​ᠮᠠᠨ᠎ᠤ ᠣᠷᠣᠨ 2025 ᠣᠨ᠎ᠤ ᠲᠡᠭᠦᠰᠬᠦ ᠰᠤᠷᠤᠭ᠍ᠴᠢᠳ᠎ᠤᠨ ᠬᠠᠤᠯᠢ ᠴᠠᠭᠠᠵᠠ᠎ᠶᠢᠨ ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠣᠯᠭᠣᠬᠤ ᠠᠵᠢᠯ᠎ᠢ ᠠᠮᠵᠢᠯᠲᠠ᠎ᠲᠠᠢ ᠪᠡᠶᠡᠯᠡᠭᠦᠯᠪᠡ
2025-08-29 17:29:23
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠣᠢᠷ᠎ᠠ᠎ᠳᠤ᠂ ᠮᠠᠨ᠎ᠤ ᠣᠷᠣᠨ 2025 ᠣᠨ᠎ᠤ ᠲᠡᠭᠦᠰᠬᠦ ᠰᠤᠷᠤᠭ᠍ᠴᠢᠳ᠎ᠤᠨ ᠬᠠᠤᠯᠢ ᠴᠠᠭᠠᠵᠠ᠎ᠶᠢᠨ ᠠᠵᠢᠯ ᠮᠡᠷᠭᠡᠵᠢᠯ᠎ᠦᠨ ᠬᠢᠷᠢ ᠬᠡᠮ᠎ᠦᠨ ᠦᠨᠡᠮᠯᠡᠯ ᠣᠯᠭᠣᠬᠤ ᠠᠵᠢᠯ᠎ᠢ ᠤᠷᠤᠭᠰᠢᠲᠠᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ ᠬᠣᠶᠠᠷ ᠱᠠᠲᠤᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠪᠠᠢᠭᠤᠯᠭ᠎ᠠ 《ᠴᠢᠩᠭ᠎ᠠ ᠬᠠᠮᠢᠶᠠᠷᠴᠤ᠂ ᠬᠠᠯᠠᠭᠤᠮᠰᠤᠭ᠎ᠢᠶᠠᠷ ᠦᠢᠯᠡᠴᠢᠯᠡᠬᠦ》ᠤᠢᠯᠠᠭᠠᠬᠲᠠᠬᠤᠨ᠎ᠢ ᠪᠠᠷᠢᠮᠲᠠᠯᠠᠨ᠂ ᠨᠠᠷᠢᠨ ᠨᠢᠮᠪᠠᠢ ᠪᠠᠢᠷᠢᠯᠠᠭᠤᠯᠵᠤ᠂ ᠵᠣᠬᠢᠶᠠᠨ ᠪᠠᠢᠭᠤᠯᠤᠯᠲᠠ᠎ᠶᠢ ᠵᠢᠷᠤᠮᠵᠢᠭᠤᠯᠤᠨ᠂ ᠦᠨᠡᠮᠯᠡᠯ ᠣᠯᠭᠣᠬᠤ ᠠᠵᠢᠯ᠎ᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ᠎ᠲᠠᠢ ᠠᠬᠢᠭᠤᠯᠬᠤ᠎ᠶᠢ ᠦᠨᠡᠨ ᠬᠦ᠌ ᠪᠠᠲᠤᠯᠠᠪᠠ᠃

