ᠠᠶᠠᠰ᠎ᠤᠨ ᠰᠠᠯᠬᠢ ᠪᠡᠷ ᠳᠠᠷᠪᠠᠭᠤᠯ ᠬᠡᠢᠰᠭᠡᠨ ᠠᠯᠤᠰ ᠬᠤᠯᠠ᠎ᠵᠢ ᠵᠤᠷᠢᠵᠤ ᠬᠠᠲᠠᠭᠤ ᠪᠡᠷᠬᠡᠰᠢᠶᠡᠯ᠎ᠢ ᠬᠠᠮᠲᠤ ᠪᠡᠷ ᠲᠤᠭᠤᠯᠵᠤ ᠱᠢᠨ᠎ᠡ ᠠᠶᠠᠨ᠎ᠳᠤ ᠳᠠᠬᠢᠨ ᠮᠣᠷᠳᠠᠨ᠎ᠠ
2025-08-27 10:48:39
ᠵᠣᠬᠢᠶᠠᠭ᠍ᠴᠢ᠄
ᠺᠠᠩ ᠯᠢ ᠨᠠ
ᠣᠩᠱᠢᠭ᠍ᠰᠠᠨ ᠣᠳᠠᠭ᠎ᠠ᠄
★★★☆☆

ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠤᠨ ᠲᠠᠲᠠᠯᠠᠭ᠎ᠠ


ᠲᠠᠯ᠎ᠠ ᠨᠤᠲᠤᠭ᠎ᠤᠨ ᠬᠠᠮᠤᠭ᠎ᠤᠨ ᠭᠤᠶᠤ ᠤᠯᠠᠷᠢᠯ᠎ᠳᠤ ᠳᠡᠯᠡᠬᠡᠶ ᠳ᠋ᠠᠬᠢᠨ᠎ᠤ ᠬᠠᠷᠠᠴᠠ ᠳᠤᠮᠳᠠᠳᠤ ᠤᠯᠤᠰ᠎ᠤᠨ ᠥᠪᠥᠷ ᠮᠣᠩᠭᠣᠯ᠎ᠳᠤ ᠳᠠᠬᠢᠨᠲᠠ ᠲᠥᠪᠯᠡᠷᠡᠪᠡ᠃

8 ᠰᠠᠷ᠎ᠠ᠎ᠶ᠋ᠢᠨ 25᠎ᠤ᠋ ᠡᠳᠦᠷ᠂ ᠬᠥᠬᠡᠬᠣᠲᠠ᠎ᠳᠤ ᠲᠡᠭᠷᠢ ᠴᠡᠪ ᠴᠡᠯᠡᠢᠨ᠂  ᠲᠠᠯ᠎ᠠ ᠨᠡᠪ ᠨᠡᠯᠦᠢᠨ᠎ᠠ᠃ ᠴᠡᠯᠡᠭᠡᠷ ᠲᠠᠯ᠎ᠠ᠎ᠵᠢᠨ ᠮᠢᠩᠭᠠᠨ ᠬᠥᠮᠦᠨ᠎ᠦ ᠬᠤᠷᠠᠯ᠎ᠤᠨ ᠲᠥᠪ᠎ᠲᠦ ᠡᠷᠬᠢᠮ ᠵᠣᠴᠢᠳ ᠬᠤᠷᠠᠨ ᠴᠤᠭ᠍ᠯᠠᠷᠠᠵᠤ᠂ ᠬᠦᠷ ᠬᠥᠭ᠌ᠵᠢᠶᠡᠨ᠎ᠢᠶᠡᠷ ᠪᠢᠯᠬᠠᠵᠤ᠂ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ ᠡᠨᠳᠡ ᠦᠪᠡᠳᠡᠭ᠌ᠰᠢ ᠶᠡᠬᠡ᠎ᠪᠡᠷ ᠶᠠᠪᠤᠭ᠍ᠳᠠᠪᠠ᠃

ᠬᠤᠷᠠᠯ᠎ᠤᠨ ᠲᠠᠯᠠᠪᠠᠢ ᠎ᠳᠤ ᠠᠯᠠᠭ᠎ᠠ ᠲᠠᠱᠢᠯᠳᠠ᠎ᠶ᠋ᠢᠨ ᠲᠠᠭᠤᠨ ᠨᠢᠵᠢᠭᠢᠨᠡᠵᠦ᠍᠂ ᠳ᠋ᠧᠩ᠎ᠦᠨ ᠬᠡᠷᠡᠯ ᠳᠤᠸᠠᠯᠠᠨ᠎ᠠ᠃

《ᠳᠤᠮᠳᠠᠳᠤ ᠮᠣᠩᠭᠣᠯ ᠪᠣᠯ ᠠᠭᠤᠯᠠ ᠤᠰᠤ᠎ᠪᠠᠷ᠎ᠢᠶᠠᠨ ᠵᠠᠯᠭᠠᠯᠳᠤᠭ᠍ᠰᠠᠨ ᠰᠠᠢᠨ ᠬᠥᠷᠰᠢ᠂ ᠰᠠᠢᠨ ᠬᠠᠨᠢᠲᠠᠨ ᠮᠥᠨ᠂ ᠮᠣᠩᠭᠣᠯ ᠤᠯᠤᠰ ᠪᠣᠯ ᠬᠠᠮᠤᠭ᠎ᠤᠨ ᠡᠷᠲᠡ ᠱᠢᠨ᠎ᠡ ᠳᠤᠮᠳᠠᠳᠤ ᠤᠯᠤᠰ᠎ᠲᠠᠶ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ ᠤᠯᠤᠰ᠎ᠤᠨ ᠨᠢᠭᠡ ᠪᠣᠯᠤᠨ᠎ᠠ》᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ ᠎ᠶ᠋ᠢᠨ ᠬᠤᠷᠢᠶ᠎ᠠ ᠵᠢᠨ ᠳᠡᠳ᠋ ᠳᠠᠷᠤᠭ᠎ᠠ᠂ ᠳᠤᠮᠳᠠᠳᠤ ᠤᠯᠤᠰ᠎ᠤᠨ ᠠᠷᠠᠳᠴᠢᠯᠠᠯ᠎ᠢᠶᠠᠷ ᠠᠬᠢᠭᠤᠯᠬᠤ ᠬᠤᠷᠠᠯ ᠎ᠤᠨ ᠲᠥᠪ ᠬᠤᠷᠢᠶ᠎ᠠ ᠵᠢᠨ ᠲᠡᠷᠢᠭᠦᠯᠡᠭ᠌ᠴᠢ ᠼᠠᠢ ᠳ᠋ᠠ ᠹᠸᠩ ᠡᠬᠢᠯᠡᠯᠲᠡ᠎ᠶ᠋ᠢᠨ ᠶᠣᠰᠣᠯᠠᠯ ᠳᠡᠭᠡᠷ᠎ᠡ ᠪᠠᠶᠠᠷ᠎ᠤᠨ ᠦᠭᠡ ᠬᠡᠯᠡᠬᠦ᠌᠎ᠳᠡᠭᠡᠨ᠂ ᠳᠤᠮᠳᠠᠳᠤ ᠤᠯᠤᠰ ᠳᠤᠷᠠᠲᠠᠶ᠎ᠠ ᠮᠣᠩᠭᠣᠯ ᠤᠯᠤᠰ᠎ᠯᠤᠭ᠎ᠠ ᠬᠠᠮᠲᠤ᠎ᠪᠠᠷ ᠬᠣᠶᠠᠷ ᠤᠯᠤᠰ᠎ᠤᠨ ᠲᠡᠷᠢᠭᠦᠨ᠎ᠦ ᠲᠤᠬᠢᠷᠠᠯᠴᠠᠭ᠍ᠰᠠᠠ ᠴᠢᠬᠤᠯᠠ ᠬᠠᠮᠲᠤ᠎ᠶ᠋ᠢᠨ ᠲᠠᠨᠢᠯᠲᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠢᠲᠡᠭᠡᠯᠴᠡᠭᠡ ᠎ᠪᠡᠨ ᠪᠡᠬᠢᠵᠢᠭᠦᠯᠵᠦ᠍᠂ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ ᠎ᠪᠠᠨ ᠥᠷᠭᠡᠳᠭᠡᠵᠦ᠍᠂ ᠳᠤᠮᠳᠠᠳᠤ ᠮᠣᠩᠭᠣᠯ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ ᠎ᠤ ᠬᠠᠷᠢᠯᠴᠠᠭ᠎ᠠ᠎ᠶ᠋ᠢᠨ ᠲᠠᠰᠤᠷᠠᠯᠳᠠ ᠦᠭᠡᠢ ᠬᠥᠭ᠌ᠵᠢᠬᠦ᠌᠎ᠶ᠋ᠢ ᠢᠳᠡᠪᠬᠢᠲᠡᠢ ᠠᠬᠢᠭᠤᠯᠤᠨ᠎ᠠ ᠭᠡᠵᠦ᠍ ᠢᠯᠡᠳᠭᠡᠪᠡ᠃

ᠡᠬᠢᠯᠡᠯᠲᠡ᠎ᠶ᠋ᠢᠨ ᠶᠣᠰᠣᠯᠠᠯ᠎ᠤᠨ ᠡᠮᠦᠨ᠎ᠡ ᠡᠳᠦᠷ᠂ ᠼᠠᠢ ᠳ᠋ᠠ ᠹᠸᠩ ᠬᠥᠬᠡᠬᠣᠲᠠ᠎ᠳᠤ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ᠎ᠳᠤ ᠣᠷᠣᠯᠴᠠᠬᠤ᠎ᠪᠠᠷ ᠢᠷᠡᠭ᠌ᠰᠡᠨ ᠮᠣᠩᠭᠣᠯ ᠤᠯᠤᠰ ᠎ᠤᠨ ᠨᠢᠭᠡᠳᠦᠭᠡᠷ ᠳᠡᠳ᠋ ᠶᠡᠷᠦᠩᠬᠡᠢ ᠰᠠᠢᠳ ᠪᠥᠭᠡᠳ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠶᠠᠮᠤᠨ ᠎ᠤ ᠰᠠᠢᠳ ᠤᠴᠠᠷᠠᠯ ᠨᠠᠷ ᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ ᠬᠣᠶᠠᠷ ᠤᠯᠤᠰ᠎ᠤᠨ ᠨᠥᠬᠥᠷᠰᠡᠭ ᠬᠠᠷᠢᠯᠴᠠᠭ᠎ᠠ ᠦᠷᠭᠦᠯᠵᠢᠯᠡᠨ ᠭᠦᠨᠵᠡᠭᠡᠢᠷᠡᠵᠦ᠍ ᠪᠠᠢᠬᠤ᠎ᠵᠢ ᠴᠢᠬᠤᠯᠠᠴᠢᠯᠠᠭᠰᠠᠨ ᠪᠥᠭᠡᠳ ᠠᠵᠤ ᠠᠬᠤᠢ᠎ᠶ᠋ᠢᠨ ᠬᠠᠮᠲᠤᠷᠠᠯᠴᠠᠭ᠎ᠠ᠎ᠪᠠᠨ ᠴᠢᠨᠠᠭ᠍ᠰᠢᠳᠠ ᠥᠷᠭᠡᠳᠭᠡᠬᠦ᠌ ᠲᠤᠬᠠᠢ ᠬᠠᠮᠲᠤ᠎ᠶ᠋ᠢᠨ ᠬᠦᠰᠡᠯ ᠡᠷᠡᠮᠡᠯᠵᠡᠯ᠎ᠢᠶᠡᠨ ᠢᠯᠡᠳᠭᠡᠪᠡ᠃

