ᠲᠠᠪᠤᠳᠤᠭᠠᠷ ᠬᠤᠭᠤᠴᠠᠭᠠᠨ ᠤ᠋ ᠳᠤᠮᠳᠠᠳᠤ ᠮᠣᠩᠭᠣᠯ ᠤ᠋ᠨ ᠦᠵᠡᠰᠭᠦᠯᠡᠩ᠎ᠦᠨ ᠴᠤᠭ᠍ᠯᠠᠭᠠᠨ ᠤ᠋ ᠨᠠᠢᠳᠠᠪᠤᠷᠢᠲᠠᠶ ᠴᠠᠬᠢᠯᠭᠠᠨ ᠬᠡᠷᠡᠭ᠌ᠯᠡᠬᠦ᠌ ᠵᠢ ᠪᠥᠬᠥ᠌ ᠬᠦᠴᠦᠨ᠎ᠢᠶᠡᠷ᠎ᠢᠶᠡᠨ ᠪᠠᠲᠤᠯᠠᠨ᠎ᠠ
2025-08-28 16:58:18
ᠵᠣᠬᠢᠶᠠᠭ᠍ᠴᠢ᠄
ᠤᠷᠭᠤᠮᠠᠯ
ᠣᠩᠱᠢᠭ᠍ᠰᠠᠨ ᠣᠳᠠᠭ᠎ᠠ᠄
★★★☆☆

8 ᠰᠠᠷ᠎ᠠ ᠵᠢᠨ 25 ᠤ᠋ ᠦᠳᠡ ᠵᠢᠨ ᠡᠮᠦᠨ᠎ᠡ᠂ ᠲᠠᠪᠤᠳᠤᠭᠠᠷ ᠬᠤᠭᠤᠴᠠᠭᠠᠨ ᠤ᠋ ᠳᠤᠮᠳᠠᠳᠤ ᠤᠯᠤᠰ — ᠮᠣᠩᠭᠣᠯ ᠤᠯᠤᠰ ᠤ᠋ᠨ ᠦᠵᠡᠰᠭᠦᠯᠡᠩ᠎ᠦᠨ ᠴᠤᠭ᠍ᠯᠠᠭᠠᠨ ᠬᠥᠬᠡᠬᠣᠲᠠ ᠳ᠋ᠦ ᠡᠬᠢᠯᠡᠪᠡ᠃ ᠲᠤᠰ ᠤᠳᠠᠭᠠᠨ ᠤ᠋ ᠦᠵᠡᠰᠬᠦᠯᠡᠩ ᠤ᠋ᠨ ᠴᠤᠭᠯᠠᠭᠠᠨ ᠤ᠋ ᠲᠣᠭ᠍ᠲᠠᠭᠤᠨ ᠴᠠᠬᠢᠯᠭᠠᠨ ᠬᠠᠩᠭᠠᠯᠭ᠎ᠠ ᠵᠢ ᠪᠠᠲᠤᠯᠠᠬᠤ ᠵᠢᠨ ᠲᠥᠯᠥᠭᠡ᠂ ᠥᠪᠥᠷ ᠮᠣᠩᠭᠣᠯ ᠤ᠋ᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠬᠥᠬᠡᠬᠣᠲᠠ ᠵᠢᠨ ᠴᠠᠬᠢᠯᠭᠠᠨ ᠬᠠᠩᠭᠠᠬᠤ ᠺᠣᠮᠫᠠᠨᠢ ᠤᠷᠢᠳᠴᠢᠯᠠᠨ ᠲᠥᠯᠥᠪᠵᠢᠭᠦᠯᠵᠦ᠍᠂ ᠨᠢᠮᠪᠠᠢ ᠵᠣᠬᠢᠶᠠᠨ ᠪᠠᠢᠭᠤᠯᠵᠤ᠂ ᠳᠤᠮᠳᠠᠳᠤ ᠮᠣᠩᠭᠣᠯ ᠤ᠋ᠨ ᠦᠵᠡᠰᠭᠦᠯᠡᠩ᠎ᠦᠨ ᠴᠤᠭ᠍ᠯᠠᠭᠠᠨ ᠤ᠋ ᠤᠷᠤᠭ᠍ᠰᠢᠲᠠᠢ ᠶᠠᠪᠤᠭ᠍ᠳᠠᠬᠤ ᠳ᠋ᠦ ᠨᠠᠢᠳᠠᠪᠤᠷᠢᠲᠠᠢ ᠴᠠᠬᠢᠯᠭᠠᠨ ᠬᠦᠴᠦᠨ᠎ᠦ ᠪᠠᠲᠤᠯᠠᠭ᠎ᠠ ᠬᠠᠩᠭᠠᠪᠠ᠃

ᠴᠠᠬᠢᠯᠭᠠᠨ ᠪᠠᠲᠤᠯᠠᠬᠤ ᠡᠭᠦᠷᠭᠡ ᠵᠢ ᠬᠦᠯᠢᠶᠡᠭ᠌ᠰᠡᠨ ᠡᠴᠡ ᠨᠠᠭᠠᠰᠢ᠂ ᠬᠥᠬᠡᠬᠣᠲᠠ ᠵᠢᠨ ᠴᠠᠬᠢᠯᠭᠠᠨ ᠬᠠᠩᠭᠠᠬᠤ ᠺᠣᠮᠫᠠᠨᠢ᠎ᠵᠢᠨ ᠬᠢᠨ ᠦᠳᠲᠡᠷ ᠲᠦᠷᠭᠡᠨ ᠬᠥᠳᠡᠯᠦᠯᠴᠡᠵᠦ᠂ ᠠᠵᠢᠯᠲᠠᠳ᠎ᠢ ᠤᠷᠢᠳᠴᠢᠯᠠᠨ ᠵᠣᠬᠢᠶᠠᠨ ᠪᠠᠢᠭᠤᠯᠤᠨ ᠴᠠᠬᠢᠯᠭᠠᠨ ᠢ᠋ ᠪᠠᠲᠤᠯᠠᠬᠤ ᠳ᠋ᠦ ᠬᠣᠯᠪᠣᠭ᠍ᠳᠠᠬᠤ ᠬᠠᠮᠢᠶ᠎ᠠ ᠪᠦᠬᠦᠢ ᠱᠤᠭᠤᠮ ᠪᠠ ᠬᠦᠴᠦᠳᠡᠯ ᠥᠭᠡᠷᠡᠴᠢᠯᠡᠬᠦ᠌ ᠥᠷᠲᠡᠭᠡ ᠳ᠋ᠦ ᠪᠦᠬᠦ᠌ ᠲᠠᠯ᠎ᠠ᠎ᠵᠢᠨ ᠲᠣᠭᠣᠷᠢᠨ ᠪᠠᠢᠴᠠᠭᠠᠯᠳᠠ ᠬᠢᠵᠦ᠂ ᠭᠡᠮ ᠰᠤᠭᠤᠭ᠎ᠢ ᠵᠢᠭ᠍ᠰᠠᠭᠠᠨ ᠪᠠᠢᠴᠠᠭᠠᠵᠤ᠂ ᠣᠯᠵᠤ ᠮᠡᠳᠡᠭ᠌ᠰᠡᠨ ᠠᠰᠠᠭᠤᠳᠠᠯ᠎ᠢ ᠴᠠᠭ ᠲᠤᠬᠠᠶ ᠳ᠋ᠤᠨᠢ ᠱᠢᠶ᠋ᠳᠪᠦᠷᠢᠯᠡᠵᠦ᠍᠂ ᠴᠠᠬᠢᠯᠭᠠᠨ ᠬᠦᠴᠦᠨ᠎ᠦ ᠲᠥᠬᠥᠭᠡᠷᠦᠮᠵᠢ ᠵᠢ ᠬᠠᠮᠤᠭ ᠤ᠋ᠨ ᠰᠠᠢᠨ ᠠᠵᠢᠯᠯᠠᠭᠠᠨ ᠤ᠋ ᠪᠠᠢᠳᠠᠯ ᠳ᠋ᠦ ᠪᠠᠢᠯᠭᠠᠬᠤ ᠵᠢ ᠦᠨᠡᠨ ᠬᠦ᠌ ᠪᠠᠲᠤᠯᠠᠪᠠ᠃ ᠴᠠᠬᠢᠯᠭᠠᠨ ᠲᠣᠣᠷ ᠤ᠋ᠨ ᠠᠵᠢᠯᠯᠠᠭᠠᠨ ᠤ᠋ ᠠᠷᠭ᠎ᠠ ᠬᠡᠯᠪᠡᠷᠢ ᠵᠢ ᠵᠦᠢ ᠵᠣᠬᠢᠰᠲᠠᠶ ᠲᠣᠬᠢᠷᠠᠭᠤᠯᠵᠤ᠂ ᠪᠠᠢᠴᠠᠭᠠᠨ ᠵᠠᠰᠠᠬᠤ ᠲᠥᠯᠥᠪᠯᠡᠭᠡ᠎ᠳᠡᠭᠡᠨ ᠲᠣᠬᠢᠷᠠᠭᠤᠯᠤᠯᠲᠠ ᠬᠢᠵᠦ᠍᠂ ᠴᠠᠬᠢᠯᠭᠠᠨ ᠬᠦᠴᠦᠨ᠎ᠦ ᠬᠠᠩᠭᠠᠯᠭ᠎ᠠ ᠵᠢᠨ ᠦᠷᠭᠦᠯᠵᠢᠯᠡᠬᠦ᠌ ᠴᠢᠨᠠᠷ᠎ᠢ ᠪᠠᠲᠤᠯᠠᠵᠠᠢ᠃ ᠡᠭᠦᠨ᠎ᠦ ᠬᠠᠮᠲᠤ ᠪᠠᠰᠠ ᠪᠠᠴᠢᠮ ᠪᠠᠢᠳᠠᠯ᠎ᠢ ᠠᠷᠭᠠᠴᠠᠭᠠᠬᠤ ᠨᠠᠷᠢᠨ ᠲᠥᠰᠦᠯ ᠲᠣᠭ᠍ᠲᠠᠭᠠᠵᠤ᠂ ᠡᠭᠦᠰᠴᠦ ᠮᠡᠳᠡᠬᠦ᠌ ᠭᠡᠨᠡᠳᠲᠡ ᠵᠢᠨ ᠪᠠᠢᠳᠠᠯ ᠳ᠋ᠦ ᠴᠢᠭ᠌ᠯᠡᠭᠦᠯᠦᠨ᠂ ᠠᠷᠭᠠᠴᠠᠭᠠᠬᠤ ᠠᠷᠭ᠎ᠠ ᠬᠡᠮᠵᠢᠶ᠎ᠡ᠎ᠪᠡᠨ ᠲᠣᠳᠣᠷᠬᠠᠢᠯᠠᠵᠤ᠂ ᠪᠠᠴᠢᠮ ᠪᠠᠢᠳᠠᠯ ᠤ᠋ᠨ ᠳᠤᠤᠷ᠎ᠠ ᠲᠦᠷᠭᠡᠨ ᠴᠤᠤᠷᠢᠶᠠᠲᠤᠨ ᠳᠠᠭᠠᠵᠤ᠂ ᠥᠨᠳᠥᠷ ᠦᠷ᠎ᠡ ᠪᠦᠲᠦᠮᠵᠢᠲᠡᠶ ᠱᠢᠶ᠋ᠳᠪᠦᠷᠢᠯᠡᠬᠦ᠌ ᠵᠢ ᠦᠨᠡᠨ ᠬᠦ᠌ ᠪᠠᠲᠤᠯᠠᠪᠠ᠃

ᠲᠣᠰ ᠤᠳᠠᠭᠠᠨ ᠤ᠋ ᠴᠠᠬᠢᠯᠭᠠᠨ ᠪᠠᠲᠤᠯᠠᠬᠤ ᠠᠵᠢᠯ᠎ᠨᠢ 10 ᠴᠢᠬᠤᠯᠠ ᠬᠤᠷᠠᠯ ᠤ᠋ᠨ ᠭᠠᠵᠠᠷ ᠲᠠᠢ ᠬᠤᠯᠪᠤᠭᠳᠠᠵᠦ ᠪᠤᠢ᠂ 29 