《ᠲᠠᠨᠠᠷ᠎ᠲᠤ ᠦᠨᠡᠬᠡᠷ ᠲᠠᠯᠠᠷᠬᠠᠵᠤ ᠪᠠᠢᠨ᠎ᠠ᠂ ᠪᠢ ᠣᠷᠣᠯᠠᠨ ᠲᠤᠱᠢᠶᠠᠭᠰᠠᠨ ᠭᠠᠢᠯᠢ᠎ᠶ᠋ᠢᠨ ᠵᠣᠭᠣᠰ᠎ᠢᠶᠠᠨ ᠨᠢᠭᠡᠨᠲᠡ ᠭᠠᠷ ᠲᠠᠭᠠᠨ ᠲᠤᠰᠪᠠ》᠃ ᠣᠢᠷ᠎ᠠ᠎ᠳᠤ᠂ ᠣᠷᠳᠣᠰ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ᠎ᠶ᠋ᠢᠨ ᠳᠠᠭᠠᠭᠠᠨ ᠭᠦᠶ᠋ᠴᠡᠳᠭᠡᠬᠦ᠌ ᠪᠠᠢᠴᠠᠭᠠᠬᠤ ᠲᠤᠱᠢᠶᠠᠯᠲᠠᠨ ᠬᠣᠲᠠ᠎ᠶ᠋ᠢᠨ ᠠᠷᠠᠳ ᠵᠠᠩ ᠠᠪᠤᠭᠠᠶ᠎ᠶ᠋ᠢᠨ ᠲᠠᠯᠠᠷᠬᠠᠯ᠎ᠤᠨ ᠤᠲᠠᠰᠤ᠎ᠶ᠋ᠢ ᠲᠣᠰᠴᠠᠶ᠃
ᠵᠠᠩ ᠠᠪᠤᠭᠠᠢ ᠪᠣᠯ ᠤᠷᠳᠤᠰ ᠬᠤᠳᠠ᠎ᠶ᠋ᠢᠨ ᠨᠢᠭᠡᠨ ᠨᠢᠭᠡᠴᠢ᠎ᠶ᠋ᠢᠨ ᠠᠵᠢᠯᠳᠠᠨ ᠪᠠᠢᠭ᠍ᠰᠠᠨ ᠶᠤᠮ᠂ 1999 ᠣᠨ᠎ᠳᠤ ᠤᠤᠯ᠎ᠤᠨ ᠠᠵᠢᠯᠯᠠᠵᠤ ᠪᠠᠢᠭᠰᠠᠨ ᠨᠢᠭᠡᠴᠢ᠎ᠶ᠋ᠢᠨ ᠵᠢᠡᠨ ᠪᠡᠯᠡ ᠴᠤᠭ᠍ᠯᠠᠭᠤᠯᠤᠨ ᠪᠠᠷᠢᠭᠰᠠᠨ ᠠᠰᠠᠷ᠎ᠢ ᠬᠤᠳᠠᠯᠳᠤᠨ ᠠᠪᠤᠪᠠ᠂ ᠭᠡᠪᠡᠴᠦ ᠤᠤᠯ᠎ᠤᠨ ᠨᠢᠭᠡᠴᠢ ᠨᠢ ᠶᠡᠷᠦ᠍᠎ᠡᠴᠡ ᠭᠠᠢᠯᠢ ᠰᠦᠢᠳᠭᠡᠯ ᠲᠤᠱᠢᠶᠠᠭ᠍ᠰᠠᠨ ᠦᠭᠡᠢ᠎ᠡᠴᠡ ᠪᠤᠯᠵᠤ ᠲᠡᠷᠡ ᠭᠡᠷ ᠬᠦᠷᠦᠨᠭ᠌ᠭᠡ᠎ᠶ᠋ᠢᠨ ᠦᠨᠡᠮᠯᠡᠯ ᠵᠢᠡᠨ ᠠᠪᠬᠤ ᠵᠢᠨ ᠠᠷᠭ᠎ᠠ ᠦᠭᠡᠢ ᠪᠠᠢᠵᠠᠢ᠃ ᠭᠡᠷ ᠬᠥᠷᠥᠩᠭᠡ᠎ᠶ᠋ᠢᠨ ᠦᠨᠡᠮᠯᠡᠯᠵᠢᠡᠨ ᠡᠷᠲᠡᠬᠡᠨ ᠣᠯᠬᠤ᠎ᠶ᠋ᠢᠨ ᠲᠥᠯᠥᠭᠡ ᠲᠡᠷᠡ ᠭᠠᠢᠯᠢ ᠰᠦᠢᠳᠭᠡᠯ ᠪᠠ ᠬᠤᠭᠤᠴᠠᠭ᠎ᠠ ᠰᠠᠭᠠᠲᠠᠭᠤᠯᠤᠭ᠍ᠰᠠᠨ ᠲᠣᠷᠭᠠᠭᠤᠯᠢ᠎ᠶ᠋ᠢᠨ ᠮᠥᠩᠭᠥ᠎ᠶ᠋ᠢ ᠣᠷᠣᠯᠠᠨ ᠲᠤᠱᠢᠶᠠᠪᠠ᠃ ᠰᠡᠭᠦᠯᠡᠷ ᠨᠢ ᠲᠡᠷᠡ ᠤᠤᠯ ᠨᠢᠭᠡᠴᠢ᠎ᠶ᠋ᠢᠨ ᠨᠡᠷ᠎ᠡ᠎ᠪᠡᠷ ᠲᠤᠱᠢᠶᠠᠭ᠍ᠰᠠᠨ ᠡᠨᠡ ᠬᠦ᠌ ᠭᠠᠢᠯᠢ᠎ᠶ᠋ᠢᠨ ᠵᠣᠭᠣᠰ᠎ᠢ ᠤᠤᠯ ᠨᠢᠭᠡᠴᠢ ᠡᠭᠦᠷᠭᠡᠯᠡᠬᠦ᠌ ᠬᠡᠷᠡᠭ᠌ᠲᠡᠢ ᠬᠡᠰᠡᠨ ᠰᠢᠯᠳᠠᠭᠠᠨ ᠵᠢᠡᠷ ᠭᠠᠢᠯᠢ᠎ᠶ᠋ᠢᠨ ᠶᠠᠪᠤᠳᠠᠯ᠎ᠤᠨ ᠪᠠᠢᠭᠤᠯᠭ᠎ᠠ᠎ᠳᠤ ᠭᠠᠢᠯᠢ ᠪᠤᠴᠠᠭᠠᠬᠤ ᠭᠤᠶᠤᠴᠢᠯᠠᠯ ᠭᠠᠷᠭᠠᠵᠠᠢ᠃ ᠭᠤᠶᠤᠴᠢᠯᠠᠯ ᠨᠢ ᠨᠢᠴᠤᠭᠠᠭ᠍ᠳᠠᠭ᠍ᠰᠠᠨᠤ ᠳᠠᠷᠠᠭ᠎ᠠ ᠲᠡᠷᠡ ᠲᠤᠬᠠᠢ᠎ᠶ᠋ᠢᠨ ᠭᠠᠵᠠᠷ᠎ᠤᠨ ᠱᠢᠭᠦᠬᠦ᠌ ᠬᠣᠷᠢᠶᠠᠨ᠎ᠳᠤ ᠵᠠᠰᠠᠭ ᠵᠠᠬᠢᠷᠭᠠᠨ᠎ᠤ ᠵᠠᠭᠠᠯᠳᠤᠯᠭ᠎ᠠ ᠬᠢᠪᠡ᠃ ᠨᠢᠭᠡᠳᠦᠭᠡᠷ ᠱᠢᠭᠦᠯᠲᠡ᠂ ᠬᠣᠶᠠᠳᠤᠭᠠᠷ ᠱᠢᠭᠦᠯᠲᠡ᠂ ᠲᠠᠬᠢᠨ ᠱᠢᠭᠦᠯᠲᠡ᠎ᠪᠡᠷ ᠳᠠᠮᠵᠢᠭᠠᠳ ᠴᠥᠮ ᠳᠡᠮᠵᠢᠯᠭᠡ ᠣᠯᠤᠭ᠍ᠰᠠᠨ ᠦᠭᠡᠢ᠂ ᠡᠬᠦᠨ᠎ᠳᠤ ᠲᠡᠷᠡ ᠪᠠᠰᠠ ᠤᠷᠳᠤᠰ ᠬᠤᠳᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ᠎ᠵᠢᠨ ᠬᠢᠨ ᠬᠢᠨᠠᠯᠲᠠ ᠲᠠᠯᠪᠢᠯᠳᠠ ᠬᠢᠬᠦ ᠵᠢ ᠭᠤᠶᠤᠴᠢᠯᠠᠪᠠ᠃ ᠪᠦᠬᠦ᠌ ᠲᠠᠯ᠎ᠠ᠎ᠪᠠᠷ ᠬᠢᠨᠠᠨ ᠪᠠᠢᠴᠠᠭᠠᠭᠠᠳ ᠪᠠᠢᠴᠠᠭᠠᠬᠤ ᠬᠣᠷᠢᠶ᠎ᠠ ᠵᠢᠨ ᠬᠢᠨ ᠬᠡᠳᠦᠢᠪᠡᠷ ᠬᠠᠤᠯᠢ ᠶᠣᠰᠣᠭᠠᠷ ᠬᠢᠨᠠᠯᠲᠠ ᠲᠠᠯᠪᠢᠯᠳᠠ ᠬᠢᠬᠦ ᠭᠤᠶᠤᠴᠢᠯᠠᠯ᠎ᠢ ᠦᠯᠦ ᠳᠡᠮᠵᠢᠬᠦ᠌ ᠲᠣᠭ᠍ᠲᠠᠭᠠᠯ ᠭᠠᠷᠭᠠᠬᠤ ᠪᠡᠷ ᠵᠢᠱ᠌ᠢᠭᠰᠡᠨ ᠪᠣᠯᠪᠠᠴᠤ᠌ ᠦᠨᠡᠨ ᠪᠤᠲᠠᠲᠠᠢ ᠱᠢᠢᠳᠪᠦᠷᠢᠯᠡᠬᠦ᠌ ᠠᠵᠢᠯ᠎ᠢ ᠤᠯᠠᠮ ᠨᠢᠭᠡ ᠠᠯᠬᠤᠮ ᠥᠷᠨᠢᠭᠦᠯᠦᠭ᠌ᠰᠡᠨ ᠪᠠᠢᠨ᠎ᠠ᠃ ᠵᠠᠰᠠᠭ ᠵᠠᠬᠢᠷᠭᠠᠨ᠎ᠤ ᠮᠠᠷᠭᠤᠯᠳᠤᠭᠠᠨ ᠡᠭᠦᠰᠦᠭ᠌ᠰᠡᠨ ᠦᠨᠳᠦᠰᠦᠨ ᠪᠣᠳᠠᠲᠤ ᠬᠡᠷᠡᠭ ᠪᠠ ᠭᠤᠶᠤᠴᠢᠯᠠᠭ᠍ᠴᠢ᠎ᠶ᠋ᠢᠨ ᠵᠠᠷᠭᠤ᠎ᠶ᠋ᠢᠨ ᠳᠤᠮᠳᠠᠬᠢ ᠦᠨᠡᠨ ᠪᠤᠲᠠᠲᠠᠢ ᠵᠠᠷᠭᠤ᠎ᠶ᠋ᠢᠨ ᠭᠤᠶᠤᠴᠢᠯᠠᠯ᠎ᠳᠤ ᠴᠢᠭ᠌ᠯᠡᠭᠦᠯᠦᠨ᠂ ᠪᠠᠢᠴᠠᠭᠠᠬᠤ ᠠᠵᠢᠯᠲᠠᠨ ᠣᠯᠠᠨ ᠤᠳᠠᠭ᠎ᠠ ᠬᠠᠤᠯᠢ ᠶᠣᠰᠣ ᠵᠢ ᠲᠠᠢᠯᠪᠤᠷᠢᠯᠠᠨ ᠬᠡᠯᠡᠵᠦ᠍᠂ ᠱᠢᠢᠳᠪᠦᠷᠢᠯᠡᠬᠦ᠌᠎ᠶ᠋ᠢ ᠠᠬᠢᠭᠤᠯᠤᠭᠰᠠᠨ ᠵᠢᠡᠷ ᠤᠤᠯ᠎ᠤᠨ ᠨᠢᠭᠡᠴᠢ ᠨᠢ ᠵᠠᠩ ᠠᠪᠤᠭᠠᠢ᠎ᠶ᠋ᠢᠨ ᠣᠷᠣᠯᠠᠨ ᠥᠭ᠌ᠭᠦᠭ᠌ᠰᠡᠨ ᠭᠠᠢᠯᠢ᠎ᠶ᠋ᠢᠨ ᠵᠣᠭᠣᠰ ᠵᠢᠴᠢ ᠬᠤᠭᠤᠴᠠᠭ᠎ᠠ ᠰᠠᠭᠠᠲᠠᠭᠤᠯᠤᠭ᠍ᠰᠠᠨ ᠲᠣᠷᠭᠠᠭᠤᠯᠢ᠎ᠶ᠋ᠢᠨ ᠮᠥᠩᠭᠥ᠎ᠶ᠋ᠢ ᠨᠢᠭᠡ ᠯᠡ ᠤᠳᠠᠭ᠎ᠠ᠎ᠳᠤ ᠪᠤᠴᠠᠭᠠᠬᠤ᠎ᠶ᠋ᠢ ᠵᠥᠪᠱᠢᠶᠡᠷᠡᠵᠦ᠍᠂ ᠬᠣᠶᠠᠷ ᠲᠠᠯ᠎ᠠ᠎ᠪᠠᠷ᠎ᠢᠶᠠᠨ ᠡᠶᠡᠳᠡᠬᠦ᠌ ᠬᠡᠯᠡᠯᠴᠡᠭᠡᠷ ᠲᠣᠭ᠍ᠲᠠᠪᠠ᠃ ᠢᠩᠭᠢᠭᠡᠳ 20 ᠭᠠᠷᠤᠢ ᠵᠢᠯ᠎ᠦᠨ ᠲᠤᠷᠱᠢᠬᠢ ᠡᠨᠡ ᠤᠳᠠᠭᠠᠨ᠎ᠤ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠲᠡᠭᠦᠰ ᠠᠮᠵᠢᠯᠲᠠ᠎ᠲᠠᠶ ᠱᠢᠢᠳᠪᠦᠷᠢᠯᠡᠭ᠌ᠰᠡᠨ ᠪᠠᠢᠨ᠎ᠠ᠃
ᠵᠠᠰᠠᠭ ᠵᠠᠬᠢᠷᠭᠠᠨ᠎ᠤ ᠦᠨᠡᠨ ᠪᠤᠲᠠᠲᠠᠢ ᠱᠢᠢᠳᠪᠦᠷᠢᠯᠡᠯᠲᠡ᠎ᠶ᠋ᠢ ᠴᠢᠬᠤᠯᠠᠴᠢᠯᠠᠵᠤ᠂ ᠣᠯᠠᠨ ᠲᠦᠮᠡᠨ᠎ᠦ ᠰᠡᠳᠭᠢᠯ ᠵᠣᠪᠠᠵᠤ ᠪᠠᠢᠭ᠎ᠠ ᠶᠠᠪᠤᠳᠠᠯ᠎ᠢ ᠱᠢᠢᠳᠪᠦᠷᠢᠯᠡᠪᠡ᠃ ᠤᠢ᠍ᠢᠷ᠎ᠠ᠎ᠶ᠋ᠢᠨ ᠵᠢᠯ ᠡᠴᠡ ᠨᠠᠭᠠᠰᠢ᠂ ᠤᠷᠳᠤᠰ ᠬᠤᠳᠠ᠎ᠶ᠋ᠢᠨ ᠪᠠᠢᠴᠠᠭᠠᠬᠤ ᠪᠠᠢᠭᠤᠯᠭ᠎ᠠ ᠵᠠᠰᠠᠭ ᠵᠠᠬᠢᠷᠭᠠᠨ᠎ᠤ ᠪᠠᠢᠴᠠᠭᠠᠬᠤ ᠡᠭᠦᠷᠭᠡ ᠴᠢᠳᠠᠪᠬᠢ᠎ᠪᠠᠨ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ᠎ᠤ ᠮᠠᠷᠭᠤᠯᠳᠤᠭᠠᠨ᠎ᠤ ᠦᠨᠡᠨ ᠪᠤᠲᠠᠲᠠᠢ ᠱᠢᠢᠳᠪᠦᠷᠢᠯᠡᠬᠦ᠌ ᠠᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠲᠤᠬᠠᠢ᠎ᠶ᠋ᠢᠨ ᠭᠠᠵᠠᠷ᠎ᠤᠨ ᠵᠠᠬᠢᠳᠠᠯ ᠰᠤᠷᠪᠤᠯᠵᠢᠯᠠᠯ᠎ᠤᠨ ᠲᠣᠪᠴᠢᠶ᠎ᠠ᠂ ᠬᠠᠤᠯᠢ ᠴᠠᠭᠠᠵᠠ᠎ᠶ᠋ᠢᠨ ᠲᠣᠪᠴᠢᠶ᠎ᠠ᠎ᠲᠠᠶ 《ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠱᠢᠢᠳᠪᠦᠷᠢᠯᠡᠬᠦ᠌ ᠠᠯᠪᠠᠨ ᠭᠡᠷ》 ᠪᠠᠢᠭᠤᠯᠵᠤ᠂ ᠱᠢᠢᠳᠪᠦᠷᠢᠯᠡᠬᠦ᠌ ᠨᠡᠢᠯᠡᠮᠡᠯ ᠬᠦᠴᠦᠨ᠎ᠢ ᠪᠤᠢ ᠪᠣᠯᠭᠠᠵᠤ᠂ ᠵᠠᠷᠭᠤ᠎ᠶ᠋ᠢᠨ ᠡᠬᠢ ᠰᠤᠷᠪᠤᠯᠵᠢ᠎ᠶ᠋ᠢᠨ ᠵᠠᠰᠠᠯᠲᠠ᠎ᠶ᠋ᠢ ᠠᠬᠢᠭᠤᠯᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠠᠬᠢᠭᠤᠯᠪᠠ᠃
ᠬᠡᠷᠡᠭ᠎ᠢ ᠱᠢᠶ᠋ᠳᠪᠦᠷᠢᠯᠡᠬᠦ᠌ ᠶᠠᠪᠤᠴᠠ᠎ᠳᠤ᠂ ᠣᠷᠳᠣᠰ ᠬᠣᠲᠠ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ ᠨᠢᠭᠡ ᠲᠠᠯ᠎ᠠ᠎ᠪᠠᠷ ᠲᠤᠬᠠᠶ᠎ᠶ᠋ᠢᠨ ᠭᠠᠵᠠᠷ᠎ᠤᠨ ᠱᠢᠭᠦᠬᠦ᠌ ᠬᠣᠷᠢᠶ᠎ᠠ᠎ᠲᠠᠶ ᠬᠠᠮᠵᠢᠯᠴᠠᠨ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠦᠨᠡᠨ ᠪᠣᠳᠠᠲᠠᠶ᠎ᠪᠠᠷ ᠱᠢᠶ᠋ᠳᠪᠦᠷᠢᠯᠡᠬᠦ᠌ ᠠᠵᠢᠯ᠎ᠢ ᠥᠷᠨᠢᠭᠦᠯᠵᠦ᠍᠂ ᠵᠠᠰᠠᠭ ᠵᠠᠬᠢᠷᠭᠠᠨ᠎ᠤ ᠬᠠᠷᠠᠭᠠᠯᠵᠠᠬᠰᠠᠨ ᠡᠲᠡᠭᠡᠳ᠎ᠤᠨ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠵᠤ᠂ ᠬᠠᠤᠯᠢ ᠴᠠᠭᠠᠵᠠ᠎ᠶ᠋ᠢᠨ ᠲᠥᠪ ᠭᠤᠤᠯᠴᠢ ᠴᠢᠨᠠᠷ᠎ᠢ ᠬᠠᠮᠠᠭᠠᠯᠠᠪᠠ; ᠨᠥᠭᠥᠭᠡ ᠲᠠᠯ᠎ᠠ ᠪᠡᠷ᠂ ᠬᠢᠨᠠᠨ ᠪᠠᠢᠴᠠᠭᠠᠬᠤ ᠱᠠᠲᠤᠨ᠎ᠳᠤ ᠣᠷᠳᠣᠰ ᠬᠣᠲᠠ᠎ᠶᠢᠨ ᠡᠯ᠎ᠡ ᠭᠠᠵᠠᠷ᠎ᠤᠨ ᠪᠠᠢᠴᠠᠭᠠᠬᠤ ᠬᠣᠷᠢᠶᠠᠨ᠎ᠤ ᠪᠠᠢᠴᠠᠭᠠᠬᠤ ᠳᠠᠷᠤᠭ᠎ᠠ᠂ ᠬᠤᠪᠢᠳᠠᠨ ᠬᠠᠮᠢᠶᠠᠷᠴᠤ ᠪᠠᠢᠭ᠎ᠠ ᠳᠡᠳ᠋ ᠪᠠᠢᠴᠠᠭᠠᠬᠤ ᠳᠠᠷᠤᠭ᠎ᠠ ᠤᠳᠤᠷᠢᠳᠤᠯᠭ᠎ᠠ᠎ᠶᠢᠨ ᠬᠡᠷᠡᠭ ᠰᠢᠢᠳᠪᠦᠷᠢᠯᠡᠬᠦ 《ᠲᠦᠷᠦᠭᠦᠴᠢ ᠭᠠᠯᠠᠭᠤ᠎ᠶᠢᠨ ᠦᠢᠯᠡᠳᠦᠯ》 ᠢ᠋ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠦᠨᠡᠨ ᠪᠣᠳᠠᠲᠠᠢ᠎ᠪᠠᠷ ᠰᠢᠢᠳᠪᠦᠷᠢᠯᠡᠬᠦ᠎ᠶᠢ ᠠᠬᠢᠭᠤᠯᠬᠤ ᠵᠠᠩᠭᠢᠯᠠᠭ᠎ᠠ᠎ᠶᠢᠨ ᠴᠡᠭ᠎ᠲᠦ ᠵᠠᠰᠠᠭ ᠵᠠᠬᠢᠷᠭᠠᠨ᠎ᠤ ᠪᠠᠢᠴᠠᠭᠠᠬᠤ ᠪᠦᠯᠬᠦᠮ᠎ᠢ ᠳᠠᠭᠠᠭᠤᠯᠤᠨ ᠳᠠᠩᠰᠠ ᠡᠪᠬᠡᠮᠡᠯ᠎ᠢ ᠨᠠᠷᠢᠨ ᠬᠢᠨᠠᠮᠠᠭᠠᠢ ᠦᠵᠡᠬᠦ᠂ ᠲᠤᠬᠠᠢ᠎ᠶᠢᠨ ᠬᠥᠮᠥᠨ᠎ᠦ ᠰᠠᠨᠠᠯ᠎ᠢ ᠰᠣᠨᠣᠰᠬᠤ᠂ ᠪᠠᠢᠴᠠᠭᠠᠵᠤ ᠬᠢᠨᠠᠨ ᠬᠠᠷᠭᠤᠭᠤᠯᠬᠤ ᠵᠡᠷᠭᠡ ᠠᠷᠭ᠎ᠠ ᠮᠠᠶᠢᠭ᠋᠎ᠢᠶᠠᠷ ᠬᠡᠷᠡᠭ᠎ᠦᠨ ᠪᠣᠳᠠᠲᠤ ᠶᠠᠪᠤᠳᠠᠯ᠎ᠢ ᠪᠠᠢᠴᠠᠭᠠᠨ ᠲᠣᠳᠣᠷᠬᠠᠢᠯᠠᠵᠤ᠂ ᠮᠠᠷᠭᠤᠯᠳᠤᠭᠠᠨ᠎ᠤ ᠲᠥᠪᠯᠡᠷᠡᠯ᠎ᠦᠨ ᠴᠡᠭ᠎ᠢ ᠬᠤᠷᠢᠶᠠᠩᠭᠤᠢᠯᠠᠨ᠂ ᠬᠠᠤᠯᠢ ᠶᠤᠰᠤ ᠵᠢ ᠨᠢᠭᠤᠷᠳᠠᠨ ᠲᠠᠢᠯᠪᠤᠷᠢᠯᠠᠵᠤ᠂ ᠬᠡᠷᠡᠭ ᠰᠢᠢᠳᠪᠦᠷᠢᠯᠡᠬᠦ ᠶᠠᠪᠤᠴᠠ᠎ᠳᠠᠬᠢ ᠪᠡᠷᠬᠡ ᠲᠦᠪᠡᠭᠲᠡᠢ ᠠᠰᠠᠭᠤᠳᠠᠯ᠎ᠢ ᠬᠠᠤᠯᠢ ᠶᠣᠰᠣᠭᠠᠷ ᠵᠣᠬᠢᠴᠠᠭᠤᠯᠤᠨ ᠰᠢᠢᠳᠪᠦᠷᠢᠯᠡᠵᠦ᠂ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠦᠨᠡᠨ ᠪᠣᠳᠠᠲᠠᠢ᠎ᠪᠠᠷ ᠰᠢᠢᠳᠪᠦᠷᠢᠯᠡᠬᠦ᠎ᠶᠢ ᠠᠬᠢᠭᠤᠯᠪᠠ᠃
ᠪᠦᠷᠢᠳᠬᠡᠯ᠎ᠢ ᠦᠨᠳᠦᠰᠦᠯᠡᠪᠡᠯ᠂ 2019 ᠣᠨ᠎ᠠᠴᠠ ᠨᠠᠭᠠᠰᠢ᠂ ᠣᠷᠳᠣᠰ ᠬᠣᠲᠠ᠎ᠶᠢᠨ ᠪᠠᠢᠴᠠᠭᠠᠬᠤ ᠪᠠᠢᠭᠤᠯᠭ᠎ᠠ ᠵᠠᠰᠠᠭ ᠵᠠᠬᠢᠷᠭᠠᠨ᠎ᠤ ᠮᠠᠷᠭᠤᠯᠳᠤᠭᠠᠨ᠎ᠤ ᠬᠡᠷᠡᠭ᠎ᠢ 108᠂ 5 ᠵᠢᠯ᠎ᠡᠴᠡ ᠳᠡᠭᠡᠭᠰᠢ ᠮᠠᠷᠭᠤᠯᠳᠤᠭᠠᠨ᠎ᠲᠠᠢ ᠬᠡᠷᠡᠭ᠎ᠢ 5᠂ 10 ᠵᠢᠯ᠎ᠡᠴᠡ ᠳᠡᠭᠡᠭᠰᠢ ᠮᠠᠷᠭᠤᠯᠳᠤᠭᠠᠨ᠎ᠲᠠᠢ ᠬᠡᠷᠡᠭ᠎ᠢ 1᠂ 20 ᠵᠢᠯ᠎ᠡᠴᠡ ᠳᠡᠭᠡᠭᠰᠢ ᠮᠠᠷᠭᠤᠯᠳᠤᠭᠠᠨ᠎ᠲᠠᠢ ᠬᠡᠷᠡᠭ᠎ᠢ 2 ᠰᠢᠢᠳᠪᠦᠷᠢᠯᠡᠵᠡᠢ᠃ ᠡᠭᠦᠨ᠎ᠳᠦ᠂ ᠣᠷᠳᠣᠰ ᠬᠣᠲᠠ᠎ᠶᠢᠨ ᠠᠷᠠᠳ᠎ᠤᠨ ᠪᠠᠢᠴᠠᠭᠠᠬᠤ ᠬᠣᠷᠢᠶ᠎ᠠ᠎ᠶᠢᠨ ᠰᠢᠢᠳᠪᠦᠷᠢᠯᠡᠭᠰᠡᠨ ᠭᠠᠵᠠᠷ ᠰᠢᠷᠣᠢ᠎ᠶᠢᠨ ᠵᠠᠰᠠᠭ ᠵᠠᠬᠢᠷᠭᠠᠨ᠎ᠤ ᠳᠠᠩᠰᠠᠯᠠᠯᠲᠠ᠎ᠶᠢᠨ ᠬᠦᠴᠦᠨ᠎ᠲᠠᠢ ᠭᠡᠰᠡᠨ ᠲᠠᠰᠤᠯᠤᠯᠲᠠ᠎ᠳᠤ ᠬᠣᠯᠪᠣᠭᠳᠠᠭᠰᠠᠨ ᠬᠡᠷᠡᠭ ᠨᠢ ᠬᠡᠳᠦᠢᠪᠡᠷ ᠡᠰᠡᠷᠭᠦᠴᠡᠨ ᠵᠠᠭᠠᠯᠳᠤᠬᠤ ᠨᠥᠬᠥᠴᠡᠯ᠎ᠳᠦ ᠨᠡᠢᠴᠡᠬᠦ ᠦᠭᠡᠢ ᠪᠣᠯᠪᠠᠴᠤ ᠬᠠᠤᠯᠢ ᠶᠣᠰᠣ᠌᠎ᠶᠢ ᠲᠠᠢᠯᠪᠤᠷᠢᠯᠠᠨ ᠶᠠᠷᠢᠬᠤ᠂ ᠣᠯᠠᠨ ᠲᠠᠯ᠎ᠠ᠎ᠪᠠᠷ ᠤᠢᠯᠠᠭᠠᠯᠴᠠᠨ ᠨᠡᠪᠲᠡᠷᠡᠯᠴᠡᠬᠦ᠂ ᠵᠣᠬᠢᠴᠠᠭᠤᠯᠬᠤ᠎ᠳᠤ ᠣᠷᠣᠯᠴᠠᠬᠤ ᠵᠡᠷᠭᠡ ᠣᠯᠠᠨ ᠡᠰᠢᠲᠦ ᠡᠶᠡᠳᠡᠭᠦᠯᠭᠡ᠎ᠶᠢᠨ ᠬᠡᠯᠪᠡᠷᠢ᠎ᠪᠡᠷ ᠳᠠᠮᠵᠢᠭᠤᠯᠤᠨ᠂ ᠬᠣᠶᠠᠷ ᠲᠠᠯ᠎ᠠ᠎ᠶᠢᠨ ᠡᠶᠡᠳᠡᠬᠦ᠎ᠶᠢ ᠠᠬᠢᠭᠤᠯᠵᠤ᠂ 27 ᠵᠢᠯ ᠦᠷᠭᠦᠯᠵᠢᠯᠡᠭᠰᠡᠨ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠰᠢᠢᠳᠪᠦᠷᠢᠯᠡᠪᠡ; ᠣᠲᠣᠭ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ ᠪᠠ ᠣᠲᠣᠭ᠎ᠤᠨ ᠡᠮᠦᠨᠡᠲᠦ ᠬᠣᠰᠢᠭᠤᠨ᠎ᠤ ᠠᠷᠠᠳ᠎ᠤᠨ ᠪᠠᠢᠴᠠᠭᠠᠬᠤ ᠬᠣᠷᠢᠶ᠎ᠠ 《ᠵᠠᠰᠠᠭ᠎ᠤᠨ ᠣᠷᠳᠣᠨ ᠪᠠ ᠬᠣᠷᠢᠶ᠎ᠠ ᠬᠣᠯᠪᠤᠭᠠᠯᠠᠨ ᠬᠥᠳᠡᠯᠦᠯᠴᠡᠬᠦ》 ᠲᠣᠭᠲᠠᠴᠠ᠎ᠳᠤ ᠲᠦᠰᠢᠭᠯᠡᠨ᠂ ᠣᠷᠳᠣᠰ ᠬᠣᠲᠠ᠎ᠶᠢᠨ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠂ ᠠᠷᠠᠳ᠎ᠤᠨ ᠶᠠᠪᠤᠳᠠᠯ᠎ᠤᠨ ᠲᠣᠪᠴᠢᠶ᠎ᠠ ᠵᠡᠷᠭᠡ ᠨᠢᠭᠡᠴᠢ᠎ᠲᠠᠢ ᠬᠠᠮᠲᠤᠷᠠᠨ᠂ ᠮᠤᠵᠢ ᠠᠯᠤᠰᠯᠠᠨ ᠬᠠᠮᠵᠢᠯᠴᠠᠬᠤ᠂ ᠢᠯᠡ᠎ᠪᠡᠷ ᠭᠡᠷᠡᠴᠢᠯᠡᠭᠡ ᠰᠣᠨᠣᠰᠬᠤ᠂ ᠪᠠᠢᠴᠠᠭᠠᠬᠤ ᠰᠠᠨᠠᠭᠤᠯᠭ᠎ᠠ ᠲᠣᠭᠲᠠᠭᠠᠨ ᠲᠠᠷᠬᠠᠭᠠᠬᠤ ᠵᠡᠷᠭᠡ 《ᠬᠠᠮ ᠠᠷᠭ᠎ᠠ》 ᠪᠡᠷ ᠳᠠᠮᠵᠢᠭᠤᠯᠤᠨ᠂ ᠣᠷᠣᠭ᠎ᠤᠨ ᠳᠠᠩᠰᠠᠯᠠᠯᠲᠠ᠎ᠶᠢᠨ ᠪᠤᠷᠤᠭᠤ ᠵᠦᠢᠯᠡᠰ᠎ᠢ ᠠᠮᠵᠢᠯᠲᠠ᠎ᠲᠠᠢ᠎ᠪᠠᠷ ᠬᠦᠴᠦᠨ ᠦᠭᠡᠢ ᠪᠣᠯᠭᠠᠵᠤ᠂ ᠬᠠᠤᠯᠢ ᠪᠠᠷᠢᠬᠤ ᠪᠠ ᠵᠠᠰᠠᠭ ᠵᠠᠬᠢᠷᠭᠠᠨ᠎ᠤ ᠠᠵᠢᠯ᠎ᠤᠨ ᠲᠦᠭᠵᠢᠷᠡᠯ᠎ᠢ ᠨᠡᠪᠲᠡᠷᠡᠭᠦᠯᠪᠡ ᠁
《ᠪᠢᠳᠡ 〈ᠬᠡᠷᠡᠭ᠎ᠢ ᠳᠠᠭᠤᠰᠬᠠᠬᠤ᠂ ᠬᠡᠷᠡᠭ᠎ᠢ ᠰᠢᠢᠳᠪᠦᠷᠢᠯᠡᠬᠦ᠂ ᠵᠠᠰᠠᠭᠨᠠᠢᠷᠠᠮᠳᠠᠭᠤ〉 ᠣᠢᠯᠠᠭᠠᠭᠳᠠᠬᠤᠨ᠎ᠢ ᠢᠳᠡᠪᠬᠢᠲᠡᠢ᠎ᠪᠡᠷ ᠦᠢᠯᠡᠳᠦᠯᠭᠡᠵᠢᠭᠦᠯᠵᠦ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ᠂ ᠪᠠᠢᠴᠠᠭᠠᠬᠤ ᠬᠢᠨᠠᠯᠲᠠ ᠲᠠᠯᠪᠢᠬᠤ᠎ᠪᠡᠷ ᠳᠠᠮᠵᠢᠭᠤᠯᠤᠨ᠂ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠦᠨᠡᠨ ᠪᠣᠳᠠᠲᠠᠢ᠎ᠪᠠᠷ ᠰᠢᠢᠳᠪᠦᠷᠢᠯᠡᠵᠦ᠂ ᠬᠡᠷᠡᠭ ᠨᠢᠭᠡᠪᠦᠷᠢ᠎ᠶᠢ ᠴᠢᠨᠠᠷ ᠰᠠᠢᠲᠠᠢ ᠦᠷ᠎ᠡ ᠪᠦᠲᠦᠮᠵᠢᠲᠡᠶ᠎ᠪᠡᠷ ᠰᠠᠢᠲᠤᠷ ᠰᠢᠢᠳᠪᠦᠷᠢᠯᠡᠵᠦ᠂ ᠲᠥᠪ ᠭᠣᠥᠯᠴᠢ ᠰᠢᠳᠤᠷᠭᠤ ᠶᠣᠰᠣ᠌᠎ᠶᠢ ᠤᠢᠯᠠᠭᠠᠭᠤᠯᠵᠤ ᠮᠡᠳᠡᠷᠡᠬᠦᠯᠦᠨ᠎ᠡ》 ᠭᠡᠵᠦ ᠣᠷᠳᠣᠰ ᠬᠤᠳᠠ᠎ᠶᠢᠨ ᠠᠷᠠᠳ᠎ᠤᠨ ᠪᠠᠢᠴᠠᠭᠠᠬᠤ ᠬᠣᠷᠢᠶᠠᠨ᠎ᠤ ᠪᠠᠢᠴᠠᠭᠠᠬᠤ ᠵᠥᠪᠯᠡᠯ᠎ᠦᠨ ᠲᠤᠰᠬᠠᠢ ᠲᠤᠰᠢᠶᠠᠯᠲᠤ ᠭᠡᠰᠢᠭᠦᠨ ᠪᠠᠢ ᠼᠦᠢ ᠴᠢᠨ ᠬᠡᠯᠡᠪᠡ᠃