8 ᠰᠠᠷ᠎ᠠ ᠵᠢᠨ 26 ᠤ᠋ ᠡᠳᠦᠷ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ — ᠮᠣᠩᠭᠣᠯ ᠤᠯᠤᠰ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠴᠢᠬᠤᠯᠠ ᠠᠵᠢᠯᠯᠠᠭ᠎ᠠ ᠵᠢᠨ ᠨᠢᠭᠡ ᠪᠣᠯᠬᠤ ᠳᠤᠮᠳᠠᠳᠤ ᠮᠣᠩᠭᠣᠯ ᠤ᠋ᠨ ᠠᠮᠢ ᠠᠬᠤᠶ ᠵᠢᠨ ᠲᠥᠷᠥᠯ ᠵᠦᠶ᠋ᠯ ᠤ᠋ᠨ ᠪᠠᠯᠠ ᠣᠷᠣᠭᠤᠯᠤᠯᠲᠠ ᠬᠠᠮᠲᠤᠷᠠᠯᠴᠠᠭᠠᠨ ᠤ᠋ ᠳᠤᠭᠤᠷᠢᠭ ᠱᠢᠷᠡᠭᠡᠨᠦ ᠬᠤᠷᠠᠯ ᠬᠥᠬᠡᠬᠣᠲᠠᠳᠤ ᠬᠤᠷᠠᠯᠳᠤᠵᠤ᠂ ᠳᠤᠮᠳᠠᠳᠤ ᠮᠣᠩᠭᠣᠯ ᠤ᠋ᠨ ᠠᠮᠢ ᠠᠬᠤᠶ ᠵᠢᠨ ᠬᠠᠮᠲᠤᠷᠠᠯᠴᠠᠭᠠᠨ ᠤ᠋ 5 ᠲᠥᠷᠥᠯ ᠵᠦᠶ᠋ᠯ ᠳ᠋ᠦ ᠭᠡᠷ᠎ᠡ ᠲᠤᠭᠳᠠᠪᠠ᠃
ᠲᠣᠰ ᠤᠳᠠᠭᠠᠨ ᠤ᠋ ᠳᠤᠭᠤᠷᠢᠭ ᠱᠢᠷᠡᠭᠡᠨᠦ ᠬᠤᠷᠠᠯ ᠨᠢ 《ᠠᠮᠢ ᠠᠬᠤᠶ ᠵᠢᠨ ᠲᠣᠷᠭᠠᠨ ᠵᠠᠮ· ᠬᠠᠮᠲᠤᠷᠠᠯᠴᠠᠵᠤ ᠬᠠᠮᠲᠤ ᠪᠡᠷ ᠠᠱᠢᠭ ᠭᠥᠷᠳᠡᠬᠦ᠌ 》 ᠪᠡᠷ ᠭᠤᠤᠯ ᠰᠡᠳᠦᠪ ᠪᠣᠯᠭᠠᠵᠤ᠂ ᠳᠤᠮᠳᠠᠳᠤ ᠮᠣᠩᠭᠣᠯ ᠬᠣᠶᠠᠷ ᠤᠯᠤᠰ ᠤ᠋ᠨ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ᠂ ᠲᠤᠰᠭᠠᠶ ᠮᠡᠷᠭᠡᠵᠢᠯ ᠤ᠋ᠨ ᠪᠠᠢᠭᠤᠯᠤᠮᠵᠢ ᠵᠢᠴᠢ ᠠᠵᠤ ᠠᠬᠤᠢᠯᠠᠯ ᠤ᠋ᠨ 80 ᠭᠠᠷᠤᠶ ᠲᠥᠯᠥᠭᠡᠯᠡᠭ᠌ᠴᠢ ᠬᠤᠷᠠᠯ ᠳ᠋ᠦ ᠤᠷᠤᠯᠴᠠᠵᠦ᠂ ᠠᠮᠢ ᠠᠬᠤᠶ ᠵᠢᠨ ᠬᠠᠮᠲᠤᠷᠠᠯᠴᠠᠭᠠᠨ ᠤ᠋ ᠢᠷᠡᠭᠡᠳᠦᠶ ᠵᠢᠨ ᠲᠤᠬᠠᠶ ᠬᠠᠮᠲᠤ ᠪᠡᠷ ᠶᠠᠷᠢᠯᠴᠠᠵᠤ᠂ ᠲᠥᠷᠥᠯ ᠵᠦᠶ᠋ᠯ ᠢ᠋ ᠨᠠᠢᠳᠠᠪᠤᠷᠢᠵᠢᠭᠤᠯᠬᠤ ᠠᠷᠭ᠎ᠠ ᠵᠠᠮ ᠢ᠋ ᠬᠠᠮᠲᠤ ᠪᠡᠷ ᠵᠥᠪᠳᠡᠯᠴᠡᠪᠡ᠃ ᠬᠤᠷᠠᠯ ᠳᠡᠭᠡᠷ᠎ᠡ ᠳᠤᠮᠳᠠᠳᠤ ᠮᠣᠩᠭᠣᠯ ᠤ᠋ᠨ ᠠᠮᠢ ᠠᠬᠤᠶ ᠵᠢᠨ ᠬᠠᠮᠲᠤᠷᠠᠯᠴᠠᠭᠠᠨ ᠤ᠋ 5 ᠲᠥᠷᠥᠯ ᠵᠦᠶ᠋ᠯ ᠳ᠋ᠦ ᠭᠡᠷ᠎ᠡ ᠲᠣᠭ᠍ᠲᠠᠵᠦ᠂ ᠴᠢᠬᠢ ᠮᠣᠳᠣ ᠪᠣᠢᠵᠢᠭᠤᠯᠬᠤ ᠰᠠᠭᠤᠷᠢᠨ ᠤ᠋ ᠪᠥᠲᠥᠭᠡᠨ ᠪᠠᠢᠭᠤᠯᠤᠯᠲᠠ᠂ ᠠᠮᠢ ᠠᠬᠤᠶ ᠵᠢᠨ ᠵᠢᠭᠤᠯᠴᠢᠯᠠᠯ ᠤ᠋ᠨ ᠶᠡᠷᠦᠩᠬᠡᠢᠯᠡᠭ᠌ᠰᠡᠨ ᠴᠣᠭ᠍ᠴᠠ ᠵᠢᠨ ᠲᠥᠯᠥᠪᠵᠢᠭᠦᠯᠭᠡ᠂ ᠠᠮᠢ ᠠᠬᠤᠶ ᠵᠢᠨ ᠨᠣᠭᠣᠭᠠᠷᠠᠭᠤᠯᠤᠯᠲᠠ ᠵᠢᠨ ᠢᠨᠵᠧᠨᠧᠷᠢᠩ ᠵᠡᠷᠭᠡ ᠵᠠᠩᠭᠢᠯᠠᠭ᠎ᠠ ᠵᠢᠨ ᠬᠦᠷᠢᠶ᠎ᠡ ᠵᠢ ᠬᠠᠮᠤᠷᠴᠤ᠌᠂ ᠭᠡᠷ᠎ᠡ ᠲᠣᠭ᠍ᠲᠠᠭ᠍ᠰᠠᠨ ᠵᠣᠭᠣᠰ ᠤ᠋ᠨ ᠲᠣᠭ᠎ᠠ ᠨᠡᠢᠲᠡ 6000 ᠭᠠᠷᠤᠢ ᠲᠦᠮᠡᠨ ᠲᠥᠭᠥᠷᠢᠭ ᠠᠷᠠᠳ ᠤ᠋ᠨ ᠵᠣᠭᠣᠰ ᠲᠣ᠌ ᠬᠦᠷᠴᠠᠢ᠃ ᠲᠥᠷᠥᠯ ᠵᠦᠶ᠋ᠯ ᠳ᠋ᠦ ᠠᠮᠵᠢᠯᠳᠠ ᠲᠠᠢ ᠭᠡᠷ᠎ᠡ ᠲᠣᠭ᠍ᠲᠠᠭ᠍ᠰᠠᠨ ᠨᠢ ᠳᠤᠮᠳᠠᠳᠤ ᠮᠣᠩᠭᠣᠯ ᠤ᠋ᠨ ᠠᠮᠢ ᠠᠬᠤᠶ ᠵᠢᠨ ᠬᠠᠮᠲᠤᠷᠠᠯᠴᠠᠭ᠎ᠠ ᠰᠠᠨᠠᠮᠵᠢ ᠵᠢᠨ ᠵᠤᠯᠭᠠᠯᠴᠠᠭ᠎ᠠ ᠡᠴᠡ ᠦᠨᠡᠨ ᠪᠣᠳᠠᠲᠠᠶ ᠨᠠᠢᠳᠠᠪᠤᠷᠢᠵᠢᠭᠤᠯᠤᠭᠳᠠᠵᠦ᠂ ᠬᠣᠶᠠᠷ ᠲᠠᠯ᠎ᠠ ᠵᠢᠨ ᠠᠮᠢ ᠠᠬᠤᠶ ᠵᠢᠨ ᠠᠵᠤ ᠦᠶ᠋ᠯᠡᠰ ᠤ᠋ᠨ ᠬᠠᠮᠵᠢᠯᠴᠠᠭᠠᠨ ᠤ᠋ ᠬᠦᠷᠢᠶ᠎ᠡ ᠵᠢ ᠥᠷᠭᠡᠳᠭᠡᠬᠦ᠌᠂ ᠣᠷᠣᠨ ᠪᠦᠰᠡ ᠵᠢᠨ ᠪᠣᠬᠢᠷᠲᠤᠯ ᠥᠬᠡᠶ ᠲᠤᠤᠷ᠎ᠠ ᠨᠡᠭᠦᠷᠡᠰᠦᠲᠥ᠋ᠷᠥᠭ᠌ᠴᠢᠳᠤ ᠲᠠᠢᠰᠢ ᠬᠡᠯᠪᠡᠷᠢ ᠵᠢ ᠬᠤᠪᠢᠷᠠᠭᠤᠯᠬᠤᠳᠤ ᠬᠦᠴᠦᠷᠬᠡᠭ ᠶᠡᠬᠡ ᠬᠥᠳᠡᠯᠭᠡᠬᠦ᠌ ᠬᠦᠴᠦᠨ ᠨᠡᠮᠡᠷᠢᠯᠡᠭ᠌ᠰᠡᠨ ᠢ᠋ ᠬᠠᠷᠠᠭᠤᠯᠵᠤ ᠪᠠᠢᠨ᠎ᠠ᠃
ᠲᠠᠷᠠᠭᠠᠴᠢ ᠪᠠᠷ ᠳᠤᠮᠳᠠᠳᠤ ᠮᠣᠩᠭᠣᠯ ᠬᠣᠶᠠᠷ ᠲᠠᠯ᠎ᠠ ᠪᠡᠷ ᠵᠢᠡᠨ ᠬᠠᠮᠲᠤᠷᠠᠯᠴᠠᠭᠠᠨ ᠤ᠋ ᠲᠦᠷᠦᠯ ᠵᠦᠢᠯ ᠤ᠋ᠨ ᠨᠠᠢᠳᠠᠪᠤᠷᠢᠵᠢᠭᠤᠯᠤᠯᠲᠠ ᠵᠢ ᠲᠦᠷᠭᠡᠳᠭᠡᠨ ᠠᠬᠢᠭᠤᠯᠵᠤ᠂ ᠠᠮᠢ ᠠᠬᠤᠶ ᠵᠢᠨ ᠬᠦᠷᠢᠶᠡᠨᠳᠡᠬᠢ ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ ᠪᠡᠨ ᠦᠷᠭᠦᠯᠵᠢᠯᠡᠨ ᠭᠦᠨᠵᠡᠭᠡᠢᠷᠡᠭᠦᠯᠵᠦ᠍᠂ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠵᠢᠨ ᠬᠣᠩᠭᠢᠯ ᠤ᠋ᠨ ᠪᠣᠬᠢᠷᠲᠤᠯ ᠥᠬᠡᠶ ᠬᠥᠭ᠌ᠵᠢᠯᠲᠡ ᠵᠢ ᠬᠠᠮᠲᠤ ᠪᠡᠷ ᠠᠬᠢᠭᠤᠯᠵᠤ᠂ ᠵᠡᠭᠦᠨ ᠬᠣᠢᠲᠤ ᠠᠽᠢᠶ᠎ᠠ ᠵᠢᠨ ᠣᠷᠣᠨ ᠪᠦᠰᠡ ᠵᠢᠨ ᠠᠮᠢ ᠠᠬᠤᠶ ᠵᠢᠨ ᠠᠮᠤᠷ ᠲᠦᠪᠱᠢᠨ ᠬᠢᠭᠡᠳ ᠦᠷᠭᠦᠯᠵᠢᠯᠡᠬᠦ᠌ ᠬᠥᠭ᠌ᠵᠢᠯᠲᠡ ᠳ᠋ᠦ ᠨᠠᠩ ᠶᠡᠬᠡ ᠬᠦᠴᠦᠨ ᠴᠢᠳᠠᠯ ᠵᠢᠡᠨ ᠨᠡᠮᠡᠷᠢᠯᠡᠬᠦ ᠪᠤᠯᠤᠨ᠎ᠠ᠃