8 ᠰᠠᠷ᠎ᠠ᠎ᠶᠢᠨ 27 ᠤ᠋ ᠡᠳᠦᠷ᠂《ᠤᠮᠠᠷᠠᠲᠤ ᠬᠢᠯᠢ᠎ᠶᠢᠨ ᠨᠤᠮ᠎ᠤᠨ ᠪᠤᠯᠵᠤᠭ᠎ᠠ·ᠤᠩᠰᠢᠯᠭ᠎ᠠ᠎ᠶᠢᠨ ᠭᠤᠸ᠎ᠠ ᠰᠠᠢᠬᠠᠨ》 2025 ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ ᠥᠪᠥᠷ ᠮᠣᠩᠭᠣᠯ᠎ᠤᠨ ᠤᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠲᠦ ᠡᠬᠢᠯᠡᠵᠦ᠂ ᠬᠡᠪᠯᠡᠯ ᠲᠠᠷᠬᠠᠭᠠᠯᠲᠠ᠎ᠶᠢᠨ ᠠᠵᠢᠯ ᠲᠦᠷᠦᠯ᠎ᠦᠨ ᠬᠠᠮᠢᠶ᠎ᠠ ᠪᠦᠬᠦᠢ ᠬᠥᠮᠥᠰ᠂ ᠵᠣᠬᠢᠶᠠᠯᠴᠢ ᠡᠷᠳᠡᠮᠲᠡᠨ ᠬᠤᠳᠠ᠎ᠶᠢᠨ ᠠᠷᠠᠳ ᠤᠩᠰᠢᠭ᠍ᠴᠢᠳ ᠨᠢᠭᠡ ᠲᠠᠩᠬᠢᠮ᠎ᠳᠤ ᠴᠤᠭᠯᠠᠷᠠᠵᠤ᠂ ᠲᠤᠰ ᠤᠳᠠᠭᠠᠨ᠎ᠤ ᠤᠩᠰᠢᠯᠭ᠎ᠠ᠎ᠶᠢᠨ ᠦᠪᠡᠳᠡᠭᠰᠢ ᠬᠤᠷᠠᠯ᠎ᠳᠤ ᠣᠷᠣᠯᠴᠠᠪᠠ᠃
2025 ᠤᠮᠠᠷᠠᠲᠤ ᠬᠢᠯᠢ ᠢ᠋ᠢᠨ ᠨᠣᠮ᠎ᠤᠨ ᠦᠵᠡᠰᠬᠦᠯᠡᠩ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠣᠶᠣᠯ᠎ᠤᠨ ᠬᠦᠴᠦᠷᠬᠡᠭ ᠤᠯᠤᠰ᠎ᠤᠨ ᠪᠠᠢᠯᠳᠤᠬᠤ ᠪᠣᠳᠣᠯᠭ᠎ᠠ᠎ᠶᠢ ᠭᠦᠨᠵᠡᠭᠡᠢ ᠨᠠᠢᠳᠠᠪᠤᠷᠢᠵᠢᠭᠤᠯᠬᠤ᠂ ᠤᠮᠠᠷᠠᠲᠤ ᠬᠢᠯᠢ᠎ᠶᠢᠨ ᠰᠣᠶᠣᠯ᠎ᠤᠨ ᠲᠦᠷᠦᠯ ᠲᠡᠮᠳᠡᠭ᠎ᠢ ᠭᠡᠷᠡᠯᠳᠦᠬᠦᠯᠬᠦ᠂ 《ᠨᠣᠮ᠎ᠤᠨ ᠬᠡᠰᠢᠭᠳᠦ ᠥᠪᠥᠷ ᠮᠣᠩᠭᠣᠯ》 ᠢ᠋ ᠴᠣᠭᠴᠠᠯᠠᠬᠤ ᠠᠮᠢᠳᠤᠯᠢᠭ᠋ ᠦᠢᠯᠡᠳᠦᠯᠭᠡ ᠪᠠ ᠦᠵᠡᠭᠦᠯᠭᠡ᠎ᠶᠢᠨ ᠲᠠᠪᠴᠠᠩ ᠪᠣᠯᠣᠨ᠎ᠠ᠃
