ᠡᠷᠳᠡᠨᠢ ᠰᠢᠰᠢ ᠵᠢ ᠨᠢᠭ᠍ᠲᠠ ᠲᠠᠷᠢᠬᠤ 《ᠤᠯᠠᠭᠠᠨᠬᠠᠳᠠ ᠵᠠᠭ᠍ᠪᠤᠷ》 ᠦᠨᠳᠦᠷ ᠤᠨᠠᠯᠲᠠ ᠵᠢ ᠪᠡᠶᠡᠯᠡᠭᠦᠯᠪᠡ
2025-08-30 11:00:10
ᠵᠣᠬᠢᠶᠠᠭ᠍ᠴᠢ᠄
​ᠸᠠᠩ ᠲᠠᠨ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠲᠦᠷᠦᠭᠦᠭᠡᠨ ᠤᠯᠠᠭᠠᠨᠬᠠᠳᠠ ᠬᠤᠲᠠ᠎ᠶ᠋ᠢᠨ ᠶᠤᠸᠠᠨ ᠪᠦᠦ ᠱᠠᠨ ᠲᠣᠭᠤᠷᠢᠭ᠎ᠤᠨ ᠫᠢᠩᠵᠤᠸᠠᠩ ᠪᠠᠯᠭᠠᠰᠤᠨ᠎ᠤ ᠱᠦᠶ ᠶᠤᠸᠠᠨ ᠲᠣᠰᠭᠤᠨ᠎ᠤ ᠡᠷᠳᠡᠨᠢ ᠰᠢᠰᠢ ᠵᠢᠨ ᠲᠠᠷᠢᠶᠠᠨ ᠳ᠋ᠤ ᠬᠦᠷᠬᠦᠯᠡᠷ᠂ ᠡᠷᠳᠡᠨᠢ ᠰᠢᠰᠢ᠎ᠵᠢᠨ ᠴᠢᠬᠢ ᠵᠢᠭᠰᠠᠭᠠᠯ᠎ᠤᠨ ᠴᠡᠷᠢᠭ ᠰᠢᠭ ᠵᠢᠭᠳᠡᠷᠡᠵᠦ᠂ ᠬᠠᠶᠠ ᠰᠠᠯᠬᠢᠨ᠎ᠤ ᠠᠶ᠎ᠠ ᠪᠡᠷ ᠨᠠᠢᠭᠤᠯᠵᠠᠵᠤ ᠪᠠᠢᠯ᠎ᠠ᠃ 4 ᠵᠢᠯ᠎ᠤᠨ ᠡᠮᠦᠨ᠎ᠡ᠂ ᠡᠨᠳᠡ《ᠡᠷᠳᠡᠨᠢ ᠱᠢᠰᠢ᠎ᠶ᠋ᠢ ᠨᠢᠭ᠍ᠲᠠ ᠳᠠᠷᠢᠵᠤ ᠨᠠᠷᠢᠯᠢᠭ ᠣᠨᠣᠪᠴᠢᠲᠠᠢ᠎ᠲᠣᠬᠢᠷᠠᠭᠤᠯᠤᠨ ᠡᠵᠡᠮᠳᠡᠬᠦ᠌ ᠮᠡᠷᠭᠡᠵᠢᠯ》 ᠢ᠋ ᠲᠤᠷᠱᠢᠯᠲᠠ ᠬᠢᠭᠡᠳ ᠠᠮᠵᠢᠯᠲᠠ ᠣᠯᠵᠤ᠂ ᠡᠷᠳᠡᠨᠢ ᠱᠢᠰᠢ᠎ᠶ᠋ᠢᠨ ᠮᠦ᠍ ᠨᠢᠭᠡᠴᠢ ᠵᠢᠨ ᠤᠨᠠᠯᠲᠠ 2513 ᠵᠢᠩ᠎ᠳᠤ ᠬᠦᠷᠴᠦ᠍᠂ ᠤᠯᠠᠭᠠᠨᠬᠠᠳᠠ ᠬᠤᠲᠠ᠎ᠶ᠋ᠢᠨ ᠲᠡᠮᠳᠡᠭ᠌ᠯᠡᠯ᠎ᠢ ᠱᠢᠨᠡᠳᠭᠡᠪᠡ᠃

ᠤᠯᠠᠭᠠᠨᠬᠠᠳᠠ ᠨᠢ ᠤᠮᠠᠷᠠᠲᠤ ᠥᠷᠭᠡᠷᠢᠭ᠎ᠤᠨ 41° ᠡᠴᠡ 45° ᠎ᠤ᠋ᠨ ᠬᠤᠭᠤᠷᠣᠨᠳᠣ ᠪᠠᠢᠷᠢᠯᠠᠵᠤ᠂ ᠡᠷᠳᠡᠨᠢ ᠱᠢᠰᠢ᠎ᠶ᠋ᠢᠨ ᠭᠤᠤᠯ ᠭᠠᠷᠤᠯᠲᠠ ᠵᠢᠨ ᠤᠷᠤᠨ ᠪᠤᠯᠤᠨ᠎ᠠ᠃ ᠭᠡᠪᠡᠴᠦ᠍ ᠤᠯᠠᠭᠠᠨᠬᠠᠳᠠ ᠬᠤᠲᠠ᠎ᠶ᠋ᠢᠨ ᠡᠷᠳᠡᠨᠢ ᠱᠢᠰᠢ᠎ᠶ᠋ᠢᠨ ᠭᠤᠤᠯ ᠲᠥᠷᠥᠯ ᠵᠦᠢᠯ ᠲᠣᠪᠤᠢᠮ᠎ᠠ ᠪᠢᠰᠢ᠂ ᠮᠡᠷᠭᠡᠵᠢᠯ ᠨᠢ ᠬᠦᠷᠦᠯᠴᠡᠬᠦ ᠦᠭᠡᠢ ᠵᠡᠷᠭᠡ ᠪᠠᠢᠳᠠᠯ᠎ᠨᠢ ᠡᠷᠳᠡᠨᠢ ᠰᠢᠰᠢ ᠵᠢᠨ ᠤᠨᠠᠯᠲᠠ ᠵᠢ ᠶᠡᠬᠡ ᠪᠡᠷ ᠬᠠᠷᠰᠢᠯᠠᠵᠤ ᠪᠠᠢᠵᠠᠢ᠃

2021 ᠣᠨ᠎ᠳᠤ ᠤᠯᠠᠭᠠᠨᠬᠠᠳᠠ ᠬᠤᠲᠠ ᠡᠷᠳᠡᠨᠢ ᠱᠢᠰᠢ᠎ᠶ᠋ᠢ ᠨᠢᠭ᠍ᠲᠠ ᠳᠠᠷᠢᠵᠤ ᠨᠠᠷᠢᠯᠢᠭ ᠣᠨᠣᠪᠴᠢᠲᠠᠶ ᠲᠤᠬᠢᠷᠠᠭᠤᠯᠤᠨ ᠡᠵᠡᠮᠳᠡᠬᠦ᠌ ᠮᠡᠷᠭᠡᠵᠢᠯ᠎ᠢ ᠣᠷᠣᠭᠤᠯᠤᠨ ᠠᠪᠴᠢᠷᠠᠬᠤ ᠲᠤᠷᠱᠢᠯᠲᠠ᠎ᠶ᠋ᠢ ᠥᠷᠨᠢᠭᠦᠯᠵᠦ᠂ ᠬᠡᠳᠦᠨ ᠵᠢᠯ᠎ᠤᠨ ᠲᠠᠰᠤᠷᠠᠯᠲᠠ ᠥᠬᠡᠶ ᠰᠦᠪᠡᠭ᠌ᠴᠢᠯᠡᠨ ᠳᠡᠯᠭᠡᠷᠡᠭᠦᠯᠬᠦ᠌᠎ᠪᠠᠷ ᠳᠡᠮᠵᠢᠨ᠂ ᠠᠩᠬᠠᠨ᠎ᠤ 500 ᠮᠥ᠍ ᠲᠤᠷᠱᠢᠯᠲᠠ᠎ᠶ᠋ᠢᠨ ᠲᠠᠷᠢᠶ᠎ᠠ᠎ᠠᠴᠠ ᠣᠲᠣ ᠪᠣᠯᠬᠤ᠎ᠳᠤ ᠳᠡᠯᠭᠡᠷᠡᠭᠦᠯᠦᠭᠰᠡᠨ ᠲᠠᠯᠠᠪᠠᠶ᠎ᠨᠢ 215 ᠲᠦᠮᠡᠨ ᠮᠥ᠍ ᠶ᠋ᠢ ᠳᠠᠪᠠᠵᠤ᠂ ᠪᠥᠬᠦ᠌ ᠬᠤᠲᠠ᠎ᠶ᠋ᠢᠨ ᠡᠷᠳᠡᠨᠢ ᠱᠢᠰᠢ᠎ᠶ᠋ᠢᠨ ᠤᠨᠠᠯᠲᠠ ᠳ᠋ᠤ ᠴᠢᠨᠠᠷ᠎ᠤᠨ ᠬᠤᠪᠢᠷᠠᠯᠲᠠ ᠭᠠᠷᠴᠠᠢ᠃  2024 ᠣᠨ᠎ᠳᠤ ᠤᠯᠠᠭᠠᠨᠬᠠᠳᠠ ᠬᠤᠲᠠ᠎ᠶ᠋ᠢᠨ ᠡᠷᠳᠡᠨᠢ ᠱᠢᠰᠢ ᠲᠠᠷᠢᠭᠰᠠᠨ ᠲᠠᠯᠠᠪᠠᠢ 993.09 ᠲᠦᠮᠡᠨ ᠮᠦ᠍ ᠬᠦᠷᠴᠦ᠂ ᠤᠨᠠᠯᠲᠠ᠎ᠨᠢ 101.57 ᠳ᠋ᠦᠩᠱᠢᠭᠤᠷ ᠵᠢᠩ᠎ᠳᠤ ᠬᠦᠷᠴᠦ᠍᠂ ᠠᠮᠤ ᠪᠤᠳᠠᠭᠠᠨ᠎ᠤ ᠤᠨᠠᠯᠲᠠ᠎ᠶ᠋ᠢᠨ ᠶᠡᠷᠦᠩᠬᠡᠢ ᠬᠡᠮᠵᠢᠶ᠎ᠡ᠎ᠶ᠋ᠢᠨ 74.7% ᠎ᠶ᠋ᠢ ᠡᠵᠡᠯᠡᠪᠡ᠃

ᠡᠷᠳᠡᠨᠢ ᠱᠢᠰᠢ᠎ᠶ᠋ᠢ ᠨᠢᠭ᠍ᠲᠠ ᠳᠠᠷᠢᠵᠤ ᠨᠠᠷᠢᠯᠢᠭ ᠣᠨᠣᠪᠴᠢᠲᠠᠶ ᠲᠤᠬᠢᠷᠠᠭᠤᠯᠤᠨ ᠡᠵᠡᠮᠳᠡᠬᠦ᠌ ᠮᠡᠷᠭᠡᠵᠢᠯ ᠎ᠢ ᠤᠯᠠᠭᠠᠨᠬᠠᠳᠠ᠎ᠳᠤ ᠠᠮᠵᠢᠯᠲᠠ᠎ᠲᠠᠢ ᠳᠡᠯᠭᠡᠷᠡᠭᠦᠯᠦᠭᠰᠡᠨ ᠨᠢ ᠲᠤᠬᠠᠶ᠎ᠶ᠋ᠢᠨ ᠭᠠᠵᠠᠷ᠎ᠤᠨ ᠰᠦᠪᠡᠭ᠌ᠴᠢᠯᠡᠨ ᠬᠡᠷᠡᠭ᠌ᠵᠢᠭᠦᠯᠦᠭ᠌ᠰᠡᠨ 《ᠳᠥᠷᠪᠡ ᠵᠢ ᠲᠡᠷᠢᠭᠦᠨ ᠳ᠋ᠤ ᠲᠠᠯᠪᠢᠬᠤ》᠂ 《ᠳᠥᠷᠪᠡ᠎ᠶ᠋ᠢ ᠤᠶᠠᠯᠳᠤᠭᠤᠯᠬᠤ》 ᠪᠣᠬᠢᠷᠲᠤᠯ ᠥᠬᠡᠶ ᠤᠨᠠᠯᠲᠠ᠎ᠶ᠋ᠢ ᠨᠡᠮᠡᠭ᠌ᠳᠡᠭᠦᠯᠬᠦ᠌ ᠠᠷᠭ᠎ᠠ ᠬᠡᠯᠪᠡᠷᠢ᠎ᠲᠠᠢ ᠰᠠᠯᠵᠤ ᠪᠤᠯᠤᠰᠢ ᠦᠭᠡᠢ ᠬᠠᠷᠢᠴᠠᠭ᠎ᠠ ᠲᠠᠢ᠃

《ᠳᠥᠷᠪᠡ᠎ᠶᠢ ᠲᠡᠷᠢᠭᠦᠨ᠎ᠳ᠋ᠦ᠍ ᠲᠠᠯᠪᠢᠵᠤ》 ᠰᠠᠭᠤᠷᠢ᠎ᠶᠢ ᠪᠠᠲᠤᠳᠬᠠᠪᠠ᠃ ᠰᠠᠢᠨ ᠡᠭᠦᠯᠳᠡᠷ ᠰᠠᠢᠨ ᠠᠷᠭ᠎ᠠ᠎ᠶ᠋ᠢ ᠢᠵᠢ ᠪᠦᠷᠢᠳᠦᠭᠦᠯᠬᠦ᠌᠎ᠵᠢ ᠲᠡᠷᠢᠭᠦᠨ᠎ᠳᠤ ᠲᠠᠯᠪᠢᠵᠤ᠂ ᠨᠢᠭᠲᠠ ᠲᠠᠷᠢᠵᠤ ᠡᠯᠪᠡᠭ ᠬᠤᠷᠢᠶᠠᠬᠤ ᠱᠢᠨ᠎ᠡ ᠡᠭᠦᠯᠳᠡᠷ᠎ᠢ ᠱᠢᠭ᠌ᠰᠢᠨ ᠰᠣᠩᠭᠤᠵᠤ᠂ ᠮᠦ᠍ ᠪᠦᠷᠢ᠎ᠶ᠋ᠢᠨ ᠴᠢᠬᠢ᠎ᠶ᠋ᠢ ᠬᠠᠮᠠᠭᠠᠯᠠᠬᠤ ᠴᠢᠳᠠᠪᠤᠷᠢ᠎ᠶ᠋ᠢ ᠨᠡᠢᠳᠡᠮ᠎ᠳᠡᠭᠡᠨ 1000 ᠰᠠᠭᠤᠷᠢ᠎ᠠᠴᠠ ᠳᠡᠭᠡᠭ᠌ᠰᠢ ᠨᠡᠮᠡᠭ᠌ᠳᠡᠭᠦᠯᠵᠡᠢ;ᠲᠠᠷᠢᠶᠠᠯᠠᠩ᠎ᠤᠨ ᠮᠠᠱᠢᠨ ᠮᠸᠬᠠᠨᠢᠭ ᠲᠠᠷᠢᠶᠠᠯᠠᠩ᠎ᠤᠨ ᠮᠡᠷᠭᠡᠵᠢᠯ᠎ᠢ ᠠᠭᠤᠰᠤᠯᠴᠠᠭᠤᠯᠬᠤ᠎ᠶ᠋ᠢ ᠲᠡᠷᠢᠭᠦᠨ᠎ᠳᠤ ᠲᠠᠯᠪᠢᠵᠤ᠂ ᠲᠠᠷᠢᠬᠤ ᠡᠷᠦᠬᠡ᠎ᠶ᠋ᠢ ᠬᠥᠲᠥᠯᠥᠨ ᠵᠢᠯᠣᠭᠤᠳᠴᠤ᠌ ᠥᠨᠳᠥᠷ ᠴᠢᠳᠠᠪᠬᠢᠲᠤ ᠨᠠᠷᠢᠯᠢᠭ ᠲᠠᠷᠢᠬᠤ ᠮᠠᠱᠢᠨ᠎ᠢ ᠬᠡᠷᠡᠭ᠌ᠯᠡᠭᠦᠯᠵᠦ᠍᠂ ᠦᠷ᠎ᠡ ᠰᠠᠴᠤᠬᠤ᠎ᠠᠴᠠ ᠬᠠᠳᠤᠵᠦ ᠬᠤᠷᠢᠶᠠᠬᠤ ᠪᠥᠬᠦ᠌ ᠶᠠᠪᠤᠴᠠ᠎ᠶ᠋ᠢ ᠮᠠᠱᠢᠨᠴᠢᠯᠠᠵᠡᠢ;ᠠᠮᠤᠷ ᠲᠦᠪᠱᠢᠨ᠎ᠢᠶᠠᠷ ᠣᠷᠣᠭᠤᠯᠤᠯᠲᠠ ᠬᠢᠬᠦ᠌᠎ᠶ᠋ᠢ ᠲᠡᠷᠢᠭᠦᠨ᠎ᠳᠤ ᠲᠠᠯᠪᠢᠵᠤ᠂ ᠲᠠᠷᠢᠶᠠᠨ ᠭᠠᠵᠠᠷ᠎ᠲᠤ ᠤᠰᠤ ᠪᠣᠷᠳᠣᠭᠤᠷ᠎ᠢ ᠨᠢᠭᠡ ᠴᠣᠭ᠍ᠴᠠᠵᠢᠭᠤᠯᠤᠨ ᠨᠠᠷᠢᠯᠢᠭ ᠣᠨᠣᠪᠴᠢᠲᠠᠢ ᠬᠠᠮᠢᠶᠠᠷᠬᠤ᠎ᠶ᠋ᠢ  ᠪᠡᠶᠡᠯᠡᠭᠦᠯᠵᠦ᠍᠂ ᠴᠢᠨᠠᠷ ᠰᠠᠢᠲᠠᠢ ᠲᠠᠸᠠᠷ᠎ᠤᠨ ᠣᠷᠭᠠᠨᠢᠭ ᠪᠣᠷᠳᠣᠭᠤᠷ᠂ ᠥᠨᠳᠥᠷ ᠪᠦᠲᠦᠮᠵᠢᠲᠡᠶ ᠠᠯᠭᠤᠷ ᠵᠠᠳᠠᠷᠠᠬᠤ ᠪᠣᠷᠳᠣᠭᠤᠷ ᠪᠠ ᠠᠮᠢᠳᠤ ᠪᠣᠳᠠᠰ᠎ᠤᠨ ᠲᠠᠷᠢᠶᠠᠨ ᠡᠮ᠎ᠢ ᠳᠡᠯᠭᠡᠷᠡᠭᠦᠯᠵᠦ᠍᠂ ᠪᠣᠬᠢᠷᠳᠤᠯ᠎ᠤᠨ ᠲᠠᠯᠠᠪᠠᠢ ᠵᠢ ᠪᠠᠭᠠᠰᠬᠠᠵᠠᠢ; ᠪᠣᠭᠤᠮᠢ᠎ᠶ᠋ᠢᠨ ᠮᠡᠷᠭᠡᠵᠢᠯ᠎ᠤᠨ ᠪᠣᠭᠤᠮᠲᠠ ᠱᠢᠪᠲᠤᠯᠬᠤ᠎ᠶ᠋ᠢ ᠲᠡᠷᠢᠭᠦᠨ᠎ᠳᠤ ᠲᠠᠯᠪᠢᠵᠤ᠂ ᠭᠠᠩ ᠬᠠᠭᠰᠠᠷᠠᠭᠠᠨ ᠬᠠᠭᠠᠰ ᠭᠠᠩ ᠬᠠᠭ᠍ᠰᠠᠷᠠᠭᠠᠨ ᠲᠠᠢ ᠭᠠᠵᠠᠷ ᠤᠷᠤᠨ᠎ᠤ ᠣᠨᠴᠠᠯᠢᠭ᠎ᠲᠤ ᠴᠢᠭ᠌ᠯᠡᠭᠦᠯᠦᠨ᠂ ᠪᠦᠷᠬᠦᠪᠴᠢ᠎ᠶ᠋ᠢᠨ ᠬᠠᠵᠠᠭᠤ᠎ᠪᠠᠷ ᠤᠰᠤ ᠪᠣᠷᠳᠣᠭᠤᠷ᠎ᠢ ᠨᠢᠭᠡ ᠴᠣᠭ᠍ᠴᠠᠵᠢᠭᠤᠯᠵᠤ ᠪᠣᠬᠢᠷᠲᠤᠯ ᠦᠭᠡᠢ ᠪᠠᠷ ᠤᠨᠠᠯᠲᠠ ᠵᠢ ᠨᠡᠮᠡᠭ᠌ᠳᠡᠭᠦᠯᠬᠦ᠌ ᠮᠡᠷᠭᠡᠵᠢᠯ᠎ᠤᠨ ᠵᠠᠭ᠍ᠪᠤᠷ᠎ᠢ ᠦᠷᠭᠦᠯᠵᠢᠯᠡᠨ ᠱᠢᠯᠢᠳᠡᠭ᠌ᠵᠢᠭᠦᠯᠵᠦ᠍᠂ ᠤᠨᠠᠯᠲᠠ᠎ᠶ᠋ᠢ ᠨᠡᠮᠡᠭ᠌ᠳᠡᠭᠦᠯᠬᠦ᠌᠎ᠶ᠋ᠢᠨ ᠬᠠᠮᠲᠤ ᠲᠠᠷᠢᠶᠠᠨ ᠭᠠᠵᠠᠷ᠎ᠤᠨ ᠦᠯᠡᠳᠡᠭ᠌ᠳᠡᠯ ᠪᠦᠷᠬᠦᠭᠦᠯ ᠵᠡᠷᠭᠡ 《ᠣᠯᠠᠨ ᠡᠬᠢᠲᠦ ᠪᠣᠬᠢᠷᠲᠤᠯ》  ᠢ᠋ ᠪᠠᠭᠠᠰᠭᠠᠵᠠᠢ᠃