ᠵᠤᠷᠪᠤᠰ 10 ᠺᠢᠯᠦᠸᠤᠯᠲ ᠤ᠋ᠨ ᠴᠠᠬᠢᠯᠭᠠᠨ ᠬᠦᠷᠭᠡᠬᠦ ᠱᠤᠭᠤᠮ᠂ 2 ᠰᠠᠭᠤᠷᠢ 220 ᠺᠢᠯᠦᠸᠤᠯᠲ ᠤ᠋ᠨ ᠬᠦᠴᠦᠳᠡᠯ ᠦᠭᠡᠷᠡᠴᠢᠯᠡᠬᠦ ᠥᠷᠲᠡᠭᠡ᠂ 12 ᠰᠠᠭᠤᠷᠢ 110 ᠺᠢᠯᠦᠸᠤᠯᠲ ᠤ᠋ᠨ ᠬᠦᠴᠦᠳᠡᠯ ᠦᠭᠡᠷᠡᠴᠢᠯᠡᠬᠦ ᠥᠷᠲᠡᠭᠡ᠂ 6 ᠵᠤᠷᠪᠤᠰ 220 ᠺᠢᠯᠦᠸᠤᠯᠲ ᠤ᠋ᠨ ᠴᠠᠬᠢᠯᠭᠠᠨ ᠬᠦᠷᠭᠡᠬᠦ᠌ ᠱᠤᠭᠤᠮ᠂ 27 ᠵᠤᠷᠪᠤᠰ 110 ᠺᠢᠯᠦᠸᠤᠯᠲ ᠤ᠋ᠨ ᠴᠠᠬᠢᠯᠭᠠᠨ ᠬᠦᠷᠭᠡᠬᠦ᠌ ᠱᠤᠭᠤᠮ ᠲᠠᠢ ᠬᠣᠯᠪᠣᠭ᠍ᠳᠠᠨ᠎ᠠ᠃ ᠡᠯ᠎ᠡ ᠲᠠᠯᠠᠪᠤᠷ ᠤ᠋ᠨ ᠲᠣᠭ᠍ᠲᠠᠭᠤᠨ᠎ᠢᠶᠠᠷ ᠴᠠᠬᠢᠯᠭᠠᠨ ᠬᠠᠩᠭᠠᠬᠤ ᠵᠢ ᠪᠠᠲᠤᠯᠠᠬᠤ ᠵᠢᠨ ᠲᠥᠯᠥᠭᠡ᠂ ᠬᠥᠬᠡᠬᠣᠲᠠ ᠵᠢᠨ ᠴᠠᠬᠢᠯᠭᠠᠨ ᠬᠠᠩᠭᠠᠬᠤ ᠺᠣᠮᠫᠠᠨᠢ ᠨᠢᠭᠡᠨᠲᠡ 6 ᠪᠠᠴᠢᠮ ᠪᠠᠢᠳᠠᠯ᠎ᠢ ᠠᠷᠭᠠᠴᠠᠭᠠᠬᠤ ᠲᠥᠬᠥᠭᠡᠷᠦᠮᠵᠢ ᠵᠢ ᠵᠠᠯᠭᠠᠨ ᠣᠷᠣᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠴᠠᠬᠢᠯᠭᠠᠨ ᠬᠠᠩᠭᠠᠬᠤ ᠴᠢᠳᠠᠪᠤᠷᠢ ᠵᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号