ᠲᠣᠰ ᠤᠳᠠᠭᠠᠨ᠎ᠤ ᠨᠣᠮ᠎ᠤᠨ ᠦᠵᠡᠰᠬᠦᠯᠡᠩ᠎ᠢ ᠥᠪᠥᠷ ᠮᠣᠩᠭᠣᠯ᠎ᠤᠨ ᠨᠣᠮ ᠰᠡᠳᠬᠦᠯ ᠲᠠᠷᠬᠠᠭᠠᠬᠤ ᠠᠵᠢᠯ ᠲᠥᠷᠥᠯ᠎ᠦᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠥᠪᠥᠷ ᠮᠣᠩᠭᠣᠯ᠎ᠤᠨ ᠰᠢᠨᠬᠤᠸᠠ ᠲᠠᠷᠬᠠᠭᠠᠯᠲᠠ᠎ᠶᠢᠨ ᠪᠦᠯᠦᠭᠯᠡᠯ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ ᠬᠠᠮᠲᠤᠷᠠᠨ ᠡᠷᠭᠢᠯᠡᠵᠦ᠂ ᠪᠥᠬᠥ ᠤᠯᠤᠰ᠎ᠤᠨ 300 ᠭᠠᠷᠤᠢ ᠬᠡᠪᠯᠡᠯ᠎ᠦᠨ ᠪᠠᠢᠭᠤᠯᠤᠮᠵᠢ ᠡᠴᠡ 10 ᠲᠦᠮᠡ ᠭᠠᠷᠤᠢ ᠲᠥᠷᠥᠯ᠎ᠦᠨ ᠰᠣᠳᠣᠨ ᠨᠣᠮ ᠪᠢᠴᠢᠭ᠎ᠢ ᠳᠡᠯᠭᠡᠨ ᠦᠵᠡᠭᠦᠯᠵᠦ᠂ ᠪᠠᠰᠠ 200 ᠭᠠᠷᠤᠢ ᠤᠳᠠᠭᠠᠨ᠎ᠤ ᠰᠣᠶᠣᠯ᠎ᠤᠨ ᠠᠵᠢᠯᠯᠠᠭ᠎ᠠ᠎ᠶᠢ ᠨᠠᠷᠢᠨ ᠨᠢᠮᠪᠠᠢ ᠤᠬᠠᠭᠠᠯᠠᠪᠠ᠃ ᠨᠣᠮ᠎ᠤᠨ ᠦᠵᠡᠰᠬᠦᠯᠡᠩᠳᠦ 《1+12》 ᠤ᠋ᠨ ᠵᠠᠭᠪᠤᠷ᠎ᠢ ᠬᠡᠷᠡᠭᠯᠡᠨ᠂ ᠥᠪᠥᠷ ᠮᠣᠩᠭᠣᠯ᠎ᠤᠨ ᠣᠯᠠᠨ ᠤᠯᠤᠰ᠎ᠤᠨ ᠬᠤᠷᠠᠯ ᠦᠵᠡᠰᠬᠦᠯᠡᠩ᠎ᠦᠨ ᠲᠥᠪ᠎ᠢᠶᠡᠷ ᠭᠣᠣᠯ ᠬᠤᠷᠠᠯ᠎ᠤᠨ ᠲᠠᠯᠠᠪᠠᠶ ᠪᠣᠯᠭᠠᠵᠤ᠂ ᠪᠥᠬᠥ ᠣᠷᠣᠨ᠎ᠤ ᠡᠯ᠎ᠡ ᠠᠢᠮᠠᠭ ᠬᠣᠲᠠ᠎ᠶᠢᠨ ᠰᠢᠨᠬᠤᠸᠠ ᠨᠣᠮ᠎ᠤᠨ ᠳᠡᠯᠭᠡᠭᠦᠷ᠎ᠲᠠᠢ ᠬᠣᠯᠪᠤᠭᠠᠯᠠᠨ ᠬᠤᠪᠢᠶᠠᠷᠢ ᠬᠤᠷᠠᠯ᠎ᠤᠨ ᠲᠠᠯᠠᠪᠠᠶ ᠲᠤᠬᠢᠷᠠᠭᠤᠯᠪᠠ᠃
ᠠᠵᠢᠯᠯᠠᠭ᠎ᠠ᠎ᠳᠤ᠂ ᠪᠥᠬᠥ ᠤᠯᠤᠰ᠎ᠤᠨ ᠬᠣᠲᠠ᠎ᠶᠢᠨ ᠰᠢᠨᠬᠤᠸᠠ ᠨᠣᠮ᠎ᠤᠨ ᠳᠡᠯᠭᠡᠭᠦᠷ᠎ᠦᠨ ᠰᠣᠶᠣᠯ᠎ᠢ ᠬᠠᠮᠲᠤ᠎ᠪᠠᠷ ᠡᠳ᠋ᠯᠡᠬᠦ ᠪᠠᠢᠯᠳᠤᠬᠤ ᠪᠣᠳᠣᠯᠭ᠎ᠠ᠎ᠶᠢᠨ ᠬᠣᠯᠪᠣᠭ᠎ᠠ᠎ᠳᠤ ᠭᠠᠷᠤᠨ ᠥᠰᠥᠭ ᠵᠢᠷᠤᠬᠤ ᠶᠣᠰᠣᠯᠠᠯ ᠶᠠᠪᠤᠭᠤᠯᠵᠤ᠂ 《ᠰᠢᠨᠬᠤᠸᠠ ᠨᠣᠮ᠎ᠤᠨ ᠳᠡᠯᠭᠡᠭᠦᠷ᠎ᠦᠨ ᠬᠣᠲᠠ᠎ᠶᠢᠨ ᠰᠣᠶᠣᠯ᠎ᠤ᠋ᠨ ᠬᠠᠷᠢᠯᠴᠠᠨ ᠬᠣᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠣᠯᠪᠣᠭ᠎ᠠ᠎ᠶᠢᠨ ᠬᠡᠯᠡᠯᠴᠡᠭᠡᠷ᠎ᠦᠨ ᠪᠢᠴᠢᠭ》 ᠲᠸ᠋ ᠭᠠᠷᠤᠨ ᠥᠰᠥᠭ ᠵᠢᠷᠤᠵᠤ᠂ 《ᠰᠢᠨᠬᠤᠸᠠ ᠨᠣᠮ᠎ᠤᠨ ᠳᠡᠯᠭᠡᠭᠦᠷ᠎ᠦᠨ ᠪᠥᠬᠥ ᠤᠯᠤᠰ᠎ᠤᠨ ᠰᠣᠶᠣᠯ᠎ᠤ᠋ᠨ ᠬᠠᠷᠢᠯᠴᠠᠨ ᠲᠣᠯᠢᠯᠠᠬᠤ ᠠᠵᠢᠯᠯᠠᠭ᠎ᠠ᠎ᠶᠢᠨ ᠰᠠᠨᠠᠭᠠᠴᠢᠯᠠᠭ᠎ᠠ᠎ᠶᠢᠨ ᠪᠢᠴᠢᠭ》 ᠢ᠋ ᠨᠡᠢᠲᠡᠯᠡᠪᠡ᠂ ᠠᠩᠬᠠᠨ᠎ᠤ ᠪᠦᠯᠦᠭ 《ᠤᠮᠠᠷᠠᠲᠤ ᠬᠢᠯᠢ᠎ᠶᠢᠨ ᠰᠣᠶᠣᠯ᠎ᠤᠨ ᠭᠣᠣᠯ ᠰᠡᠳᠦᠪᠲᠦ ᠰᠠᠷ᠎ᠠ》 ᠢ᠋ᠢᠨ ᠠᠵᠢᠯᠯᠠᠭ᠎ᠠ ᠴᠤ᠌ ᠣᠢᠷ᠎ᠠ᠎ᠳᠤ ᠪᠥᠬᠥ ᠤᠯᠤᠰ᠎ᠤᠨ ᠭᠣᠣᠯᠳᠠᠯᠭ᠎ᠠ᠎ᠲᠠᠢ ᠬᠣᠲᠠ᠎ᠶᠢᠨ ᠰᠢᠨᠬᠤᠸᠠ ᠨᠣᠮ᠎ᠤᠨ ᠳᠡᠯᠭᠡᠭᠦᠷ᠎ᠲᠦ ᠵᠡᠷᠭᠡ ᠪᠡᠷ ᠡᠬᠢᠯᠡᠬᠦ ᠪᠣᠯᠣᠨ᠎ᠠ᠃
ᠡᠭᠦᠨ ᠡᠴᠡ ᠭᠠᠲᠠᠨ᠎ᠠ᠂ ᠪᠠᠰᠠ 《ᠤᠮᠠᠷᠠᠲᠦ ᠬᠢᠯᠢ ᠢ᠋ᠢᠨ ᠰᠤᠶᠤᠯ᠎ᠤᠨ ᠬᠦᠮᠦᠷᠭᠡ》 ᠢ᠋ᠢᠨ ᠠᠩᠬᠠᠨ᠎ᠤ ᠪᠦᠯᠦᠭ᠎ᠦᠨ ᠦᠷ᠎ᠡ ᠪᠦᠲᠦᠭᠡᠯ᠎ᠢ ᠨᠡᠢᠲᠡᠯᠡᠵᠦ᠂ ᠤᠮᠠᠷᠠᠲᠤ᠎ᠶᠢᠨ ᠣᠷᠣᠨ ᠪᠦᠰᠡ᠎ᠶᠢᠨ ᠰᠣᠶᠣᠯ᠎ᠢ ᠰᠢᠰᠲᠧᠮᠲᠦ ᠴᠢᠨᠠᠷᠲᠠᠢ᠎ᠪᠠᠷ ᠡᠮᠬᠢᠯᠡᠭᠰᠡᠨ ᠠᠩᠬᠠᠨ᠎ᠤ ᠬᠠᠭᠤᠳᠠᠰᠤ ᠵᠢ ᠪᠢᠴᠢᠭᠯᠡᠪᠡ; ᠠᠯᠳᠠᠷᠲᠤ ᠵᠣᠬᠢᠶᠠᠯᠴᠢ ᠯᠢᠶᠠᠩ ᠰᠢᠶᠣᠣ ᠱᠧᠩ᠎ᠢ 《ᠤᠮᠠᠷᠠᠲᠤ ᠬᠢᠯᠢ ᠢ᠋ᠢᠨ ᠨᠤᠮ᠎ᠤᠨ ᠪᠤᠯᠵᠤᠭ᠎ᠠ》 ᠪᠥᠬᠥ ᠠᠷᠠᠳ᠎ᠤᠨ ᠨᠤᠮ ᠤᠩᠰᠢᠯᠭ᠎ᠠ ᠵᠢ ᠲᠡᠯᠭᠡᠷᠡᠭᠦᠯᠬᠦ ᠡᠯᠴᠢᠨ ᠢ᠋ᠢᠡᠷ ᠴᠤᠯᠠᠯᠠᠪᠠ; ᠨᠠᠰᠤᠲᠠᠢᠴᠤᠳ᠎ᠤᠨ ᠤᠩᠰᠢᠯᠭ᠎ᠠ᠎ᠶᠢ ᠠᠬᠢᠭᠤᠯᠬᠤ ᠠᠵᠢᠯ᠎ᠤᠨ ᠵᠥᠪᠯᠡᠯ ᠪᠠᠢᠭᠤᠯᠤᠭᠳᠠᠬᠤ ᠵᠢᠴᠢ ᠰᠠᠭᠤᠷᠢᠨ᠎ᠳᠤ ᠫᠠᠢᠰᠠ ᠣᠯᠭᠣᠬᠤ ᠶᠣᠰᠣᠯᠠᠯ ᠶᠠᠪᠤᠭᠤᠯᠵᠠᠢ᠃