ᠦᠨᠡᠮᠯᠡᠯ ᠣᠯᠭᠣᠬᠤ᠎ᠠᠵᠢᠯ᠎ᠤᠨ ᠰᠠᠭᠠᠳ ᠦᠭᠡᠢ ᠶᠠᠪᠤᠭᠳᠠᠬᠤ᠎ᠶᠢ ᠪᠠᠲᠤᠯᠠᠬᠤ᠎ᠶᠢᠨ ᠲᠥᠯᠥᠭᠡ᠂ ᠡᠯ᠎ᠡ ᠠᠢᠮᠠᠭ ᠬᠣᠲᠠ᠎ᠶᠢᠨ ᠬᠠᠤᠯᠢ ᠴᠠᠭᠠᠵᠠ᠎ᠶᠢᠨ ᠲᠣᠪᠴᠢᠶ᠎ᠠ ᠠᠯᠪᠠᠨ᠎ᠤ ᠰᠦᠯᠵᠢᠶ᠎ᠡ᠂ ᠵᠢᠷᠬᠢᠶ᠎ᠡ ᠢ᠋ᠢᠨ ᠤᠯᠠᠨ ᠨᠡᠢᠲᠡ ᠢ᠋ᠢᠨ ᠲᠠᠪᠴᠠᠩ ᠢ᠋ᠢᠡᠷ ᠠᠯᠪᠠᠨ ᠵᠠᠷ ᠨᠡᠢᠲᠡᠯᠡᠵᠦ᠂ ᠦᠨᠡᠮᠯᠡᠯ ᠣᠯᠭᠣᠬᠤ ᠴᠠᠭ᠂ ᠭᠠᠵᠠᠷ ᠣᠷᠣᠨ ᠵᠢᠴᠢ ᠲᠡᠰ ᠲᠠᠷᠠᠭᠠᠯᠠᠯ ᠢ᠋ ᠲᠣᠳᠣᠷᠬᠠᠢ ᠮᠡᠳᠡᠭᠳᠡᠪᠡ; ᠲᠤᠬᠠᠢ᠎ᠶᠢᠨ ᠲᠠᠯᠠᠪᠤᠷ᠎ᠤᠨ ᠲᠥᠬᠦᠭᠡᠷᠦᠮᠵᠢ᠎ᠶᠢ ᠤᠷᠢᠳᠴᠢᠯᠠᠨ ᠲᠤᠷᠰᠢᠨ ᠲᠣᠬᠢᠷᠠᠭᠤᠯᠵᠤ᠂ ᠲᠤᠰᠬᠠᠢ ᠬᠥᠮᠥᠨ ᠲᠣᠬᠢᠷᠠᠭᠤᠯᠤᠨ ᠵᠢᠵᠢᠭᠦᠷᠯᠡᠵᠦ ᠠᠰᠠᠭᠤᠨ ᠯᠠᠪᠯᠠᠬᠤ᠎ᠳᠤ ᠬᠢᠨᠠᠮᠠᠭᠠᠢ ᠬᠠᠷᠢᠭᠤᠯᠲᠠ ᠦᠭᠪᠡ; ᠦᠨᠡᠮᠯᠡᠯ ᠣᠯᠭᠣᠬᠤ ᠲᠤᠬᠠᠢ᠎ᠶᠢᠨ ᠲᠠᠯᠠᠪᠤᠷ᠎ᠲᠤ ᠺᠠᠷᠲ ᠪᠦᠷᠢᠳᠬᠡᠭᠦᠯᠬᠦ ᠴᠡᠭ ᠭᠠᠷᠭᠠᠵᠤ᠂ ᠲᠥᠪ ᠬᠢᠴᠢᠶᠡᠩᠭᠦᠢ ᠠᠷᠠᠳ᠎ᠲᠤ ᠲᠥᠬᠥᠮ ᠦᠵᠡᠭᠦᠯᠬᠦ ᠬᠠᠤᠯᠢ᠎ᠪᠠᠷ ᠵᠠᠰᠠᠬᠤ ᠦᠢᠯᠡᠴᠢᠯᠡᠭᠡᠨ᠎ᠦ ᠠᠭᠤᠷ ᠠᠮᠢᠰᠬᠤᠯ᠎ᠢ ᠪᠣᠶ ᠪᠣᠯᠭᠠᠪᠠ᠃ ᠲᠥᠪᠯᠡᠷᠡᠭᠦᠯᠦᠨ ᠦᠨᠡᠮᠯᠡᠯ ᠠᠪᠬᠤ᠎ᠶᠢᠨ ᠠᠷᠭ᠎ᠠ ᠦᠭᠡᠢ ᠬᠥᠮᠥᠰ᠎ᠲᠦ ᠴᠢᠭᠯᠡᠭᠦᠯᠦᠨ᠂ ᠡᠯ᠎ᠡ ᠠᠢᠮᠠᠭ ᠬᠣᠲᠠ᠎ᠶᠢᠨ ᠬᠠᠤᠯᠢ ᠴᠠᠭᠠᠵᠠ᠎ᠶᠢᠨ ᠲᠣᠪᠴᠢᠶ᠎ᠠ ᠨᠢ ᠬᠣᠢᠰᠢᠯᠠᠭᠤᠯᠤᠨ ᠭᠤᠶᠤᠴᠢᠯᠠᠨ ᠠᠪᠬᠤ ᠦᠢᠯᠡᠴᠢᠯᠡᠭᠡ᠎ᠶᠢ ᠵᠡᠷᠭᠡ ᠳ᠋ᠦ᠍ᠨᠢ ᠬᠠᠩᠭᠠᠬᠤ᠎ᠶᠢᠨ ᠬᠠᠮᠲᠤ᠂ ᠮᠠᠲᠸᠷᠢᠶᠠᠯ ᠢ᠋ ᠲᠠᠷᠤᠮᠠᠯᠯᠠᠬᠤ᠂ ᠰᠢᠷᠪᠢᠬᠦ ᠵᠡᠷᠭᠡ ᠠᠷᠭ᠎ᠠ ᠪᠡᠷ ᠠᠵᠢᠯ ᠤᠯᠭᠤᠯᠲᠠ ᠢ᠋ᠢᠨ ᠬᠡᠷᠡᠭᠴᠡᠭᠡ ᠱᠠᠭᠠᠷᠲᠠᠯᠭ᠎ᠠ᠎ᠳᠤᠨᠢ ᠲᠦᠭᠦᠮ ᠦᠵᠡᠭᠦᠯᠪᠡ᠃

