ᠮᠠᠨ᠎ᠤ ᠣᠷᠣᠨ ᠬᠣᠶᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠣᠶᠤᠲᠠᠳ᠎ᠤᠨ ᠠᠵᠢᠯ ᠮᠡᠷᠭᠡᠵᠢᠯ᠎ᠦᠨ ᠲᠥᠯᠦᠪᠵᠢᠭᠦᠯᠭᠡ᠎ᠶᠢᠨ ᠤᠷᠤᠯᠳᠤᠭᠠᠨ᠎ᠳᠤ 4 ᠠᠯᠳᠠᠨ ᠮᠸᠳᠠᠯ 6 ᠮᠦᠩᠬᠦᠨ ᠮᠧᠳ᠋ᠠᠯ ᠳᠤᠰᠪᠠ
2025-08-29 09:59:47
ᠵᠣᠬᠢᠶᠠᠭ᠍ᠴᠢ᠄
ᠨᠠᠪᠴᠢ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ᠎ᠤ ᠰᠤᠷᠭᠠᠨ ᠬᠦᠮᠦᠵᠢᠯ᠎ᠤᠨ ᠲᠢᠩᠬᠢᠮ ᠡᠴᠡ ᠤᠢᠯᠠᠭᠠᠭᠰᠠᠨ ᠵᠢᠡᠷ᠂  ᠬᠣᠶᠠᠳᠤᠭᠠᠷ ᠬᠤᠭᠤᠴᠠᠭᠠᠨ᠎ᠤ ᠪᠥᠬᠥ ᠤᠯᠤᠰ᠎ᠤᠨ ᠣᠶᠤᠲᠠᠳ᠎ᠤᠨ ᠠᠵᠢᠯ  ᠮᠡᠷᠭᠡᠵᠢᠯ᠎ᠦᠨ ᠲᠥᠯᠦᠪᠵᠢᠭᠦᠯᠭᠡ  ᠵᠢᠨ᠎ᠤᠷᠤᠯᠳᠤᠭᠠᠨ ᠳ᠋ᠤ ᠮᠠᠨ ᠤ᠋ ᠤᠷᠤᠨ᠎ᠤ  ᠤᠷᠤᠯᠴᠠᠭᠴᠢ 4  ᠠᠯᠲᠠᠨ ᠮᠧᠳᠠᠯ᠂ 6  ᠮᠥᠩᠭᠥᠨ  ᠮᠧᠳᠠᠯ᠂ 10 ᠬᠦᠷᠡᠯ ᠮᠧᠳᠠᠯ ᠳᠤᠰᠴᠤ᠂ 2 ᠶᠡᠬᠡ ᠳᠡᠭᠡᠳᠦ ᠰᠤᠷᠭᠠᠭᠤᠯᠢ ᠰᠢᠯᠢᠳᠡᠭ ᠵᠣᠬᠢᠶᠠᠨ ᠪᠠᠢᠭᠤᠯᠤᠯᠲᠠ᠎ᠶᠢᠨ ᠱᠠᠩᠨᠠᠯ ᠢ᠋ ᠭᠥᠷᠳᠡᠵᠦ᠂ ᠲᠡᠦᠬᠡ᠎ᠶᠢᠨ ᠬᠠᠮᠤᠭ᠎ᠤᠨ ᠰᠠᠢᠨ ᠬᠢᠷᠢ ᠪᠦᠲᠦᠮᠵᠢ᠎ᠶᠢ ᠣᠯᠵᠠᠢ᠃

ᠤᠢᠯᠠᠭᠠᠭᠰᠠᠨ ᠵᠢᠡᠷ᠂ ᠳᠤᠰ ᠤᠳᠠᠭ᠎ᠠ ᠵᠢᠨ ᠤᠷᠤᠯᠳᠤᠭᠠᠨ ᠳ᠋ᠤ  ᠪᠥᠬᠥ ᠤᠯᠤᠰ᠎ᠤᠨ 2763 ᠶᠡᠬᠡ ᠳᠡᠭᠡᠳᠦ ᠰᠤᠷᠭᠠᠭᠤᠯᠢ᠎ᠶᠢᠨ 1507 ᠲᠦᠮᠡᠨ ᠣᠶᠤᠲᠠᠨ ᠨᠡᠷ᠎ᠡ ᠮᠡᠳᠡᠭᠦᠯᠦᠨ ᠣᠷᠣᠯᠴᠠᠵᠤ᠂ ᠪᠥᠬᠥ ᠤᠯᠤᠰ᠎ᠤᠨ 750 ᠤᠶᠤᠳᠠᠨ ᠲᠠᠰ ᠳᠡᠪᠰᠢᠨ ᠪᠦᠬᠦ ᠤᠯᠤᠰ᠎ᠤᠨ ᠰᠢᠢᠳᠪᠦᠷᠢᠲᠦ ᠤᠷᠤᠯᠳᠤᠭᠠᠨ᠎ᠳᠤ ᠬᠠᠮᠲᠤ᠎ᠪᠠᠷ ᠦᠷᠢᠰᠦᠯᠳᠦᠭᠰᠡᠨ ᠪᠠᠢᠨ᠎ᠠ᠃ ᠤᠷᠤᠯᠳᠤᠭᠠᠨ  ᠨᠢ  2024  ᠣᠨ᠎ᠤ 11 ᠰᠠᠷ᠎ᠠ᠎ᠶᠢᠨ ᠡᠬᠢ᠎ᠪᠡᠷ ᠡᠬᠢᠯᠡᠭᠰᠡᠨ᠎ᠡᠴᠡ ᠪᠦᠬᠦ  ᠣᠷᠣᠨ᠎ᠤ ᠶᠡᠬᠡ ᠳᠡᠭᠡᠳᠦ ᠰᠤᠷᠭᠠᠭᠤᠯᠢ ᠪᠣᠯᠣᠨ ᠥᠷᠭᠡᠨ ᠣᠯᠠᠨ ᠪᠠᠭ᠍ᠰᠢ ᠰᠤᠷᠤᠭ᠍ᠴᠢᠳ᠎ᠤᠨ ᠢᠳᠡᠪᠬᠢᠲᠡᠢ ᠬᠦᠷᠢᠶᠡᠯᠡᠯ᠎ᠢ ᠤᠯᠵᠤ᠂ ᠠᠵᠢᠯ ᠣᠯᠭᠣᠯᠲᠠ᠎ᠶᠢᠨ ᠴᠢᠳᠠᠪᠤᠷᠢ᠎ᠶᠢ ᠳᠡᠭᠡᠭᠰᠢᠯᠡᠭᠦᠯᠬᠦ ᠭᠣᠣᠯ ᠰᠡᠳᠦᠪᠲᠦ ᠬᠠᠪᠰᠤᠷᠤᠨ ᠵᠢᠯᠣᠭᠣᠳᠤᠯᠭ᠎ᠠ᠂ ᠤᠷᠤᠯᠴᠠᠭᠴᠢ ᠵᠢᠨ ᠴᠤᠭ ᠵᠢᠪᠬᠤᠭ᠎ᠠ᠎ᠶᠢᠨ ᠦᠵᠡᠭᠦᠯᠭᠡ᠂ ᠶᠡᠬᠡ ᠳᠡᠭᠡᠳᠦ ᠰᠤᠷᠭᠠᠭᠤᠯᠢ᠎ᠶᠢᠨ ᠠᠵᠢᠯ ᠣᠯᠭᠣᠯᠲᠠ᠎ᠪᠠᠷ ᠬᠥᠮᠥᠨ᠎ᠢ ᠬᠥᠮᠥᠵᠢᠭᠦᠯᠬᠦ  ᠦᠷ᠎ᠡ  ᠪᠦᠲᠦᠭᠡᠯ ᠎ᠦᠨ ᠦᠵᠡᠭᠦᠯᠭᠡ᠂ 《ᠰᠡᠳᠬᠢᠯ᠎ᠢ ᠳᠤᠯᠠᠭᠠᠴᠠᠭᠤᠯᠤᠨ ᠠᠶᠠᠯᠠᠯ ᠬᠠᠮᠠᠭᠠᠯᠠᠬᠤ》 ᠲᠠᠳᠤᠯᠭ᠎ᠠ ᠪᠣᠯᠪᠠᠰᠤᠷᠠᠯ᠎ᠤᠨ ᠰᠠᠭᠤᠷᠢᠨ᠎ᠤ ᠬᠠᠪᠰᠤᠷᠤᠨ ᠲᠡᠳᠬᠦᠬᠦ ᠠᠵᠢᠯ᠎ᠤᠨ ᠦᠷ᠎ᠡ ᠪᠦᠲᠦᠭᠡᠯ᠎ᠦᠨ ᠦᠵᠡᠭᠦᠯᠭᠡ᠂ ᠠᠵᠢᠯ ᠣᠯᠭᠣᠯᠲᠠ᠎ᠪᠠᠷ ᠬᠥᠮᠥᠨ᠎ᠢ ᠬᠥᠮᠥᠵᠢᠭᠦᠯᠬᠦ ᠭᠣᠣᠯ ᠰᠡᠳᠦᠪᠲᠦ ᠬᠥᠮᠦᠵᠢᠯ᠎ᠦᠨ ᠨᠡᠶ᠋ᠢᠲᠡ᠎ᠶᠢᠨ ᠠᠰᠠᠷᠠᠮᠵᠢ᠎ᠶᠢᠨ ᠰᠢᠭᠤᠳ ᠨᠡᠪᠲᠡᠷᠡᠭᠦᠯᠭᠡ᠂ ᠦᠨᠳᠦᠰᠦᠨ ᠱᠠᠲᠤᠨ᠎ᠤ ᠠᠵᠢᠯ ᠣᠯᠭᠣᠯᠲᠠ᠎ᠶᠢᠨ ᠭᠠᠷᠮᠠᠭᠠᠢ ᠨᠡᠢᠲᠡᠯᠢᠭ ᠵᠢᠱ᠌ᠢᠶ᠎ᠡ᠎ᠶᠢᠨ ᠦᠵᠡᠭᠦᠯᠭᠡ᠂ ᠬᠥᠳᠡᠯᠮᠦᠷᠢ ᠎ᠶᠢᠨ ᠵᠢᠱ᠌ᠢᠶᠡᠴᠢ ᠤᠷᠠᠨ ᠳᠠᠷᠬᠠᠨ᠎ᠢ ᠰᠤᠷᠭᠠᠭᠤᠯᠢ᠎ᠶᠢᠨ ᠬᠦᠷᠢᠶᠡᠨ᠎ᠳᠦ ᠣᠷᠣᠭᠤᠯᠬᠤ᠂ ᠠᠮᠢᠳᠤᠷᠠᠯ᠎ᠤᠨ ᠶᠡᠬᠡ ᠬᠢᠴᠢᠶᠡᠯ᠎ᠦᠨ ᠲᠠᠩᠬᠢᠮ ᠵᠡᠷᠭᠡ  ᠰᠢᠷᠢᠰ ᠠᠵᠢᠯᠯᠠᠭ᠎ᠠ ᠶ᠋ᠢ 36 ᠲᠠᠯᠠᠪᠤᠷ ᠵᠡᠷᠭᠡ᠎ᠪᠡᠷ ᠥᠷᠨᠢᠭᠦᠯᠵᠦ᠂ ᠣᠷᠣᠯᠴᠠᠭᠰᠠᠨ ᠰᠤᠷᠤᠭ᠍ᠴᠢᠳ᠎ᠤᠨ ᠲᠣᠭ᠎ᠠ 58.68 ᠲᠦᠮᠡᠨ ᠬᠥᠮᠥᠨ ᠤᠳᠠᠭ᠎ᠠ᠎ᠳᠤ ᠬᠦᠷᠴᠡᠢ᠃ ᠡᠭᠦᠨ᠎ᠦ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠠᠵᠤ ᠦᠢᠯᠡᠰ ᠠᠵᠢᠯ ᠲᠥᠷᠥᠯ᠎ᠦᠨ ᠲᠣᠭᠣᠷᠢᠨ᠎ᠳᠤ 256 ᠲᠠᠯᠠᠪᠤᠷ ᠲᠤᠰᠬᠠᠢ ᠠᠵᠢᠯᠲᠠᠨ ᠡᠯᠰᠡᠬᠦ ᠠᠵᠢᠯᠯᠠᠭ᠎ᠠ ᠡᠷᠭᠢᠯᠡᠵᠦ᠂ 2350 ᠬᠥᠮᠥᠨ ᠬᠡᠷᠡᠭᠯᠡᠬᠦ  ᠨᠢᠭᠡᠴᠢ᠎ᠶᠢ ᠰᠤᠷᠪᠤᠯᠵᠢᠯᠠᠵᠤ᠂ ᠨᠡᠶ᠋ᠢᠲᠡ 26.39 ᠲᠦᠮᠡᠨ ᠵᠠᠬ᠎ᠠ ᠳᠡᠯᠭᠡᠭᠦᠷᠴᠢᠯᠡᠭᠰᠡᠨ ᠠᠵᠢᠯ᠎ᠤᠨ ᠪᠠᠢᠷᠢ᠎ᠶᠢ ᠨᠡᠭᠡᠭᠡᠨ᠂ 《ᠤᠷᠤᠯᠳᠤᠭᠠᠨ᠎ᠢᠶᠠᠷ ᠰᠤᠷᠤᠯᠴᠠᠯᠭ᠎ᠠ᠎ᠶᠢ ᠠᠬᠢᠭᠤᠯᠬᠤ᠂ ᠤᠷᠤᠯᠳᠤᠭᠠᠨ᠎ᠢᠶᠠᠷ ᠰᠤᠷᠭᠠᠨ ᠬᠥᠮᠦᠵᠢᠯ᠎ᠢ ᠠᠬᠢᠭᠤᠯᠬᠤ᠂ ᠤᠷᠤᠯᠳᠤᠭᠠᠨ᠎ᠢᠶᠠᠷ ᠠᠵᠢᠯ ᠣᠯᠭᠣᠯᠲᠠ᠎ᠶᠢ  ᠠᠬᠢᠭᠤᠯᠬᠤ》 ᠭᠦᠨᠵᠡᠭᠡᠢ ᠠᠭᠤᠰᠤᠯᠴᠠᠯ᠎ᠢ ᠪᠡᠶᠡᠯᠡᠭᠦᠯᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号