ᠡᠬᠢᠯᠡᠯᠲᠡ ᠎ᠶ᠋ᠢᠨ ᠶᠣᠰᠣᠯᠠᠯ ᠳᠡᠭᠡᠷ᠎ᠡ᠂ ᠤᠴᠠᠷᠠᠯ ᠳᠤᠮᠳᠠᠳᠤ ᠤᠯᠤᠰ᠎ᠯᠤᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠬᠦ᠌ ᠬᠦᠰᠡᠯ᠎ᠢᠶᠡᠨ ᠳᠠᠬᠢᠨᠲᠠ ᠢᠯᠡᠳᠭᠡᠪᠡ᠃ ᠲᠡᠷᠡ᠄ 《ᠳᠤᠮᠳᠠᠳᠤ ᠤᠯᠤᠰ ᠪᠣᠯ ᠮᠣᠩᠭᠣᠯ ᠤᠯᠤᠰ ᠎ᠤᠨ ᠬᠠᠮᠤᠭ ᠎ᠤᠨ ᠴᠢᠬᠤᠯᠠ ᠠᠷᠠᠯᠵᠢᠶ᠎ᠠ ᠪᠣᠯᠤᠨ ᠪᠡᠯᠡ ᠣᠷᠣᠭᠤᠯᠤᠯᠲᠠ᠎ᠶ᠋ᠢᠨ ᠬᠠᠨᠢᠲᠠᠨ ᠮᠥᠨ᠂ ᠢᠷᠡᠭᠡᠳᠦᠢ ᠎ᠶ᠋ᠢᠨ ᠬᠠᠮᠲᠤᠷᠠᠯᠴᠠᠭᠠᠨ᠎ᠤ ᠣᠷᠣᠨ ᠵᠠᠢ ᠥᠷᠭᠡᠨ ᠠᠭᠤᠳᠠᠮ ᠶᠤᠮ᠃ ᠲᠤᠰ ᠬᠤᠭᠤᠴᠠᠭᠠᠨ ᠎ᠤ ᠳᠤᠮᠳᠠᠳᠤ ᠮᠣᠩᠭᠣᠯ᠎ᠤᠨ ᠦᠵᠡᠰᠭᠦᠯᠡᠩ᠎ᠦᠨ ᠴᠤᠭ᠍ᠯᠠᠭᠠᠨ᠎ᠢ ᠠᠮᠵᠢᠯᠲᠠ᠎ᠲᠠᠶ ᠡᠷᠬᠢᠯᠡᠬᠦ ᠨᠢ ᠬᠣᠶᠠᠷ ᠤᠯᠤᠰ᠎ᠤᠨ ᠠᠷᠠᠳ ᠲᠦᠮᠡᠨ᠎ᠦ ᠣᠢᠯᠠᠭᠠᠯᠴᠠᠭ᠎ᠠ ᠪᠠ ᠨᠥᠬᠥᠷᠯᠡᠯ᠎ᠢ ᠵᠤᠵᠠᠭᠠᠳᠭᠠᠬᠤ᠎ᠳᠤ ᠠᠱᠢᠭ᠍ᠲᠠᠢ᠎ᠪᠠᠷ ᠪᠠᠷᠠᠬᠤ ᠦᠭᠡᠢ ᠪᠠᠰᠠ ᠬᠣᠶᠠᠷ ᠤᠯᠤᠰ᠎ᠤᠨ ᠤᠯᠠᠨ ᠬᠦᠷᠢᠶᠡᠨ᠎ᠳᠡᠬᠢ ᠨᠢᠭ᠍ᠲᠠ ᠬᠠᠮᠲᠤᠷᠠᠯᠴᠠᠭ᠎ᠠ᠎ᠶ᠋ᠢ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠤᠯᠤᠰ ᠪᠠ ᠭᠠᠵᠠᠷ ᠣᠷᠣᠨ᠎ᠤ ᠬᠥᠭ᠌ᠵᠢᠯᠲᠡ᠎ᠳᠦ ᠴᠢᠬᠤᠯᠠ ᠬᠤᠪᠢ ᠨᠡᠮᠡᠷᠢ ᠦᠵᠡᠭᠦᠯᠬᠦ᠌ ᠪᠣᠯᠤᠨ᠎ᠠ 》 ᠭᠡᠪᠡ᠃

ᠣᠳᠣᠬᠠᠨ᠎ᠤ ᠳᠡᠯᠡᠬᠡᠢ ᠶᠢᠷᠲᠢᠨᠴᠦ᠍᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ ᠲᠦᠷᠭᠡᠳᠴᠦ᠍᠂ ᠳᠡᠯᠡᠬᠡᠢ᠎ᠶ᠋ᠢᠨ ᠬᠤᠪᠢᠷᠠᠯᠲᠠ᠂ ᠴᠠᠭ ᠦᠶ᠎ᠡ᠎ᠶ᠋ᠢᠨ ᠬᠤᠪᠢᠷᠠᠯᠲᠠ᠂ ᠲᠡᠦᠬᠡ᠎ᠶ᠋ᠢᠨ ᠬᠤᠪᠢᠷᠠᠯᠲᠠ᠎ᠶ᠋ᠢᠨ ᠣᠨᠴᠠᠯᠢᠭ ᠨᠡᠩ ᠢᠯᠡᠷᠬᠡᠢ ᠪᠣᠯᠪᠠ᠃ ᠨᠠᠷᠢᠨ ᠪᠤᠳᠤᠯᠢᠶᠠᠨᠲᠠᠢ ᠤᠯᠠᠨ ᠤᠯᠤᠰ᠎ᠤᠨ ᠪᠠᠢᠳᠠᠯ᠎ᠤᠨ ᠡᠮᠦᠨ᠎ᠡ ᠨᠡᠭᠡᠭᠡᠯᠳᠠ᠎ᠶ᠋ᠢ ᠥᠷᠭᠡᠳᠭᠡᠬᠦ᠌ ᠨᠢ ᠮᠥᠨ ᠬᠦ᠌ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠵᠠᠢᠯᠠᠰᠢ ᠦᠭᠡᠢ ᠵᠠᠮ ᠪᠣᠯᠤᠨ᠎ᠠ᠃ ᠳᠤᠮᠳᠠᠳᠤ ᠤᠯᠤᠰ᠎ᠤᠨ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ ᠳᠡᠳ᠋ ᠰᠠᠢᠳ ᠶᠠᠨ ᠳ᠋ᠦᠩ ᠶᠠᠷᠢᠶᠠᠨ᠎ᠳᠠᠭᠠᠨ᠄ 《ᠠᠵᠤ ᠠᠬᠤᠶ᠎ᠶ᠋ᠢᠨ ᠳᠡᠯᠡᠬᠡᠢᠵᠢᠯᠲᠡ ᠪᠣᠯ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢᠨ ᠪᠤᠰᠤᠳᠴᠢ ᠱᠠᠭᠠᠷᠳᠠᠯᠭ᠎ᠠ ᠮᠥᠨ᠂ ᠨᠠᠩ ᠴᠤ᠌ ᠬᠤᠷᠢᠭ᠍ᠯᠠᠭ᠍ᠳᠠᠰᠢ ᠥᠬᠡᠶ ᠲᠡᠦᠬᠡ᠎ᠶ᠋ᠢᠨ ᠤᠷᠤᠰᠭᠠᠯ ᠮᠥᠨ᠃ ᠳᠤᠮᠳᠠᠳᠤ ᠤᠯᠤᠰ ᠠᠵᠤ ᠠᠬᠤᠢ᠎ᠶ᠋ᠢᠨ ᠳᠡᠯᠡᠬᠡᠢᠵᠢᠯᠲᠡ᠎ᠶ᠋ᠢᠨ ᠤᠷᠤᠰᠭᠠᠯ᠎ᠢ ᠡᠷᠡᠰ ᠲᠠᠭᠠᠵᠥ᠍᠂ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢᠶᠠᠷ ᠭᠣᠣᠯ ᠴᠣᠭ᠍ᠴᠠ ᠪᠣᠯᠭᠠᠭ᠍ᠰᠠᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ ᠬᠠᠷᠢᠯᠴᠠᠨ ᠠᠬᠢᠭᠤᠯᠤᠭ᠍ᠰᠠᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠶᠠᠭ ᠪᠦᠷᠢᠯᠳᠦᠭᠦᠯᠵᠦ᠍ ᠪᠠᠢᠨ᠎ᠠ᠂ ᠯᠠᠪᠲᠠᠢ ᠳᠡᠯᠡᠬᠡᠢ᠎ᠶ᠋ᠢᠨ ᠠᠵᠤ ᠠᠬᠤᠢ᠎ᠶ᠋ᠢᠨ ᠰᠡᠷᠭᠦᠯᠲᠡ᠎ᠶ᠋ᠢ ᠠᠬᠢᠭᠤᠯᠬᠤ᠎ᠳᠤ ᠱᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠦ᠍᠂ ᠡᠯ᠎ᠡ ᠤᠯᠤᠰ᠎ᠲᠤ ᠱᠢᠨ᠎ᠡ ᠬᠥᠭ᠌ᠵᠢᠯᠲᠡ᠎ᠶ᠋ᠢᠨ ᠠᠵᠠ ᠲᠣᠬᠢᠶᠠᠯ ᠠᠪᠴᠢᠷᠠᠬᠤ ᠪᠣᠯᠤᠨ᠎ᠠ》 ᠭᠡᠵᠦ ᠢᠯᠡᠳᠭᠡᠪᠡ᠃

ᠺᠠᠮᠪᠣᠵᠠ᠎ᠶ᠋ᠢᠨ ᠳᠣᠲᠣᠭᠠᠳᠤ ᠶᠠᠪᠤᠳᠠᠯ᠎ᠤᠨ ᠶᠠᠮᠤᠨ ᠎ᠤ ᠳᠡᠳ᠋ ᠰᠠᠢᠳ ᠲᠢᠶᠸ ᠭᠦᠩ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ ᠎ᠦᠨ ᠴᠤᠭ᠍ᠯᠠᠭᠠᠨ᠎ᠢ ᠳᠡᠭᠡᠳᠦ ᠬᠡᠮᠵᠢᠶ᠎ᠡ᠎ᠪᠡᠷ ᠦᠨᠡᠯᠡᠪᠡ᠃ ᠲᠡᠷᠡ᠂ ᠲᠣᠰ ᠬᠤᠭᠤᠴᠠᠭᠠᠨ ᠎ᠤ ᠦᠵᠡᠰᠭᠦᠯᠡᠩ ᠎ᠦᠨ ᠴᠤᠭ᠍ᠯᠠᠭᠠᠨ᠎ᠨᠢ 《ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ ᠎ᠶ᠋ᠢ ᠭᠦᠨᠵᠡᠭᠡᠢᠷᠡᠭᠦᠯᠵᠦ᠍ ᠬᠠᠮᠲᠤ ᠎ᠪᠠᠷ ᠠᠱᠢᠭ ᠭᠥᠷᠳᠡᠬᠦ᠌᠎ᠶ᠋ᠢ ᠠᠬᠢᠭᠤᠯᠤᠨ᠎ᠠ 》 ᠪᠡᠷ ᠭᠤᠤᠯ ᠰᠡᠳᠦᠪ ᠪᠣᠯᠭᠠᠵᠤ᠂ ᠨᠡᠭᠡᠭᠡᠯᠲᠡ ᠬᠢᠬᠦ᠌᠂ ᠪᠠᠭ᠍ᠲᠠᠭᠠᠮᠵᠢᠲᠠᠶ ᠪᠠᠢᠬᠤ᠂ ᠬᠠᠮᠲᠤ᠎ᠪᠠᠷ ᠬᠥᠭ᠌ᠵᠢᠬᠦ᠌ ᠴᠠᠭ ᠦᠶ᠎ᠡ᠎ᠶ᠋ᠢᠨ ᠵᠣᠷᠢᠭ ᠰᠠᠨᠠᠭ᠎ᠠ᠎ᠶ᠋ᠢ ᠭᠦᠶ᠋ᠴᠡᠳ ᠢᠯᠡᠷᠡᠭᠦᠯᠵᠦ᠍᠂ ᠳᠤᠮᠳᠠᠳᠤ ᠮᠣᠩᠭᠣᠯ ᠬᠣᠶᠠᠷ ᠤᠯᠤᠰ ᠴᠢᠬᠤᠯᠠ ᠬᠥᠷᠰᠢ ᠤᠯᠤᠰ ᠪᠣᠯᠤᠭ᠍ᠰᠠᠨ᠎ᠤ ᠬᠤᠪᠢ᠎ᠳᠤ ᠬᠠᠮᠲᠤᠷᠠᠯᠴᠠᠭ᠎ᠠ᠂ ᠣᠷᠣᠨ ᠪᠦᠰᠡ᠎ᠶ᠋ᠢᠨ ᠬᠣᠯᠪᠣᠭᠠᠯᠠᠨ ᠬᠥᠳᠡᠯᠦᠯᠴᠡᠬᠦ᠌᠎ᠪᠡᠨ ᠦᠷᠭᠦᠯᠵᠢᠯᠡᠨ ᠭᠦᠨᠵᠡᠭᠡᠢᠷᠡᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠪᠤᠶᠠᠨ ᠦᠶ᠋ᠯᠡᠳᠬᠦ᠌᠎ᠪᠡᠷ ᠪᠠᠷᠠᠬᠤ ᠥᠬᠡᠶ ᠳᠡᠯᠡᠬᠡᠶ᠎ᠶ᠋ᠢᠨ ᠠᠵᠤ ᠠᠬᠤᠶ᠎ᠳᠤ ᠴᠤ᠌ ᠱᠢᠨ᠎ᠡ ᠬᠥᠳᠡᠯᠭᠡᠬᠦ᠌ ᠡᠨᠧᠷᠭᠢ ᠠᠪᠴᠢᠷᠠᠬᠤ ᠪᠣᠯᠤᠨ᠎ᠠ ᠭᠡᠪᠡ᠃

ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ᠎ᠨᠢ ᠪᠥᠬᠥ᠌ ᠪᠥᠮᠪᠥᠷᠴᠡᠭ᠎ᠲᠦ ᠬᠠᠨᠳᠤᠭᠤᠯᠤᠭ᠍ᠰᠠᠨ ᠣᠯᠠᠨ ᠤᠯᠤᠰ᠎ᠤᠨ ᠴᠢᠨᠠᠷᠲᠠᠶ ᠦᠵᠡᠰᠭᠦᠯᠡᠩ ᠪᠣᠯᠤᠭ᠍ᠰᠠᠨ᠎ᠤ ᠬᠤᠪᠢ᠎ᠳᠤ 2015 ᠣᠨ᠎ᠳᠤ ᠠᠩᠬ᠎ᠠ ᠤᠳᠠᠭ᠎ᠠ ᠶᠠᠪᠤᠭ᠍ᠳᠠᠵᠤ᠂ ᠣᠲᠣ ᠪᠣᠯᠲᠠᠯ᠎ᠠ ᠨᠢᠭᠡᠨᠲᠡ 10 ᠵᠢᠯ ᠪᠤᠯᠵᠠᠢ᠃ 10 ᠵᠢᠯ᠎ᠦᠨ ᠲᠤᠷᠰᠢ ᠳᠤᠮᠳᠠᠳᠤ ᠮᠣᠩᠭᠣᠯ ᠬᠣᠶᠠᠷ ᠲᠠᠯ᠎ᠠ᠎ᠶ᠋ᠢᠨ ᠬᠠᠮᠲᠤ᠎ᠶ᠋ᠢᠨ ᠴᠢᠷᠮᠠᠢᠯᠭ᠎ᠠ᠎ᠪᠠᠷ ᠦᠵᠡᠰᠭᠦᠯᠡᠩ᠎ᠦᠨ ᠴᠤᠭ᠍ᠯᠠᠭᠠᠨ᠎ᠨᠢ ᠨᠢᠭᠡᠨᠲᠡ ᠳᠤᠮᠳᠠᠳᠤ ᠮᠣᠩᠭᠣᠯ ᠬᠣᠶᠠᠷ ᠤᠯᠤᠰ᠂ ᠵᠡᠭᠦᠨ ᠬᠣᠢᠲᠤ ᠠᠽᠢᠶ᠎ᠠ᠎ᠶ᠋ᠢᠨ ᠭᠠᠵᠠᠷ ᠣᠷᠣᠨ ᠴᠢᠨᠠᠭ᠍ᠰᠢᠯᠠᠪᠠᠯ 《 ᠨᠢᠭᠡ ᠪᠦᠰᠡ ᠨᠢᠭᠡ ᠵᠠᠮ 》 ᠎ᠢ᠋ ᠬᠠᠮᠲᠤ᠎ᠪᠠᠷ ᠪᠥᠲᠥᠭᠡᠨ ᠪᠠᠢᠭᠤᠯᠬᠤ ᠤᠯᠤᠰ᠎ᠤᠳ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭ᠎ᠠ ᠪᠣᠯᠤᠨ ᠰᠣᠶᠣᠯ ᠢᠷᠭᠡᠨᠱᠢᠯ᠎ᠦᠨ ᠰᠣᠯᠢᠯᠴᠠᠭ᠎ᠠ᠎ᠶ᠋ᠢ ᠠᠬᠢᠭᠤᠯᠬᠤ ᠴᠢᠬᠤᠯᠠ ᠲᠠᠪᠴᠠᠩ ᠪᠣᠯᠵᠠᠶ᠃

