ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠵᠠᠯᠠᠭᠤᠴᠤᠳ ᠪᠠᠭᠠᠴᠤᠳ᠎ᠤᠨ ᠰᠤᠳᠤᠴᠤᠤᠯ᠎ᠤᠨ ᠬᠣᠯᠪᠣᠭᠠᠲᠤ ᠤᠷᠤᠯᠳᠤᠭᠠᠨ᠎ᠤ U21 ᠳᠤᠭᠤᠢᠯᠠᠩ᠎ᠤᠨ ᠬᠥᠬᠡᠬᠣᠲᠠ᠎ᠳᠠᠬᠢ ᠤᠷᠤᠯᠳᠤᠭᠠᠨ᠎ᠤ ᠲᠣᠭᠣᠷᠢᠭ᠎ᠤᠨ ᠤᠷᠤᠯᠳᠤᠭᠠᠨ ᠦᠨᠳᠦᠷᠯᠡᠵᠡᠢ
2025-08-29 10:28:38
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

8 ᠰᠠᠷ᠎ᠠ᠎ᠶ᠋ᠢᠨ 20 ᠎ᠤ᠋ ᠡᠳᠦᠷ᠂ ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠠᠵᠢᠯ ᠮᠡᠷᠭᠡᠵᠢᠯ᠎ᠦᠨ ᠬᠣᠯᠪᠣᠭᠠᠲᠤ ᠤᠷᠤᠯᠳᠤᠭᠠᠨ᠎ᠤ ᠬᠤᠯᠪᠤᠭ᠎ᠠ᠎ᠠᠴᠠ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠂  ᠬᠥᠬᠡᠬᠣᠲᠠ᠎ᠶ᠋ᠢᠨ ᠠᠷᠠᠳ᠎ᠤᠨ ᠵᠠᠰᠠᠭ᠎ᠤᠨ ᠣᠷᠳᠣᠨ ᠡᠴᠡ ᠬᠠᠮᠲᠤᠷᠠᠨ ᠳᠠᠭᠠᠭᠠᠴᠢᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ᠎ᠤ ᠦᠶ᠋ᠯᠡᠴᠢᠯᠡᠭᠡᠨ᠎ᠦ ᠲᠥᠪ ᠂ ᠬᠥᠬᠡᠬᠣᠲᠠ᠎ᠶ᠋ᠢᠨ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠬᠠᠮᠲᠤᠷᠠᠨ ᠬᠠᠮᠵᠢᠨ ᠡᠷᠭᠢᠯᠡᠭ᠌ᠰᠡᠨ 2025 ᠤᠨ᠎ᠤ ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠵᠠᠯᠠᠭᠤᠴᠤᠳ ᠪᠠᠭᠠᠴᠤᠳ᠎ᠤᠨ ᠰᠤᠳᠤᠴᠤᠤᠯ᠎ᠤᠨ ᠬᠣᠯᠪᠣᠭᠠᠲᠤ ᠤᠷᠤᠯᠳᠤᠭᠠᠨ᠎ᠤ U21 ᠳᠤᠭᠤᠢᠯᠠᠩ᠎ᠤᠨ ᠬᠥᠬᠡᠬᠣᠲᠠ᠎ᠳᠠᠬᠢ ᠤᠷᠤᠯᠳᠤᠭᠠᠨ᠎ᠤ ᠲᠣᠭᠣᠷᠢᠭ᠎ᠤᠨ ᠤᠷᠤᠯᠳᠤᠭᠠᠨ ᠤᠯᠤᠰ᠎ᠤᠨ ᠤᠮᠠᠷᠠᠲᠤ᠎ᠶ᠋ᠢᠨ ᠬᠥᠯ  ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ᠎ᠳᠦ ᠦᠨᠳᠦᠷᠯᠡᠪᠡ᠃ ᠡᠨᠡ ᠨᠢ ᠮᠥᠨ ᠴᠦ᠍ ᠤᠯᠤᠰ᠎ᠤᠨ ᠤᠮᠠᠷᠠᠲᠤ᠎ᠶ᠋ᠢᠨ ᠬᠥᠯ ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ᠎ᠳᠦ ᠵᠠᠯᠭ᠎ᠠ᠎ᠪᠠᠷ ᠭᠤᠷᠪᠠᠳᠤᠭᠠᠷ ᠵᠢᠯ ᠲᠤᠰ ᠤᠷᠤᠯᠳᠤᠭᠠᠨ᠎ᠢ ᠳᠠᠭᠠᠭᠠᠴᠢᠯᠠᠨ ᠡᠷᠬᠢᠯᠡᠭ᠌ᠰᠡᠨ ᠶᠠᠪᠤᠳᠠᠯ ᠪᠣᠯᠤᠨ᠎ᠠ᠃

ᠲᠤᠰ ᠤᠳᠠᠭᠠᠨ᠎ᠤ ᠬᠥᠬᠡᠬᠣᠲᠠ᠎ᠶ᠋ᠢᠨ ᠤᠷᠤᠯᠳᠤᠭᠠᠨ᠎ᠤ ᠲᠣᠭᠣᠷᠢᠭ᠎ᠲᠤ ᠱᠠᠩᠬᠠᠢ᠂ ᠳ᠋ᠠᠯᠢᠶᠠᠨ᠂ ᠴᠢᠩᠳᠣᠤ᠂ ᠴᠠᠩᠴᠦ᠋ᠨ᠂ ᠱᠧᠨᠵᠧᠨ᠂ ᠴᠢᠩᠳᠣᠤ  ᠵᠡᠷᠭᠡ  ᠭᠠᠵᠠᠷ᠎ᠤᠨ 8  ᠠᠵᠢᠯ  ᠮᠡᠷᠭᠡᠵᠢᠯ᠎ᠦᠨ ᠺᠯᠦᠪ᠎ᠤᠨ 100 ᠭᠠᠷᠤᠢ ᠲᠠᠮᠢᠷᠴᠢᠨ ᠤᠷᠤᠯᠴᠠᠪᠠ᠃ ᠤᠷᠤᠯᠳᠤᠭᠠᠨ᠎ᠤ ᠶᠠᠪᠤᠴᠠ᠎ᠳᠤ ᠡᠯ᠎ᠡ ᠪᠥᠮᠪᠥᠭᠡᠨ ᠠᠩᠭᠢ᠎ᠶ᠋ᠢᠨ ᠵᠠᠯᠠᠭᠤ ᠲᠠᠮᠢᠷᠴᠢᠳ ᠱᠢᠷᠭᠠᠭᠤ  ᠬᠠᠲᠠᠭᠤᠵᠢᠯᠲᠠᠶ  ᠲᠡᠮᠡᠴᠡᠬᠦ᠌ ᠵᠣᠷᠢᠭ ᠰᠠᠨᠠᠭ᠎ᠠ  ᠪᠠ  ᠬᠥᠯ  ᠪᠥᠮᠪᠥᠭᠡ᠎ᠶ᠋ᠢᠨ ᠤᠷ᠎ᠠ ᠮᠡᠷᠭᠡᠵᠢᠯ᠎ᠢᠶᠡᠨ ᠭᠦᠶ᠋ᠴᠡᠳ ᠢᠯᠡᠷᠡᠭᠦᠯᠪᠠ᠃

