ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠤᠢᠯᠠᠭᠠᠭᠰᠠᠨ ᠶ᠋ᠢᠡᠷ᠂ ᠡᠨᠡ ᠵᠢᠯ ᠮᠠᠨ ᠤ᠋ ᠤᠷᠤᠨ ᠤᠰᠤ ᠠᠷᠪᠢᠯᠠᠬᠤ ᠪᠠᠷ ᠭᠤᠤᠯ ᠪᠣᠯᠭᠠᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ ᠵᠢ ᠬᠦᠴᠦᠯᠡᠨ ᠠᠬᠢᠭᠤᠯᠵᠤ᠂ ᠳᠤᠰᠤᠯᠠᠭᠠᠨ ᠤᠰᠤᠯᠠᠵᠤ ᠤᠰᠤ ᠪᠣᠷᠲᠣᠭᠣᠷ ᠢ᠋ ᠨᠢᠭᠡ ᠴᠤᠭ᠍ᠴᠠᠵᠢᠭᠤᠯᠬᠤ᠂ ᠣᠶᠤᠨᠴᠢ ᠪᠡᠷ ᠨᠠᠷᠢᠯᠢᠭ ᠣᠨᠣᠴᠠᠲᠠᠶ ᠤᠰᠤᠯᠠᠬᠤ ᠵᠡᠷᠭᠡ ᠤᠰᠤ ᠠᠷᠪᠢᠯᠠᠬᠤ ᠮᠡᠷᠭᠡᠵᠢᠯ ᠢ᠋ ᠳᠡᠯᠭᠡᠷᠡᠭᠦᠯᠵᠦ᠍᠂ ᠤᠰᠤ ᠪᠣᠷᠲᠣᠭᠣᠷ ᠢ᠋ ᠨᠢᠭᠡ ᠴᠤᠭ᠍ᠴᠠᠵᠢᠭᠤᠯᠤᠭᠰᠠᠨ ᠲᠠᠷᠢᠶᠠᠨ ᠭᠠᠵᠠᠷ ᠤ᠋ᠨ ᠲᠠᠯᠠᠪᠠᠶ ᠵᠢ ᠰᠢᠨ᠎ᠠ ᠪᠡᠷ 271 ᠲᠦᠮᠡᠨ ᠮᠥ᠍ ᠨᠡᠮᠡᠭ᠌ᠳᠡᠭᠦᠯᠪᠡ᠃
ᠡᠨᠡ ᠵᠢᠯ ᠪᠠᠶᠠᠨᠨᠠᠭᠤᠷ ᠬᠣᠲᠠ ᠶ᠋ᠢᠨ ᠬᠠᠩᠭᠢᠨ ᠬᠣᠢᠲᠤ ᠬᠣᠱᠢᠭᠤᠨ ᠤ᠋ ᠰᠠᠨ ᠳ᠋ᠤᠤ ᠴᠢᠶᠣᠤ ᠪᠠᠯᠭᠠᠰᠤ ᠵᠢᠨ ᠶᠦᠩ ᠵᠢᠨ ᠲᠣᠰᠭᠣᠨ ᠤ᠋ ᠲᠦᠮᠡᠨ ᠮᠥ᠍ ᠵᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠠᠮᠤ ᠪᠤᠳᠠᠭᠠᠨ ᠤ᠋ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ ᠤ᠋ᠨ ᠬᠢᠨ ᠡᠷᠳᠡᠨᠢ ᠱᠢᠰᠢ ᠶ᠋ᠢᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠢᠨᠵᠧᠨᠧᠷᠢᠩ ᠤ᠋ᠨ ᠲᠥᠷᠥᠯ ᠵᠦᠶ᠋ᠯ ᠤ᠋ᠨ ᠳᠡᠮᠵᠢᠯᠭᠡ ᠪᠡᠷ ᠬᠠᠲᠤᠨ ᠭᠤᠤᠯ ᠤ᠋ᠨ ᠤᠰᠤ ᠵᠢ ᠲᠠᠲᠠᠵᠤ ᠳᠤᠰᠤᠯᠠᠭᠠᠨ ᠤᠰᠤᠯᠠᠬᠤ ᠢᠨᠵᠧᠨᠧᠷᠢᠩ ᠢ᠋ ᠬᠡᠷᠡᠭ᠌ᠵᠢᠭᠦᠯᠵᠦ᠍᠂ 《ᠬᠠᠲᠤᠨ ᠭᠤᠤᠯ ᠤ᠋ᠨ ᠤᠰᠤ ᠵᠢ ᠱᠢᠭᠤᠳ ᠲᠠᠲᠠᠬᠤ + ᠳᠤᠰᠤᠯᠠᠭᠠᠨ ᠤᠰᠤᠯᠠᠬᠤ ᠬᠣᠭᠣᠯᠠᠶ ᠲᠤᠤᠷ》 ᠤ᠋ᠨ ᠥᠨᠳᠥᠷ ᠪᠦᠲᠦᠮᠵᠢᠲᠡᠶ ᠤᠰᠤ ᠳᠠᠮᠵᠢᠭᠤᠯᠬᠤ ᠱᠢᠰᠲ᠋ᠧᠮ ᠢ᠋ ᠪᠠᠢᠭᠤᠯᠵᠤ᠂ ᠮᠦ᠍ ᠨᠢᠭᠡᠴᠢ ᠶ᠋ᠢᠨ ᠤᠰᠤ ᠬᠡᠷᠡᠭᠯᠡᠬᠦ ᠬᠡᠮᠵᠢᠶ᠎ᠡ ᠵᠢ 300 ᠪᠣᠰᠣᠭ᠎ᠠ ᠳᠥᠷᠪᠡᠯᠵᠢᠨ ᠮᠧᠲ᠋ᠷ ᠣᠷᠴᠢᠮ ᠪᠤᠯᠭᠠᠨ ᠪᠠᠭᠠᠰᠬᠠᠪᠠ᠃ ᠣᠳᠣᠬᠠᠨ ᠳ᠋ᠦ ᠲᠤᠰ ᠬᠦᠷᠢᠶᠡᠯᠡᠡᠭ ᠲᠤᠭᠤᠷᠢᠭ ᠤ᠋ᠨ 9000 ᠭᠠᠷᠤᠢ ᠮᠦ᠍ ᠡᠷᠳᠡᠨᠢ ᠱᠢᠰᠢ ᠵᠢᠨ ᠤᠷᠭᠤᠴᠠ ᠮᠠᠰᠢ ᠰᠠᠢᠨ ᠪᠠᠢᠵᠤ᠂ ᠵᠢᠱ᠌ᠢᠯᠲᠡ ᠪᠡᠷ ᠮᠦ᠍ ᠨᠢᠭᠡᠴᠢ ᠶ᠋ᠢᠨ ᠤᠨᠠᠯᠲᠠ ᠨᠢ 1200 ᠺᠢᠯᠣᠭ᠌ᠷᠠᠮ ᠳ᠋ᠦ ᠬᠦᠷᠬᠦ ᠪᠣᠯᠤᠨ᠎ᠠ᠃ ᠤᠳᠤ ᠬᠠᠩᠭᠢᠨ ᠬᠣᠢᠲᠤ ᠬᠤᠰᠢᠭᠤᠨ ᠤ᠋ ᠤᠰᠤ ᠪᠤᠷᠳᠤᠭᠤᠷ ᠢ᠋ ᠨᠢᠭᠡ ᠴᠤᠭᠴᠠᠵᠢᠭᠤᠯᠤᠭᠰᠠᠨ ᠲᠠᠷᠢᠶᠠᠨ ᠭᠠᠵᠠᠷ ᠤ᠋ᠨ ᠲᠠᠯᠠᠪᠠᠢ 12.5 ᠲᠦᠮᠡᠨ ᠮᠦ᠍ ᠳ᠋ᠦ ᠬᠦᠷᠴᠦ᠂ ᠦᠨᠳᠦᠷ ᠪᠦᠲᠦᠮᠵᠢᠲᠡᠢ ᠪᠡᠷ ᠤᠰᠤ ᠠᠷᠪᠢᠯᠠᠬᠤ ᠢᠵᠢ ᠪᠦᠷᠢᠳᠦᠭᠦᠯᠬᠦ ᠰᠠᠭᠤᠷᠢ ᠲᠦᠬᠦᠭᠡᠷᠦᠮᠵᠢ ᠶ᠋ᠢᠨ ᠪᠦᠲᠦᠭᠡᠨ ᠪᠠᠢᠭᠤᠯᠤᠯᠲᠠ ᠵᠢ ᠦᠷᠬᠦᠯᠵᠢᠯᠡᠨ ᠠᠬᠢᠭᠤᠯᠵᠤ᠂ ᠵᠢᠱ᠌ᠢᠯᠲᠡ ᠪᠡᠷ ᠡᠨᠡ ᠵᠢᠯ ᠤ᠋ᠨ ᠰᠡᠭᠦᠯᠴᠢ ᠪᠡᠷ ᠤᠰᠤ ᠠᠷᠪᠢᠯᠠᠬᠤ ᠬᠠᠷᠠᠯᠲᠠ ᠪᠠᠨ ᠪᠦᠬᠦᠨ ᠢ᠋ ᠪᠡᠶᠡᠯᠡᠭᠦᠯᠬᠦ᠌ ᠪᠤᠯᠤᠨ᠎ᠠ᠃
ᠮᠠᠨ ᠤ᠋ ᠤᠷᠤᠨ ᠤᠰᠤᠨ ᠤ᠋ ᠡᠬᠢ ᠪᠠᠶᠠᠯᠢᠭ ᠶ᠋ᠢᠡᠷ ᠳᠤᠲᠠᠮᠠᠭ ᠪᠥᠭᠡᠳ ᠲᠠᠷᠬᠠᠯᠲᠠ ᠨᠢ ᠲᠡᠩᠴᠡᠭᠦᠷᠢ ᠥᠬᠡᠶ ᠪᠠᠢᠵᠤ᠂ ᠭᠤᠷᠪᠠᠨ ᠤ᠋ ᠬᠣᠶᠠᠷ ᠬᠤᠪᠢ ᠶ᠋ᠢᠨ ᠤᠰᠤᠨ ᠤ᠋ ᠡᠬᠢ ᠪᠠᠶᠠᠯᠢᠭ ᠬᠥᠯᠥᠨ ᠪᠣᠢᠷ ᠬᠣᠲᠠ ᠪᠣᠯᠤᠨ ᠬᠢᠩᠭᠠᠨ ᠠᠢᠮᠠᠭ ᠲᠦ᠍ ᠲᠥᠪᠯᠡᠷᠡᠵᠦ᠍ ᠪᠣᠶ᠃ 2024 ᠣᠨ ᠤ᠋ ᠰᠡᠭᠦᠯᠴᠢ ᠪᠤᠯᠬᠤ ᠳ᠋ᠤ ᠪᠥᠬᠥ᠌ ᠣᠷᠣᠨ ᠤ᠋ ᠥᠨᠳᠥᠷ ᠪᠦᠲᠦᠮᠵᠢᠲᠡᠶ ᠪᠡᠷ ᠤᠰᠤ ᠠᠷᠪᠢᠯᠠᠬᠤ ᠤᠰᠤᠯᠠᠯᠲᠠ ᠶ᠋ᠢᠨ ᠲᠠᠯᠠᠪᠠᠶ 4851 ᠲᠦᠮᠡᠨ ᠮᠥ᠍ ᠳ᠋ᠦ ᠬᠦᠷᠴᠤ᠂ ᠶᠡᠬᠡ ᠬᠢᠩᠭᠠᠨ ᠳᠠᠪᠠᠭ᠎ᠠ ᠶ᠋ᠢᠨ ᠬᠣᠷᠮᠣᠶ ᠳᠠᠭᠠᠤ ᠣᠷᠣᠨ ᠳ᠋ᠦ ᠰᠦᠷᠴᠢᠨ ᠤᠰᠤᠯᠠᠬᠤ ᠨᠦᠬᠦᠨ ᠤᠰᠤᠯᠠᠬᠤ᠂ ᠬᠠᠲᠤᠨ ᠭᠤᠤᠯ ᠤ᠋ᠨ ᠤᠰᠤ ᠵᠢ ᠲᠠᠲᠠᠵᠤ ᠳᠤᠰᠤᠯᠠᠭᠠᠨ ᠤᠰᠤᠯᠠᠬᠤ ᠵᠡᠷᠭᠡ 6 ᠶᠡᠬᠡ ᠣᠷᠣᠨ ᠪᠦᠰᠡ ᠶ᠋ᠢᠨ ᠥᠨᠳᠥᠷ ᠪᠦᠲᠦᠮᠵᠢᠲᠡᠶ ᠪᠡᠷ ᠤᠰᠤ ᠠᠷᠪᠢᠯᠠᠬᠤ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠬᠤ ᠮᠡᠷᠭᠡᠵᠢᠯ ᠤ᠋ᠨ ᠵᠠᠭ᠍ᠪᠤᠷ ᠢ᠋ ᠰᠦᠪᠡᠭ᠌ᠴᠢᠯᠡᠨ ᠪᠦᠷᠢᠯᠳᠦᠭᠦᠯᠪᠠ᠃ ᠡᠭᠦᠨ ᠳ᠋ᠦ ᠭᠦᠶᠦᠭᠡᠨ ᠪᠤᠯᠠᠵᠤ ᠳᠤᠰᠤᠯᠠᠭᠠᠨ ᠤᠰᠤᠯᠠᠬᠤ᠂ ᠬᠠᠲᠤᠨ ᠭᠤᠤᠯ ᠤ᠋ᠨ ᠤᠰᠤ ᠵᠢ ᠱᠢᠭᠤᠳ ᠲᠠᠲᠠᠵᠤ ᠳᠤᠰᠤᠯᠠᠭᠠᠨ ᠤᠰᠤᠯᠠᠬᠤ ᠵᠡᠷᠭᠡ ᠮᠡᠷᠭᠡᠵᠢᠯ ᠨᠢ ᠮᠠᠨ ᠤ᠋ ᠤᠷᠤᠨ ᠤ᠋ ᠠᠩᠬᠠᠨ ᠤ᠋ ᠡᠭᠦᠳᠦᠯᠲᠡ ᠪᠤᠯᠬᠤ ᠶᠤᠮ᠃
ᠬᠢᠩᠭᠠᠨ ᠠᠢᠮᠠᠭ ᠤ᠋ᠨ ᠵᠠᠯᠠᠢᠳ ᠬᠣᠱᠢᠭᠤᠨ ᠤ᠋ ᠦ᠋ ᠳ᠋ᠤᠤ ᠾᠧ ᠽᠢ ᠲᠠᠷᠢᠶᠠᠯᠠᠩ ᠮᠠᠯ ᠠᠵᠤ ᠠᠬᠤᠶ ᠶ᠋ᠢᠨ ᠲᠤᠰᠭᠠᠶ ᠬᠣᠷᠱᠢᠶᠠ ᠶ᠋ᠢᠨ ᠬᠢᠨ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠤᠭ᠍ᠰᠠᠨ ᠵᠢᠱ᠌ᠢᠶ᠎ᠡ ᠦᠵᠡᠭᠦᠯᠬᠦ᠌ ᠲᠠᠷᠢᠶᠠᠨ ᠭᠠᠵᠠᠷ ᠲᠠᠭᠠᠨ ᠣᠶᠤᠨᠴᠢ ᠠᠯᠤᠰ ᠡᠵᠡᠮᠳᠡᠯᠲᠦ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠬᠤ ᠮᠡᠷᠭᠡᠵᠢᠯ ᠢ᠋ ᠬᠡᠷᠡᠭᠯᠡᠵᠦ᠂ ᠭᠠᠷ ᠤᠲᠠᠰᠤ ᠪᠡᠷ ᠤᠰᠤᠯᠠᠯᠲᠠ ᠶ᠋ᠢᠨ ᠨᠡᠭᠡᠯᠡᠬᠡᠶ ᠵᠢ ᠠᠯᠤᠰ ᠡᠴᠡ ᠡᠵᠡᠮᠳᠡᠬᠦ᠌ ᠪᠤᠯᠵᠤ᠂ ᠲᠠᠷᠢᠶᠠᠨ ᠭᠠᠵᠠᠷ ᠤ᠋ᠨ ᠤᠰᠤ ᠪᠣᠷᠲᠣᠭᠣᠷ ᠢ᠋ ᠤᠨᠤᠴᠠᠲᠠᠢ ᠳᠣᠭᠢᠷᠠᠭᠤᠯᠤᠨ ᠡᠵᠡᠮᠳᠡᠵᠤ ᠪᠤᠢ᠃ ᠵᠢᠱ᠌ᠢᠯᠳᠡ ᠪᠡᠷ᠂ ᠲᠤᠰ ᠬᠤᠷᠰᠢᠶ᠎ᠠ ᠤᠰᠤ ᠪᠣᠷᠲᠣᠭᠣᠷ ᠢ᠋ ᠤᠨᠤᠴᠠᠲᠠᠢ ᠲᠣᠬᠢᠷᠠᠭᠤᠯᠤᠨ ᠡᠵᠡᠮᠳᠡᠬᠦ᠌ ᠮᠡᠷᠭᠡᠵᠢᠯ ᠳ᠋ᠤ ᠲᠦᠱᠢᠭ᠌ᠯᠡᠨ ᠰᠢᠷ᠎ᠠ ᠪᠤᠷᠴᠠᠭ ᠤ᠋ᠨ ᠲᠥᠷᠥᠯ ᠵᠦᠶ᠋ᠯ ᠤ᠋ᠨ ᠣᠷᠣᠨ ᠳ᠋ᠠᠭᠠᠨ ᠵᠢᠯ ᠳᠤᠮᠳᠠᠴᠢ ᠪᠡᠷ 2500 ᠲᠦᠮᠡᠨ ᠪᠣᠰᠣᠭ᠎ᠠ ᠳᠥᠷᠪᠡᠯᠵᠢᠨ ᠮᠧᠲ᠋ᠷ ᠡᠴᠡ ᠳᠡᠭᠡᠭ᠌ᠰᠢ ᠤᠰᠤ ᠠᠷᠪᠢᠯᠠᠵᠤ᠂ 100 ᠲᠦᠮᠡᠨ ᠺᠢᠯᠣᠭ᠌ᠷᠠᠮ ᠡᠴᠡ ᠳᠡᠭᠡᠭ᠌ᠰᠢ ᠪᠣᠷᠲᠣᠭᠣᠷ ᠠᠷᠪᠢᠯᠠᠬᠤ ᠪᠤᠯᠤᠨ᠎ᠠ᠃
ᠮᠠᠨ ᠤ᠋ ᠤᠷᠤᠨ ᠤᠷᠢᠳ ᠬᠣᠵᠢᠳ 《ᠬᠣᠭᠣᠯᠠᠶ ᠪᠡᠷ ᠤᠰᠤᠯᠠᠬᠤ ᠵᠢ ᠲᠤᠰᠤᠯᠠᠭᠠᠨ ᠤᠰᠤᠯᠠᠵᠤ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠬᠤ ᠪᠤᠯᠭᠠᠨ ᠬᠤᠪᠢᠷᠠᠭᠤᠯᠬᠤ ᠠᠵᠢᠯ ᠢ᠋ ᠠᠬᠢᠭᠤᠯᠬᠤ ᠲᠤᠬᠠᠶ ᠬᠡᠷᠡᠭ᠌ᠵᠢᠭᠦᠯᠬᠦ᠌ ᠲᠥᠰᠦᠯ》 ᠵᠡᠷᠭᠡ ᠱᠢᠷᠢᠰ ᠲᠥᠷᠥ ᠶ᠋ᠢᠨ ᠪᠣᠳᠣᠯᠭ᠎ᠠ ᠶ᠋ᠢᠨ ᠪᠢᠴᠢᠭ ᠮᠠᠲ᠋ᠧᠷᠢᠶᠠᠯ ᠢ᠋ ᠨᠡᠢᠲᠡᠯᠡᠪᠡ᠃ ᠣᠳᠣᠬᠠᠨ ᠳ᠋ᠦ ᠪᠥᠬᠥ᠌ ᠣᠷᠣᠨ ᠤ᠋ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠤᠭ᠍ᠰᠠᠨ ᠲᠠᠷᠢᠶᠠᠨ ᠭᠠᠵᠠᠷ ᠤ᠋ᠨ ᠲᠠᠯᠠᠪᠠᠶ ᠨᠢᠭᠡᠨᠲᠡ 3097 ᠲᠦᠮᠡᠨ ᠮᠥ᠍ ᠳ᠋ᠤ ᠬᠦᠷᠴᠦ᠍᠂ ᠥᠨᠳᠥᠷ ᠪᠦᠲᠦᠮᠵᠢᠲᠡᠶ ᠪᠡᠷ ᠤᠰᠤ ᠠᠷᠪᠢᠯᠠᠬᠤ ᠤᠰᠤᠯᠠᠯᠲᠠ ᠶ᠋ᠢᠨ ᠲᠠᠷᠢᠶᠠᠨ ᠭᠠᠵᠠᠷ ᠤ᠋ᠨ ᠲᠠᠯᠠᠪᠠᠶ ᠶ᠋ᠢᠨ 64% ᠵᠢ ᠡᠵᠡᠯᠡᠪᠠ᠃
ᠤᠢᠯᠠᠭᠠᠭᠰᠠᠨ ᠵᠢᠡᠷ᠂ ᠮᠠᠨ ᠤ᠋ ᠣᠷᠣᠨ ᠭᠠᠵᠠᠷ ᠳᠡᠭᠡᠷᠡᠬᠢ ᠤᠰᠤᠨ ᠤ᠋ ᠤᠰᠤᠯᠠᠯᠲᠠ ᠶ᠋ᠢᠨ ᠣᠷᠣᠨ ᠪᠦᠰᠡ ᠪᠤᠯᠤᠨ ᠭᠠᠵᠠᠷ ᠳᠤᠤᠷᠠᠬᠢ ᠤᠰᠤ ᠵᠢ ᠬᠡᠲᠦᠷᠡᠲᠡᠯ᠎ᠡ ᠲᠠᠲᠠᠭ᠍ᠰᠠᠨ ᠣᠷᠣᠨ ᠪᠦᠰᠡ ᠳ᠋ᠤ ᠠᠩᠬᠠᠷᠤᠯ ᠶ᠋ᠢᠡᠨ ᠲᠥᠪᠯᠡᠷᠡᠭᠦᠯᠵᠦ᠍᠂ ᠤᠰᠤ ᠠᠷᠪᠢᠯᠠᠬᠤ ᠪᠡᠷ ᠭᠤᠤᠯ ᠪᠣᠯᠭᠠᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠥᠲᠥᠭᠡᠨ ᠪᠠᠢᠭᠤᠯᠤᠯᠲᠠ᠂ ᠤᠰᠤ ᠪᠣᠷᠲᠣᠭᠣᠷ ᠢ᠋ ᠨᠢᠭᠡ ᠴᠣᠭ᠍ᠴᠠᠵᠢᠭᠤᠯᠤᠨ ᠮᠦ᠍ ᠨᠢᠭᠡᠴᠢ ᠶ᠋ᠢᠨ ᠤᠨᠠᠯᠲᠠ ᠵᠢ ᠳᠡᠭᠡᠭ᠌ᠰᠢᠯᠡᠭᠦᠯᠬᠦ᠌ ᠵᠡᠷᠭᠡ ᠮᠡᠷᠭᠡᠵᠢᠯ ᠢ᠋ ᠦᠷᠬᠦᠯᠵᠢᠯᠡᠨ ᠠᠬᠢᠭᠤᠯᠵᠤ᠂ 2030 ᠣᠨ ᠪᠣᠯᠲᠠᠯ᠎ᠠ ᠪᠦᠬᠦ᠌ ᠣᠷᠣᠨ ᠤ᠋ ᠤᠰᠤ ᠪᠣᠷᠳᠣᠭᠤᠷ ᠢ᠋ ᠨᠢᠭᠡ ᠴᠣᠭ᠍ᠴᠠᠵᠢᠭᠤᠯᠤᠭᠰᠠᠨ ᠲᠠᠷᠢᠶᠠᠨ ᠭᠠᠵᠠᠷ ᠤ᠋ᠨ ᠲᠠᠯᠠᠪᠠᠶ ᠵᠢ 5000 ᠲᠦᠮᠡᠨ ᠮᠦ᠍ᠳᠦ ᠬᠦᠷᠬᠡᠬᠦ ᠪᠡᠷ ᠴᠢᠷᠮᠠᠢᠵᠤ ᠪᠠᠢᠨ᠎ᠠ᠃