2025 ᠣᠨ᠎ᠤ ᠪᠥᠬᠥ᠌ ᠤᠯᠤᠰ᠎ᠤᠨ 《ᠪᠢᠳᠡᠨ᠎ᠦ ᠪᠠᠶᠠᠷ᠎ᠤᠨ ᠡᠳᠦᠷ·ᠲᠤᠯᠤᠭᠠᠨ ᠰᠠᠷ᠎ᠠ᠎ᠶᠢᠨ ᠱᠢᠨ᠎ᠡ᠎ᠶ᠋ᠢᠨ ᠲᠤᠯᠤᠭᠠᠨ》᠎ᠤ ᠭᠤᠤᠯ ᠰᠡᠳᠦᠪᠲᠦ᠍ ᠰᠣᠶᠣᠯ᠎ᠤᠨ ᠠᠵᠢᠯᠯᠠᠭ᠎ᠠ᠎ᠳᠦ ᠱᠢᠭᠤᠳ ᠨᠡᠪᠲᠡᠷᠡᠭᠦᠯᠭᠡ ᠬᠢᠨ᠎ᠡ
2025-08-27 11:13:52
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2025 ᠣᠨ᠎ᠤ ᠲᠤᠯᠤᠭᠠᠨ ᠰᠠᠷ᠎ᠠ᠎ᠶᠢᠨ ᠱᠢᠨ᠎ᠡ᠎ᠶ᠋ᠢᠨ ᠲᠤᠯᠤᠭᠠᠨ᠎ᠤ ᠪᠠᠶᠠᠷ ᠵᠢᠠᠷ᠂ ᠲᠥᠪ᠎ᠦᠨ ᠤᠬᠠᠭᠤᠯᠬᠤ ᠬᠡᠯᠲᠡᠰ᠎ᠦᠨ ᠪᠣᠯᠪᠠᠰᠤᠨ᠎ᠤ ᠦᠢᠯᠡᠳᠦᠯᠭᠡ᠎ᠶᠢᠨ ᠲᠣᠪᠴᠢᠶ᠎ᠠ᠎ᠠᠴᠠ ᠠᠩᠬ᠎ᠠ ᠤᠳᠠᠭ᠎ᠠ ᠦᠬᠠᠶ ᠬᠣᠲᠠ᠎ᠶᠢ ᠪᠥᠬᠥ᠌ ᠤᠯᠤᠰ᠎ᠤᠨ 《ᠮᠡᠨ᠎ᠦ ᠪᠠᠶᠠᠷ᠎ᠤᠨ ᠡᠳᠦᠷ · ᠲᠤᠯᠤᠭᠠᠨ ᠰᠠᠷ᠎ᠠ᠎ᠶᠢᠨ ᠱᠢᠨ᠎ᠡ᠎ᠶ᠋ᠢᠨ ᠲᠤᠯᠤᠭᠠᠨ》᠎ᠤ ᠭᠤᠤᠯ ᠰᠡᠳᠦᠪᠲᠦ᠍ ᠰᠣᠶᠣᠯ᠎ᠤᠨ ᠠᠵᠢᠯᠯᠠᠭ᠎ᠠ ᠡᠷᠭᠢᠯᠡᠬᠦ᠌ ᠭᠠᠵᠠᠷ᠎ᠢᠶᠠᠷ ᠲᠣᠭᠲᠠᠭᠠᠪᠠ᠃ ᠲᠣᠰ ᠤᠳᠠᠭᠠᠨ᠎ᠤ ᠰᠣᠶᠣᠯ᠎ᠤᠨ ᠠᠵᠢᠯᠯᠠᠭ᠎ᠠ᠎ᠨᠢ 《ᠱᠠᠭᠠᠵᠠᠭᠠᠶ᠎ᠶᠢᠨ ᠵᠡᠭᠦᠳᠦ ᠮᠢᠩᠭᠠᠨ ᠣᠨ  ᠬᠠᠶ᠋ᠢᠷ᠎ᠠ ᠳᠤᠷᠠᠯᠠᠯ᠎ᠤᠨ ᠦᠬᠠᠶ》 ᠪᠠᠷ ᠭᠤᠤᠯ ᠰᠡᠳᠦᠪ ᠪᠣᠯᠭᠠᠵᠤ᠂ ᠡᠷᠲᠡᠨ᠎ᠦ ᠬᠡᠪ ᠨᠠᠮᠪᠠ ᠪᠦᠬᠦᠢ ᠵᠠᠬ᠎ᠠ᠎ᠶ᠋ᠢᠨ ᠬᠤᠳᠠᠯᠳᠤᠭ᠎ᠠ᠂ ᠪᠣᠳᠠᠲᠤ᠌ ᠦᠵᠡᠮᠵᠢᠲᠦ ᠤᠷᠠᠨ ᠰᠠᠢᠬᠠᠨ᠎ᠤ ᠲᠣᠭᠯᠠᠯᠲᠠ᠂ ᠳᠤᠮᠳᠠᠳᠤ᠎ᠶᠢᠨ ᠦᠨᠳᠦᠰᠦᠲᠡᠨ᠎ᠦ ᠣᠷᠣᠭ ᠬᠤᠷᠢᠮ᠎ᠤᠨ ᠵᠠᠩ ᠦᠢᠯᠡ᠎ᠶᠢᠨ ᠦᠵᠡᠭᠦᠯᠭᠡ ᠵᠡᠷᠭᠡ ᠣᠯᠠᠨ ᠡᠰᠢᠲᠦ᠍ ᠠᠭᠤᠯᠭ᠎ᠠ᠎ᠶᠢ ᠠᠭᠤᠰᠤᠯᠴᠠᠭᠤᠯᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠤᠨ ᠷᠢᠳᠢ ᠰᠢᠳᠢ ᠪᠣᠯᠤᠨ ᠴᠠᠭ ᠦᠶ᠎ᠡ᠎ᠶᠢᠨ ᠠᠭᠤᠯᠤᠭᠳᠠᠬᠤᠨ᠎ᠢ ᠠᠮᠢᠳᠤᠯᠢᠭ᠎ᠢᠶᠠᠷ ᠢᠯᠡᠷᠡᠭᠦᠯᠵᠦ᠍᠂ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠦᠨ ᠦᠵᠡᠯᠲᠡ᠎ᠶᠢ ᠳᠠᠮᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠰᠣᠶᠣᠯ᠎ᠤᠨ ᠢᠲᠡᠭᠡᠯ ᠪᠣᠯᠤᠨ ᠡᠬᠡ ᠣᠷᠣᠨᠴᠢ ᠬᠠᠶ᠋ᠢᠷ᠎ᠠ ᠰᠡᠳᠬᠢᠯᠭᠡ᠎ᠶᠢ ᠵᠤᠵᠠᠭᠠᠳᠭᠠᠬᠤ ᠪᠤᠯᠤᠨ᠎ᠠ᠃


微信图片_20250821103627.jpg


8 ᠰᠠᠷ᠎ᠠ᠎ᠶᠢᠨ 29᠎ᠦ ᠡᠳᠦᠷ᠎ᠦᠨ 15᠄ 00 ᠡᠴᠡ 22᠄ 00 ᠴᠠᠭ ᠎ᠲᠤ᠂ 《ᠮᠠᠨ᠎ᠦ ᠪᠠᠶᠠᠷ᠎ᠤᠨ ᠡᠳᠦᠷ · ᠲᠤᠯᠤᠭᠠᠨ ᠰᠠᠷ᠎ᠠ᠎ᠶᠢᠨ ᠱᠢᠨ᠎ᠡ᠎ᠶ᠋ᠢᠨ ᠲᠤᠯᠤᠭᠠᠨ》᠎ᠤ ᠭᠤᠤᠯ ᠰᠡᠳᠦᠪᠲᠦ᠍ ᠰᠣᠶᠣᠯ᠎ᠤᠨ ᠠᠵᠢᠯᠯᠠᠭ᠎ᠠ᠎ᠶ᠋ᠢ ᠰᠢᠭᠤᠳ ᠨᠡᠪᠲᠡᠷᠡᠭᠦᠯᠬᠦ᠌ ᠪᠣᠯᠣᠨ᠎ᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号