2025 ᠤᠨ᠎ᠤ ᠳᠤᠮᠳᠠᠳᠤ ᠤᠯᠤᠰ᠎ᠤᠨ ᠬᠥᠯ ᠪᠥᠮᠪᠥᠭᠡ᠎ᠶ᠋ᠢᠨ ᠵᠠᠯᠠᠭᠤᠴᠤᠳ ᠪᠠᠭᠠᠴᠤᠳ᠎ᠤᠨ ᠰᠤᠳᠤᠴᠤᠤᠯ᠎ᠤᠨ ᠬᠣᠯᠪᠣᠭᠠᠲᠤ ᠤᠷᠤᠯᠳᠤᠭᠠᠨ ᠨᠢ ᠵᠠᠯᠠᠭᠤᠴᠤᠳ ᠪᠠᠭᠠᠴᠤᠳ᠎ᠤᠨ ᠬᠥᠯ ᠪᠥᠮᠪᠥᠭᠡ᠎ᠶ᠋ᠢᠨ ᠬᠥᠳᠡᠯᠭᠡᠭᠡᠨ᠎ᠦ ᠣᠷᠭᠢᠯᠤᠮ᠎ᠠ ᠬᠠᠯᠠᠭᠤᠨ ᠰᠡᠳᠭᠢᠯᠭᠡ᠎ᠶ᠋ᠢ ᠢᠯᠡᠷᠡᠭᠦᠯᠦᠭ᠌ᠰᠡᠨ ᠪᠥᠭᠡᠳ ᠨᠠᠩ ᠣᠯᠠᠨ ᠵᠠᠯᠠᠭᠤᠴᠤᠳ᠎ᠤᠨ ᠬᠥᠯ ᠪᠥᠮᠪᠥᠭᠡ᠎ᠶ᠋ᠢᠨ ᠬᠥᠳᠡᠯᠭᠡᠭᠡᠨ᠎ᠳᠦ ᠣᠷᠣᠯᠴᠠᠬᠤ᠎ᠶ᠋ᠢ ᠵᠣᠷᠢᠭ᠍ᠵᠢᠭᠤᠯᠤᠭ᠍ᠰᠠᠨ ᠪᠠᠢᠨ᠎ᠠ᠃ ᠤᠢᠯᠠᠭᠠᠭᠰᠠᠨ᠎ᠶ᠋ᠢᠡᠷ᠂ ᠲᠠᠷᠠᠭᠠᠴᠢ᠎ᠶ᠋ᠢᠨ ᠠᠯᠬᠤᠮ᠎ᠳᠤ ᠤᠯᠤᠰ᠎ᠤᠨ ᠤᠮᠠᠷᠠᠲᠤ᠎ᠶ᠋ᠢᠨ  ᠬᠥᠯ  ᠪᠥᠮᠪᠥᠭᠡ᠎ᠶ᠋ᠢᠨ ᠪᠣᠯᠪᠠᠰᠤᠷᠠᠯ᠎ᠤᠨ ᠰᠠᠭᠤᠷᠢᠨ ᠦᠷᠭᠦᠯᠵᠢᠯᠡᠨ ᠴᠢᠨᠠᠷ ᠰᠠᠢᠲᠠᠶ ᠲᠠᠯᠠᠪᠤᠷ ᠭᠠᠵᠠᠷ᠎ᠤᠨ ᠲᠥᠬᠥᠭᠡᠷᠦᠮᠵᠢ ᠪᠠ ᠤᠷᠤᠯᠳᠤᠭᠠᠨ ᠡᠷᠭᠢᠯᠡᠬᠦ᠌ ᠡᠯᠪᠡᠭ ᠪᠠᠶᠠᠯᠢᠭ ᠲᠤᠷᠱᠢᠯᠭ᠎ᠠ᠎ᠳᠠᠭᠠᠨ ᠲᠦᠱᠢᠭ᠌ᠯᠡᠨ  ᠨᠠᠩ ᠣᠯᠠᠨ ᠥᠨᠳᠥᠷ ᠲᠦᠪᠱᠢᠨ ᠪᠥᠬᠥᠶ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠢ ᠢᠳᠡᠪᠬᠢᠲᠡᠶ ᠳᠠᠭᠠᠭᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠥᠷᠨᠢᠨ ᠬᠥᠭ᠌ᠵᠢᠬᠦ᠌᠎ᠳᠦ  ᠬᠦᠴᠦᠨ  ᠨᠡᠮᠡᠷᠢᠯᠡᠬᠦ  ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号