《ᠳᠥᠷᠪᠡ᠎ᠶ᠋ᠢ ᠤᠶᠠᠯᠳᠤᠭᠤᠯᠵᠤ》 ᠭᠠᠷᠬᠤ ᠵᠠᠮ᠎ᠢ ᠲᠣᠳᠣᠷᠬᠠᠢᠯᠠᠪᠠ᠃ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌ ᠪᠠ ᠡᠬᠢ ᠪᠠᠶᠠᠯᠢᠭ᠎ᠢ ᠠᠷᠪᠢᠯᠠᠬᠤ᠎ᠶ᠋ᠢ ᠬᠠᠷᠢᠯᠴᠠᠨ ᠤᠶᠠᠯᠳᠤᠭᠤᠯᠵᠤ᠂ ᠨᠢᠭᠡᠴᠢ᠎ᠶ᠋ᠢᠨ ᠤᠨᠠᠯᠲᠠ ᠵᠢ ᠨᠡᠮᠡᠭᠳᠡᠭᠦᠯᠬᠦ ᠪᠠ ᠤᠰᠤ ᠪᠤᠷᠳᠤᠭᠤᠷ᠎ᠢ ᠠᠷᠪᠢᠯᠠᠬᠤ ᠵᠢ ᠵᠡᠷᠭᠡ ᠪᠡᠷ ᠴᠢᠬᠤᠯᠠᠴᠢᠯᠠᠵᠠᠢ; ᠲᠠᠷᠢᠶᠠᠯᠠᠩ᠎ᠤᠨ ᠮᠠᠱᠢᠨ ᠮᠸᠬᠠᠨᠢᠭ ᠪᠠ ᠲᠠᠷᠢᠶᠠᠯᠠᠩ᠎ᠤᠨ ᠮᠡᠷᠭᠡᠵᠢᠯ᠎ᠢ ᠤᠶᠠᠯᠳᠤᠭᠤᠯᠵᠤ᠂ ᠶᠤᠸᠠᠨ ᠪᠦᠦ ᠱᠠᠨ ᠲᠣᠭᠤᠷᠢᠭ᠂ ᠣᠩᠨᠢᠭᠤᠳ ᠬᠤᠱᠢᠭᠤ ᠵᠡᠷᠭᠡ ᠭᠠᠵᠠᠷ᠎ᠲᠤ ᠬᠤᠷᠱᠢᠶ᠎ᠠ ᠵᠢ ᠵᠣᠬᠢᠶᠠᠨ ᠪᠠᠢᠭᠤᠯᠵᠤ᠂ ᠮᠠ ᠰᠸ ᠴᠢ ᠶᠤᠸᠠᠢ᠂ ᠳ᠋ᠧ ᠪᠠᠩ ᠳᠠ ᠸᠸᠢ ᠵᠡᠷᠭᠡ ᠲᠡᠷᠢᠭᠦᠨ᠎ᠤ ᠮᠠᠰᠢᠨ ᠮᠧᠬᠠᠨᠢᠭ᠎ᠢ ᠬᠡᠷᠡᠭᠯᠠᠵᠤ ᠬᠦᠮᠦᠨ᠎ᠢ ᠣᠷᠣᠯᠠᠨ ᠳᠠᠷᠢᠵᠠᠢ;ᠲᠤᠷᠱᠢᠯᠲᠠ᠎ᠶ᠋ᠢᠨ ᠴᠡᠭ᠎ᠢ ᠤᠷᠢᠳ᠎ᠢᠶᠡᠷ ᠬᠡᠷᠡᠭ᠌ᠵᠢᠭᠦᠯᠬᠦ᠌ ᠪᠠ ᠪᠦᠬᠦ ᠲᠠᠯ᠎ᠠ᠎ᠪᠠᠷ ᠳᠡᠯᠭᠡᠷᠡᠭᠦᠯᠬᠦ᠎ᠶ᠋ᠢ ᠬᠠᠷᠢᠯᠴᠠᠨ ᠤᠶᠠᠯᠳᠤᠭᠤᠯᠵᠤ᠂ ᠬᠡᠪ ᠳᠠᠭᠤᠷᠢᠶᠠᠯ᠎ᠢ ᠪᠣᠶ ᠪᠣᠯᠭᠠᠬᠤ ᠮᠥᠷᠲᠡᠭᠡᠨ ᠪᠠᠰᠠ ᠲᠠᠷᠠᠬᠠᠢ ᠡᠷᠦᠬᠡ᠎ᠶ᠋ᠢ ᠳᠠᠢᠴᠢᠯᠠᠵᠠᠢ; ᠳᠤᠤᠷ᠎ᠠ ᠤᠨᠠᠯᠲᠠ ᠡᠴᠡ ᠳᠤᠮᠳᠠ ᠤᠨᠠᠯᠲᠠ᠂ ᠳᠤᠮᠳᠠ ᠤᠨᠠᠯᠲᠠ ᠡᠴᠡ ᠥᠨᠳᠥᠷ ᠤᠨᠠᠯᠲᠠ᠎ᠲᠠᠢ ᠪᠣᠯᠭᠠᠬᠤ᠎ᠶ᠋ᠢ ᠬᠠᠷᠢᠯᠴᠠᠨ ᠤᠶᠠᠯᠳᠤᠭᠤᠯᠵᠤ᠂ ᠡᠷᠳᠡᠨᠢ ᠱᠢᠰᠢ᠎ᠶ᠋ᠢ ᠨᠢᠭ᠍ᠲᠠ ᠳᠠᠷᠢᠵᠤ ᠨᠠᠷᠢᠯᠢᠭ ᠣᠨᠣᠪᠴᠢᠲᠠᠢ ᠲᠣᠬᠢᠷᠠᠭᠤᠯᠤᠨ ᠡᠵᠡᠮᠳᠡᠬᠦ᠌ ᠮᠡᠷᠭᠡᠵᠢᠯ᠎ᠢ ᠳᠡᠯᠭᠡᠷᠡᠭᠦᠯᠬᠦ᠌᠎ᠪᠠᠷ ᠭᠤᠣᠯᠳᠠᠯᠭ᠎ᠠ ᠪᠣᠯᠭᠠᠵᠤ ᠂ ᠪᠥᠬᠦ᠌ ᠣᠷᠣᠨ ᠪᠦᠰᠡ᠎ᠶ᠋ᠢᠨ ᠤᠨᠠᠯᠲᠠ ᠵᠢ ᠲᠡᠩᠴᠡᠭᠦᠷᠢᠲᠡᠢ ᠨᠡᠮᠡᠭ᠌ᠳᠡᠭᠦᠯᠬᠦ᠌᠎ᠶ᠋ᠢ ᠬᠦᠴᠦᠯᠡᠨ ᠠᠬᠢᠭᠤᠯᠵᠠᠢ᠃

