ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠪᠤᠯ 《ᠠᠯᠳᠠᠨ ᠬᠥᠭᠥᠷᠭᠡ》᠂ ᠲᠡᠷᠡ ᠨᠢ ᠠᠭᠤᠯᠠ ᠤᠰᠤ ᠪᠡᠷ ᠵᠢᠡᠨ ᠵᠠᠯᠭᠠᠯᠳᠤᠭ᠍ᠰᠠᠨ ᠳᠤᠮᠳᠠᠳᠤ ᠮᠣᠩᠭᠣᠯ ᠬᠤᠶᠠᠷ ᠤᠯᠤᠰ ᠤ᠋ᠨ ᠬᠠᠨᠢᠳᠠᠨ ᠤ᠋ ᠬᠠᠷᠢᠴᠠᠭ᠎ᠠ ᠵᠢ ᠨᠡᠩ ᠨᠢᠭᠳᠠᠷᠠᠭᠤᠯᠵᠤ᠂ ᠠᠨᠳᠠ ᠨᠦᠬᠦᠷᠯᠡᠯ ᠢ᠋ ᠤᠯᠠᠮ ᠵᠤᠵᠠᠭᠠᠳᠬᠠᠪᠠ᠃
ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠪᠤᠯ 《ᠬᠡᠷᠡᠯᠳᠤ ᠴᠣᠩᠬᠣ》᠂ ᠲᠡᠷᠡ ᠨᠢ ᠥᠪᠥᠷ ᠮᠣᠩᠭᠣᠯ ᠤ᠋ᠨ ᠬᠢᠵᠠᠭᠠᠯᠠᠰᠢ ᠦᠭᠡᠢ ᠬᠦᠭᠵᠢᠯᠳᠡ ᠵᠢᠨ ᠠᠵᠠ ᠲᠣᠬᠢᠶᠠᠯ ᠢ᠋ ᠨᠡᠩ ᠤᠯᠠᠨ ᠬᠦᠮᠦᠨ ᠳ᠋ᠤ ᠲᠡᠯᠭᠡᠨ ᠦᠵᠡᠬᠦᠯᠵᠤ᠂ ᠬᠠᠮᠳᠤᠷᠠᠯᠴᠠᠭᠠᠨ ᠤ᠋ ᠵᠠᠮ ᠢ᠋ ᠤᠯᠠᠮ ᠦᠷᠬᠡᠳᠬᠡᠪᠡ᠃
ᠠᠵᠤ ᠠᠬᠤᠢ ᠶ᠋ᠢᠨ ᠲᠡᠯᠡᠭᠡᠢᠵᠢᠯᠲᠡ ᠶ᠋ᠢᠨ ᠤᠷᠤᠰᠬᠠᠯ ᠳ᠋ᠦ ᠠᠵᠤ ᠠᠬᠤᠢ ᠠᠷᠠᠯᠵᠢᠶᠠᠨ ᠤ᠋ ᠵᠦᠪᠳᠡᠯᠴᠡᠭᠡᠷ ᠨᠢᠭᠡᠨᠲᠠ ᠤᠷᠤᠨ ᠪᠦᠰᠡ ᠶ᠋ᠢᠨ ᠬᠠᠮᠲᠤᠷᠠᠯᠴᠠᠭ᠎ᠠ ᠵᠢ ᠠᠬᠢᠭᠤᠯᠵᠤ᠂ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠢ᠋ ᠬᠦᠭᠵᠢᠭᠡᠬᠦ ᠴᠢᠬᠤᠯᠠ ᠬᠦᠳᠡᠯᠭᠡᠭᠦᠷ ᠪᠤᠯᠪᠠ᠃ ᠲᠠᠪᠤᠳᠤᠭᠠᠷ ᠬᠤᠭᠤᠴᠠᠭᠠᠨ ᠤ᠋ ᠲᠤᠮᠳᠠᠳᠤ ᠮᠤᠩᠭᠤᠯ ᠤ᠋ᠨ ᠦᠵᠡᠰᠬᠦᠯᠡᠩ ᠤ᠋ᠨ ᠴᠤᠭᠯᠠᠭᠠᠨ ᠡᠬᠢᠯᠡᠭᠰᠡᠨ ᠡᠴᠡ ᠨᠠᠭᠠᠰᠢ ᠠᠵᠤ ᠠᠬᠤᠢ ᠠᠷᠠᠯᠵᠢᠶᠡᠨ ᠤ᠋ ᠵᠦᠪᠳᠡᠯᠴᠡᠬᠡᠷ ᠤ᠋ᠨ 4 ᠶᠡᠬᠡ ᠠᠵᠢᠯᠯᠠᠭ᠎ᠠ ᠦᠨᠳᠤᠷ ᠪᠦᠳᠦᠮᠵᠢᠳᠠᠢ ᠶᠠᠪᠤᠭᠳᠠᠵᠤ᠂ ᠤᠳᠠᠭ᠎ᠠ ᠪᠦᠷᠢ ᠶ᠋ᠢᠨ ᠬᠡᠯᠡᠯᠴᠡᠭᠡᠷ᠂ ᠡᠭᠡᠯᠵᠢ ᠪᠦᠷᠢ ᠶ᠋ᠢᠨ ᠵᠦᠪᠳᠡᠯᠴᠡᠭᠡᠷᠲᠦ ᠡᠯ᠎ᠠ ᠡᠳᠡᠬᠡᠳ ᠤ᠋ᠨ ᠬᠢᠨ ᠪᠦᠷ ᠬᠠᠮᠳᠤᠷᠠᠨ ᠠᠵᠢᠯᠯᠠᠬᠤ ᠠᠵᠠ ᠲᠤᠬᠢᠶᠠᠯ ᠢ᠋ ᠪᠠᠳᠤ ᠡᠵᠡᠮᠳᠡᠵᠤ᠂ ᠬᠠᠷᠢᠯᠴᠠᠨ ᠠᠰᠢᠭᠳᠠᠢ ᠬᠠᠮᠳᠤᠷᠠᠯᠴᠠᠭ᠎ᠠ ᠵᠢ ᠬᠦᠨᠵᠡᠬᠡᠢᠷᠡᠬᠦᠯᠵᠤ ᠬᠠᠮᠳᠤ ᠪᠡᠷ ᠠᠰᠢᠭ ᠬᠦᠷᠳᠡᠬᠦ ᠵᠢ ᠠᠬᠢᠭᠤᠯᠤᠭᠰᠠᠨ ᠪᠠᠢᠨ᠎ᠠ᠃


ᠠᠵᠢᠯᠯᠠᠭ᠎ᠠ ᠵᠢᠨ ᠠᠬᠤᠢ ᠲᠠᠯᠠᠪᠡᠢ
ᠰᠤᠯᠢᠯᠴᠠᠭᠠᠨ ᠤ᠋ ᠠᠵᠢᠯᠯᠠᠭ᠎ᠠ
ᠴᠠᠭ᠄ 8 ᠰᠠᠷ᠎ᠠ ᠶ᠋ᠢᠨ 24 ᠤ᠋ ᠡᠳᠤᠷ ᠤ᠋ᠨ 14᠄ 00 — 16᠄ 00
ᠭᠠᠵᠠᠷ᠄ ᠬᠦᠬᠡᠬᠤᠲᠠ ᠵᠢᠨ ᠦᠪᠦᠷ ᠮᠤᠡᠭᠭᠤᠯ ᠪᠠᠭᠤᠳᠠᠯ
ᠭᠤᠤᠯ ᠰᠡᠳᠤᠪ᠄ ᠳᠤᠮᠳᠠᠳᠤ ᠮᠣᠩᠭᠣᠯ ᠤ᠋ᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠍᠂ ᠠᠵᠤ ᠦᠢᠯᠡᠰ ᠤ᠋ᠨ ᠱᠢᠨ᠎ᠡ ᠵᠢ ᠡᠭᠦᠳᠬᠦ᠌ ᠵᠢ ᠬᠠᠮᠲᠤ ᠪᠠᠷ ᠠᠬᠢᠭᠤᠯᠤᠶ᠎ᠠ
ᠭᠤᠤᠯ ᠠᠭᠤᠯᠭ᠎ᠠ᠄ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠤᠡᠭᠭᠤᠯ ᠤ᠋ᠨ ᠦᠵᠡᠰᠭᠦᠯᠡᠡᠭ ᠤ᠋ᠨ ᠴᠤᠭᠯᠠᠭᠠᠨ ᠤ᠋ ᠲᠦᠷᠦ ᠦᠢᠯᠡᠳᠪᠦᠷᠢᠯᠡᠯ ᠪᠤᠯᠪᠠᠰᠤᠷᠠᠯ ᠰᠤᠳᠤᠯᠭᠠᠨ ᠤ᠋ ᠰᠤᠯᠢᠯᠴᠠᠭᠠᠨ ᠤ᠋ ᠠᠵᠢᠯᠯᠠᠭ᠎ᠠ ᠶᠠᠪᠤᠭᠳᠠᠵᠤ ᠂ ᠳᠤᠮᠳᠠᠳᠤ ᠮᠣᠩᠭᠣᠯ ᠬᠣᠶᠠᠷ ᠤᠯᠤᠰ ᠤ᠋ᠨ ᠵᠠᠰᠠᠭ ᠤ᠋ᠨ ᠣᠷᠳᠣᠨ ᠤ᠋ ᠠᠯᠪᠠᠨ ᠲᠤᠱᠢᠶᠠᠯᠲᠠᠨ᠂ ᠬᠤᠳᠠᠯᠳᠤᠭᠠᠨ ᠤ᠋ ᠡᠲᠡᠭᠡᠳ ᠤ᠋ᠨ ᠲᠥᠯᠥᠭᠡᠯᠡᠭ᠌ᠴᠢ᠂ ᠲᠤᠰᠭᠠᠢ ᠮᠡᠷᠭᠡᠵᠢᠯᠲᠡᠨ ᠡᠷᠳᠡᠮᠲᠡᠨ ᠵᠡᠷᠭᠡ 100 ᠭᠠᠷᠤᠢ ᠬᠥᠮᠦᠨ ᠣᠷᠣᠯᠴᠠᠪᠠ᠃ ᠠᠵᠢᠯᠯᠠᠭ᠎ᠠ ᠳ᠋ᠦ ᠳᠤᠮᠳᠠᠳᠤ ᠮᠣᠩᠭᠣᠯ ᠬᠣᠶᠠᠷ ᠤᠯᠤᠰ ᠤ᠋ᠨ ᠵᠠᠰᠠᠭ ᠤ᠋ᠨ ᠣᠷᠳᠣᠨ᠂ ᠠᠵᠤ ᠠᠬᠤᠢᠯᠠᠯ ᠬᠤᠳᠠᠯᠳᠤᠭᠠᠨ ᠤ᠋ ᠡᠲᠡᠭᠡᠳ᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠪᠠᠢᠭᠤᠯᠤᠮᠵᠢ ᠶ᠋ᠢᠨ ᠬᠠᠷᠢᠭᠤᠴᠠᠯᠭᠠᠲᠠᠨ ᠨᠠᠷ ᠠᠭᠤᠷᠬᠠᠶ ᠶ᠋ᠢᠨ ᠭᠠᠷᠤᠯᠲᠠ ᠪᠠ ᠡᠨᠧᠷᠭᠢ᠂ ᠰᠠᠭᠤᠷᠢ ᠲᠥᠬᠥᠭᠡᠷᠦᠮᠵᠢ᠂ ᠮᠠᠯ ᠠᠵᠤ ᠠᠬᠤᠢ ᠲᠠᠷᠢᠶᠠᠯᠠᠡᠭ ᠵᠡᠷᠭᠡ ᠬᠣᠶᠠᠷ ᠲᠠᠯ᠎ᠠ ᠶ᠋ᠢᠨ ᠬᠠᠮᠲᠤ ᠪᠠᠷ ᠠᠩᠬᠠᠷᠴᠤ᠌ ᠪᠠᠢᠭ᠎ᠠ ᠬᠦᠷᠢᠶ᠎ᠡ ᠴᠠᠷᠠᠭ᠎ᠠ ᠶ᠋ᠢᠨ ᠲᠤᠭᠤᠷᠢᠨ ᠳ᠋ᠦ ᠭᠤᠤᠯ ᠰᠡᠳᠦᠪᠲᠦ ᠶᠠᠷᠢᠶ᠎ᠠ ᠲᠠᠯᠪᠢᠪᠠ᠃ ᠰᠣᠯᠢᠯᠴᠠᠭ᠎ᠠ ᠵᠣᠯᠭᠠᠯᠴᠠᠭ᠎ᠠ ᠶ᠋ᠢᠨ ᠭᠣᠭ᠍ᠴᠣᠭᠠ ᠳ᠋ᠦ ᠬᠣᠶᠠᠷ ᠲᠠᠯ᠎ᠠ ᠶ᠋ᠢᠨ ᠬᠢᠨ ᠭᠦᠨᠵᠡᠭᠡᠶ ᠶᠠᠷᠢᠯᠴᠠᠭ᠎ᠠ ᠰᠤᠯᠢᠯᠴᠠᠭ᠎ᠠ ᠦᠷᠨᠢᠭᠦᠯᠤᠨ᠂ ᠬᠠᠮᠲᠤᠷᠠᠯᠴᠠᠭ᠎ᠠ ᠪᠠ ᠬᠥᠭ᠌ᠵᠢᠯᠲᠡ ᠶ᠋ᠢᠨ ᠲᠤᠬᠠᠶ ᠨᠢᠭᠤᠷᠳᠠᠨ ᠶᠠᠷᠢᠯᠴᠠᠵᠤ᠂ ᠳᠤᠮᠳᠠᠳᠤ ᠮᠣᠩᠭᠣᠯ ᠬᠣᠶᠠᠷ ᠤᠯᠤᠰ ᠤ᠋ᠨ ᠬᠠᠮᠲᠤᠷᠠᠯᠴᠠᠭᠠᠨ ᠤ᠋ ᠱᠢᠨ᠎ᠡ ᠵᠠᠮ ᠢ᠋ ᠨᠡᠭᠡᠭᠡᠬᠦ᠌᠂ ᠠᠵᠤ ᠠᠬᠤᠶ ᠠᠷᠠᠯᠵᠢᠶᠠᠨ ᠤ᠋ ᠱᠢᠨ᠎ᠡ ᠬᠥᠭ᠌ᠵᠢᠯᠲᠡ ᠵᠢ ᠬᠠᠮᠲᠤ ᠪᠠᠷ ᠠᠬᠢᠭᠤᠯᠬᠤ ᠳ᠋ᠦ ᠰᠢᠨ᠎ᠠ ᠰᠡᠳᠭᠢᠴᠡ ᠬᠠᠩᠭᠠᠵᠠᠢ᠃
ᠰᠢᠩᠬᠡᠬᠡᠯᠳᠡ ᠨᠢᠬᠡ
ᠳ·ᠳ᠋ᠠᠰᠢᠷᠠᠪᠳᠠᠨ (ᠮᠤᠡᠭᠭᠤᠯ ᠤᠯᠤᠰ ᠤ᠋ᠨ ᠡᠳ᠋ ᠤ᠋ᠨ ᠵᠠᠰᠠᠭ ᠤ᠋ᠨ ᠬᠦᠭᠵᠢᠯ ᠤ᠋ᠨ ᠶᠠᠮᠤᠨ ᠤ᠋ ᠰᠠᠢᠳ ᠤ᠋ᠨ ᠵᠦᠪᠯᠡᠭᠴᠢ)᠄ ᠠᠭᠤᠷᠬᠠᠢ ᠶ᠋ᠢᠨ ᠭᠠᠷᠤᠯᠲᠠ ᠪᠠ ᠡᠨ᠋ᠸᠷᠬᠢ᠂ ᠰᠠᠭᠤᠷᠢ ᠲᠦᠬᠦᠭᠡᠷᠦᠮᠵᠢ᠂ ᠮᠠᠯ ᠠᠵᠤ ᠠᠬᠤᠢ ᠲᠠᠷᠢᠶᠠᠯᠠᠡᠭ ᠵᠡᠷᠭᠡ ᠬᠤᠶᠠᠷ ᠤᠯᠤᠰ ᠤ᠋ᠨ ᠬᠠᠮᠲᠤ ᠶ᠋ᠢᠨ ᠠᠡᠭᠬᠠᠷᠤᠯ ᠳ᠋ᠦ ᠬᠦᠷᠴᠦ ᠪᠠᠢᠭ᠎ᠠ ᠬᠦᠷᠢᠶ᠎ᠡ ᠴᠠᠷᠠᠭᠠᠨ ᠳ᠋ᠦ ᠰᠠᠨᠠᠯ ᠰᠠᠨᠠᠭᠤᠯᠭ᠎ᠠ ᠪᠠᠨ ᠰᠤᠯᠢᠯᠴᠠᠬᠤ ᠪᠤᠯᠤᠮᠵᠢ ᠬᠠᠡᠭᠭᠠᠭᠰᠠᠨ ᠲᠤᠰ ᠤᠳᠠᠭ᠎ᠠ ᠵᠢᠨ ᠠᠵᠢᠯᠯᠠᠭ᠎ᠠ ᠨᠢ ᠬᠤᠶᠠᠷ ᠤᠯᠤᠰ ᠤ᠋ᠨ ᠤᠯᠠᠮᠵᠢᠯᠠᠯᠲᠤ ᠨᠠᠢᠷᠰᠠᠭ ᠬᠠᠷᠢᠴᠠᠭ᠎ᠠ ᠵᠢ ᠰᠢᠨ᠎ᠡ ᠲᠦᠪᠰᠢᠨ ᠳ᠋ᠦ ᠭᠠᠷᠭᠠᠵᠤ᠂ ᠴᠢᠨᠠᠭᠰᠢᠲᠠ ᠶ᠋ᠢᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠬᠦ ᠳ᠋ᠦ ᠰᠢᠨ᠎ᠡ ᠭᠠᠷᠤᠭ᠎ᠠ᠂ ᠰᠢᠨ᠎ᠡ ᠪᠤᠯᠤᠮᠵᠢ ᠬᠠᠡᠭᠭᠠᠵᠤ ᠦᠭᠴᠠᠢ᠃ ᠮᠤᠡᠭᠭᠤᠯ ᠤᠯᠤᠰ ᠤ᠋ᠨ ᠬᠢᠨ ᠡᠯ᠎ᠡ ᠬᠦᠷᠢᠶᠡᠨ ᠤ᠋ ᠲᠤᠯᠭᠠᠭᠤᠷᠢᠯᠠᠯ ᠠᠵᠤ ᠠᠬᠤᠢᠯᠠᠯ᠂ ᠭᠠᠳᠠᠭᠠᠳᠤ ᠭᠠᠷᠭᠠᠯᠲᠠ ᠶ᠋ᠢᠨ ᠠᠵᠤ ᠠᠬᠤᠢᠯᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠠᠵᠤ ᠠᠬᠤᠢᠯᠠᠯ ᠢ᠋ ᠬᠦᠴᠦᠯᠡᠨ ᠳᠡᠮᠵᠢᠬᠦ ᠠᠷᠭ᠎ᠠ ᠪᠤᠳᠤᠯᠭ᠎ᠠ ᠵᠢ ᠢᠳᠡᠪᠬᠢᠯᠡᠨ ᠬᠡᠷᠡᠭᠵᠢᠭᠦᠯᠵᠦ ᠪᠠᠢᠨ᠎ᠠ᠃ ᠡᠨᠡ ᠲᠠᠯ᠎ᠠ ᠪᠡᠷ ᠪᠢᠳᠡ ᠳᠤᠮᠳᠠᠳᠤ ᠤᠯᠤᠰ ᠲᠠᠢ ᠬᠠᠷᠢᠯᠴᠠᠨ ᠠᠰᠢᠭᠲᠠᠢ᠂ ᠤᠷᠳᠤ ᠬᠤᠭᠤᠴᠠᠭᠠᠨ ᠤ᠋ ᠬᠠᠮᠲᠤᠷᠠᠯᠴᠠᠭ᠎ᠠ ᠪᠠᠨ ᠤᠯᠠᠮ ᠪᠠᠲᠤᠳᠬᠠᠵᠤ᠂ ᠬᠠᠮᠲᠤ ᠪᠡᠷ ᠬᠦᠭᠵᠢᠬᠦ ᠡᠷᠡᠮᠡᠯᠵᠡᠯ ᠲᠠᠢ ᠪᠠᠢᠨ᠎ᠠ᠃
ᠰᠢᠩᠬᠡᠬᠡᠯᠳᠡ ᠬᠤᠶᠠᠷ
ᠯᠦᠸᠧ ᠴᠢᠩ(ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠬᠤᠳᠠᠯᠳᠤᠭᠠᠨ ᠤ᠋ ᠶᠠᠪᠤᠳᠠᠯ ᠤ᠋ᠨ ᠲᠢᠩᠬᠢᠮ ᠤ᠋ᠨ ᠳᠠᠷᠤᠭ᠎ᠠ)᠄ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠮᠣᠩᠭᠣᠯ ᠤᠯᠤᠰ ᠯᠤᠭ᠎ᠠ ᠶ᠋ᠢᠨ ᠠᠷᠠᠯᠵᠢᠶᠠᠨ ᠤ᠋ ᠬᠡᠮᠵᠢᠶ᠎ᠠ ᠪᠠᠷᠤᠭ ᠪᠥᠬᠥ᠌ ᠤᠯᠤᠰ ᠤ᠋ᠨ ᠮᠣᠩᠭᠣᠯ ᠤᠯᠤᠰᠯᠤᠭᠠ ᠶ᠋ᠢᠨ ᠠᠷᠠᠯᠵᠢᠶᠠᠨ ᠤ᠋ ᠶᠡᠷᠦᠩᠬᠡᠶ ᠬᠡᠮᠵᠢᠶ᠎ᠠ ᠵᠢᠨ 63% ᠵᠢ ᠡᠵᠡᠯᠡᠵᠦ᠍᠂ ᠮᠣᠩᠭᠣᠯ ᠤᠯᠤᠰ ᠯᠤᠭ᠎ᠠ ᠶ᠋ᠢᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭᠠᠨ ᠤ᠋ ᠭᠤᠤᠯ ᠬᠦᠴᠦᠨ ᠤ᠋ ᠦᠢᠯᠡᠳᠦᠯ ᠵᠢᠡᠷ ᠲᠣᠪᠣᠢᠮ᠎ᠠ ᠪᠠᠢᠨ᠎ᠠ᠃ ᠡᠨᠡ ᠵᠢᠯ ᠡᠴᠡ ᠨᠠᠭᠠᠰᠢ᠂ ᠥᠪᠥᠷ ᠮᠣᠩᠭᠣᠯ ᠨᠢᠭᠡᠨᠲᠡ ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ ᠤ᠋ᠨ ᠥᠪᠥᠷ ᠮᠣᠩᠭᠣᠯ — ᠮᠣᠩᠭᠣᠯ ᠤᠯᠤᠰ ᠤ᠋ᠨ ᠪᠡᠯᠡ ᠣᠷᠣᠭᠤᠯᠤᠯᠲᠠ ᠠᠷᠠᠯᠵᠢᠶᠠᠨ ᠤ᠋ ᠬᠠᠮᠲᠤᠷᠠᠯᠴᠠᠭ᠎ᠠ ᠵᠢᠨ ᠲᠠᠨᠢᠯᠴᠠᠭᠤᠯᠭ᠎ᠠ ᠶ᠋ᠢᠨ ᠬᠤᠷᠠᠯ᠂ ᠳᠤᠮᠳᠠᠳᠤ ᠮᠣᠩᠭᠣᠯ ᠤᠷᠤᠰ ᠤ᠋ᠨ ᠪᠡᠯᠡ ᠣᠷᠣᠭᠤᠯᠤᠯᠲᠠ ᠠᠷᠠᠯᠵᠢᠶᠠᠨ ᠤ᠋ ᠬᠠᠮᠲᠤᠷᠠᠯᠴᠠᠭᠠᠨ ᠤ᠋ ᠲᠠᠨᠢᠯᠴᠠᠭᠤᠯᠭ᠎ᠠ ᠶ᠋ᠢᠨ ᠬᠤᠷᠠᠯ᠂《ᠦᠪᠦᠷ ᠮᠤᠡᠭᠭᠤᠯ ᠤ᠋ᠨ ᠬᠤᠳᠠᠯᠳᠤᠭᠠᠴᠢᠨ ᠤ᠋ ᠲᠣᠷᠭᠠᠨ ᠵᠠᠮ ᠤ᠋ᠨ ᠠᠶᠠᠯᠠᠯ》 ᠭᠤᠷᠪᠠᠳᠤᠭᠠᠷ ᠬᠤᠭᠤᠴᠠᠭᠠᠨ ᠤ᠋ ᠲᠠᠸᠠᠷ ᠤ᠋ᠨ ᠦᠵᠡᠰᠭᠦᠯᠡᠩ ᠵᠡᠷᠭᠡ ᠠᠵᠢᠯᠯᠠᠭ᠎ᠠ ᠵᠢ ᠠᠮᠵᠢᠯᠲᠠᠲᠠᠢ ᠡᠷᠬᠢᠯᠡᠪᠡ᠃ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠡᠨᠡ ᠬᠦ᠌ ᠴᠢᠬᠤᠯᠠ ᠲᠠᠪᠴᠠᠩ ᠤ᠋ᠨ ᠳᠠᠭᠠᠭᠤᠯᠭ᠎ᠠ ᠳᠤᠤᠷ᠎ᠠ᠂ ᠪᠢᠳᠡᠨ ᠤ᠋ 《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠥᠲᠥᠭᠡᠨ ᠪᠠᠢᠭᠤᠯᠬᠤ ᠤᠯᠤᠰ ᠯᠤᠭ᠎ᠠ ᠶ᠋ᠢᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠲᠠᠰᠤᠷᠠᠯᠲᠠ ᠥᠬᠡᠶ ᠭᠦᠨᠵᠡᠭᠡᠢᠷᠡᠵᠦ᠍᠂ ᠳᠡᠯᠡᠬᠡᠶ ᠶ᠋ᠢᠨ ᠡᠯ᠎ᠡ ᠤᠯᠤᠰ ᠯᠤᠭ᠎ᠠ ᠶ᠋ᠢᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ ᠵᠢ ᠤᠯᠠᠮ ᠴᠢᠩᠭᠠᠳᠭᠠᠵᠤ᠂ ᠪᠢᠳᠡᠨ ᠤ᠋ ᠨᠠᠢᠵᠠ ᠶ᠋ᠢᠨ ᠲᠤᠭᠤᠷᠢᠭ ᠲᠠᠰᠤᠷᠠᠯᠲᠠ ᠦᠭᠡᠢ ᠦᠷᠭᠡᠵᠢᠵᠤ ᠪᠠᠢᠨ᠎ᠠ᠃

ᠮᠸᠩ
ᠼᠤᠤ
ᠡᠪᠡᠰᠤᠨ
ᠤ᠋
ᠦᠢᠯᠡᠰ
ᠤ᠋ᠨ
ᠮᠡᠷᠭᠡᠵᠢᠯ ᠪᠠ ᠰᠢᠨ᠎ᠠ ᠶ᠋ᠢ
ᠡᠭᠦᠳᠬᠦ
ᠲᠦᠪᠵᠢᠡᠷ
ᠲᠤᠭᠤᠷᠢᠨ ᠦᠵᠡᠨ᠎ᠠ
ᠲᠠᠨᠢᠯᠴᠠᠭᠤᠯᠭ᠎ᠠ ᠶ᠋ᠢᠨ ᠬᠤᠷᠠᠯ
ᠴᠠᠭ᠄ 8 ᠰᠠᠷ᠎ᠠ ᠶ᠋ᠢᠨ 26 ᠤ᠋ ᠡᠳᠦᠷ ᠤ᠋ᠨ 14᠄ 30 — 17᠄ 00
ᠭᠠᠵᠠᠷ᠄ ᠬᠦᠬᠡᠬᠤᠲᠠ ᠶ᠋ᠢᠨ ᠰᠢᠨ ᠴᠸᠡᠭ ᠪᠠᠭᠤᠳᠠᠯ
ᠭᠤᠤᠯ ᠰᠡᠳᠤᠪ᠄ ᠬᠥᠭ᠌ᠵᠢᠯᠲᠡ ᠶ᠋ᠢᠨ ᠱᠢᠨ᠎ᠡ ᠪᠠᠢᠷᠢᠱᠢᠯ ᠢ᠋ ᠬᠠᠮᠲᠤ ᠪᠠᠷ ᠡᠭᠦᠳᠴᠦ᠍᠂ ᠬᠠᠮᠲᠤᠷᠠᠯᠴᠠᠭᠠᠨ ᠤ᠋ ᠱᠢᠨ᠎ᠡ ᠠᠵᠠ ᠲᠣᠬᠢᠶᠠᠯ ᠢ᠋ ᠬᠠᠮᠲᠤ ᠪᠠᠷ ᠡᠷᠢᠯᠬᠢᠯᠡᠶᠠ
ᠭᠤᠤᠯ ᠠᠭᠤᠯᠭ᠎ᠠ᠄ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠴᠢᠬᠤᠯᠠ ᠠᠭᠤᠯᠭ᠎ᠠ ᠶ᠋ᠢᠨ ᠨᠢᠭᠡ ᠪᠤᠯᠬᠤ ᠳᠤᠮᠳᠠᠳᠤ ᠤᠯᠤᠰ(ᠥᠪᠥᠷ ᠮᠣᠩᠭᠣᠯ) — ᠣᠷᠣᠰ ᠤ᠋ᠨ ᠪᠠᠯᠠ ᠣᠷᠣᠭᠤᠯᠤᠯᠲᠠ ᠠᠷᠠᠯᠵᠢᠶᠠᠨ ᠤ᠋ ᠬᠠᠮᠲᠤᠷᠠᠯᠴᠠᠭ᠎ᠠ ᠶ᠋ᠢᠨ ᠲᠠᠨᠢᠯᠴᠠᠭᠤᠯᠭ᠎ᠠ ᠶ᠋ᠢᠨ ᠬᠤᠷᠠᠯ ᠶᠠᠪᠤᠭᠳᠠᠵᠤ᠂ ᠳᠤᠮᠳᠠᠳᠤ ᠣᠷᠣᠰ ᠤ᠋ᠨ ᠵᠠᠰᠠᠭ ᠤ᠋ᠨ ᠤᠷᠳᠤᠨ᠂ ᠠᠵᠤ ᠠᠬᠤᠢᠯᠠᠯ ᠤ᠋ᠨ 150 ᠱᠢᠬᠠᠮ ᠲᠥᠯᠥᠭᠡᠯᠡᠭ᠌ᠴᠢ ᠭᠤᠤᠯ ᠰᠡᠳᠦᠪ ᠤ᠋ᠨ ᠲᠤᠭᠤᠷᠢᠨ ᠳ᠋ᠦ ᠰᠤᠯᠢᠯᠴᠠᠭ᠎ᠠ ᠦᠷᠨᠢᠭᠦᠯᠤᠨ᠂ ᠬᠠᠮᠲᠤᠷᠠᠯᠴᠠᠭᠠᠨ ᠤ᠋ ᠠᠯᠤᠰ ᠲᠥᠰᠦᠪ ᠢ᠋ ᠬᠠᠮᠲᠤ ᠪᠠᠷ ᠶᠠᠷᠢᠯᠴᠠᠵᠤ᠂ ᠬᠥᠭ᠌ᠵᠢᠯᠲᠡ ᠶ᠋ᠢᠨ ᠵᠢᠷᠤᠭ ᠲᠥᠰᠦᠪ ᠢ᠋ ᠬᠠᠮᠲᠤ ᠪᠠᠷ ᠵᠢᠷᠤᠭ᠍ᠯᠠᠪᠠ᠃ ᠠᠵᠤ ᠠᠬᠤᠶ ᠠᠷᠠᠯᠵᠢᠶᠠᠨ ᠤ᠋ ᠦᠷ᠎ᠡ ᠪᠦᠲᠦᠭᠡᠯ ᠤ᠋ᠨ ᠦᠵᠡᠭᠦᠯᠭᠡ ᠶ᠋ᠢᠨ ᠭᠣᠭ᠍ᠴᠣᠭᠠ ᠳ᠋ᠤ ᠪᠠᠢᠭᠠᠯᠢ ᠶ᠋ᠢᠨ ᠱᠢᠲᠠᠮᠠᠬᠠᠶ ᠬᠡᠶ᠂ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠠᠷᠠᠯᠵᠢᠶ᠎ᠠ᠂ ᠬᠢᠯᠢ ᠠᠯᠤᠰᠯᠠᠭ᠍ᠰᠠᠨ ᠡᠳ᠋ ᠪᠠᠷᠠᠭᠠᠨ ᠤ᠋ ᠭᠦᠶ᠋ᠯᠭᠡᠭᠡ ᠵᠡᠷᠭᠡ ᠬᠦᠷᠢᠶ᠎ᠡ ᠵᠢ ᠬᠠᠮᠤᠷᠤᠭ᠍ᠰᠠᠨ 6 ᠵᠦᠶ᠋ᠯ ᠤ᠋ᠨ ᠬᠠᠮᠲᠤᠷᠠᠯᠴᠠᠭᠠᠨ ᠤ᠋ ᠵᠦᠪᠯᠡᠯᠴᠡᠭᠡᠷ ᠲᠦ᠍ ᠭᠠᠷ ᠤ᠋ᠨ ᠥᠰᠥᠭ ᠵᠢᠷᠤᠵᠤ᠂ ᠵᠦᠪᠯᠡᠯᠴᠡᠭᠡᠷ ᠲᠤᠭᠲᠠᠭᠰᠠᠨ ᠵᠣᠭᠣᠰ ᠤ᠋ᠨ ᠲᠣᠭ᠎ᠠ 5.01 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠤᠮᠳᠠᠳᠤ ᠣᠷᠣᠰ ᠤ᠋ᠨ ᠣᠷᠣᠨ ᠪᠦᠰᠡ ᠶ᠋ᠢᠨ ᠬᠠᠮᠲᠤᠷᠠᠯᠴᠠᠭ᠎ᠠ ᠳ᠋ᠤ ᠦᠨᠡᠨ ᠪᠤᠳᠠᠳᠠᠢ ᠬᠥᠳᠡᠯᠭᠡᠭᠦ ᠬᠦᠴᠦᠨ ᠨᠡᠮᠡᠷᠢᠯᠡᠪᠡ᠃
