠪᠡ; ᠠᠵᠤ ᠠᠬᠤᠢᠯᠠᠯ᠎ᠤᠨ ᠪᠣᠬᠢᠷᠲᠤᠯ ᠥᠬᠡᠶ ᠦᠶ᠋ᠯᠡᠳᠬᠦ᠌ ᠦᠶ᠋ᠯᠡᠰ᠎ᠲᠦ ᠣᠷᠣᠯᠴᠠᠬᠤ᠎ᠶ᠋ᠢ ᠵᠣᠷᠢᠭ᠍ᠵᠢᠭᠤᠯᠤᠨ ᠳᠡᠮᠵᠢᠵᠦ᠍᠂ ᠪᠣᠬᠢᠷᠲᠤᠯ ᠥᠬᠡᠶ ᠦᠶ᠋ᠯᠡᠳᠬᠦ᠌ ᠱᠢᠰᠲ᠋ᠧᠮ᠎ᠤᠨ ᠪᠠᠢᠭᠤᠯᠤᠯᠲᠠ᠎ᠶ᠋ᠢ ᠦᠷᠭᠦᠯᠵᠢᠯᠡᠨ ᠲᠡᠭᠦᠯᠳᠡᠷᠵᠢᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠡᠭᠡᠳᠦ ᠳᠤᠤᠷᠠᠳᠤ ᠤᠷᠤᠰᠬᠠᠯ᠎ᠤᠨ ᠪᠣᠬᠢᠷᠲᠤᠯ ᠥᠬᠡᠶ ᠬᠥᠭ᠌ᠵᠢᠯᠲᠡ᠎ᠶ᠋ᠢᠨ ᠤᠢᠯᠠᠭᠠᠭᠳᠠᠬᠤᠨ᠎ᠢ ᠬᠠᠮᠵᠢᠯᠴᠠᠨ ᠦᠶ᠋ᠯᠡᠳᠦᠯᠭᠡᠵᠢᠭᠦᠯᠬᠦ᠌᠎ᠶ᠋ᠢ ᠠᠬᠢᠭᠤᠯᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠢ ᠠᠵᠤ ᠦᠶ᠋ᠯᠡᠰ᠎ᠦᠨ ᠬᠡᠯᠬᠢᠶ᠎ᠡ᠎ᠶ᠋ᠢᠨ ᠦᠵᠦᠭᠦᠷᠯᠢᠭ ᠳᠠᠢᠰᠢ ᠲᠡᠪᠰᠢᠬᠦ ᠶ᠋ᠢ ᠲᠦᠷᠭᠡᠳᠭᠡᠨ ᠠᠬᠢᠭᠤᠯᠪᠠ᠃
ᠪᠤᠭᠤᠲᠤ᠎ᠶ᠋ᠢᠨ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ᠎ᠤ ᠠᠵᠤ ᠦᠶ᠋ᠯᠡᠰ᠎ᠦᠨ ᠭᠤᠤᠯᠯᠠᠭ᠍ᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠪᠤᠭᠤᠲᠤ᠎ᠶ᠋ᠢᠨ ᠶᠢᠩ ᠰᠧ ᠲᠧ ᠬᠣᠪᠣᠷ ᠰᠣᠷᠢᠨᠵᠢᠨ᠎ᠤ ᠱᠢᠨ᠎ᠡ ᠮᠠᠲ᠋ᠧᠷᠢᠶᠠᠯ᠎ᠤᠨ ᠬᠤᠪᠢᠴᠠᠭᠠᠲᠤ ᠬᠢᠵᠠᠭᠠᠷᠲᠤ ᠺᠣᠮᠫᠠᠨᠢ᠎ᠨᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ ᠪᠣᠯ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠭᠤᠤᠯᠯᠠᠬᠤ ᠬᠥᠳᠡᠯᠭᠡᠬᠦ᠌ ᠬᠦᠴᠦᠨ ᠮᠥᠨ ᠭᠡᠳᠡᠭ᠎ᠢ ᠭᠦᠨᠵᠡᠭᠡᠶ ᠣᠢᠯᠠᠭᠠᠵᠤ᠂ 200 ᠭᠠᠷᠤᠶ ᠰᠤᠳᠤᠯᠤᠨ ᠨᠡᠭᠡᠭᠡᠬᠦ᠌ ᠠᠵᠢᠯᠲᠠᠨ᠎ᠢᠶᠠᠷ ᠪᠦᠷᠢᠯᠳᠦᠭ᠌ᠰᠡᠨ ᠱᠢᠯᠢᠳᠡᠭ ᠪᠦᠯᠬᠦᠮ᠎ᠦᠨ ᠬᠢᠨ ᠰᠣᠷᠢᠨᠵᠢᠨ ᠵᠠᠮ᠎ᠤᠨ ᠵᠢᠷᠤᠭ ᠲᠥᠯᠥᠪᠯᠡᠭᠡ᠂ ᠨᠠᠷᠢᠯᠢᠭ ᠡᠳ᠋ᠱᠢᠭᠦᠯᠦᠯᠲᠡ ᠵᠡᠷᠭᠡ ᠵᠠᠩᠭᠢᠯᠠᠭ᠎ᠠ᠎ᠶ᠋ᠢᠨ ᠬᠦᠷᠢᠶᠡᠨ᠎ᠳᠦ ᠦᠷᠭᠦᠯᠵᠢᠯᠡᠨ ᠬᠦᠴᠦᠯᠡᠵᠦ᠍᠂ ᠠᠵᠤ ᠠᠬᠤᠢᠯᠠᠯ᠎ᠤᠨ ᠲᠥᠬᠥᠭᠡᠷᠦᠮᠵᠢ᠎ᠶ᠋ᠢᠨ ᠠᠵᠢᠯᠯᠠᠭ᠎ᠠ᠎ᠨᠢ ᠠᠦ᠋ᠲ᠋ᠣ᠋ ᠬᠢᠨᠠᠨ ᠡᠵᠡᠮᠳᠡᠬᠦ᠌᠂ ᠬᠡᠮ ᠰᠣᠭᠣᠭ᠎ᠢ ᠤᠷᠢᠳᠴᠢᠯᠠᠨ ᠰᠡᠷᠡᠮᠵᠢᠯᠡᠭᠦᠯᠵᠦ᠍ ᠰᠡᠯᠪᠢᠨ ᠵᠠᠰᠠᠬᠤ᠂ ᠦᠶ᠋ᠯᠡᠳᠪᠦᠷᠢᠯᠡᠯ᠎ᠦᠨ ᠬᠠᠮᠢᠶᠠᠷᠤᠯᠲᠠ᠎ᠶ᠋ᠢ ᠱᠢᠯᠢᠳᠡᠭ᠌ᠵᠢᠭᠦᠯᠬᠦ᠌᠂ ᠬᠠᠮᠵᠢᠯᠴᠠᠨ ᠵᠢᠷᠤᠵᠤ ᠲᠥᠯᠥᠪᠯᠡᠨ ᠦᠶ᠋ᠯᠡᠳᠬᠦ᠌᠂ ᠡᠨᠧᠷᠭᠢ ᠠᠷᠪᠢᠯᠠᠵᠤ ᠬᠣᠷᠣᠭ᠍ᠳᠠᠯ᠎ᠢ ᠪᠠᠭᠠᠰᠭᠠᠬᠤ᠂ ᠦᠶ᠋ᠯᠡᠳᠬᠦᠨ᠎ᠦ ᠶᠠᠰᠤ ᠴᠢᠨᠠᠷ᠎ᠢ ᠮᠥᠷᠳᠡᠬᠦ᠌ ᠵᠡᠷᠭᠡ ᠬᠠᠷᠠᠯᠲᠠ᠎ᠶ᠋ᠢ ᠪᠡᠶᠡᠯᠡᠭᠦᠯᠬᠦ᠌᠎ᠶ᠋ᠢ ᠲᠦᠷᠭᠡᠳᠭᠡᠨ ᠠᠬᠢᠭᠤᠯᠵᠤ᠂ ᠠᠵᠤ ᠠᠬᠤᠢᠯᠠᠯ᠎ᠤᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠱᠢᠨ᠎ᠡ ᠵᠠᠭ᠍ᠪᠤᠷ᠎ᠢ ᠴᠣᠭ᠍ᠴᠠᠯᠠᠬᠤ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠪᠠ᠃
ᠪᠤᠭᠤᠲᠤ᠎ᠶ᠋ᠢᠨ ᠲᠢᠶᠠᠨ ᠾᠧ ᠰᠣᠷᠢᠨᠵᠢᠨ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠤᠪᠢᠴᠠᠭᠠᠲᠤ ᠬᠢᠵᠠᠭᠠᠷᠲᠤ ᠺᠣᠮᠫᠠᠨᠢ᠎ᠨᠢ ᠬᠦᠨᠳᠦ ᠬᠣᠪᠣᠷ ᠱᠢᠷᠣᠶ᠎ᠶ᠋ᠢ ᠲᠠᠷᠬᠠᠭᠠᠬᠤ ᠮᠡᠷᠭᠡᠵᠢᠯ ᠪᠠ ᠥᠪᠡᠷᠮᠢᠴᠡ ᠦᠶ᠋ᠯᠡᠳᠬᠦᠨ᠎ᠦ ᠲᠦᠭᠦᠬᠡᠶ ᠮᠠᠲ᠋ᠧᠷᠢᠶᠠᠯ᠎ᠤᠨ ᠲᠣᠬᠢᠷᠠᠭᠤᠯᠤᠯᠲᠠ᠎ᠶ᠋ᠢᠨ ᠬᠠᠷᠢᠴᠠᠯ᠎ᠢᠶᠠᠷ ᠳᠠᠮᠵᠢᠭᠤᠯᠤᠨ᠂ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠪᠡᠶ᠎ᠡ᠎ᠶ᠋ᠢ ᠦᠶ᠋ᠯᠡᠳᠪᠦᠷᠢᠯᠡᠬᠦ᠌ ᠶᠠᠪᠤᠴᠠ᠎ᠳᠠᠬᠢ ᠬᠦᠨᠳᠦ ᠬᠣᠪᠣᠷ ᠱᠢᠷᠣᠶ ᠶ᠋ᠢᠨ ᠬᠡᠷᠡᠭ᠌ᠯᠡᠬᠦ᠌ ᠬᠡᠮᠵᠢᠶ᠎ᠡ ᠶ᠋ᠢ ᠤᠤᠯ᠎ᠤᠨ ᠡᠵᠡᠯᠡᠬᠦ᠌ ᠬᠠᠷᠢᠴᠠᠯ 4% ᠡᠴᠡ ᠳᠡᠭᠡᠭ᠌ᠰᠢ ᠪᠠᠢᠭ᠍ᠰᠠᠨ᠎ᠢ 1% — 2% ᠪᠣᠯᠭᠠᠨ ᠪᠠᠭᠤᠷᠠᠭᠤᠯᠪᠠ᠃ ᠪᠥᠭᠡᠮ᠎ᠢᠶᠡᠷ ᠦᠢᠯᠡᠳᠪᠦᠷᠢᠯᠡᠭᠰᠡᠨ ᠨᠧᠦᠳᠢᠮ ᠲᠡᠮᠦᠷ ᠪᠣᠷ ᠬᠣᠪᠣᠷ ᠱᠢᠷᠣᠶ᠎ᠶ᠋ᠢᠨ ᠲᠣᠭ᠍ᠲᠠᠮᠠᠯ ᠰᠣᠷᠢᠨᠵᠢᠨ ᠪᠡᠶ᠎ᠡ᠎ᠶ᠋ᠢᠨ ᠲᠣᠭ᠍ᠲᠠᠪᠤᠷᠢᠲᠤ ᠴᠢᠨᠠᠷ᠎ᠨᠢ ᠨᠠᠢᠳᠠᠪᠤᠷᠢᠲᠠᠶ᠂ ᠰᠣᠷᠢᠨᠵᠢᠨᠢ ᠡᠰᠡᠷᠭᠦᠴᠡᠬᠦ᠌ ᠴᠢᠳᠠᠪᠤᠷᠢ᠎ᠨᠢ ᠴᠢᠩᠭ᠎ᠠ ᠪᠠᠢᠵᠤ᠂ ᠵᠠᠬ᠎ᠠ ᠳᠡᠯᠭᠡᠭᠦᠷ᠎ᠦᠨ ᠳᠡᠭᠡᠳᠦ ᠬᠡᠮᠵᠢᠶᠡᠨ᠎ᠦ ᠬᠦᠷᠢᠶᠡᠯᠡᠯ᠎ᠢ ᠣᠯᠵᠤ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠠᠬᠤᠢᠯᠠᠯ᠎ᠤᠨ ᠵᠠᠬᠢᠶᠠᠯᠠᠭ᠎ᠠ ᠲᠦᠷᠭᠡᠨ᠎ᠢᠶᠡᠷ ᠨᠡᠮᠡᠭ᠌ᠳᠡᠪᠡ᠃
《〈ᠪᠤᠬᠢᠷᠳᠤᠯ ᠦᠭᠡᠢ〉 ᠨᠢ ᠦᠩᠭᠡᠨ ᠲᠡᠭᠡᠷ᠎ᠡ ᠯᠡ ᠪᠠᠢᠵᠤ ᠪᠤᠯᠬᠤ ᠦᠭᠡᠢ᠂ ᠬᠠᠷᠢᠨ ᠲᠤᠳᠤᠷ᠎ᠠ ᠡᠴᠡ ᠪᠡᠨ ᠲᠠᠷᠤᠢ ᠪᠤᠬᠢᠷᠳᠤᠯ ᠦᠭᠡᠢ ᠪᠠᠢᠬᠤ ᠬᠡᠷᠡᠭᠳᠡᠢ᠃ ᠬᠣᠷᠣᠭ᠍ᠳᠠᠯ᠎ᠢ ᠪᠠᠭᠠᠰᠬᠠᠵᠤ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ᠎ᠶ᠋ᠢ ᠪᠠᠭᠤᠷᠠᠭᠤᠯᠬᠤ᠎ᠳᠤ ᠱᠢᠨ᠎ᠡ᠎ᠶ᠋ᠢ ᠡᠭᠦᠳᠬᠦ᠌ ᠳᠡᠭᠡᠷ᠎ᠡ ᠬᠦᠴᠦ᠍ ᠲᠠᠯᠪᠢᠬᠤ ᠬᠡᠷᠡᠭ᠌ᠲᠡᠢ᠃ ᠪᠢᠳᠡ ᠴᠤᠪᠤᠷᠠᠯ᠎ᠤᠨ ᠤᠷ᠎ᠠ ᠮᠡᠷᠭᠡᠱᠢᠯ᠎ᠢᠶᠡᠨ ᠲᠠᠰᠤᠷᠠᠯᠲᠠ ᠥᠬᠡᠶ ᠱᠢᠯᠢᠳᠡᠭ᠌ᠵᠢᠭᠦᠯᠬᠦ᠌᠎ᠪᠡᠷ ᠳᠠᠮᠵᠢᠭᠤᠯᠤᠨ᠂ ᠤᠷ᠎ᠠ ᠮᠡᠷᠭᠡᠱᠢᠯ᠎ᠢᠶᠡᠨ ᠲᠠᠰ ᠳᠡᠪᠱᠢᠭᠦᠯᠬᠦ᠌᠂ ᠦᠶ᠋ᠯᠡᠳᠬᠦᠨ᠎ᠢᠶᠡᠨ ᠱᠢᠨᠡᠳᠭᠡᠬᠦ᠌᠎ᠶ᠋ᠢ ᠪᠡᠶᠡᠯᠡᠭᠦᠯᠪᠡ》 ᠭᠡᠵᠦ᠍ ᠲᠢᠶᠠᠨ ᠾᠧ ᠰᠣᠷᠢᠨᠵᠢᠨ ᠮᠠᠲ᠋ᠧᠷᠢᠶᠠᠯ᠎ᠤᠨ ᠳᠡᠳ᠋ ᠶᠡᠷᠦᠩᠬᠡᠢ ᠳᠠᠭᠠᠭᠠᠮᠠᠯ ᠪᠥᠭᠡᠳ ᠶᠡᠷᠦᠩᠬᠡᠢ ᠢᠨᠵᠧᠨᠧᠷ ᠳ᠋ᠦᠩ ᠢ ᠢᠯᠡᠳᠭᠡᠪᠡ᠃
ᠣᠢᠷ᠎ᠠ᠎ᠶ᠋ᠢᠨ ᠵᠢᠯ᠎ᠡᠴᠡ ᠨᠠᠭᠠᠰᠢ᠂ ᠪᠤᠭᠤᠲᠤ ᠬᠣᠲᠠ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠪᠣᠬᠢᠷᠲᠤᠯ ᠥᠬᠡᠶ ᠦᠶ᠋ᠯᠡᠳᠬᠦ᠌ ᠱᠢᠰᠲ᠋ᠧᠮ ᠤ᠋ᠨ ᠪᠠᠢᠭᠤᠯᠤᠯᠲᠠ᠎ᠶ᠋ᠢ ᠶᠡᠬᠡᠪᠡᠷ ᠠᠬᠢᠭᠤᠯᠵᠤ᠂ ᠲᠦᠷᠦᠭᠦᠬᠡᠨ ᠳᠤᠮᠳᠠᠳᠤ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠣᠯᠪᠣᠭ᠎ᠠ ᠵᠢᠨ ᠨᠡᠢᠲᠡᠯᠡᠭ᠌ᠰᠡᠨ 《2025 ᠠᠵᠤ ᠠᠬᠤᠢᠯᠠᠯ᠎ᠤᠨ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠤᠭ᠍ᠰᠠᠨ ᠪᠠ ESG ᠦᠶ᠋ᠯᠡᠳᠦᠯᠭᠡ᠎ᠶ᠋ᠢᠨ ᠬᠡᠷᠡᠭ᠎ᠦᠨ ᠵᠢᠱ᠌ᠢᠶ᠎ᠡ》 ᠶ᠋ᠢᠨ ᠨᠡᠷᠡᠰᠲᠤ᠌᠂ ᠤᠮᠠᠷᠠᠲᠤ᠎ᠶ᠋ᠢᠨ ᠬᠣᠪᠣᠷ ᠱᠢᠷᠣᠶ ᠵᠢᠨ(ᠪᠦᠯᠦᠭᠯᠡᠯ) ᠲᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠤᠪᠢᠴᠠᠭᠠᠳᠤ ᠬᠢᠵᠠᠭᠠᠷᠳᠤ ᠺᠤᠮᠫᠠᠨᠢ᠎ᠶ᠋ᠢᠨ ᠦᠶ᠋ᠯᠡᠳᠦᠯᠭᠡ᠎ᠶ᠋ᠢᠨ ᠬᠡᠷᠡᠭ᠎ᠦᠨ ᠵᠢᠱ᠌ᠢᠶ᠎ᠡ ᠪᠥᠬᠥ᠌ ᠤᠯᠤᠰ᠎ᠤᠨ 129 ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠦᠭ᠌ᠰᠡᠨ ᠬᠡᠷᠡᠭ᠎ᠦᠨ ᠵᠢᠱ᠌ᠢᠶ᠎ᠡ᠎ᠡᠴᠡ ᠴᠣᠯᠭᠣᠷᠠᠨ ᠭᠠᠷᠴᠤ᠌᠂ ᠠᠮᠵᠢᠯᠲᠠ᠎ᠲᠠᠶ ᠰᠣᠩᠭᠣᠭ᠍ᠳᠠᠪᠠ᠃
ᠬᠣᠪᠣᠷ ᠱᠢᠷᠣᠶ᠎ᠶ᠋ᠢᠨ ᠠᠵᠢᠯ ᠲᠥᠷᠥᠯ᠎ᠦᠨ ᠲᠤᠯᠤᠭᠠᠢᠯᠠᠭᠴᠢ ᠠᠵᠤ ᠠᠬᠤᠢᠯᠠᠯ ᠪᠣᠯᠤᠭ᠍ᠰᠠᠨ᠎ᠤ ᠬᠤᠪᠢ᠎ᠳᠤ᠂ ᠤᠮᠠᠷᠠᠲᠤ᠎ᠶ᠋ᠢᠨ ᠬᠣᠪᠣᠷ ᠱᠢᠷᠣᠶ ᠵᠢᠨ(ᠪᠦᠯᠦᠭᠯᠡᠯ) ᠲᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠬᠤᠪᠢᠴᠠᠭᠠᠳᠤ ᠬᠢᠵᠠᠭᠠᠷᠳᠤ ᠺᠤᠮᠫᠠᠨᠢ ᠨᠢ ᠪᠣᠬᠢᠷᠲᠤᠯ ᠥᠬᠡᠶ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢ ᠶᠡᠬᠡᠪᠡᠷ ᠬᠡᠷᠡᠭ᠌ᠵᠢᠭᠦᠯᠵᠦ᠍᠂ ᠪᠣᠬᠢᠷᠲᠤᠯ ᠥᠬᠡᠶ ᠦᠶ᠋ᠯᠡᠳᠪᠦᠷᠢ᠂ ᠪᠣᠬᠢᠷᠲᠤᠯ ᠥᠬᠡᠶ ᠬᠠᠩᠭᠠᠯᠭ᠎ᠠ᠎ᠶ᠋ᠢᠨ ᠬᠡᠯᠬᠢᠶ᠎ᠡ᠎ᠪᠡᠷ ᠤᠳᠤᠷᠢᠳᠤᠮᠵᠢ ᠪᠣᠯᠭᠠᠭ᠍ᠰᠠᠨ ᠪᠣᠬᠢᠷᠲᠤᠯ ᠥᠬᠡᠶ ᠦᠶ᠋ᠯᠡᠳᠬᠦ᠌ ᠱᠢᠰᠲ᠋ᠧᠮ᠎ᠢ ᠪᠠᠢᠭᠤᠯᠵᠤ᠂ ᠣᠢᠷ᠎ᠠ᠎ᠶ᠋ᠢᠨ ᠬᠣᠶᠠᠷ ᠵᠢᠯ᠎ᠳᠦ ᠬᠣᠲᠠ᠎ᠶ᠋ᠢᠨ ᠱᠠᠲᠤᠨ᠎ᠡᠴᠡ ᠳᠡᠭᠡᠭ᠌ᠰᠢᠬᠢ ᠪᠣᠬᠢᠷᠲᠤᠯ ᠥᠬᠡᠶ ᠦᠶ᠋ᠯᠡᠳᠭᠡᠯ᠎ᠤᠨ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ 5 ᠪᠣᠢᠵᠢᠭᠤᠯᠪᠠ; ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠬᠠᠮᠤᠷᠤᠭ᠍ᠰᠠᠨ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭ᠍ᠵᠢᠭᠤᠯᠬᠤ ᠮᠡᠷᠭᠡᠵᠢᠯ᠎ᠦᠨ ᠱᠤᠭᠤᠮ᠎ᠤᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠬᠡᠷᠡᠯᠴᠢ ᠴᠡᠨᠡᠭ᠎ᠦᠨ ᠴᠠᠬᠢᠯᠭᠠᠨ ᠥᠷᠲᠡᠭᠡ ᠬᠢᠭᠡᠳ ᠣᠶᠤᠨᠴᠢᠯᠠᠭ᠍ᠰᠠᠨ ᠡᠨᠧᠷᠭᠢ᠎ᠶ᠋ᠢᠨ ᠬᠠᠮᠢᠶᠠᠷᠤᠯᠲᠠ᠎ᠶ᠋ᠢᠨ ᠲᠠᠪᠴᠠᠩ᠎ᠢ ᠪᠠᠢᠭᠤᠯᠬᠤ᠎ᠪᠠᠷ ᠳᠡᠮᠵᠢᠨ᠂ ᠡᠨᠧᠷᠭᠢ᠎ᠶ᠋ᠢᠨ ᠠᠱᠢᠭ᠍ᠯᠠᠮᠵᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠨᠢᠭᠡᠴᠢ ᠡᠨᠧᠷᠭᠢ᠎ᠶ᠋ᠢᠨ ᠬᠣᠷᠣᠭ᠍ᠳᠠᠯ᠎ᠢ ᠠᠳᠠᠯᠢ ᠬᠤᠭᠤᠴᠠᠭᠠᠨ᠎ᠤ᠎ᠬᠢ᠎ᠡᠴᠡ 7.82% ᠵᠢᠡᠷ ᠪᠠᠭᠤᠷᠠᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠪᠣᠬᠢᠷᠲᠤᠯ ᠥᠬᠡᠶ ᠬᠥᠭ᠌ᠵᠢᠯᠲᠡ᠎ᠶ᠋ᠢ ᠦᠶ᠋ᠯᠡᠳᠦᠯᠭᠡᠵᠢᠭᠦᠯᠪᠡ᠃
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠳᠠ᠎ᠶ᠋ᠢᠨ ᠲᠢᠩᠬᠢᠮ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠣᠬᠢᠷᠲᠤᠯ ᠥᠬᠡᠶ ᠦᠶ᠋ᠯᠡᠳᠭᠡᠯ᠎ᠤᠨ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢᠨ ᠨᠡᠷᠡᠰ᠎ᠢ ᠵᠠᠷᠯᠠᠨ ᠨᠡᠢᠲᠡᠯᠡᠵᠦ᠍᠂ ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠠᠮᠵᠢᠯᠲᠠ ᠪᠦᠲᠦᠮᠵᠢ ᠮᠠᠰᠢ ᠰᠠᠢᠨ ᠪᠠᠢᠵᠤ᠂ ᠥᠪᠡᠷᠲᠡᠭᠡᠨ ᠵᠠᠰᠠᠬᠤ ᠣᠷᠣᠨ᠎ᠤ 132 ᠪᠣᠬᠢᠷᠲᠤᠯ ᠥᠬᠡᠶ ᠦᠶ᠋ᠯᠡᠳᠪᠦᠷᠢ᠎ᠶ᠋ᠢᠨ ᠳᠣᠲᠣᠷ᠎ᠠ 16 ᠶ᠋ᠢ ᠡᠵᠡᠯᠡᠵᠦ᠍᠂ ᠪᠥᠬᠥ᠌ ᠥᠪᠡᠷᠲᠡᠭᠡᠨ ᠵᠠᠰᠠᠬᠤ ᠣᠷᠣᠨ᠎ᠤ 12% ᠢ᠋ ᠡᠵᠡᠯᠡᠵᠦ᠍ ᠂ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠥᠬᠡᠶ ᠦᠶ᠋ᠯᠡᠳᠭᠡᠯ᠎ᠤᠨ ᠬᠥᠭ᠌ᠵᠢᠯᠲᠡ᠎ᠶ᠋ᠢᠨ ᠲᠣᠪᠣᠢᠮ᠎ᠠ ᠥᠯᠢᠭᠡᠷ ᠵᠢᠱ᠌ᠢᠶ᠎ᠡ ᠪᠣᠯᠤᠭ᠍ᠰᠠᠨ ᠪᠠᠢᠨ᠎ᠠ᠃
《ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯ ᠬᠣᠪᠣᠷ ᠱᠢᠷᠣᠢ᠎ᠶ᠋ᠢᠨ ᠠᠵᠤ ᠦᠢᠯᠡᠰ᠎ᠦᠨ ᠪᠣᠬᠢᠷᠲᠤᠯ ᠦᠭᠡᠢ ᠬᠥᠭ᠌ᠵᠢᠯᠲᠡ᠎ᠶ᠋ᠢᠨ ᠵᠠᠩᠭᠢᠯᠠᠭ᠎ᠠ ᠪᠣᠯᠤᠨ᠎ᠠ》᠃ ᠪᠤᠭᠤᠲᠤ᠎ᠶ᠋ᠢᠨ ᠼᠢ ᠱᠢᠨ ᠡᠯᠧᠺᠲ᠋ᠷᠣᠨ ᠬᠢᠵᠠᠭᠠᠷᠲᠤ ᠺᠣᠮᠫᠠᠨᠢ᠎ᠶ᠋ᠢᠨ ᠳᠡᠳ᠋ ᠶᠡᠷᠦᠩᠬᠡᠶ ᠳᠠᠭᠠᠭᠠᠮᠠᠯ ᠯᠢ ᠪᠢᠨ᠂ ᠪᠤᠭᠤᠲᠤ᠎ᠶ᠋ᠢᠨ ᠬᠣᠪᠣᠷ ᠱᠢᠷᠣᠶ᠎ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠲᠤ ᠲᠦᠱᠢᠭ᠌ᠯᠡᠨ᠂ ᠺᠣᠮᠫᠠᠨᠢ ᠨᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ ᠭᠤᠷᠪᠠᠨ ᠲᠡᠩᠭᠡᠯᠢᠭ᠌ᠲᠦ ᠪᠢᠲᠡᠭᠦᠦ ᠴᠠᠭᠠᠷᠢᠭ᠍ᠲᠤ ᠴᠡᠴᠡᠷᠡᠬᠦ᠌᠎ᠶ᠋ᠢ ᠰᠡᠷᠭᠡᠢᠯᠡᠬᠦ᠌ ᠮᠣᠲ᠋ᠣᠷ ᠨᠢ ᠬᠣᠪᠣᠷ ᠱᠢᠷᠣᠶ᠎ᠶ᠋ᠢᠨ ᠨᠧᠦᠳᠢᠮ ᠲᠡᠮᠦᠷ ᠪᠤᠷ ᠤ᠋ᠨ ᠲᠣᠭ᠍ᠲᠠᠮᠠᠯ ᠰᠣᠷᠢᠨᠵᠢᠨ ᠮᠠᠲ᠋ᠧᠷᠢᠶᠠᠯ᠎ᠢ ᠬᠡᠷᠡᠭ᠌ᠯᠡᠵᠦ᠍᠂ ᠮᠣᠲ᠋ᠣᠷ᠎ᠤᠨ ᠴᠡᠭ ᠲᠦᠪᠯᠡᠷᠡᠭᠦᠯᠬᠦ ᠬᠤᠷᠳᠤᠴᠠ᠎ᠶ᠋ᠢ ᠲᠦᠷᠭᠡᠳᠭᠡᠨ᠂ ᠳᠤᠷᠠᠨᠳᠠᠭᠤᠷ᠎ᠤᠨ ᠣᠨᠣᠪᠴᠢ᠎ᠶ᠋ᠢᠨ ᠬᠡᠮᠵᠢᠶ᠎ᠡ ᠪᠠ ᠳᠦᠷᠰᠦ ᠪᠦᠲᠦᠭᠡᠬᠦ᠌ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠦᠶ᠋ᠯᠡᠳᠬᠦᠨ ᠨᠢ ᠳᠡᠯᠡᠬᠡᠶ᠎ᠶ᠋ᠢᠨ ᠲᠡᠷᠢᠭᠦᠨ᠎ᠦ ᠲᠦᠪᠱᠢᠨ᠎ᠳᠦ ᠬᠦᠷᠴᠡᠶ᠃ ᠣᠳᠣᠬᠠᠨ᠎ᠳᠤ᠂ ᠺᠣᠮᠫᠠᠨᠢ᠎ᠶ᠋ᠢᠨ ᠵᠢᠯ᠎ᠦᠨ ᠦᠶ᠋ᠯᠡᠳᠪᠦᠷᠢᠯᠡᠬᠦ ᠴᠢᠳᠠᠪᠤᠷᠢ ᠨᠢ 3000 ᠲᠦᠮᠡ᠎ᠳᠦ ᠬᠦᠷᠴᠦ᠍᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠣᠯᠠᠨ ᠨᠠᠷᠠᠲᠤ ᠭᠠᠷ ᠤᠲᠠᠰᠤᠨ᠎ᠤ ᠲᠦᠷᠦᠯ ᠲᠡᠮᠳᠡᠭ᠌ ᠲᠡᠶ ᠬᠠᠮᠲᠤᠷᠠᠨ ᠠᠵᠢᠯᠯᠠᠵᠤ᠂ ᠵᠠᠬ᠎ᠠ ᠳᠡᠯᠭᠡᠭᠦᠷ᠎ᠦᠨ ᠬᠡᠷᠡᠭ᠌ᠴᠡᠭᠡ ᠡᠴᠡ ᠪᠤᠯᠵᠤ ᠺᠣᠮᠫᠠᠨᠢ᠎ᠶ᠋ᠢᠨ ᠲᠡᠭᠡᠷ᠎ᠠ ᠬᠠᠭᠠᠰ ᠵᠢᠯ᠎ᠳᠦ ᠭᠥᠯᠢᠶᠡᠨ ᠠᠪᠤᠭ᠍ᠰᠠᠨ ᠵᠠᠬᠢᠶᠠᠯᠠᠭ᠎ᠠ᠎ᠶ᠋ᠢᠨ ᠬᠡᠮᠵᠢᠶ᠎ᠡ᠎ᠨᠢ ᠪᠥᠬᠥ᠌ ᠵᠢᠯ᠎ᠦᠨ ᠦᠶ᠋ᠯᠡᠳᠪᠦᠷᠢᠯᠡᠯ᠎ᠦᠨ ᠲᠥᠯᠥᠪᠯᠡᠭᠡ᠎ᠶᠢ ᠪᠡᠶᠡᠯᠡᠭᠦᠯᠦᠭᠰᠡᠨ᠎ᠲᠠᠢ ᠲᠡᠩᠴᠡᠨ᠎ᠠ ᠬᠡᠪᠡ᠃
ᠬᠣᠪᠣᠷ ᠱᠢᠷᠣᠶ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ 《ᠤᠯᠤᠰ᠎ᠤᠨ ᠪᠣᠬᠢᠷᠲᠤᠯ ᠥᠬᠡᠶ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ》 ᠤ᠋ᠨ ᠠᠯᠳᠠᠨ ᠱᠤᠰᠢᠭ᠎ᠠ᠎ᠶᠢ ᠲᠠᠰᠤᠷᠠᠯᠲᠠ ᠥᠬᠡᠶ ᠱᠢᠨᠡᠳᠭᠡᠵᠦ᠍᠂ ᠤᠯᠤᠰ᠎ᠤᠨ ᠤᠰᠤᠲᠥ᠋ᠷᠥᠭ᠌ᠴᠢ ᠡᠨᠧᠷᠭᠢ ᠪᠠ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠶ᠋ᠯᠡᠰ᠎ᠢ ᠬᠥᠭ᠌ᠵᠢᠭᠦᠯᠬᠦ᠌ ᠠᠵᠠ ᠲᠣᠬᠢᠶᠠᠯ᠎ᠢ ᠠᠮᠵᠢᠵᠤ᠂ ᠤᠨᠴᠠᠯᠢᠭ᠍ᠳᠤ ᠠᠵᠤ ᠦᠶ᠋ᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠲᠠᠰ ᠳᠡᠪᠱᠢᠭᠦᠯᠬᠦ᠌ ᠪᠠ ᠪᠣᠬᠢᠷᠲᠤᠯ ᠥᠬᠡᠶ ᠬᠥᠭ᠌ᠵᠢᠭᠦᠯᠬᠦ᠌ ᠠᠬᠢᠴᠠ᠎ᠶ᠋ᠢ ᠲᠦᠷᠭᠡᠳᠭᠡᠨ ᠠᠬᠢᠭᠤᠯᠵᠤ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠳᠠᠢᠴᠢᠯᠠᠵᠤ᠂ ᠬᠣᠪᠣᠷ ᠱᠢᠷᠣᠶ᠎ᠶ᠋ᠢᠨ ᠣᠷᠴᠢᠯ ᠠᠵᠤ ᠠᠬᠤᠶ᠎ᠶ᠋ᠢᠨ ᠠᠵᠤ ᠦᠶ᠋ᠯᠡᠰ᠎ᠦᠨ ᠬᠡᠯᠬᠢᠶ᠎ᠡ᠎ᠶ᠋ᠢ ᠪᠣᠶ ᠪᠣᠯᠭᠠᠵᠤ᠂ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶᠡᠨ᠎ᠦ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠰᠢᠯᠢᠳᠡᠭ ᠦᠶ᠋ᠯᠡᠳᠬᠦᠨ᠎ᠦ ᠨᠣᠷᠮ᠎ᠠ᠎ᠶ᠋ᠢ 5% ᠳᠡᠭᠡᠭ᠌ᠰᠢᠯᠡᠭᠦᠯᠵᠦ᠍᠂ ᠡᠨᠧᠷᠭᠢ᠎ᠶ᠋ᠢᠨ ᠬᠣᠷᠣᠭ᠍ᠳᠠᠯ᠎ᠢ 10% ᠪᠠᠭᠤᠷᠠᠭᠤᠯᠵᠤ᠂ ᠳᠠᠮ ᠠᠵᠤ ᠠᠬᠤᠶ᠎ᠶ᠋ᠢᠨ ᠦᠷ᠎ᠡ ᠠᠱᠢᠭ᠎ᠢ 20% ᠳᠡᠭᠡᠭ᠌ᠰᠢᠯᠡᠭᠦᠯᠪᠡ᠃ ᠲᠡᠷᠢᠭᠦᠨ᠎ᠦ ᠪᠣᠬᠢᠷᠲᠤᠯ ᠥᠬᠡᠶ ᠮᠡᠷᠭᠡᠵᠢᠯ ᠪᠠ ᠲᠥᠬᠥᠭᠡᠷᠦᠮᠵᠢ᠎ᠶ᠋ᠢ ᠬᠡᠷᠡᠭ᠌ᠯᠡᠭ᠌ᠰᠡᠨ ᠠᠵᠤ ᠠᠬᠤᠢᠯᠠᠯ᠎ᠳᠤ ᠲᠥᠷᠥ᠎ᠶ᠋ᠢᠨ ᠪᠣᠳᠣᠯᠭ᠎ᠠ᠎ᠶ᠋ᠢᠨ ᠨᠥᠬᠥᠪᠥᠷᠢ ᠳᠡᠮᠵᠢᠯᠭᠡ ᠣᠯᠭᠣᠵᠤ᠂ ᠠᠵᠤ ᠠᠬᠤᠢᠯᠠᠯ᠎ᠤᠨ ᠪᠣᠬᠢᠷᠲᠤᠯ ᠥᠬᠡᠶ᠎ᠲᠡᠢᠰᠢ ᠬᠡᠯᠪᠡᠷᠢ᠎ᠪᠡᠨ ᠬᠤᠪᠢᠷᠠᠭᠤᠯᠬᠤ ᠥᠪᠡᠷ᠎ᠦᠨ ᠥᠷᠲᠡᠭ᠎ᠢ ᠪᠠᠭᠤᠷᠠᠭᠤᠯᠤᠨ᠂ ᠠᠵᠤ ᠠᠬᠤᠢᠯᠠᠯ᠎ᠤᠨ ᠪᠣᠬᠢᠷᠲᠤᠯ ᠥᠬᠡᠶ ᠬᠥᠭ᠌ᠵᠢᠯᠲᠡ᠎ᠳᠦ ᠣᠷᠣᠯᠴᠠᠬᠤ ᠢᠳᠡᠪᠬᠢᠵᠢᠯ᠎ᠢ ᠬᠥᠭ᠌ᠵᠢᠭᠡᠭᠰᠡᠨ ᠪᠠᠢᠨ᠎ᠠ᠃
ᠣᠳᠣᠬᠠᠨ᠎ᠳᠤ᠂ ᠪᠤᠭᠤᠲᠤ 《ᠪᠣᠬᠢᠷᠲᠤᠯ ᠥᠬᠡᠶ ᠬᠥᠭ᠌ᠵᠢᠯᠲᠡ》 ᠶ᠋ᠢ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠥᠬᠥ᠌ ᠶᠠᠪᠤᠴᠠ ᠳᠤ ᠲᠤᠭᠤᠱᠢᠯᠠᠭᠤᠯᠵᠤ᠂ ᠡᠯ᠎ᠡ ᠲᠣᠮᠣ ᠬᠣᠪᠣᠷ ᠱᠢᠷᠣᠶ᠎ᠶ᠋ᠢᠨ ᠠᠵᠤ ᠠᠬᠤᠢᠯᠠᠯ ᠡᠨᠧᠷᠭᠢ᠎ᠶ᠋ᠢᠨ ᠠᠱᠢᠭ᠍ᠯᠠᠮᠵᠢ᠎ᠪᠠᠨ ᠦᠷᠭᠦᠯᠵᠢᠯᠡᠨ ᠳᠡᠭᠡᠭ᠌ᠰᠢᠯᠡᠭᠦᠯᠵᠦ᠍᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠮᠡᠷᠭᠡᠵᠢᠯ᠎ᠢ ᠢᠳᠡᠪᠬᠢᠲᠡᠶ ᠰᠤᠳᠤᠯᠤᠨ ᠨᠡᠭᠡᠭᠡᠬᠦ᠌᠎ᠶ᠋ᠢᠨ ᠬᠠᠮᠲᠤ ᠥᠷᠭᠡᠨ᠎ᠢᠶᠡᠷ ᠬᠡᠷᠡᠭ᠌ᠯᠡᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠪᠣᠬᠢᠷᠲᠤᠯ ᠥᠬᠡᠶ ᠬᠠᠮᠵᠢᠯᠴᠠᠨ ᠬᠥᠭ᠌ᠵᠢᠬᠦ᠌᠎ᠶ᠋ᠢ ᠲᠦᠷᠭᠡᠳᠭᠡᠨ ᠠᠬᠢᠭᠤᠯᠵᠤ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠪᠣᠬᠢᠷᠲᠤᠯ ᠥᠬᠡᠶ ᠦᠨ᠎ᠡ ᠥᠷᠲᠡᠭ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠦᠨ ᠲᠠᠭᠠᠯᠳᠠ ᠥᠷᠲᠡᠭ᠎ᠢ ᠲᠠᠰᠤᠷᠠᠯᠲᠠ ᠥᠬᠡᠶ ᠪᠣᠬᠢᠷᠲᠤᠯ ᠥᠬᠡᠶ ᠥᠨᠳᠥᠷ ᠲᠦᠪᠰᠢᠨ ᠲᠡᠢᠰᠢ ᠳᠡᠭᠡᠭ᠌ᠰᠢᠯᠡᠭᠦᠯᠬᠦ᠌᠎ᠳᠦ ᠬᠦᠴᠦᠨ ᠨᠡᠮᠡᠷᠢᠯᠡᠵᠦ᠍ ᠪᠠᠢᠨ᠎ᠠ᠃