ᠡᠭᠦᠨ᠎ᠡᠴᠡ ᠭᠠᠳᠠᠨ᠎ᠠ᠂ ᠦᠨᠡᠮᠯᠡᠯ ᠲᠠᠢ ᠬᠥᠮᠥᠰ᠎ᠦᠨ ᠠᠵᠢᠯ ᠮᠡᠷᠭᠡᠵᠢᠯ᠎ᠦᠨ ᠬᠥᠭᠵᠢᠯᠲᠡ᠎ᠶᠢ ᠲᠥᠯᠥᠪᠵᠢᠭᠦᠯᠬᠦ᠎ᠳᠦ ᠬᠦᠴᠦᠨ ᠨᠡᠮᠡᠷᠢᠯᠡᠬᠦ᠎ᠶᠢᠨ ᠲᠥᠯᠥᠭᠡ᠂ ᠡᠯ᠎ᠡ ᠠᠢᠮᠠᠭ ᠬᠣᠲᠠ᠎ᠶᠢᠨ ᠬᠠᠤᠯᠢ ᠴᠠᠭᠠᠵᠠ᠎ᠶᠢᠨ ᠲᠣᠪᠴᠢᠶ᠎ᠠ ᠵᠢᠨ ᠬᠢᠨ ᠴᠢᠳᠠᠪᠤᠷᠢᠲᠠᠨ᠎ᠤ ᠦᠢᠯᠡᠴᠢᠯᠡᠭᠡᠨ᠎ᠦ ᠲᠠᠪᠴᠠᠩ᠎ᠢ ᠵᠡᠷᠭᠡ ᠪᠡᠷ ᠪᠠᠢᠭᠤᠯᠵᠦ᠂ ᠬᠠᠤᠯᠢᠴᠢ᠎ᠶᠢᠨ ᠳᠠᠳᠤᠯᠭ᠎ᠠ ᠬᠢᠬᠦ ᠪᠠ ᠠᠵᠢᠯ ᠡᠷᠭᠢᠯᠡᠬᠦ ᠶᠠᠪᠤᠴᠠ᠎ᠶᠢᠨ ᠯᠠᠪᠯᠠᠭ᠎ᠠ᠂ ᠬᠠᠤᠯᠢᠴᠢ᠎ᠶᠢᠨ ᠬᠡᠷᠡᠭ ᠡᠷᠬᠢᠯᠡᠬᠦ ᠭᠠᠵᠠᠷ᠎ᠤᠨ ᠮᠡᠳᠡᠭᠡ ᠵᠠᠩᠭᠢ᠎ᠶᠢ ᠪᠠᠢᠴᠠᠭᠠᠨ ᠯᠠᠪᠯᠠᠬᠤ ᠦᠢᠯᠡᠴᠢᠯᠡᠭᠡ ᠬᠠᠩᠭᠠᠪᠠ; ᠬᠥᠮᠥᠨ ᠬᠡᠷᠡᠭᠯᠡᠬᠦ ᠨᠢᠭᠡᠴᠢ᠎ᠶᠢᠨ ᠤᠬᠠᠭᠤᠯᠭ᠎ᠠ᠎ᠶᠢᠨ ᠳᠡᠪᠲᠡᠷ᠎ᠢ ᠲᠠᠷᠬᠠᠭᠠᠬᠤ᠎ᠶᠢᠨ ᠬᠠᠮᠲᠤ ᠠᠵᠢᠯ ᠡᠷᠢᠬᠦ ᠮᠡᠳᠡᠭᠡ ᠵᠠᠩᠭᠢ᠎ᠶᠢ ᠴᠤᠭᠯᠠᠭᠤᠯᠵᠤ᠂ ᠬᠠᠤᠯᠢ ᠴᠠᠭᠠᠵᠠ᠎ᠶᠢᠨ ᠴᠢᠳᠠᠪᠤᠷᠢᠲᠠᠨ᠎ᠢ ᠬᠥᠮᠥᠨ ᠬᠡᠷᠡᠭᠯᠡᠬᠦ ᠨᠢᠭᠡᠴᠢ ᠯᠦ᠍ᠭᠡ ᠵᠣᠯᠭᠠᠭᠤᠯᠬᠤ᠎ᠶᠢ ᠢᠳᠡᠪᠬᠢᠲᠡᠢ ᠠᠬᠢᠭᠤᠯᠵᠤ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡᠨ᠎ᠦ ᠠᠷᠭ᠎ᠠ ᠬᠡᠮᠵᠢᠶ᠎ᠡ᠎ᠶᠢ ᠦᠨᠡᠨᠬᠦ ᠪᠣᠳᠠᠲᠠᠢᠵᠢᠭᠤᠯᠤᠨ ᠨᠠᠢᠳᠠᠪᠤᠷᠢᠵᠢᠭᠤᠯᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号