ᠰᠢᠩᠬᠡᠬᠡᠯᠳᠡ ᠨᠢᠬᠡ
ᠨᠢᠶᠸᠮᠸᠢᠢᠵᠢᠺᠸᠹᠥ᠋ (ᠤᠷᠤᠰ ᠤ᠋ᠨ ᠲᠤᠮᠰᠺ ᠵᠸᠦ ᠶ᠋ᠢᠨ ᠦᠢᠯᠡᠳᠪᠦᠷᠢ ᠬᠤᠳᠠᠯᠳᠤᠭᠠᠨ ᠤ᠋ ᠬᠤᠯᠪᠤᠭ᠎ᠠ ᠶ᠋ᠢᠨ ᠳᠡᠳ᠋ ᠲᠡᠷᠢᠭᠦᠯᠡᠭᠴᠢ)᠄ ᠤᠷᠤᠰ ᠤ᠋ᠨ ᠲᠤᠮᠰᠺ ᠵᠸᠦ ᠪᠠᠢᠭᠠᠯᠢ ᠶ᠋ᠢᠨ ᠡᠬᠢ ᠪᠠᠶᠠᠯᠢᠭ ᠵᠢᠡᠷ ᠡᠯᠪᠡᠭ᠂ ᠰᠤᠷᠭᠠᠨ ᠬᠦᠮᠦᠵᠢᠯ ᠤ᠋ᠨ ᠰᠤᠳᠤᠯᠭᠠᠨ ᠤ᠋ ᠲᠦᠪ ᠤ᠋ᠨ ᠪᠤᠳᠠᠲᠤ ᠬᠦᠴᠦᠨ ᠶ᠋ᠢᠡᠷ ᠴᠢᠡᠭᠭ᠎ᠠ᠂ ᠦᠪᠡᠷᠮᠢᠴᠡ ᠤᠨᠴᠠᠯᠢᠭ ᠲᠠᠢ ᠬᠦᠮᠦᠨ ᠰᠤᠶᠤᠯ ᠪᠠ ᠲᠡᠤᠬᠡ ᠶ᠋ᠢᠨ ᠤᠷᠴᠢᠨ ᠲᠠᠢ᠂ ᠦᠨᠳᠦᠷ ᠬᠡᠪ ᠪᠤᠯᠪᠠᠰᠤᠷᠠᠯ ᠪᠦᠬᠦᠢ ᠲᠤᠰᠬᠠᠢ ᠮᠡᠷᠭᠡᠵᠢᠯ ᠤ᠋ᠨ ᠠᠵᠢᠯᠲᠠᠨ ᠲᠠᠢ᠂ ᠦᠢᠯᠡᠳᠪᠦᠷᠢᠯᠡᠯ ᠤ᠋ᠨ ᠰᠠᠭᠤᠷᠢᠨ ᠬᠦᠭᠵᠢᠭᠰᠡᠨ ᠵᠡᠷᠭᠡ ᠳᠠᠪᠠᠭᠤᠯᠢᠭ ᠲᠠᠢ ᠶᠤᠮ᠃ ᠤᠳᠤᠬᠠᠨ ᠳ᠋ᠠᠭᠠᠨ ᠳᠤᠮᠳᠠᠳᠤ ᠤᠯᠤᠰ᠂ ᠮᠤᠡᠭᠭᠤᠯ ᠤᠯᠤᠰ᠂ ᠲᠦᠷᠺ ᠵᠠᠷᠭᠡ 93 ᠤᠯᠤᠰ ᠯᠤᠭ᠎ᠠ ᠤᠯᠠᠨ ᠤᠯᠤᠰ ᠤ᠋ᠨ ᠠᠷᠠᠯᠵᠢᠶ᠎ᠠ ᠬᠢᠵᠦ᠂ ᠭᠤᠤᠯᠳᠠᠭᠤ ᠲᠦᠯᠡᠰᠢ ᠪᠠ ᠡᠨ᠋ᠸᠷᠬᠢ ᠶ᠋ᠢᠨ ᠲᠦᠷᠦᠯ ᠤ᠋ᠨ ᠦᠢᠯᠡᠳᠬᠦᠨ᠂ ᠮᠤᠳᠤᠨ ᠮᠠᠲᠸᠷᠢᠶᠠᠯ᠂ ᠴᠠᠭᠠᠰᠤᠨ ᠡᠭᠡᠳᠡᠡᠭ ᠵᠢᠴᠢ ᠴᠠᠭᠠᠰᠤᠨ ᠦᠢᠯᠡᠳᠬᠦᠨ ᠢ᠋ ᠭᠠᠳᠠᠭᠠᠳᠤ ᠳ᠋ᠦ ᠭᠠᠷᠭᠠᠵᠤ᠂ ᠢᠳᠡᠭᠡᠨ ᠤ᠋ ᠲᠦᠷᠦᠯ ᠵᠢᠴᠢ ᠬᠤᠯᠢᠰᠢᠨ ᠢᠳᠡᠭᠡᠨ᠂ ᠬᠢᠮᠢ ᠶ᠋ᠢᠨ ᠦᠢᠯᠡᠳᠬᠦᠨ ᠢ᠋ ᠭᠠᠳᠠᠭᠠᠳᠤ ᠡᠴᠡ ᠤᠷᠤᠭᠤᠯᠵᠤ ᠪᠠᠢᠨ᠎ᠠ᠃ ᠲᠤᠰ ᠤᠳᠠᠭ᠎ᠠ ᠵᠢᠨ ᠠᠵᠢᠯᠯᠠᠭ᠎ᠠ ᠶ᠋ᠢᠨ ᠵᠠᠪᠰᠢᠶᠠᠨ ᠶ᠋ᠢᠡᠷ ᠡᠯ᠎ᠡ ᠤᠯᠤᠰ ᠪᠠ ᠭᠠᠵᠠᠷ ᠤᠷᠤᠨ ᠤ᠋ ᠲᠤᠮᠰᠺ ᠵᠸᠦ ᠳ᠋ᠦ ᠠᠵᠤ ᠦᠢᠯᠡᠰ ᠤ᠋ᠨ ᠪᠠᠢᠷᠢᠰᠢᠭᠤᠯᠤᠯᠲᠠ ᠬᠢᠵᠦ᠂ ᠬᠠᠮᠲᠤ ᠪᠡᠷ ᠠᠰᠢᠭ ᠬᠦᠷᠲᠡᠬᠦ ᠵᠢ ᠬᠦᠰᠡᠵᠤ ᠪᠠᠢᠨ᠎ᠠ᠃
ᠰᠢᠩᠬᠡᠬᠡᠯᠳᠡ ᠬᠤᠶᠠᠷ
ᠴᠧᠩ ᠭᠦᠸᠧ ᠪᠢᠨ (ᠦᠪᠤᠷ ᠮᠤᠩᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠮᠠᠨᠵᠤᠤᠷ ᠬᠣᠲᠠ ᠶ᠋ᠢᠨ ᠳᠡᠳ᠋ ᠬᠣᠲᠠ ᠶ᠋ᠢᠨ ᠳᠠᠷᠤᠭ᠎ᠠ)᠄ ᠣᠯᠠᠨ ᠵᠢᠯ ᠤ᠋ᠨ ᠲᠤᠷᠰᠢ᠂ ᠳᠤᠮᠳᠠᠳᠤ ᠤᠷᠤᠰ ᠬᠣᠶᠠᠷ ᠤᠯᠤᠰ ᠤ᠋ᠨ ᠲᠡᠷᠢᠭᠦᠨ ᠤ᠋ ᠪᠠᠢᠯᠳᠤᠬᠤ ᠪᠣᠳᠣᠯᠭ᠎ᠠ ᠶ᠋ᠢᠨ ᠳᠠᠭᠠᠭᠤᠯᠭ᠎ᠠ ᠳᠤᠤᠷ᠎ᠠ᠂《ᠨᠢᠭᠡ ᠪᠦᠰᠡ ᠨᠢᠭᠡ ᠵᠠᠮ》 ᠢ᠋ ᠬᠠᠮᠲᠤ ᠪᠠᠷ ᠪᠥᠲᠥᠭᠡᠨ ᠪᠠᠢᠭᠤᠯᠬᠤ ᠪᠠ ᠠᠯᠤᠰ ᠳᠣᠷᠣᠨᠠᠲᠤ ᠶ᠋ᠢᠨ ᠨᠡᠭᠡᠭᠡᠨ ᠬᠥᠭ᠌ᠵᠢᠭᠦᠯᠦᠯᠲᠡ ᠵᠢ ᠬᠠᠷᠢᠯᠴᠠᠨ ᠠᠬᠢᠭᠤᠯᠵᠤ᠂ ᠲᠠᠰᠤᠷᠠᠯᠲᠠ ᠥᠬᠡᠶ ᠭᠦᠨᠵᠡᠭᠡᠢᠷᠡᠭᠦᠯᠦᠨ ᠪᠤᠲᠠᠲᠠᠢᠵᠢᠭᠤᠯᠵᠤ᠂ ᠬᠣᠶᠠᠷ ᠤᠯᠤᠰ ᠤ᠋ᠨ ᠠᠷᠠᠳ ᠲᠦᠮᠡᠨ ᠳ᠋ᠤ ᠦᠨᠡᠨ ᠬᠦ᠌ ᠠᠰᠢᠭ ᠬᠦᠷᠲᠡᠭᠡᠵᠦ ᠪᠠᠢᠨ᠎ᠠ᠃ ᠳᠤᠮᠳᠠᠳᠤ ᠣᠷᠣᠰ ᠤ᠋ᠨ ᠬᠢᠯᠢ ᠶ᠋ᠢᠨ ᠱᠤᠭᠤᠮ ᠳᠡᠭᠡᠷ᠎ᠡ ᠪᠠᠢᠷᠢᠯᠠᠵᠤ ᠪᠠᠢᠭ᠎ᠠ ᠮᠠᠨᠵᠤᠤᠷ ᠬᠣᠲᠠ ᠴᠤ᠌ ᠬᠦᠭᠵᠢᠯᠲᠡ ᠶ᠋ᠢᠨ ᠠᠵᠠ ᠳᠤᠬᠢᠶᠠᠯ ᠢ᠋ ᠠᠳᠬᠤᠨ᠂ 《ᠭᠠᠷᠠᠮ ᠶ᠋ᠢᠡᠷ ᠬᠣᠲᠠ ᠪᠠᠨ ᠬᠦᠭᠵᠢᠭᠦᠯᠬᠦ》 ᠪᠠᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭ᠌ᠵᠢᠭᠦᠯᠵᠦ᠍᠂ ᠳᠣᠲᠣᠭᠠᠳᠤ ᠭᠠᠳᠠᠭᠠᠳᠤ ᠵᠢ ᠬᠣᠯᠪᠣᠭ᠍ᠰᠠᠨ᠂ ᠡᠷᠬᠢᠨ ᠲᠣᠭᠣᠷᠢᠨ ᠢ᠋ ᠨᠥᠯᠥᠭᠡᠯᠡᠭ᠌ᠰᠡᠨ᠂ ᠡᠬᠢ ᠪᠠᠶᠠᠯᠢᠭ ᠢ᠋ ᠲᠥᠪᠯᠡᠷᠡᠭᠦᠯᠵᠦ᠍ ᠲᠠᠷᠬᠠᠭᠠᠭ᠍ᠰᠠᠨ᠂ ᠬᠦᠴᠦᠨ ᠵᠦᠶ᠋ᠯ ᠢ᠋ ᠠᠭᠤᠰᠤᠯᠴᠠᠭᠤᠯᠤᠨ ᠨᠡᠪᠲᠡᠷᠡᠯᠴᠡᠭᠦᠯᠦᠭ᠌ᠰᠡᠨ ᠪᠥᠬᠥ᠌ ᠣᠷᠣᠨ ᠪᠦᠰᠡ ᠶ᠋ᠢᠨ ᠨᠡᠭᠡᠭᠡᠯᠲᠡ ᠶ᠋ᠢᠨ ᠲᠠᠪᠴᠠᠩ ᠢ᠋ ᠪᠥᠬᠥ᠌ ᠬᠦᠴᠦᠨ ᠶ᠋ᠢᠡᠷ ᠶ᠋ᠢᠡᠨ ᠪᠠᠢᠭᠤᠯᠵᠤ ᠪᠠᠢᠨ᠎ᠠ᠃ ᠪᠢᠳᠡ ᠭᠠᠳᠠᠭᠠᠳᠤ ᠠᠷᠠᠯᠵᠢᠶᠠᠨ ᠤ᠋ ᠬᠠᠮᠲᠤᠷᠠᠯᠴᠠᠭ᠎ᠠ᠂ ᠴᠢᠯᠠᠭᠤᠨ ᠲᠤᠰᠤ ᠰᠢᠲᠠᠮᠠᠬᠠᠢ ᠬᠡᠢ᠂ ᠲᠠᠷᠢᠶᠠᠯᠠᠡᠭ ᠤᠢ ᠱᠢᠭᠤᠢ ᠶ᠋ᠢᠨ ᠪᠦᠲᠦᠭᠡᠭᠳᠡᠭᠦᠨ ᠵᠡᠷᠭᠡ ᠭᠠᠳᠠᠭᠠᠳᠤ ᠡᠴᠡᠡ ᠣᠷᠣᠭᠤᠯᠬᠤ ᠡᠬᠢ ᠪᠠᠶᠠᠯᠢᠭ ᠢ᠋ ᠪᠣᠯᠪᠠᠰᠤᠷᠠᠭᠤᠯᠬᠤ ᠠᠵᠤ ᠦᠢᠯᠡᠰ᠂ ᠲᠣᠨᠣᠭ᠍ᠯᠠᠯ ᠵᠡᠷᠭᠡ ᠵᠢ ᠤᠭ᠍ᠰᠠᠷᠠᠨ ᠦᠢᠯᠡᠳᠬᠦ᠌ ᠠᠵᠤ ᠦᠢᠯᠡᠰ᠂ ᠰᠣᠶᠣᠯ ᠵᠢᠭᠤᠯᠴᠢᠯᠠᠯ ᠮᠡᠲᠦ ᠶ᠋ᠢᠨ ᠤᠳᠤ ᠦᠶ᠎ᠡ ᠶ᠋ᠢᠨ ᠦᠢᠯᠡᠴᠢᠯᠡᠭᠡᠨ ᠤ᠋ ᠦᠢᠯᠡᠰ ᠵᠡᠷᠭᠡ ᠬᠡᠳᠦᠨ ᠠᠵᠤ ᠦᠢᠯᠡᠰ ᠤ᠋ᠨ ᠬᠦᠷᠢᠶ᠎ᠡ ᠵᠢ ᠭᠣᠣᠯᠳᠠᠯᠭ᠎ᠠ ᠲᠠᠶ ᠬᠥᠭ᠌ᠵᠢᠭᠦᠯᠬᠦ᠌ ᠶ᠋ᠢᠨ ᠬᠠᠮᠲᠤ ᠪᠡᠯᠡ ᠣᠷᠣᠭᠤᠯᠤᠯᠲᠠ ᠶ᠋ᠢᠨ ᠬᠠᠮᠲᠤᠷᠠᠯᠴᠠᠭ᠎ᠠ ᠵᠢ ᠢᠳᠡᠪᠬᠢᠲᠡᠢ ᠡᠷᠢᠯᠬᠢᠯᠡᠵᠦ ᠪᠠᠢᠨ᠎ᠠ᠃

ᠴᠡᠯᠡᠭᠡᠷ ᠲᠠᠯ᠎ᠠ ᠵᠢᠨ ᠤᠯᠠᠨ
ᠤᠯᠤᠰ ᠤᠨ ᠬᠤᠷᠠᠯ ᠦᠵᠡᠰᠭᠦᠯᠡᠩ
ᠦᠵᠡᠰᠭᠦᠯᠡᠩᠤᠨ
ᠲᠦᠪ
ᠵᠥᠪᠳᠡᠯᠴᠡᠭᠡᠷ ᠤ᠋ᠨ ᠬᠤᠷᠠᠯ
ᠴᠠᠭ᠄ 8 ᠰᠠᠷ᠎ᠠ ᠶ᠋ᠢᠨ 25 ᠤ᠋ ᠡᠳᠦᠷ ᠤ᠋ᠨ 15᠄ 00 — 17᠄ 00
ᠭᠠᠵᠠᠷ᠄ ᠬᠦᠬᠡᠬᠤᠲᠠ ᠶ᠋ᠢᠨ ᠰᠢᠶᠠᠡᠭ ᠭᠸ ᠯᠢ ᠯᠠ ᠪᠠᠭᠤᠳᠠᠯ
ᠭᠤᠤᠯ ᠰᠡᠳᠤᠪ᠄ ᠤᠮᠠᠷᠠᠰᠢ ᠨᠡᠬᠡᠭᠡᠯᠲᠡ ᠬᠢᠵᠦ ᠢᠷᠡᠭᠡᠳᠦᠢ ᠳ᠋ᠤ ᠲᠡᠮᠡᠤᠯᠤᠶᠠ
ᠭᠤᠤᠯ ᠠᠭᠤᠯᠭ᠎ᠠ᠄ ᠭᠤᠷᠪᠠᠳᠤᠭᠠᠷ ᠬᠤᠭᠤᠴᠠᠭᠠᠨ ᠤ᠋ ᠤᠯᠤᠰ ᠤ᠋ᠨ ᠤᠮᠠᠷᠠᠰᠢ ᠨᠡᠭᠡᠭᠡᠯᠲᠡ ᠬᠢᠬᠦ᠌ ᠠᠵᠤ ᠠᠬᠤᠶ ᠠᠷᠠᠯᠵᠢᠶᠠᠨ ᠤ᠋ ᠵᠥᠪᠳᠡᠯᠴᠡᠭᠡᠷ ᠤ᠋ᠨ ᠬᠤᠷᠠᠯ ᠶᠠᠪᠤᠭᠳᠠᠵᠤ᠂ ᠮᠣᠩᠭᠣᠯ ᠤᠯᠤᠰ᠂ ᠣᠷᠣᠰ ᠵᠡᠷᠭᠡ 16 ᠤᠯᠤᠰ ᠪᠠ ᠭᠠᠵᠠᠷ ᠣᠷᠣᠨ ᠤ᠋ 300 ᠭᠠᠷᠤᠢ ᠵᠠᠰᠠᠭ ᠤ᠋ᠨ ᠤᠷᠳᠤᠨ ᠤ᠋ ᠠᠯᠪᠠᠨ ᠲᠤᠰᠢᠶᠠᠯᠳᠠᠨ ᠪᠤᠯᠤᠨ ᠬᠤᠳᠠᠯᠳᠤᠭᠠᠨ ᠤ᠋ ᠡᠲᠡᠭᠡᠳ ᠤ᠋ᠨ ᠲᠥᠯᠥᠭᠡᠯᠡᠭ᠌ᠴᠢ᠂ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠭᠤᠤᠯᠳᠠᠯᠭ᠎ᠠ ᠲᠠᠶ ᠠᠵᠤ ᠠᠬᠤᠢᠯᠠᠯ ᠵᠢᠴᠢ ᠬᠤᠳᠠᠯᠳᠤᠭᠠᠴᠢᠳ ᠤ᠋ᠨ ᠨᠡᠢᠭᠡᠮᠯᠢᠭ ᠤ᠋ᠨ ᠲᠥᠯᠥᠭᠡᠯᠡᠭ᠌ᠴᠢ ᠵᠢ ᠤᠷᠢᠵᠤ ᠣᠷᠣᠯᠴᠠᠭᠤᠯᠤᠨ᠂ ᠣᠯᠠᠨ ᠬᠦᠷᠢᠶ᠎ᠡ ᠴᠠᠷᠠᠭ᠎ᠠ᠂ ᠣᠯᠠᠨ ᠤᠯᠤᠰ ᠢᠯᠭᠠᠯ᠂ ᠣᠯᠠᠨ ᠲᠠᠰ ᠳᠠᠪᠬᠤᠷᠭ᠎ᠠ ᠵᠢ ᠪᠦᠷᠬᠦᠵᠦ᠂ ᠬᠢᠯᠢ ᠠᠯᠤᠰᠯᠠᠭ᠍ᠰᠠᠨ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ᠍᠂ ᠣᠷᠣᠨ ᠪᠦᠰᠡ ᠶ᠋ᠢᠨ ᠠᠵᠤ ᠠᠬᠤᠶ ᠶ᠋ᠢᠨ ᠨᠢᠭᠡ ᠴᠤᠭ᠍ᠴᠠᠵᠢᠭ᠍ᠰᠠᠨ ᠬᠥᠭ᠌ᠵᠢᠯᠲᠡ ᠵᠢ ᠠᠬᠢᠭᠤᠯᠬᠤ ᠵᠢ ᠵᠤᠷᠢᠯ᠎ᠠ᠃ ᠲᠤᠬᠠᠶ ᠶ᠋ᠢᠨ ᠲᠠᠯᠠᠪᠠᠶ ᠳ᠋ᠤ ᠲᠤᠰᠬᠠᠢ ᠲᠠᠯᠠᠪᠠᠢ ᠲᠠᠨᠢᠯᠴᠠᠭᠤᠯᠭ᠎ᠠ ᠶ᠋ᠢᠨ ᠠᠵᠢᠯᠯᠠᠭ᠎ᠠ ᠦᠷᠨᠢᠭᠦᠯᠵᠦ᠂ 21 ᠭᠤᠤᠯᠳᠠᠯᠭ᠎ᠠ ᠲᠠᠶ ᠲᠥᠷᠥᠯ ᠵᠦᠶ᠋ᠯ ᠤ᠋ᠨ ᠭᠡᠷ᠎ᠡ ᠲᠣᠭ᠍ᠲᠠᠨ᠂ ᠶᠡᠷᠦᠩᠬᠡᠶ ᠪᠠᠯᠠ ᠣᠷᠣᠭᠤᠯᠤᠯᠲᠠ ᠨᠢ 652.94 ᠳ᠋ᠦᠩᠱᠢᠭᠤᠷ ᠲᠥᠭᠥᠷᠢᠭ ᠲᠦ᠍ ᠬᠦᠷᠴᠠᠢ᠃ ᠪᠠᠰᠠ《ᠳᠤᠮᠳᠠᠳᠤ ᠮᠣᠩᠭᠣᠯ ᠤ᠋ᠨ ᠡᠷᠢᠶᠡᠨ ᠬᠣᠲᠠ — ᠵᠠᠮ ᠤ᠋ᠨ ᠡᠭᠦᠳᠡ ᠶ᠋ᠢᠨ ᠠᠵᠤ ᠠᠬᠤᠶ ᠶ᠋ᠢᠨ ᠬᠠᠮᠲᠤᠷᠠᠯᠴᠠᠭᠠᠨ ᠤ᠋ ᠣᠷᠣᠨ ᠢ᠋ ᠬᠠᠮᠳᠤ ᠪᠡᠷ ᠬᠦᠭᠵᠢᠬᠦᠯᠬᠦ ᠶᠡᠷᠦᠩᠬᠡᠶ ᠲᠥᠰᠦᠯ》 ᠢ᠋ ᠨᠡᠢᠲᠡᠯᠡᠵᠦ᠂ ᠬᠠᠮᠲᠤᠷᠠᠯᠴᠠᠭᠠᠨ ᠤ᠋ ᠣᠷᠣᠨ ᠤ᠋ ᠬᠥᠭ᠌ᠵᠢᠯᠲᠡ ᠶ᠋ᠢᠨ ᠬᠠᠷᠠᠯᠲᠠ᠂ ᠠᠵᠤ ᠦᠢᠯᠡᠰ ᠤ᠋ᠨ ᠪᠠᠢᠷᠢᠱᠢᠭᠤᠯᠤᠯᠲᠠ ᠪᠣᠯᠤᠨ ᠬᠢᠨᠠᠯᠲᠠ ᠬᠠᠮᠢᠶᠠᠷᠤᠯᠲᠠ ᠶ᠋ᠢᠨ ᠱᠢᠰᠲ᠋ᠧᠮ ᠢ᠋ ᠲᠥᠯᠥᠪᠵᠢᠭᠦᠯᠵᠦ᠍᠂ ᠳᠤᠮᠳᠠᠳᠤ ᠮᠣᠩᠭᠣᠯ ᠤ᠋ᠨ ᠠᠵᠤ ᠠᠬᠤᠢ ᠠᠷᠠᠯᠵᠢᠶᠠᠨ ᠤ᠋ ᠬᠠᠮᠲᠤᠷᠠᠯᠴᠠᠭ᠎ᠠ ᠱᠢᠨ᠎ᠡ ᠱᠠᠲᠤᠨ ᠳ᠋ᠤ ᠤᠷᠤᠬ᠍ᠰᠠᠨ ᠢ᠋ ᠬᠠᠷᠠᠭᠤᠯᠪᠠ᠃
ᠰᠢᠩᠬᠡᠬᠡᠯᠳᠡ ᠨᠢᠬᠡ
ᠯᡁᠬᠠᠵᠠᠪᠠ (ᠮᠤᠡᠭᠭᠤᠯ ᠤᠯᠤᠰ ᠤ᠋ᠨ ᠦᠢᠯᠡᠳᠪᠦᠷᠢ ᠬᠤᠳᠠᠯᠳᠤᠭᠠᠨ ᠤ᠋ ᠡᠪᠯᠡᠯ ᠤ᠋ᠨ ᠲᠡᠷᠢᠭᠦᠯᠡᠭᠴᠢ)᠄ ᠳᠤᠮᠳᠠᠳᠤ ᠮᠤᠡᠭᠭᠤᠯ ᠤ᠋ᠨ ᠦᠵᠡᠰᠭᠦᠯᠡᠡᠭ ᠤ᠋ᠨ ᠴᠤᠭᠯᠠᠭᠠᠨ ᠳ᠋ᠦ ᠪᠢ ᠭᠤᠷᠪᠠᠳᠤᠭᠠᠷ ᠤᠳᠠᠭ᠎ᠠ ᠪᠠᠨ ᠤᠷᠤᠯᠴᠠᠵᠤ ᠪᠠᠢᠨ᠎ᠠ᠃ ᠳᠤᠮᠳᠠᠳᠤ ᠮᠤᠡᠭᠭᠤᠯ ᠤ᠋ᠨ ᠦᠵᠡᠰᠭᠦᠯᠡᠡᠭ ᠤ᠋ᠨ ᠴᠤᠭᠯᠠᠭᠠᠨ ᠳ᠋ᠡᠬᠢ ᠬᠤᠶᠠᠷ ᠤᠯᠤᠰ ᠤ᠋ᠨ ᠠᠷᠠᠯᠵᠢᠶᠠᠨ ᠤ᠋ ᠵᠤᠭᠤᠰ ᠤ᠋ᠨ ᠲᠤᠭ᠎ᠠ ᠬᠤᠭᠤᠴᠠᠭ᠎ᠠ ᠲᠠᠷᠠᠭᠠᠯᠠᠨ ᠶᠡᠬᠡ ᠪᠡᠷ ᠨᠡᠮᠡᠭᠳᠡᠭᠰᠡᠨ ᠨᠢ ᠨᠡᠬᠡᠷᠡᠨ ᠬᠢᠯᠪᠠᠷ ᠪᠤᠰᠤ ᠶᠤᠮ᠃ ᠡᠨᠡ ᠪᠤᠯ ᠬᠤᠶᠠᠷ ᠤᠯᠤᠰ ᠤ᠋ᠨ 10 ᠵᠢᠯ ᠤ᠋ᠨ ᠲᠤᠷᠰᠢᠬᠢ ᠬᠠᠮᠲᠤᠷᠠᠨ ᠠᠵᠢᠯᠯᠠᠵᠤ᠂ ᠶᠠᠪᠤᠯᠴᠠᠭ᠎ᠠ ᠰᠤᠯᠢᠯᠴᠠᠭ᠎ᠠ ᠪᠠᠨ ᠭᠦᠨᠵᠡᠭᠡᠢᠷᠡᠭᠦᠯᠦᠭᠰᠡᠨ ᠤ᠋ ᠦᠷ᠎ᠡ ᠳ᠋ᠦᠡᠭ ᠪᠠᠢᠵᠤ᠂ ᠬᠤᠶᠠᠷ ᠤᠯᠤᠰ ᠤ᠋ᠨ ᠠᠷᠠᠳ ᠲᠦᠮᠡᠨ ᠤ᠋ ᠠᠮᠢᠳᠤᠷᠠᠯ ᠳ᠋ᠦ ᠮᠠᠰᠢ ᠶᠡᠬᠡ ᠬᠤᠪᠢ ᠨᠡᠮᠡᠷᠢ ᠦᠵᠡᠭᠦᠯᠪᠡ᠃ ᠲᠤᠰ ᠤᠳᠠᠭ᠎ᠠ ᠵᠢᠨ ᠠᠵᠢᠯᠯᠠᠭ᠎ᠠ ᠨᠢ ᠮᠤᠡᠭᠭᠤᠯ ᠤᠯᠤᠰ ᠤ᠋ᠨ ᠰᠠᠭᠤᠷᠢ ᠲᠦᠬᠦᠭᠡᠷᠦᠮᠵᠢ᠂ ᠰᠢᠨ᠎ᠡ ᠡᠨ᠋ᠸᠷᠬᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠵᠡᠷᠭᠡ ᠬᠦᠷᠢᠶᠡᠨ ᠤ᠋ ᠠᠵᠤ ᠦᠢᠯᠡᠰ ᠶ᠋ᠢᠡᠨ ᠴᠢᠨᠠᠭᠰᠢᠲᠠ ᠬᠦᠭᠵᠢᠭᠦᠯᠬᠦ ᠳ᠋ᠦ ᠮᠠᠰᠢ ᠰᠠᠢᠨ ᠠᠵᠠ ᠲᠤᠬᠢᠶᠠᠯ ᠬᠠᠡᠭᠭᠠᠪᠠ᠃
ᠰᠢᠩᠬᠡᠬᠡᠯᠳᠡ ᠬᠤᠶᠠᠷ
ᠢᠦᠢ ᠬᠠᠢ ᠢᠦᠢ (ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠤᠷᠳᠤᠰ ᠬᠤᠲᠠ ᠶ᠋ᠢᠨ ᠬᠤᠲᠠ ᠶ᠋ᠢᠨ ᠳᠠᠷᠤᠭ᠎ᠠ)᠄ ᠣᠷᠳᠣᠰ ᠬᠣᠲᠠ ᠥᠨᠢ ᠤᠳᠠᠭᠠᠨ ᠲᠡᠦᠬᠡ ᠲᠡᠶ᠂ ᠥᠪᠡᠷᠮᠢᠴᠡ ᠣᠷᠣᠨ ᠪᠠᠢᠷᠢ ᠶ᠋ᠢᠨ ᠤᠨᠴᠠᠯᠢᠭ ᠲᠠᠢ᠂ ᠵᠠᠮ ᠬᠠᠷᠢᠯᠴᠠᠭ᠎ᠠ ᠳᠥᠭᠥᠮ ᠳᠥᠲᠡ ᠮᠦᠷᠲᠡᠭᠡᠨ ᠡᠬᠢ ᠪᠠᠶᠠᠯᠢᠭ ᠵᠢᠡᠷ ᠡᠯᠪᠡᠭ ᠲᠠᠢ ᠪᠠᠢᠵᠤ᠂ ᠣᠯᠠᠨ ᠡᠨᠧᠷᠭᠢ ᠬᠠᠷᠢᠯᠴᠠᠨ ᠨᠥᠬᠥᠪᠥᠷᠢᠯᠡᠭ᠌ᠰᠡᠨ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠮᠦᠨ᠂ ᠠᠮᠢ ᠠᠬᠤᠶ ᠤᠷᠴᠢᠨ ᠲᠤᠭᠤᠷᠢᠨ ᠤ᠋ ᠶᠠᠰᠤ ᠴᠢᠨᠠᠷ ᠰᠠᠢᠨ᠂ ᠤᠷᠤᠰᠢᠨ ᠰᠠᠭᠤᠷᠢᠰᠢᠬᠤ ᠳ᠋ᠦ ᠲᠤᠬᠢᠷᠠᠮᠵᠢᠲᠠᠢ ᠪᠡᠷ ᠶ᠋ᠢᠡᠨ ᠳᠤᠮᠳᠠᠳᠤ ᠤᠯᠤᠰ ᠤ᠋ᠨ ᠬᠠᠮᠤᠭ ᠤ᠋ᠨ ᠵᠣᠯ ᠵᠢᠷᠭᠠᠯᠲᠤ ᠬᠣᠲᠠ ᠪᠠᠷ ᠦᠨᠡᠯᠡᠭ᠌ᠳᠡᠪᠡ᠃ ᠤᠳᠤᠬᠠᠨ ᠳ᠋ᠦ ᠪᠢᠳᠡ ᠶᠠᠭ ᠡᠨᠧᠷᠭᠢ᠂ ᠣᠲᠣ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠶ᠋ᠯᠡᠳᠪᠦᠷᠢ᠂ ᠱᠢᠨ᠎ᠡ ᠡᠨᠧᠷᠭᠢ ᠶ᠋ᠢᠨ ᠲᠣᠨᠣᠭ᠍ᠯᠠᠯ ᠦᠶ᠋ᠯᠡᠳᠬᠦ᠌᠂ ᠢᠮᠠᠭᠠᠨ ᠨᠤᠤᠯᠤᠭᠤᠷ ᠵᠡᠷᠭᠡ 《ᠳᠥᠷᠪᠡᠨ ᠳᠡᠯᠡᠬᠡᠶ ᠶ᠋ᠢᠨ ᠲᠠᠰ ᠤ᠋ᠨ ᠠᠵᠤ ᠦᠶ᠋ᠯᠡᠰ》 ᠤ᠋ᠨ ᠪᠦᠯᠦᠭᠵᠢᠯ ᠢ᠋ ᠲᠦᠷᠭᠡᠳᠭᠡᠨ ᠪᠠᠢᠭᠤᠯᠵᠤ᠂ ᠱᠢᠨ᠎ᠡ ᠮᠠᠲ᠋ᠧᠷᠢᠶᠠᠯ ᠪᠠ ᠪᠣᠬᠢᠷᠲᠤᠯ ᠥᠬᠡᠶ ᠪᠤᠳᠤᠯᠲᠠ ᠶ᠋ᠢᠨ ᠴᠢᠳᠠᠪᠤᠷᠢ᠂ ᠵᠣᠬᠢᠶᠠᠮᠠᠯ ᠣᠶᠤᠨ ᠴᠢᠳᠠᠪᠤᠷᠢ᠂ ᠤᠢᠷ᠎ᠡ ᠤᠭᠲᠠᠷᠭᠤᠢ ᠶ᠋ᠢᠨ ᠠᠵᠤ ᠠᠬᠤᠶ ᠵᠡᠷᠭᠡ ᠬᠠᠮᠵᠢᠯᠴᠠᠨ ᠬᠥᠭ᠌ᠵᠢᠭ᠌ᠰᠡᠨ ᠱᠢᠨ᠎ᠡ ᠠᠵᠤ ᠦᠶ᠋ᠯᠡᠰ ᠤ᠋ᠨ ᠪᠦᠯᠦᠭᠵᠢᠯ ᠢ᠋ ᠢᠳᠡᠪᠬᠢᠲᠡᠶ ᠪᠣᠢᠵᠢᠭᠤᠯᠵᠤ᠂ ᠴᠢᠨᠠᠷ ᠰᠠᠢᠲᠠᠶ ᠬᠥᠭ᠌ᠵᠢᠯᠲᠡ ᠶ᠋ᠢᠨ ᠣᠲᠣ ᠦᠶ᠎ᠡ ᠶ᠋ᠢᠨ ᠠᠵᠤ ᠦᠶ᠋ᠯᠡᠰ ᠤ᠋ᠨ ᠱᠢᠰᠲ᠋ᠧᠮ ᠢ᠋ ᠪᠥᠬᠥ᠌ ᠲᠠᠯ᠎ᠠ ᠪᠠᠷ ᠪᠠᠢᠭᠤᠯᠵᠤ ᠪᠤᠢ᠃ ᠤᠯᠠᠨ ᠶ᠋ᠢᠡᠷ ᠶ᠋ᠢᠡᠨ ᠪᠠᠢᠯᠳᠤᠬᠤ ᠪᠤᠳᠤᠯᠭ᠎ᠠ ᠶ᠋ᠢᠨ ᠬᠠᠷᠠᠴᠠ ᠪᠠᠨ ᠤᠷᠳᠤᠰ ᠬᠤᠳᠠ ᠳ᠋ᠤ ᠲᠠᠯᠪᠢᠵᠤ᠂ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠤ᠋ᠨ ᠲᠦᠷᠦᠯ ᠵᠦᠢᠯ ᠶ᠋ᠢᠡᠨ ᠤᠷᠳᠤᠰ ᠬᠤᠳᠠ ᠳ᠋ᠤ ᠪᠠᠢᠷᠢᠱᠢᠭᠤᠯᠵᠤ᠂ ᠬᠥᠭ᠌ᠵᠢᠯᠲᠡ ᠶ᠋ᠢᠨ ᠱᠢᠨ᠎ᠡ ᠬᠠᠭᠤᠳᠠᠰᠤ ᠵᠢ ᠬᠠᠮᠲᠤ ᠪᠠᠷ ᠪᠢᠴᠢᠭ᠌ᠯᠡᠬᠦ ᠵᠢ ᠬᠦᠰᠡᠨ ᠪᠠᠷᠠᠯᠠᠵᠤ ᠪᠠᠢᠨ᠎ᠠ᠃
ᠳᠤᠭᠤᠷᠠᠭ ᠱᠢᠷᠡᠭᠡᠨ ᠤ᠋ ᠬᠤᠷᠠᠯ
ᠴᠠᠭ᠄ 8 ᠰᠠᠷ᠎ᠠ ᠵᠢᠨ 26 ᠤ᠋ ᠡᠳᠦᠷ ᠤ᠋ᠨ 8᠄ 40 — 17᠄ 30
ᠭᠠᠵᠠᠷ᠄ ᠬᠦᠬᠡᠬᠤᠲᠠ ᠵᠢᠨ ᠺᠠᠢ ᠶᠤᠸᠠᠨ ᠮᠢᠩ ᠳ᠋ᠦ᠋ ᠪᠠᠭᠤᠳᠠᠯ᠂ ᠮᠸᠩ ᠼᠤᠤ ᠡᠪᠡᠰᠤᠨ ᠤ᠋ ᠦᠢᠯᠡᠰ ᠤ᠋ᠨ ᠮᠡᠷᠭᠡᠵᠢᠯ ᠪᠠ ᠰᠢᠨ᠎ᠡ ᠶ᠋ᠢ ᠡᠭᠦᠳᠬᠦ ᠲᠦᠪ
ᠭᠤᠤᠯ ᠰᠡᠳᠤᠪ᠄ ᠠᠮᠢ ᠠᠬᠤᠶ ᠵᠢᠨ ᠲᠣᠷᠭᠠᠨ ᠵᠠᠮ·ᠬᠠᠮᠲᠤᠷᠠᠨ ᠠᠵᠢᠯᠯᠠᠵᠤ ᠬᠠᠮᠲᠤ ᠪᠡᠷ ᠠᠱᠢᠭ ᠬᠦᠷᠳᠡᠶᠠ
ᠭᠤᠤᠯ ᠠᠭᠤᠯᠭ᠎ᠠ᠄ ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠴᠢᠬᠤᠯᠠ ᠠᠵᠢᠯᠯᠠᠭ᠎ᠠ ᠵᠢᠨ ᠨᠢᠭᠡ ᠪᠣᠯᠬᠤ ᠳᠤᠮᠳᠠᠳᠤ ᠮᠣᠩᠭᠣᠯ ᠤ᠋ᠨ ᠠᠮᠢ ᠠᠬᠤᠶ ᠵᠢᠨ ᠲᠥᠷᠥᠯ ᠵᠦᠶ᠋ᠯ ᠤ᠋ᠨ ᠪᠠᠯᠠ ᠣᠷᠣᠭᠤᠯᠤᠯᠲᠠ ᠬᠠᠮᠲᠤᠷᠠᠯᠴᠠᠭᠠᠨ ᠤ᠋ ᠳᠤᠭᠤᠷᠠᠭ ᠱᠢᠷᠡᠭᠡᠨ ᠤ᠋ ᠬᠤᠷᠠᠯ ᠶᠠᠪᠤᠭᠳᠠᠵᠤ᠂ ᠳᠤᠮᠳᠠᠳᠤ ᠮᠣᠩᠭᠣᠯ ᠤ᠋ᠨ ᠠᠮᠢ ᠠᠬᠤᠶ ᠵᠢᠨ ᠬᠠᠮᠲᠤᠷᠠᠯᠴᠠᠭᠠᠨ ᠤ᠋ 5 ᠲᠥᠷᠥᠯ ᠵᠦᠶ᠋ᠯ ᠳ᠋ᠦ ᠭᠡᠷ᠎ᠡ ᠲᠤᠭᠳᠠᠵᠤ᠂ ᠵᠦᠪᠯᠡᠯᠴᠡᠬᠡᠷ ᠲᠤᠭᠳᠠᠭᠰᠠᠨ ᠵᠤᠭᠤᠰ ᠤ᠋ᠨ ᠲᠤᠭ᠎ᠠ 6000 ᠲᠦᠮᠡᠨ ᠲᠦᠬᠦᠷᠢᠭ ᠲᠦ᠍ ᠲᠦᠬᠦᠵᠠᠢ᠃ ᠳᠤᠮᠳᠠᠳᠤ ᠮᠣᠩᠭᠣᠯ ᠬᠣᠶᠠᠷ ᠤᠯᠤᠰ ᠤ᠋ᠨ ᠵᠠᠰᠠᠭ ᠤ᠋ᠨ ᠣᠷᠳᠣᠨ ᠤ᠋ ᠰᠠᠯᠠᠭ᠎ᠠ ᠮᠥᠴᠢᠷ᠂ ᠲᠤᠰᠭᠠᠶ ᠮᠡᠷᠭᠡᠵᠢᠯ ᠤ᠋ᠨ ᠪᠠᠢᠭᠤᠯᠤᠮᠵᠢ ᠵᠢᠴᠢ ᠠᠵᠤ ᠠᠬᠤᠢᠯᠠᠯ ᠤ᠋ᠨ 80 ᠭᠠᠷᠤᠶ ᠲᠥᠯᠥᠭᠡᠯᠡᠭ᠌ᠴᠢ ᠳᠤᠭᠤᠷᠠᠭ ᠱᠢᠷᠡᠭᠡᠨ ᠤ᠋ ᠬᠤᠷᠠᠯ ᠳ᠋ᠤ ᠤᠷᠤᠯᠴᠠᠵᠤ᠂ ᠠᠮᠢ ᠠᠬᠤᠶ ᠵᠢᠨ ᠬᠠᠮᠲᠤᠷᠠᠯᠴᠠᠭᠠᠨ ᠤ᠋ ᠢᠷᠡᠭᠡᠳᠦᠶ ᠵᠢᠨ ᠲᠤᠬᠠᠶ ᠬᠠᠮᠲᠤ ᠪᠡᠷ ᠶᠠᠷᠢᠯᠴᠠᠨ᠂ ᠲᠥᠷᠥᠯ ᠵᠦᠶ᠋ᠯ ᠢ᠋ ᠨᠠᠢᠳᠠᠪᠤᠷᠢᠵᠢᠭᠤᠯᠬᠤ ᠠᠷᠭ᠎ᠠ ᠵᠠᠮ ᠢ᠋ ᠬᠠᠮᠲᠤ ᠪᠡᠷ ᠵᠥᠪᠳᠡᠯᠴᠡᠪᠡ᠃

ᠭᠠᠳᠠᠭᠠᠳᠤ ᠵᠢᠨ ᠵᠤᠴᠢᠳ
ᠰᠢᠩᠬᠡᠬᠡᠯᠳᠡ ᠨᠢᠬᠡ
ᠪᠤ·ᠪᠤᠶᠠᠨᠨᠡᠮᠡᠬᠦ (ᠮᠤᠩᠭᠤᠯ ᠤᠯᠤᠰ ᠤ᠋ᠨ ᠪᠠᠢᠭᠠᠯᠢ ᠤᠷᠴᠢᠨ ᠠᠭᠤᠷ ᠠᠮᠢᠰᠬᠤᠯ ᠤ᠋ᠨ ᠦᠭᠡᠷᠡᠴᠢᠯᠡᠯᠲᠡ ᠵᠢᠨ ᠶᠠᠮᠤᠨ ᠤ᠋ ᠬᠢᠨᠠᠯᠲᠡ᠂ ᠦᠨᠡᠯᠡᠭᠡ ᠵᠢᠨ ᠭᠠᠵᠠᠷ ᠤ᠋ᠨ ᠳᠠᠷᠤᠭ᠎ᠠ)᠄ ᠲᠤᠰ ᠤᠳᠠᠭ᠎ᠠ ᠵᠢᠨ ᠬᠤᠷᠠᠯ ᠳ᠋ᠤ ᠬᠣᠶᠠᠷ ᠤᠯᠤᠰ ᠤ᠋ᠨ ᠬᠢᠯᠢ ᠳᠠᠭᠠᠤ ᠵᠢᠨ ᠠᠮᠢ ᠠᠬᠤᠢ ᠮᠠᠭᠤᠲᠠᠭᠰᠠᠨ ᠪᠥᠰᠡ ᠵᠢ ᠨᠥᠬᠥᠨ ᠰᠡᠷᠭᠦᠭᠡᠵᠤ᠂ ᠡᠯᠡᠰᠦᠷᠬᠡᠭᠵᠢᠯ᠂ ᠬᠦᠷᠦᠰᠤ ᠰᠢᠷᠤᠢ ᠵᠢᠨ ᠮᠠᠭᠤᠲᠠᠯ᠂ ᠠᠭᠤᠷ ᠠᠮᠢᠰᠭᠤᠯ ᠤ᠋ᠨ ᠥᠭᠡᠷᠡᠴᠢᠯᠡᠯᠲᠡ᠂ ᠲᠡᠷᠡᠴᠢᠯᠡᠨ ᠡᠯᠡᠰᠤᠨ ᠱᠢᠭᠤᠷᠭᠠ ᠵᠡᠷᠭᠡ ᠵᠢ ᠪᠥᠰᠡ ᠨᠤᠲᠤᠭ ᠤ᠋ᠨ ᠬᠡᠮᠵᠢᠶᠡᠨ ᠳ᠋ᠤ ᠱᠢᠢᠳᠪᠦᠷᠢᠯᠡᠬᠦ᠌ ᠪᠣᠯᠤᠮᠵᠢ ᠠᠰᠠᠭᠤᠳᠠᠯ ᠤ᠋ᠳ ᠤ᠋ᠨ ᠲᠠᠯ᠎ᠠ ᠪᠠᠷ ᠬᠡᠯᠡᠯᠴᠡᠵᠦ᠍᠂ ᠪᠢᠳᠡᠨ ᠤ᠋ ᠡᠮᠦᠨ᠎ᠡ ᠲᠤᠯᠭᠠᠷᠠᠵᠤ ᠪᠤᠢ ᠪᠠᠢᠭᠠᠯᠢ ᠣᠷᠴᠢᠨ ᠤ᠋ ᠰᠣᠷᠢᠯᠲᠠ᠂ ᠲᠤᠯᠭᠠᠷᠠᠵᠤ ᠪᠤᠢ ᠬᠦᠴᠢᠷ ᠠᠰᠠᠭᠤᠳᠠᠯ ᠵᠢᠴᠢ ᠳᠠᠪᠠᠨ ᠲᠤᠭᠤᠯᠬᠤ ᠠᠷᠭ᠎ᠠ ᠵᠠᠮ ᠤ᠋ᠨ ᠲᠠᠯ᠎ᠠ ᠪᠡᠷ ᠬᠡᠯᠡᠯᠴᠡᠬᠦ᠌ ᠴᠢᠬᠤᠯᠠ ᠬᠡᠯᠡᠯᠴᠡᠭᠡᠷ ᠪᠤᠯᠵᠠᠢ᠃ ᠪᠢᠳᠡ ᠡᠯᠡᠰᠤᠨ ᠰᠢᠭᠤᠷᠭ᠎ᠠ ᠡᠭᠦᠰᠭᠡᠬᠦ ᠰᠢᠯᠲᠠᠭᠠᠨ ᠢ᠋ ᠪᠠᠭᠠᠰᠬᠠᠬᠤ᠂ ᠡᠯᠡᠰᠤᠨ ᠰᠢᠭᠤᠷᠭ᠎ᠠ ᠵᠢᠨ ᠲᠠᠷᠬᠠᠯᠲᠠ ᠶ᠋ᠢ ᠤᠳᠠᠭᠠᠰᠢᠷᠠᠭᠤᠯᠬᠤ᠂ ᠠᠭᠠᠷ ᠤ᠋ᠨ ᠶᠠᠰᠤ ᠴᠢᠨᠠᠷ ᠢ᠋ ᠰᠠᠢᠵᠢᠷᠠᠭᠤᠯᠬᠤ ᠂ ᠪᠠᠢᠭᠠᠯᠢ ᠵᠢᠨ ᠲᠡᠩᠴᠡᠭᠦᠷᠢᠲᠤ ᠪᠠᠢᠳᠠᠯ ᠢ᠋ ᠰᠡᠷᠭᠦᠭᠡᠬᠦ᠌ ᠵᠡᠷᠭᠡ ᠲᠠᠯ᠎ᠠ ᠪᠡᠷ ᠬᠠᠮᠲᠤᠷᠠᠨ ᠠᠵᠢᠯᠯᠠᠬᠤ ᠶ᠋ᠢ ᠬᠦᠰᠡᠵᠤ ᠪᠠᠢᠨ᠎ᠠ᠃ ᠲᠤᠰ ᠬᠤᠷᠠᠯ ᠵᠢᠡᠷ ᠳᠠᠮᠵᠢᠨ ᠬᠣᠶᠠᠷ ᠲᠠᠯ᠎ᠠ ᠪᠡᠷ ᠵᠢᠡᠨ ᠬᠠᠮᠲᠤᠷᠠᠯᠴᠠᠭᠠᠨ ᠤ᠋ ᠲᠦᠷᠦᠯ ᠵᠦᠢᠯ ᠤ᠋ᠨ ᠨᠠᠢᠳᠠᠪᠤᠷᠢᠵᠢᠭᠤᠯᠤᠯᠲᠠ ᠵᠢ ᠲᠦᠷᠭᠡᠳᠭᠡᠨ ᠠᠬᠢᠭᠤᠯᠵᠤ᠂ ᠠᠮᠢ ᠠᠬᠤᠶ ᠵᠢᠨ ᠬᠦᠷᠢᠶᠡᠨ ᠳ᠋ᠡᠬᠢ ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠢᠷᠡᠭᠦᠯᠵᠦ᠍᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠰᠢᠨ᠎ᠡ ᠶ᠋ᠢ ᠡᠭᠦᠳᠬᠦ ᠲᠡᠷᠡᠴᠢᠯᠡᠨ ᠤᠷᠴᠢᠨ ᠲᠤᠭᠤᠷᠢᠨ ᠢ᠋ ᠬᠠᠮᠲᠤ ᠪᠡᠷ ᠬᠠᠮᠠᠭᠠᠯᠠᠬᠤ ᠶ᠋ᠢ ᠠᠬᠢᠭᠤᠯᠬᠤ ᠪᠤᠯᠤᠨ᠎ᠠ ᠭᠡᠳᠡᠭ ᠲᠤ᠌ ᠢᠲᠡᠭᠡᠯ ᠲᠠᠢ ᠪᠠᠢᠨ᠎ᠠ᠃
ᠰᠢᠩᠬᠡᠬᠡᠯᠳᠡ ᠬᠤᠶᠠᠷ
ᠡᠦ ᠭᠦᠸᠸ ᠴᠢᠩ (ᠦᠪᠡᠷᠲᠡᠭᠡᠨ ᠵᠠᠰᠠᠬᠤ ᠤᠷᠤᠨ ᠤ᠋ ᠤᠢ ᠰᠢᠭᠤᠢ ᠪᠠ ᠨᠤᠲᠤᠭ ᠪᠡᠯᠴᠢᠭᠡᠷ ᠤ᠋ᠨ ᠲᠤᠪᠴᠢᠶ᠎ᠡ ᠵᠢᠨ ᠳᠡᠳ᠋ ᠲᠤᠪᠴᠢᠶᠠᠨ ᠳᠠᠷᠤᠭ᠎ᠠ)᠄ ᠲᠤᠰ ᠤᠳᠠᠭ᠎ᠠ ᠶ᠋ᠢᠨ ᠲᠤᠭᠤᠷᠠᠭ ᠱᠢᠷᠡᠭᠡᠨ ᠤ᠋ ᠬᠤᠷᠠᠯ ᠳ᠋ᠦ ᠴᠢᠬᠢ ᠮᠣᠳᠣ ᠪᠣᠢᠵᠢᠭᠤᠯᠬᠤ ᠰᠠᠭᠤᠷᠢᠨ ᠤ᠋ ᠪᠥᠲᠥᠭᠡᠨ ᠪᠠᠢᠭᠤᠯᠤᠯᠲᠠ᠂ ᠠᠮᠢ ᠠᠬᠤᠶ ᠵᠢᠨ ᠵᠢᠭᠤᠯᠴᠢᠯᠠᠯ ᠤ᠋ᠨ ᠶᠡᠷᠦᠩᠬᠡᠢᠯᠡᠭ᠌ᠰᠡᠨ ᠴᠣᠭ᠍ᠴᠠ ᠵᠢᠨ ᠲᠥᠯᠥᠪᠵᠢᠭᠦᠯᠭᠡ᠂ ᠠᠮᠢ ᠠᠬᠤᠶ ᠵᠢᠨ ᠨᠣᠭᠣᠭᠠᠷᠠᠭᠤᠯᠤᠯᠲᠠ ᠵᠢᠨ ᠢᠨᠵᠧᠨᠧᠷᠢᠩ ᠵᠡᠷᠭᠡ ᠵᠠᠩᠭᠢᠯᠠᠭ᠎ᠠ ᠵᠢᠨ ᠬᠦᠷᠢᠶ᠎ᠡ ᠳ᠋ᠤ ᠬᠠᠮᠲᠤᠷᠠᠯᠴᠠᠭᠠᠨ ᠤ᠋ ᠲᠦᠷᠦᠯ ᠵᠤᠢᠯ ᠢ ᠲᠣᠭ᠍ᠲᠠᠵᠤ᠂ ᠳᠤᠮᠳᠠᠳᠤ ᠮᠣᠩᠭᠣᠯ ᠬᠣᠶᠠᠷ ᠤᠯᠤᠰ ᠤ᠋ᠨ ᠠᠮᠢ ᠠᠬᠤᠶ ᠣᠷᠴᠢᠨ ᠲᠣᠭᠣᠷᠢᠨ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠶ᠋ᠢ ᠵᠠᠰᠠᠬᠤ ᠬᠦᠷᠢᠶᠡᠨ ᠳ᠋ᠡᠬᠢ ᠬᠠᠮᠲᠤᠷᠠᠯᠴᠠᠭᠠᠶ᠋ᠢ ᠴᠢᠩᠭᠠᠳᠭᠠᠭ᠍ᠰᠠᠨ ᠵᠢᠡᠷ ᠪᠠᠷᠠᠬᠤ ᠥᠬᠡᠶ᠂ ᠨᠠᠩ ᠴᠤ᠌ ᠪᠥᠬᠥ᠌ ᠪᠥᠮᠪᠥᠷᠴᠡᠭ ᠤ᠋ᠨ ᠬᠠᠮᠲᠤᠷᠠᠯᠴᠠᠭᠠᠨ ᠤ᠋ ᠯᠤᠲᠤ ᠶᠡᠬᠡ ᠳᠠᠯᠳᠠ ᠬᠦᠴᠦᠨ ᠪᠣᠯᠤᠨ ᠰᠠᠢᠨ ᠰᠠᠢᠬᠠᠨ ᠢᠷᠡᠭᠡᠳᠦᠶ᠂ ᠢᠯᠠᠩᠭᠤᠶ᠎ᠠ ᠠᠮᠢ ᠠᠬᠤᠶᠶ᠋ᠢᠨ ᠲᠥᠷᠥᠯ ᠵᠦᠶ᠋ᠯ ᠤ᠋ᠨ ᠬᠠᠮᠲᠤᠷᠠᠯᠴᠠᠭᠠᠨ ᠤ᠋ ᠠᠯᠤᠰ ᠢᠷᠡᠭᠡᠳᠦᠶ ᠪᠣᠯᠤᠨ ᠯᠤᠲᠤ ᠶᠡᠬᠡ ᠳᠠᠯᠳᠠ ᠬᠦᠴᠦᠨ ᠢ᠋ ᠬᠠᠷᠠᠭᠤᠯᠪᠠ᠃ ᠲᠤᠰ ᠤᠳᠠᠭ᠎ᠠ ᠵᠢᠨ ᠲᠤᠭᠤᠷᠠᠭ ᠰᠢᠷᠡᠬᠡᠨ ᠤ᠋ ᠬᠤᠷᠠᠯ ᠨᠢ ᠠᠮᠢ ᠠᠬᠤᠢᠶ᠋ᠢᠨ ᠬᠦᠷᠢᠶᠡᠨ ᠳ᠋ᠡᠬᠢ ᠪᠡᠯᠡ ᠣᠷᠣᠭᠤᠯᠤᠯᠲᠠ ᠬᠠᠮᠲᠤᠷᠠᠯᠴᠠᠭ᠎ᠠ ᠳ᠋ᠤ ᠠᠩᠬᠠᠷᠤᠯ ᠵᠢᠡᠨ ᠲᠥᠪᠯᠡᠷᠡᠭᠦᠯᠤᠨ᠂ ᠳᠤᠮᠳᠠᠳᠤ ᠮᠣᠩᠭᠣᠯ ᠣᠷᠣᠰ ᠤ᠋ᠨ ᠠᠵᠤ ᠠᠬᠤᠶ ᠵᠢᠨ ᠬᠣᠩᠭᠢᠯ ᠤ᠋ᠨ ᠪᠣᠬᠢᠷᠲᠤᠯ ᠥᠬᠡᠶ ᠬᠥᠭ᠌ᠵᠢᠯᠲᠡ ᠵᠢ ᠬᠠᠮᠲᠤ ᠪᠡᠷ ᠠᠬᠢᠭᠤᠯᠵᠤ᠂ ᠳᠤᠮᠳᠠᠳᠤ ᠮᠣᠩᠭᠣᠯ ᠴᠢᠨᠠᠭ᠍ᠰᠢᠯᠠᠪᠠᠯ ᠵᠡᠭᠦᠨ ᠬᠣᠢᠲᠤ ᠠᠽᠢᠶ᠎ᠠ ᠶ᠋ᠢᠨ ᠤᠷᠤᠨ ᠪᠦᠰᠡ ᠵᠢᠨ ᠠᠮᠢ ᠠᠬᠤᠢ ᠵᠢᠨ ᠠᠮᠤᠷ ᠲᠦᠪᠰᠢᠨ ᠬᠢᠭᠡᠳ ᠦᠷᠭᠦᠯᠵᠢᠯᠡᠬᠦ᠌ ᠬᠥᠭ᠌ᠵᠢᠯᠲᠡ᠂ ᠪᠣᠬᠢᠷᠲᠤᠯ ᠦᠭᠡᠢ 《ᠨᠢᠭᠡ ᠪᠦᠰᠡ ᠨᠢᠭᠡ ᠵᠠᠮ》 ᠤ᠋ᠨ ᠪᠦᠳᠦᠭᠡᠨ ᠪᠠᠢᠭᠤᠯᠤᠯᠲᠠ ᠳ᠋ᠦ ᠬᠦᠴᠦᠨ ᠨᠡᠮᠡᠷᠢᠯᠡᠭᠰᠡᠨ ᠪᠠᠢᠨ᠎ᠠ᠃