ᠡᠭᠦᠯᠡᠨ ᠳᠡᠭᠡᠷᠡᠬᠢ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠰᠦᠯᠵᠢᠶᠡᠨ ᠳᠡᠭᠡᠷᠡᠬᠢ ᠲᠠᠸᠠᠷ ᠤ᠋ᠨ ᠪᠤᠷᠤᠯᠠᠭᠤᠯᠭ᠎ᠠ ᠬᠤᠶᠠᠷᠬᠠᠨ ᠡᠳᠤᠷ ᠲᠦ᠍ 5000 ᠲᠦᠮᠡᠨ ᠲᠥᠭᠥᠷᠢᠭ ᠢ᠋ ᠲᠠᠪᠠᠪᠠ
2025-08-28 09:49:33
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ 《ᠡᠭᠦᠯᠡᠨ ᠳᠡᠭᠡᠷᠡᠬᠢ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ — ᠥᠪᠥᠷ ᠮᠣᠩᠭᠣᠯ ᠤ᠋ᠨ ᠰᠦᠯᠵᠢᠶᠡᠨ ᠳᠡᠭᠡᠷᠡᠬᠢ ᠲᠠᠸᠠᠷ ᠤ᠋ᠨ ᠴᠤᠭᠯᠠᠭ᠎ᠠ ᠮᠠᠢᠮᠠᠢ》 8 ᠰᠠᠷ᠎ᠠ ᠵᠢᠨ 25 ᠤ᠋ ᠡᠳᠦᠷ ᠡᠴᠡ ᠡᠬᠢᠯᠡᠨ ᠶᠠᠪᠤᠭ᠍ᠳᠠᠵᠤ᠂ 26 ᠤ᠋ ᠡᠳᠦᠷ ᠪᠣᠯᠲᠠᠯ᠎ᠠ ᠬᠤᠶᠠᠷᠬᠠᠨ ᠡᠳᠤᠷ ᠤ᠋ᠨ ᠲᠤᠳᠤᠷ᠎ᠠ ᠰᠦᠯᠵᠢᠶᠡᠨ ᠳᠡᠭᠡᠷᠡᠬᠢ ᠵᠢᠵᠢᠭ᠌ᠯᠡᠨ ᠪᠤᠷᠤᠯᠠᠭᠤᠯᠤᠭᠰᠠᠨ ᠬᠡᠮᠵᠢᠶ᠎ᠡ ᠨᠢ ᠨᠢᠬᠡᠨᠳᠡ 5000 ᠲᠦᠮᠡᠨ ᠲᠥᠭᠥᠷᠢᠭ ᠢ᠋ ᠳᠠᠪᠠᠵᠤ᠂ ᠰᠦᠯᠵᠢᠶᠡᠨ ᠳᠡᠭᠡᠷᠡᠬᠢ ᠦᠵᠡᠬᠦᠯᠭᠡ ᠵᠢᠨ ᠴᠤᠭᠯᠠᠭᠠᠨ ᠤ᠋ 《ᠱᠢᠨ᠎ᠡ ᠡᠷᠢᠨ》 ᠢ᠋ ᠡᠬᠢᠯᠡᠭᠦᠯᠪᠡ᠃

ᠲᠠᠪᠴᠠᠩ ᠤ᠋ᠨ ᠲᠣᠭ᠎ᠠ ᠪᠠᠷᠢᠮᠲᠠ ᠳ᠋ᠦ ᠢᠯᠡᠷᠡᠭᠦᠯᠦᠭ᠌ᠰᠡᠨ ᠵᠢᠡᠷ᠂ ᠵᠢᠩ ᠳ᠋ᠦᠩ ᠤ᠋ᠨ ᠭᠠᠭᠴᠠ ᠡᠳᠦᠷ ᠤ᠋ᠨ ᠪᠤᠷᠤᠯᠠᠭᠤᠯᠭ᠎ᠠ 768.56 ᠲᠦᠮᠡᠨ ᠲᠥᠭᠥᠷᠢᠭ ᠲᠣ᠌ ᠬᠦᠷᠴᠦ᠍᠂ ᠲᠠᠯ᠎ᠠ ᠨᠤᠲᠤᠭ ᠤ᠋ᠨ ᠤᠨᠴᠠᠯᠢᠬ᠍ᠳᠤ ᠪᠠᠷᠠᠭ᠎ᠠ ᠲᠠᠸᠠᠷ ᠬᠡᠷᠡᠭ᠌ᠯᠡᠭ᠌ᠴᠢᠳ ᠤ᠋ᠨ ᠲᠠᠭᠠᠰᠢᠶᠠᠯ ᠳ᠋ᠤ ᠬᠦᠷᠦᠭᠰᠡᠨ ᠢ᠋ ᠬᠠᠷᠠᠭᠤᠯᠪᠠ; ᠲᠢᠶᠠᠨ ᠮᠤᠤ ᠬᠡᠲᠦ ᠳᠡᠯᠭᠡᠭᠦᠷ ᠤ᠋ᠨ ᠪᠣᠷᠣᠯᠠᠭᠤᠯᠭ᠎ᠠ ᠵᠢᠨ ᠬᠡᠮᠵᠢᠶ᠎ᠡ 1475.4 ᠲᠦᠮᠡᠨ ᠲᠥᠭᠥᠷᠢᠭ ᠲᠣ᠌ ᠬᠦᠷᠴᠦ᠍᠂ ᠬᠤᠪᠢᠶᠠᠷᠢ ᠵᠠᠬᠢᠶᠠᠯᠠᠭ᠎ᠠ ᠵᠢᠨ ᠬᠡᠮᠵᠢᠶ᠎ᠡ 18.4 ᠲᠦᠮᠡᠨ ᠬᠠᠭᠤᠳᠠᠰᠤ ᠵᠢ ᠳᠠᠪᠠᠵᠤ᠂ ᠡᠭᠦᠯᠡᠨ ᠳᠡᠭᠡᠷᠡᠬᠢ ᠳᠤᠮᠳᠠᠳᠤ ᠮᠣᠩᠭᠣᠯ ᠤ᠋ᠨ ᠦᠵᠡᠰᠭᠦᠯᠡᠩ ᠤ᠋ᠨ ᠴᠤᠭ᠍ᠯᠠᠭᠠᠨ ᠤ᠋ ᠰᠦᠯᠵᠢᠶᠡᠨ ᠳᠡᠭᠡᠷᠡᠬᠢ ᠪᠠᠷᠠᠭ᠎ᠠ ᠲᠠᠸᠠᠷ ᠬᠡᠷᠡᠭᠯᠡᠭᠴᠢᠳ ᠤ᠋ᠨ ᠰᠠᠢᠨ ᠦᠨᠡᠯᠡᠯᠲᠡ ᠵᠢ ᠤᠯᠪᠠ; ᠴᠤᠤᠷᠢᠢ᠎ᠠ ᠲᠠᠪᠴᠠᠩ ᠤ᠋ᠨ《ᠴᠤᠤᠷᠢᠢ᠎ᠠ ᠠᠮᠢᠳᠤᠷᠠᠯ ᠤ᠋ᠨ ᠦᠢᠯᠡᠴᠢᠯᠡᠭᠡ》ᠵᠢᠨ ᠦᠵᠡᠰᠬᠦᠯᠡᠩ ᠤ᠋ᠨ ᠴᠤᠭᠯᠠᠭᠠᠨ ᠡᠬᠢᠯᠡᠭᠰᠡᠨ ᠠᠩᠬᠠᠨ ᠤ᠋ ᠡᠳᠦᠷ ᠲᠡᠬᠢ ᠵᠢᠵᠢᠭ᠌ᠯᠡᠨ ᠪᠤᠷᠤᠯᠠᠭᠤᠯᠤᠭᠰᠠᠨ ᠬᠡᠮᠵᠢᠶ᠎ᠡ 339.23 ᠲᠦᠮᠡᠨ ᠲᠥᠭᠥᠷᠢᠭ ᠲᠣ᠌ ᠬᠦᠷᠴᠦ᠍᠂ ᠸᠢᠳᠢᠣ᠋ ᠪᠣᠯᠤᠨ ᠱᠢᠭᠤᠳ ᠨᠡᠪᠲᠡᠷᠡᠭᠦᠯᠭᠡ ᠵᠢᠨ ᠪᠠᠷᠠᠭ᠎ᠠ ᠬᠤᠳᠠᠯᠳᠤᠬᠤ ᠴᠢᠳᠠᠪᠤᠷᠢ ᠵᠢ ᠢᠯᠡᠷᠡᠬᠦᠯᠪᠡ᠃ ᠦᠪᠤᠷ ᠮᠤᠩᠭᠤᠯ ᠤ᠋ᠨ ᠲᠤᠬᠠᠢ ᠵᠢᠨ ᠭᠠᠵᠠᠷ ᠤ᠋ᠨ ᠡᠯᠧᠺᠲ᠋ᠷᠣᠨ ᠬᠤᠳᠠᠯᠳᠤᠭ᠎ᠠ ᠴᠤ᠌ ᠤᠯᠠᠨ ᠤ᠋ ᠠᠩᠬᠠᠷᠤᠯ ᠢ᠋ ᠳᠠᠳᠠᠵᠦ᠂ 《ᠠᠷᠠᠳ ᠲᠣ᠌ ᠠᠱᠢᠭ ᠬᠦᠷᠲᠡᠭᠡᠬᠦ᠌ ᠺᠠᠷᠲ ᠤ᠋ᠨ ᠬᠤᠳᠠᠯᠳᠤᠭᠠᠨ ᠤ᠋ ᠬᠣᠲᠠ》᠂ 《ᠲᠠᠯ᠎ᠠ ᠨᠤᠲᠤᠭ ᠤ᠋ᠨ ᠬᠢᠨᠠᠨ ᠰᠤᠩᠭᠤᠯᠳᠠ》 ᠵᠡᠷᠬᠡ ᠡᠯᠧᠺᠲ᠋ᠷᠣᠨ ᠬᠤᠳᠠᠯᠳᠤᠭᠠᠨ ᠤ᠋ ᠲᠠᠪᠴᠠᠩ ᠨᠢ ᠦᠪᠤᠷ ᠮᠤᠩᠭᠤᠯ ᠤ᠋ᠨ ᠴᠢᠨᠠᠷ ᠰᠠᠢᠲᠠᠶ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭ᠌ᠳᠡᠬᠦᠨ᠂ ᠭᠠᠷ ᠤᠷᠠᠯᠠᠯ ᠤ᠋ᠨ ᠪᠦᠲᠦᠭᠡᠭ᠌ᠳᠡᠬᠦᠨ ᠢ᠋ ᠪᠤᠷᠤᠯᠠᠭᠤᠯᠵᠦ᠂ ᠰᠤᠳᠤᠨ ᠨᠡᠪᠳᠡᠷᠡᠬᠦᠯᠦᠭᠴᠢᠳ ᠲᠤᠰᠭᠠᠶ ᠲᠠᠯᠠᠪᠠᠶ ᠱᠢᠭᠤᠳ ᠨᠡᠪᠲᠡᠷᠡᠭᠦᠯᠭᠡ ᠪᠡᠷ ᠲᠠᠯ᠎ᠠ ᠨᠤᠲᠤᠭ ᠤ᠋ᠨ ᠦᠨᠦᠷ ᠠᠮᠲᠠ ᠵᠢ ᠪᠥᠬᠥ᠌ ᠤᠯᠤᠰ ᠤ᠋ᠨ ᠡᠯ᠎ᠠ ᠭᠠᠵᠠᠷ ᠲᠦ᠍ ᠬᠠᠩᠬᠤᠯᠤᠭᠤᠯᠵᠠᠢ᠃ ᠡᠭᠦᠨ ᠡᠴᠡ ᠭᠠᠳᠠᠨ᠎ᠠ ᠠᠬᠤᠢ ᠲᠠᠯᠠᠪᠠᠢ ᠵᠢᠨ ᠠᠵᠢᠯᠯᠠᠭ᠎ᠠ ᠴᠣ᠌ ᠤᠯᠠᠨ ᠤ᠋ ᠬᠦᠷᠢᠶᠡᠯᠡᠯ ᠢ᠋ ᠣᠯᠵᠤ᠂ ᠡᠩᠬᠡ ᠵᠡᠷᠭᠡ ᠰᠦᠯᠵᠢᠶᠡᠨ ᠤᠳᠤᠳ ᠲᠤᠬᠠᠢ ᠵᠢᠨ ᠲᠠᠯᠠᠪᠤᠷ ᠲᠣ᠌ ᠬᠦᠷᠴᠦ ᠱᠢᠭᠤᠳ ᠨᠡᠪᠲᠡᠷᠡᠭᠦᠯᠭᠡ ᠬᠢᠵᠦ᠍᠂ 《ᠲᠠᠯ᠎ᠠ ᠨᠤᠲᠤᠭ ᠤ᠋ᠨ ᠭᠠᠩᠭᠠᠩ ᠡᠭᠡᠴᠢ ᠥᠬᠢᠨ ᠳᠡᠭᠦᠦ》ᠵᠡᠷᠭᠡ ᠰᠦᠯᠵᠢᠶᠡᠨ ᠤᠳᠤᠳ ᠲᠤᠬᠠᠢ ᠵᠢᠨ ᠲᠠᠯᠠᠪᠠᠢ ᠳ᠋ᠦ ᠲᠣᠭ᠍ᠯᠠᠯᠲᠠ ᠭᠠᠷᠭᠠᠨ᠂ ᠰᠦᠯᠵᠢᠶᠡᠨ ᠳᠡᠭᠡᠷᠡᠬᠢ ᠪᠠ ᠲᠤᠬᠠᠢ ᠵᠢᠨ ᠲᠠᠯᠠᠪᠤᠷ ᠤ᠋ᠨ ᠬᠡᠷᠡᠭᠯᠡᠭᠴᠢᠳ ᠤ᠋ᠨ ᠠᠭᠤᠰᠤᠯᠴᠠᠯ ᠢ᠋ ᠪᠡᠶᠡᠯᠡᠭᠦᠯᠵᠦ᠍᠂ ᠪᠠᠷᠠᠭ᠎ᠠ ᠲᠠᠸᠠᠷ ᠤ᠋ᠨ ᠪᠣᠷᠣᠯᠠᠭᠤᠯᠭ᠎ᠠ ᠵᠢᠨ ᠬᠡᠯᠪᠡᠷᠢ ᠵᠢᠨ ᠬᠤᠪᠢᠷᠠᠭᠤᠯᠤᠯᠲᠠ ᠵᠢ ᠠᠬᠢᠭᠤᠯᠪᠠ᠃

ᠲᠣᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠨᠢ ᠣᠯᠠᠨ ᠲᠠᠪᠴᠠᠩ ᠤ᠋ᠨ ᠬᠠᠮᠵᠢᠯᠴᠠᠭ᠎ᠠ ᠳ᠋ᠦ ᠲᠦᠱᠢᠭ᠌ᠯᠡᠨ ᠦᠪᠤᠷ ᠮᠤᠩᠭᠤᠯ ᠤ᠋ᠨ ᠣᠨᠴᠠᠯᠢᠭ᠍ᠲᠤ ᠪᠦᠲᠦᠭᠡᠭᠳᠡᠬᠦᠨ᠎ᠦ ᠪᠣᠷᠣᠯᠠᠭᠤᠯᠭ᠎ᠠ ᠵᠢᠨ ᠬᠡᠪᠴᠢᠶ᠎ᠡ ᠵᠢ ᠥᠷᠭᠡᠳᠭᠡᠭ᠌ᠰᠡᠨ ᠵᠢᠡᠷ ᠪᠠᠷᠠᠬᠤ ᠦᠭᠡᠢ ᠨᠠᠩ ᠴᠤ᠌ ᠲᠤᠭᠠᠴᠢᠯᠠᠯᠳᠠ ᠪᠡᠷ ᠳᠤᠮᠳᠠᠳᠤ ᠮᠣᠩᠭᠣᠯ ᠬᠤᠶᠠᠷ ᠤᠯᠤᠰ ᠵᠢᠴᠢ ᠣᠷᠣᠨ ᠪᠦᠰᠡ ᠠᠯᠤᠰᠯᠠᠭ᠍ᠰᠠᠨ ᠠᠵᠤ ᠠᠬᠤᠶ ᠠᠷᠠᠯᠵᠢᠶᠠᠨ ᠤ᠋ ᠬᠠᠮᠲᠤᠷᠠᠯᠴᠠᠭ᠎ᠠ ᠪᠠ ᠰᠣᠶᠣᠯ ᠤ᠋ᠨ ᠰᠣᠯᠢᠯᠴᠠᠭ᠎ᠠ ᠵᠢ ᠭᠦᠨᠵᠡᠭᠡᠢᠷᠡᠭᠦᠯᠵᠦ᠍᠂ ᠲᠤᠮᠳᠠᠳᠤ ᠮᠤᠩᠭᠤᠯ ᠤ᠋ᠨ ᠦᠵᠡᠰᠬᠦᠯᠡᠩ ᠤ᠋ᠨ ᠴᠤᠭᠯᠠᠭᠠᠨ ᠤ᠋ 《ᠬᠠᠷᠢᠯᠴᠠᠨ ᠠᠱᠢᠭ᠍ᠲᠠᠶ ᠬᠠᠮᠲᠤᠷᠠᠯᠴᠠᠭ᠎ᠠ ᠵᠢ ᠭᠦᠨᠵᠡᠭᠡᠢᠷᠡᠭᠦᠯᠵᠦ ᠬᠠᠮᠳᠦ ᠵᠢᠨ ᠬᠥᠭ᠌ᠵᠢᠯᠲᠡ ᠵᠢ ᠠᠬᠢᠭᠤᠯᠬᠤ》 ᠵᠣᠷᠢᠯᠲᠠ ᠵᠢ ᠦᠨᠡᠨ ᠬᠦ᠌ ᠦᠶ᠋ᠯᠡᠳᠦᠯᠭᠡᠵᠢᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号