《ᠳᠡᠭᠡᠳᠦ ᠳᠡᠰ ᠎ᠤᠨ ᠬᠦᠨᠳᠦᠲᠦ ᠵᠣᠴᠢᠳ᠎ᠤᠨ ᠡᠩᠨᠡᠭᠡ᠂ ᠪᠣᠳᠠᠲᠤ ᠦᠷ᠎ᠡ ᠪᠦᠲᠦᠮᠵᠢ᠎ᠲᠡᠶ ᠳᠡᠭᠡᠳᠦ ᠳᠡᠰ᠎ᠤᠨ ᠶᠠᠷᠢᠯᠴᠠᠭ᠎ᠠ ᠨᠢ ᠭᠠᠵᠠᠷ ᠪᠣᠯᠭᠠᠨ᠎ᠳᠤ  〈ᠬᠠᠮᠲᠤ᠎ᠶ᠋ᠢᠨ ᠲᠠᠨᠢᠯᠲᠠ᠂ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠱᠢᠭ ᠬᠦᠷᠲᠡᠬᠦ᠌ 〉 ᠵᠢ ᠢᠯᠡᠷᠡᠭᠦᠯᠵᠦ ᠪᠠᠢᠨ᠎ᠠ 》᠂ 《ᠳᠤᠮᠳᠠᠳᠤ ᠮᠣᠩᠭᠣᠯ᠎ᠤᠨ ᠦᠵᠡᠰᠭᠦᠯᠡᠩ᠎ᠤᠨ ᠴᠤᠭᠯᠠᠭᠠᠨ ᠪᠣᠯ ᠪᠢᠳᠡᠨ᠎ᠦ ᠬᠤᠳᠠᠯᠳᠤᠭᠠᠨ᠎ᠤ ᠠᠵᠠ ᠲᠣᠬᠢᠶᠠᠯ᠎ᠢ ᠡᠷᠢᠯᠬᠢᠯᠡᠵᠦ᠍᠂ ᠬᠠᠮᠲᠤᠷᠠᠯᠴᠠᠭ᠎ᠠ᠎ᠪᠠᠨ ᠥᠷᠭᠡᠳᠭᠡᠬᠦ᠌᠎ᠳᠦ ᠳᠤᠲᠠᠭ᠍ᠳᠠᠵᠤ ᠪᠣᠯᠤᠰᠢ ᠦᠭᠡᠢ ᠲᠠᠪᠴᠠᠩ ᠮᠥᠨ 》᠂ 《ᠡᠨᠳᠡᠬᠢ ᠬᠥᠭ᠌ᠵᠢᠯᠲᠡ᠎ᠶ᠋ᠢᠨ ᠠᠵᠠ ᠲᠣᠬᠢᠶᠠᠯ ᠎ᠢ ᠶᠠᠭᠠᠬᠢᠭ᠍ᠰᠠᠨ ᠴᠤ᠌ ᠠᠯᠳᠠᠵᠤ ᠪᠣᠯᠬᠤ ᠦᠭᠡᠢ 》 ᠁ ᠬᠤᠷᠠᠯ᠎ᠤᠨ ᠲᠠᠯᠠᠪᠠᠢ᠎ᠶ᠋ᠢᠨ ᠳᠣᠲᠣᠨ᠎ᠠ ᠭᠠᠳᠠᠨ᠎ᠠ ᠡᠯ᠎ᠡ ᠤᠯᠤᠰ᠎ᠤᠨ ᠬᠦᠨᠳᠦᠲᠦ ᠵᠣᠴᠢᠳ᠂ ᠬᠤᠳᠠᠯᠳᠤᠭᠠᠴᠢᠨ ᠳᠤᠮᠳᠠᠳᠤ ᠤᠯᠤᠰ — ᠮᠣᠩᠭᠣᠯ ᠤᠯᠤᠰ᠎ᠤᠨ ᠦᠵᠡᠰᠭᠦᠯᠡᠩ᠎ᠦᠨ ᠴᠤᠭ᠍ᠯᠠᠭᠠᠨ᠎ᠤ ᠲᠠᠲᠠᠬᠤ ᠬᠦᠴᠦᠨ᠎ᠢ ᠢᠩᠭᠢᠵᠦ᠍ ᠳᠦᠷᠰᠦᠯᠡᠵᠦ᠍ ᠪᠠᠢᠯ᠎ᠠ᠃

ᠦᠵᠡᠰᠭᠦᠯᠡᠩ᠎ᠤᠨ ᠴᠤᠭᠯᠠᠭᠠᠨ ᠎ᠢ ᠳᠠᠭᠠᠭᠠᠴᠢᠯᠠᠨ ᠡᠷᠬᠢᠯᠡᠬᠦ᠌ ᠭᠠᠵᠠᠷ ᠪᠣᠯᠤᠭ᠍ᠰᠠᠨ᠎ᠤ ᠬᠤᠪᠢ᠎ᠳᠤ ᠥᠪᠥᠷ ᠮᠣᠩᠭᠣᠯ ᠪᠣᠯ ᠳᠤᠮᠳᠠᠳᠤ ᠤᠯᠤᠰ᠎ᠤᠨ ᠤᠮᠠᠷᠠᠰᠢ ᠨᠡᠬᠡᠬᠡᠯᠳᠡ ᠬᠢᠬᠦ᠌ ᠴᠢᠬᠤᠯᠠ ᠪᠡᠬᠢᠯᠡᠯᠲᠡ ᠪᠠᠢᠵᠤ᠂ ᠳᠤᠮᠳᠠᠳᠤ ᠮᠣᠩᠭᠣᠯ᠎ᠤᠨ ᠰᠣᠯᠢᠯᠴᠠᠭ᠎ᠠ ᠬᠠᠮᠲᠤᠷᠠᠯᠴᠠᠭ᠎ᠠ ᠳᠤᠮᠳᠠ ᠢᠮᠠᠭ᠍ᠲᠠ ᠭᠣᠣᠯ ᠬᠦᠴᠦᠨ᠎ᠦ ᠦᠢᠯᠡᠳᠦᠯ ᠦᠵᠡᠭᠦᠯᠦᠭ᠌ᠰᠡᠭᠡᠷ ᠢᠷᠡᠵᠠᠢ᠃ ᠳᠤᠮᠳᠠᠳᠤ ᠮᠣᠩᠭᠣᠯ ᠬᠣᠶᠠᠷ ᠤᠯᠤᠰ᠎ᠤᠨ ᠡᠬᠡ ᠬᠠᠭᠤᠷᠠᠶ 4700 ᠭᠠᠷᠤᠶ ᠺᠢᠯᠣᠮᠧᠲ᠋ᠷ ᠦᠷᠭᠦᠯᠵᠢᠯᠡᠨ ᠵᠠᠯᠭᠠᠯᠳᠤᠵᠤ᠂ ᠡᠭᠦᠨ᠎ᠳᠦ ᠥᠪᠥᠷ ᠮᠣᠩᠭᠣᠯ᠎ᠤᠨ ᠮᠣᠩᠭᠣᠯ ᠤᠯᠤᠰ᠎ᠲᠠᠶ ᠬᠢᠯᠢ ᠨᠡᠢᠯᠡᠵᠦ᠍ ᠪᠠᠢᠭ᠎ᠠ ᠬᠢᠯᠢ᠎ᠶ᠋ᠢᠨ ᠱᠤᠭᠤᠮ᠎ᠤᠨ ᠣᠷᠳᠣ ᠨᠢ 3100 ᠭᠠᠷᠤᠶ ᠺᠢᠯᠣᠮᠧᠲ᠋ᠷ ᠪᠤᠯᠤᠨ᠎ᠠ᠃ ᠥᠪᠥᠷ ᠮᠣᠩᠭᠣᠯ᠎ᠤᠨ ᠮᠣᠩᠭᠣᠯ ᠤᠯᠤᠰ᠎ᠲᠠᠬᠢ 10 ᠭᠠᠳᠠᠭᠠᠳᠤ ᠨᠡᠭᠡᠭᠡᠯᠲᠡ᠎ᠶ᠋ᠢᠨ ᠪᠣᠭᠣᠮᠲᠠ ᠡᠨᠡ ᠬᠦ᠌ ᠥᠷᠭᠡᠨ ᠠᠭᠤᠳᠠᠮ ᠬᠢᠯᠢ᠎ᠶ᠋ᠢᠨ ᠱᠤᠭᠤᠮ ᠳᠡᠭᠡᠷ᠎ᠡ ᠲᠠᠷᠬᠠᠵᠤ᠂ ᠤᠮᠠᠷᠠᠰᠢ ᠨᠡᠭᠡᠭᠡᠯᠲᠡ ᠬᠢᠬᠦ᠌ ᠪᠡᠬᠢᠯᠡᠯᠲᠡ᠎ᠶ᠋ᠢᠨ ᠠᠵᠤ ᠠᠬᠤᠶ ᠠᠷᠠᠯᠵᠢᠶᠠᠨ᠎ᠤ ᠠᠮᠢᠵᠢᠷᠠᠯ᠎ᠤᠨ ᠬᠦᠴᠦᠨ ᠪᠢᠯᠬᠠᠮ᠎ᠠ ᠪᠠᠢᠨ᠎ᠠ᠃ 2024 ᠣᠨ᠎ᠤ ᠥᠪᠥᠷ ᠮᠣᠩᠭᠣᠯ ᠬᠢᠭᠡᠳ ᠮᠣᠩᠭᠣᠯ ᠤᠯᠤᠰ᠎ᠤᠨ ᠡᠯ᠎ᠡ ᠭᠠᠵᠠᠷ᠎ᠤᠨ ᠬᠣᠭᠣᠷᠣᠨᠳᠣᠬᠢ ᠠᠷᠠᠯᠵᠢᠶᠠᠨ᠎ᠤ ᠬᠡᠮᠵᠢᠶ᠎ᠠ᠎ᠨᠢ ᠳᠤᠮᠳᠠᠳᠤ ᠮᠣᠩᠭᠣᠯ᠎ᠤᠨ ᠠᠷᠠᠯᠵᠢᠶᠠᠨ᠎ᠤ ᠬᠡᠮᠵᠢᠶ᠎ᠠ ᠵᠢᠨ 57% ᠎ᠶ᠋ᠢ ᠡᠵᠡᠯᠡᠪᠡ᠃

ᠡᠳᠦᠭᠡ ᠥᠪᠥᠷ ᠮᠣᠩᠭᠣᠯ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠂ 《ᠤᠮᠠᠷᠠᠲᠤ᠎ᠶ᠋ᠢᠨ ᠭᠤᠷᠪᠠᠨ ᠣᠷᠣᠨ 》 ᠎ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠳᠡᠮᠵᠢᠯᠭᠡ᠎ᠶ᠋ᠢ ᠵᠡᠷᠭᠡ᠎ᠪᠡᠷ ᠭᠥᠷᠳᠡᠵᠦ᠍᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠂ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠥᠲᠥᠭᠡᠨ ᠪᠠᠢᠭᠤᠯᠵᠤ᠂ ᠨᠢᠭᠡᠨᠲᠡ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ ᠎ᠤᠨ ᠴᠢᠬᠤᠯᠠ ᠵᠠᠩᠭᠢᠯᠠᠭ᠎ᠠ᠎ᠶ᠋ᠢᠨ ᠴᠡᠭ ᠪᠣᠯᠵᠠᠶ᠃

《ᠲᠠᠷᠠᠭᠠᠴᠢ᠎ᠶ᠋ᠢᠨ ᠠᠯᠬᠤᠮ᠎ᠳᠤ ᠪᠢᠳᠡ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 〈ᠡᠶᠡᠯᠳᠡᠭ ᠬᠥᠷᠰᠢ᠂ ᠠᠮᠤᠷ ᠲᠣᠭ᠍ᠲᠠᠭᠤᠨ ᠬᠥᠷᠰᠢ᠂ ᠪᠠᠶᠠᠨ ᠴᠢᠨᠡᠭᠡᠯᠢᠭ ᠬᠥᠷᠰᠢ᠂ ᠳᠣᠲᠣᠨᠣ ᠦᠨᠡᠨᠴᠢ ᠠᠱᠢᠭ᠍ᠲᠠᠶ ᠪᠠᠭ᠍ᠲᠠᠭᠠᠮᠵᠢᠲᠠᠶ ᠪᠠᠢᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ 〉 ᠣᠢᠯᠠᠭᠠᠭ᠍ᠳᠠᠬᠤᠨ ᠴᠢᠭ᠌ᠯᠡᠯᠲᠡ᠎ᠶ᠋ᠢ ᠦᠶ᠋ᠯᠡᠳᠦᠯᠭᠡᠵᠢᠭᠦᠯᠵᠦ᠍᠂ ᠮᠣᠩᠭᠣᠯ ᠤᠯᠤᠰ᠎ᠤᠨ ᠬᠣᠯᠪᠣᠭ᠍ᠳᠠᠯ ᠪᠥᠬᠥᠶ ᠲᠠᠯ᠎ᠠ᠎ᠶ᠋ᠢᠨ᠎ᠬᠢᠨ᠎ᠲᠡᠶ ᠬᠠᠮᠲᠤ᠎ᠪᠠᠷ ᠣᠯᠠᠨ ᠬᠦᠷᠢᠶᠡᠨ᠎ᠦ ᠪᠣᠳᠠᠲᠠᠶ᠎ᠶ᠋ᠢ ᠡᠷᠬᠢᠮᠯᠡᠭ᠌ᠰᠡᠨ ᠬᠠᠮᠲᠤᠷᠠᠯᠴᠠᠭ᠎ᠠ᠎ᠶ᠋ᠢ ᠶᠡᠬᠡ᠎ᠪᠡᠷ ᠠᠬᠢᠭᠤᠯᠵᠤ᠂ ᠰᠣᠶᠣᠯ ᠢᠷᠭᠡᠨᠱᠢᠯ᠎ᠦᠨ ᠰᠣᠯᠢᠯᠴᠠᠭ᠎ᠠ᠎ᠶ᠋ᠢ ᠥᠷᠭᠡᠨ᠎ᠢᠶᠡᠷ ᠥᠷᠨᠢᠭᠦᠯᠬᠦ᠌᠎ᠶ᠋ᠢᠨ ᠬᠠᠮᠲᠤ 〈ᠨᠢᠭᠡ ᠪᠦᠰᠡ ᠨᠢᠭᠡ ᠵᠠᠮ〉 ᠎ᠢ᠋ ᠬᠠᠮᠲᠤ᠎ᠪᠠᠷ ᠪᠥᠲᠥᠭᠡᠨ ᠪᠠᠢᠭᠤᠯᠬᠤ᠎ᠳᠤ ᠢᠳᠡᠪᠬᠢᠲᠡᠶ ᠦᠶ᠋ᠯᠡᠴᠢᠯᠡᠬᠦ᠌ ᠪᠠ ᠠᠭᠤᠰᠤᠯᠴᠠᠵᠤ᠂ ᠵᠠᠮ ᠳᠠᠭᠠᠤ ᠤᠯᠤᠰ ᠪᠠ ᠭᠠᠵᠠᠷ ᠣᠷᠣᠨ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠦᠷᠭᠦᠯᠵᠢᠯᠡᠨ ᠴᠢᠩᠭᠠᠳᠭᠠᠵᠤ᠂ ᠨᠠᠩ ᠶᠡᠬᠡ ᠬᠡᠪᠴᠢᠶ᠎ᠡ ᠪᠠ ᠨᠠᠩ ᠥᠨᠳᠥᠷ ᠲᠦᠪᠱᠢᠨ ᠪᠥᠬᠥᠶ ᠬᠠᠷᠢᠯᠴᠠᠨ ᠠᠱᠢᠭ᠍ᠲᠠᠶ ᠬᠠᠮᠲᠤ᠎ᠪᠠᠷ ᠠᠱᠢᠭ ᠭᠥᠷᠳᠡᠬᠦ᠌᠎ᠪᠡᠷ ᠴᠢᠷᠮᠠᠢᠨ᠎ᠠ》ᠭᠡᠵᠦ ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ᠂ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠡᠷᠬᠢᠯᠡᠭ᠌ᠴᠢ ᠰᠦᠨ ᠱᠤᠤ ᠴᠸᠩ ᠪᠠᠶᠠᠷ ᠎ᠤᠨ ᠦᠭᠡ ᠳ᠋ᠡᠭᠡᠨ ᠢᠯᠡᠳᠭᠡᠪᠡ᠃