《ᠪᠢᠳᠡ ᠳᠤᠮᠳᠠᠳᠤ ᠤᠯᠤᠰ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠤᠨ ᠲᠤᠰᠭᠠᠶ ᠮᠡᠷᠭᠡᠵᠢᠯᠲᠡᠨ᠎ᠤ ᠪᠦᠯᠬᠦᠮ᠎ᠲᠠᠢ ᠮᠡᠷᠭᠡᠵᠢᠯ᠎ᠤᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠲᠣᠰ ᠭᠠᠵᠠᠷ ᠣᠷᠣᠨ᠎ᠤ ᠪᠠᠨ ᠲᠤᠰᠭᠠᠶ ᠮᠡᠷᠭᠡᠵᠢᠯᠲᠡᠨ᠎ᠢ ᠬᠥᠮᠦᠵᠢᠭᠦᠯᠬᠦ᠌᠎ᠶ᠋ᠢᠨ ᠬᠠᠮᠲᠤ ᠮᠡᠷᠭᠡᠵᠢᠯ᠎ᠤᠨ ᠭᠤᠤᠯᠯᠠᠭ᠍ᠴᠢ ᠬᠦᠴᠦᠨ᠎ᠢ ᠳᠠᠭᠠᠭᠤᠯᠤᠨ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠮᠡᠷᠭᠡᠵᠢᠯ᠎ᠤᠨ ᠵᠢᠯᠣᠭᠤᠳᠣᠯᠭ᠎ᠠ ᠬᠢᠵᠦ᠍᠂ ᠵᠢᠱ᠌ᠢᠶ᠎ᠡ ᠦᠵᠡᠭᠦᠯᠬᠦ᠌ ᠰᠠᠭᠤᠷᠢᠨ ᠎ᠢ ᠠᠱᠢᠭ᠍ᠯᠠᠨ ᠨᠥᠯᠥᠭᠡᠯᠡᠨ ᠳᠠᠢᠴᠢᠯᠠᠬᠤ᠎ᠪᠠᠨ ᠴᠢᠩᠭᠠᠳᠭᠠᠵᠤ᠂ ᠡᠷᠳᠡᠨᠢ ᠱᠢᠰᠢ᠎ᠶ᠋ᠢ ᠨᠢᠭ᠍ᠲᠠ ᠳᠠᠷᠢᠵᠤ ᠨᠠᠷᠢᠯᠢᠭ ᠣᠨᠣᠪᠴᠢᠲᠠᠶ ᠲᠣᠬᠢᠷᠠᠭᠤᠯᠤᠨ ᠡᠵᠡᠮᠳᠡᠬᠦ᠌ ᠮᠡᠷᠭᠡᠵᠢᠯ᠎ᠢ ᠲᠠᠷᠢᠶᠠᠨ ᠭᠠᠵᠠᠷ᠎ᠲᠤ ᠦᠨᠳᠦᠰᠦᠯᠡᠭᠦᠯᠬᠦ᠌᠎ᠪᠠᠷ ᠴᠢᠷᠮᠠᠢᠵᠤ ᠪᠠᠢᠨ᠎ᠠ》 ᠭᠡᠵᠦ ᠤᠯᠠᠭᠠᠨᠬᠠᠳᠠ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠢ᠎ᠶ᠋ᠢᠨ ᠮᠡᠷᠭᠡᠵᠢᠯ ᠳᠡᠯᠭᠡᠷᠡᠭᠦᠯᠬᠦ᠌ ᠲᠥᠪ᠎ᠦᠨ ᠡᠷᠬᠢᠯᠡᠭ᠌ᠴᠢ ᠽᠦᠸᠧ ᠬᠤᠢ ᠵᠦᠩ ᠲᠠᠨᠢᠯᠴᠠᠭᠤᠯᠪᠠ᠃

2024 ᠣᠨ᠎ᠳᠤ ᠤᠯᠠᠭᠠᠨᠬᠠᠳᠠ ᠬᠤᠲᠠ᠎ᠶ᠋ᠢᠨ ᠡᠷᠳᠡᠨᠢ ᠱᠢᠰᠢ᠎ᠶ᠋ᠢᠨ ᠨᠢᠭ᠍ᠲᠠ ᠳᠠᠷᠢᠵᠤ ᠨᠠᠷᠢᠯᠢᠭ ᠣᠨᠣᠪᠴᠢᠲᠠᠢ ᠲᠣᠬᠢᠷᠠᠭᠤᠯᠤᠨ ᠡᠵᠡᠮᠳᠡᠬᠦ᠌ ᠮᠡᠷᠭᠡᠵᠢᠯ᠎ᠢ ᠳᠡᠯᠭᠡᠷᠡᠭᠦᠯᠦᠭᠰᠡᠨ ᠲᠠᠷᠢᠶᠠᠨ ᠭᠠᠵᠠᠷ᠎ᠤᠨ ᠮᠦ᠍ ᠨᠢᠭᠡᠴᠢ ᠵᠢᠨ ᠤᠨᠠᠯᠲᠠ 1837.8 ᠵᠢᠩ᠎ᠳᠤ ᠬᠦᠷᠴᠦ᠍᠂ ᠮᠸ᠋ ᠳᠤᠮᠳᠠᠴᠢ᠎ᠪᠠᠷ 