ᠮᠠᠨ ᠤ᠋ ᠤᠷᠤᠨ 《ᠲᠦᠮᠡᠨ ᠭᠠᠵᠠᠷ ᠤ᠋ᠨ ᠴᠠᠶ ᠶ᠋ᠢᠨ ᠵᠠᠮ》 ᠤ᠋ᠨ ᠬᠠᠭᠤᠴᠢ ᠰᠤᠳᠤᠯᠤᠯ ᠤ᠋ᠨ ᠬᠠᠮᠤᠭ ᠤ᠋ᠨ ᠰᠢᠨ᠎ᠠ ᠦᠷ᠎ᠠ ᠪᠦᠳᠦᠬᠡᠯ ᠢ᠋ ᠨᠡᠢᠳᠡᠯᠡᠪᠡ
2025-08-29 10:36:40
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

8 ᠰᠠᠷ᠎ᠠ ᠵᠢᠨ 26 ᠤ᠋ ᠡᠳᠤᠷ ᠶᠠᠪᠤᠭᠳᠠᠭᠰᠠᠨ ᠲᠤᠮᠳᠠᠳᠤ ᠤᠷᠤᠰ ᠮᠤᠩᠭᠤᠯ ᠤ᠋ᠨ《ᠲᠦᠮᠡᠨ ᠭᠠᠵᠠᠷ ᠤ᠋ᠨ ᠴᠠᠢ ᠵᠢᠨ ᠵᠠᠮ》 ᠤ᠋ᠨ ᠦᠪᠤᠷ ᠮᠤᠩᠭᠤᠯ ᠤ᠋ᠨ ᠤᠯᠠᠨ ᠤᠯᠤᠰ ᠤ᠋ᠨ ᠰᠤᠶᠤᠯ ᠵᠢᠭᠤᠯᠴᠢᠯᠠᠯ ᠤ᠋ᠨ ᠲᠠᠨᠢᠯᠴᠠᠭᠤᠯᠭ᠎ᠠ ᠵᠢᠨ ᠬᠤᠷᠠᠯ ᠲᠠᠬᠡᠷ᠎ᠠ᠂ ᠥᠪᠥᠷ ᠮᠣᠩᠭᠣᠯ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠡᠴᠡ 《ᠲᠦᠮᠡᠨ ᠭᠠᠵᠠᠷ ᠤ᠋ᠨ ᠴᠠᠶ ᠶ᠋ᠢᠨ ᠵᠠᠮ》 ᠤ᠋ᠨ ᠬᠠᠭᠤᠴᠢ ᠰᠤᠳᠤᠯᠤᠯ ᠤ᠋ᠨ ᠬᠠᠮᠤᠭ ᠤ᠋ᠨ ᠰᠢᠨ᠎ᠠ ᠦᠷ᠎ᠠ ᠪᠦᠳᠦᠬᠡᠯ ᠢ᠋ ᠨᠡᠢᠳᠡᠯᠡᠪᠠ᠃ ᠲᠤᠰ ᠬᠦᠷᠢᠶᠡᠯᠡᠩ ᠤ᠋ᠨ ᠬᠢᠨ ᠱᠢᠰᠲ᠋ᠧᠮ ᠲᠡᠶ ᠬᠠᠭᠤᠴᠢ ᠰᠤᠳᠤᠯᠤᠯ ᠤ᠋ᠨ ᠪᠠᠢᠴᠠᠭᠠᠯᠲᠠ ᠪᠡᠷ ᠳᠡᠮᠵᠢᠨ ᠥᠪᠥᠷ ᠮᠣᠩᠭᠣᠯ ᠤ᠋ᠨ ᠬᠢᠯᠢ ᠳᠣᠲᠣᠷᠠᠬᠢ 《ᠲᠦᠮᠡᠨ ᠭᠠᠵᠠᠷ ᠤ᠋ᠨ ᠴᠠᠶ ᠶ᠋ᠢᠨ ᠵᠠᠮ》 ᠤ᠋ᠨ 7 ᠵᠤᠷᠪᠤᠰ ᠭᠤᠤᠯ ᠵᠠᠮ ᠱᠤᠭᠤᠮ ᠢ᠋ ᠡᠮᠬᠢᠯᠡᠵᠤ ᠲᠤᠳᠤᠯᠠᠭᠰᠠᠨ ᠪᠥᠭᠡᠳ ᠪᠠᠰᠠ ᠴᠠᠶ ᠶ᠋ᠢᠨ ᠵᠠᠮ ᠲᠠᠶ ᠬᠣᠯᠪᠣᠭ᠎ᠠ ᠪᠦᠬᠦᠢ ᠥᠷᠲᠡᠭᠡ᠂ ᠰᠦᠮ᠎ᠡ ᠬᠡᠢᠳ᠂ ᠣᠷᠣᠨ ᠰᠠᠭᠤᠴᠠ᠂ ᠬᠤᠳᠠᠯᠳᠤᠭ᠎ᠠ ᠳᠡᠯᠭᠡᠭᠦᠷ᠂ ᠬᠤᠷᠠᠯ᠎ᠴᠢᠭᠤᠯᠭᠠᠨ ᠤ᠋ ᠭᠠᠵᠠᠷ᠂ ᠡᠷᠲᠡᠨ ᠤ᠋ ᠵᠠᠮ ᠵᠡᠷᠭᠡ 197 ᠪᠠᠭᠤᠷᠢ ᠵᠢ ᠢᠯᠡᠷᠡᠭᠦᠯᠪᠠ᠃

ᠲᠤᠰ ᠤᠳᠠᠭ᠎ᠠ ᠵᠢᠨ ᠡᠮᠬᠢᠯᠡᠵᠦ ᠳᠤᠳᠤᠯᠠᠭᠰᠠᠨ 《ᠲᠦᠮᠡᠨ ᠭᠠᠵᠠᠷ ᠤ᠋ᠨ ᠴᠠᠶ ᠶ᠋ᠢᠨ ᠵᠠᠮ》 ᠤ᠋ᠨ ᠭᠤᠤᠯ ᠵᠠᠮ ᠱᠤᠭᠤᠮ ᠳ᠋ᠤ᠂ ᠴᠢᠭᠤᠯᠤᠯᠲᠤ ᠬᠠᠭᠠᠯᠭ᠎ᠠ ᠡᠴᠡ ᠬᠦᠷᠢᠶ᠎ᠠ ᠬᠦᠷᠬᠦ ᠶᠡᠬᠡ ᠵᠠᠮ 3 ᠵᠤᠷᠪᠤᠰ ᠪᠠᠢᠵᠤ᠂ ᠲᠡᠷᠡ ᠨᠢ ᠾᠸᠪᠸᠢ ᠶ᠋ᠢᠨ ᠴᠢᠭᠤᠯᠤᠯᠲᠤ ᠬᠠᠭᠠᠯᠭ᠎ᠠ ᠡᠴᠡ ᠥᠪᠥᠷ ᠮᠣᠩᠭᠣᠯ ᠳ᠋ᠦ ᠣᠷᠣᠵᠤ ᠢᠷᠡᠬᠦ᠌ ᠳ᠋ᠤ ᠪᠠᠷᠠᠭᠤᠨ ᠵᠠᠮ᠂ ᠳᠤᠮᠳᠠ ᠵᠠᠮ᠂ ᠵᠡᠭᠦᠨ ᠵᠠᠮ ᠭᠡᠵᠦ᠍ 3 ᠵᠠᠮ ᠬᠤᠪᠢᠶᠠᠨ ᠠᠳᠠᠯᠢ ᠪᠤᠰᠤ ᠴᠢᠭ᠌ᠯᠡᠯ ᠢ᠋ᠶ᠋ᠡᠷ ᠡᠷᠢᠶᠡᠨ ᠬᠣᠲᠠ ᠬᠦᠷᠲᠡᠯ᠎ᠡ ᠶᠠᠪᠤᠵᠦ᠂ ᠳᠠᠬᠢᠨ ᠮᠣᠩᠭᠣᠯ ᠤᠯᠤᠰ ᠤ᠋ᠨ ᠶᠡᠬᠡ ᠬᠦᠷᠢᠶ᠎ᠡ (ᠣᠲᠣ ᠶ᠋ᠢᠨ ᠮᠣᠩᠭᠣᠯ ᠤᠯᠤᠰ ᠤ᠋ᠨ ᠤᠯᠠᠭᠠᠨᠪᠠᠭᠠᠲᠤᠷ ᠬᠣᠲᠠ) ᠳ᠋ᠤ ᠬᠦᠷᠦᠨ᠎ᠠ; ᠠᠯᠲᠠᠶ ᠵᠠᠮ ᠤ᠋ᠨ ᠤᠯᠠᠭ᠎ᠠ ᠥᠷᠲᠡᠭᠡ ᠵᠢᠨ ᠵᠠᠮ᠂ ᠲᠡᠷᠡ ᠪᠣᠯ ᠴᠢᠩ ᠤᠯᠤᠰ ᠤ᠋ᠨ ᠵᠠᠰᠠᠭ ᠤ᠋ᠨ ᠭᠠᠵᠠᠷ ᠤ᠋ᠨ ᠴᠢᠬᠤᠯᠠ ᠤᠯᠠᠭ᠎ᠠ ᠥᠷᠲᠡᠭᠡ ᠪᠠᠢᠵᠤ᠂ ᠴᠢᠩ ᠤᠯᠤᠰ ᠤ᠋ᠨ ᠵᠠᠰᠠᠭ ᠤ᠋ᠨ ᠭᠠᠵᠠᠷ ᠤ᠋ᠨ ᠴᠢᠬᠤᠯᠠ ᠤᠯᠠᠭ᠎ᠠ ᠥᠷᠲᠡᠭᠡ ᠥᠨᠥᠳᠦᠷ ᠤ᠋ᠨ ᠳᠤᠮᠳᠠᠳᠤ ᠤᠯᠤᠰ ᠤ᠋ᠨ ᠨᠤᠲᠤᠭ ᠳᠡᠪᠢᠰᠭᠡᠷ ᠳᠡᠭᠡᠷ᠎ᠡ ᠨᠢᠭᠡ ᠡᠴᠡ ᠠᠷᠪᠠᠨ ᠨᠠᠢ᠍ᠮᠠᠳᠤᠭᠠᠷ ᠥᠷᠲᠡᠭᠡ ᠬᠦᠷᠲᠡᠯ᠎ᠡ ᠲᠠᠷᠬᠠᠵᠤ᠂ ᠲᠤᠰ ᠵᠠᠮ ᠨᠢ ᠠᠷᠪᠠᠨ ᠨᠠᠢ᠍ᠮᠠᠳᠤᠭᠠᠷ ᠥᠷᠲᠡᠭᠡ ᠪᠡᠷ ᠳᠠᠮᠵᠢᠨ ᠮᠣᠩᠭᠣᠯ ᠤᠯᠤᠰ ᠲᠦ᠍ ᠬᠦᠷᠳᠡᠭ; ᠭᠦᠩᠵᠦ᠍ ᠶ᠋ᠢᠨ ᠵᠠᠮ᠂ ᠲᠡᠷᠡ ᠨᠢ ᠬᠦᠶ ᠬᠤᠸᠠ ᠡᠴᠡ ᠬᠦᠷᠢᠶ᠎ᠡ ᠬᠦᠷᠬᠦ᠌ ᠳ᠋ᠤ 39 ᠥᠷᠲᠡᠭᠡ᠂ 1435 ᠺᠢᠯᠣᠮᠧᠲ᠋ᠷ ᠤᠷᠲᠤ ᠪᠠᠢᠵᠤ᠂ ᠳᠥᠷᠪᠡᠳ ᠬᠣᠱᠢᠭᠤᠨ ᠤ᠋ ᠬᠣᠢᠲᠤ ᠬᠡᠰᠡᠭ ᠲᠡᠬᠢ ᠠᠯᠲᠠᠶ ᠶ᠋ᠢᠨ ᠵᠠᠮ ᠢ᠋ ᠡᠯᠬᠦᠨ᠂ ᠮᠣᠩᠭᠣᠯ ᠤᠯᠤᠰ ᠲᠦ᠍ ᠤᠷᠤᠳᠠᠭ; ᠰᠦᠢᠶᠤᠧᠠᠨ ᠡᠴᠡ ᠰᠢᠨᠵᠢᠶᠠᠩ ᠬᠦᠷᠬᠦ ᠲᠡᠮᠡᠭᠡᠨ ᠵᠢᠩ ᠤ᠋ᠨ ᠳᠤᠮᠳᠠ ᠵᠠᠮ᠂    ᠲᠡᠷᠡ ᠨᠢ ᠰᠦᠢᠶᠤᠧᠠᠨ (ᠣᠲᠣ ᠶ᠋ᠢᠨ ᠬᠥᠬᠡᠬᠣᠲᠠ)ᠡᠴᠡ ᠮᠣᠷᠳᠠᠨ᠂ ᠪᠠᠷᠠᠭᠤᠨᠰᠢ ᠪᠤᠭᠤᠲᠤ ᠬᠣᠲᠠ᠂ ᠪᠠᠶᠠᠨᠨᠠᠭᠤᠷ ᠬᠣᠲᠠ᠂ ᠠᠯᠠᠱᠠ ᠠᠢᠮᠠᠭ ᠢ᠋ ᠳᠠᠮᠵᠢᠨ ᠱᠢᠨᠵᠢᠶᠠᠩ ᠳ᠋ᠦ ᠨᠡᠪᠲᠡᠷᠡᠨ᠎ᠡ; ᠬᠦᠶ ᠬᠤᠸᠠ ᠬᠣᠲᠠ — ᠬᠤᠯᠠᠳᠠᠬᠢᠨ ᠢ᠋ ᠲᠤᠭᠳᠠᠭᠠᠭᠴᠢ ᠬᠤᠷᠢᠶ᠎ᠠ — ᠬᠦᠷᠢᠶ᠎ᠠ ᠬᠦᠷᠬᠦ ᠵᠠᠮ᠂ ᠲᠡᠷᠡ ᠨᠢ ᠬᠦᠶ ᠬᠤᠸᠠ ᠡᠴᠡ ᠮᠣᠷᠳᠠᠵᠤ᠂ ᠪᠤᠭᠤᠲᠤ ᠬᠣᠲᠠ᠂ ᠪᠠᠶᠠᠨᠨᠠᠭᠤᠷ ᠬᠣᠲᠠ ᠪᠠᠷ ᠥᠩᠭᠡᠷᠡᠨ ᠠᠯᠠᠱᠠ ᠵᠡᠭᠦᠨ ᠬᠣᠱᠢᠭᠤᠨ ᠤ᠋ ᠬᠤᠯᠠᠳᠠᠬᠢᠨ ᠢ᠋ ᠲᠤᠭᠳᠠᠭᠠᠭᠴᠢ ᠬᠤᠷᠢᠶ᠎ᠠ ᠬᠦᠷᠴᠦ᠍᠂ ᠳᠠᠬᠢᠨ ᠤᠮᠠᠷᠠᠰᠢ ᠮᠣᠩᠭᠣᠯ ᠤᠯᠤᠰ ᠲᠦ᠍ ᠨᠡᠪᠲᠡᠷᠡᠨ ᠬᠦᠷᠢᠶ᠎ᠠ ᠳ᠋ᠤ ᠣᠷᠣᠳᠠᠭ ᠵᠡᠷᠬᠡ 7 ᠵᠤᠷᠪᠤᠰ ᠵᠠᠮ ᠱᠤᠭᠤᠮ ᠢ᠋ ᠪᠠᠭᠳᠠᠭᠠᠪᠠ᠃

ᠥᠪᠥᠷ ᠮᠣᠩᠭᠣᠯ ᠤ᠋ᠨ ᠲᠡᠦᠬᠡ ᠶ᠋ᠢᠨ ᠳᠤᠷᠠᠰᠭᠠᠯᠲᠤ ᠵᠦᠢᠯᠡᠰ ᠬᠠᠭᠤᠴᠢ ᠰᠤᠳᠤᠯᠤᠯ ᠤ᠋ᠨ ᠬᠦᠷᠢᠶᠡᠯᠡᠩ ᠤ᠋ᠨ ᠳᠠᠷᠤᠭ᠎ᠠ ᠰᠦᠨ ᠵᠢᠨ ᠰᠦᠩ ᠤ᠋ᠨ ᠳᠠᠨᠢᠯᠴᠠᠭᠤᠯᠤᠭᠰᠠᠨ ᠢ᠋ᠶ᠋ᠡᠷ᠂《ᠲᠦᠮᠡᠨ ᠭᠠᠵᠠᠷ ᠤ᠋ᠨ ᠴᠠᠢ ᠶ᠋ᠢᠨ ᠵᠠᠮ》 ᠨᠢ ᠠᠷᠠᠯᠵᠢᠶ᠎ᠠ ᠬᠤᠳᠠᠯᠳᠤᠭᠠᠨ ᠤ᠋ ᠵᠠᠮ ᠪᠣᠯᠬᠤ ᠪᠠᠷ ᠪᠠᠷᠠᠬᠤ ᠦᠭᠡᠢ ᠨᠡᠩ ᠴᠤ᠌ ᠳᠣᠲᠣᠷ᠎ᠠ ᠭᠠᠵᠠᠷ ᠪᠣᠯᠤᠨ ᠤᠮᠠᠷᠠᠲᠤ ᠬᠢᠯᠢ᠂ ᠳᠣᠷᠣᠨᠠᠳᠠᠬᠢᠨ ᠪᠣᠯᠤᠨ ᠥᠷᠥᠨᠡᠳᠠᠬᠢᠨ ᠤ᠋ ᠬᠣᠭᠣᠷᠣᠨᠳᠣᠬᠢ ᠰᠣᠶᠣᠯ ᠪᠣᠯᠪᠠᠰᠤᠨ ᠤ᠋ ᠰᠣᠯᠢᠯᠴᠠᠭᠠᠨ ᠤ᠋ ᠴᠢᠬᠤᠯᠠ ᠬᠥᠭᠥᠷᠭᠡ ᠪᠣᠯᠤᠨ᠎ᠠ᠃ ᠲᠤᠰ ᠤᠳᠠᠭ᠎ᠠ ᠵᠢᠨ ᠬᠠᠭᠤᠴᠢ ᠰᠤᠳᠤᠯᠤᠯ ᠤ᠋ᠨ ᠱᠢᠨ᠎ᠡ ᠢᠯᠡᠷᠡᠭᠦᠯᠦᠯᠲᠡ ᠨᠢ 《ᠲᠦᠮᠡᠨ ᠭᠠᠵᠠᠷ ᠤ᠋ᠨ ᠴᠠᠶ ᠶ᠋ᠢᠨ ᠵᠠᠮ》 ᠢ᠋ ᠰᠣᠶᠣᠯ ᠤ᠋ᠨ ᠥᠪ ᠢ᠋ᠶ᠋ᠡᠷ ᠡᠷᠡᠮᠡᠯᠵᠡᠯᠡᠬᠦ ᠠᠵᠢᠯ ᠳ᠋ᠦ ᠵᠠᠩᠭᠢᠯᠠᠭ᠎ᠠ ᠶ᠋ᠢᠨ ᠮᠠᠲ᠋ᠧᠷᠢᠶᠠᠯ ᠬᠠᠩᠭᠠᠵᠦ᠂ ᠢᠯᠡᠷᠡᠬᠦᠯᠦᠭᠰᠡᠨ ᠱᠢᠨ᠎ᠡ ᠪᠠᠭᠤᠷᠢ ᠳ᠋ᠤ ᠨᠡᠩ ᠲᠤᠳᠤᠷᠬᠠᠢ ᠬᠠᠮᠠᠭᠠᠯᠠᠯᠲᠠ ᠶ᠋ᠢᠨ ᠦᠨᠳᠦᠰᠦᠯᠡᠯ ᠲᠠᠢ ᠪᠤᠯᠤᠭᠰᠠᠨ ᠪᠠᠢᠨ᠎ᠠ᠃

《ᠲᠦᠮᠡᠨ ᠭᠠᠵᠠᠷ ᠤ᠋ᠨ ᠴᠠᠶ ᠶ᠋ᠢᠨ ᠵᠠᠮ》 ᠪᠣᠯ ᠡᠷᠲᠡᠨ ᠤ᠋ ᠲᠣᠷᠭᠠᠨ ᠵᠠᠮ ᠤ᠋ᠨ ᠳᠠᠷᠠᠭᠠᠬᠢ ᠧᠦ᠋ᠷᠣᠫᠠ ᠠᠽᠢᠶ᠎ᠠ ᠶ᠋ᠢᠨ ᠡᠬᠡ ᠬᠠᠭᠤᠷᠠᠶ ᠳᠡᠭᠡᠷᠡᠬᠢ ᠪᠠᠰᠠ ᠨᠢᠭᠡᠨ ᠴᠢᠬᠤᠯᠠ ᠣᠯᠠᠨ ᠤᠯᠤᠰ ᠤ᠋ᠨ ᠬᠤᠳᠠᠯᠳᠤᠭᠠᠨ ᠤ᠋ ᠵᠠᠮ ᠪᠠᠢᠵᠦ᠂ ᠡᠮᠦᠨ᠎ᠡ ᠡᠴᠡ ᠳᠤᠮᠳᠠᠳᠤ ᠤᠯᠤᠰ ᠤ᠋ᠨ ᠹᠦᠵᠢᠶᠠᠨ ᠤ᠋ ᠡᠸ᠋ ᠢ ᠱᠠᠨ ᠠᠭᠤᠯᠠ ᠡᠴᠡ ᠡᠬᠢᠯᠡᠵᠤ᠂ ᠵᠢᠶᠠᠩᠰᠢ᠂ ᠠᠨᠾᠦ᠋ᠢ᠂ ᠬᠤᠨᠠᠨ᠂ ᠬᠤᠪᠸᠢ᠂ ᠾᠧᠨᠠᠨ᠂ ᠱᠠᠨ ᠰᠢ᠂ ᠾᠸᠪᠸᠢ᠂ ᠥᠪᠥᠷ ᠮᠣᠩᠭᠣᠯ ᠪᠤᠯᠤᠨ ᠮᠣᠩᠭᠣᠯ ᠤᠯᠤᠰ ᠤ᠋ᠨ ᠤᠯᠠᠭᠠᠨᠪᠠᠭᠠᠲᠤᠷ᠂ ᠣᠷᠣᠰ ᠤ᠋ᠨ ᠬᠢᠶᠠᠭ᠍ᠲᠤ ᠪᠠᠷ ᠳᠡᠮᠵᠢᠨ ᠮᠣᠰᠺᠸᠠ᠂ ᠰᠠᠨᠲ ᠫᠸᠲ᠋ᠸᠷᠪᠦᠷᠡᠭ ᠲᠦ᠍ ᠬᠦᠷᠴᠦ᠍᠂ ᠪᠥᠬᠥ᠌ ᠣᠷᠳᠣ ᠨᠢ ᠪᠠᠷᠤᠭ 1.4 ᠲᠦᠮᠡᠨ ᠺᠢᠯᠣᠮᠧᠲ᠋ᠷ ᠪᠠᠢᠳᠠᠭ᠃ 2019 ᠣᠨ ᠳ᠋ᠦ ᠲᠤᠮᠳᠠᠳᠤ ᠤᠯᠤᠰ ᠤ᠋ᠨ ᠲᠡᠦᠬᠡ ᠶ᠋ᠢᠨ ᠳᠤᠷᠠᠰᠭᠠᠯᠲᠤ ᠵᠦᠶ᠋ᠯ ᠤ᠋ᠨ ᠲᠣᠪᠴᠢᠶ᠎ᠠ ᠡᠴᠡ 《ᠲᠦᠮᠡᠨ ᠭᠠᠵᠠᠷ ᠤ᠋ᠨ ᠴᠠᠶ ᠶ᠋ᠢᠨ ᠵᠠᠮ》 ᠢ᠋《ᠳᠤᠮᠳᠠᠳᠤ ᠤᠯᠤᠰ ᠤ᠋ᠨ ᠳᠡᠯᠡᠬᠡᠶ ᠶ᠋ᠢᠨ ᠰᠣᠶᠣᠯ ᠤ᠋ᠨ ᠥᠪ ᠤ᠋ᠨ ᠪᠡᠯᠡᠳᠭᠡᠯ ᠨᠡᠷᠡᠰ》 ᠲᠦ᠍ ᠵᠢᠭ᠍ᠰᠠᠭᠠᠨ ᠤᠷᠤᠭᠤᠯᠪᠠ᠃


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号