ᠠᠶᠠᠰ᠎ᠤᠨ ᠰᠠᠯᠬᠢ ᠪᠡᠷ ᠳᠠᠷᠪᠠᠭᠤᠯ ᠬᠡᠢᠰᠭᠡᠨ ᠠᠯᠤᠰ ᠬᠤᠯᠠ᠎ᠵᠢ ᠵᠤᠷᠢᠵᠤ᠂  ᠬᠠᠲᠠᠭᠤ ᠪᠡᠷᠬᠡᠰᠢᠶᠡᠯ᠎ᠢ ᠬᠠᠮᠲᠤ ᠪᠡᠷ ᠲᠤᠭᠤᠯᠵᠤ ᠱᠢᠨ᠎ᠡ ᠠᠶᠠᠨ᠎ᠳᠤ ᠳᠠᠬᠢᠨ ᠮᠣᠷᠳᠠᠨ᠎ᠠ᠃

ᠲᠤᠰ ᠬᠤᠭᠤᠴᠠᠭᠠᠨ᠎ᠤ ᠦᠵᠡᠰᠭᠦᠯᠡᠩ᠎ᠦᠨ ᠴᠤᠭ᠍ᠯᠠᠭᠠᠨ᠎ᠢᠶᠠᠷ ᠠᠵᠠ ᠲᠣᠬᠢᠶᠠᠯ ᠪᠣᠯᠭᠠᠵᠤ᠂ ᠬᠢᠵᠠᠭᠠᠯᠠᠰᠢ ᠦᠭᠡᠢ ᠠᠮᠢᠵᠢᠷᠠᠯ᠎ᠤᠨ ᠬᠦᠴᠦᠨ ᠪᠠ ᠬᠦᠰᠡᠯ ᠡᠷᠡᠮᠡᠯᠵᠡᠯ ᠠᠭᠤᠯᠤᠭ᠍ᠳᠠᠵᠤ ᠪᠠᠢᠭ᠎ᠠ ᠡᠨᠡ ᠬᠦ᠌ ᠤᠮᠠᠷᠠᠲᠤ ᠬᠢᠯᠢ᠎ᠶ᠋ᠢᠨ ᠬᠠᠯᠠᠭᠤᠨ ᠬᠥᠷᠥᠰᠥ᠍ ᠨᠢ ᠯᠠᠪᠲᠠᠢ ᠨᠡᠩ ᠴᠤᠭ ᠪᠠᠳᠠᠷᠠᠩᠭᠤᠢ ᠳᠦᠷᠰᠦ ᠪᠠᠢᠳᠠᠯ᠎ᠢᠶᠠᠷ ᠡᠯ᠎ᠡ ᠲᠠᠯ᠎ᠠ᠎ᠶ᠋ᠢᠨ ᠬᠢᠨ᠎ᠲᠡᠶ ᠭᠠᠷ ᠬᠣᠯᠪᠣᠯᠴᠠᠨ ᠮᠥᠷᠥ᠍ ᠵᠡᠷᠭᠡᠴᠡᠵᠦ᠍᠂ ᠬᠠᠮᠲᠤᠷᠠᠯᠴᠠᠵᠤ ᠬᠠᠮᠲᠤ᠎ᠪᠠᠷ ᠠᠱᠢᠭ ᠬᠦᠷᠲᠡᠬᠦ᠌ ᠴᠣ ᠱᠢᠨ᠎ᠡ ᠬᠠᠭᠤᠳᠠᠰᠤ᠎ᠶ᠋ᠢ ᠬᠠᠮᠲᠤ᠎ᠪᠠᠷ ᠪᠢᠴᠢᠭ᠌ᠯᠡᠵᠦ᠍᠂ ᠬᠥᠮᠦᠨ ᠲᠥᠷᠥᠯᠬᠢᠲᠡᠨ ᠎ᠦ ᠬᠤᠪᠢ ᠵᠠᠶᠠᠭᠠᠨ ᠎ᠤ ᠬᠠᠮᠲᠤ ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠰᠦᠷ ᠳᠠᠯᠠᠢᠴᠠᠲᠠᠢ ᠥᠪᠥᠷ ᠮᠣᠩᠭᠣᠯ᠎ᠤᠨ ᠬᠦᠴᠦᠨ ᠴᠢᠳᠠᠯ᠎ᠢ ᠨᠡᠮᠡᠷᠢᠯᠡᠬᠦ᠌ ᠪᠣᠯᠤᠨ᠎ᠠ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号