ᠲᠣᠰ ᠤᠳᠠᠭᠠᠨ᠎ᠤ ᠨᠣᠮ᠎ᠤᠨ ᠦᠵᠡᠰᠬᠦᠯᠡᠩ ᠢ᠋ ᠦᠨ᠎ᠡ ᠲᠦᠯᠦᠪᠦᠷᠢ ᠦᠭᠡᠢ᠎ᠪᠡᠷ ᠨᠡᠭᠡᠭᠡᠵᠦ᠂ ᠨᠡᠶ᠋ᠢᠲᠡ 700 ᠲᠦᠮᠡᠨ ᠲᠥᠭᠥᠷᠢᠭ᠎ᠦᠨ ᠠᠷᠠᠳ᠎ᠲᠤ ᠠᠰᠢᠭ᠋ ᠬᠦᠷᠲᠡᠭᠡᠬᠦ ᠠᠰᠠᠷᠠᠮᠵᠢ᠎ᠶᠢᠨ ᠮᠥᠩᠭᠥ ᠲᠤᠬᠢᠷᠠᠭᠤᠯᠵᠦ᠂ 30 ᠲᠦᠮᠡ ᠭᠠᠷᠤᠢ ᠬᠤᠪᠢ ᠨᠣᠮ ᠬᠤᠳᠠᠯᠳᠤᠨ ᠠᠪᠬᠤ ᠲᠡᠮᠳᠡᠭᠲᠦ ᠲᠠᠷᠬᠠᠭᠠᠵᠤ᠂ ᠬᠣᠲᠠ᠎ᠶᠢᠨ ᠠᠷᠠᠳ᠎ᠤᠨ ᠨᠣᠮ ᠬᠤᠳᠠᠯᠳᠤᠨ ᠠᠪᠬᠤ ᠳ᠋ᠤ ᠲᠥᠬᠥᠮ ᠦᠵᠡᠭᠦᠯᠪᠡ᠃ 2025 ᠤᠮᠠᠷᠠᠲᠤ ᠬᠢᠯᠢ᠎ᠶᠢᠨ ᠨᠣᠮ᠎ᠤᠨ ᠦᠵᠡᠰᠬᠦᠯᠡᠩ 8 ᠰᠠᠷ᠎ᠠ᠎ᠶᠢᠨ 31 ᠤ᠋ ᠡᠳᠦᠷ ᠪᠣᠯᠲᠠᠯ᠎ᠠ ᠦᠷᠭᠦᠯᠵᠢᠯᠡᠵᠦ᠂ ᠨᠡᠩ ᠤᠯᠠᠨ ᠬᠥᠮᠥᠰ ᠲᠸ᠋ ᠤᠩᠰᠢᠯᠭ᠎ᠠ᠎ᠶᠢᠨ ᠭᠤᠸ᠎ᠠ ᠰᠠᠢᠬᠠᠨ ᠪᠠ ᠰᠤᠶᠤᠯ᠎ᠤᠨ ᠭᠤᠸ᠎ᠠ ᠰᠠᠢᠬᠠᠨ᠎ᠢ ᠮᠡᠳᠡᠷᠡᠬᠦᠯᠵᠦ᠂ 《ᠪᠦᠬᠦ ᠣᠷᠣᠨ ᠪᠦᠰᠡ᠎ᠪᠡᠷ᠎ᠢᠶᠡᠨ ᠬᠠᠮᠲᠤᠷᠠᠯᠴᠠᠬᠤ᠂ ᠪᠦᠬᠦ ᠠᠷᠠᠳ᠎ᠢᠶᠠᠷ᠎ᠢᠶᠠᠨ ᠣᠷᠣᠯᠴᠠᠬᠤ᠂ ᠪᠦᠬᠦ ᠦᠵᠡᠮᠵᠢ᠎ᠶᠢ ᠪᠡᠶᠡᠴᠢᠯᠡᠨ ᠣᠢᠯᠠᠭᠠᠬᠤ》 ᠥᠨᠳᠥᠷ ᠶᠠᠰᠤ ᠴᠢᠨᠠᠷ᠎ᠪᠦᠬᠦᠢ ᠰᠣᠶᠣᠯ᠎ᠤᠨ ᠦᠪᠡᠳᠡᠭᠰᠢ ᠴᠤᠭᠯᠠᠭᠠᠨ᠎ᠢ ᠡᠷᠬᠢᠯᠡᠵᠦ᠂ ᠤᠮᠠᠷᠠᠲᠤ ᠬᠢᠯᠢ᠎ᠶᠢᠨ ᠨᠣᠮ᠎ᠤᠨ ᠦᠨᠦᠷ᠎ᠢ ᠪᠦᠬᠦ ᠤᠯᠤᠰ ᠲᠸ᠋ ᠬᠠᠩᠬᠤᠯᠤᠭᠤᠯᠤᠨᠠ᠃