208.2 ᠵᠢᠩ ᠨᠡᠮᠡᠭ᠌ᠳᠡᠪᠡ᠃ ᠡᠭᠦᠨ᠎ᠳᠤ ᠠᠤᠬᠠᠨ ᠬᠤᠱᠢᠭᠤᠨ᠎ᠤ ᠬᠤᠸᠠᠩ ᠶᠠᠩ ᠸᠠ ᠪᠠᠯᠭᠠᠰᠤ᠎ᠶ᠋ᠢᠨ 1360 ᠮᠦ᠍ ᠮᠡᠷᠭᠡᠵᠢᠯ ᠳᠡᠯᠭᠡᠷᠡᠭᠦᠯᠦᠭᠰᠡᠨ ᠲᠠᠷᠢᠶᠠᠨ ᠭᠠᠵᠠᠷ᠎ᠤᠨ  ᠮᠦ᠍ ᠨᠢᠭᠡᠴᠢ᠎ᠵᠢᠨ ᠤᠨᠠᠯᠲᠠ 2411 ᠵᠢᠩ ᠳ᠋ᠤ ᠬᠦᠷᠴᠦ᠂ ᠮᠸ᠋ ᠳᠤᠮᠳᠠᠴᠢ᠎ᠪᠠᠷ 510 ᠵᠢᠩ ᠨᠡᠮᠡᠭ᠌ᠳᠡᠵᠡᠢ᠃

ᠡᠨᠡ ᠵᠢᠯ ᠤᠯᠠᠭᠠᠨᠬᠠᠳᠠ ᠬᠤᠲᠠ᠎ᠶ᠋ᠢᠨ ᠲᠠᠷᠢᠶᠠᠯᠠᠩ ᠮᠠᠯ ᠠᠵᠤ ᠠᠬᠤᠶ᠎ᠶ᠋ᠢᠨ ᠮᠡᠷᠭᠡᠵᠢᠯ ᠳᠡᠯᠭᠡᠷᠡᠭᠦᠯᠬᠦ᠌ ᠲᠥᠪ᠎ᠠᠴᠠ ᠭᠤᠤᠯᠳᠠᠯᠭ᠎ᠠ᠎ᠲᠠᠢ ᠳᠠᠪᠠᠭᠤᠯᠢᠭ ᠭᠠᠷᠤᠯᠲᠠ᠎ᠶ᠋ᠢᠨ ᠣᠷᠣᠨ᠎ᠢ ᠰᠣᠩᠭᠤᠵᠤ᠂ ᠡᠷᠳᠡᠨᠢ ᠱᠢᠰᠢ᠎ᠶ᠋ᠢ ᠨᠢᠭ᠍ᠲᠠ ᠳᠠᠷᠢᠵᠤ ᠨᠠᠷᠢᠯᠢᠭ ᠣᠨᠣᠪᠴᠢᠲᠠᠶ᠎ᠳᠣᠭᠢᠷᠠᠭᠤᠯᠤᠨ ᠡᠵᠡᠮᠳᠡᠬᠦ᠌ ᠮᠡᠷᠭᠡᠵᠢᠯ᠎ᠤᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠠᠵᠢᠯ᠎ᠢ ᠥᠷᠨᠢᠭᠦᠯᠵᠦ᠍᠂ ᠮᠡᠷᠭᠡᠵᠢᠯ᠎ᠤᠨ ᠵᠢᠯᠣᠭᠤᠳᠣᠯᠭ᠎ᠠ᠎ᠶ᠋ᠢᠨ ᠦᠢᠯᠡᠴᠢᠯᠡᠭᠡ᠎ᠶ᠋ᠢ ᠴᠢᠩᠭᠠᠳᠬᠠᠨ᠂ ᠡᠷᠳᠡᠨᠢ ᠱᠢᠰᠢ᠎ᠶ᠋ᠢᠨ ᠥᠨᠳᠥᠷ ᠤᠨᠠᠯᠲᠠ᠎ᠶ᠋ᠢᠨ ᠵᠢᠱ᠌ᠢᠶ᠎ᠡ ᠦᠵᠡᠭᠦᠯᠬᠦ᠌ ᠵᠠᠭ᠍ᠪᠤᠷ᠎ᠢ ᠪᠥᠬᠦ᠌ ᠬᠦᠴᠦᠨ᠎ᠢᠶᠠᠷ᠎ᠢᠶᠠᠨ ᠪᠣᠶ ᠪᠣᠯᠭᠠᠵᠤ᠂ ᠠᠮᠤ ᠪᠤᠳᠠᠭᠠᠨ᠎ᠤ ᠠᠮᠤᠷ ᠲᠦᠪᠱᠢᠨ᠎ᠢ ᠪᠠᠳᠤᠯᠠᠬᠤ ᠬᠢᠭᠡᠳ ᠬᠥᠳᠡᠭᠡ ᠲᠣᠰᠭᠤᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠪᠡ᠃

ᠶᠤᠸᠠᠨ ᠪᠦᠦ ᠱᠠᠨ ᠲᠣᠭᠤᠷᠢᠭ᠎ᠤᠨ ᠫᠢᠩᠵᠤᠸᠠᠩ ᠪᠠᠯᠭᠠᠰᠤᠨ᠎ᠤ ᠱᠦᠢ ᠶᠤᠸᠠᠨ ᠲᠣᠰᠭᠤᠨ᠎ᠤ 200 ᠮᠦ᠍ ᠵᠢᠱ᠌ᠢᠶ᠎ᠡ ᠦᠵᠡᠭᠦᠯᠬᠦ᠌ ᠲᠣᠭᠤᠷᠢᠭ ᠨᠢ ᠨᠢᠭᠲᠠ ᠲᠠᠷᠢᠵᠤ ᠨᠠᠯᠠᠵᠤ ᠤᠨᠠᠬᠤ᠎ᠶ᠋ᠢ ᠡᠰᠡᠷᠭᠦᠴᠡᠬᠦ᠌ ᠲᠦᠷᠦᠯ ᠵᠦᠢᠯ᠎ᠢ ᠱᠢᠭ᠌ᠰᠢᠨ ᠰᠣᠩᠭᠤᠬᠤ᠂ ᠲᠠᠷᠢᠬᠤ ᠵᠠᠭ᠍ᠪᠤᠷ᠎ᠢ ᠬᠠᠷᠢᠴᠠᠭᠤᠯᠬᠤ᠂ ᠤᠰᠤ ᠪᠤᠷᠳᠤᠭᠤᠷ᠎ᠢ ᠥᠨᠳᠥᠷ ᠪᠦᠲᠦᠮᠵᠢᠲᠡᠢ ᠠᠱᠢᠭ᠍ᠯᠠᠬᠤ ᠵᠡᠷᠭᠡ 5 ᠵᠦᠢᠯ᠎ᠤᠨ ᠲᠤᠷᠱᠢᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠳᠤᠰᠤᠯᠭᠠᠨ ᠤᠰᠤᠯᠠᠵᠤ ᠤᠰᠤ ᠪᠤᠷᠳᠤᠭᠤᠷ᠎ᠢ ᠨᠢᠭᠡ ᠴᠤᠬ᠍ᠴᠠᠵᠢᠭᠤᠯᠬᠤ ᠮᠡᠷᠭᠡᠵᠢᠯ᠎ᠢᠶᠠᠷ ᠳᠠᠮᠵᠢᠭᠤᠯᠵᠤ ᠂ ᠮᠦ᠍ ᠨᠢᠭᠡᠴᠢ ᠵᠢᠨ ᠨᠢᠭᠲᠠᠴᠠ ᠵᠢ 1500 ᠰᠠᠭᠤᠷᠢ ᠪᠤᠯᠭᠠᠨ ᠳᠡᠭᠡᠭ᠌ᠰᠢᠯᠡᠭᠦᠯᠵᠦ᠍᠂ ᠮᠦ᠍ ᠪᠦᠷᠢ᠎ᠳᠤ 6000 ᠰᠠᠭᠤᠷᠢ᠎ᠠᠴᠠ ᠳᠡᠭᠡᠭ᠌ᠰᠢ ᠴᠢᠬᠢ᠎ᠵᠢᠨ ᠡᠳᠡᠭᠡᠷᠡᠯᠲᠡ ᠵᠢ ᠪᠠᠲᠤᠯᠠᠨ᠂ ᠡᠷᠳᠡᠨᠢ ᠱᠢᠰᠢ᠎ᠶ᠋ᠢᠨ ᠲᠠᠯᠠᠪᠠᠢ ᠨᠢᠭᠡᠴᠢ᠎ᠶ᠋ᠢᠨ ᠤᠨᠠᠯᠲᠠ᠎ᠶ᠋ᠢ ᠲᠠᠬᠢᠨ ᠥᠨᠳᠥᠷ ᠲᠦᠪᠱᠢᠨ᠎ᠳᠤ ᠬᠦᠷᠭᠡᠬᠦ ᠪᠡᠷ ᠴᠢᠷᠮᠠᠢᠵᠤ ᠪᠤᠢ᠃

ᠠᠤᠬᠠᠨ ᠬᠤᠱᠢᠭᠤᠨ᠎ᠤ ᠬᠤᠸᠠᠩ ᠶᠠᠩ ᠸᠠ ᠪᠠᠯᠭᠠᠰᠤ᠎ᠶ᠋ᠢᠨ 200 ᠮᠦ᠍ ᠵᠢᠱ᠌ᠢᠶ᠎ᠡ ᠦᠵᠡᠭᠦᠯᠬᠦ᠌ ᠲᠣᠭᠤᠷᠢᠭ᠎ᠨᠢ ᠱᠢᠨ᠎ᠡ ᠰᠣᠷᠭᠤᠭ ᠢᠳᠡᠭᠡᠨ᠎ᠤ ᠡᠷᠳᠡᠨᠢ ᠱᠢᠰᠢ᠎ᠶ᠋ᠢᠨ ᠲᠦᠷᠦᠯ ᠵᠦᠢᠯ᠎ᠢ ᠱᠢᠭ᠌ᠰᠢᠨ ᠰᠣᠩᠭᠤᠬᠤ᠂ ᠲᠠᠷᠢᠬᠤ ᠬᠤᠭᠤᠴᠠᠭ᠎ᠠ ᠪᠣᠯᠤᠨ ᠨᠢᠭ᠍ᠲᠠᠴᠠ᠎ᠶ᠋ᠢᠨ ᠳᠤᠬᠢᠷᠠᠭᠤᠯᠤᠯᠳᠠ ᠡᠵᠡᠮᠳᠡᠯ ᠵᠡᠷᠭᠡ᠎ᠶ᠋ᠢᠨ ᠲᠣᠭᠤᠷᠢᠨ᠎ᠳᠤ 4 ᠵᠦᠢᠯ᠎ᠤᠨ ᠲᠤᠷᠱᠢᠯᠲᠠ ᠥᠷᠨᠢᠭᠦᠯᠵᠦ᠍᠂ ᠵᠣᠬᠢᠰᠲᠠᠢ ᠨᠢᠭ᠍ᠲᠠ ᠪᠣᠯᠭᠠᠬᠤ ᠪᠠ ᠲᠡᠷᠢ ᠲᠡᠭ᠌ᠰᠢ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌᠎ᠪᠠᠷ ᠳᠠᠮᠵᠢᠨ ᠱᠢᠨ᠎ᠡ ᠰᠣᠷᠭᠤᠭ ᠢᠳᠡᠭᠡᠨ᠎ᠤ ᠡᠷᠳᠡᠨᠢ ᠱᠢᠰᠢ᠎ᠶ᠋ᠢᠨ ᠶᠠᠰᠤ ᠴᠢᠨᠠᠷ ᠪᠣᠯᠤᠨ ᠤᠨᠠᠯᠲᠠ᠎ᠶ᠋ᠢ ᠳᠡᠭᠡᠭ᠌ᠰᠢᠯᠡᠭᠦᠯᠦᠭᠰᠡᠨ ᠪᠠᠢᠳᠠᠯ᠎ᠢ ᠳᠡᠯᠭᠡᠨ ᠦᠵᠡᠭᠦᠯᠬᠦ ᠪᠡᠷ ᠲᠦᠯᠦᠪᠯᠡᠵᠦ ᠪᠤᠢ᠃

《ᠪᠢᠳᠡ ᠵᠢᠱ᠌ᠢᠶ᠎ᠡ ᠦᠵᠡᠭᠦᠯᠬᠦ᠌ ᠣᠷᠣᠨ ᠪᠠ ᠲᠠᠷᠢᠮᠠᠯ᠎ᠤᠨ ᠲᠤᠰᠭᠠᠶ ᠮᠡᠷᠭᠡᠵᠢᠯᠲᠡᠨ᠎ᠤ ᠬᠥᠲᠥᠯᠥᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ ᠮᠡᠷᠭᠡᠵᠢᠯ᠎ᠤᠨ ᠪᠣᠯᠪᠠᠰᠤᠷᠠᠯ ᠬᠦᠷᠳᠡᠭᠡᠬᠦ᠂ ᠲᠤᠬᠠᠶ᠎ᠶ᠋ᠢᠨ ᠲᠠᠯᠠᠪᠤᠷ᠎ᠲᠤ ᠲᠣᠭᠤᠷᠢᠨ ᠦᠵᠡᠬᠦᠯᠬᠦ ᠵᠡᠷᠭᠡ ᠬᠡᠯᠪᠡᠷᠢ᠎ᠪᠠᠷ ᠳᠠᠮᠵᠢᠭᠤᠯᠤᠨ ᠲᠠᠷᠢᠮᠠᠯ᠎ᠤᠨ ᠡᠷᠦᠬᠡ᠎ᠳᠤ ᠤᠨᠠᠯᠲᠠ᠎ᠪᠠᠨ ᠨᠡᠮᠡᠭ᠌ᠳᠡᠭᠦᠯᠬᠦ᠌ ᠮᠡᠷᠭᠡᠵᠢᠯ᠎ᠢ ᠡᠵᠡᠮᠱᠢᠭᠦᠯᠵᠦ᠍᠂ ᠨᠠᠩ ᠣᠯᠠᠨ ᠲᠠᠷᠢᠶᠠᠴᠢᠳ᠎ᠢ ᠣᠢᠯᠠᠭᠠᠵᠤ᠂ ᠡᠵᠡᠮᠰᠢᠵᠦ᠂ ᠬᠡᠷᠡᠭ᠌ᠯᠡᠵᠦ᠍ ᠳᠡᠢᠯᠬᠦ᠌ ᠪᠣᠯᠭᠠᠵᠤ᠂ ᠮᠡᠷᠭᠡᠵᠢᠯ᠎ᠤᠨ ᠳᠡᠯᠭᠡᠷᠡᠭᠦᠯᠦᠯᠲᠡ ᠵᠢᠨ ᠲᠠᠯᠠᠪᠠᠶ᠎ᠶ᠋ᠢ ᠲᠠᠰᠤᠷᠠᠯᠲᠠ ᠥᠬᠡᠶ ᠥᠷᠭᠡᠳᠭᠡᠨ᠎ᠡ》 ᠬᠡᠵᠦ ᠤᠯᠠᠭᠠᠨᠬᠠᠳᠠ ᠬᠣᠲᠠ᠎ᠶ᠋ᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ᠎ᠤ ᠲᠣᠪᠴᠢᠶᠠᠨ᠎ᠤ ᠲᠠᠷᠢᠮᠠᠯ᠎ᠤᠨ ᠦᠢᠯᠡᠰ᠎ᠦᠨ ᠰᠠᠯᠠᠭᠠᠨ᠎ᠤ ᠳᠠᠷᠤᠭ᠎ᠠ ᠴᠠᠢ ᠭᠦᠢ ᠪᠢᠨ ᠶᠠᠷᠢᠨ᠎ᠠ᠃

ᠡᠨᠡ ᠵᠢᠯ ᠤᠯᠠᠭᠠᠨᠬᠠᠳᠠ ᠬᠣᠲᠠ᠎ᠶᠢᠨ ᠡᠷᠳᠡᠨᠢ ᠰᠢᠰᠢ᠎ᠶᠢ ᠨᠢᠭ᠍ᠲᠠ ᠲᠠᠷᠢᠵᠤ ᠨᠠᠷᠢᠯᠢᠭ ᠣᠨᠣᠪᠴᠢᠲᠠᠢ ᠡᠵᠡᠮᠳᠡᠬᠦ᠌  ᠮᠡᠷᠭᠡᠵᠢᠯ᠎ᠢ᠋  ᠳᠡᠯᠭᠡᠷᠡᠭᠦᠯᠦᠭ᠌ᠰᠡᠨ ᠲᠠᠯᠠᠪᠠᠢ 215.1 ᠲᠦᠮᠡᠨ ᠮᠦ᠍᠎ᠳ᠋ᠦ᠍ ᠬᠦᠷᠴᠡᠢ᠃ ᠡᠷᠳᠡᠨᠢ ᠱᠢᠰᠢ᠎ᠶ᠋ᠢ ᠨᠢᠭ᠍ᠲᠠ ᠳᠠᠷᠢᠵᠤ ᠨᠠᠷᠢᠯᠢᠭ ᠣᠨᠣᠪᠴᠢᠲᠠᠶ ᠲᠣᠬᠢᠷᠠᠭᠤᠯᠤᠨ ᠡᠵᠡᠮᠳᠡᠬᠦ᠌ ᠮᠡᠷᠭᠡᠵᠢᠯ᠎ᠨᠢ ᠡᠷᠳᠡᠨᠢ ᠰᠢᠰᠢ ᠵᠢᠨ ᠭᠤᠤᠯ ᠭᠠᠷᠤᠯᠲᠠ ᠵᠢᠨ ᠤᠷᠤᠨ ᠳ᠋ᠤ ᠪᠠᠢᠷᠢᠯᠠᠭ᠎ᠠ ᠤᠯᠠᠭᠠᠨᠬᠠᠳᠠ ᠳ᠋ᠤ ᠱᠢᠨ᠎ᠡ ᠠᠮᠢᠵᠢᠷᠠᠯ᠎ᠤᠨ ᠬᠦᠴᠦᠨ᠎ᠤᠯᠭᠤᠭᠰᠠᠨ ᠵᠢᠡᠷ ᠪᠠᠷᠠᠬᠤ ᠦᠭᠡᠢ᠂ ᠨᠠᠩ ᠴᠤ᠌ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠠᠷ ᠠᠮᠤ ᠪᠤᠳᠠᠭᠠᠨ᠎ᠤ ᠠᠮᠤᠷ ᠲᠦᠪᠱᠢᠨ᠎ᠤ ᠪᠠᠲᠤ ᠰᠠᠭᠤᠷᠢ ᠵᠢ ᠲᠠᠯᠪᠢᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号